2022-03-18 09:36:03
ᠦᠪᠡᠷᠳᠡᠭᠡᠨ ᠵᠠᠰᠠᠬᠤ ᠤᠷᠤᠨ᠎ᠤ ᠰᠤᠷᠭᠠᠨ ᠬᠦᠮᠦᠵᠢᠯ᠎ᠤᠨ ᠲᠢᠩᠬᠢᠮ ᠪᠥᠬᠥ ᠤᠯᠤᠰ᠎ᠤᠨ《 ᠬᠣᠶᠠᠷ ᠬᠤᠷᠠᠯ 》 ᠤ᠋ᠨ ᠵᠣᠷᠢᠭ᠋ ᠰᠠᠨᠠᠭ᠎ᠠ᠎ᠶᠢ ᠰᠤᠷᠤᠯᠴᠠᠨ ᠤᠯᠠᠮᠵᠢᠯᠠᠬᠤ ᠬᠤᠷᠠᠯ ᠬᠤᠷᠠᠯᠳᠤᠭᠤᠯᠵᠠᠢ
ᠪᠥᠬᠥ ᠤᠯᠤᠰ᠎ᠤᠨ《ᠬᠣᠶᠠᠷ ᠬᠤᠷᠠᠯ》᠎ᠤ᠋ᠨ ᠵᠣᠷᠢᠭ᠋ ᠰᠠᠨᠠᠭ᠎ᠠ᠎ᠶᠢ ᠥᠪᠥᠷ ᠮᠣᠩᠭᠣᠯ᠎ᠤᠨ ᠰᠤᠷᠭᠠᠨ ᠬᠥᠮᠦᠵᠢᠯ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠵᠢᠨ ᠲᠦᠯᠦᠬᠡ᠂ 3 ᠰᠠᠷ᠎ᠠ᠎ᠶᠢᠨ 13 ᠤ᠋ ᠡᠳᠦᠷ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠰᠤᠷᠭᠠᠨ ᠬᠥᠮᠦᠵᠢᠯ᠎ᠦᠨ ᠠᠵᠢᠯ᠎ᠤᠨ ᠬᠤᠷᠢᠶ᠎ᠠ᠂ ᠰᠤᠷᠭᠠᠨ ᠬᠥᠮᠦᠵᠢᠯ᠎ᠦᠨ ᠲᠢᠩᠬᠢᠮ 《ᠲᠥᠯᠥᠭᠡᠯᠡᠭᠴᠢ ᠭᠡᠰᠢᠭᠦᠳ ᠬᠦᠰᠡᠯ ᠨᠠᠶ᠋ᠢᠳᠠᠯᠭ᠎ᠠ ᠵᠢᠨ ᠳᠤᠬᠠᠢ ᠶᠠᠷᠢᠵᠤ᠂ ᠬᠠᠮᠳᠤ ᠦᠵᠡᠯ ᠰᠠᠨᠠᠭ᠎ᠠ ᠤᠯᠤᠰ ᠲᠥᠷᠥ᠍᠎ᠶᠢᠨ ᠬᠢᠴᠢᠶᠡᠯ ᠤᠷᠤᠬᠤ》 ᠥᠪᠥᠷ ᠮᠣᠩᠭᠣᠯ᠎ᠤᠨ ᠰᠤᠷᠭᠠᠨ ᠬᠥᠮᠦᠵᠢᠯ᠎ᠦᠨ ᠰᠢᠰᠲᠧᠮ᠎ᠦᠨ ᠬᠢᠨ᠎ᠤ ᠪᠥᠬᠥ ᠤᠯᠤᠰ᠎ᠤᠨ《ᠬᠣᠶᠠᠷ ᠬᠤᠷᠠᠯ》᠎ᠤ᠋ᠨ ᠵᠣᠷᠢᠭ᠋ ᠰᠠᠨᠠᠭ᠎ᠠ᠎ᠶᠢ ᠰᠤᠷᠤᠯᠴᠠᠨ ᠤᠯᠠᠮᠵᠢᠯᠠᠬᠤ ᠬᠤᠷᠠᠯ ᠵᠢᠴᠢ ᠦᠵᠡᠯ ᠰᠠᠨᠠᠭ᠎ᠠ ᠤᠯᠤᠰ ᠲᠥᠷᠥ᠍᠎ᠶᠢᠨ ᠬᠢᠴᠢᠶᠡᠯ᠎ᠢ ᠬᠠᠮᠲᠤ᠎ᠪᠠᠷ ᠪᠡᠯᠡᠳᠬᠡᠬᠦ ᠠᠵᠢᠯᠯᠠᠭ᠎ᠠ ᠡᠷᠭᠢᠯᠡᠪᠡ᠃
ᠬᠤᠷᠠᠯ ᠳᠡᠭᠡᠷ᠎ᠡ᠂ ᠪᠦᠬᠦ ᠤᠯᠤᠰ᠎ᠤᠨ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢ ᠸᠠᠩ ᠰᠢᠶᠣᠣ ᠬᠣᠩ᠂ ᠨᠠᠷᠠᠨᠲᠤᠶᠠᠭ᠎ᠠ ᠵᠢᠴᠢ ᠪᠦᠬᠦ ᠤᠯᠤᠰ᠎ᠤᠨ ᠤᠯᠤᠰ ᠲᠥᠷᠥ᠍᠎ᠶᠢᠨ ᠵᠥᠪᠯᠡᠯᠭᠡᠨ᠎ᠦ ᠭᠡᠰᠢᠭᠦᠨ ᠧ ᠰᠢᠶᠣᠣ ᠮᠧᠢ᠂ ᠠᠯᠲᠠᠨᠰᠠᠩ ᠵᠡᠷᠭᠡ 4 ᠲᠥᠯᠥᠭᠡᠯᠡᠭᠴᠢ ᠭᠡᠰᠢᠭᠦᠨ《ᠬᠣᠶᠠᠷ ᠬᠤᠷᠠᠯ》᠎ᠤ᠋ᠨ ᠬᠤᠭᠤᠴᠠᠭᠠᠨ᠎ᠳᠤ ᠶᠡᠷᠦᠩᠬᠡᠢ ᠱᠦᠵᠢᠯᠤᠭᠡ ᠤᠯᠤᠰ᠎ᠤᠨ ᠶᠡᠬᠡ ᠪᠣᠳᠣᠯᠭ᠎ᠠ᠎ᠶᠢ ᠨᠢᠭᠤᠷᠲᠠᠨ ᠵᠥᠪᠳᠡᠯᠴᠡᠭᠰᠡᠨ᠂ ᠰᠠᠨᠠᠯ᠎ᠢᠶᠠᠨ ᠰᠣᠯᠢᠯᠴᠠᠭᠰᠠᠨ᠂ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠭᠰᠡᠨ ᠪᠠᠢᠳᠠᠯ ᠵᠢᠡᠨ ᠳᠠᠬᠢᠨ ᠡᠷᠬᠢᠴᠡᠬᠦᠯᠵᠦ᠂ ᠪᠦᠬᠦ ᠤᠯᠤᠰ᠎ᠤᠨ《ᠬᠣᠶᠠᠷ ᠬᠤᠷᠠᠯ》᠎ᠤ᠋ᠨ ᠵᠣᠷᠢᠭ᠋ ᠰᠠᠨᠠᠭ᠎ᠠ᠎ᠶᠢ ᠪᠦᠬᠦ ᠲᠠᠯ᠎ᠠ᠎ᠪᠠᠷ ᠨᠠᠷᠢᠨ ᠨᠢᠮᠪᠠᠢ ᠤᠯᠠᠮᠵᠢᠯᠠᠭᠰᠠᠨ ᠪᠠᠢᠨ᠎ᠠ᠃
ᠬᠤᠷᠠᠯ ᠳᠡᠬᠡᠷ᠎ᠡ ᠪᠠᠰᠠ ᠲᠥᠪ᠎ᠦᠨ ᠨᠠᠮ᠎ᠤᠨ ᠰᠤᠷᠭᠠᠭᠤᠯᠢ᠎ᠶᠢᠨ ᠰᠤᠷᠤᠯᠴᠠᠯᠭ᠎ᠠ ᠵᠢ ᠱᠠᠯᠠᠪᠳᠠᠭᠤᠯᠤᠨ ᠪᠠᠢᠴᠠᠭᠠᠭ᠍ᠴᠢ᠂ ᠳ᠋ᠣᠺᠲ᠋ᠣᠷᠠᠨᠲ᠎ᠤᠨ ᠵᠢᠯᠣᠭᠣᠳᠤᠭ᠍ᠴᠢ ᠬᠣᠩ ᠰᠢᠶᠠᠩ ᠬᠤᠸᠠ ᠫᠷᠤᠹᠧᠰᠰᠤᠷ᠎ᠢ ᠤᠷᠢᠵᠤ᠂ 《ᠲᠠᠪᠤᠨ ᠵᠠᠪᠠᠯ ᠶᠠᠪᠤᠬᠤ ᠵᠠᠮ》᠂ 《ᠲᠠᠪᠤᠨ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠠᠰᠢᠭ᠍ᠲᠠᠢ ᠨᠥᠬᠥᠴᠡᠯ》ᠵᠡᠷᠭᠡ ᠠᠭᠤᠯᠭ᠎ᠠ᠎ᠵᠢᠨ ᠲᠤᠭᠤᠷᠢᠨ ᠳ᠋ᠤ ᠭᠦᠨᠵᠡᠭᠡᠢ ᠲᠠᠢᠯᠤᠮᠵᠢ ᠬᠢᠯᠬᠡᠵᠦ᠂ ᠪᠥᠬᠥ ᠣᠷᠣᠨ᠎ᠤ ᠰᠤᠷᠭᠠᠨ ᠬᠥᠮᠦᠵᠢᠯ᠎ᠦᠨ ᠰᠢᠰᠲᠧᠮ᠎ᠦᠨ ᠺᠠᠳ᠋ᠷ ᠪᠠᠭ᠍ᠰᠢ ᠰᠤᠷᠤᠭ᠍ᠴᠢᠳ᠎ᠤᠨ ᠶᠡᠷᠦᠩᠬᠡᠢ ᠱᠦᠵᠢ᠎ᠰᠢ᠎ᠶᠢᠨ ᠫᠢᠩ ᠤ᠋ᠨ ᠴᠢᠬᠤᠯᠠ ᠶᠠᠷᠢᠶᠠᠨ᠎ᠤ ᠵᠣᠷᠢᠭ᠋ ᠰᠠᠨᠠᠭᠠᠨ᠎ᠤ ᠮᠥᠨ ᠴᠢᠨᠠᠷ ᠪᠠ ᠭᠣᠣᠯ ᠴᠢᠮᠦᠭᠡ ᠴᠢᠬᠤᠯᠠ ᠠᠭᠤᠯᠭ᠎ᠠ᠎ᠶᠢ ᠭᠦᠨᠵᠡᠭᠡᠢ ᠣᠢᠯᠠᠭᠠᠨ ᠡᠵᠡᠮᠰᠢᠬᠦ᠎ᠶᠢ ᠬᠦᠴᠦᠲᠡᠢ ᠠᠬᠢᠭᠤᠯᠪᠠ᠃
ᠦᠵᠡᠯ ᠰᠠᠨᠠᠭ᠎ᠠ ᠤᠯᠤᠰ ᠲᠥᠷᠥ᠍᠎ᠶᠢᠨ ᠬᠢᠴᠢᠶᠡᠯ᠎ᠢ ᠬᠠᠮᠲᠤ᠎ᠪᠠᠷ ᠪᠡᠯᠡᠳᠬᠡᠬᠦ ᠠᠵᠢᠯᠯᠠᠭ᠎ᠠ ᠳ᠋ᠤ᠂ ᠬᠦᠬᠡᠬᠤᠳᠠ ᠵᠢᠨ ᠰᠤ᠌ ᠬᠤ᠌ ᠵᠡᠭᠡᠯᠢ ᠶ᠋ᠢᠨ ᠲᠤᠷᠰᠢᠯᠲᠠ ᠶ᠋ᠢᠨ ᠪᠠᠭ᠎ᠠ ᠰᠤᠷᠭᠠᠭᠤᠯᠢ ᠶ᠋ᠢᠨ ᠦ᠋ ᠴᠢᠶᠠᠨ ᠷᠦ᠋᠂ ᠬᠥᠬᠡᠬᠣᠲᠠ ᠶ᠋ᠢᠨ ᠲᠤᠷᠰᠢᠯᠲᠠ ᠶ᠋ᠢᠨ ᠳᠤᠮᠳᠠᠳᠤ ᠰᠤᠷᠭᠠᠭᠤᠯᠢ ᠶ᠋ᠢᠨ ᠸᠧᠢ ᠴᠦᠨ ᠬᠤᠩ᠂ ᠥᠪᠥᠷ ᠮᠣᠩᠭᠣᠯ᠎ᠤᠨ ᠪᠠᠭ᠍ᠰᠢ ᠶ᠋ᠢᠨ ᠶᠡᠬᠡ ᠰᠤᠷᠭᠠᠭᠤᠯᠢ ᠶ᠋ᠢᠨ ᠬᠠᠷᠢᠶᠠᠲᠤ ᠳᠤᠮᠳᠠᠳᠤ ᠰᠤᠷᠭᠠᠭᠤᠯᠢ ᠶ᠋ᠢᠨ ᠯᠢᠦᠢ ᠬᠤᠢ ᠶᠠᠨ ᠪᠣᠯᠣᠨ ᠥᠪᠥᠷ ᠮᠣᠩᠭᠣᠯ᠎ᠤᠨ ᠪᠠᠭ᠍ᠰᠢ ᠶ᠋ᠢᠨ ᠶᠡᠬᠡ ᠰᠤᠷᠭᠠᠭᠤᠯᠢ ᠶ᠋ᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ ᠶ᠋ᠢᠨ ᠵᠠᠩ ᠵᠢᠩ ᠵᠡᠷᠭᠡ 4 ᠪᠠᠭ᠍ᠰᠢ ᠶ᠋ᠢᠨ ᠲᠥᠯᠥᠭᠡᠯᠡᠭᠴᠢ᠂ ᠲᠤᠰ ᠲᠤᠰ《ᠦᠨᠳᠦᠰᠦᠲᠡᠨ᠎ᠦ ᠪᠦᠯᠬᠦᠮᠳᠡᠯ᠎ᠢ ᠠᠬᠢᠭᠤᠯᠤᠶ᠎ᠠ》᠂《ᠦᠨᠳᠦᠰᠦᠲᠡᠨ᠎ᠦ ᠬᠠᠷᠢᠴᠠᠭ᠎ᠠ᠎ᠶᠢ ᠰᠢᠢᠳᠪᠦᠷᠢᠯᠡᠬᠦ ᠦᠨᠳᠦᠰᠦᠨ ᠵᠠᠷᠴᠢᠮ᠄ ᠡᠷᠬᠡ ᠲᠡᠭᠰᠢ᠂ ᠪᠦᠯᠬᠦᠮᠳᠡᠯ᠎ᠲᠠᠢ᠂ ᠬᠠᠮᠲᠤ᠎ᠪᠠᠷ ᠴᠡᠴᠡᠭᠯᠡᠨ ᠬᠥᠭᠵᠢᠬᠦ》 ᠪᠠ《ᠳᠤᠮᠳᠠᠳᠤ᠎ᠶᠢᠨ ᠵᠣᠷᠢᠭ᠋ ᠰᠠᠨᠠᠭ᠎ᠠ ᠪᠣᠯ ᠤᠯᠤᠰ᠎ᠢᠶᠠᠨ ᠮᠠᠨᠳᠤᠭᠤᠯᠵᠤ ᠤᠯᠤᠰ᠎ᠢᠶᠠᠨ ᠬᠦᠴᠦᠷᠬᠡᠭᠵᠢᠭᠦᠯᠬᠦ᠎ᠶᠢᠨ ᠰᠦᠭ ᠰᠦᠨᠡᠰᠦ ᠮᠥᠨ》 ᠵᠡᠷᠭᠡ ᠠᠳᠠᠯᠢ ᠪᠤᠰᠤ ᠰᠤᠷᠤᠯᠭ᠎ᠠ᠎ᠶᠢᠨ ᠱᠠᠲᠤᠨ᠎ᠤ ᠬᠢᠴᠢᠶᠡᠯ ᠬᠦᠮᠦᠵᠢᠯ ᠳ᠋ᠤ ᠪᠦᠬᠦ ᠤᠯᠤᠰ᠎ᠤᠨ《ᠬᠣᠶᠠᠷ ᠬᠤᠷᠠᠯ》᠎ᠤ᠋ᠨ ᠵᠣᠷᠢᠭ᠋ ᠰᠠᠨᠠᠭ᠎ᠠ᠎ᠶᠢ ᠣᠷᠭᠠᠨᠢᠭ᠋᠎ᠢᠶᠠᠷ ᠠᠭᠤᠰᠬᠠᠨ ᠣᠷᠣᠭᠤᠯᠵᠤ᠂ ᠪᠥᠬᠥ ᠣᠷᠣᠨ᠎ᠤ ᠶᠡᠬᠡ ᠳᠤᠮᠳᠠᠳᠤ ᠪᠠᠭ᠎ᠠ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠥᠷᠥ᠍᠎ᠶᠢᠨ ᠬᠢᠴᠢᠶᠡᠯ᠎ᠦᠨ ᠪᠠᠭ᠍ᠰᠢ ᠨᠠᠷ᠎ᠲᠤ ᠵᠢᠭᠠᠨ ᠰᠤᠷᠭᠠᠯᠲᠠ᠎ᠶᠢᠨ ᠵᠢᠯᠣᠭᠣᠳᠤᠯᠭ᠎ᠠ ᠬᠢᠵᠦ ᠵᠢᠱ᠌ᠢᠶ᠎ᠡ ᠦᠵᠡᠭᠦᠯᠦᠨ ᠬᠥᠲᠥᠯᠥᠨ ᠳᠠᠭᠠᠭᠤᠯᠵᠤ᠂ ᠪᠥᠬᠥ ᠣᠷᠣᠨ᠎ᠤ ᠶᠡᠬᠡ ᠳᠤᠮᠳᠠᠳᠤ ᠪᠠᠭ᠎ᠠ ᠰᠤᠷᠭᠠᠭᠤᠯᠢ ᠵᠢᠨ ᠦᠵᠡᠯ ᠰᠠᠨᠠᠭ᠎ᠠ ᠤᠯᠤᠰ ᠲᠥᠷᠥ᠍᠎ᠶᠢᠨ ᠬᠢᠴᠢᠶᠡᠯ᠎ᠦᠨ ᠭᠣᠣᠯ ᠠᠷᠭ᠎ᠠ ᠵᠠᠮ᠎ᠢ ᠭᠦᠢᠴᠡᠳ ᠠᠰᠢᠭ᠍ᠯᠠᠨ ᠪᠥᠬᠥ ᠤᠯᠤᠰ᠎ᠤᠨ ᠬᠣᠶᠠᠷ ᠬᠤᠷᠠᠯ ᠤ᠋ᠨ ᠵᠣᠷᠢᠭ᠋ ᠰᠠᠨᠠᠭ᠎ᠠ᠎ᠶᠢ ᠵᠢᠭᠠᠬᠤ ᠮᠠᠲᠧᠷᠢᠶᠠᠯ᠎ᠳᠤ ᠣᠷᠣᠭᠤᠯᠬᠤ᠂ ᠬᠢᠴᠢᠶᠡᠯ᠎ᠦᠨ ᠲᠠᠩᠬᠢᠮ᠎ᠳᠤ ᠣᠷᠣᠭᠤᠯᠬᠤ᠂ ᠰᠤᠷᠤᠭ᠍ᠴᠢᠳ᠎ᠤᠨ ᠲᠠᠷᠢᠬᠢ ᠲᠣᠯᠣᠭᠠᠢ ᠵᠢ ᠵᠡᠪᠰᠡᠭᠯᠡᠬᠥ ᠵᠢ ᠠᠬᠢᠭᠤᠯᠪᠠ ᠃
ᠠᠵᠢᠯᠯᠠᠭ᠎ᠠ ᠨᠢ ᠸᠢᠳᠢᠤ᠋ ᠪᠡᠷ ᠶᠠᠪᠤᠭᠳᠠᠵᠤ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠦᠨ ᠤᠳᠤᠷᠢᠳᠬᠤ ᠪᠠᠭ᠎ᠤᠨ ᠪᠦᠷᠢᠯᠳᠦᠭᠦᠨ᠂ ᠰᠤᠷᠭᠠᠨ ᠬᠥᠮᠦᠵᠢᠯ᠎ᠦᠨ ᠲᠢᠩᠬᠢᠮ᠎ᠦᠨ ᠪᠠᠢᠭᠤᠯᠭ᠎ᠠ᠎ᠶᠢᠨ ᠺᠠᠳ᠋ᠷ᠂ ᠡᠯ᠎ᠡ ᠠᠢᠮᠠᠭ ᠬᠣᠲᠠ᠎ᠶᠢᠨ ᠰᠤᠷᠭᠠᠨ ᠬᠥᠮᠦᠵᠢᠯ (ᠰᠤᠷᠭᠠᠨ ᠬᠥᠮᠦᠵᠢᠯ ᠪᠡᠶ᠎ᠡ᠎ᠶᠢᠨ ᠲᠠᠮᠢᠷ) ᠤ᠋ᠨ ᠲᠣᠪᠴᠢᠶ᠎ᠠ ᠪᠠ ᠡᠯ᠎ᠡ ᠳᠡᠭᠡᠳᠦ ᠰᠤᠷᠭᠠᠭᠤᠯᠢ᠎ᠶᠢᠨ ᠤᠳᠤᠷᠢᠳᠬᠤ ᠪᠠᠭ᠎ᠤᠨ ᠪᠦᠷᠢᠯᠳᠦᠭᠦᠨ᠂ ᠶᠡᠬᠡ ᠰᠤᠷᠭᠠᠭᠤᠯᠢ ᠳᠤᠮᠳᠠᠳᠤ ᠪᠠᠭ᠎ᠠ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ᠎ᠦᠨ ᠪᠠᠭ᠍ᠰᠢ᠂ ᠶᠡᠬᠡ ᠳᠡᠭᠡᠳᠦ ᠰᠤᠷᠭᠠᠭᠤᠯᠢ᠎ᠶᠢᠨ ᠬᠠᠪᠰᠤᠷᠤᠨ ᠵᠢᠯᠣᠭᠣᠳᠤᠭ᠍ᠴᠢ᠂ ᠣᠶᠤᠲᠠᠨ ᠨᠠᠮ᠎ᠤᠨ ᠭᠡᠰᠢᠭᠦᠨ᠂ ᠰᠤᠷᠤᠭ᠍ᠴᠢ ᠺᠠᠳ᠋ᠷ ᠵᠡᠷᠭᠡ ᠪᠦᠬᠦ ᠣᠷᠣᠨ᠎ᠤ 6 ᠲᠦᠮᠡ ᠭᠠᠷᠤᠢ ᠬᠥᠮᠥᠨ ᠰᠤᠷᠤᠯᠴᠠᠯᠭ᠎ᠠ᠎ᠶᠢ ᠰᠣᠨᠣᠰᠴᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃