ᠱᠢᠨ᠎᠎ᠡ ᠴᠠᠭ ᠦᠶ᠎ᠡ᠎ᠳ᠋ᠦ᠍ ᠭᠠᠪᠢᠶ᠎ᠠ ᠪᠠᠢᠭᠤᠯᠤᠶ᠎ᠠ > ᠮᠡᠳᠡᠭᠡᠯᠡᠯ

2022-03-02 09:37:42

ᠵᠣᠬᠢᠶᠠᠭ᠍ᠴᠢ᠄ ᠪᠠᠶ ᠯᠢᠶᠠᠨ ᠣᠩᠱᠢᠭ᠍ᠰᠠᠨ ᠣᠳᠠᠭ᠎ᠠ᠄ 3

ᠰᠧᠺᠦ᠋ᠨ᠋ᠳ᠋ ᠪᠦᠷᠢ 4 ᠮᠢᠩᠭᠠᠨ ᠲᠦᠮᠡᠨ ᠳ᠋ᠦᠩᠱᠢᠭᠤᠷ ᠤᠳᠠᠭ᠎ᠠ᠂ ᠡᠨᠡ ᠪᠣᠯ 《ᠬᠥᠬᠡᠬᠣᠲᠠ᠎ᠶ᠋ᠢᠨ ᠭᠡᠷᠡᠯ》 ᠤ᠋ᠨ ᠡᠭᠦᠳᠦᠭ᠌ᠰᠡᠨ ᠳᠡᠰ ᠡᠴᠡ ᠳᠠᠪᠠᠭ᠍ᠰᠠᠨ 《ᠥᠪᠥᠷ ᠮᠣᠩᠭᠣᠯ᠎ᠤᠨ ᠬᠤᠷᠳᠤᠴᠠ》 ;

ᠲᠠᠩ ᠪᠡᠶ᠎ᠡ᠎ᠶ᠋ᠢᠨ ᠬᠡᠮᠵᠢᠶ᠎ᠡ᠎ᠨᠢ 700 ᠺᠢᠯᠣᠭ᠌ᠷᠠᠮ᠂ ᠡᠨᠡ ᠪᠣᠯ ᠮᠠᠨ᠎ᠤ ᠣᠷᠣᠨ᠎ᠤ ᠠᠵᠤ ᠠᠬᠤᠢᠯᠠᠯ᠎ᠤᠨ ᠴᠥᠪᠥᠷᠢᠭᠦᠲᠦ ᠠᠷᠭ᠎ᠠ᠎ᠪᠠᠷ ᠨᠡᠢᠯᠡᠭᠦᠯᠬᠦ᠌ ᠮᠡᠷᠭᠡᠵᠢᠯ᠎ᠢᠶᠡᠷ ᠱᠢᠨᠡᠳᠭᠡᠭ᠌ᠰᠡᠨ ᠳᠡᠯᠡᠬᠡᠶ᠎ᠶ᠋ᠢᠨ ᠪᠢᠳᠦᠷᠶ᠎ᠡ᠎ᠶ᠋ᠢᠨ ᠲᠠᠯᠠᠰᠲᠤ᠎ᠶ᠋ᠢᠨ ᠲᠠᠩ ᠪᠡᠶ᠎ᠡ᠎ᠶ᠋ᠢᠨ ᠬᠡᠮᠵᠢᠶ᠎ᠡ᠎ᠶ᠋ᠢᠨ ᠲᠡᠮᠳᠡᠭ᠌ᠯᠡᠯ;

ᠮᠦ᠍ ᠪᠦᠷᠢ᠎ᠶ᠋ᠢᠨ ᠤᠨᠠᠯᠲᠠ ᠨᠢ 715.3 ᠺᠢᠯᠣᠭ᠌ᠷᠠᠮ᠂ ᠡᠨᠡ ᠪᠣᠯ ᠶᠤᠸᠠᠨ ᠯᠦᠩ ᠫᠢᠩ ᠠᠺᠠᠳᠧᠮᠢᠴᠢ᠎ᠶ᠋ᠢᠨ ᠪᠦᠯᠬᠦᠮ᠎ᠦᠨ ᠬᠢᠩᠭᠠᠨ ᠠᠢᠮᠠᠭ᠎ᠲᠤ ᠵᠢᠱ᠌ᠢᠶ᠎ᠡ ᠦᠵᠡᠭᠦᠯᠦᠨ ᠳᠡᠯᠭᠡᠷᠡᠭᠦᠯᠵᠦ᠍ ᠪᠠᠢᠭ᠎ᠠ ᠬᠤᠵᠢᠷ᠎ᠲᠤ ᠳᠠᠭᠠᠭᠠᠮᠠᠭᠠᠢ ᠤᠰᠤᠨ ᠲᠤᠲᠤᠷᠭ᠎ᠠ᠎ᠶ᠋ᠢᠨ ᠤᠨᠠᠯᠲᠠ᠎ᠶ᠋ᠢᠨ ᠱᠢᠨ᠎ᠡ ᠦᠨᠳᠦᠷᠴᠡ᠃

2021 ᠣᠨ᠎ᠳᠤ᠂ ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠦᠷᠢᠶᠡᠨ᠎ᠳᠡᠬᠢ ᠠᠯᠢ ᠤᠯᠠᠨ ᠭᠡᠷᠡᠯ ᠰᠠᠴᠤᠷᠠᠩᠭᠤᠢ ᠴᠠᠭ ᠮᠥᠴᠡ ᠨᠢ《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠥᠪᠥᠷ ᠮᠣᠩᠭᠣᠯ᠎ᠢᠶᠠᠨ ᠮᠠᠨᠳᠤᠭᠤᠯᠬᠤ》 ᠠᠵᠢᠯᠯᠠᠭ᠎ᠠ᠎ᠶ᠋ᠢᠨ ᠢᠳᠡᠷᠡᠭᠦᠨ ᠠᠯᠬᠤᠭ᠎ᠠ᠎ᠶ᠋ᠢ ᠭᠡᠷᠡᠴᠢᠯᠡᠪᠡ᠃

ᠱᠢᠨ᠎ᠡ᠎ᠶ᠋ᠢ ᠡᠭᠦᠳᠬᠦ᠌ ᠪᠣᠯ ᠬᠥᠭ᠌ᠵᠢᠯᠲᠡ᠎ᠶ᠋ᠢ ᠬᠦᠳᠦᠯᠦᠨ ᠳᠠᠭᠠᠭᠤᠯᠬᠤ ᠨᠢᠭᠡᠳᠦᠭᠡᠷ ᠬᠥᠳᠡᠯᠭᠡᠬᠦ᠌ ᠬᠦᠴᠦᠨ ᠮᠥᠨ᠃ 《ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠢᠶᠡᠷ ᠥᠪᠥᠷ ᠮᠣᠩᠭᠣᠯ᠎ᠢᠶᠠᠨ ᠮᠠᠨᠳᠤᠭᠤᠯᠬᠤ》 ᠠᠵᠢᠯᠯᠠᠭ᠎ᠠ᠎ᠶ᠋ᠢ ᠬᠡᠷᠡᠭ᠌ᠵᠢᠭᠦᠯᠦᠭ᠌ᠰᠡᠨ᠎ᠡᠴᠡ ᠨᠠᠭᠠᠰᠢ᠂ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠲᠡᠶ ᠨᠢᠭ᠍ᠲᠠ ᠤᠶᠠᠯᠳᠤᠭᠤᠯᠤᠨ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢ ᠪᠠᠢᠷᠢᠯᠠᠭᠤᠯᠵᠤ᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭ᠌ᠵᠢᠯᠳᠡ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ᠎ᠰᠠᠢᠲᠠᠢ᠎ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠬᠤ᠎ᠳᠤ ᠬᠦᠴᠦᠲᠡᠢ ᠲᠤᠯᠭᠠᠭᠤᠷᠢᠯᠠᠯ ᠬᠠᠩᠭᠠᠪᠠ᠃

ᠨᠡᠭᠡᠭᠡᠯᠲᠡ ᠬᠢᠵᠦ᠍ ᠬᠠᠮᠲᠤᠷᠠᠯᠴᠠᠨ ᠱᠢᠨ᠎ᠡ᠎ᠶ᠋ᠢ ᠡᠭᠦᠳᠬᠦ᠌᠎ᠶ᠋ᠢ 《ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠢᠶᠡᠷ ᠥᠪᠥᠷ ᠮᠣᠩᠭᠣᠯ᠎ᠢᠶᠠᠨ ᠮᠠᠨᠳᠤᠭᠤᠯᠬᠤ》 ᠵᠢᠨ ᠭᠤᠤᠯ ᠴᠢᠬᠤᠯᠠ ᠠᠭᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠬᠠᠮᠲᠤᠷᠠᠯᠴᠠᠭᠠᠨ᠎ᠤ ᠲᠣᠭ᠍ᠲᠠᠴᠠ᠎ᠶ᠋ᠢ ᠲᠠᠰᠤᠷᠠᠯᠲᠠ ᠥᠬᠡᠶ ᠰᠦᠪᠡᠭ᠌ᠴᠢᠯᠡᠨ ᠲᠡᠭᠦᠯᠳᠡᠷᠵᠢᠭᠦᠯᠵᠦ᠍᠂ ᠤᠯᠤᠰ᠎ᠤᠨ ᠳᠣᠲᠣᠭᠠᠳᠤ᠎ᠶ᠋ᠢᠨ ᠱᠢᠨ᠎ᠡ᠎ᠶ᠋ᠢ ᠡᠭᠦᠳᠬᠦ᠌ ᠡᠬᠢ ᠪᠠᠶᠠᠯᠢᠭ᠂ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠲᠥᠷᠥᠯ ᠵᠦᠶ᠋ᠯ᠂ ᠴᠢᠳᠠᠪᠤᠷᠢᠲᠠᠨ ᠮᠡᠷᠭᠡᠵᠢᠯ ᠬᠢᠭᠡᠳ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠳᠦ ᠱᠠᠭᠠᠷᠳᠠᠭ᠍ᠳᠠᠬᠤ ᠨᠠᠷᠢᠯᠢᠭ ᠣᠨᠣᠴᠠᠲᠠᠶ ᠵᠣᠯᠭᠠᠯᠴᠠᠭ᠎ᠠ᠎ᠶ᠋ᠢ ᠪᠦᠲᠦᠮᠵᠢᠲᠡᠶ ᠠᠬᠢᠭᠤᠯᠵᠤ᠂ ᠣᠷᠣᠨ ᠪᠦᠰᠡ᠎ᠶ᠋ᠢᠨ ᠱᠢᠨ᠎ᠡ᠎ᠶ᠋ᠢ ᠡᠭᠦᠳᠬᠦ᠌ ᠪᠠᠢᠲᠠᠯ ᠢ᠋ ᠬᠥᠭ᠌ᠵᠢᠭᠡᠪᠡ᠃

2021 ᠣᠨ᠎ᠳᠤ᠂ ᠬᠠᠮᠲᠤᠷᠠᠯᠴᠠᠨ ᠱᠢᠨ᠎ᠡ᠎ᠶ᠋ᠢ ᠡᠭᠦᠳᠬᠦ᠌ ᠵᠠᠮ᠂ ᠴᠢᠬᠤᠯᠠ ᠶᠡᠬᠡ ᠱᠢᠪᠲᠤᠯᠤᠯᠲᠠ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠬᠢᠴᠠ ᠵᠠᠯᠭᠠᠭ᠎ᠠ᠎ᠪᠠᠷ ᠶᠠᠪᠤᠭ᠍ᠳᠠᠵᠤ᠂ ᠳᠡᠭᠡᠳᠦ ᠱᠢᠨ᠎ᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠪᠣᠯᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢᠭᠡᠮ ᠭᠦᠨᠵᠡᠭᠡᠶ ᠠᠭᠤᠰᠤᠯᠴᠠᠵᠤ᠂ ᠪᠠᠶᠠᠷᠯᠠᠭᠤᠱᠢᠲᠠᠶ ᠬᠤᠪᠢᠷᠠᠯᠲᠠ᠎ᠶ᠋ᠢ ᠠᠪᠴᠢᠷᠠᠭ᠍ᠰᠠᠨ᠎ᠢᠶᠠᠷ ᠪᠠᠷᠠᠬᠤ ᠥᠬᠡᠶ᠂ ᠨᠠᠩ ᠴᠤ᠌ ᠥᠪᠥᠷ ᠮᠣᠩᠭᠣᠯ᠎ᠤᠨ ᠬᠥᠳᠡᠯᠭᠡᠬᠦ᠌ ᠡᠨᠧᠷᠭᠢ᠎ᠶ᠋ᠢᠨ ᠰᠣᠯᠢᠭ᠍ᠳᠠᠯ᠂ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌᠎ᠶ᠋ᠢ ᠲᠦᠷᠭᠡᠳᠭᠡᠬᠦ᠌ ᠢᠲᠡᠭᠡᠯ ᠵᠣᠷᠢᠭ᠎ᠢ ᠢᠯᠡᠷᠡᠭᠦᠯᠪᠡ᠃

ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠡᠴᠡ᠂ ᠱᠢᠨ᠎ᠡ᠎ᠶ᠋ᠢ ᠡᠭᠦᠳᠬᠦ᠌ ᠮᠠᠶᠢᠭ᠎ᠤᠨ ᠥᠪᠥᠷ ᠮᠣᠩᠭᠣᠯ᠎ᠢ ᠲᠦᠷᠭᠡᠳᠭᠡᠨ ᠪᠠᠢᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠴᠢᠩᠭᠠᠳᠭᠠᠬᠤ᠎ᠶ᠋ᠢ ᠬᠠᠮᠤᠭ᠎ᠤᠨ ᠲᠤᠯᠭᠠᠮ ᠡᠭᠦᠷᠭᠡ ᠪᠣᠯᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠡᠷᠡᠰ ᠰᠠᠢᠲᠤᠷ ᠬᠢᠵᠦ᠍᠂ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠥᠭ᠌ᠵᠢᠯᠲᠡ᠎ᠶ᠋ᠢᠨ ᠱᠢᠨ᠎ᠡ ᠳᠠᠪᠠᠭᠤᠯᠢᠭ᠎ᠢ ᠪᠤᠢ ᠪᠣᠯᠭᠠᠨ᠎ᠠ ᠭᠡᠵᠦ᠍ ᠳᠤᠷᠠᠳᠴᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠳᠥᠷᠪᠡᠳᠦᠭᠡᠷ ᠲᠠᠪᠤᠨ ᠵᠢᠯ᠎ᠦᠨ ᠲᠥᠯᠥᠪᠵᠢᠭᠦᠯᠭᠡ ᠪᠠ 2035 ᠣᠨ᠎ᠤ ᠠᠯᠤᠰ᠎ᠤᠨ ᠬᠠᠷᠠᠯᠲᠠ᠎ᠶ᠋ᠢᠨ ᠬᠥᠲᠥᠯᠪᠦᠷᠢ》 ᠳ᠋ᠤ᠂ 《ᠱᠢᠨ᠎ᠡ᠎ᠶ᠋ᠢ ᠡᠭᠦᠳᠬᠦ᠌᠎ᠪᠡᠷ ᠬᠥᠭ᠌ᠵᠢᠯᠲᠡ᠎ᠶ᠋ᠢᠨ ᠬᠥᠳᠡᠯᠭᠡᠭᠦᠷ ᠪᠣᠯᠭᠠᠬᠤ ᠪᠠᠢᠯᠳᠤᠬᠤ ᠪᠣᠳᠣᠯᠭ᠎ᠠ᠎ᠶ᠋ᠢ ᠬᠡᠷᠡᠭ᠌ᠵᠢᠭᠦᠯᠵᠦ᠍᠂ ᠬᠥᠭ᠌ᠵᠢᠯᠲᠡ᠎ᠶ᠋ᠢᠨ ᠱᠢᠨ᠎ᠡ ᠬᠥᠳᠡᠯᠭᠡᠬᠦ᠌ ᠡᠨᠧᠷᠭᠢ᠎ᠶ᠋ᠢ ᠪᠥᠬᠥ᠌ ᠲᠠᠯ᠎ᠠ᠎ᠪᠠᠷ ᠪᠣᠶ ᠪᠣᠯᠭᠠᠨ᠎ᠡ》 ᠬᠡᠵᠦ ᠲᠤᠷᠠᠳᠪᠠ᠃

2021 ᠣᠨ᠎ᠳᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ〈ᠠᠷᠪᠠᠨ ᠳᠥᠷᠪᠡᠳᠦᠭᠡᠷ ᠲᠠᠪᠤᠨ ᠵᠢᠯ〉 ᠤ᠋ᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠯᠥᠪᠵᠢᠭᠦᠯᠭᠡ》ᠵᠡᠷᠭᠡ ᠨᠢᠭᠡ ᠪᠦᠯᠦᠭ ᠲᠤᠰᠭᠠᠶ ᠲᠥᠯᠥᠪᠵᠢᠭᠦᠯᠭᠡ ᠬᠣᠢᠨ᠎ᠠ ᠬᠣᠢᠨ᠎ᠠ ᠡᠴᠡ᠎ᠪᠠᠨ ᠨᠡᠢᠲᠡᠯᠡᠭ᠌ᠳᠡᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ᠎ᠭᠤᠤᠯ᠎ᠠᠭᠤᠯᠭ᠎ᠠ ᠪᠠ ᠵᠠᠩᠭᠢᠯᠠᠭ᠎ᠠ᠎ᠶ᠋ᠢᠨ ᠬᠠᠯᠠᠮᠱᠢᠯ ᠦᠭᠡ ᠪᠣᠯᠭᠠᠵᠤ᠂ ᠭᠤᠤᠯ ᠪᠠᠢᠷᠢᠨ᠎ᠳᠤ ᠯᠠᠪᠳᠠᠭᠤᠨ᠎ᠢᠶᠠᠷ ᠣᠷᠣᠪᠠ᠃

ᠦᠵᠦ᠍ ᠲᠥᠯᠥᠪᠯᠡᠭᠡ᠎ᠡᠴᠡ᠎ᠲᠦᠷᠦ᠍᠎ᠶ᠋ᠢᠨ ᠪᠤᠳᠤᠯᠭ᠎ᠠ᠎ᠶ᠋ᠢ ᠨᠠᠢᠳᠠᠪᠤᠷᠢᠵᠢᠭᠤᠯᠬᠤ ᠬᠦᠷᠲᠡᠯ᠎ᠡ᠂ 《ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠢᠶᠡᠷ ᠥᠪᠥᠷ ᠮᠣᠩᠭᠣᠯ᠎ᠢᠶᠠᠨ ᠮᠠᠨᠳᠤᠭᠤᠯᠬᠤ》 ᠵᠢ ᠬᠡᠷᠡᠭ᠌ᠵᠢᠭᠦᠯᠬᠦ᠌ ᠠᠵᠢᠯ᠎ᠢ ᠪᠦᠬᠦ᠌ ᠬᠦᠴᠦ᠍᠎ᠪᠡᠷ᠎ᠢᠶᠡᠨ ᠠᠬᠢᠭᠤᠯᠬᠤ ᠡᠴᠡ᠂ ᠤᠨᠢᠨ ᠳᠡᠭᠡᠷ᠎ᠡ ᠨᠢ ᠬᠦᠴᠦᠯᠡᠬᠦ᠌ ᠢᠵᠢ ᠪᠦᠷᠢᠳᠦᠭ᠌ᠰᠡᠡ ᠥᠭᠡᠷᠡᠴᠢᠯᠡᠯᠲᠡ᠎ᠶ᠋ᠢᠨ ᠦᠷ᠎ᠡ ᠪᠦᠲᠦᠮᠵᠢ ᠭᠠᠷᠭᠠᠬᠤ ᠬᠦᠷᠲᠡᠯ᠎ᠡ᠂ ᠥᠪᠥᠷ ᠮᠣᠩᠭᠣᠯ ᠱᠢᠨ᠎ᠡ᠎ᠶ᠋ᠢ ᠡᠭᠦᠳᠬᠦ᠌ ᠲᠦᠭ᠌ᠵᠢᠷᠡᠯ᠎ᠦᠨ ᠴᠡᠭ ᠡᠪᠡᠷᠱᠢᠶᠡᠯ ᠴᠡᠭ᠂ 《ᠪᠠᠭᠤᠷᠠᠢ ᠲᠠᠯ᠎ᠠ᠎ᠪᠠᠨ ᠬᠦᠴᠦᠷᠬᠡᠭ᠌ᠵᠢᠭᠦᠯᠬᠦ᠌》᠂ 《ᠳᠤᠲᠠᠭᠤᠳᠠᠯ᠎ᠢᠶᠠᠨ ᠨᠥᠬᠥᠪᠥᠷᠢᠯᠡᠬᠦ᠌》 ᠵᠢ ᠬᠦᠴᠦᠯᠡᠨ ᠨᠡᠪᠲᠡᠷᠡᠭᠦᠯᠵᠦ᠍᠂ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠡᠬᠢ ᠡᠭᠦᠰᠦᠯ᠎ᠦᠨ ᠬᠥᠳᠡᠯᠭᠡᠬᠦ᠌ ᠬᠦᠴᠦᠨ᠎ᠢ ᠬᠥᠭ᠌ᠵᠢᠭᠡᠪᠡ᠃

—᠎ᠰᠤᠳᠤᠯᠤᠨ᠎ᠨᠡᠭᠡᠭᠡᠬᠦ᠌᠎ᠪᠡᠯᠡ᠎ᠣᠷᠣᠭᠤᠯᠤᠯᠲᠠ᠎ᠶ᠋ᠢᠨ᠎ᠪᠤᠭᠤᠮᠲᠠ᠎ᠰᠢᠪᠲᠤᠯᠬᠤ ᠠᠵᠢᠯᠯᠠᠭ᠎ᠠ᠎ᠶ᠋ᠢ ᠡᠬᠢᠯᠡᠭᠦᠯᠦᠨ ᠬᠡᠷᠡᠭ᠌ᠵᠢᠭᠦᠯᠪᠡ᠃ ᠵᠢᠯ ᠳᠤᠮᠳᠠᠴᠢ᠎ᠪᠠᠷ 20% ᠪᠡᠷ ᠨᠡᠮᠡᠭ᠌ᠳᠡᠭᠦᠯᠬᠦ᠌ ᠬᠠᠷᠠᠯᠲᠠ᠎ᠶ᠋ᠢ ᠲᠣᠳᠣᠷᠬᠠᠢᠯᠠᠵᠤ᠂ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ᠎ᠶ᠋ᠢᠨ ᠵᠠᠢᠯᠠᠰᠢ ᠥᠬᠡᠶ ᠴᠢᠨᠠᠷᠲᠠᠶ ᠨᠡᠮᠡᠭ᠌ᠳᠡᠯ᠎ᠦᠨ ᠲᠣᠭ᠍ᠲᠠᠴᠠ ᠪᠠ ᠨᠡᠢᠭᠡᠮ᠎ᠦᠨ ᠣᠯᠠᠨ ᠠᠷᠭ᠎ᠠ ᠵᠠᠮ᠎ᠢᠶᠠᠷ ᠪᠡᠯᠡ ᠣᠷᠣᠭᠤᠯᠤᠯᠲᠠ ᠬᠢᠬᠦ᠌᠎ᠶ᠋ᠢ ᠤᠷᠮᠠᠱᠢᠭᠤᠯᠬᠤ ᠲᠣᠭ᠍ᠲᠠᠴᠠ᠎ᠶ᠋ᠢ ᠪᠠᠢᠭᠤᠯᠵᠤ᠂ 2021 ᠣᠨ᠎ᠳᠤ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠳ᠋᠎ᠦᠨ ᠵᠠᠰᠠᠭ᠎ᠤᠨ ᠱᠢᠨᠵᠢᠯᠡᠬᠦ᠌ ᠤᠬᠠᠭᠠᠨ ᠲᠸᠭᠨᠢᠢᠡ᠋ ᠮᠡᠷᠭᠡᠵᠢᠯ᠎ᠦᠨ ᠲᠤᠰᠭᠠᠶ ᠪᠠᠯᠠ ᠣᠷᠣᠭᠤᠯᠤᠯᠲᠠ 15.2 ᠳ᠋ᠦᠩᠱᠢᠭᠤᠷ ᠲᠥᠭᠥᠷᠢᠭ᠎ᠲᠦ ᠬᠦᠷᠪᠡ᠃

— ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠭᠣᠣᠯ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠴᠢᠩᠭᠠᠳᠭᠠᠪᠠ᠃ ᠡᠯ᠎ᠡ ᠲᠥᠷᠥᠯ᠎ᠦᠨ ᠱᠢᠨ᠎ᠡ᠎ᠶ᠋ᠢ ᠡᠭᠦᠳᠬᠦ᠌ ᠡᠬᠢ ᠪᠠᠶᠠᠯᠢᠭ᠎ᠢ ᠠᠵᠤ ᠠᠬᠤᠢᠯᠠᠯ ᠳᠠᠢᠰᠢ ᠲᠥᠪᠯᠡᠷᠡᠭᠦᠯᠬᠦ᠌᠎ᠶ᠋ᠢ ᠢᠳᠡᠪᠬᠢᠲᠡᠶ᠎ᠪᠡᠷ ᠬᠥᠲᠥᠯᠦᠨ ᠵᠢᠯᠣᠭᠣᠳᠴᠤ᠌᠂ ᠱᠢᠨᠵᠢᠯᠡᠬᠦ᠌ ᠤᠬᠠᠭᠠᠨ ᠲᠸᠭᠨᠢᠢᠡ᠋ ᠮᠡᠷᠭᠡᠵᠢᠯ᠎ᠦᠨ ᠲᠥᠯᠥᠪᠯᠡᠭᠡ᠎ᠶ᠋ᠢᠨ ᠲᠥᠷᠥᠯ ᠵᠦᠶ᠋ᠯ᠎ᠦᠨ ᠠᠵᠤ ᠠᠬᠤᠢᠯᠠᠯ᠎ᠤᠨ ᠡᠭᠦᠷᠭᠡᠯᠡᠬᠦ᠌ ᠬᠠᠷᠢᠴᠠᠯ᠎ᠢ 59% ᠳ᠋ᠤ ᠬᠦᠷᠭᠡᠵᠦ᠂ ᠮᠡᠷᠭᠡᠵᠢᠯ᠎ᠦᠨ ᠠᠷᠠᠯᠵᠢᠶ᠎ᠠ᠎ᠶ᠋ᠢᠨ ᠡᠳ᠋᠎ᠦᠨ ᠵᠠᠰᠠᠭ᠎ᠤᠨ ᠳᠠᠷᠠᠭᠠᠬᠢ ᠨᠥᠬᠥᠪᠥᠷᠢ᠎ᠶ᠋ᠢᠨ ᠠᠵᠤ ᠠᠬᠤᠢᠯᠠᠯ᠎ᠤᠨ ᠭᠥᠷᠳᠡᠬᠦ᠌ ᠬᠠᠷᠢᠴᠠᠯ᠎ᠢ 90% ᠡᠴᠡ ᠳᠡᠭᠡᠭ᠌ᠰᠢ᠎ᠳᠦ ᠬᠦᠷᠬᠡᠪᠡ᠃ ᠪᠦᠬᠦ᠌ ᠣᠷᠣᠨ᠎ᠤ ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ 1230 ᠵᠢ ᠳᠠᠪᠠᠵᠤ᠂ ᠬᠥᠮᠥᠷᠭᠡ᠎ᠳᠦ ᠣᠷᠣᠭᠤᠯᠬᠤ ᠱᠢᠨᠵᠢᠯᠡᠬᠦ᠌ ᠤᠬᠠᠭᠠᠨ ᠲᠸᠭᠨᠢᠢᠡ᠋ ᠮᠡᠷᠭᠡᠵᠢᠯ᠎ᠦᠨ ᠬᠡᠯᠪᠡᠷᠢ᠎ᠶ᠋ᠢᠨ ᠳᠤᠮᠳᠠ ᠪᠠᠭ᠎ᠠ ᠠᠵᠤ ᠠᠬᠤᠢᠯᠠᠯ 828 ᠪᠣᠯᠪᠠ᠃

— ᠱᠢᠨᠵᠢᠯᠡᠬᠦ᠌ ᠤᠬᠠᠭᠠᠨ ᠲᠸᠭᠨᠢᠢᠡ᠋ ᠮᠡᠷᠭᠡᠵᠢᠯ᠎ᠦᠨ ᠬᠦᠷᠢᠶᠡᠨ᠎ᠦ 《ᠲᠠᠯᠪᠢᠬᠤ ᠬᠠᠮᠢᠶᠠᠷᠬᠤ ᠦᠢᠯᠡᠴᠢᠯᠡᠬᠦ᠌》 ᠥᠭᠡᠷᠡᠴᠢᠯᠡᠯᠲᠡ᠎ᠶ᠋ᠢ ᠦᠷᠭᠦᠯᠵᠢᠯᠡᠨ ᠠᠬᠢᠭᠤᠯᠪᠠ᠃ 《ᠡᠭᠦᠷᠭᠡ ᠬᠦᠯᠢᠶᠡᠵᠦ ᠲᠦᠷᠦᠭᠦᠯᠡᠨ ᠬᠢᠬᠦ》 ᠴᠢᠬᠤᠯᠠ ᠶᠡᠬᠡ ᠱᠢᠨᠵᠢᠯᠡᠬᠦ᠌ ᠤᠬᠠᠭᠠᠨ᠎ᠲᠸᠭᠨᠢᠢᠡ᠋᠎ᠮᠡᠷᠭᠡᠵᠢᠯ᠎ᠦᠨ᠎ᠲᠦᠷᠦᠯ᠎ᠵᠦᠢᠯ᠎ᠦᠨ᠎ᠰᠡᠳᠦᠪ᠎ᠲᠣᠭ᠍ᠲᠠᠭᠠᠵᠤ᠎ᠵᠣᠬᠢᠶᠠᠨ ᠪᠠᠢᠭᠤᠯᠤᠨ ᠬᠠᠮᠢᠶᠠᠷᠬᠤ ᠱᠢᠨ᠎ᠡ ᠲᠣᠭ᠍ᠲᠠᠴᠠ᠎ᠶ᠋ᠢ ᠬᠠᠢᠨ ᠰᠦᠪᠡᠭ᠌ᠴᠢᠯᠡᠵᠦ᠍᠂ ᠱᠢᠨᠵᠢᠯᠡᠬᠦ᠌ ᠤᠬᠠᠭᠠᠨ ᠲᠸᠭᠨᠢᠢᠡ᠋ ᠮᠡᠷᠭᠡᠵᠢᠯ᠎ᠦᠨ ᠲᠥᠷᠥᠯ ᠵᠦᠶ᠋ᠯ᠎ᠢ ᠭᠤᠶᠤᠴᠢᠯᠠᠨ ᠮᠡᠳᠡᠭᠦᠯᠬᠦ᠌ ᠠᠯᠬᠤᠮ ᠲᠠᠷᠠᠭᠠᠯᠠᠯ᠎ᠢ ᠳᠥᠭᠥᠮᠴᠢᠯᠡᠵᠦ᠍᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠨ᠎ᠤ ᠠᠵᠢᠯ᠎ᠤᠨ ᠬᠡᠮᠵᠢᠶ᠎ᠡ᠎ᠶ᠋ᠢ 70% ᠡᠴᠡ ᠳᠡᠭᠡᠭ᠌ᠰᠢ᠎ᠪᠡᠷ ᠪᠠᠭᠠᠰᠭᠠᠪᠠ᠃

— ᠰᠢᠨᠵᠢᠯᠡᠬᠦ᠌ ᠤᠬᠠᠭᠠᠨ ᠲᠸᠭᠨᠢᠢᠡ᠋ ᠮᠡᠷᠭᠡᠵᠢᠯ᠎ᠦᠨ ᠴᠢᠳᠠᠪᠤᠷᠢᠲᠠᠨ᠎ᠤ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ᠎ᠢ ᠬᠥᠭ᠌ᠵᠢᠭᠡᠪᠡ᠃ 《ᠨᠢᠭᠡ ᠲᠥᠪ ᠤᠯᠠᠨ ᠴᠡᠭ》 ᠤ᠋ᠨ ᠴᠢᠳᠠᠪᠤᠷᠢᠲᠠᠨ᠎ᠤ ᠠᠵᠢᠯ᠎ᠤᠨ ᠱᠢᠨ᠎ᠡ ᠪᠠᠢᠷᠢᠱᠢᠯ᠎ᠤᠨ ᠲᠣᠭᠣᠷᠢᠨ᠎ᠳᠤ᠂ ᠣᠷᠣᠨ᠎ᠤ ᠭᠠᠳᠠᠨᠠᠬᠢ ᠥᠨᠳᠥᠷ ᠲᠦᠪᠱᠢᠨ ᠪᠥᠬᠥᠶ ᠱᠢᠨ᠎ᠡ᠎ᠶ᠋ᠢ ᠡᠭᠦᠳᠬᠦ᠌ ᠪᠦᠯᠬᠦᠮ ᠢ᠋ ᠨᠡᠢᠲᠡ 300 ᠭᠠᠷᠤᠶ ᠣᠷᠣᠭᠤᠯᠤᠨ ᠠᠪᠴᠢᠷᠠᠵᠤ᠂ ᠪᠥᠬᠥ᠌ ᠣᠷᠣᠨ᠎ᠤ 44 ᠠᠺᠠᠳᠧᠮᠢᠴᠢ ᠲᠤᠰᠭᠠᠶ ᠮᠡᠷᠭᠡᠵᠢᠯᠲᠡᠨ᠎ᠦ ᠠᠵᠢᠯ᠎ᠤᠨ ᠥᠷᠲᠡᠭᠡ ᠨᠡᠢᠲᠡ 500 ᠱᠢᠬᠠᠮ ᠠᠺᠠᠳᠧᠮᠢᠴᠢ᠎ᠶ᠋ᠢᠨ ᠪᠦᠯᠬᠦᠮ ᠨᠡᠢᠲᠡ᠎ᠶ᠋ᠢᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠨ᠎ᠢ ᠣᠷᠣᠭᠤᠯᠤᠨ ᠠᠪᠴᠢᠷᠠᠵᠠᠶ᠃

2021 ᠣᠨ᠎ᠳᠤ᠂ ᠥᠪᠡᠷᠲᠡᠭᠡᠨ ᠵᠠᠰᠠᠬᠤ ᠣᠷᠣᠨ ᠤᠰᠤᠲᠥ᠋ᠷᠥᠭ᠌ᠴᠢ᠎ᠶ᠋ᠢᠨ ᠡᠨᠧᠷᠭᠢ᠂ ᠶᠡᠬᠡ ᠬᠡᠪᠴᠢᠶ᠎ᠡ᠎ᠪᠡᠷ ᠡᠨᠧᠷᠭᠢ ᠬᠠᠳᠠᠭᠠᠯᠠᠬᠤ᠂ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠢ ᠴᠤᠭ᠍ᠯᠠᠭᠤᠯᠤᠨ ᠠᠱᠢᠭ᠍ᠯᠠᠬᠤ ᠪᠠ ᠪᠢᠲᠡᠭᠦᠮᠵᠢᠯᠡᠨ ᠬᠠᠳᠠᠭᠠᠯᠠᠬᠤ᠂ ᠬᠣᠪᠣᠷ ᠱᠢᠷᠣᠶ᠂ ᠠᠮᠢ ᠠᠬᠤᠶ ᠣᠷᠴᠢᠨ ᠲᠣᠭᠣᠷᠢᠨ ᠵᠡᠷᠭᠡ ᠬᠦᠷᠢᠶᠡᠨ᠎ᠳᠦ ᠤᠷᠢᠳ ᠬᠣᠵᠢᠳ ᠱᠢᠨᠵᠢᠯᠡᠬᠦ᠌ ᠤᠬᠠᠭᠠᠨ ᠲᠸᠭᠨᠢᠢᠡ᠋ ᠮᠡᠷᠭᠡᠵᠢᠯ᠎ᠦᠨ ᠴᠢᠬᠤᠯᠠ ᠶᠡᠬᠡ ᠲᠤᠰᠭᠠᠶ ᠲᠥᠷᠥᠯ ᠵᠦᠶ᠋ᠯ᠎ᠢ 33 ᠲᠣᠬᠢᠷᠠᠭᠤᠯᠵᠤ᠂ ᠨᠢᠭᠡ ᠪᠦᠯᠦᠭ ᠲᠡᠷᠢᠭᠦᠨ᠎ᠦ ᠡᠨᠧᠷᠭᠢ᠎ᠶ᠋ᠢᠨ ᠮᠡᠷᠭᠡᠵᠢᠯ᠎ᠢ ᠪᠣᠳᠠᠲᠠᠢᠵᠢᠭᠤᠯᠤᠨ ᠬᠤᠪᠢᠷᠠᠭᠤᠯᠵᠤ᠂ ᠡᠨᠧᠷᠭᠢ᠎ᠶ᠋ᠢᠨ ᠠᠵᠤ ᠦᠶ᠋ᠯᠡᠰ᠎ᠦᠨ ᠲᠤᠤᠷ᠎ᠠ ᠨᠡᠭᠦᠷᠡᠰᠦᠲᠥ᠋ᠷᠥᠭ᠌ᠴᠢᠲᠦ ᠬᠡᠯᠪᠡᠷᠢ᠎ᠪᠡᠨ ᠬᠤᠪᠢᠷᠠᠭᠤᠯᠬᠤ᠎ᠳᠤ᠎ᠬᠦᠴᠦᠨ ᠨᠡᠮᠡᠷᠢᠯᠡᠪᠡ᠋; 4000 ᠭᠠᠷᠤᠢ ᠱᠢᠨᠵᠢᠯᠡᠬᠦ᠌ ᠤᠬᠠᠭᠠᠨ ᠲᠸᠭᠨᠢᠢᠡ᠋ ᠮᠡᠷᠭᠡᠵᠢᠯ᠎ᠦᠨ ᠣᠨᠴᠠ ᠲᠣᠮᠢᠯᠠᠭ᠍ᠳᠠᠭ᠍ᠴᠢ ᠵᠢᠯ ᠲᠤᠷᠰᠢ ᠲᠠᠷᠢᠶᠠᠨ ᠭᠠᠵᠠᠷ᠎ᠲᠤ ᠬᠦᠨᠵᠡᠭᠡᠢᠷᠡᠵᠦ᠂ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ᠎ᠤ ᠲᠡᠰ ᠲᠡᠪᠱᠢᠯᠳᠡ᠎ᠶ᠋ᠢ ᠬᠦᠳᠦᠯᠤᠨ ᠳᠠᠭᠠᠭᠤᠯᠪᠠ; ᠵᠠᠩᠭᠢᠯᠠᠭ᠎ᠠ᠎ᠶ᠋ᠢᠨ ᠮᠡᠷᠭᠡᠵᠢᠯ᠎ᠦᠨ ᠪᠣᠭᠣᠮᠲᠠ ᠱᠢᠪᠲᠤᠯᠬᠤ ᠠᠵᠢᠯ ᠤᠯᠠᠨ ᠴᠡᠭ᠎ᠲᠦ ᠱᠢᠪᠲᠤᠯᠤᠯᠲᠠ᠎ᠲᠠᠶ ᠪᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠨᠢ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠦᠨ ᠬᠥᠭ᠌ᠵᠢᠨ ᠪᠤᠵᠠᠭᠠᠢ᠌ᠷᠠᠬᠤ ᠬᠦᠴᠦᠲᠦ ᠬᠥᠳᠡᠯᠭᠡᠭᠦᠷ ᠪᠣᠯᠪᠠ᠃

2021 ᠣᠨ᠎ᠳᠤ᠂ ᠥᠪᠥᠷ ᠮᠣᠩᠭᠣᠯ 47 ᠴᠢᠬᠤᠯᠠ ᠶᠡᠬᠡ ᠲᠤᠰᠭᠠᠶ ᠲᠥᠷᠥᠯ᠂ 445 ᠵᠠᠩᠭᠢᠯᠠᠭ᠎ᠠ᠎ᠶ᠋ᠢᠨ ᠮᠡᠷᠭᠡᠵᠢᠯ᠎ᠦᠨ ᠪᠣᠭᠣᠮᠲᠠ ᠱᠢᠪᠲᠤᠯᠬᠤ ᠲᠥᠯᠥᠪᠯᠡᠭᠡ᠎ᠶ᠋ᠢ ᠵᠣᠬᠢᠶᠠᠨ ᠪᠠᠢᠭᠤᠯᠤᠨ ᠬᠡᠷᠡᠭ᠌ᠵᠢᠭᠦᠯᠪᠡ᠃ ᠨᠡᠢᠲᠡ 1534 ᠵᠦᠶ᠋ᠯ᠎ᠦᠨ ᠮᠡᠷᠭᠡᠵᠢᠯ᠎ᠦᠨ ᠭᠡᠷ᠎ᠡ᠎ᠶ᠋ᠢ ᠮᠠᠭᠠᠳᠯᠠᠨ ᠲᠣᠭ᠍ᠲᠠᠭᠠᠵᠤ ᠳᠡᠩᠰᠡᠯᠡᠨ᠂ ᠮᠡᠷᠭᠡᠵᠢᠯ᠎ᠦᠨ ᠭᠡᠷ᠎ᠡ᠎ᠶ᠋ᠢᠨ ᠠᠷᠠᠯᠵᠢᠶ᠎ᠠ ᠪᠦᠲᠦᠭ᠌ᠰᠡᠨ ᠶᠡᠷᠦᠩᠬᠡᠶ ᠵᠣᠭᠣᠰ᠎ᠤᠨ ᠲᠣᠭ᠎ᠠ 46.1 ᠳ᠋ᠦᠩᠱᠢᠭᠤᠷ ᠲᠥᠭᠥᠷᠢᠭ᠎ᠲᠦ ᠬᠦᠷᠴᠦ᠍᠂ ᠪᠥᠬᠥ᠌ ᠣᠷᠣᠨ᠎ᠤ 1000 ᠵᠦᠶ᠋ᠯ᠎ᠦᠨ ᠦᠷ᠎ᠡ ᠪᠦᠲᠦᠭᠡᠯ᠎ᠢ ᠳᠡᠩᠰᠡᠯᠡᠨ ᠲᠡᠮᠳᠡᠭ᠌ᠯᠡᠵᠦ᠍᠂ 712.7 ᠳ᠋ᠦᠩᠱᠢᠭᠤᠷ ᠲᠥᠭᠥᠷᠢᠭ᠎ᠦᠨ ᠠᠵᠤ ᠠᠬᠤᠶ᠎ᠶ᠋ᠢᠨ ᠦᠷ᠎ᠡ ᠠᠱᠢᠭ᠎ᠢ ᠪᠣᠶ ᠪᠣᠯᠭᠠᠪᠠ᠃

《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠢ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠳᠤ᠎ᠰᠠᠭᠤᠷᠢᠯᠠᠨ᠂᠎ᠥᠪᠥᠷ᠎ᠮᠣᠩᠭᠣᠯ᠎ᠪᠣᠬᠢᠷᠲᠤᠯ ᠥᠬᠡᠶ ᠤᠨᠴᠠᠯᠢᠬᠲᠦ ᠳᠠᠪᠠᠭᠤᠯᠢᠭ᠎ᠢᠶᠠᠨ ᠳᠣᠪᠣᠢᠯᠭᠠᠨ᠂ ᠤᠨᠴᠠᠯᠢᠬᠲᠦ ᠱᠢᠨ᠎ᠡ᠎ᠶ᠋ᠢ ᠡᠭᠦᠳᠬᠦ᠌ ᠲᠠᠪᠴᠠᠩ᠎ᠤᠨ ᠠᠴᠢᠶᠠᠯᠠᠪᠤᠷᠢ᠎ᠶ᠋ᠢ ᠭᠤᠤᠯᠳᠠᠯᠭ᠎ᠠ᠎ᠲᠠᠶ ᠪᠠᠢᠷᠢᠱᠢᠭᠤᠯᠤᠨ ᠪᠥᠲᠥᠭᠡᠨ ᠪᠠᠢᠭᠤᠯᠵᠤ᠂ 《ᠭᠤᠷᠪᠠᠨ ᠬᠡᠯᠬᠢᠶ᠎ᠡ》 ᠵᠢ ᠠᠭᠤᠰᠤᠯᠴᠠᠭᠤᠯᠬᠤ ᠬᠥᠳᠡᠯᠭᠡᠬᠦ᠌ ᠬᠦᠴᠦᠨ᠎ᠢ ᠢᠳᠡᠪᠬᠢᠲᠡᠶ ᠪᠣᠶ ᠪᠣᠯᠭᠠᠪᠠ᠃

ᠥᠪᠥᠷ ᠮᠣᠩᠭᠣᠯ᠎ᠳᠤ ᠡᠭᠦᠰᠦᠭ᠌ᠰᠡᠨ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠱᠢᠨ᠎ᠡ᠎ᠶ᠋ᠢ ᠡᠭᠦᠳᠦᠭ᠌ᠰᠡᠨ ᠦᠯᠢᠭᠡᠷ ᠨᠢ 《ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠢᠶᠡᠷ ᠥᠪᠥᠷ ᠮᠣᠩᠭᠣᠯ᠎ᠢᠶᠠᠨ ᠮᠠᠨᠳᠤᠭᠤᠯᠬᠤ》 ᠬᠦᠴᠦᠷᠬᠡᠭ ᠶᠡᠬᠡ ᠬᠥᠭ᠌ᠵᠢᠶᠡᠨᠲᠡᠶ ᠬᠥᠳᠡᠯᠭᠡᠬᠦ᠌ ᠡᠨᠧᠷᠭᠢ᠎ᠶ᠋ᠢ ᠬᠦᠴᠦᠲᠡᠶ ᠭᠡᠷᠡᠴᠢᠯᠡᠭ᠌ᠰᠡᠨ᠎ᠢᠶᠡᠷ ᠪᠠᠷᠠᠬᠤ ᠦᠭᠡᠢ᠂ ᠪᠠᠰᠠ ᠮᠠᠨ᠎ᠤ ᠣᠷᠣᠨ᠎ᠤ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠢᠳᠡᠪᠬᠢᠲᠡᠶ ᠠᠭᠤᠰᠤᠯᠴᠠᠵᠤ᠂ ᠱᠢᠨ᠎ᠡ᠎ᠶ᠋ᠢ ᠡᠭᠦᠳᠬᠦ᠌ ᠬᠥᠭ᠌ᠵᠢᠯᠲᠡ ᠢᠯᠠᠯᠲᠠ᠎ᠶ᠋ᠢᠨ ᠡᠷᠴᠢᠨ ᠳᠡᠭᠡᠷ᠎ᠡ᠎ᠪᠡᠨ ᠤᠷᠤᠭ᠍ᠰᠢᠯᠠᠵᠤ ᠪᠠᠢᠭ᠎ᠠ ᠰᠦᠷᠯᠢᠭ ᠰᠠᠢᠬᠠᠨ ᠵᠢᠷᠤᠭ ᠳᠦᠷᠰᠦ᠎ᠶ᠋ᠢ ᠠᠮᠢᠳᠤᠯᠢᠭ᠎ᠢᠶᠠᠷ ᠲᠤᠰᠭᠠᠵᠤ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠴᠢᠨᠠᠷ ᠰᠠᠢᠲᠠᠶ ᠬᠥᠭ᠌ᠵᠢᠯᠲᠡ᠎ᠶ᠋ᠢᠨ ᠵᠠᠮ᠎ᠢᠶᠠᠷ ᠰᠠᠢᠲᠤᠷ ᠵᠠᠮᠨᠠᠬᠤ ᠬᠦᠴᠦᠨ ᠴᠢᠳᠠᠯ᠎ᠤᠨ ᠡᠬᠢ ᠪᠤᠯᠠᠭ ᠪᠣᠯᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面