ᠱᠢᠨ᠎᠎ᠡ ᠴᠠᠭ ᠦᠶ᠎ᠡ᠎ᠳ᠋ᠦ᠍ ᠭᠠᠪᠢᠶ᠎ᠠ ᠪᠠᠢᠭᠤᠯᠤᠶ᠎ᠠ > ᠮᠡᠳᠡᠭᠡᠯᠡᠯ

2022-03-24 11:18:06

ᠵᠣᠬᠢᠶᠠᠭ᠍ᠴᠢ᠄ ᠦᠨᠢᠷ ᠣᠩᠱᠢᠭ᠍ᠰᠠᠨ ᠣᠳᠠᠭ᠎ᠠ᠄ 3

ᠤᠢᠷ᠎ᠠ ᠳ᠋ᠤ ᠥᠪᠡᠷᠲᠡᠭᠡᠨ ᠵᠠᠰᠠᠬᠤ ᠣᠷᠣᠨ ᠤ᠋ ᠤᠰᠤᠨ ᠠᠱᠢᠭ᠍ᠯᠠᠯᠲᠠ ᠶ᠋ᠢᠨ ᠲᠢᠩᠬᠢᠮ ᠤ᠋ᠨ ᠨᠠᠮ ᠤ᠋ᠨ ᠤᠳᠤᠷᠢᠳᠭᠤ ᠳᠤᠭᠤᠢᠯᠠᠩ ᠤ᠋ᠨ ᠤᠨᠤᠯ ᠰᠤᠷᠤᠯᠴᠠᠬᠤ ᠭᠣᠣᠯ ᠳᠤᠭᠤᠢᠯᠠᠩ 2022 ᠣᠨ ᠤ᠋ ᠲᠠᠪᠤᠳᠤᠭᠠᠷ ᠤᠳᠠᠭ᠎ᠠ ᠶ᠋ᠢᠨ ᠬᠠᠮᠲᠤ ᠶ᠋ᠢᠨ ᠰᠤᠷᠤᠯᠴᠠᠯᠭ᠎ᠠ (ᠥᠷᠭᠡᠳᠭᠡᠭ᠌ᠰᠡᠨ) ᠵᠢᠨ ᠬᠤᠷᠠᠯ ᠬᠤᠷᠠᠯᠳᠤᠭᠤᠯᠵᠤ ᠂ ᠶᠡᠷᠦᠩᠬᠡᠢ ᠱᠦᠵᠢ ᠰᠢ ᠵᠢᠨ ᠫᠢᠩ ᠤ᠋ᠨ ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠠᠪᠤᠳᠤᠭᠠᠷ ᠬᠤᠷᠠᠯ ᠤ᠋ᠨ ᠥᠪᠥᠷ ᠮᠣᠩᠭᠣᠯ ᠤ᠋ᠨ ᠲᠥᠯᠥᠭᠡᠯᠡᠭ᠌ᠴᠢᠳ ᠤ᠋ᠨ ᠪᠦᠯᠬᠦᠮ ᠤ᠋ᠨ ᠬᠢᠨᠠᠨ ᠵᠥᠪᠯᠡᠬᠦ᠌ ᠳ᠋ᠤ ᠣᠷᠣᠯᠴᠠᠬᠤ ᠦᠶ᠎ᠡ ᠶ᠋ᠢᠨ ᠴᠢᠬᠤᠯᠠ ᠶᠠᠷᠢᠶᠠᠨ ᠤ᠋ ᠵᠣᠷᠢᠭ ᠰᠠᠨᠠᠭ᠎ᠠ᠂ ᠪᠦᠬᠦ᠌ ᠤᠯᠤᠰ ᠤ᠋ᠨ《ᠬᠣᠶᠠᠷ ᠬᠤᠷᠠᠯ》ᠤ᠋ᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ᠋ ᠬᠠᠮᠢᠶ᠎ᠠ ᠪᠦᠬᠦᠢ ᠬᠤᠷᠠᠯ ᠤ᠋ᠨ ᠵᠣᠷᠢᠭ ᠰᠠᠨᠠᠭ᠎ᠠ ᠢ᠋ᠢ ᠤᠯᠠᠮᠵᠢᠯᠠᠨ ᠰᠤᠷᠤᠯᠴᠠᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ ᠢ᠋ ᠲᠤᠬᠢᠷᠠᠭᠤᠯᠤᠨ ᠪᠠᠢᠷᠢᠯᠠᠭᠤᠯᠪᠠ ᠃

ᠬᠤᠷᠠᠯ ᠡᠴᠡ᠂ ᠡᠨᠡ ᠤᠳᠠᠭ᠎ᠠ ᠶ᠋ᠢᠨ ᠪᠦᠬᠦ᠌ ᠤᠯᠤᠰ ᠤ᠋ᠨ《ᠬᠣᠶᠠᠷ ᠬᠤᠷᠠᠯ》ᠪᠣᠯ ᠮᠠᠨ ᠤ᠋ ᠤᠯᠤᠰ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ ᠢ᠋ ᠪᠦᠬᠦ᠌ ᠲᠠᠯ᠎ᠠ ᠪᠠᠷ ᠪᠦᠳᠦᠭᠡᠨ ᠪᠠᠢᠭᠤᠯᠬᠤ᠂ ᠬᠣᠶᠠᠳᠤᠭᠠᠷ ᠵᠠᠭᠤᠨ ᠵᠢᠯ ᠤ᠋ᠨ ᠲᠡᠮᠡᠴᠡᠬᠦ᠌ ᠬᠠᠷᠠᠯᠲᠠ ᠲᠡᠢᠰᠢ ᠤᠷᠤᠭᠰᠢᠯᠠᠬᠤ ᠰᠢᠨ᠎ᠠ ᠠᠶᠠᠨ ᠳ᠋ᠤ ᠤᠷᠤᠭᠰᠠᠨ ᠤ᠋ ᠳᠠᠷᠠᠭ᠎ᠠ ᠬᠤᠷᠠᠯᠳᠤᠭᠤᠯᠤᠭᠰᠠᠨ ᠨᠢᠭᠡ ᠤᠳᠠᠭ᠎ᠠ ᠶ᠋ᠢᠨ ᠴᠢᠬᠤᠯᠠ ᠬᠤᠷᠠᠯ ᠪᠣᠯᠤᠨ᠎ᠠ ᠃ ᠶᠡᠷᠦᠩᠬᠡᠶ ᠱᠦᠵᠢ ᠰᠢ ᠵᠢᠨ ᠫᠢᠩ ᠤ᠋ᠨ ᠪᠥᠬᠥ᠌ ᠤᠯᠤᠰ ᠤ᠋ᠨ《ᠬᠣᠶᠠᠷ ᠬᠤᠷᠠᠯ》 ᠤ᠋ᠨ ᠬᠤᠭᠤᠴᠠᠭᠠᠨ ᠳ᠋ᠤ ᠲᠠᠯᠪᠢᠭ᠍ᠰᠠᠨ ᠴᠢᠬᠤᠯᠠ ᠶᠠᠷᠢᠶ᠎ᠠ ᠨᠢ ᠠᠯᠤᠰ ᠬᠡᠲᠦ᠍ ᠶ᠋ᠢᠨ ᠵᠣᠭ᠍ᠰᠣᠴᠠ ᠲᠠᠶ᠂ ᠬᠦᠨ ᠭᠦᠨᠵᠡᠭᠡᠢ ᠦᠵᠡᠯ ᠰᠠᠨᠠᠭ᠎ᠠ ᠲᠠᠢ᠂ ᠡᠯᠪᠡᠭ ᠪᠠᠶᠠᠯᠢᠭ ᠠᠭᠤᠯᠤᠭ᠍ᠳᠠᠬᠤᠨ ᠲᠠᠢ ᠪᠠᠢᠵᠤ᠂ ᠮᠠᠰᠢ ᠴᠢᠩᠭ᠎ᠠ ᠤᠯᠤᠰ ᠳᠦᠷᠦᠴᠢ ᠴᠢᠨᠠᠷ᠂ ᠦᠵᠡᠯ ᠰᠠᠨᠠᠭᠠᠴᠢ ᠴᠢᠨᠠᠷ᠂ ᠵᠢᠯᠣᠭᠣᠳᠭᠤ ᠴᠢᠨᠠᠷ ᠪᠠ ᠬᠠᠨᠳᠤᠯᠭᠠᠲᠤ ᠴᠢᠨᠠᠷ ᠲᠠᠶ ᠪᠠᠢᠵᠤ ᠂ ᠪᠢᠳᠡᠨ ᠤ᠋ ᠡᠯ᠎ᠡ ᠵᠦᠶ᠋ᠯ ᠤ᠋ᠨ ᠠᠵᠢᠯ ᠵᠢᠡᠨ ᠰᠠᠢᠲᠤᠷ ᠬᠢᠬᠦ᠌ ᠳ᠋ᠤ ᠲᠤᠳᠤᠷᠬᠠᠢ ᠴᠢᠭ᠌ᠯᠡᠯ ᠪᠠ ᠦᠨᠳᠦᠰᠦᠨ ᠵᠢᠷᠤᠮᠯᠠᠯ ᠬᠠᠩᠭᠠᠵᠠᠶ ᠭᠡᠵᠤ ᠵᠢᠭᠠᠵᠤ ᠭᠠᠷᠭᠠᠪᠠ ᠃

ᠬᠤᠷᠠᠯ ᠡᠴᠡ᠂ ᠦᠪᠡᠷᠳᠡᠬᠡᠨ ᠵᠠᠰᠠᠬᠤ ᠤᠷᠤᠨ ᠤ᠋ ᠤᠰᠤᠨ ᠠᠰᠢᠬᠯᠠᠯᠳᠠ ᠵᠢᠨ ᠰᠠᠯᠠᠭ᠎ᠠ ᠮᠦᠴᠢᠷ ᠤ᠋ᠨ ᠡᠯ᠎ᠡ ᠱᠠᠲᠤᠨ ᠤ᠋ ᠨᠠᠮ ᠤ᠋ᠨ ᠵᠣᠬᠢᠶᠠᠨ ᠪᠠᠢᠭᠤᠯᠤᠯᠲᠠ ᠵᠢᠨ ᠬᠢᠨ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠤᠷᠢᠶ᠎ᠠ᠂ ᠵᠠᠰᠠᠭ ᠤ᠋ᠨ ᠣᠷᠳᠣᠨ ᠤ᠋ ᠪᠠᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠶᠡᠷᠦᠩᠬᠡᠢ ᠱᠦᠵᠢ ᠰᠢ ᠵᠢᠨ ᠫᠢᠩ ᠤ᠋ᠨ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠂ ᠪᠦᠬᠦ᠌ ᠤᠯᠤᠰ ᠤ᠋ᠨ《ᠬᠣᠶᠠᠷ ᠬᠤᠷᠠᠯ》 ᠤ᠋ᠨ ᠵᠣᠷᠢᠭ ᠰᠠᠨᠠᠭ᠎ᠠ᠎ᠶ᠋ᠢ ᠰᠠᠢᠳᠤᠷ ᠰᠤᠷᠤᠯᠴᠠᠨ ᠲᠤᠭᠤᠱᠢᠯᠠᠭᠤᠯᠬᠤ ᠶ᠋ᠢ ᠴᠢᠬᠤᠯᠠ ᠶᠡᠬᠡ ᠤᠯᠤᠰ ᠲᠦᠷᠦ᠍ ᠶ᠋ᠢᠨ ᠡᠭᠦᠷᠭᠡ ᠪᠠᠨ ᠪᠣᠯᠭᠠᠵᠤ ᠂ ᠨᠠᠷᠢᠯᠢᠭ ᠵᠣᠬᠢᠶᠠᠨ ᠪᠠᠢᠭᠤᠯᠵᠤ᠂ ᠨᠢᠭ᠍ᠲᠠ ᠪᠠᠢᠷᠢᠯᠠᠭᠤᠯᠤᠨ᠂ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠬᠠᠯᠠᠭᠤᠨ ᠥᠷᠨᠢᠯᠲᠡ ᠶ᠋ᠢ ᠦᠳᠲᠡᠷ ᠲᠦᠷᠭᠡᠨ ᠪᠤᠢ ᠪᠣᠯᠭᠠᠬᠤ ᠬᠡᠷᠡᠭ᠌ᠲᠡᠢ ; ᠨᠠᠮ ᠤ᠋ᠨ ᠪᠦᠬᠦ᠌ ᠲᠠᠯ᠎ᠠ ᠶ᠋ᠢᠨ ᠤᠳᠤᠷᠢᠳᠤᠯᠭ᠎ᠠ ᠶ᠋ᠢ ᠪᠠᠷᠢᠮᠲᠠᠯᠠᠨ ᠴᠢᠩᠭᠠᠳᠭᠠᠵᠤ ᠂ ᠪᠦᠬᠦ᠌ ᠲᠠᠯ᠎ᠠ ᠪᠠᠷ ᠨᠠᠮ ᠢ᠋ ᠴᠢᠩᠭ᠎ᠠ ᠵᠠᠰᠠᠬᠤ ᠶ᠋ᠢ ᠡᠷᠡᠰ ᠭᠤᠢᠪᠢᠰᠢ ᠦᠭᠡᠢ ᠠᠬᠢᠭᠤᠯᠤᠨ᠂ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠤ᠋ᠨ ᠦᠷ᠎ᠡ ᠪᠦᠲᠦᠭᠡᠯ ᠢ᠋ ᠦᠷᠭᠦᠯᠵᠢᠯᠡᠨ ᠪᠡᠬᠢᠵᠢᠭᠦᠯᠦᠨ ᠥᠷᠭᠡᠳᠭᠡᠵᠦ᠍ ᠂ ᠠᠷᠠᠳ ᠲᠦᠮᠡᠨ ᠵᠢᠡᠷ ᠭᠣᠣᠯ ᠪᠣᠯᠭᠠᠬᠤ ᠬᠥᠭ᠌ᠵᠢᠯᠲᠡ ᠶ᠋ᠢᠨ ᠦᠵᠡᠯ ᠰᠠᠨᠠᠭ᠎ᠠ ᠶ᠋ᠢ ᠪᠣᠳᠠᠲᠠᠢ ᠨᠠᠢᠳᠠᠪᠤᠷᠢᠵᠢᠭᠤᠯᠬᠤ ᠬᠡᠷᠡᠭ᠌ᠲᠡᠢ ; ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠬᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠰᠢᠯᠢᠳᠡᠭᠵᠢᠬᠦᠯᠬᠦ᠂ ᠠᠷᠠᠳ ᠤ᠋ᠨ ᠠᠮᠢᠳᠤᠷᠠᠯ ᠢ᠋ ᠰᠠᠢᠵᠢᠷᠠᠭᠤᠯᠬᠤ ᠂ ᠨᠠᠢᠳᠠᠪᠤᠷᠢᠵᠢᠭᠤᠯᠤᠯᠲᠠ ᠶ᠋ᠢ ᠴᠢᠩᠭ᠎ᠠ ᠠᠳᠭᠤᠬᠤ ᠢᠯᠡ ᠲᠣᠳᠣ ᠤᠳᠤᠷᠢᠳᠤᠮᠵᠢ ᠶ᠋ᠢ ᠴᠢᠩᠭᠠᠳᠭᠠᠵᠤ᠂ ᠱᠢᠨ᠎ᠡ ᠴᠠᠭ ᠦᠶ᠎ᠡ ᠶ᠋ᠢᠨ ᠪᠦᠬᠦ ᠣᠷᠣᠨ ᠤ᠋ ᠤᠰᠤᠨ ᠠᠱᠢᠭ᠍ᠯᠠᠯᠲᠠ ᠶ᠋ᠢᠨ ᠦᠶ᠋ᠯᠡᠰ ᠤ᠋ᠨ ᠴᠢᠨᠠᠷ ᠰᠠᠢᠲᠠᠶ ᠬᠥᠭ᠌ᠵᠢᠯᠲᠡ ᠶ᠋ᠢ ᠦᠨᠡᠨ ᠬᠦ᠌ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠵᠢᠡᠨ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠠᠮᠵᠢᠯᠲᠠ ᠲᠠᠶ ᠬᠤᠷᠠᠯᠳᠤᠬᠤ ᠶ᠋ᠢ ᠤᠭ᠍ᠲᠤᠬᠤ ᠬᠡᠷᠡᠭ᠌ᠲᠡᠶ ᠭᠡᠵᠦ᠍ ᠱᠠᠭᠠᠷᠳᠠᠵᠠᠢ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面