ᠱᠢᠨ᠎᠎ᠡ ᠴᠠᠭ ᠦᠶ᠎ᠡ᠎ᠳ᠋ᠦ᠍ ᠭᠠᠪᠢᠶ᠎ᠠ ᠪᠠᠢᠭᠤᠯᠤᠶ᠎ᠠ > ᠮᠡᠳᠡᠭᠡᠯᠡᠯ

2022-03-16 10:04:07

ᠵᠣᠬᠢᠶᠠᠭ᠍ᠴᠢ᠄ ᠡᠷᠳᠡᠨᠢᠬᠤᠸᠠᠷ ᠣᠩᠱᠢᠭ᠍ᠰᠠᠨ ᠣᠳᠠᠭ᠎ᠠ᠄ 3

3 ᠰᠠᠷ᠎ᠠ ᠶ᠋ᠢᠨ 14 ᠤ᠋ ᠦᠳᠡ ᠶ᠋ᠢᠨ ᠬᠤᠢᠨ᠎ᠠ᠂ ᠦᠪᠡᠷᠳᠡᠭᠡᠨ ᠵᠠᠰᠠᠬᠤ ᠤᠷᠤᠨ ᠤ᠋ ᠬᠦᠭᠵᠢᠭᠦᠯᠦᠯᠳᠡ ᠪᠠ ᠦᠭᠡᠷᠡᠴᠢᠯᠡᠯᠳᠡ ᠶ᠋ᠢᠨ ᠵᠦᠪᠯᠡᠯ ᠺᠠᠳ᠋ᠷᠴᠤᠳ ᠤ᠋ᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ ᠤ᠋ᠨ ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ ᠤᠯᠤᠰ ᠤ᠋ᠨ ᠠᠷᠠᠳ ᠤ᠋ᠨ ᠲᠦᠯᠦᠭᠡᠯᠡᠭᠴᠢᠳ ᠤ᠋ᠨ ᠶᠡᠬᠡ ᠬᠤᠷᠠᠯ ᠤ᠋ᠨ ᠳᠠᠪᠤᠳᠤᠭᠠᠷ ᠬᠤᠷᠠᠯ ᠤ᠋ᠨ ᠦᠪᠦᠷ ᠮᠤᠩᠭᠤᠯ ᠤ᠋ᠨ ᠲᠦᠯᠦᠭᠡᠯᠡᠭᠴᠢᠳ ᠤ᠋ᠨ ᠪᠦᠯᠬᠦᠮ ᠤ᠋ᠨ ᠬᠢᠨᠠᠨ ᠵᠦᠪᠯᠡᠬᠦ ᠳ᠋ᠤ ᠤᠷᠤᠯᠴᠠᠬᠤ ᠦᠶ᠎ᠠ ᠶ᠋ᠢᠨ ᠴᠢᠬᠤᠯᠠ ᠶᠠᠷᠢᠶᠠᠨ ᠤ᠋ ᠵᠤᠷᠢᠭ ᠰᠠᠨᠠᠭ᠎ᠠ᠂ ᠪᠦᠬᠦ ᠤᠯᠤᠰ ᠤ᠋ᠨ ᠬᠤᠶᠠᠷ ᠬᠤᠷᠠᠯ ᠤ᠋ᠨ ᠵᠤᠷᠢᠭ ᠰᠠᠨᠠᠭ᠎ᠠ ᠵᠢᠴᠢ ᠦᠪᠡᠷᠳᠡᠭᠡᠨ ᠵᠠᠰᠠᠬᠤ ᠤᠷᠤᠨ ᠤ᠋ ᠬᠠᠮᠢᠶ᠎ᠠ ᠪᠦᠬᠦᠢ ᠬᠤᠷᠠᠯ ᠤ᠋ᠨ ᠵᠤᠷᠢᠭ ᠰᠠᠨᠠᠭ᠎ᠠ ᠶ᠋ᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ ᠢ᠋ ᠳᠤᠬᠢᠷᠠᠭᠤᠯᠤᠨ ᠪᠠᠢᠷᠢᠯᠠᠭᠤᠯᠪᠡ᠃

ᠬᠤᠷᠠᠯ ᠡᠴᠡ ᠂ ᠡᠨᠡ ᠤᠳᠠᠭ᠎ᠠ ᠶ᠋ᠢᠨ ᠪᠦᠬᠦ ᠤᠯᠤᠰ ᠤ᠋ᠨ 《ᠬᠤᠶᠠᠷ ᠬᠤᠷᠠᠯ》 ᠪᠤᠯ ᠮᠠᠨ ᠤ᠋ ᠤᠯᠤᠰ ᠨᠡᠢᠭᠡᠮ ᠵᠢᠷᠦᠮᠳᠦ ᠤᠳᠤᠬᠢᠴᠢᠯᠠᠭᠰᠠᠨ ᠤᠯᠤᠰ ᠢ᠋ ᠪᠦᠬᠦ ᠲᠠᠯ᠎ᠠ ᠪᠡᠷ ᠪᠦᠲᠦᠭᠡᠨ ᠪᠠᠢᠭᠤᠯᠬᠤ᠂ ᠬᠤᠶᠠᠳᠤᠭᠠᠷ ᠵᠠᠭᠤᠨ ᠵᠢᠯ ᠤ᠋ᠨ ᠲᠡᠮᠡᠴᠡᠬᠦ ᠬᠠᠷᠠᠯᠳᠠ ᠲᠡᠢᠰᠢ ᠤᠷᠤᠭᠰᠢᠯᠠᠬᠤ ᠰᠢᠨ᠎ᠠ ᠠᠶᠠᠨ ᠳ᠋ᠤ ᠤᠷᠤᠭᠰᠠᠨ ᠤ᠋ ᠳᠠᠷᠠᠭ᠎ᠠ ᠬᠤᠷᠠᠯᠳᠤᠭᠤᠯᠤᠭᠰᠠᠨ ᠨᠢᠭᠡ ᠤᠳᠠᠭ᠎ᠠ ᠶ᠋ᠢᠨ ᠴᠢᠬᠤᠯᠠ ᠬᠤᠷᠠᠯ ᠪᠠᠢᠵᠤ ᠂ ᠪᠦᠬᠦ ᠤᠯᠤᠰ ᠤ᠋ᠨ ᠦᠨᠳᠦᠰᠦᠳᠡᠨ ᠨᠤᠭᠦᠳ ᠤ᠋ᠨ ᠠᠷᠠᠳ ᠲᠦᠮᠡᠨ ᠰᠢ ᠵᠢᠨ ᠫᠢᠩ ᠨᠦᠬᠦᠷ ᠶ᠋ᠢᠡᠷ ᠭᠤᠤᠯ ᠪᠤᠯᠭᠠᠭᠰᠠᠨ ᠨᠠᠮ ᠤ᠋ᠨ ᠲᠦᠪ ᠬᠤᠷᠢᠶᠠᠨ ᠤ᠋ ᠪᠠᠳᠤ ᠴᠢᠩᠭ᠎ᠠ ᠤᠳᠤᠷᠢᠳᠤᠯᠭ᠎ᠠ ᠳᠤᠤᠷ᠎ᠠ ᠂ ᠨᠢᠭᠡ ᠰᠡᠳᠬᠢᠯ ᠨᠢᠭᠡ ᠵᠤᠷᠢᠭ ᠶ᠋ᠢᠡᠷ ᠰᠢᠨ᠎ᠠ ᠠᠮᠵᠢᠯᠳᠠ ᠪᠦᠲᠦᠮᠵᠢ ᠭᠠᠷᠭᠠᠨ᠂ ᠵᠢᠪᠬᠤᠭ᠎ᠠ ᠲᠡᠬᠦᠯᠳᠡᠷ ᠵᠢᠡᠷ ᠰᠢᠨ᠎ᠠ ᠠᠶᠠᠨ ᠳ᠋ᠠᠭᠠᠨ ᠮᠤᠷᠳᠠᠬᠤ ᠡᠷᠡᠯᠬᠡᠭ ᠵᠤᠷᠢᠭ ᠠᠤᠭ᠎ᠠ ᠰᠠᠨᠠᠭ᠎ᠠ ᠶ᠋ᠢ ᠲᠦᠪᠯᠡᠷᠡᠩᠭᠦᠢ ᠢᠯᠡᠷᠡᠭᠦᠯᠵᠤ᠂ ᠨᠠᠮ ᠤ᠋ᠨ ᠲᠦᠪ ᠬᠤᠷᠢᠶᠠᠨ ᠤ᠋ ᠰᠢᠢᠳᠪᠤᠷᠢᠳᠦ ᠪᠤᠳᠤᠯᠭ᠎ᠠ ᠪᠠᠢᠷᠢᠯᠠᠭᠤᠯᠤᠯᠳᠠ ᠲᠠᠢ ᠨᠢᠭᠳᠠ ᠤᠶᠠᠯᠳᠤᠭᠤᠯᠤᠨ ᠡᠯ᠎ᠠ ᠲᠠᠯ᠎ᠠ ᠶ᠋ᠢᠨ ᠠᠵᠢᠯ ᠢ᠋ ᠰᠠᠢᠳᠦᠷ ᠬᠢᠵᠦ᠂ ᠪᠤᠳᠠᠳᠤ ᠠᠵᠢᠯᠯᠠᠭ᠎ᠠ ᠪᠡᠷ ᠶ᠋ᠢᠡᠨ ᠨᠠᠮ ᠤ᠋ᠨ ᠬᠤᠷᠢᠳᠤᠭᠠᠷ ᠶᠡᠬᠡ ᠬᠤᠷᠠᠯ ᠤ᠋ᠨ ᠠᠮᠵᠢᠯᠳᠠ ᠲᠠᠢ ᠬᠤᠷᠠᠯᠳᠤᠬᠤ ᠶ᠋ᠢ ᠤᠭᠳᠤᠬᠤ ᠳ᠋ᠤ ᠲᠤᠢᠯ ᠤ᠋ᠨ ᠴᠢᠬᠤᠯᠠ ᠠᠴᠢ ᠬᠤᠯᠪᠤᠭᠳᠠᠯ ᠲᠠᠢ ᠶᠤᠮ ᠭᠡᠵᠦ ᠵᠢᠭᠠᠵᠤ ᠭᠠᠷᠭᠠᠪᠠ ᠃

ᠬᠤᠷᠠᠯ ᠡᠴᠡ᠂ ᠶᠡᠷᠦᠩᠬᠡᠢ ᠱᠦᠵᠢ ᠰᠢ ᠵᠢᠨ ᠫᠢᠩ ᠦᠪᠦᠷ ᠮᠤᠩᠭᠤᠯ ᠤ᠋ᠨ ᠲᠦᠯᠦᠭᠡᠯᠡᠭᠴᠢᠳ ᠤ᠋ᠨ ᠪᠦᠯᠬᠦᠮ ᠤ᠋ᠨ ᠬᠢᠨᠡᠨ ᠵᠦᠪᠯᠡᠬᠦ ᠳ᠋ᠤ ᠤᠷᠤᠯᠴᠠᠬᠤ ᠦᠶ᠎ᠠ ᠶ᠋ᠢᠨ ᠴᠢᠬᠤᠯᠠ ᠶᠠᠷᠢᠶ᠎ᠠ ᠳ᠋ᠠᠭᠠᠨ ᠳᠤᠷᠠᠳᠤᠭᠰᠠᠨ《ᠳᠠᠪᠤᠨ ᠵᠠᠪᠠᠯ ᠶᠠᠪᠤᠬᠤ ᠵᠠᠮ》 ᠨᠢ ᠰᠢᠨ᠎ᠠ ᠴᠠᠭ ᠦᠶ᠎ᠠ ᠶ᠋ᠢᠨ ᠨᠠᠮ ᠪᠤᠯᠤᠨ ᠠᠷᠠᠳ ᠲᠦᠮᠡᠨ ᠤ᠋ ᠰᠢᠨ᠎ᠠ ᠠᠶᠠᠨ ᠳ᠋ᠤ ᠡᠷᠡᠮᠡᠬᠡᠢᠯᠡᠨ ᠤᠷᠤᠭᠰᠢᠯᠠᠬᠤ ᠴᠢᠬᠤᠯᠠ ᠲᠠᠨᠢᠯᠳᠠ ᠶ᠋ᠢ ᠪᠠᠳᠤᠳᠬᠠᠵᠤ᠂ ᠳᠤᠮᠳᠠᠳᠤ ᠶ᠋ᠢᠨ ᠦᠨᠳᠦᠰᠦᠲᠡᠨ ᠤ᠋ ᠬᠠᠮᠳᠤ ᠶ᠋ᠢᠨ ᠴᠤᠭᠴᠠ ᠶ᠋ᠢᠨ ᠤᠬᠠᠮᠰᠠᠷ ᠢ᠋ ᠪᠠᠳᠤ ᠴᠤᠭᠴᠠᠯᠠᠬᠤ ᠠᠵᠢᠯ ᠳ᠋ᠡᠬᠢ ᠦᠨᠳᠦᠰᠦᠳᠡᠨ ᠤ᠋ ᠠᠵᠢᠯ ᠤ᠋ᠨ ᠭᠤᠤᠯ ᠰᠢᠵᠢᠮ ᠢ᠋ ᠲᠤᠪᠤᠢᠯᠭᠠᠨ ᠂ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠪᠠ ᠠᠵᠤ ᠠᠬᠤᠢ ᠨᠡᠢᠭᠡᠮ ᠤ᠋ᠨ ᠬᠦᠭᠵᠢᠯᠳᠡ ᠶ᠋ᠢ ᠨᠢᠭᠡᠳᠦᠯᠳᠠᠢ ᠲᠦᠯᠦᠪᠵᠢᠭᠦᠯᠦᠨ ᠠᠬᠢᠭᠤᠯᠬᠤ ᠶ᠋ᠢᠨ ᠬᠤᠢᠰᠢᠳᠠ ᠶ᠋ᠢᠨ ᠬᠡᠰᠡᠭ ᠬᠤᠭᠤᠴᠠᠭᠠᠨ ᠤ᠋ ᠬᠦᠭᠵᠢᠯᠳᠡ ᠶ᠋ᠢ ᠠᠳᠬᠤᠬᠤ ᠴᠢᠭᠯᠡᠯ ᠢ᠋ ᠵᠢᠭᠠᠵᠤ ᠦᠭᠪᠡ᠃ ᠦᠪᠡᠷᠳᠡᠭᠡᠨ ᠵᠠᠰᠠᠬᠤ ᠤᠷᠤᠨ ᠤ᠋ ᠬᠦᠭᠵᠢᠭᠦᠯᠦᠯᠳᠡ ᠪᠠ ᠦᠭᠡᠷᠡᠴᠢᠯᠡᠯᠳᠡ ᠶ᠋ᠢᠨ ᠵᠦᠪᠯᠡᠯ ᠤ᠋ᠨ ᠪᠦᠬᠦ ᠨᠦᠬᠦᠳ ᠡᠬᠦᠨ ᠢ᠋ ᠡᠷᠬᠡᠪᠰᠢ ᠭᠦᠨᠵᠡᠭᠡᠢ ᠤᠢᠯᠠᠭᠠᠵᠤ ᠤᠨᠤᠪᠴᠢᠳᠠᠢ ᠡᠵᠡᠮᠳᠡᠨ ᠰᠠᠢᠳᠦᠷ ᠲᠤᠭᠤᠰᠢᠯᠠᠭᠤᠯᠤᠨ ᠨᠠᠢᠳᠠᠪᠤᠷᠢᠵᠢᠭᠤᠯᠬᠤ ᠬᠡᠷᠡᠭᠳᠠᠢ ᠭᠡᠵᠦ ᠴᠢᠬᠤᠯᠠᠴᠢᠯᠠᠭᠰᠠᠨ ᠪᠠᠢᠨ᠎ᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面