2022-03-21 10:11:38
3 ᠰᠠᠷ᠎ᠠ᠎ᠶ᠋ᠢᠨ15 ᠤ᠋ ᠡᠳᠦᠷ᠂ ᠤᠯᠠᠭᠠᠨᠴᠠᠪ ᠬᠤᠳᠠ ᠨᠠᠮ᠎ᠤᠨ ᠬᠣᠷᠢᠶᠠᠨ᠎ᠤ ᠪᠠᠢᠩᠭᠤ ᠶ᠋ᠢᠨ ᠬᠤᠷᠢᠶᠠᠨ ᠤ᠋ ᠬᠤᠷᠠᠯ ᠬᠤᠷᠠᠯᠳᠤᠭᠤᠯᠵᠦ᠂ ᠪᠦᠬᠦ᠌ ᠤᠯᠤᠰ᠎ᠤᠨ 《ᠬᠣᠶᠠᠷ ᠬᠤᠷᠠᠯ》᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠲᠤᠬᠢᠷᠠᠭᠤᠯᠤᠨ ᠪᠠᠢᠷᠢᠯᠠᠭᠤᠯᠪᠠ᠃
ᠬᠤᠷᠠᠯ᠎ᠡᠴᠡ᠂ 《ᠠᠵᠤ ᠠᠬᠤᠢ᠎ᠶ᠋ᠢᠨ ᠨᠡᠮᠡᠭ᠌ᠳᠡᠯ᠎ᠢ ᠪᠦᠬᠦ᠌ ᠬᠦᠴᠦᠨ᠎ᠢᠶᠡᠷ᠎ᠢᠶᠡᠨ ᠲᠣᠭ᠍ᠲᠠᠪᠤᠷᠢᠵᠢᠭᠤᠯᠬᠤ》 ᠲᠠᠯ᠎ᠠ᠎ᠪᠠᠷ᠂ ᠵᠠᠬ᠎ᠠ ᠳᠡᠯᠭᠡᠭᠦᠷ᠎ᠦᠨ ᠭᠣᠣᠯ ᠴᠣᠭ᠍ᠴᠠ᠎ᠶ᠋ᠢ ᠪᠦᠬᠦ᠌ ᠬᠦᠴᠦᠨ᠎ᠢᠶᠡᠷ᠎ᠢᠶᠡᠨ ᠲᠣᠭ᠍ᠲᠠᠪᠤᠷᠢᠵᠢᠭᠤᠯᠵᠤ᠂ ᠭᠠᠢᠯᠢ ᠵᠢ ᠬᠠᠰᠤᠵᠦ ᠰᠦᠢᠳᠭᠡᠯ᠎ᠢ ᠪᠠᠭᠤᠷᠠᠭᠤᠯᠬᠤ ᠱᠢᠨ᠎ᠡ ᠲᠦᠷᠦ᠍᠎ᠶ᠋ᠢᠨ ᠪᠤᠳᠤᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠬᠤ ᠬᠡᠷᠡᠭᠲᠠᠢ; ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢ ᠰᠠᠢᠳᠤᠷ ᠠᠳᠭᠤᠵᠤ᠂ ᠪᠠᠷᠢᠯᠭ᠎ᠠ ᠵᠢᠨ ᠠᠵᠢᠯ᠎ᠢᠶᠠᠨ ᠡᠬᠢᠯᠡᠭᠦᠯᠵᠦ᠍ ᠰᠡᠷᠭᠦᠭᠡᠬᠦ᠌ ᠣᠨ᠎ᠤ ᠲᠥᠯᠥᠪᠯᠡᠭᠡ᠎ᠳᠦ ᠣᠷᠣᠭᠤᠯᠤᠭ᠍ᠰᠠᠨ ᠲᠥᠷᠥᠯ ᠵᠦᠶ᠋ᠯ᠎ᠢ ᠳᠠᠬᠢᠨᠲᠠ ᠲᠥᠪᠯᠡᠷᠡᠭᠦᠯᠦᠨ ᠪᠦᠷᠢᠳᠭᠡᠵᠦ᠍᠂ ᠨᠢᠭᠡᠨᠲᠡ ᠭᠠᠷᠤᠨ ᠦᠰᠦᠭ ᠵᠢᠷᠤᠬᠰᠠᠨ ᠴᠢᠬᠤᠯᠠ ᠶᠡᠬᠡ ᠲᠥᠷᠥᠯ ᠵᠦᠶ᠋ᠯ᠎ᠢ ᠪᠥᠬᠥ᠌ ᠬᠦᠴᠦᠨ᠎ᠢᠶᠡᠷ᠎ᠢᠶᠡᠨ ᠪᠠᠲᠤᠯᠠᠨ ᠠᠬᠢᠭᠤᠯᠬᠤ ᠬᠡᠷᠡᠭ᠌ᠲᠡᠶ; ᠬᠡᠷᠡᠭ᠌ᠯᠡᠭᠡ ᠵᠢᠨ ᠳᠤᠲᠠᠭᠤᠳᠠᠯ᠎ᠢ ᠪᠦᠬᠦ᠌ ᠬᠦᠴᠦᠨ᠎ᠢᠶᠡᠷ᠎ᠢᠶᠡᠨ ᠨᠥᠬᠥᠪᠥᠷᠢᠯᠡᠵᠦ᠍᠂ ᠣᠳᠣᠬᠠᠨ᠎ᠤ ᠰᠦᠯᠵᠢᠶᠡᠨ᠎ᠦ ᠬᠡᠷᠡᠭ᠌ᠯᠡᠭᠡ ᠵᠢᠨ ᠱᠢᠨ᠎ᠡ ᠣᠨᠴᠠᠯᠢᠭᠲᠤ ᠰᠠᠨᠠᠭᠠᠴᠢᠯᠠᠭ᠎ᠠ᠎ᠠᠴᠠ᠎ᠪᠠᠨ ᠵᠣᠬᠢᠴᠠᠵᠤ᠂ ᠪᠣᠳᠠᠲᠤ ᠴᠣᠭ᠍ᠴᠠ᠎ᠶ᠋ᠢᠨ ᠬᠤᠳᠠᠯᠳᠤᠭ᠎ᠠ ᠵᠢᠨ ᠬᠡᠯᠪᠡᠷᠢ᠎ᠪᠡᠨ ᠬᠤᠪᠢᠷᠠᠭᠤᠯᠬᠤ ᠪᠠ ᠬᠤᠳᠠᠯᠳᠤᠭᠠᠨ᠎ᠤ ᠬᠡᠪ ᠵᠠᠭ᠍ᠪᠤᠷ᠎ᠤᠨ ᠱᠢᠨ᠎ᠡ᠎ᠶ᠋ᠢ ᠡᠭᠦᠳᠬᠦ᠌᠎ᠶ᠋ᠢ ᠲᠦᠷᠭᠡᠳᠭᠡᠬᠦ ᠬᠡᠷᠡᠭ᠌ᠲᠡᠢ; ᠠᠮᠤ ᠪᠤᠳᠠᠭᠠᠨ᠎ᠤ ᠠᠮᠤᠷ ᠲᠦᠪᠱᠢᠨ᠎ᠢ ᠬᠠᠮᠠᠭᠠᠯᠠᠵᠤ᠂ ᠬᠠᠪᠤᠷ᠎ᠤᠨ ᠲᠠᠷᠢᠶᠠᠯᠠᠭ᠎ᠠ᠎ᠶ᠋ᠢᠨ ᠲᠠᠷᠢᠶᠠᠯᠠᠩ᠎ᠤᠨ ᠬᠡᠷᠡᠭ᠌ᠰᠡᠯ᠎ᠢ ᠭᠦᠶ᠋ᠴᠡᠳ ᠰᠠᠢᠲᠤᠷ ᠪᠡᠯᠡᠳᠭᠡᠵᠦ᠍᠂ ᠠᠮᠤ ᠪᠤᠳᠠᠭ᠎ᠠ ᠵᠢᠨ ᠲᠠᠷᠢᠮᠠᠯ ᠳᠠᠷᠢᠬᠤ ᠲᠠᠯᠠᠪᠠᠶ᠎ᠶ᠋ᠢ ᠲᠣᠭ᠍ᠲᠠᠪᠤᠷᠢᠵᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢᠨ ᠡᠭᠦᠷᠭᠡ᠎ᠶ᠋ᠢ ᠰᠠᠢᠳᠤᠷ ᠪᠡᠶᠡᠯᠡᠭᠦᠯᠬᠦ᠌ ᠬᠡᠷᠡᠭ᠌ᠲᠡᠶ ᠬᠡᠵᠤ ᠵᠢᠭᠠᠵᠤ ᠭᠠᠷᠭᠠᠵᠠᠢ᠃
ᠬᠤᠷᠠᠯ᠎ᠡᠴᠡ᠂《ᠴᠢᠨᠠᠷ ᠰᠠᠢᠲᠠᠶ ᠬᠥᠭ᠌ᠵᠢᠯᠲᠡ᠎ᠶ᠋ᠢ ᠡᠷᠡᠰ ᠭᠤᠢᠪᠢᠰᠢ ᠥᠬᠡᠶ ᠠᠬᠢᠭᠤᠯᠬᠤ》ᠲᠠᠯ᠎ᠠ᠎ᠪᠠᠷ᠂ ᠠᠮᠢ ᠠᠬᠤᠶ᠎ᠶ᠋ᠢᠨ ᠬᠠᠮᠠᠭᠠᠯᠠᠯᠲᠠ᠎ᠶ᠋ᠢ ᠲᠠᠰᠤᠷᠠᠯᠲᠠ ᠥᠬᠡᠶ ᠴᠢᠩᠭᠠᠳᠭᠠᠵᠤ᠂ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠎ᠶ᠋ᠢ ᠰᠠᠢᠲᠤᠷ ᠠᠳᠭᠤᠬᠤ ᠬᠡᠷᠡᠭ᠌ᠲᠡᠶ;《ᠬᠤᠤᠰ ᠨᠡᠭᠦᠷᠡᠰᠦᠲᠥ᠋ᠷᠥᠭ᠌ᠴᠢ》᠎ᠶ᠋ᠢᠨ ᠬᠠᠷᠠᠯᠲᠠ᠎ᠶ᠋ᠢ ᠲᠥᠯᠥᠪᠵᠢᠭᠦᠯᠦᠨ ᠨᠠᠢᠳᠠᠪᠤᠷᠢᠵᠢᠭᠤᠯᠵᠤ᠂ ᠡᠨ᠋ᠸᠷᠬᠢ ᠵᠢᠨ ᠬᠤᠷᠤᠭᠳᠠᠯ ᠶᠡᠬᠡᠲᠠᠢ ᠪᠤᠬᠢᠷᠳᠤᠯ ᠶᠡᠭᠡ᠎ᠲᠠᠢ ᠲᠥᠷᠥᠯ ᠵᠦᠶ᠋ᠯ᠎ᠢ ᠳᠤᠤᠷ᠎ᠠ ᠲᠦᠪᠱᠢᠨ᠎ᠢᠶᠡᠷ ᠰᠣᠬᠣᠷ ᠪᠠᠯᠠᠶ᠎ᠪᠠᠷ ᠬᠥᠭ᠌ᠵᠢᠬᠦᠯᠬᠦ᠎ᠶ᠋ᠢ ᠡᠷᠡᠰ ᠬᠣᠷᠢᠭ᠍ᠯᠠᠵᠤ᠂ ᠱᠢᠨ᠎ᠡ ᠡᠨᠧᠷᠭᠢ᠎ᠶ᠋ᠢᠨ ᠳᠠᠪᠠᠭᠤᠯᠢᠭ᠎ᠢ ᠲᠠᠰᠤᠷᠠᠯᠲᠠ ᠥᠬᠡᠶ ᠥᠷᠭᠡᠳᠭᠡᠬᠦ᠌ ᠬᠡᠷᠡᠭ᠌ᠲᠡᠶ; ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠦᠪᠱᠢᠨ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠵᠦ᠍᠂ ᠠᠵᠤ ᠠᠬᠤᠢᠯᠠᠯ᠎ᠤᠨ ᠭᠣᠣᠯ ᠴᠤᠬᠴᠠ ᠵᠢᠨ ᠦᠢᠯᠡᠳᠦᠯ᠎ᠢ ᠰᠠᠢᠲᠤᠷ ᠪᠠᠳᠠᠷᠠᠭᠤᠯᠵᠤ᠂ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌᠎ᠶ᠋ᠢ ᠵᠣᠷᠢᠭ᠍ᠵᠢᠭᠤᠯᠬᠤ ᠡᠯ᠎ᠡ ᠵᠦᠢᠯ᠎ᠦᠨ ᠲᠦᠷᠦ᠍᠎ᠶ᠋ᠢᠨ ᠪᠤᠳᠤᠯᠭ᠎ᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠨᠢᠭᠡ ᠪᠦᠯᠦᠭ ᠬᠠᠷᠢᠴᠠᠡᠭᠭᠤᠢ ᠳᠠᠪᠠᠭᠤᠯᠢᠭ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠬᠡᠯᠪᠡᠷᠢ᠎ᠶ᠋ᠢᠨ ᠠᠵᠤ ᠠᠬᠤᠢᠯᠠᠯ᠎ᠢ ᠲᠦᠷᠭᠡᠨ ᠵᠢᠡᠷ ᠪᠣᠢᠵᠢᠭᠤᠯᠬᠤ ᠬᠡᠷᠡᠭ᠌ᠲᠡᠢ; ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠶᠠᠳᠠᠭᠤ᠎ᠠᠴᠠ ᠠᠩᠭᠢᠵᠢᠷᠠᠭᠤᠯᠤᠭ᠍ᠰᠠᠨ ᠦᠷ᠎ᠡ ᠪᠦᠲᠦᠭᠡᠯ᠎ᠢ ᠥᠨᠳᠥᠷ ᠪᠠᠷᠢᠮᠵᠢᠶ᠎ᠠ᠎ᠪᠠᠷ ᠪᠡᠬᠢᠵᠢᠭᠦᠯᠵᠦ᠍᠂ ᠬᠥᠳᠡᠭᠡ ᠲᠣᠰᠭᠣᠨ᠎ᠤ ᠪᠥᠲᠥᠭᠡᠨ ᠪᠠᠢᠭᠤᠯᠤᠯᠲᠠ᠎ᠶ᠋ᠢ ᠴᠢᠨᠠᠷ ᠰᠠᠢᠲᠠᠶ ᠠᠬᠢᠭᠤᠯᠵᠤ᠂ ᠮᠠᠯ ᠠᠵᠤ ᠠᠬᠤᠶ ᠲᠠᠷᠢᠶᠠᠯᠠᠩ᠎ᠤᠨ ᠬᠥᠭ᠌ᠵᠢᠯᠲᠡ᠎ᠶ᠋ᠢ ᠴᠢᠨᠠᠷ ᠰᠠᠢᠲᠠᠶ ᠠᠬᠢᠭᠤᠯᠬᠤ ᠬᠡᠷᠡᠭ᠌ᠲᠡᠶ᠃ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠲᠦᠪᠱᠢᠨ᠎ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠵᠦ᠍᠂《ᠰᠦᠯᠵᠢᠶᠡᠨ ᠲᠡᠬᠡᠷ᠎ᠠ ᠨᠡᠢᠳᠡᠮ ᠭᠦᠢᠴᠡᠳᠭᠡᠬᠦ᠌》 ᠵᠢ ᠪᠦᠬᠦ᠌ ᠲᠠᠯ᠎ᠠ᠎ᠪᠠᠷ ᠬᠡᠷᠡᠭ᠌ᠵᠢᠭᠦᠯᠵᠦ᠍᠂ ᠵᠠᠬ᠎ᠠ ᠳᠡᠯᠭᠡᠭᠦᠷ᠎ᠦᠨ ᠭᠣᠣᠯ ᠴᠣᠭ᠍ᠴᠠ᠎ᠶ᠋ᠢᠨ ᠪᠦᠬᠦ᠌ ᠦᠶᠡᠯᠡᠯ᠎ᠦᠨ ᠦᠢᠯᠡᠴᠢᠯᠡᠭᠡ᠎ᠶ᠋ᠢ ᠪᠦᠬᠦ᠌ ᠲᠠᠯ᠎ᠠ᠎ᠪᠠᠷ ᠴᠢᠩᠭᠠᠳᠭᠠᠵᠤ᠂ ᠬᠠᠤᠯᠢᠵᠢᠬᠰᠠᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠪᠦᠬᠦ᠌ ᠲᠠᠯ᠎ᠠ᠎ᠪᠠᠷ ᠪᠤᠢ ᠪᠣᠯᠭᠠᠬᠤ ᠬᠡᠷᠡᠭ᠌ᠲᠡᠢ ᠬᠡᠵᠤ ᠴᠢᠬᠤᠯᠠᠴᠢᠯᠠᠪᠠ᠃
ᠬᠤᠷᠠᠯ᠎ᠡᠴᠡ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠵᠤ᠂《ᠲᠦᠷᠰᠦᠯᠢᠭ᠂ ᠰᠡᠳᠬᠢᠯᠭᠡ᠎ᠲᠡᠶ᠂ ᠪᠦᠲᠦᠮᠵᠢᠲᠡᠢ》 ᠪᠠᠢᠬᠤ᠎ᠶ᠋ᠢ ᠲᠤᠪᠤᠢ᠌ᠯᠭᠠᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠡᠯ᠎ᠡ ᠵᠦᠢᠯ᠎ᠦᠨ ᠠᠵᠢᠯ᠎ᠤᠨ ᠱᠠᠭᠠᠷᠳᠠᠯᠭ᠎ᠠ᠎ᠶ᠋ᠢ ᠰᠠᠢᠲᠤᠷ ᠨᠠᠢᠳᠠᠪᠤᠷᠢᠵᠢᠭᠤᠯᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠢ ᠬᠦᠳᠤᠯᠤᠨ ᠵᠢᠯᠣᠭᠣᠳᠴᠤ᠌ ᠵᠥᠪ ᠤᠯᠤᠰ᠎ᠤᠨ ᠦᠵᠡᠯᠲᠡ᠂ ᠲᠡᠦᠬᠡ᠎ᠶ᠋ᠢᠨ ᠦᠵᠡᠯᠲᠡ᠂ ᠦᠨᠳᠦᠰᠦᠲᠡᠨ᠎ᠦ ᠦᠵᠡᠯᠲᠡ᠂ ᠰᠣᠶᠣᠯ᠎ᠤᠨ ᠦᠵᠡᠯᠲᠡ᠂ ᠱᠠᠱᠢᠨ ᠰᠤᠷᠲᠠᠬᠤᠨ᠎ᠤ ᠦᠵᠡᠯᠲᠡ᠎ᠶ᠋ᠢ ᠪᠠᠲᠤ ᠪᠤᠢ ᠪᠣᠯᠭᠠᠵᠤ᠂ ᠵᠢᠷᠭᠠᠯ ᠵᠣᠪᠠᠯᠠᠩ᠎ᠢᠶᠠᠨ ᠬᠠᠮᠲᠤᠳᠭᠠᠬᠤ᠂ ᠠᠯᠳᠠᠷ ᠭᠤᠳᠤᠮᠰᠢᠬ ᠵᠢᠡᠨ ᠬᠠᠮᠳᠤᠳᠬᠠᠬᠤ᠂ ᠦᠬᠦᠵᠦ᠍ ᠰᠡᠭᠡᠬᠦ᠌᠎ᠪᠡᠨ ᠬᠠᠮᠲᠤᠳᠭᠠᠬᠤ᠂ ᠬᠤᠪᠢ ᠵᠠᠶᠠᠭ᠎ᠠ᠎ᠪᠠᠨ ᠬᠠᠮᠲᠤᠳᠭᠠᠬᠤ ᠬᠠᠮᠲᠤ᠎ᠶ᠋ᠢᠨ ᠴᠣᠭ᠍ᠴᠠ᠎ᠶ᠋ᠢᠨ ᠣᠢᠯᠠᠭᠠᠭ᠍ᠳᠠᠬᠤᠨ᠎ᠢ ᠰᠡᠳᠭᠢᠯ᠎ᠦᠨ ᠭᠦᠨ ᠳ᠋ᠤᠨᠢ ᠦᠨᠳᠦᠰᠦᠯᠡᠭᠦᠯᠬᠦ᠌ ᠬᠡᠷᠡᠭ᠌ᠲᠡᠢ; ᠦᠨᠳᠦᠰᠦᠲᠡᠨ᠎ᠦ ᠬᠡᠷᠡᠭ ᠶᠠᠪᠤᠳᠠᠯ᠎ᠤᠨ ᠵᠠᠰᠠᠯᠲᠠ᠎ᠶ᠋ᠢᠨ ᠣᠳᠣᠬᠢᠴᠢᠯᠠᠯᠲᠠ᠎ᠶ᠋ᠢᠨ ᠲᠦᠪᠱᠢᠨ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠵᠦ᠍᠂ ᠦᠨᠳᠦᠰᠦᠲᠡᠨ᠎ᠦ ᠬᠡᠷᠡᠭ ᠶᠠᠪᠤᠳᠠᠯ᠎ᠢ ᠬᠠᠮᠲᠤ᠎ᠪᠠᠷ ᠪᠠᠢᠭᠤᠯᠵᠤ ᠬᠠᠮᠲᠤ᠎ᠪᠠᠷ ᠵᠠᠰᠠᠵᠤ ᠬᠠᠮᠲᠤ᠎ᠪᠠᠷ ᠡᠳ᠋ᠯᠡᠬᠦ᠌ ᠪᠠᠢᠷᠢᠱᠢᠯ᠎ᠳᠤ ᠣᠷᠣᠭᠤᠯᠬᠤ ᠬᠡᠷᠡᠭ᠌ᠲᠡᠢ; 《ᠭᠠᠳᠠᠨ᠎ᠠ᠎ᠡᠴᠡ ᠬᠠᠯᠳᠠᠪᠤᠷᠢᠯᠠᠨ ᠣᠷᠣᠵᠤ ᠢᠷᠡᠬᠦ᠌᠎ᠶ᠋ᠢ ᠰᠡᠷᠭᠡᠢᠯᠡᠵᠦ᠍᠂ ᠳᠣᠲᠣᠭᠠᠳᠤ᠎ᠳᠠᠭᠠᠨ ᠳᠠᠬᠢᠨ ᠳᠡᠯᠭᠡᠷᠡᠬᠦ᠌᠎ᠶ᠋ᠢ ᠰᠡᠷᠭᠡᠢᠯᠡᠬᠦ᠌》ᠶᠡᠷᠦᠩᠬᠡᠶ ᠠᠷᠭ᠎ᠠ ᠪᠣᠳᠣᠯᠭ᠎ᠠ᠎ᠶ᠋ᠢ ᠪᠠᠷᠢᠮᠲᠠᠯᠠᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠠᠯᠬᠠᠪᠴᠢ᠎ᠶ᠋ᠢ ᠪᠥᠬᠥ᠌ ᠬᠦᠴᠦᠨ᠎ᠢᠶᠡᠷ᠎ᠢᠶᠡᠨ ᠴᠣᠭ᠍ᠴᠠᠯᠠᠬᠤ ᠬᠡᠷᠡᠭ᠌ᠲᠡᠶ; ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠠᠵᠢᠯ᠎ᠢ ᠪᠦᠬᠦ᠌ ᠬᠦᠴᠦᠨ᠎ᠢᠶᠡᠷ᠎ᠢᠶᠡᠨ ᠰᠠᠢᠲᠤᠷ ᠬᠢᠵᠦ᠍᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠤᠷ᠎ᠢ ᠬᠠᠮᠠᠭᠠᠯᠠᠬᠤ ᠠᠵᠢᠯ᠎ᠢ ᠪᠦᠬᠦ᠌ ᠬᠦᠴᠦᠨ᠎ᠢᠶᠡᠷ᠎ᠢᠶᠡᠨ ᠰᠠᠢᠲᠤᠷ ᠬᠢᠵᠦ᠍᠂ ᠢᠯᠵᠠᠷᠡᠯ᠎ᠢ ᠡᠰᠡᠷᠭᠦᠴᠡᠬᠦ᠌ ᠲᠡᠮᠡᠴᠡᠯ᠎ᠢ ᠬᠦᠴᠦᠲᠡᠢ ᠠᠬᠢᠭᠤᠯᠵᠤ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠵᠦ᠍᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠪᠦᠬᠦ᠌ ᠤᠯᠤᠰ᠎ᠤᠨ《ᠬᠣᠶᠠᠷ ᠬᠤᠷᠠᠯ》᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ ᠤ᠋ ᠡᠯ᠎ᠡ ᠵᠦᠢᠯ᠎ᠦᠨ ᠠᠵᠢᠯ᠎ᠤᠨ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠵᠤ᠂ ᠱᠢᠯᠢᠳᠡᠭ ᠬᠢᠷᠢ ᠪᠦᠲᠦᠮᠵᠢ᠎ᠪᠠᠷ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠶ᠋ᠢ ᠤᠭ᠍ᠲᠤᠬᠤ ᠬᠡᠷᠡᠭ᠌ᠲᠡᠢ ᠭᠡᠵᠤ ᠱᠠᠭᠠᠷᠳᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃