ᠱᠢᠨ᠎᠎ᠡ ᠴᠠᠭ ᠦᠶ᠎ᠡ᠎ᠳ᠋ᠦ᠍ ᠭᠠᠪᠢᠶ᠎ᠠ ᠪᠠᠢᠭᠤᠯᠤᠶ᠎ᠠ > ᠮᠡᠳᠡᠭᠡᠯᠡᠯ

2022-03-21 09:58:52

ᠵᠣᠬᠢᠶᠠᠭ᠍ᠴᠢ᠄ ᠭᠤᠸ᠎ᠠ ᠣᠩᠱᠢᠭ᠍ᠰᠠᠨ ᠣᠳᠠᠭ᠎ᠠ᠄ 3

ᠪᠦᠬᠦ ᠤᠯᠤᠰ ᠤ᠋ᠨ ᠬᠤᠶᠠᠷ ᠬᠤᠷᠠᠯ ᠲᠡᠬᠦᠰᠦᠮᠡᠭᠴᠡ᠂ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ᠋ ᠲᠢᠩᠬᠢᠮ ᠤ᠋ᠨ ᠬᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠣᠨᠣᠯ ᠰᠤᠷᠤᠯᠴᠠᠬᠤ ᠭᠤᠤᠯ ᠳᠤᠭᠤᠢᠯᠠᠩ (ᠥᠷᠭᠡᠳᠭᠡᠭᠰᠡᠨ) ᠤ᠋ᠨ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ ᠤ᠋ᠨ ᠪᠦᠬᠦ ᠤᠯᠤᠰ ᠤ᠋ᠨ 《ᠬᠣᠶᠠᠷ ᠬᠤᠷᠠᠯ》 ᠤ᠋ᠨ ᠬᠤᠭᠤᠴᠠᠭᠠᠨ ᠳ᠋ᠠᠬᠢ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ ᠢ᠋ ᠰᠤᠳᠤᠯᠤᠨ ᠪᠠᠢᠷᠢᠯᠠᠭᠤᠯᠤᠭᠰᠠᠨ ᠪᠠᠢᠨ᠎ᠠ ᠃

ᠬᠤᠷᠠᠯ ᠡᠴᠡ᠂ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ ᠤ᠋ᠨ ᠲᠥᠯᠥᠭᠡᠯᠡᠭᠴᠢᠳ ᠤ᠋ᠨ ᠪᠦᠯᠬᠦᠮ ᠤ᠋ᠨ ᠬᠢᠨᠠᠨ ᠵᠥᠪᠯᠡᠬᠦ ᠳ᠋ᠦ᠍ ᠣᠷᠣᠯᠴᠠᠬᠤ᠎ᠦᠶ᠎ᠠ ᠵᠢᠨ ᠴᠢᠬᠤᠯᠠ ᠶᠠᠷᠢᠶ᠎ᠠ ᠳ᠋ᠠᠭᠠᠨ ᠪᠦᠬᠦ ᠲᠠᠯ᠎ᠠ ᠪᠣᠯᠤᠨ ᠠᠯᠤᠰ ᠬᠡᠳᠦ ᠵᠢᠨ ᠬᠥᠭᠵᠢᠯᠲᠡ ᠳ᠋ᠦ᠍ ᠬᠣᠯᠪᠣᠭᠳᠠᠬᠤ ᠴᠢᠬᠤᠯᠠ ᠶᠡᠬᠡ ᠠᠰᠠᠭᠤᠳᠠᠯ ᠢ᠋ ᠭᠦᠨᠵᠡᠭᠡᠢ ᠲᠣᠳᠣᠷᠬᠠᠢᠯᠠᠨ ᠥᠭᠦᠯᠡᠵᠦ᠂ ᠲᠤᠢᠯ ᠤ᠋ᠨ ᠴᠢᠩᠭ᠎ᠠ ᠤᠯᠤᠰ ᠲᠦᠷᠦᠴᠢ ᠴᠢᠨᠠᠷ᠂ ᠦᠵᠡᠯ ᠰᠠᠨᠠᠭᠠᠴᠢ ᠴᠢᠨᠠᠷ᠂ ᠵᠢᠯᠣᠭᠣᠳᠬᠤ ᠴᠢᠨᠠᠷ ᠪᠠ ᠬᠠᠨᠳᠤᠯᠭᠠᠲᠤ ᠴᠢᠨᠠᠷ ᠲᠠᠢ ᠪᠠᠢᠵᠤ ᠂ ᠰᠢᠨ᠎ᠡ ᠴᠠᠭ ᠦᠶ᠎ᠡ ᠵᠢᠨ ᠥᠪᠥᠷ ᠮᠣᠩᠭᠣᠯ ᠤ᠋ᠨ ᠠᠵᠢᠯ ᠢ᠋ ᠰᠠᠢᠲᠤᠷ ᠬᠢᠬᠦ ᠳ᠋ᠦ᠍ ᠴᠢᠬᠤᠯᠠ ᠵᠢᠷᠤᠮᠯᠠᠯ ᠬᠠᠩᠭᠠᠵᠠᠢ᠃ ᠪᠦᠬᠦ ᠲᠢᠩᠬᠢᠮ ᠤ᠋ᠨ ᠡᠯ᠎ᠡ ᠱᠠᠲᠤᠨ ᠤ᠋ ᠨᠠᠮ ᠤ᠋ᠨ ᠵᠣᠬᠢᠶᠠᠨ ᠪᠠᠢᠭᠤᠯᠤᠯᠲᠠ ᠨᠢ ᠶᠡᠷᠦᠩᠬᠡᠢ ᠱᠦᠵᠢ ᠰᠢ ᠵᠢᠨ ᠫᠢᠩ ᠤ᠋ᠨ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢ ᠣᠳᠣᠬᠠᠨ ᠪᠠ ᠬᠣᠢᠰᠢᠳᠠ ᠵᠢᠨ ᠭᠡᠰᠡᠭ ᠬᠤᠭᠤᠴᠠᠭᠠᠨ ᠤ᠋ ᠴᠢᠬᠤᠯᠠ ᠤᠯᠤᠰ ᠲᠥᠷᠥ ᠵᠢᠨ ᠡᠭᠦᠷᠭᠡ ᠪᠣᠯᠭᠠᠨ ᠨᠢᠮᠪᠠᠢ ᠲᠣᠬᠢᠷᠠᠭᠤᠯᠤᠨ ᠪᠠᠢᠷᠢᠯᠠᠭᠤᠯᠵᠤ᠂ ᠥᠷᠭᠡᠨ ᠣᠯᠠᠨ ᠨᠠᠮ ᠤ᠋ᠨ ᠭᠡᠰᠢᠭᠦᠨ ᠪᠠ ᠺᠠᠳ᠋ᠷᠴᠤᠳ ᠢ᠋ ᠬᠥᠲᠥᠯᠦᠨ ᠵᠢᠯᠣᠭᠣᠳᠴᠤ ᠪᠠᠢᠭᠠᠳ《ᠬᠣᠶᠠᠷ ᠢ᠋ ᠲᠣᠭᠲᠠᠭᠠᠬᠤ》ᠵᠢᠨ ᠰᠢᠢᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ ᠢ᠋ ᠭᠦᠨᠵᠡᠭᠡᠢ ᠤᠢᠯᠠᠭᠠᠨ᠂ ᠤᠯᠤᠰ ᠲᠥᠷᠥ ᠂ ᠪᠠᠢᠯᠳᠤᠬᠤ ᠪᠣᠳᠣᠯᠭ᠎ᠠ ᠪᠠ ᠪᠦᠬᠦ ᠲᠠᠯ᠎ᠠ ᠵᠢᠨ ᠥᠨᠳᠥᠷᠴᠡ ᠡᠴᠡ《ᠲᠠᠪᠤᠨ ᠵᠠᠢᠯᠠᠰᠢ ᠦᠬᠡᠢ ᠵᠠᠮᠨᠠᠬᠤ ᠵᠠᠮ》 ᠵᠢᠡᠷ ᠡᠷᠡᠰ ᠪᠠᠲᠤ ᠰᠠᠢᠲᠤᠷ ᠵᠠᠮᠨᠠᠵᠤ᠂ ᠶᠡᠷᠦᠩᠬᠡᠢ ᠱᠦᠵᠢ ᠵᠢᠨ ᠪᠢᠳᠡᠨ ᠳ᠋ᠦ᠍ ᠲᠣᠭᠲᠠᠭᠠᠵᠤ ᠦᠭᠭᠦᠭᠰᠡᠨ ᠠᠵᠢᠯᠯᠠᠭᠠᠨ ᠤ᠋ ᠬᠥᠲᠥᠯᠪᠦᠷᠢ ᠶᠣᠰᠣᠭᠠᠷ ᠤᠯᠤᠰ ᠤ᠋ᠨ ᠴᠢᠬᠤᠯᠠ ᠮᠠᠯ ᠤ᠋ᠨ ᠠᠰᠢᠭ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ ᠤ᠋ ᠦᠢᠯᠡᠳᠪᠦᠷᠢᠯᠡᠯ ᠤ᠋ᠨ ᠰᠠᠭᠤᠷᠢᠨ ᠤ᠋ ᠪᠦᠲᠦᠭᠡᠨ ᠪᠠᠢᠭᠤᠯᠤᠯᠲᠠ ᠵᠢ ᠯᠠᠪᠳᠠᠭᠤᠨ ᠪᠠᠲᠤᠲᠠᠢ ᠠᠬᠢᠭᠤᠯᠵᠤ ᠂ ᠪᠣᠳᠠᠲᠤ ᠦᠷ᠎ᠡ ᠪᠦᠲᠦᠮᠵᠢ ᠪᠠᠷ 《ᠬᠣᠶᠠᠷ ᠢ᠋ ᠬᠠᠮᠠᠭᠠᠯᠠᠬᠤ》 ᠵᠢ ᠦᠢᠯᠡᠳᠦᠯᠭᠡᠵᠢᠭᠦᠯᠬᠦ ᠬᠡᠷᠡᠭᠲᠡᠢ᠃ ᠦᠨᠳᠦᠰᠦᠲᠡᠨ ᠤ᠋ ᠠᠵᠢᠯ ᠢ᠋ ᠢᠮᠠᠭᠲᠠ《ᠮᠠᠯ ᠠᠵᠤ ᠠᠬᠤᠢ ᠲᠠᠷᠢᠶᠠᠯᠠᠩ ᠂ ᠮᠠᠯᠵᠢᠬᠤ ᠲᠠᠷᠢᠶᠠᠯᠠᠬᠤ ᠣᠷᠣᠨ᠂ ᠮᠠᠯᠴᠢᠨ ᠲᠠᠷᠢᠶᠠᠴᠢᠨ》 ᠤ᠋ ᠠᠵᠢᠯ ᠤ᠋ᠨ ᠪᠦᠬᠦ ᠲᠠᠯ᠎ᠠ ᠵᠢᠨ ᠳᠣᠪᠣᠢᠮ᠎ᠠ ᠪᠠᠢᠷᠢᠨ ᠳ᠋ᠦ᠍ ᠲᠠᠯᠪᠢᠨ ᠭᠦᠨᠵᠡᠭᠡᠢ ᠠᠬᠢᠭᠤᠯᠵᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ᠋ ᠡᠷᠬᠢᠮ ᠳᠡᠭᠡᠳᠦ ᠢᠷᠠᠭᠤ ᠠᠯᠳᠠᠷ ᠢ᠋ ᠡᠷᠡᠰ ᠬᠠᠮᠠᠭᠠᠯᠠᠬᠤ ᠬᠡᠷᠡᠭᠲᠡᠢ ᠭᠡᠵᠤ ᠵᠢᠭᠠᠵᠤ ᠭᠠᠷᠭᠠᠪᠠ ᠃

ᠬᠤᠷᠠᠯ ᠡᠴᠡ᠂ ᠶᠡᠷᠦᠩᠬᠡᠢ ᠱᠦᠵᠢ ᠰᠢ ᠵᠢᠨ ᠫᠢᠩ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ ᠤ᠋ ᠬᠣᠷᠢᠶᠠᠨ ᠤ᠋ ᠲᠠᠪᠤᠳᠤᠭᠠᠷ ᠬᠤᠷᠠᠯ ᠳ᠋ᠤ ᠣᠷᠣᠯᠴᠠᠵᠤ ᠪᠠᠢᠭᠰᠠᠨ ᠬᠥᠳᠡᠭᠡ ᠠᠵᠤ ᠠᠬᠤᠢ᠎ᠶ᠋ᠢᠨ ᠡᠲᠡᠭᠡᠳ᠂ ᠨᠡᠢᠭᠡᠮ ᠤ᠋ᠨ ᠠᠰᠠᠷᠠᠮᠵᠢ ᠪᠣᠯᠤᠨ ᠨᠡᠢᠭᠡᠮ ᠤ᠋ᠨ ᠪᠠᠲᠤᠯᠠᠭ᠎ᠠ᠎ᠶ᠋ᠢᠨ ᠡᠲᠡᠭᠡᠳ ᠤ᠋ᠨ ᠭᠡᠱᠢᠭᠦᠳ ᠢ᠋ ᠡᠷᠬᠢᠨ ᠦᠵᠡᠬᠦ ᠳ᠋ᠡᠭᠡᠨ᠂ ᠠᠮᠤ ᠪᠤᠳᠠᠭᠠᠨ ᠤ᠋ ᠠᠮᠤᠷ ᠲᠦᠪᠰᠢᠨ ᠤ᠋ ᠠᠰᠠᠭᠤᠳᠠᠯ ᠢ᠋ ᠭᠦᠨᠵᠡᠭᠡᠢ ᠲᠣᠳᠣᠷᠬᠠᠢᠯᠠᠨ ᠥᠭᠦᠯᠡᠵᠦ᠂ ᠠᠮᠤ ᠪᠤᠳᠠᠭᠠᠨ ᠤ᠋ ᠠᠮᠤᠷ ᠲᠦᠪᠰᠢᠨ ᠭᠡᠬᠦ ᠡᠨᠡ ᠬᠦ᠌ 《ᠤᠯᠤᠰ ᠤ᠋ᠨ ᠶᠡᠭᠡ ᠶᠠᠪᠤᠳᠠᠯ》 ᠤ᠋ᠨ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠲᠢᠩᠬᠢᠮ ᠲᠠᠶᠠᠭᠠᠷ ᠵᠢᠡᠨ ᠶᠡᠷᠦᠩᠬᠡᠢ ᠱᠦᠵᠢ ᠰᠢ ᠵᠢᠨ ᠫᠢᠩ ᠤ᠋ᠨ ᠴᠢᠬᠤᠯᠠ ᠵᠢᠭᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ 《ᠤᠯᠤᠰ ᠤ᠋ᠨ ᠴᠢᠬᠤᠯᠠ ᠮᠠᠯ ᠤ᠋ᠨ ᠠᠰᠢᠭ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ ᠤ᠋ ᠦᠢᠯᠡᠳᠪᠦᠷᠢᠯᠡᠯ ᠤ᠋ᠨ ᠰᠠᠭᠤᠷᠢᠨ ᠢ᠋ ᠪᠦᠳᠦᠭᠡᠨ ᠪᠠᠢᠭᠤᠯᠬᠤ》 ᠬᠦᠰᠡᠯ ᠨᠠᠢᠳᠠᠯᠭ᠎ᠠ ᠵᠢ ᠨᠢ ᠢᠮᠠᠭᠲᠠ ᠪᠠᠲᠤ ᠴᠡᠭᠡᠵᠢᠯᠡᠨ᠂ ᠠᠮᠤ ᠪᠤᠳᠠᠭᠠᠨ ᠤ᠋ ᠠᠮᠤᠷ ᠲᠦᠪᠰᠢᠨ ᠢ᠋ ᠰᠠᠢᠲᠤᠷ ᠠᠳᠭᠤᠬᠤ ᠬᠠᠷᠢᠭᠤᠴᠠᠯᠭᠠᠲᠤ ᠰᠡᠳᠭᠢᠯᠭᠡ ᠪᠣᠯᠤᠨ ᠲᠤᠯᠭᠠᠮ ᠰᠡᠳᠭᠢᠯᠭᠡ ᠪᠠᠨ ᠴᠢᠨᠠᠭᠰᠢᠳᠠ ᠴᠢᠩᠭᠠᠳᠭᠠᠵᠤ᠂ ᠡᠯ᠎ᠡ ᠵᠦᠢᠯ ᠤ᠋ᠨ ᠡᠭᠦᠷᠭᠡ ᠵᠢ ᠪᠣᠳᠠᠲᠠᠢ ᠪᠥᠭᠡᠳ ᠨᠠᠷᠢᠯᠢᠭ ᠠᠳᠭᠤᠬᠤ ᠬᠡᠷᠡᠭᠲᠡᠢ᠃ ᠬᠠᠪᠤᠷ ᠤ᠋ᠨ ᠲᠠᠷᠢᠶᠠᠯᠠᠭ᠎ᠠ ᠵᠢᠨ ᠦᠢᠯᠡᠳᠪᠦᠷᠢᠯᠡᠯ ᠢ᠋ ᠰᠠᠢᠲᠤᠷ ᠠᠳᠭᠤᠨ᠂ ᠠᠮᠤ ᠪᠤᠳᠠᠭ᠎ᠠ ᠪᠣᠯᠤᠨ ᠰᠢᠷ᠎ᠠ ᠪᠤᠷᠴᠠᠭ ᠲᠠᠷᠢᠬᠤ ᠡᠭᠦᠷᠭᠡ ᠵᠢ ᠱᠠᠳᠤ ᠳᠠᠷᠠᠭᠠᠯᠠᠨ ᠨᠠᠢᠳᠠᠪᠤᠷᠢᠵᠢᠭᠤᠯᠵᠤ ᠂ ᠪᠦᠬᠦ ᠵᠢᠯ ᠤ᠋ᠨ ᠠᠮᠤ ᠪᠤᠳᠠᠭᠠᠨ ᠤ᠋ ᠡᠯᠪᠡᠭ ᠬᠤᠷᠢᠶᠠᠯᠲᠠ ᠣᠯᠬᠤ ᠳ᠋ᠦ᠍ ᠪᠠᠲᠤ ᠰᠠᠭᠤᠷᠢ ᠵᠢ ᠲᠠᠯᠪᠢᠬᠤ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠤᠨ ᠬᠠᠷ᠎ᠠ ᠬᠥᠷᠥᠰᠥ ᠵᠢᠨ ᠬᠠᠮᠠᠭᠠᠯᠠᠯᠲᠠ ᠵᠢᠨ ᠴᠢᠨᠠᠷᠲᠠᠢ ᠲᠠᠷᠢᠶᠠᠯᠠᠭ᠎ᠠ ᠵᠡᠷᠭᠡ ᠭᠣᠣᠯᠳᠠᠯᠭ᠎ᠠ ᠲᠠᠢ ᠢᠨᠵᠧᠨᠧᠷᠢᠩ ᠤ᠋ᠨ ᠪᠦᠲᠦᠭᠡᠨ ᠪᠠᠢᠭᠤᠯᠤᠯᠲᠠ ᠵᠢᠨ ᠠᠬᠢᠴᠠ ᠵᠢ ᠲᠦᠷᠭᠡᠳᠭᠡᠨ᠂ ᠦᠷ᠎ᠡ ᠵᠢᠨ ᠦᠢᠯᠡᠰ ᠢ᠋ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠵᠦ᠂ ᠠᠮᠤ ᠪᠤᠳᠠᠭᠠᠨ ᠤ᠋ ᠮᠦ᠍ ᠨᠢᠭᠡᠴᠢ ᠵᠢᠨ ᠤᠨᠠᠯᠲᠠ ᠵᠢ ᠲᠣᠭᠲᠠᠭᠤᠨ ᠵᠢᠨᠷ ᠳᠡᠭᠡᠭᠰᠢᠯᠡᠭᠦᠯᠬᠦ ᠬᠡᠷᠡᠭᠲᠡᠢ᠃ ᠦᠬᠡᠷ ᠬᠤᠨᠢᠨ ᠮᠢᠬ᠎ᠠ᠂ ᠦᠨᠢᠶᠡᠨ ᠰᠦ ᠵᠡᠷᠭᠡ ᠴᠢᠬᠤᠯᠠ ᠮᠠᠯ ᠤ᠋ᠨ ᠠᠰᠢᠭ ᠰᠢᠮ᠎ᠡ ᠳᠠᠷᠢᠶᠠᠯᠠᠩ ᠤ᠋ᠨ ᠪᠦᠳᠦᠭᠡᠭᠳᠡᠭᠦᠨ ᠤ᠋ ᠬᠠᠩᠭᠠᠯᠭ᠎ᠠ ᠵᠢ ᠥᠴᠦᠬᠡᠨ ᠴᠦ᠍ ᠰᠤᠯᠠᠷᠠᠭᠤᠯᠤᠯ ᠦᠭᠡᠢ ᠰᠠᠢᠲᠤᠷ ᠠᠳᠭᠤᠵᠤ᠂ ᠠᠮᠤ ᠪᠤᠳᠠᠭᠠᠨ ᠤ᠋ ᠠᠮᠤᠷ ᠲᠦᠪᠰᠢᠨ ᠢ᠋ ᠪᠠᠲᠤᠯᠠᠬᠤ ᠪᠠ ᠴᠢᠬᠤᠯᠠ ᠮᠠᠯ ᠤ᠋ᠨ ᠠᠰᠢᠭ ᠰᠢᠮ᠎ᠡ ᠳᠠᠷᠢᠶᠠᠯᠠᠩ ᠤ᠋ᠨ ᠪᠦᠳᠦᠭᠡᠭᠳᠡᠭᠦᠨ ᠤ᠋ ᠬᠠᠩᠭᠠᠯᠭ᠎ᠠ ᠵᠢ ᠪᠠᠲᠤᠯᠠᠬᠤ ᠤᠯᠤᠰ ᠲᠥᠷᠥ ᠵᠢᠨ ᠬᠠᠷᠢᠭᠤᠴᠠᠯᠭ᠎ᠠ ᠵᠢ ᠡᠷᠡᠰ ᠪᠠᠲᠤ ᠡᠭᠦᠷᠭᠡᠯᠡᠬᠦ ᠬᠡᠷᠡᠭᠲᠡᠢ ᠭᠡᠵᠤ ᠴᠢᠬᠤᠯᠠᠴᠢᠯᠠᠵᠠᠢ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面