ᠱᠢᠨ᠎᠎ᠡ ᠴᠠᠭ ᠦᠶ᠎ᠡ᠎ᠳ᠋ᠦ᠍ ᠭᠠᠪᠢᠶ᠎ᠠ ᠪᠠᠢᠭᠤᠯᠤᠶ᠎ᠠ > ᠮᠡᠳᠡᠭᠡᠯᠡᠯ

2022-03-22 09:30:40

ᠵᠣᠬᠢᠶᠠᠭ᠍ᠴᠢ᠄ ᠪᠤᠤ ᠢᠤᠢ ᠶᠢᠡᠭ ᠣᠩᠱᠢᠭ᠍ᠰᠠᠨ ᠣᠳᠠᠭ᠎ᠠ᠄ 3

ᠲᠦᠷᠦᠬᠦᠬᠡᠨ ᠥᠪᠡᠷᠲᠡᠭᠡᠨ ᠵᠠᠰᠠᠬᠤ ᠣᠷᠣᠨ ᠎ᠤ ᠦᠨᠳᠦᠰᠦᠲᠡᠨ ᠎ᠦ ᠬᠡᠷᠡᠭ ᠡᠷᠭᠢᠯᠡᠬᠦ᠌ ᠵᠥᠪᠯᠡᠯ ᠨᠠᠮ᠎ᠤᠨ ᠤᠳᠤᠷᠢᠳᠭᠤ ᠳᠤᠭᠤᠢᠯᠠᠩ᠎ᠤᠨ ᠬᠤᠷᠠᠯ ᠬᠢᠵᠤ᠂ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠪᠣᠯᠤᠨ ᠪᠥᠬᠥ᠌ ᠤᠯᠤᠰ᠎ᠤᠨ 《ᠬᠣᠶᠠᠷ ᠬᠤᠷᠠᠯ》᠎ᠤ᠋ᠨ ᠵᠣᠷᠢᠭ ᠰᠠᠨᠠᠭ᠎ᠠ ᠎ᠶ᠋ᠢ ᠤᠯᠠᠮᠵᠢᠯᠠᠨ ᠰᠤᠷᠤᠯᠴᠠᠵᠠᠢ᠃

ᠬᠤᠷᠠᠯ ᠎ᠠᠴᠠ᠂ ᠪᠥᠬᠥ᠌ ᠣᠷᠣᠨ ᠎ᠤ ᠦᠨᠳᠦᠰᠦᠲᠡᠨ ᠎ᠦ ᠬᠡᠷᠡᠭ ᠡᠷᠭᠢᠯᠡᠬᠦ᠌ ᠵᠥᠪᠯᠡᠯ ᠎ᠦᠨ ᠱᠢᠰᠲ᠋ᠧᠮ᠎ᠦᠨ᠎ᠬᠢᠨ ᠶᠡᠷᠦᠩᠬᠡᠶ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌ ᠲᠤᠬᠠᠶ ᠴᠢᠬᠤᠯᠠ ᠵᠢᠭᠠᠪᠤᠷᠢ ᠱᠠᠭᠠᠷᠳᠠᠯᠭ᠎ᠠ᠎ᠶ᠋ᠢ ᠭᠦᠨᠵᠡᠭᠡᠶ ᠤᠢᠯᠠᠭᠠᠨ᠂ ᠤᠯᠤᠰ ᠲᠥᠷᠥ᠍ ᠪᠠ ᠪᠥᠬᠥ᠌ ᠲᠠᠯ᠎ᠠ ᠎ᠶ᠋ᠢᠨ ᠦᠨᠳᠦᠷᠴᠡ ᠎ᠠᠴᠠ ᠦᠨᠳᠦᠰᠦᠲᠡᠨ ᠎ᠦ ᠠᠵᠢᠯ ᠎ᠳᠤ ᠬᠠᠨᠳᠤᠵᠤ ᠂ ᠦᠨᠡᠨ ᠬᠦ᠌ ᠳᠡᠭᠡᠳᠦ ᠬᠡᠮᠵᠢᠶᠡᠨ ᠎ᠦ ᠤᠯᠤᠰ ᠲᠥᠷᠥ ᠎ᠶ᠋ᠢᠨ ᠤᠬᠠᠮᠰᠠᠷ᠂ ᠪᠠᠲᠤ ᠴᠢᠩᠭ᠎ᠠ ᠬᠠᠷᠢᠭᠤᠴᠠᠯᠭ᠎ᠠ ᠡᠭᠦᠷᠭᠡᠯᠡᠯ ᠎ᠢᠶᠡᠷ ᠱᠢᠨ᠎ᠡ ᠴᠠᠭ ᠦᠶ᠎ᠡ ᠎ᠶ᠋ᠢᠨ ᠨᠠᠮ ᠎ᠤᠨ ᠦᠨᠳᠦᠰᠦᠲᠡᠨ ᠎ᠦ ᠠᠵᠢᠯ ᠎ᠤᠨ ᠴᠢᠨᠠᠷ ᠰᠠᠢᠲᠠᠶ ᠬᠥᠭ᠌ᠵᠢᠯᠲᠡ ᠎ᠶ᠋ᠢ ᠠᠬᠢᠭᠤᠯᠬᠤ ᠬᠡᠷᠡᠭ᠌ᠲᠡᠶ᠃ ᠤᠷᠢᠬᠠᠨ ᠰᠠᠯᠬᠢ ᠥᠭ᠌ᠭᠢᠶᠡᠮᠦᠷ ᠬᠤᠷ᠎ᠠ ᠎ᠪᠠᠷ ᠦᠨᠳᠦᠰᠦᠲᠡᠨ ᠎ᠦ ᠪᠦᠯᠬᠦᠮᠳᠡᠯ ᠳᠠᠪᠱᠢᠯᠲᠠ ᠎ᠶ᠋ᠢᠨ ᠬᠥᠮᠦᠵᠢᠯ᠎ᠢ ᠪᠣᠳᠠᠲᠠᠶ ᠭᠦᠨᠵᠡᠭᠡᠶ ᠥᠷᠨᠢᠭᠦᠯᠤᠨ᠂ ᠦᠨᠳᠦᠰᠦᠲᠡᠨ᠎ᠨᠦᠭᠦᠳ ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡᠨ ᠪᠣᠳᠠᠲᠤ ᠶᠠᠪᠤᠳᠠᠯ᠎ᠢ ᠭᠦᠨᠵᠡᠭᠡᠶ ᠠᠭᠤᠳᠠᠯᠵᠤ ᠡᠮᠬᠢᠳᠭᠡᠨ ᠤᠬᠠᠭᠤᠯᠵᠤ᠂ ᠦᠨᠳᠦᠰᠦᠲᠡᠨ᠎ᠨᠦᠭᠦᠳ ᠎ᠦᠨ ᠣᠯᠠᠨ ᠲᠦᠮᠡᠨ ᠎ᠢ ᠬᠥᠲᠥᠯᠥᠨ ᠵᠢᠯᠣᠭᠣᠳᠴᠤ᠌ ᠪᠠᠢᠭᠠᠳ ᠵᠢᠷᠭᠠᠯ ᠵᠣᠪᠠᠯᠠᠩ᠎ᠢᠶᠠᠨ ᠬᠠᠮᠲᠤᠳᠭᠠᠬᠤ᠂ ᠠᠯᠳᠠᠷ ᠭᠤᠳᠤᠮᠰᠢᠬ ᠵᠢᠡᠨ ᠬᠠᠮᠳᠤᠳᠬᠠᠬᠤ᠂ ᠦᠬᠦᠵᠦ᠍ ᠰᠡᠭᠡᠬᠦ᠌ ᠎ᠪᠡᠨ ᠬᠠᠮᠲᠤᠳᠭᠠᠬᠤ᠂ ᠬᠤᠪᠢ ᠵᠠᠶᠠᠭ᠎ᠠ ᠎ᠪᠠᠨ ᠬᠠᠮᠲᠤᠳᠭᠠᠬᠤ ᠬᠠᠮᠲᠤ ᠎ᠶ᠋ᠢᠨ ᠴᠣᠭ᠍ᠴᠠ ᠎ᠶ᠋ᠢᠨ ᠣᠢᠯᠠᠭᠠᠭ᠍ᠳᠠᠬᠤᠨ ᠎ᠢ ᠪᠠᠲᠤ ᠪᠣᠶ ᠪᠣᠯᠭᠠᠬᠤ ᠬᠡᠷᠡᠭ᠌ᠲᠡᠶ ᠬᠡᠵᠤ ᠱᠠᠭᠠᠷᠲᠠᠪᠠ᠃

ᠬᠤᠷᠠᠯ ᠡᠴᠠ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ ᠎ᠶ᠋ᠢ ᠡᠭᠦᠳᠦᠨ ᠪᠠᠢᠭᠤᠯᠬᠤ ᠠᠵᠢᠯ ᠎ᠢ ᠦᠨᠡᠨ ᠪᠣᠳᠠᠲᠠᠢ ᠪᠥᠭᠡᠳ ᠪᠦᠲᠦᠮᠵᠢᠲᠡᠢ ᠰᠠᠢᠲᠤᠷ ᠠᠳᠭᠤᠠ᠂ ᠡᠯ᠎ᠡ ᠵᠦᠢᠯ ᠎ᠦᠨ ᠠᠵᠢᠯ᠎ᠤᠨ ᠠᠷᠭ᠎ᠠ ᠬᠡᠮᠵᠢᠶ᠎ᠡ᠎ᠶ᠋ᠢ ᠨᠠᠷᠢᠯᠢᠬ᠍ᠵᠢᠭᠤᠯᠤᠨ ᠪᠣᠳᠠᠲᠠᠢᠵᠢᠭᠤᠯᠵᠤ᠂ ᠦᠨᠳᠦᠰᠦᠲᠡᠨ ᠎ᠨᠦᠭᠦᠳ ᠎ᠦᠨ ᠤᠯᠠᠨ ᠲᠦᠮᠡᠨ ᠎ᠦ ᠳᠤᠮᠳᠠᠳᠤ ᠎ᠶ᠋ᠢᠨ ᠦᠨᠳᠦᠰᠦᠲᠡᠨ ᠎ᠦ ᠶᠡᠬᠡ ᠭᠡᠷ ᠪᠦᠯᠢ ᠎ᠳᠦ ᠠᠨᠠᠷ ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠵᠦ᠍᠂ ᠡᠶ᠎ᠡ ᠨᠠᠢᠷᠲᠠᠢ ᠎ᠪᠠᠷ ᠬᠠᠮᠲᠤ ᠣᠷᠣᠱᠢᠨ᠂ ᠰᠡᠳᠭᠢᠯ ᠨᠢᠭᠡᠳᠦᠨ ᠬᠦᠴᠦ᠍ ᠎ᠪᠡᠨ ᠬᠠᠮᠲᠤᠳᠭᠠᠵᠤ᠂ ᠡᠶ᠎ᠡ ᠵᠣᠬᠢᠴᠠᠩᠭᠤᠢ ᠎ᠪᠠᠷ ᠬᠥᠭ᠌ᠵᠢᠬᠦ᠌ ᠎ᠶ᠋ᠢ ᠠᠬᠢᠭᠤᠯᠵᠤ ᠂ ᠰᠠᠢ᠌ᠨ ᠰᠠᠢᠬᠠᠨ ᠭᠡᠷ ᠣᠷᠣᠨ ᠎ᠢᠶᠠᠨ ᠬᠠᠮᠲᠤ ᠎ᠪᠠᠷ ᠪᠦᠲᠦᠭᠡᠨ ᠪᠠᠢᠭᠤᠯᠵᠤ᠂ ᠰᠠᠢ᠌ᠨ ᠰᠠᠢᠬᠠᠨ ᠠᠮᠢᠳᠤᠷᠠᠯ᠎ᠢᠶᠠᠨ ᠬᠠᠮᠲᠤ ᠎ᠪᠠᠷ ᠴᠣᠭ᠍ᠴᠠᠯᠠᠬᠤ ᠬᠡᠷᠡᠭ᠌ᠲᠡᠢ᠃ ᠳᠤᠮᠳᠠᠳᠤ ᠎ᠶ᠋ᠢᠨ ᠦᠨᠳᠦᠰᠦᠲᠡᠨ᠎ᠦ ᠬᠠᠮᠲᠤ ᠎ᠶ᠋ᠢᠨ ᠴᠣᠭ᠍ᠴᠠ ᠎ᠶ᠋ᠢᠨ ᠤᠬᠠᠮᠰᠠᠷ ᠎ᠢ ᠪᠠᠲᠤ ᠴᠣᠭ᠍ᠴᠠᠯᠠᠬᠤ ᠠᠵᠢᠯ ᠎ᠤᠨ ᠱᠠᠭᠠᠷᠳᠠᠯᠭ᠎ᠠ ᠎ᠶ᠋ᠢ ᠦᠨᠳᠦᠰᠦᠲᠡᠨ ᠎ᠦ ᠠᠵᠢᠯ ᠎ᠤᠨ ᠡᠯ᠎ᠡ ᠲᠠᠯ᠎ᠠ ᠎ᠳᠤ ᠲᠤᠭᠤᠱᠢᠯᠠᠭᠤᠯᠤᠨ ᠨᠠᠢᠳᠠᠪᠤᠷᠢᠵᠢᠭᠤᠯᠵᠤ ᠂ ᠨᠠᠮ ᠎ᠤᠨ ᠦᠨᠳᠦᠰᠦᠲᠡᠨ ᠎ᠦ ᠤᠨᠤᠯ ᠪᠠ ᠦᠨᠳᠦᠰᠦᠲᠡᠨ ᠎ᠦ ᠲᠦᠷᠦ᠍ ᠎ᠶ᠋ᠢᠨ ᠪᠤᠳᠤᠯᠭ᠎ᠠ ᠎ᠶ᠋ᠢ ᠪᠦᠷᠢᠨ ᠪᠦᠲᠦᠨ ᠵᠥᠪ ᠣᠨᠣᠪᠴᠢᠲᠠᠢ ᠤᠢ᠍ᠢᠯᠠᠭᠠᠨ ᠲᠤᠭᠤᠱᠢᠯᠠᠭᠤᠯᠵᠤ᠂ ᠡᠯ᠎ᠡ ᠵᠦᠢᠯ ᠎ᠦᠨ ᠠᠵᠢᠯ ᠎ᠢᠶᠠᠨ ᠭᠦᠨᠵᠡᠭᠡᠢ ᠨᠠᠷᠢᠯᠢᠭ ᠪᠣᠳᠠᠲᠠᠢ ᠬᠢᠵᠦ᠍᠂ ᠦᠷ᠎ᠡ ᠪᠦᠲᠦᠮᠵᠢ ᠭᠠᠷᠭᠠᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠎ᠶ᠋ᠢᠨ ᠴᠣᠭ᠍ᠴᠠ ᠎ᠶ᠋ᠢᠨ ᠦᠵᠡᠯ ᠰᠠᠨᠠᠭᠠᠨ ᠎ᠤ ᠰᠠᠭᠤᠷᠢ ᠎ᠶ᠋ᠢ ᠲᠠᠰᠤᠷᠠᠯᠳᠠ ᠦᠭᠡᠢ ᠪᠡᠬᠢᠵᠢᠭᠦᠯᠵᠦ᠍᠂ ᠡᠭᠡ ᠤᠯᠤᠰ ᠎ᠤᠨ ᠤᠮᠠᠷᠠᠲᠤ ᠎ᠶ᠋ᠢᠨ ᠦᠵᠡᠮᠵᠢ ᠎ᠶ᠋ᠢᠨ ᠣᠷᠣᠨ᠎ᠢ ᠨᠡᠩ ᠦᠵᠡᠰᠭᠦᠯᠡᠩᠲᠦ ᠰᠠᠢᠬᠠᠨ ᠪᠣᠯᠭᠠᠨ ᠪᠦᠳᠦᠭᠡᠨ ᠪᠠᠢᠭᠤᠯᠬᠤ ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠤᠨ᠂ ᠪᠣᠳᠠᠲᠤ ᠠᠵᠢᠯᠯᠠᠭ᠎ᠠ ᠎ᠪᠠᠷ ᠎ᠢᠶᠠᠨ ᠨᠠᠮ ᠎ᠤᠨ ᠬᠣᠷᠢᠳᠤᠭᠠᠷ ᠶᠡᠬᠡ ᠬᠤᠷᠠᠯ ᠎ᠤᠨ ᠠᠮᠵᠢᠯᠲᠠ ᠎ᠲᠠᠶ ᠬᠤᠷᠠᠯᠳᠤᠬᠤ ᠎ᠶ᠋ᠢ ᠤᠭ᠍ᠲᠤᠬᠤ ᠬᠡᠷᠡᠭ᠌ᠲᠡᠢ ᠬᠡᠵᠤ ᠴᠢᠬᠤᠯᠠᠴᠢᠯᠠᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面