ᠱᠢᠨ᠎᠎ᠡ ᠴᠠᠭ ᠦᠶ᠎ᠡ᠎ᠳ᠋ᠦ᠍ ᠭᠠᠪᠢᠶ᠎ᠠ ᠪᠠᠢᠭᠤᠯᠤᠶ᠎ᠠ > ᠮᠡᠳᠡᠭᠡᠯᠡᠯ

2022-03-24 09:33:44

ᠵᠣᠬᠢᠶᠠᠭ᠍ᠴᠢ᠄ ᠰᠠᠴᠤᠷᠠᠯ ᠣᠩᠱᠢᠭ᠍ᠰᠠᠨ ᠣᠳᠠᠭ᠎ᠠ᠄ 3

ᠥᠪᠥᠷ ᠮᠣᠩᠭᠣᠯ᠎ᠤᠨ ᠣᠶ ᠱᠢᠭᠤᠶ᠎ᠶ᠋ᠢᠨ ᠭᠠᠯ ᠰᠡᠷᠭᠡᠢᠯᠡᠵᠦ ᠭᠠᠯ ᠤᠨᠲᠠᠷᠠᠭᠠᠬᠤ ᠶᠡᠷᠦᠩᠬᠡᠶ ᠠᠩᠭᠢ ᠪᠥᠬᠥ᠌ ᠤᠯᠤᠰ᠎ᠤᠨ《ᠬᠣᠶᠠᠷ ᠬᠤᠷᠠᠯ》 ᠎ᠤ᠋ᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠸᠢᠳᠢᠣ᠋ ᠬᠤᠷᠠᠯ ᠬᠤᠷᠠᠯᠳᠤᠭᠤᠯᠪᠠ

ᠣᠢᠷ᠎ᠠ ᠎ᠳᠤ ᠥᠪᠥᠷ ᠮᠣᠩᠭᠣᠯ᠎ᠤᠨ ᠣᠶ ᠱᠢᠭᠤᠶ ᠎ᠶ᠋ᠢᠨ ᠭᠠᠯ ᠰᠡᠷᠭᠡᠢᠯᠡᠵᠦ ᠭᠠᠯ ᠤᠨᠲᠠᠷᠠᠭᠠᠬᠤ ᠶᠡᠷᠦᠩᠬᠡᠶ ᠠᠩᠭᠢ ᠪᠥᠬᠥ᠌ ᠤᠯᠤᠰ ᠎ᠤᠨ 《ᠬᠣᠶᠠᠷ ᠬᠤᠷᠠᠯ》 ᠎ᠤ᠋ᠨ ᠵᠣᠷᠢᠭ ᠰᠠᠨᠠᠭ᠎ᠠ ᠎ᠶ᠋ᠢ ᠰᠤᠷᠤᠯᠴᠠᠨ ᠲᠤᠭᠤᠱᠢᠯᠠᠭᠤᠯᠬᠤ ᠲᠤᠰᠭᠠᠶ ᠰᠡᠳᠦᠪᠲᠦ ᠸᠢᠳᠢᠣ᠋ ᠬᠤᠷᠠᠯ ᠬᠤᠷᠠᠯᠳᠤᠭᠤᠯᠵᠤ᠂ ᠰᠤᠷᠤᠯᠴᠠᠨ ᠲᠤᠭᠤᠰᠢᠯᠠᠭᠤᠯᠬᠤ ᠪᠤᠲᠠᠲᠠᠢ ᠱᠠᠭᠠᠷᠳᠠᠯᠭ᠎ᠠ᠎ᠶᠢ ᠪᠠᠢᠷᠢᠯᠠᠭᠤᠯᠪᠠ᠃

ᠬᠤᠷᠠᠯ ᠳᠡᠭᠡᠷ᠎ᠡ ᠂ 《ᠬᠣᠶᠠᠷ ᠬᠤᠷᠠᠯ》 ᠎ᠳ᠋ᠠᠬᠢ ᠪᠠᠴᠢᠮ ᠪᠠᠢᠳᠠᠯ ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠠᠵᠢᠯ᠎ᠳᠠᠬᠢ 《ᠭᠠᠮᠱᠢᠭ ᠎ᠢ ᠰᠡᠷᠭᠡᠢᠯᠡᠵᠦ᠍ ᠭᠠᠮᠱᠢᠭ᠎ᠢ ᠪᠠᠭᠠᠰᠭᠠᠵᠤ ᠭᠠᠮᠱᠢᠭ᠎ᠡᠴᠡ ᠠᠪᠤᠷᠬᠠᠸ᠋ ᠪᠠ ᠪᠠᠴᠢᠮ ᠪᠠᠢᠳᠠᠯ ᠎ᠢ ᠠᠷᠭᠠᠴᠠᠭᠠᠵᠤ ᠠᠪᠤᠷᠠᠨ ᠲᠤᠰᠠᠯᠠᠬᠤ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠦᠶᠡᠷ ᠤᠰᠤᠲᠤᠯ ᠭᠠᠩ ᠬᠠᠭ᠍ᠰᠠᠷᠠᠭᠠᠨ᠂ ᠣᠶ ᠱᠢᠭᠤᠶ ᠨᠤᠲᠤᠭ ᠪᠡᠯᠴᠢᠭᠡᠷ ᠎ᠦᠨ ᠲᠦᠶ᠋ᠮᠡᠷ ᠎ᠦᠨ ᠭᠠᠮᠱᠢᠭ᠂ ᠭᠠᠵᠠᠷ ᠱᠢᠨᠵᠢᠯᠡᠭᠡᠨ ᠎ᠦ ᠭᠠᠮᠱᠢᠭ ᠂ ᠭᠠᠵᠠᠷ ᠬᠥᠳᠡᠯᠦᠯᠲᠡ ᠵᠡᠷᠭᠡ᠎ᠶᠢᠨ ᠰᠡᠷᠭᠡᠢᠯᠡᠯᠲᠡ ᠪᠠ ᠴᠠᠭ ᠠᠭᠤᠷ ᠎ᠤᠨ ᠦᠶ᠋ᠯᠡᠴᠢᠯᠡᠭᠡ ᠎ᠶ᠋ᠢ ᠰᠠᠢᠲᠤᠷ ᠬᠢᠬᠦ᠌》 ᠲᠤᠬᠠᠢ ᠴᠢᠬᠤᠯᠠ ᠲᠣᠬᠢᠷᠠᠭᠤᠯᠤᠯᠲᠠ᠎ᠶᠢ ᠤᠯᠠᠮᠵᠢᠯᠠᠪᠠ᠃ ᠬᠤᠷᠠᠯ᠎ᠡᠴᠡ᠂ ᠡᠯ᠎ᠡ ᠱᠠᠲᠤᠨ ᠎ᠤ᠎ᠬᠢᠨ ᠪᠥᠬᠥ᠌ ᠤᠯᠤᠰ᠎ᠤᠨ 《ᠬᠣᠶᠠᠷ ᠬᠤᠷᠠᠯ》᠎ᠤ᠋ᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠎ᠶ᠋ᠢ ᠣᠳᠣᠬᠠᠨ ᠎ᠤ ᠪᠠ ᠬᠣᠢᠱᠢᠳᠠ᠎ᠶ᠋ᠢᠨ ᠬᠡᠰᠡᠭ ᠬᠤᠭᠤᠴᠠᠭᠠᠨ᠎ᠤ ᠴᠢᠬᠤᠯᠠ ᠶᠡᠬᠡ ᠤᠯᠤᠰ ᠲᠥᠷᠥ ᠎ᠶ᠋ᠢᠨ ᠡᠭᠦᠷᠭᠡ ᠪᠣᠯᠭᠠᠵᠤ ᠂ ᠱᠢᠰᠲ᠋ᠧᠮ᠎ᠲᠡᠶ ᠰᠤᠷᠤᠯᠴᠠᠵᠦ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ ᠎ᠶ᠋ᠢᠨ ᠴᠢᠬᠤᠯᠠ ᠶᠠᠷᠢᠶᠠᠨ ᠎ᠤ ᠵᠣᠷᠢᠭ ᠰᠠᠨᠠᠭ᠎ᠠ ᠎ᠳᠤ ᠵᠢᠭᠠᠵᠤ ᠭᠠᠷᠭᠠᠭ᠍ᠰᠠᠨ《ᠭᠤᠷᠪᠠᠨ ᠶᠡᠬᠡ ᠶᠠᠪᠤᠳᠠᠯ》 ᠵᠢᠴᠢ ᠵᠠᠰᠠᠭ᠎ᠤᠨ ᠣᠷᠳᠣᠨ ᠎ᠤ ᠠᠵᠢᠯ᠎ᠤᠨ ᠢᠯᠡᠳᠭᠡᠯ ᠵᠡᠷᠭᠡ᠎ᠶᠢ ᠰᠤᠷᠤᠯᠴᠠᠨ ᠣᠢᠯᠠᠭᠠᠬᠤ᠎ᠶ᠋ᠢ ᠦᠷᠭᠦᠯᠵᠢᠯᠡᠨ ᠭᠦᠨᠵᠡᠭᠡᠶ ᠰᠠᠢᠲᠤᠷ ᠠᠳᠭᠤᠬᠤ ᠬᠡᠷᠡᠭ᠌ᠲᠡᠶ; ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠰᠤᠷᠤᠯᠴᠠᠵᠤ᠂ ᠪᠥᠬᠥ᠌ ᠣᠷᠣᠨ᠎ᠤ ᠤᠳᠠᠯ ᠥᠬᠡᠶ ᠬᠠᠪᠤᠷ᠎ᠤᠨ ᠤᠯᠠᠷᠢᠯ᠎ᠤᠨ ᠭᠠᠯ ᠰᠡᠷᠭᠡᠢᠯᠡᠬᠦ᠌ ᠬᠤᠭᠤᠴᠠᠭᠠᠨ᠎ᠳᠤ ᠣᠷᠣᠬᠤ ᠭᠡᠵᠦ᠍ ᠪᠠᠢᠭ᠎ᠠ ᠪᠣᠳᠠᠲᠤ ᠪᠠᠢᠳᠠᠯ᠎ᠳᠤ ᠴᠢᠭ᠌ᠯᠡᠭᠦᠯᠦᠨ᠂ ᠡᠯ᠎ᠡ ᠱᠠᠲᠤᠨ᠎ᠤ᠎ᠬᠢᠨ ᠡᠭᠦᠷᠭᠡ᠎ᠪᠡᠨ ᠭᠦᠶ᠋ᠴᠡᠳᠭᠡᠬᠦ᠌ ᠡᠯ᠎ᠡ ᠵᠦᠶ᠋ᠯ᠎ᠦᠨ ᠪᠡᠯᠡᠳᠭᠡᠯ᠎ᠢ ᠨᠠᠷᠢᠨ ᠨᠢᠮᠪᠠᠶ ᠰᠠᠢᠲᠤᠷ ᠬᠢᠵᠦ᠍᠂ ᠡᠳ᠋ ᠪᠣᠳᠠᠰ᠎ᠤᠨ ᠨᠥᠭᠡᠴᠡᠯᠡᠯᠲᠡ᠎ᠶ᠋ᠢ ᠰᠠᠢᠲᠤᠷ ᠬᠢᠵᠦ᠍᠂ ᠡᠯ᠎ᠡ ᠲᠥᠷᠥᠯ ᠎ᠦᠨ ᠭᠡᠨᠡᠳᠲᠡ᠎ᠶ᠋ᠢᠨ ᠪᠠᠴᠢᠮ ᠡᠭᠦᠷᠭᠡ ᠎ᠶ᠋ᠢ ᠠᠷᠭᠠᠴᠠᠭᠠᠬᠤ᠎ᠪᠠᠷ ᠴᠠᠭ ᠢᠮᠠᠭ᠍ᠲᠠ ᠪᠡᠯᠡᠬᠡᠨ ᠪᠠᠢᠵᠤ᠂ ᠠᠵᠢᠯ᠎ᠤᠨ ᠪᠣᠳᠠᠲᠤ ᠠᠮᠵᠢᠯᠲᠠ᠎ᠪᠠᠷ᠎ᠢᠶᠠᠨ ᠰᠤᠷᠤᠯᠴᠠᠯᠭ᠎ᠠ᠎ᠶ᠋ᠢᠨ ᠦᠷ᠎ᠡ ᠪᠦᠲᠦᠮᠵᠢ᠎ᠪᠡᠨ ᠱᠢᠯᠭᠠᠨ ᠪᠠᠢᠴᠠᠭᠠᠬᠤ ᠬᠡᠷᠡᠭ᠌ᠲᠡᠶ ᠭᠡᠵᠦ ᠱᠠᠭᠠᠷᠳᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面