ᠱᠢᠨ᠎᠎ᠡ ᠴᠠᠭ ᠦᠶ᠎ᠡ᠎ᠳ᠋ᠦ᠍ ᠭᠠᠪᠢᠶ᠎ᠠ ᠪᠠᠢᠭᠤᠯᠤᠶ᠎ᠠ > ᠮᠡᠳᠡᠭᠡᠯᠡᠯ

2022-03-19 20:59:46

ᠵᠣᠬᠢᠶᠠᠭ᠍ᠴᠢ᠄ ᠰᠠᠷᠭᠠᠢ ᠣᠩᠱᠢᠭ᠍ᠰᠠᠨ ᠣᠳᠠᠭ᠎ᠠ᠄ 3

3 ᠰᠠᠷ᠎ᠠ᠎ᠶ᠋ᠢᠨ 15 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠲᠣᠪᠴᠢᠶ᠎ᠠ᠎ᠬᠤᠷᠠᠯ ᠬᠢᠵᠦ᠂ ᠶᠡᠷᠦᠩᠬᠡᠶ ᠱᠦᠵᠢ ᠰᠢ ᠵᠢᠨ ᠫᠢᠩ᠎ᠦᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠠ ᠪᠥᠬᠥ᠌ ᠤᠯᠤᠰ᠎ᠤᠨ 《ᠬᠣᠶᠠᠷ ᠬᠤᠷᠠᠯ》᠎ᠤ᠋ᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ ᠢ᠋ ᠲᠤᠬᠢᠷᠠᠭᠤᠯᠤᠨ ᠪᠠᠢᠷᠢᠯᠠᠭᠤᠯᠪᠠ᠃

ᠬᠤᠷᠠᠯ᠎ᠠᠴᠠ᠂ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ᠎ᠨᠢ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠴᠢᠭ᠌ᠯᠡᠯ᠎ᠢ ᠲᠣᠭ᠍ᠲᠠᠭᠠᠵᠤ᠂ ᠵᠢᠷᠤᠭ ᠲᠥᠰᠦᠪ᠎ᠢ ᠵᠢᠷᠤᠭ᠍ᠯᠠᠵᠤ᠂ ᠱᠢᠨ᠎ᠡ ᠠᠶᠠᠨ᠎ᠳᠤ ᠡᠷᠡᠮᠡᠬᠡᠢᠯᠡᠨ ᠤᠷᠤᠭ᠍ᠰᠢᠯᠠᠵᠦ᠂ ᠱᠢᠨ᠎ᠡ ᠴᠠᠭ ᠦᠶ᠎ᠡ᠎ᠳᠦ ᠭᠠᠪᠢᠶ᠎ᠠ ᠪᠠᠢᠭᠤᠯᠬᠤ᠎ᠳᠤ ᠤᠷᠤᠭ᠍ᠰᠢᠯᠠᠬᠤ ᠴᠢᠭ᠌ᠯᠡᠯ᠎ᠢ ᠳᠠᠬᠢᠨᠲᠠ ᠲᠣᠳᠣᠷᠬᠠᠢᠯᠠᠵᠤ ᠂ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠪᠡ᠃ ᠶᠠᠷᠢᠶ᠎ᠠ ᠨᠢ ᠮᠠᠰᠢ ᠴᠢᠩᠭ᠎ᠠ ᠤᠯᠤᠰ ᠲᠦᠷᠦᠴᠢ ᠴᠢᠨᠠᠷ᠂ ᠦᠵᠡᠯ ᠰᠠᠨᠠᠭᠠᠴᠢ ᠴᠢᠨᠠᠷ᠂ ᠵᠢᠯᠣᠭᠣᠳᠭᠤ ᠴᠢᠨᠠᠷ ᠪᠠ ᠬᠠᠨᠳᠤᠯᠭᠠᠲᠤ ᠴᠢᠨᠠᠷ ᠲᠠᠢ ᠪᠠᠢᠵᠤ᠂ ᠵᠠᠪᠠᠯ ᠭᠦᠨᠵᠡᠭᠡᠶ ᠰᠤᠷᠤᠯᠴᠠᠵᠤ ᠤᠢᠯᠠᠭᠠᠨ ᠡᠵᠡᠮᠰᠢᠬᠦ ᠬᠡᠷᠡᠭᠳᠡᠢ᠂ ᠢᠯᠠᠩᠭᠤᠶ᠎ᠠ 《ᠲᠠᠪᠤᠨ ᠵᠠᠢᠯᠠᠰᠢ ᠦᠬᠡᠢ ᠵᠠᠮᠨᠠᠬᠤ ᠵᠠᠮ》 ᠤ᠋ᠨ ᠴᠢᠬᠤᠯᠠ ᠲᠠᠨᠢᠯᠲᠠ᠎ᠶ᠋ᠢᠨ ᠲᠤᠬᠠᠢ ᠣᠢᠯᠠᠭᠠᠯᠲᠠ ᠡᠵᠡᠮᠱᠢᠯ᠎ᠢᠶᠡᠨ ᠬᠦᠨᠵᠡᠬᠡᠢᠷᠡᠬᠦᠯᠵᠤ᠂ ᠦᠵᠡᠯ ᠰᠠᠨᠠᠭ᠎ᠠ ᠪᠠ ᠠᠵᠢᠯ᠎ᠤᠨ ᠪᠣᠳᠠᠲᠠᠢ᠎ᠲᠠᠶ ᠪᠡᠨ ᠤᠶᠠᠯᠳᠤᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠂ ᠨᠡᠭᠦᠷᠡᠰᠦᠲᠥ᠋ᠷᠥᠭ᠌ᠴᠢ ᠢ᠋ᠢᠨ ᠭᠠᠳᠠᠭᠰᠢᠯᠠᠭᠤᠯᠤᠯᠳᠡ ᠤᠷᠬᠢᠯ ᠬᠡᠮᠵᠢᠭᠳᠡᠯ ᠳ᠋ᠤ ᠬᠦᠷᠬᠦ ᠪᠠ ᠨᠡᠭᠦᠷᠡᠰᠦᠲᠥ᠋ᠷᠥᠭ᠌ᠴᠢ ᠢ᠋ᠢ ᠰᠠᠭᠠᠷᠮᠠᠭᠵᠢᠭᠤᠯᠬᠤ᠎ᠶ᠋ᠢᠨ ᠠᠵᠢᠯ᠎ᠤᠨ ᠲᠥᠯᠥᠪᠵᠢᠭᠦᠯᠭᠡ᠎ᠶ᠋ᠢᠨ ᠪᠠᠢᠷᠢᠯᠠᠭᠤᠯᠤᠯᠲᠠ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠬᠦ᠌ ᠴᠢᠬᠤᠯᠠ ᠱᠠᠭᠠᠷᠳᠠᠯᠭ᠎ᠠ ᠶᠤᠰᠤᠭᠠᠷ᠂ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠬᠦ᠌᠂ ᠬᠥᠳᠡᠭᠡ ᠲᠣᠰᠭᠣᠨ᠎ᠤ ᠪᠦᠳᠦᠭᠡᠨ ᠪᠠᠢᠭᠤᠯᠤᠯᠳᠡ᠂ ᠬᠥᠳᠡᠭᠡ ᠲᠣᠰᠭᠣᠨ᠎ᠤ ᠵᠠᠰᠠᠯᠲᠠ᠂ ᠬᠥᠳᠡᠭᠡ ᠲᠣᠰᠭᠣᠨ᠎ᠤ ᠣᠷᠣᠱᠢᠨ ᠰᠠᠭᠤᠷᠢᠰᠢᠬᠤ ᠣᠷᠴᠢᠨ ᠲᠣᠭᠣᠷᠢᠨ᠎ᠢ ᠴᠡᠭ᠌ᠴᠡᠯᠡᠨ ᠵᠠᠰᠠᠬᠤ ᠵᠡᠷᠭᠡ ᠠᠵᠢᠯ᠎ᠤᠨ ᠪᠦᠬᠦ᠌ ᠶᠠᠪᠤᠴᠠ ᠡᠯ᠎ᠡ ᠭᠣᠭ᠍ᠴᠣᠭ᠎ᠠ ᠳ᠋ᠤ ᠲᠤᠭᠤᠰᠢᠯᠠᠭᠤᠯᠬᠤ ᠬᠡᠷᠡᠭᠳᠡᠢ ᠬᠡᠵᠤ ᠵᠢᠭᠠᠵᠤ ᠭᠠᠷᠭᠠᠪᠠ᠃

ᠬᠤᠷᠠᠯ᠎ᠠᠴᠠ᠂ ᠲᠤᠪᠴᠢᠶ᠎ᠠ ᠢ᠋ᠢᠨ ᠨᠠᠮ ᠤ᠋ᠨ ᠬᠡᠰᠢᠬᠦᠨ ᠺᠠᠳ᠋ᠷᠴᠤᠳ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ᠎ᠪᠠᠨ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ᠂ ᠪᠦᠬᠦ᠌ ᠤᠯᠤᠰ᠎ᠤᠨ 《ᠬᠣᠶᠠᠷ ᠬᠤᠷᠠᠯ》 ᠡᠴᠡ ᠬᠢᠨᠠᠨ ᠵᠥᠪᠯᠡᠵᠦ᠍ ᠪᠠᠲᠤᠯᠠᠭ᠍ᠰᠠᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠪᠣᠯᠤᠨ ᠪᠤᠰᠤᠳ ᠡᠯ᠎ᠡ ᠵᠦᠢᠯ᠎ᠦᠨ ᠴᠢᠬᠤᠯᠠ ᠱᠢᠢᠳᠪᠦᠷᠢ ᠳᠡᠭᠡᠷ᠎ᠡ ᠳᠠᠷᠤᠢ ᠲᠦᠷᠭᠡᠨ ᠨᠢᠭᠡᠳᠭᠡᠵᠦ᠍᠂ ᠨᠠᠮ᠎ᠤᠨ ᠲᠥᠪ ᠬᠣᠷᠢᠶᠠᠨ᠎ᠤ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠪᠣᠳᠠᠲᠠᠢ ᠠᠵᠢᠯ᠎ᠤᠨ ᠳᠤᠮᠳᠠ᠎ᠪᠠᠨ ᠦᠨᠡᠨ ᠬᠦ᠌ ᠲᠤᠭᠤᠱᠢᠯᠠᠭᠤᠯᠤᠨ ᠨᠠᠢᠳᠠᠪᠤᠷᠢᠵᠢᠭᠤᠯᠬᠤ ᠬᠡᠷᠡᠭ᠌ᠲᠡᠢ᠃ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠬᠦ᠌᠎ᠢ᠋ᠢ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠤᠷᠢᠲᠠᠯ ᠪᠣᠯᠭᠠᠬᠤ᠎ᠶ᠋ᠢ ᠪᠠᠷᠢᠮᠲᠠᠯᠠᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠳᠠᠪᠱᠢᠬᠤ ᠠᠵᠢᠯ᠎ᠤᠨ ᠶᠡᠷᠦᠩᠬᠡᠶ ᠬᠥᠭ ᠠᠶᠠᠰ᠎ᠢ ᠪᠠᠷᠢᠮᠲᠠᠯᠠᠵᠤ᠂ 《ᠬᠣᠷᠢᠭ᠎ᠠ ᠱᠤᠭᠤᠮ᠎ᠢ ᠰᠠᠬᠢᠬᠤ᠂ ᠬᠥᠭ᠌ᠵᠢᠯᠲᠡ᠎ᠶ᠋ᠢ ᠠᠳᠭᠤᠬᠤ᠂ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ》᠎ᠳ᠋ᠤ ᠠᠩᠬᠠᠷᠤᠯ᠎ᠢᠶᠠᠨ ᠲᠥᠪᠯᠡᠷᠡᠭᠦᠯᠵᠦ᠍᠂ ᠠᠵᠢᠯ᠎ᠤᠨ ᠡᠷᠴᠢᠮ ᠪᠠ ᠲᠥᠷᠥ᠎ᠶ᠋ᠢᠨ ᠪᠣᠳᠣᠯᠭ᠎ᠠ᠎ᠶ᠋ᠢᠨ ᠡᠷᠴᠢᠮ᠎ᠢᠶᠡᠨ ᠦᠷᠭᠦᠯᠵᠢᠯᠡᠨ ᠴᠢᠡᠭᠭᠠᠷᠠᠭᠤᠯᠵᠤ᠂ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠭᠤᠵᠤ᠂ ᠬᠡᠪᠴᠢᠶᠡᠵᠢᠯ᠎ᠦᠨ ᠴᠢᠨᠠᠷᠲᠠᠶ ᠳᠠᠬᠢᠨ ᠶᠠᠳᠠᠭᠤᠷᠠᠯ ᠡᠬᠦᠰᠬᠦ ᠥᠬᠡᠶ ᠪᠠᠢᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ ᠭᠡᠵᠦ᠍ ᠴᠢᠬᠤᠯᠠᠴᠢᠯᠠᠵᠡᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面