2022-03-20 20:08:57
ᠤᠢᠷ᠎ᠠ ᠳ᠋ᠤ᠂ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ ᠶᠡᠷᠦᠩᠬᠡᠢ ᠱᠦᠵᠢ ᠰᠢ᠎ᠶ᠋ᠢᠨ ᠫᠢᠩ᠎ᠦᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ᠎ᠶ᠋ᠢ ᠤᠯᠠᠮᠵᠢᠯᠠᠨ ᠰᠤᠷᠤᠯᠴᠠᠬᠤ᠎ᠶ᠋ᠢᠨ ᠬᠠᠮᠲᠤ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠷᠭ᠎ᠠ ᠬᠡᠮᠵᠢᠢ᠎ᠡ᠎ᠪᠡᠨ ᠲᠤᠬᠢᠷᠠᠭᠤᠯᠤᠨ ᠪᠠᠢᠷᠢᠯᠠᠭᠤᠯᠵᠤ᠂ ᠪᠦᠬᠦ᠌ ᠣᠷᠣᠨ᠎ᠤ ᠥᠷᠭᠡᠨ ᠤᠯᠠᠨ ᠡᠮᠡᠭ᠌ᠲᠡᠢᠴᠦᠳ᠎ᠢ ᠪᠦᠯᠬᠦᠮᠳᠡᠭᠦᠯᠦᠨ ᠱᠢᠨ᠎ᠡ ᠠᠶᠠᠨ᠎ᠳᠤ ᠡᠷᠡᠮᠡᠬᠡᠢᠯᠡᠨ ᠤᠷᠤᠭ᠍ᠰᠢᠯᠠᠵᠤ᠂ ᠱᠢᠨ᠎ᠡ ᠴᠠᠭ ᠦᠶ᠎ᠡ᠎ᠳᠦ ᠭᠠᠪᠢᠶ᠎ᠠ ᠪᠠᠢᠭᠤᠯᠬᠤ ᠵᠢ ᠲᠠᠢᠴᠢᠯᠠᠵᠠᠢ᠃
ᠬᠤᠷᠠᠯ᠎ᠠᠴᠠ᠂ ᠶᠡᠷᠦᠩᠬᠡᠢ ᠱᠦᠵᠢ ᠰᠢ᠎ᠶ᠋ᠢᠨ ᠫᠢᠩ᠎ᠦᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ ᠨᠢ ᠲᠤᠢᠯ᠎ᠤᠨ ᠴᠢᠩᠭ᠎ᠠ ᠤᠯᠤᠰ ᠲᠥᠷᠥᠴᠢ ᠴᠢᠨᠠᠷ᠂ ᠦᠵᠡᠯ ᠰᠠᠨᠠᠭᠠᠴᠢ ᠴᠢᠨᠠᠷ᠂ ᠵᠢᠯᠣᠭᠣᠳᠭᠤ ᠴᠢᠨᠠᠷ ᠪᠠ ᠬᠠᠨᠳᠤᠯᠭᠠᠲᠤ ᠴᠢᠨᠠᠷᠲᠠᠶ ᠪᠠᠢᠵᠤ᠂ ᠪᠢᠳᠡᠨ᠎ᠦ ᠡᠯ᠎ᠡ ᠵᠦᠢᠯ᠎ᠦᠨ ᠠᠵᠢᠯ᠎ᠢᠶᠠᠨ ᠰᠠᠢᠲᠤᠷ ᠬᠢᠬᠦ᠌᠎ᠳᠦ ᠴᠢᠬᠤᠯᠠ ᠲᠠᠨᠢᠯᠲᠠ᠎ᠶ᠋ᠢᠨ ᠤᠨᠤᠯ ᠪᠣᠯᠤᠨ ᠠᠷᠭ᠎ᠠ᠎ᠶ᠋ᠢᠨ ᠤᠨᠤᠯ ᠬᠠᠩᠭᠠᠵᠤ᠂ ᠱᠢᠨ᠎ᠡ ᠴᠠᠭ ᠦᠶ᠎ᠡ ᠱᠢᠨ᠎ᠡ ᠠᠶᠠᠨ᠎ᠳᠤ ᠥᠪᠥᠷ ᠮᠣᠩᠭᠣᠯ᠎ᠤᠨ ᠡᠮᠡᠭ᠌ᠲᠡᠢᠴᠦᠳ᠎ᠦᠨ ᠠᠵᠢᠯ᠎ᠢ ᠰᠠᠢᠲᠤᠷ ᠬᠢᠬᠦ᠌᠎ᠳᠦ ᠴᠢᠬᠤᠯᠠ ᠵᠢᠷᠤᠮᠯᠠᠯ ᠬᠠᠩᠭᠠᠵᠦ᠂ ᠡᠷᠡᠮᠡᠭᠡᠢᠯᠡᠨ ᠤᠷᠤᠭ᠍ᠰᠢᠯᠠᠵᠦ ᠭᠠᠪᠢᠶ᠎ᠠ ᠪᠠᠢᠭᠤᠯᠬᠤ ᠢᠲᠡᠭᠡᠯ ᠬᠦᠴᠦᠨ ᠢ ᠤᠯᠠᠮ ᠴᠢᠨᠠᠭ᠍ᠰᠢᠳᠠ ᠨᠡᠮᠡᠭ᠌ᠳᠡᠭᠦᠯᠵᠡᠢ ᠬᠡᠵᠦ ᠵᠢᠭᠠᠵᠤ ᠭᠠᠷᠭᠠᠵᠠᠢ᠃
ᠬᠤᠷᠠᠯ᠎ᠠᠴᠠ᠂ 《ᠲᠠᠪᠤᠨ ᠵᠠᠢᠯᠠᠰᠢ ᠦᠬᠡᠢ ᠵᠠᠮᠨᠠᠬᠤ ᠵᠠᠮ》 ᠢ᠋ ᠪᠠᠷᠢᠮᠳᠠᠯᠠᠬᠤ ᠵᠢᠨ ᠴᠢᠬᠤᠯᠠ ᠲᠠᠨᠢᠯᠲᠠ ᠵᠢᠴᠢ 《ᠲᠠᠪᠤᠨ ᠠᠱᠢᠭ᠍ᠲᠠᠢ ᠨᠥᠬᠥᠴᠡᠯ》 ᠤ᠋ᠨ ᠴᠢᠬᠤᠯᠠ ᠥᠭᠦᠯᠡᠯᠲᠡ᠎ᠶ᠋ᠢ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ᠎ᠤᠨ《ᠠᠷᠪᠠ᠎ᠶ᠋ᠢ ᠪᠠᠷᠢᠮᠲᠠᠯᠠᠬᠤ》ᠡᠷᠬᠢᠮ ᠨᠠᠨᠳᠢᠨ ᠲᠤᠷᠱᠢᠯᠭ᠎ᠠ᠎ᠶ᠋ᠢ ᠰᠤᠷᠤᠯᠴᠠᠬᠤ᠎ᠲᠠᠶ ᠤᠶᠠᠯᠳᠤᠭᠤᠯᠵᠤ᠂ ᠶᠡᠷᠦᠩᠬᠡᠶ ᠱᠦᠵᠢ ᠰᠢ᠎ᠶ᠋ᠢᠨ ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠰᠤᠷᠤᠯᠴᠠᠬᠤ ᠲᠠᠶ ᠤᠶᠠᠯᠳᠤᠭᠤᠯᠵᠤ᠂ ᠶᠡᠷᠦᠩᠬᠡᠶ ᠱᠦᠵᠢ ᠰᠢ᠎ᠶ᠋ᠢᠨ ᠫᠢᠩ᠎ᠦᠨ ᠡᠮᠡᠭ᠌ᠲᠡᠢᠴᠦᠳ ᠪᠠ ᠡᠮᠡᠭ᠌ᠲᠡᠢᠴᠦᠳ᠎ᠦᠨ ᠠᠵᠢᠯ᠂ ᠭᠡᠷ ᠪᠦᠯᠢ᠎ᠶ᠋ᠢᠨ ᠠᠵᠢᠯ᠎ᠤᠨ ᠲᠤᠬᠠᠶ ᠴᠢᠬᠤᠯᠠ ᠥᠭᠦᠯᠡᠯᠲᠡ᠎ᠶ᠋ᠢ ᠰᠤᠷᠤᠯᠴᠠᠬᠤ᠎ᠲᠠᠶ ᠤᠶᠠᠯᠳᠤᠭᠤᠯᠵᠤ᠂ ᠥᠪᠥᠷ ᠮᠣᠩᠭᠣᠯ᠎ᠤᠨ《ᠬᠣᠶᠠᠷ ᠬᠠᠯᠬᠠᠪᠴᠢ》᠂《ᠬᠣᠶᠠᠷ ᠰᠠᠭᠤᠷᠢᠨ》᠂《ᠨᠢᠭᠡ ᠪᠡᠬᠢᠯᠡᠯᠲᠡ》 ᠶ᠋ᠢᠨ ᠪᠥᠲᠥᠭᠡᠨ ᠪᠠᠢᠭᠤᠯᠤᠯᠲᠠ᠎ᠶ᠋ᠢ ᠳᠡᠮᠵᠢᠬᠦ᠌ ᠪᠠ ᠠᠮᠢ ᠠᠬᠤᠶ᠎ᠶ᠋ᠢ ᠤᠷᠢᠳ ᠵᠢᠡᠷ ᠪᠤᠳᠤᠯᠬᠢᠯᠠᠬᠤ ᠪᠣᠬᠢᠷᠲᠤᠯ ᠥᠬᠡᠶ ᠬᠥᠭ᠌ᠵᠢᠬᠦᠯᠬᠦ᠎ᠪᠡᠷ ᠤᠳᠤᠷᠢᠳᠤᠮᠵᠢ ᠪᠣᠯᠭᠠᠭᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠯᠠᠪᠳᠠᠭᠤᠨ ᠪᠠᠲᠤᠲᠠᠶ ᠵᠠᠮᠨᠠᠬᠤ ᠯᠤᠭ᠎ᠠ ᠪᠥᠬᠥ᠌ ᠲᠠᠯ᠎ᠠ᠎ᠪᠠᠷ ᠠᠭᠤᠰᠤᠯᠴᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ ᠵᠢᠨ《ᠨᠢᠭᠡ ᠭᠣᠸ᠋ᠯ ᠱᠤᠭᠤᠮ᠂ ᠬᠣᠶᠠᠷ ᠬᠥᠲᠥᠯᠪᠦᠷᠢ᠂ ᠭᠤᠷᠪᠠᠨ ᠶᠡᠬᠡ ᠢᠨᠵᠧᠨᠧᠷᠢᠩ᠂ ᠲᠠᠪᠤᠨ ᠵᠦᠶ᠋ᠯ᠎ᠦᠨ ᠠᠵᠢᠯᠯᠠᠭ᠎ᠠ》 ᠶ᠋ᠢ ᠪᠣᠳᠠᠲᠤ ᠦᠶ᠋ᠯᠡᠳᠦᠯᠭᠡ᠎ᠳᠦ ᠭᠦᠨᠵᠡᠭᠡᠢᠷᠡᠭᠦᠯᠦᠨ ᠨᠠᠢᠳᠠᠪᠤᠷᠢᠵᠢᠭᠤᠯᠵᠦ᠂ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠢᠮᠠᠭ᠍ᠲᠠ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠪᠠᠢᠷᠢᠯᠠᠭᠤᠯᠤᠯᠲᠠ᠎ᠶ᠋ᠢᠨ ᠱᠠᠭᠠᠷᠳᠠᠯᠭ᠎ᠠ᠎ᠶ᠋ᠢ ᠰᠠᠢᠲᠤᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠣᠨᠣᠯ ᠬᠦᠷᠭᠡᠬᠦ᠌᠂ ᠬᠠᠢᠷ᠎ᠠ ᠬᠠᠯᠠᠮᠵᠢ ᠬᠦᠷᠭᠡᠬᠦ᠌᠂ ᠮᠡᠷᠭᠡᠵᠢᠯ ᠴᠢᠳᠠᠪᠤᠷᠢ ᠬᠦᠷᠭᠡᠬᠦ᠌᠂ ᠦᠶ᠋ᠯᠡᠴᠢᠯᠡᠭᠡ ᠬᠦᠷᠭᠡᠬᠦ᠌ ᠵᠡᠷᠭᠡ《ᠠᠷᠪᠠ᠎ᠶ᠋ᠢ ᠬᠦᠷᠭᠡᠬᠦ᠌》ᠠᠵᠢᠯᠯᠠᠭ᠎ᠠ᠎ᠶ᠋ᠢ ᠥᠷᠨᠢᠭᠦᠯᠬᠦ᠌᠎ᠪᠡᠷ ᠳᠠᠮᠵᠢᠭᠤᠯᠤᠨ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠂ ᠡᠮᠡᠭ᠌ᠲᠡᠢᠴᠦᠳ᠎ᠦᠨ ᠡᠷᠬᠡ ᠠᠱᠢᠭ᠎ᠢ ᠬᠠᠮᠠᠭᠠᠯᠠᠬᠤ᠂ ᠠᠮᠢᠳᠤᠷᠠᠯ ᠨᠢ ᠬᠦᠴᠢᠷᠳᠡᠯᠲᠡᠶ ᠡᠮᠡᠭ᠌ᠲᠡᠢᠴᠦᠳ᠎ᠢ ᠬᠠᠯᠠᠮᠵᠢᠯᠠᠨ ᠬᠠᠢᠷᠠᠯᠠᠬᠤ᠂ ᠬᠡᠷ ᠪᠦᠯᠢ ᠬᠡᠷ᠎ᠦᠨ ᠰᠤᠷᠭᠠᠯ ᠬᠡᠷ᠎ᠦᠨ ᠰᠤᠷᠲᠠᠯ᠎ᠤᠨ ᠪᠠᠢᠭᠤᠯᠤᠯᠲᠠ᠎ᠶ᠋ᠢ ᠠᠬᠢᠭᠤᠯᠬᠤ ᠵᠡᠷᠭᠡ ᠠᠵᠢᠯ᠎ᠢ ᠦᠨᠳᠦᠰᠦᠨ ᠱᠠᠲᠤᠨ᠎ᠳᠤ ᠨᠠᠢᠳᠠᠪᠤᠷᠢᠵᠢᠭᠤᠯᠤᠨ᠂ ᠪᠣᠳᠠᠲᠠᠶ ᠠᠳᠭᠤᠵᠤ᠂ ᠪᠣᠳᠠᠲᠤ ᠦᠷ᠎ᠡ ᠪᠦᠲᠦᠮᠵᠢᠭᠠᠷᠭᠠᠬᠤ ᠬᠡᠷᠡᠭᠳᠡᠢ᠃ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠭᠦᠨᠵᠡᠭᠡᠢᠷᠡᠭᠦᠯᠵᠦ᠍᠂ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠰᠤᠷᠲᠠᠯ᠎ᠤᠨ ᠪᠠᠢᠭᠤᠯᠤᠯᠲᠠ ᠪᠣᠯᠤᠨ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠲᠠᠰᠤᠷᠠᠯᠲᠠ ᠦᠭᠡᠢ ᠴᠢᠩᠭᠠᠳᠭᠠᠵᠦ᠂ ᠨᠠᠮ᠎ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠬᠠᠮᠠᠭᠠᠯᠠᠬᠤ ᠣᠪᠣᠷ ᠣᠨᠴᠠᠭᠠᠢ ᠡᠷᠡᠰ ᠱᠢᠭᠤᠷᠬᠠᠢ᠂ ᠵᠥᠪ ᠪᠤᠷᠤᠭᠤ᠎ᠶ᠋ᠢ ᠢᠯᠭᠠᠨ ᠲᠠᠨᠢᠬᠤ ᠵᠣᠭ᠍ᠰᠣᠯᠲᠠ ᠣᠨᠴᠠᠭᠠᠢ ᠳᠤᠳᠦ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠬᠴᠠᠯᠠᠬᠤ ᠠᠵᠢᠯᠯᠠᠭ᠎ᠠ ᠣᠨᠴᠠᠭᠠᠢ ᠡᠷᠡᠰ ᠴᠢᠩᠭ᠎ᠠ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠢ ᠬᠠᠢᠷᠠᠯᠠᠬᠤ ᠬᠠᠢᠷ᠎ᠠ ᠰᠡᠳᠭᠢᠯᠭᠡ ᠣᠨᠴᠠᠭᠠᠢ ᠦᠨᠡᠨᠴᠢ ᠪᠠᠢᠳᠠᠭ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠺᠠᠳ᠋ᠷ᠎ᠤᠨ ᠡᠩᠨᠡᠭᠡ᠎ᠶ᠋ᠢ ᠪᠠᠢᠭᠤᠯᠵᠤ᠂ ᠪᠦᠬᠦ᠌ ᠣᠷᠣᠨ᠎ᠤ ᠡᠮᠡᠭ᠌ᠲᠡᠢᠴᠦᠳ᠎ᠦᠨ ᠦᠢᠯᠡᠰ᠎ᠦᠨ ᠱᠢᠨ᠎ᠡ ᠪᠠᠢᠳᠠᠯ᠎ᠢ ᠲᠠᠰᠤᠷᠠᠯᠲᠠ ᠦᠭᠡᠢ ᠡᠭᠦᠳᠴᠦ᠍᠂ ᠱᠢᠯᠢᠳᠡᠭ ᠬᠢᠷᠢ ᠪᠦᠲᠦᠮᠵᠢ ᠪᠡᠷ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠶ᠋ᠢ ᠤᠭ᠍ᠲᠤᠬᠤ ᠬᠡᠷᠡᠭ᠌ᠲᠡᠢ ᠭᠡᠵᠦ ᠴᠢᠬᠤᠯᠠᠴᠢᠯᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃