ᠱᠢᠨ᠎᠎ᠡ ᠴᠠᠭ ᠦᠶ᠎ᠡ᠎ᠳ᠋ᠦ᠍ ᠭᠠᠪᠢᠶ᠎ᠠ ᠪᠠᠢᠭᠤᠯᠤᠶ᠎ᠠ > ᠮᠡᠳᠡᠭᠡᠯᠡᠯ

2022-03-22 09:54:41

ᠵᠣᠬᠢᠶᠠᠭ᠍ᠴᠢ᠄ ​ ᠸᠠᠩ ᠲᠠᠨ᠎ᠠ ᠣᠩᠱᠢᠭ᠍ᠰᠠᠨ ᠣᠳᠠᠭ᠎ᠠ᠄ 3

ᠲᠦᠷᠦᠬᠦᠬᠡᠨ ᠥᠪᠡᠷᠲᠡᠭᠡᠨ ᠵᠠᠰᠠᠬᠤ ᠣᠷᠣᠨ ᠺᠠᠳ᠋ᠷᠴᠤᠳ᠎ᠤᠨ ᠶᠡᠬᠡ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ᠂ ᠪᠦᠬᠦ ᠤᠯᠤᠰ᠎ᠤᠨ《ᠬᠤᠶᠠᠷ ᠬᠤᠷᠠᠯ》 ᠤ᠋ᠨ ᠵᠤᠷᠢᠭ ᠰᠠᠨᠠᠭ᠎ᠠ ᠵᠢ ᠤᠯᠠᠮᠵᠢᠯᠠᠨ ᠳᠤᠭᠤᠰᠢᠯᠠᠭᠤᠯᠪᠠ᠃ ᠤᠯᠠᠭᠠᠨᠬᠠᠳᠠ ᠬᠤᠳᠠ ᠬᠣᠲᠠ ᠱᠢᠶᠠᠨ ᠬᠣᠶᠠᠷ ᠱᠠᠲᠤᠨ᠎ᠤ ᠤᠳᠤᠷᠢᠳᠭᠤ ᠺᠠᠳ᠋ᠷᠴᠤᠳ᠎ᠵᠢᠡᠨ ᠵᠤᠬᠢᠶᠠᠨ ᠪᠠᠢᠭᠤᠯᠵᠦ ᠸᠢᠳᠢᠣ᠋ ᠪᠡᠷ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠵᠠᠢ᠃ ᠶᠡᠬᠡ ᠬᠤᠷᠠᠯ ᠳᠠᠭᠤᠰᠤᠭᠰᠠᠨ᠎ᠤ ᠳᠠᠷᠠᠭ᠎ᠠ᠂ ᠬᠣᠲᠠ᠎ᠶ᠋ᠢᠨ ᠨᠠᠮ᠎ᠤᠨ ᠬᠣᠷᠢᠶᠠᠨ᠎ᠤ ᠱᠦᠵᠢ ᠸᠠᠨ ᠴᠤᠸ᠋ ᠴᠢ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠳᠤᠭᠤᠰᠢᠯᠠᠭᠤᠯᠬᠤ ᠲᠤᠬᠠᠶ ᠲᠣᠬᠢᠷᠠᠭᠤᠯᠤᠯᠲᠠ ᠬᠢᠵᠦ᠍᠂ ᠠᠵᠢᠯ᠎ᠤᠨ ᠱᠠᠭᠠᠷᠳᠠᠯᠭ᠎ᠠ ᠳᠤᠷᠠᠳᠪᠠ᠃

ᠬᠤᠷᠠᠯ᠎ᠡᠴᠡ᠂ ᠡᠯ᠎ᠡ ᠱᠠᠲᠤᠨ᠎ᠤ ᠨᠠᠮ᠎ᠤᠨ ᠬᠣᠷᠢᠶ᠎ᠠ(ᠨᠠᠮ᠎ᠤᠨ ᠤᠳᠤᠷᠢᠳᠭᠤ ᠳᠤᠭᠤᠢᠯᠠᠩ)ᠨᠠᠷᠢᠨ ᠨᠢᠮᠪᠠᠢ ᠵᠣᠬᠢᠶᠠᠨ ᠪᠠᠢᠭᠤᠯᠵᠤ᠂ ᠨᠠᠷᠢᠨ ᠨᠢᠮᠪᠠᠢ ᠲᠤᠬᠢᠷᠠᠭᠤᠯᠵᠤ᠂ ᠰᠤᠷᠤᠯᠴᠠᠨ ᠤᠬᠠᠭᠤᠯᠵᠤ ᠳᠤᠭᠤᠰᠢᠯᠠᠭᠤᠯᠬᠤ ᠬᠠᠯᠠᠭᠤᠨ ᠥᠷᠨᠢᠯᠲᠡ᠎ᠶ᠋ᠢ ᠦᠳᠲᠡᠷ ᠲᠦᠷᠭᠡᠨ ᠪᠤᠢ ᠪᠣᠯᠭᠠᠬᠤ ᠬᠡᠷᠡᠭ᠌ᠲᠡᠢ᠃ ᠡᠯ᠎ᠡ ᠱᠠᠲᠤᠨ᠎ᠤ ᠨᠠᠮ᠎ᠤᠨ ᠬᠣᠷᠢᠶ᠎ᠠ(ᠨᠠᠮ᠎ᠤᠨ ᠤᠳᠤᠷᠢᠳᠭᠤ ᠳᠤᠭᠤᠢᠯᠠᠩ)ᠵᠢᠨ ᠤᠨᠤᠯ ᠰᠤᠷᠤᠯᠴᠠᠬᠤ ᠭᠣᠣᠯ ᠳᠤᠭᠤᠢᠯᠠᠩ ᠲᠦᠷᠦᠭᠦᠯᠡᠨ ᠰᠤᠷᠤᠯᠴᠠᠵᠤ᠂ ᠡᠯ᠎ᠡ ᠱᠠᠲᠤᠨ᠎ᠤ ᠤᠳᠤᠷᠢᠳᠭᠤ ᠺᠠᠳ᠋ᠷ ᠰᠠᠢ᠌ᠨ ᠦᠯᠢᠭᠡᠷ ᠳᠠᠭᠤᠷᠢᠶᠠᠯ ᠪᠤᠯᠵᠤ᠂ ᠦᠢᠯᠡᠳᠦᠯ᠎ᠢᠶᠡᠨ ᠪᠠᠳᠠᠷᠠᠭᠤᠯᠵᠤ᠂ ᠤᠯᠠᠨ ᠵᠦᠢᠯ᠎ᠦᠨ ᠬᠡᠯᠪᠡᠷᠢ᠎ᠪᠡᠷ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ 《ᠬᠣᠶᠠᠷ ᠬᠤᠷᠠᠯ》᠎ᠤ᠋ᠨ ᠵᠣᠷᠢᠭ ᠰᠠᠨᠠᠭ᠎ᠠ ᠎ᠶ᠋ᠢ ᠰᠡᠳᠭᠢᠯ ᠵᠢᠷᠦᠬᠡᠨ᠎ᠳᠡᠭᠡᠨ ᠬᠠᠳᠠᠩᠱᠢᠭᠤᠯᠵᠤ᠂ ᠪᠣᠳᠠᠲᠠᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠠᠬᠢᠭᠤᠯᠬᠤ ᠬᠡᠷᠡᠭ᠌ᠲᠡᠢ᠃ ᠡᠯ᠎ᠡ ᠱᠠᠲᠤᠨ᠎ᠤ ᠨᠠᠮ᠎ᠤᠨ ᠰᠤᠷᠭᠠᠭᠤᠯᠢ(ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠂ ᠺᠠᠳ᠋ᠷ᠎ᠤᠨ ᠳᠡᠭᠡᠳᠦ ᠰᠤᠷᠭᠠᠭᠤᠯᠢ᠎ᠨᠤᠭᠤᠳ ᠺᠠᠳ᠋ᠷ᠎ᠤᠨ ᠬᠥᠮᠦᠵᠢᠯ ᠪᠣᠯᠪᠠᠰᠤᠷᠠᠯ ᠎ᠤᠨ ᠭᠣᠣᠯ ᠵᠢᠭ᠍ᠰᠠᠭᠠᠯ᠎ᠤᠨ ᠭᠠᠵᠠᠷ᠎ᠤᠨ ᠦᠢᠯᠡᠳᠦᠯ᠎ᠢ ᠭᠦᠢᠴᠡᠳ ᠪᠠᠳᠠᠷᠠᠭᠤᠯᠤᠨ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠵᠤ ᠰᠤᠳᠤᠯᠤᠨ ᠶᠠᠷᠢᠯᠴᠠᠬᠤ ᠪᠠ ᠡᠭᠡᠯᠵᠢᠯᠡᠨ ᠪᠣᠯᠪᠠᠰᠤᠷᠠᠭᠤᠯᠬᠤ ᠠᠵᠢᠯ᠎ᠢ ᠬᠢᠨᠠᠮᠠᠭᠠᠶ ᠰᠠᠢᠲᠤᠷ ᠬᠢᠵᠦ᠍᠂ ᠨᠠᠮ᠎ᠤᠨ ᠭᠡᠱᠢᠭᠦᠨ ᠺᠠᠳ᠋ᠷᠴᠤᠳ᠎ᠤᠨ《ᠲᠠᠪᠤᠨ ᠵᠠᠢᠯᠠᠰᠢ ᠦᠬᠡᠢ ᠵᠠᠮᠨᠠᠬᠤ ᠵᠠᠮ》ᠤ᠋ᠠ ᠭᠦᠨᠵᠡᠭᠡᠶ ᠠᠭᠤᠯᠤᠭ᠍ᠳᠠᠬᠤᠨ ᠪᠠ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠶ ᠰᠤᠷᠤᠯᠴᠠᠨ ᠣᠢᠯᠠᠭᠠᠬᠤ᠎ᠶ᠋ᠢ ᠠᠬᠢᠭᠤᠯᠬᠤ ᠬᠡᠷᠡᠭ᠌ᠲᠡᠶ᠃ ᠤᠯᠠᠨ ᠵᠦᠢᠯ᠎ᠦᠨ ᠬᠡᠯᠪᠡᠷᠢ᠎ᠪᠡᠷ ᠭᠦᠨᠵᠡᠭᠡᠢ ᠲᠣᠳᠣᠷᠬᠠᠢᠯᠠᠨ ᠲᠠᠢᠯᠪᠤᠷᠢᠯᠠᠵᠤ᠂ ᠤᠬᠠᠭᠤᠯᠭ᠎ᠠ᠎ᠪᠠᠨ ᠴᠢᠩᠭᠠᠳᠭᠠᠵᠤ᠂ ᠦᠨᠳᠦᠰᠦᠲᠡᠨ᠎ᠨᠦᠭᠦᠳ᠎ᠦᠨ ᠺᠠᠳ᠋ᠷ ᠨᠠᠷ ᠤᠯᠠᠨ ᠲᠦᠮᠡᠨ᠎ᠳᠦ ᠶᠡᠷᠦᠩᠬᠡᠢ ᠱᠦᠵᠢ ᠰᠢ᠎ᠶ᠋ᠢᠨ ᠫᠢᠩ ᠪᠣᠯᠤᠨ ᠨᠠᠮ᠎ᠤᠨ ᠲᠥᠪ ᠬᠣᠷᠢᠶ᠎ᠠ᠎ᠠᠴᠠ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠢ ᠬᠠᠯᠠᠮᠵᠢᠯᠠᠵᠤ ᠪᠠᠢᠭ᠎ᠠ᠎ᠶ᠋ᠢ ᠭᠦᠢᠴᠡᠳ ᠣᠢᠯᠠᠭᠠᠭᠤᠯᠵᠤ᠂ ᠭᠦᠨᠵᠡᠭᠡᠢ ᠴᠡᠭᠡᠵᠢᠯᠡᠭᠦᠯᠬᠦ᠌ ᠬᠡᠷᠡᠭ᠌ᠲᠡᠢ ᠭᠡᠵᠦ ᠵᠢᠭᠠᠵᠤ ᠭᠠᠷᠭᠠᠵᠠᠢ᠃

ᠬᠤᠷᠠᠯ᠎ᠡᠴᠡ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠶᠡᠷᠦᠩᠬᠡᠢ ᠱᠦᠵᠢ ᠰᠢ᠎ᠶ᠋ᠢᠨ ᠫᠢᠩ᠎ᠦᠨ ᠴᠢᠬᠤᠯᠠ ᠶᠠᠷᠢᠶᠠᠨ᠎ᠦ ᠵᠣᠷᠢᠭ ᠰᠠᠨᠠᠭ᠎ᠠ ᠪᠣᠯᠤᠨ ᠪᠦᠬᠦ᠌ ᠤᠯᠤᠰ᠎ᠦᠨ 《 ᠬᠣᠶᠠᠷ ᠬᠤᠷᠠᠯ 》᠎ᠦᠨ ᠵᠣᠷᠢᠭ ᠰᠠᠨᠠᠭ᠎ᠠ᠎ᠶ᠋ᠢ ᠤᠯᠠᠭᠠᠨᠬᠠᠳᠠ᠎ᠶ᠋ᠢᠨ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠪᠣᠳᠠᠲᠤ ᠦᠢᠯᠡᠳᠦᠯᠭᠡ ᠵᠢᠨ ᠳᠤᠮᠳᠠ ᠨᠠᠢᠳᠠᠪᠤᠷᠢᠵᠢᠭᠤᠯᠬᠤ ᠬᠡᠷᠡᠭ᠌ᠲᠡᠢ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠳᠤ ᠴᠤᠬᠴᠠᠯᠠᠬᠤ᠎ᠶ᠋ᠢ ᠤᠯᠠᠭᠠᠨᠬᠠᠳᠠ ᠬᠤᠲᠠ᠎ᠶ᠋ᠢᠨ ᠠᠵᠢᠯ᠎ᠤᠨ ᠡᠯ᠎ᠡ ᠲᠠᠯ᠎ᠠ᠎ᠳᠤ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠦᠨᠳᠦᠰᠦᠲᠡᠨ᠎ᠦ ᠠᠵᠢᠯ᠎ᠤᠨ ᠬᠡᠯᠪᠡᠢᠬᠦᠦ ᠵᠢ ᠵᠠᠯᠠᠷᠠᠭᠤᠯᠬᠤ ᠵᠥᠪ ᠴᠢᠭ᠌ᠯᠡᠯ᠎ᠢ ᠦᠷᠭᠦᠯᠵᠢᠯᠡᠨ ᠭᠦᠨᠵᠡᠭᠡᠢ ᠠᠬᠢᠭᠤᠯᠵᠤ᠂ ᠦᠨᠳᠦᠰᠦᠲᠡᠨ᠎ᠦ ᠪᠦᠯᠬᠦᠮᠳᠡᠯ᠎ᠦᠨ ᠰᠠᠭᠤᠷᠢ᠎ᠶ᠋ᠢ ᠲᠠᠰᠤᠷᠠᠯᠲᠠ ᠦᠭᠡᠢ ᠪᠠᠲᠤᠳᠭᠠᠬᠤ ᠬᠡᠷᠡᠭ᠌ᠲᠡᠢ᠃ ᠲᠣᠭ᠍ᠲᠠᠭᠤᠨ ᠪᠠᠢᠯᠭᠠᠬᠤ᠎ᠶ᠋ᠢ ᠲᠡᠷᠢᠭᠦᠨ᠎ᠳᠦ ᠲᠠᠯᠪᠢᠬᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠰᠢᠬᠤ᠎ᠶ᠋ᠢ ᠪᠠᠷᠢᠮᠲᠠᠯᠠᠵᠤ᠂ ᠭᠣᠣᠯᠳᠠᠯᠭ᠎ᠠ᠎ᠲᠠᠶ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ᠎ᠶ᠋ᠢ ᠪᠦᠬᠦ᠌ ᠬᠦᠴᠦᠨ᠎ᠢᠶᠡᠷ᠎ᠢᠶᠡᠨ ᠰᠠᠢᠲᠤᠷ ᠠᠳᠭᠤᠵᠤ᠂ ᠲᠤᠯᠭᠠᠮ ᠰᠡᠳᠭᠢᠯᠭᠡ᠂ ᠲᠦᠭ᠌ᠰᠢᠭᠦᠷᠢᠲᠦ ᠰᠡᠳᠭᠢᠯᠭᠡ᠎ᠪᠡᠨ ᠨᠡᠮᠡᠭ᠌ᠳᠡᠭᠦᠯᠵᠦ᠍᠂ ᠲᠡᠷᠢᠭᠦᠨ᠎ᠦ ᠬᠢ᠎ᠲᠡᠶ ᠬᠠᠷᠢᠴᠠᠭᠤᠯᠵᠤ᠂ ᠵᠥᠷᠢᠶ᠎ᠡ᠎ᠪᠡᠨ ᠡᠷᠢᠵᠦ᠍᠂ ᠳᠠᠷᠤᠯᠲᠠ ᠵᠢ ᠳᠠᠮᠵᠢᠭᠤᠯᠵᠦ ᠡᠷᠡᠯᠬᠡᠭ᠌ᠯᠡᠨ ᠤᠷᠤᠭ᠍ᠰᠢᠯᠠᠵᠤ᠂ ᠳᠤᠲᠠᠭᠤᠳᠠᠯ᠎ᠢᠶᠠᠨ ᠨᠥᠬᠥᠪᠥᠷᠢᠯᠡᠵᠦ᠍᠂ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ᠎ᠶ᠋ᠢᠨ ᠬᠤᠷᠳᠤᠴᠠ᠎ᠶ᠋ᠢ ᠲᠦᠷᠭᠡᠳᠭᠡᠵᠦ᠍ ᠶᠠᠰᠤ ᠴᠢᠨᠠᠷ᠎ᠢ ᠳᠡᠭᠡᠭ᠌ᠰᠢᠯᠡᠭᠦᠯᠵᠦ᠍ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠎ᠶ᠋ᠢ ᠠᠬᠢᠭᠤᠯᠬᠤ ᠬᠡᠷᠡᠭ᠌ᠲᠡᠢ᠃ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠨᠡ ᠬᠦ᠌ ᠬᠥᠪᠴᠢ᠎ᠶ᠋ᠢ ᠢᠮᠠᠭ᠍ᠲᠠ ᠴᠢᠩᠭᠠᠯᠠᠵᠤ᠂ ᠬᠡᠪᠴᠢᠶᠡᠵᠢᠯ᠎ᠦᠨ ᠴᠢᠨᠠᠷᠲᠠᠶ ᠬᠢᠵᠢᠭ᠎ᠤᠨ ᠪᠠᠢᠳᠠᠯ ᠳᠠᠬᠢᠨ ᠡᠭᠦᠰᠭᠦ ᠦᠭᠡᠶ ᠪᠠᠢᠬᠤ ᠬᠣᠷᠢᠭ᠎ᠠ ᠱᠤᠭᠤᠮ᠎ᠢ ᠪᠠᠲᠤ ᠰᠠᠬᠢᠵᠤ᠂ ᠬᠣᠲᠠ ᠬᠣᠱᠢᠭᠤ ᠬᠣᠶᠠᠷ ᠱᠠᠲᠤᠨ᠎ᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠵᠢᠯᠣᠭᠣᠳᠭᠤ ᠱᠢᠰᠲ᠋ᠧᠮ ᠪᠥᠬᠥ᠌ ᠠᠵᠢᠯᠲᠠᠨ᠎ᠢ ᠳᠠᠢᠴᠢᠯᠠᠵᠤ᠂ ᠥᠨᠳᠥᠷ ᠪᠦᠲᠦᠮᠵᠢᠲᠡᠶ᠎ᠪᠡᠷ ᠠᠵᠢᠯᠯᠠᠭᠤᠯᠵᠤ᠂ ᠡᠯ᠎ᠡ ᠱᠠᠲᠤᠨ ᠎ᠤ ᠤᠳᠤᠷᠢᠳᠭᠤ ᠺᠠᠳ᠋ᠷᠴᠤᠳ ᠰᠡᠷᠭᠡᠢᠯᠡᠨ ᠡᠵᠡᠮᠳᠡᠬᠦ᠌᠎ᠶ᠋ᠢ ᠱᠢᠨᠵᠢᠯᠡᠬᠦ᠌ ᠤᠬᠠᠭᠠᠨᠴᠢ᠎ᠪᠠᠷ ᠨᠠᠷᠢᠯᠢᠭ ᠣᠨᠣᠴᠠᠲᠠᠶ ᠠᠳᠭᠤᠵᠤ᠂ ᠬᠢᠯᠪᠠᠷ ᠪᠤᠰᠤ᠎ᠪᠠᠷ ᠣᠯᠤᠭ᠍ᠰᠠᠨ ᠬᠢᠵᠢᠭ ᠲᠠᠢ ᠲᠡᠮᠡᠴᠡᠭᠰᠡᠨ ᠦᠷ᠎ᠡ ᠪᠦᠲᠦᠭᠡᠯ᠎ᠢ ᠡᠷᠡᠰ ᠰᠠᠬᠢᠨ ᠬᠠᠮᠠᠭᠠᠯᠠᠵᠤ᠂ ᠪᠥᠬᠥ᠌ ᠬᠣᠲᠠ᠎ᠶ᠋ᠢᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠳᠦ ᠠᠮᠤᠷ ᠲᠣᠭ᠍ᠲᠠᠭᠤᠨ ᠨᠡᠢᠭᠡᠮ᠎ᠦᠨ ᠣᠷᠴᠢᠨ ᠲᠣᠭᠣᠷᠢᠨ᠎ᠢ ᠪᠣᠶ ᠪᠣᠯᠭᠠᠬᠤ ᠬᠡᠷᠡᠭ᠌ᠲᠡᠶ᠃ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠴᠢᠨᠠᠭ᠍ᠰᠢᠳᠠ ᠭᠦᠨᠵᠡᠭᠡᠢ ᠠᠬᠢᠭᠤᠯᠵᠤ᠂ ᠰᠤᠷᠲᠠᠯ᠎ᠢ ᠴᠡᠭ᠌ᠴᠡᠯᠡᠨ ᠵᠠᠰᠠᠬᠤ ᠡᠷᠴᠢᠮ᠎ᠢᠶᠡᠨ ᠲᠠᠰᠤᠷᠠᠯᠲᠠ ᠦᠭᠡᠢ ᠴᠢᠩᠭᠠᠷᠠᠭᠤᠯᠵᠤ᠂ ᠺᠠᠳ᠋ᠷ᠎ᠤᠨ ᠡᠩᠨᠡᠭᠡᠨ᠎ᠦ ᠪᠠᠢᠭᠤᠯᠤᠯᠲᠠ᠎ᠶ᠋ᠢ ᠴᠢᠩᠭᠠᠳᠭᠠᠵᠤ᠂ ᠵᠠᠮ ᠨᠡᠭᠡᠭᠡᠨ ᠱᠢᠨ᠎ᠡ᠎ᠶ᠋ᠢ ᠡᠭᠦᠳᠬᠦ᠂ ᠦᠨᠡᠨ ᠬᠦ᠌ ᠠᠳᠭᠤᠨ ᠪᠣᠳᠠᠲᠠᠢ ᠠᠵᠢᠯᠯᠠᠬᠤ ᠢᠯᠡ ᠲᠣᠳᠣ ᠤᠳᠤᠷᠢᠳᠤᠮᠵᠢ᠎ᠶ᠋ᠢ ᠴᠢᠩᠭᠠᠳᠭᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍᠎ᠶ᠋ᠢᠨ ᠣᠷᠴᠢᠨ ᠲᠣᠭᠣᠷᠢᠨ᠎ᠢ ᠦᠷᠭᠦᠯᠵᠢᠯᠡᠨ ᠪᠤᠢ ᠪᠣᠯᠭᠠᠬᠤ ᠬᠡᠷᠡᠭ᠌ᠲᠡᠢ ᠭᠡᠵᠦ ᠴᠢᠬᠤᠯᠠᠴᠢᠯᠠᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面