ᠱᠢᠨ᠎᠎ᠡ ᠴᠠᠭ ᠦᠶ᠎ᠡ᠎ᠳ᠋ᠦ᠍ ᠭᠠᠪᠢᠶ᠎ᠠ ᠪᠠᠢᠭᠤᠯᠤᠶ᠎ᠠ > ᠮᠡᠳᠡᠭᠡᠯᠡᠯ

2022-03-03 11:04:33

ᠵᠣᠬᠢᠶᠠᠭ᠍ᠴᠢ᠄ ᠮᠧᠶ ᠭᠠᠩ ᠣᠩᠱᠢᠭ᠍ᠰᠠᠨ ᠣᠳᠠᠭ᠎ᠠ᠄ 3

《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠡᠬᠢᠯᠡᠯᠲᠡ᠎ᠶ᠋ᠢᠨ ᠵᠢᠯ᠎ᠢ ᠡᠷᠭᠢᠴᠡᠭᠦᠯᠬᠦᠶ᠎ᠡ᠂ ᠠᠷᠠᠳ᠎ᠤᠨ ᠠᠮᠢᠳᠤᠷᠠᠯ᠎ᠳᠦ ᠬᠤᠯᠪᠤᠭᠳᠠᠭᠰᠠᠨ ᠲᠡᠳᠡᠭᠡᠷ ᠲᠣᠭ᠎ᠠ ᠪᠠᠷᠢᠮᠲᠠ ᠬᠥᠮᠦᠰ᠎ᠦᠨ ᠰᠡᠳᠭᠢᠯ᠎ᠢ ᠳᠣᠭ᠍ᠳᠣᠯᠤᠭᠤᠯᠤᠨ᠎ᠠ᠃

ᠮᠠᠨ᠎ᠤ ᠣᠷᠣᠨ ᠡᠳ᠋᠎ᠦᠨ ᠬᠦᠴᠦᠨ ᠪᠠᠴᠢᠮ ᠪᠠᠢᠭ᠎ᠠ ᠪᠠᠢᠳᠠᠯ᠎ᠤᠨ ᠳᠣᠣᠷ᠎ᠠ᠂ ᠡᠳ᠋᠎ᠦᠨ ᠵᠠᠰᠠᠭ᠎ᠤᠨ ᠪᠡᠯᠡ ᠮᠥᠩᠭᠥ᠎ᠶ᠋ᠢᠨ ᠲᠣᠬᠢᠷᠠᠭᠤᠯᠤᠯᠲᠠ᠎ᠶ᠋ᠢ ᠠᠷᠠᠳ᠎ᠤᠨ ᠠᠮᠢᠳᠤᠷᠠᠯ᠎ᠤᠨ ᠬᠦᠷᠢᠶ᠎ᠡ ᠲᠡᠢᠰᠢ ᠬᠡᠯᠪᠡᠢᠯᠭᠡᠬᠦ᠌᠎ᠶ᠋ᠢ ᠪᠠᠷᠢᠮᠲᠠᠯᠠᠨ᠂ ᠠᠷᠠᠳ᠎ᠤᠨ ᠠᠮᠢᠳᠤᠷᠠᠯ᠎ᠤᠨ ᠵᠠᠷᠤᠯᠭ᠎ᠠ᠎ᠶ᠋ᠢ ᠦᠷᠭᠦᠯᠵᠢᠯᠡᠨ ᠨᠡᠮᠡᠭ᠌ᠳᠡᠭᠦᠯᠵᠠᠢ᠃ ᠪᠥᠬᠥ᠌ ᠣᠷᠣᠨ᠎ᠤ ᠨᠡᠢᠭᠡᠮ᠎ᠦᠨ ᠪᠠᠲᠤᠯᠠᠭ᠎ᠠ ᠪᠠ ᠠᠵᠢᠯ ᠣᠯᠭᠣᠯᠲᠠ᠎ᠶ᠋ᠢᠨ ᠵᠠᠷᠤᠯᠭ᠎ᠠ 876.1 ᠳ᠋ᠦᠩᠱᠢᠭᠤᠷ ᠲᠥᠭᠥᠷᠢᠭ᠎ᠲᠦ ᠬᠦᠷᠴᠦ᠍᠂ 4.1%᠎ᠪᠠᠷ ᠨᠡᠮᠡᠭ᠌ᠳᠡᠪᠡ; ᠣᠷᠣᠨ ᠰᠠᠭᠤᠴᠠ᠎ᠶ᠋ᠢᠨ ᠪᠠᠲᠤᠯᠠᠭ᠎ᠠ᠎ᠶ᠋ᠢᠨ ᠵᠠᠷᠤᠯᠭ᠎ᠠ 169.2 ᠳ᠋ᠦᠩᠱᠢᠭᠤᠷ ᠲᠥᠭᠥᠷᠢᠭ᠂ ᠰᠤᠷᠭᠠᠨ ᠬᠥᠮᠦᠵᠢᠯ᠎ᠦᠨ ᠵᠠᠷᠤᠯᠭ᠎ᠠ 638.3 ᠳ᠋ᠦᠩᠱᠢᠭᠤᠷ ᠲᠥᠭᠥᠷᠢᠭ᠂ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠠᠷᠤᠯᠭ᠎ᠠ 362 ᠳ᠋ᠦᠩᠱᠢᠭᠤᠷ ᠲᠥᠭᠥᠷᠢᠭ ᠲᠦ᠍ ᠬᠦᠷᠪᠡ᠋᠃

ᠡᠳ᠋᠎ᠦᠨ ᠵᠠᠰᠠᠭ᠎ᠤᠨ ᠵᠠᠷᠤᠯᠭ᠎ᠠ ᠨᠢ ᠠᠷᠠᠳ᠎ᠤᠨ ᠠᠮᠢᠳᠤᠷᠠᠯ᠎ᠤᠨ ᠬᠤᠪᠢᠷᠠᠯᠲᠠ᠎ᠶ᠋ᠢ ᠬᠥᠲᠥᠯᠥᠨ ᠳᠠᠭᠠᠭᠤᠯᠤᠨ᠎ᠠ᠃ ᠬᠤᠳᠠ ᠬᠥᠳᠡᠭᠡ᠎ᠶ᠋ᠢᠨ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ᠂ ᠨᠠᠰᠤᠵᠢᠯ᠎ᠤᠨ ᠠᠰᠠᠷᠠᠮᠵᠢ᠂ ᠡᠮ ᠡᠮᠨᠡᠯᠭᠡ᠎ᠶ᠋ᠢᠨ ᠦᠨᠳᠦᠰᠦᠨ ᠳᠠᠭᠠᠳᠭᠠᠯ ᠵᠡᠷᠭᠡ᠎ᠲᠦᠷᠦ᠍᠎ᠶ᠋ᠢᠨ ᠪᠤᠳᠤᠯᠭ᠎ᠠ᠎ᠶ᠋ᠢᠨ ᠪᠠᠷᠢᠮᠵᠢᠶ᠎ᠠ᠎ᠶ᠋ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠠᠵᠢᠯ ᠣᠯᠭᠣᠯᠲᠠ᠂ ᠰᠤᠷᠭᠠᠨ ᠬᠥᠮᠦᠵᠢᠯ᠂᠎ᠰᠣᠶᠣᠯ᠂᠎ᠡᠮ᠎ᠡᠮᠨᠡᠯᠭᠡ᠎ᠡᠷᠡᠭᠦᠯ᠎ᠬᠠᠮᠠᠭᠠᠯᠠᠯ᠎ᠵᠡᠷᠭᠡ ᠤᠯᠠᠨ ᠨᠡᠢᠲᠡ᠎ᠶ᠋ᠢᠨ ᠦᠢᠯᠡᠴᠢᠯᠡᠭᠡᠨ᠎ᠦ ᠲᠦᠪᠱᠢᠨ᠎ᠢ ᠲᠣᠭ᠍ᠲᠠᠭᠤᠨ᠎ᠢᠶᠠᠷ ᠳᠡᠭᠡᠭ᠌ᠰᠢᠯᠡᠭᠦᠯᠪᠡ᠃ ᠠᠷᠠᠳ᠎ᠲᠤ ᠠᠱᠢᠭ ᠬᠦᠷᠲᠡᠭᠡᠬᠦ᠌ ᠲᠥᠷᠥ᠎ᠶ᠋ᠢᠨ ᠪᠣᠳᠣᠯᠭ᠎ᠠ᠎ᠨᠤᠭᠤᠳ᠎ᠢ ᠵᠠᠯᠭᠠᠭ᠎ᠠ᠎ᠪᠠᠷ ᠨᠡᠢᠲᠡᠯᠡᠵᠦ᠍᠂ ᠠᠷᠠᠳ᠎ᠤᠨ ᠠᠮᠢᠳᠤᠷᠠᠯ᠎ᠤᠨ᠎ᠵᠠᠷᠤᠯᠭ᠎ᠠ᠎ᠨᠤᠭᠤᠳ᠎ᠢ᠎ᠵᠠᠯᠭᠠᠭ᠎ᠠ᠎ᠪᠠᠷ᠎ᠨᠠᠢᠳᠠᠪᠤᠷᠢᠵᠢᠭᠤᠯᠵᠤ᠂ ᠥᠪᠥᠷ ᠮᠣᠩᠭᠣᠯ᠎ᠤᠨ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠎ᠶ᠋ᠢ ᠴᠢᠬᠤᠯᠠ᠎ᠠᠴᠠ ᠴᠢᠬᠤᠯᠠ ᠪᠠᠢᠷᠢᠨ᠎ᠳᠤ ᠲᠠᠯᠪᠢᠬᠤ ᠬᠠᠷᠢᠭᠤᠴᠠᠯᠭᠠᠲᠤ᠎ᠤᠬᠠᠮᠰᠠᠷ᠎ᠪᠠ᠎ᠲᠥᠷᠥ᠍᠎ᠪᠠᠷᠢᠬᠤ ᠣᠢᠯᠠᠭᠠᠭ᠍ᠳᠠᠬᠤᠨ᠎ᠢ ᠢᠯᠡᠷᠡᠭᠦᠯᠪᠡ᠃

ᠮᠠᠨ᠎ᠤ ᠣᠷᠣᠨ ᠬᠣᠲᠠ ᠪᠠᠯᠭᠠᠰᠤᠨ᠎ᠤ ᠠᠵᠢᠯ᠎ᠠᠴᠠ᠎ᠪᠠᠨ ᠠᠮᠠᠷᠠᠭᠰᠠᠤᠨ᠎ᠤᠨ ᠨᠠᠰᠤᠵᠢᠯ᠎ᠤᠨ ᠠᠰᠠᠷᠠᠮᠵᠢ᠎ᠶ᠋ᠢᠨ ᠮᠥᠩᠭᠥ᠌ ᠪᠠ ᠬᠣᠲᠠ᠎ᠬᠥᠳᠡᠭᠡ᠎ᠶ᠋ᠢᠨ᠎ᠰᠠᠭᠤᠭᠠᠯᠢ᠎ᠠᠷᠠᠳ᠎ᠤᠨ ᠰᠠᠭᠤᠷᠢ ᠨᠠᠰᠤᠵᠢᠯ᠎ᠤᠨ ᠠᠰᠠᠷᠠᠮᠵᠢ᠎ᠶ᠋ᠢᠨ ᠮᠥᠩᠭᠥ᠎ᠶ᠋ᠢᠨ ᠪᠠᠷᠢᠮᠵᠢᠶ᠎ᠠ᠎ᠶ᠋ᠢ ᠳᠡᠭᠡᠭ᠌ᠰᠢᠯᠡᠭᠦᠯᠵᠦ᠍᠂ ᠲᠣᠰ ᠲᠣᠰ ᠪᠥᠬᠥ᠌ ᠣᠷᠣᠨ᠎ᠤ 310 ᠭᠠᠷᠤᠶ ᠲᠦᠮᠡᠨ ᠠᠵᠢᠯ᠎ᠠᠴᠠ᠎ᠪᠠᠨ ᠠᠮᠠᠷᠠᠭ᠍ᠰᠠᠳ ᠪᠠ 260 ᠭᠠᠷᠤᠶ ᠲᠦᠮᠡᠨ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠨᠠᠰᠤᠵᠢᠯ᠎ᠤᠨ ᠠᠰᠠᠷᠠᠮᠵᠢ᠎ᠶ᠋ᠢᠨ ᠳᠠᠭᠠᠳᠭᠠᠯ᠎ᠤᠨ ᠬᠠᠷᠠᠭᠠᠯᠵᠠᠯ ᠬᠦᠷᠲᠡᠭ᠌ᠴᠢ᠎ᠳᠦ ᠠᠱᠢᠭ ᠬᠦᠷᠲᠡᠭᠡᠪᠡ᠃ ᠪᠦᠬᠦ᠌ ᠣᠷᠣᠨ᠎ᠤ ᠦᠨᠳᠦᠰᠦᠨ ᠨᠠᠰᠤᠵᠢᠯ᠎ᠤᠨ ᠳᠠᠭᠠᠳᠭᠠᠯ᠂ ᠠᠵᠢᠯ᠎ᠠᠴᠠ ᠪᠣᠯᠤᠭ᠍ᠰᠠᠨ ᠭᠡᠮᠲᠦᠯ᠎ᠦᠨ ᠳᠠᠭᠠᠳᠭᠠᠯ ᠪᠣᠯᠤᠨ ᠠᠵᠢᠯ ᠠᠯᠳᠠᠯᠲᠠ᠎ᠶ᠋ᠢᠨ ᠳᠠᠭᠠᠳᠭᠠᠯ᠎ᠳᠤ ᠣᠷᠣᠯᠴᠠᠭ᠍ᠰᠠᠨ ᠬᠥᠮᠦᠨ᠎ᠦ ᠲᠣᠭ᠎ᠠ ᠲᠤᠰ ᠲᠤᠰ 1614.8 ᠲᠦᠮᠡᠨ ᠬᠥᠮᠦᠨ᠂ 338.2 ᠲᠦᠮᠡᠨ ᠬᠥᠮᠦᠨ ᠪᠣᠯᠤᠨ 290.86 ᠲᠦᠮᠡᠨ ᠬᠥᠮᠦᠨ᠎ᠳᠦ ᠬᠦᠷᠴᠦ᠍᠂ ᠴᠥᠮ ᠤᠯᠤᠰ᠎ᠠᠴᠠ ᠲᠤᠭᠲᠠᠭᠠᠭᠰᠠᠨ ᠲᠥᠯᠥᠪᠯᠡᠭᠡ᠎ᠶ᠋ᠢᠨ ᠬᠠᠷᠠᠯᠲᠠ᠎ᠶ᠋ᠢ ᠳᠠᠪᠠᠭᠤᠯᠤᠨ ᠪᠡᠶᠡᠯᠡᠭᠦᠯᠵᠦ᠍᠂ ᠨᠡᠢᠭᠡᠮ᠎ᠦᠨ ᠳᠠᠭᠠᠳᠭᠠᠯ᠎ᠤᠨ ᠪᠦᠷᠬᠦᠴᠡ᠎ᠶ᠋ᠢᠨ ᠬᠡᠪᠴᠢᠶ᠎ᠡ ᠴᠢᠨᠠᠬᠰᠢᠳᠠ ᠥᠷᠭᠡᠳᠪᠡ᠃

ᠪᠥᠬᠥ᠌ ᠣᠷᠣᠨ᠎ᠤ ᠡᠯ᠎ᠡ ᠱᠠᠲᠤᠨ᠎ᠤ ᠡᠳ᠋᠎ᠦᠨ ᠵᠠᠰᠠᠭ᠎ᠠᠴᠠ ᠬᠢᠵᠢᠭ᠎ᠦᠨ ᠪᠠᠢᠳᠠᠯ ᠎ᠢ ᠰᠡᠷᠬᠡᠢᠯᠡᠨ ᠡᠵᠡᠮᠳᠡᠬᠦ᠎ᠵᠢ ᠳᠡᠮᠵᠢᠵᠦ᠍᠂ 1.8 ᠳ᠋ᠦᠩᠱᠢᠭᠤᠷ ᠲᠥᠭᠥᠷᠢᠭ᠎ᠦᠨ ᠪᠠᠯᠠ ᠮᠥᠩᠭᠥ᠎ᠶ᠋ᠢ ᠪᠠᠴᠢᠮ ᠴᠤᠭ᠍ᠯᠠᠭᠤᠯᠪᠠ; ᠱᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠤ ᠲᠠᠷᠢᠯᠭ᠎ᠠ᠎ᠶ᠋ᠢᠨ ᠠᠵᠢᠯ᠎ᠢ ᠡᠮᠬᠢ ᠵᠢᠷᠤᠮ᠎ᠲᠠᠶ ᠠᠬᠢᠭᠤᠯᠬᠤ᠎ᠶ᠋ᠢᠨ ᠲᠥᠯᠥᠭᠡ᠂ 3.39 ᠳ᠋ᠦᠩᠱᠢᠭᠤᠷ ᠲᠥᠭᠥᠷᠢᠭ᠎ᠦᠨ ᠪᠠᠯᠠ ᠮᠥᠩᠭᠥ᠌ ᠲᠣᠬᠢᠷᠠᠭᠤᠯᠪᠠ᠃ ᠬᠦᠨᠳᠦ ᠶᠡᠬᠡ ᠬᠢᠵᠢᠭ᠎ᠦᠨ ᠪᠠᠢᠳᠠᠯ᠎ᠢ ᠠᠪᠤᠷᠠᠨ ᠵᠠᠰᠠᠬᠤ ᠰᠠᠭᠤᠷᠢᠨ᠂ ᠬᠣᠲᠠ ᠱᠢᠶᠠᠨ᠎ᠤ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠪᠠᠢᠭᠤᠯᠤᠮᠵᠢ᠎ᠶ᠋ᠢᠨ ᠪᠠᠢᠭᠤᠯᠤᠯᠲᠠ ᠪᠣᠯᠤᠨ ᠪᠦᠬᠦ᠌ ᠠᠷᠠᠳ᠎ᠤᠨ ᠡᠷᠡᠭᠦᠯ ᠮᠡᠨᠳᠦ᠍᠎ᠶ᠋ᠢᠨ ᠪᠠᠲᠤᠯᠠᠭ᠎ᠠ᠎ᠶ᠋ᠢᠨ ᠢᠨᠵᠧᠨᠧᠷᠢᠩ᠎ᠢ ᠠᠬᠢᠭᠤᠯᠵᠤ᠂ ᠦᠨᠳᠦᠰᠦᠨ ᠱᠠᠲᠤᠨ᠎ᠤ ᠡᠮ ᠡᠮᠨᠡᠯᠭᠡ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠦ ᠴᠢᠳᠠᠪᠤᠷᠢ᠎ᠶ᠋ᠢ ᠪᠦᠬᠦᠯᠢ ᠴᠣᠭ᠍ᠴᠠ᠎ᠪᠠᠷ ᠳᠡᠭᠡᠭ᠌ᠰᠢᠯᠡᠭᠦᠯᠵᠦ᠍᠂ ᠠᠷᠠᠳ ᠤᠯᠠᠨ᠎ᠤ ᠠᠮᠤᠷ ᠠᠮᠤᠭᠤᠯᠠᠩ᠎ᠢ ᠬᠦᠴᠦᠲᠡᠢ ᠬᠠᠮᠠᠭᠠᠯᠠᠪᠠ᠃

ᠠᠷᠠᠳ᠎ᠲᠦᠮᠡᠨ᠎ᠤ ᠵᠢᠷᠭᠠᠯᠳᠦ ᠲᠦᠷᠦᠭᠳᠡᠯ᠎ᠢ ᠨᠡᠮᠡᠭ᠌ᠳᠡᠭᠦᠯᠵᠦ᠍᠂ ᠪᠦᠬᠦ᠌ ᠠᠷᠠᠳ᠎ᠤᠨ ᠰᠤᠷᠭᠠᠨ ᠬᠥᠮᠦᠵᠢᠯ ᠬᠦᠷᠲᠡᠬᠦ᠌ ᠬᠡᠮᠵᠢᠶ᠎ᠡ᠎ᠶ᠋ᠢ ᠲᠠᠰᠤᠷᠠᠯᠲᠠ ᠤᠢ᠍ᠭᠡᠢ ᠳᠡᠭᠡᠭ᠌ᠰᠢᠯᠡᠭᠦᠯᠪᠡ᠃ ᠪᠥᠬᠥ᠌ ᠣᠷᠣᠨ᠎ᠤ ᠲᠦᠭᠡᠮᠡᠯ ᠬᠠᠷᠠᠭᠠᠯᠵᠠᠯ᠎ᠤᠨ ᠴᠢᠨᠠᠷᠲᠠᠶ ᠬᠡᠦᠬᠡᠳ᠎ᠦᠨ ᠴᠡᠴᠡᠷᠯᠢᠭ᠎ᠦᠨ ᠪᠦᠷᠬᠦᠴᠡ᠎ᠶ᠋ᠢᠨ ᠨᠣᠷᠮ᠎ᠠ᠎ᠶ᠋ᠢ 85.5% ᠎ᠳ᠋ᠤ ᠬᠦᠷᠭᠡᠵᠦ᠍ ᠂ ᠤᠯᠤᠰ᠎ᠤᠨ ᠱᠠᠭᠠᠷᠳᠠᠯᠭ᠎ᠠ᠎ᠳᠤ ᠬᠦᠷᠭᠡᠪᠡ᠃ ᠪᠥᠬᠥ᠌ ᠣᠷᠣᠨ᠎ᠤ 103 ᠬᠣᠱᠢᠭᠤ ᠱᠢᠶᠠᠨ (ᠬᠣᠲᠠ᠂ ᠲᠣᠭᠣᠷᠢᠭ)ᠴᠥᠮ ᠤᠯᠤᠰ᠎ᠤᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠬᠥᠭ᠌ᠵᠢᠯᠲᠡ᠎ᠶ᠋ᠢ ᠦᠨᠳᠦᠰᠦᠨ᠎ᠳᠡᠭᠡᠨ ᠲᠡᠩᠴᠡᠭᠦᠷᠢᠲᠡᠶ ᠪᠠᠢᠬᠤ᠎ᠵᠢ ᠰᠢᠯᠭᠠᠨ ᠲᠣᠭ᠍ᠲᠠᠭᠠᠬᠤ᠎ᠳᠤ ᠬᠢᠷᠢ ᠲᠡᠩᠴᠡᠪᠡ᠃ 《ᠬᠣᠶᠠᠷ᠎ᠢ ᠬᠦᠨᠭᠭᠡᠷᠡᠭᠦᠯᠬᠦ》 ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠵᠤ᠂ ᠪᠥᠬᠥ᠌ ᠣᠷᠣᠨ᠎ᠤ ᠳᠤᠮᠳᠠᠳᠤ ᠪᠠᠭ᠎ᠠ ᠰᠤᠷᠭᠠᠭᠤᠯᠢ᠎ᠶ᠋ᠢ ᠬᠠᠮᠤᠷᠤᠭ᠍ᠰᠠᠨ 《ᠳᠤᠮᠳᠠᠳᠤ ᠪᠠᠭ᠎ᠠ ᠰᠤᠷᠭᠠᠭᠤᠯᠢ᠎ᠶ᠋ᠢᠨ ᠬᠢᠴᠢᠶᠡᠯ᠎ᠦᠨ ᠳᠠᠷᠠᠭᠠᠬᠢ ᠦᠶ᠋ᠯᠡᠴᠢᠯᠡᠭᠡᠨ᠎ᠦ ᠵᠠᠷᠤᠳᠠᠯ᠎ᠤᠨ ᠪᠠᠲᠤᠯᠠᠭ᠎ᠠ᠎ᠶ᠋ᠢᠨ ᠲᠣᠭ᠍ᠲᠠᠴᠠ》 ᠎ᠶ᠋ᠢ ᠪᠠᠢᠭᠤᠯᠵᠤ᠂ ᠰᠤᠷᠭᠠᠨ ᠬᠥᠮᠦᠵᠢᠯ᠎ᠦᠨ ᠠᠷᠠᠳ᠎ᠤᠨ ᠲᠥᠯᠥᠭᠡ ᠪᠠᠢᠬᠤ ᠶᠠᠰᠤ ᠴᠢᠨᠠᠷ᠎ᠢ ᠦᠨᠡᠨ ᠬᠦ᠌ ᠳᠡᠭᠡᠭ᠌ᠰᠢᠯᠡᠭᠦᠯᠪᠡ᠃

ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ ᠨᠢ ᠨᠡᠩ ᠴᠤ᠌ ᠠᠷᠠᠳ ᠤᠯᠠᠨ᠎ᠤ ᠰᠠᠢ᠌ᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠠᠴᠢᠶᠠᠯᠠᠵᠤ ᠪᠠᠢᠳᠠᠭ᠃

ᠠᠷᠠᠳ᠎ᠤᠯᠠᠨ᠎ᠤ᠎ᠬᠠᠮᠤᠭ᠎ᠠᠴᠠ᠎ᠠᠩᠬᠠᠷᠴᠤ᠌᠎ᠪᠠᠢᠭ᠎ᠠ᠎ᠶᠠᠪᠤᠳᠠᠯ᠎ᠠᠴᠠ ᠭᠠᠷᠳᠠᠨ ᠬᠢᠵᠦ᠍ ᠂ ᠪᠦᠬᠦ᠌ ᠲᠠᠯ᠎ᠠ᠎ᠪᠠᠷ ᠰᠠᠢᠵᠢᠷᠠᠭᠤᠯᠬᠤ᠎ᠶ᠋ᠢ ᠡᠷᠢᠯᠬᠢᠯᠡᠵᠦ᠍᠂ ᠪᠦᠬᠦ᠌ ᠠᠷᠠᠳ᠎ᠢᠶᠠᠷ᠎ᠢᠶᠠᠨ ᠬᠠᠮᠲᠤ᠎ᠪᠠᠷ ᠡᠳ᠋ᠯᠡᠬᠦ᠌᠎ᠶ᠋ᠢ ᠪᠡᠶᠡᠯᠡᠭᠦᠯᠬᠦ᠌ ᠭᠣᠣᠯ ᠱᠤᠭᠤᠮ ᠣᠨᠴᠠᠭᠠᠢ ᠲᠣᠳᠣᠷᠬᠠᠢ ᠪᠣᠯᠪᠠ᠃ ᠪᠥᠬᠥ᠌ ᠣᠷᠣᠨ᠎ᠳᠤ 23.8 ᠲᠦᠮᠡᠨ ᠡᠷᠦᠬᠡ ᠵᠢᠨ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠎ᠢ ᠥᠭᠡᠷᠡᠴᠢᠯᠡᠨ ᠱᠢᠨᠡᠳᠭᠡᠵᠦ᠍᠂ 2.59 ᠲᠦᠮᠡᠨ ᠢᠵᠢ ᠳᠥᠭᠥᠮ ᠪᠦᠳᠦᠴᠡᠳᠦ ᠣᠷᠣᠨ ᠰᠠᠭᠤᠴᠠ ᠵᠢᠨ ᠲᠣᠭᠣᠷᠢᠭ᠎ᠢ ᠥᠭᠡᠷᠡᠴᠢᠯᠡᠨ ᠱᠢᠨᠡᠳᠭᠡᠵᠦ᠍᠂ ᠬᠡᠷ ᠭᠠᠵᠠᠷ᠎ᠤᠨ ᠬᠥᠷᠥᠩᠭᠡ᠎ᠶ᠋ᠢᠨ ᠦᠯᠡᠳᠡᠭ᠌ᠳᠡᠯ ᠠᠰᠠᠭᠤᠳᠠᠯ᠎ᠢ ᠨᠡᠢᠲᠡ 2947 ᠲᠥᠷᠥᠯ ᠵᠦᠶ᠋ᠯ ᠂ 139.7 ᠲᠦᠮᠡᠨ ᠢᠵᠢ ᠱᠢᠶ᠋ᠳᠪᠦᠷᠢᠯᠡᠪᠡ᠃ ᠬᠥᠬᠡᠬᠣᠲᠠ 《 2021 ᠳᠤᠮᠳᠠᠳᠤ ᠤᠯᠤᠰ᠎ᠤᠨ ᠳᠠᠭᠠᠭᠤᠯᠤᠭ᠍ᠴᠢ ᠤᠶᠤᠨᠲᠤ ᠬᠣᠲᠠ 》 ᠎ᠪᠠᠷ ᠰᠣᠩᠭᠣᠭ᠍ᠳᠠᠵᠤ᠂ ᠣᠷᠳᠣᠰ ᠬᠣᠲᠠ ᠠᠮᠤᠭᠤᠯᠠᠩᠳᠤ ᠳᠤᠮᠳᠠᠳᠤ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢᠨ 《ᠴᠠᠩ ᠠᠨ ᠬᠤᠨᠳᠠᠭᠠᠲᠤ》 ᠢᠷᠠᠭᠤ ᠠᠯᠳᠠᠷ᠎ᠢ ᠭᠥᠷᠳᠡᠪᠡ᠃

ᠠᠷᠠᠳ᠎ᠤᠨ ᠠᠮᠢᠳᠤᠷᠠᠯ᠎ᠢ ᠳᠡᠭᠡᠭᠰᠢᠯᠡᠭᠦᠯᠵᠦ᠂ ᠠᠵᠠ ᠵᠢᠷᠭᠠᠯ᠎ᠢ ᠨᠡᠮᠡᠭ᠌ᠳᠡᠭᠦᠯᠬᠦ᠌ ᠪᠣᠯ ᠳᠠᠷᠤᠢ ᠠᠷᠠᠳ ᠤᠯᠠᠨ᠎ᠤ ᠤᠶᠤᠨ ᠰᠠᠨᠠᠭ᠎ᠠ ᠰᠣᠶᠣᠯ᠎ᠤᠨ ᠬᠡᠷᠡᠭ᠌ᠴᠡᠭᠡ᠎ᠶ᠋ᠢ ᠨᠡᠩ ᠰᠠᠢᠲᠤᠷ ᠬᠠᠩᠭᠠᠬᠤ ᠶᠠᠪᠤᠳᠠᠯ ᠪᠣᠯᠤᠨ᠎ᠠ᠃ 2021 ᠣᠨ᠎ᠤ 6 ᠰᠠᠷ᠎ᠠ᠎ᠠᠴᠠ 7 ᠰᠠᠷ᠎ᠠ ᠪᠣᠯᠲᠠᠯ᠎ᠠ᠂ 《ᠤᠯᠠᠭᠠᠨᠮᠥ᠋ᠴᠢᠷ᠎ᠦᠨ ᠰᠠᠷ᠎ᠠ·ᠡᠭᠦᠷᠢᠳᠡ ᠨᠠᠮ᠎ᠢᠶᠠᠨ ᠳᠠᠭᠠᠨ᠎ᠡ》 ᠭᠤᠤᠯ ᠰᠡᠳᠦᠪᠲᠦ ᠠᠵᠢᠯᠯᠠᠭ᠎ᠠ ᠪᠥᠬᠥ᠌ ᠣᠷᠣᠨ᠎ᠳᠤ ᠶᠠᠪᠤᠭ᠍ᠳᠠᠪᠠ᠃ ᠤᠯᠠᠭᠠᠨᠮᠥ᠋ᠴᠢᠷ᠎ᠦᠨ ᠭᠡᠱᠢᠭᠦᠳ ᠪᠣᠢᠳᠠ ᠪᠦᠭ᠌ᠯᠡᠭᠦᠦ ᠮᠠᠯᠵᠢᠬᠤ ᠲᠠᠷᠢᠶᠠᠯᠠᠬᠤ ᠣᠷᠣᠨ᠎ᠳᠤ ᠬᠦᠷᠴᠦ᠍᠂ ᠠᠷᠠᠳ ᠲᠦᠮᠡᠨ᠎ᠦ ᠳᠤᠮᠳᠠ ᠬᠦᠨᠵᠡᠭᠡᠢᠷᠡᠪᠡ᠃ ᠬᠦᠬᠡ ᠲᠩᠷᠢ᠎ᠪᠡᠷ ᠬᠥᠱᠢᠭᠡ ᠪᠠᠨ ᠪᠣᠯᠭᠠᠵᠤ᠂ ᠬᠦᠷᠦᠰᠦᠳᠦ ᠳᠠᠯ᠎ᠠ᠎ᠪᠡᠷ ᠲᠠᠢᠰᠠ ᠪᠠᠨ ᠬᠢᠵᠦ᠂ ᠦᠨᠳᠦᠰᠦᠲᠡᠨ᠎ᠨᠦᠭᠦᠳ᠎ᠦᠨ᠎ᠣᠯᠠᠨ᠎ᠲᠦᠮᠡᠨ᠎ᠳᠦ᠎ᠲᠣᠭ᠍ᠯᠠᠯᠲᠠ᠎ᠭᠠᠷᠭᠠᠬᠤ᠂᠎ᠤᠬᠠᠭᠤᠯᠬᠤ᠂᠎ᠬᠠᠪᠰᠤᠷᠤᠨ ᠵᠢᠯᠣᠭᠣᠳᠭᠤ᠂ ᠦᠶ᠋ᠯᠡᠴᠢᠯᠡᠬᠦ᠎ᠵᠢ ᠨᠢᠭᠡ ᠴᠤᠭᠴᠠᠵᠢᠭᠤᠯᠤᠨ ᠦᠢᠯᠡᠴᠢᠯᠡᠪᠡ᠃ ᠣᠢᠷ᠎ᠠ᠎ᠶ᠋ᠢᠨ ᠵᠢᠯ᠎ᠳᠤ᠂ ᠥᠪᠡᠷᠲᠡᠭᠡᠨ ᠵᠠᠰᠠᠬᠤ ᠣᠷᠣᠨ᠎ᠠᠴᠠ ᠠᠯᠢ ᠣᠯᠠᠨ ᠳᠡᠮᠵᠢᠬᠦ᠌ ᠲᠥᠷᠥ᠎ᠶ᠋ᠢᠨ ᠪᠣᠳᠣᠯᠭ᠎ᠠ᠎ᠶ᠋ᠢ ᠵᠠᠯᠭᠠᠭ᠎ᠠ᠎ᠪᠠᠷ ᠨᠡᠢᠲᠡᠯᠡᠵᠦ᠍᠂ ᠤᠯᠠᠭᠠᠨᠮᠥ᠋ᠴᠢᠷ᠎ᠦᠨ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌ ᠦᠵᠦ᠍ ᠲᠥᠯᠥᠪᠯᠡᠭᠡ᠎ᠶ᠋ᠢ ᠴᠢᠩᠭᠠᠳᠭᠠᠨ᠂᠎ᠤᠯᠠᠭᠠᠨᠮᠥ᠋ᠴᠢᠷ᠎ᠦᠨ ᠠᠷᠠᠳ ᠲᠦᠮᠡᠨ᠎ᠳᠦ ᠦᠶ᠋ᠯᠡᠴᠢᠯᠡᠬᠦ᠌ ᠦᠶ᠋ᠯᠡᠳᠦᠯ᠎ᠢᠶᠡᠨ ᠭᠦᠶ᠋ᠴᠡᠳ ᠪᠠᠳᠠᠷᠠᠭᠤᠯᠬᠤ᠎ᠶ᠋ᠢ ᠪᠠᠲᠤᠯᠠᠪᠠ; ᠣᠯᠠᠨ ᠲᠦᠮᠡᠨᠴᠢ ᠤᠷᠤᠯᠳᠤᠭᠠᠨ᠂ ᠮᠥᠰᠥ᠍ ᠴᠠᠰᠤᠨ᠎ᠤ ᠬᠦᠳᠡᠯᠭᠡᠭᠡᠨ᠂ ᠬᠥᠯ ᠪᠥᠮᠪᠥᠭᠡ ᠵᠡᠷᠭᠡ ᠪᠦᠬᠦ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠠᠵᠢᠯᠯᠠᠭ᠎ᠠ᠎ᠶ᠋ᠢ ᠥᠷᠭᠡᠨ ᠳᠡᠯᠭᠡᠷ ᠥᠷᠨᠢᠭᠦᠯᠵᠦ᠍᠂ ᠣᠯᠠᠨ ᠲᠦᠮᠡᠨ᠎ᠦ ᠡᠯᠪᠡᠭ ᠪᠠᠶᠠᠯᠢᠭ ᠰᠣᠶᠣᠯ᠎ᠤᠨ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠪᠠ᠃

2021 ᠣᠨ᠎ᠳᠤ᠂ ᠮᠠᠨ᠎ᠤ ᠣᠷᠣᠨ ᠪᠠᠢᠭᠠᠯᠢ᠎ᠶ᠋ᠢᠨ ᠭᠠᠮᠱᠢᠭ᠎ᠢ ᠪᠦᠲᠦᠮᠵᠢᠲᠡᠶ ᠠᠷᠭᠠᠴᠠᠭᠠᠵᠤ᠂ ᠠᠮᠤᠷ ᠲᠦᠪᠱᠢᠨ᠎ᠦ ᠬᠡᠮ ᠰᠣᠭᠣᠭ᠎ᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ᠎ᠶ᠋ᠢ ᠪᠥᠬᠥ᠌ ᠲᠠᠯ᠎ᠠ᠎ᠪᠠᠷ ᠥᠷᠨᠢᠭᠦᠯᠦᠨ᠂ ᠦᠶ᠋ᠯᠡᠳᠪᠦᠷᠢᠯᠡᠯ᠎ᠦᠨ ᠠᠮᠤᠷ ᠲᠦᠪᠱᠢᠨ᠎ᠦ ᠡ᠊ᠨᠳᠠᠯ᠎ᠤᠨ ᠲᠣᠭ᠎ᠠ ᠪᠠ ᠡ᠊ᠨᠳᠡᠭ᠌ᠰᠡᠨ ᠬᠥᠮᠦᠨ᠎ᠦ ᠲᠣᠭ᠎ᠠ ᠵᠡᠷᠭᠡ᠎ᠪᠡᠷ ᠪᠠᠭᠤᠷᠠᠵᠤ᠂ ᠢᠳᠡᠭᠡᠨ ᠪᠠ ᠡᠮ᠎ᠦᠨ ᠵᠦᠶ᠋ᠯ᠎ᠦᠨ ᠠᠮᠤᠷ ᠲᠦᠪᠱᠢᠨ᠎ᠦ ᠬᠦᠨᠳᠦ ᠶᠡᠬᠡ ᠬᠡᠷᠡᠭ ᠭᠠᠷᠤᠭ᠍ᠰᠠᠨ ᠥᠬᠡᠶ ᠂ ᠨᠡᠢᠭᠡᠮ᠎ᠦᠨ ᠶᠡᠬᠡ ᠲᠠᠯ᠎ᠠ᠎ᠶ᠋ᠢᠨ ᠲᠣᠭ᠍ᠲᠠᠭᠤᠨ᠎ᠢ ᠪᠠᠲᠤᠯᠠᠪᠠ᠃

ᠠᠷᠠᠳ᠎ᠤᠨ ᠠᠮᠢᠳᠤᠷᠠᠯ᠎ᠤᠨ ᠢᠨᠵᠧᠨᠧᠷᠢᠩ ᠨᠢᠭᠡ ᠪᠦᠷᠢ ᠨᠢ ᠠᠷᠠᠳ ᠤᠯᠠᠨ᠎ᠤ ᠰᠠᠢᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠪᠠᠶᠡᠯᠡᠬᠦᠯᠵᠦ᠂ ᠠᠯᠤᠰ ᠢᠷᠡᠭᠡᠳᠦᠢ᠎ᠵᠢ ᠵᠢᠷᠤᠭᠯᠠᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面