2022-03-23 10:15:58
ᠲᠦᠷᠦᠭᠦᠬᠡᠨ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠢᠩᠬᠢᠮᠶᠡᠷᠦᠩᠬᠡᠶ ᠱᠦᠵᠢ ᠰᠢ ᠵᠢᠨ ᠫᠢᠩ᠎ᠦᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢᠴᠢ ᠪᠥᠬᠥ᠌ ᠤᠯᠤᠰ᠎ᠤᠨ《ᠬᠣᠶᠠᠷ ᠬᠤᠷᠠᠯ》 ᠤ᠋ᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠲᠣᠬᠢᠷᠠᠭᠤᠯᠤᠨ ᠪᠠᠢᠷᠢᠯᠠᠭᠤᠯᠪᠠ᠃
ᠬᠤᠷᠠᠯ᠎ᠠᠴᠠ᠂ ᠲᠢᠩᠬᠢᠮ ᠱᠢᠰᠲ᠋ᠧᠮ᠎ᠦᠨ ᠺᠠᠳ᠋ᠷ ᠠᠵᠢᠯᠲᠠᠨ ᠠᠵᠢᠯᠴᠢᠨ 《ᠬᠣᠶᠠᠷ᠎ᠢ ᠲᠣᠭ᠍ᠲᠠᠭᠠᠭᠰᠠᠨ》᠎ᠤ᠋ ᠱᠢᠶ᠋ᠳᠪᠦᠷᠢᠯᠡᠭᠴᠢ ᠴᠢᠨᠠᠷᠲᠠᠶ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠬᠤ᠎ᠲᠠᠶ ᠤᠶᠠᠯᠳᠤᠭᠤᠯᠵᠤ᠂《ᠲᠠᠪᠤᠨ ᠵᠠᠢᠯᠠᠰᠢ ᠦᠭᠡᠢ ᠵᠠᠮᠨᠠᠬᠤ ᠵᠠᠮ》 ᠤ᠋ᠨ ᠡᠯᠪᠡᠭ ᠪᠠᠶᠠᠯᠢᠭ ᠠᠭᠤᠯᠤᠭ᠍ᠳᠠᠬᠤᠨ ᠪᠠ ᠦᠶ᠋ᠯᠡᠳᠦᠯᠭᠡ᠎ᠶ᠋ᠢᠨ ᠱᠠᠭᠠᠷᠳᠠᠯᠭ᠎ᠠ᠎ᠶ᠋ᠢᠨ ᠲᠤᠬᠠᠶ ᠣᠢᠯᠠᠭᠠᠯᠲᠠ᠎ᠪᠠᠨ ᠲᠠᠰᠤᠷᠠᠯᠲᠠ ᠥᠬᠡᠶ ᠭᠦᠨᠵᠡᠭᠡᠢᠷᠡᠭᠦᠯᠵᠦ᠍᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠬᠥᠭ᠌ᠵᠢᠯᠲᠡ ᠵᠢᠨ ᠲᠤᠬᠠᠢ ᠵᠢᠯᠣᠭᠣᠳᠭᠤ ᠦᠵᠡᠯ ᠰᠠᠨᠠᠭ᠎ᠠ᠂ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠤᠯᠤᠨ ᠦᠨᠳᠦᠰᠦᠨ ᠵᠢᠷᠤᠮᠯᠠᠯ ᠶᠣᠰᠣᠭᠠᠷ᠂《ᠬᠣᠶᠠᠷ ᠬᠠᠯᠬᠠᠪᠴᠢ》ᠵᠢ ᠪᠠᠲᠤ ᠴᠣᠭ᠍ᠴᠠᠯᠠᠵᠤ᠂《ᠬᠣᠶᠠᠷ ᠰᠠᠭᠤᠷᠢᠨ》 ᠢ᠋ ᠪᠥᠲᠥᠭᠡᠨ ᠪᠠᠢᠭᠤᠯᠵᠤ᠂《ᠨᠢᠭᠡ ᠪᠡᠬᠢᠯᠡᠯᠲᠡ》ᠵᠢ ᠴᠣᠭ᠍ᠴᠠᠯᠠᠨ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ ᠲᠠᠰᠤᠷᠠᠯᠲᠠ ᠥᠬᠡᠶ ᠱᠢᠨ᠎ᠡ ᠦᠷ᠎ᠡ ᠪᠦᠲᠦᠮᠵᠢ ᠤᠯᠬᠤ ᠬᠡᠷᠡᠭ᠌ᠲᠡᠶ; ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠣᠣᠯ ᠱᠢᠵᠢᠮ᠎ᠢ ᠴᠢᠩᠭ᠎ᠠ ᠠᠳᠭᠤᠵᠤ᠂ ᠨᠠᠮ᠎ᠤᠨ ᠦᠨᠳᠦᠰᠦᠲᠡᠨ᠎ᠦ ᠤᠨᠤᠯ ᠪᠣᠯᠤᠨ ᠦᠨᠳᠦᠰᠦᠲᠡᠨ᠎ᠦ ᠲᠦᠷᠦ᠍᠎ᠶ᠋ᠢᠨ ᠪᠤᠳᠤᠯᠭ᠎ᠠ᠎ᠶ᠋ᠢ ᠪᠦᠬᠦ᠌ ᠲᠠᠯ᠎ᠠ᠎ᠪᠠᠷ ᠤᠢ᠍ᠢᠯᠠᠭᠠᠨ ᠲᠤᠭᠤᠱᠢᠯᠠᠭᠤᠯᠵᠤ᠂ ᠲᠢᠩᠬᠢᠮ ᠱᠢᠰᠲᠸᠮ᠎ᠤᠨ ᠦᠨᠳᠦᠰᠦᠲᠡᠨ᠎ᠦ ᠠᠵᠢᠯ᠎ᠢ ᠲᠠᠰᠤᠷᠠᠯᠳᠠ ᠦᠭᠡᠢ ᠴᠢᠩᠭᠠᠳᠭᠠᠨ ᠰᠠᠢᠵᠢᠷᠠᠭᠤᠯᠵᠤ᠂ ᠦᠨᠳᠦᠰᠦᠲᠡᠨ᠎ᠦ ᠬᠦᠷᠢᠶᠡᠨ᠎ᠳᠡᠬᠢ ᠡᠯ᠎ᠡ ᠵᠦᠢᠯ᠎ᠦᠨ ᠠᠶᠤᠯ ᠲᠦᠭ᠌ᠰᠢᠭᠦᠷᠢ ᠭᠡᠮ ᠰᠣᠭᠣᠭ᠎ᠢ ᠡᠷᠡᠰ ᠰᠡᠷᠭᠡᠢᠯᠡᠵᠦ᠍᠂ ᠦᠨᠳᠦᠰᠦᠲᠡᠨ᠎ᠦ ᠠᠵᠢᠯ᠎ᠢ ᠴᠢᠩᠭ᠎ᠠ ᠪᠣᠳᠠᠲᠠᠢ ᠨᠠᠷᠢᠯᠢᠭ ᠰᠠᠢᠲᠤᠷ ᠠᠳᠭᠤᠬᠤ᠎ᠶ᠋ᠢ ᠲᠠᠰᠤᠷᠠᠯᠳᠠ ᠦᠭᠡᠢ ᠠᠬᠢᠭᠤᠯᠵᠤ᠂《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ᠋ ᠡᠷᠬᠢᠮ ᠳᠡᠭᠡᠳᠦ ᠢᠷᠠᠭᠤ ᠠᠯᠳᠠᠷ᠎ᠢ ᠬᠠᠮᠠᠭᠠᠯᠠᠬᠤ ᠬᠡᠷᠡᠭ᠌ᠲᠡᠢ; ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠠᠵᠢᠯ᠎ᠤᠨ ᠲᠤᠬᠠᠶ ᠱᠢᠨ᠎ᠡ ᠵᠢᠭᠠᠪᠤᠷᠢ ᠱᠢᠨ᠎ᠡ ᠱᠠᠭᠠᠷᠳᠠᠯᠭ᠎ᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠭᠦᠯᠬᠦ᠌᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠭᠤᠢᠪᠢᠰᠢ ᠥᠬᠡᠶ ᠵᠠᠮᠨᠠᠬᠤ᠎ᠶ᠋ᠢ ᠠᠯᠢᠪᠠ ᠠᠵᠢᠯ᠎ᠤᠨ ᠵᠣᠷᠢᠯᠲᠠ ᠪᠠ ᠲᠤᠰᠤᠯᠲᠠ ᠪᠣᠯᠭᠠᠵᠤ᠂ ᠤᠯᠤᠰ᠎ᠤᠨ ᠠᠮᠢ ᠠᠬᠤᠶ᠎ᠶ᠋ᠢᠨ ᠠᠮᠤᠷ ᠲᠦᠪᠱᠢᠨ᠂ ᠡᠨᠧᠷᠭᠢ᠎ᠶ᠋ᠢᠨ ᠠᠮᠤᠷ ᠲᠦᠪᠱᠢᠨ᠂ ᠠᠮᠤ ᠪᠤᠳᠠᠭᠠᠨ᠎ᠤ ᠠᠮᠤᠷ ᠲᠦᠪᠱᠢᠨ᠂ ᠠᠵᠤ ᠦᠶ᠋ᠯᠡᠰ᠎ᠦᠨ ᠠᠮᠤᠷ ᠲᠦᠪᠱᠢᠨ᠎ᠢ ᠬᠠᠮᠠᠭᠠᠯᠠᠬᠤ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠵᠦ᠍᠂ ᠡᠬᠡ ᠤᠯᠤᠰ᠎ᠤᠨ ᠤᠮᠠᠷᠠᠲᠤ᠎ᠶ᠋ᠢᠨ ᠦᠵᠡᠰᠭᠦᠯᠡᠩᠲᠦ ᠰᠠᠢᠬᠠᠨ ᠦᠵᠡᠮᠵᠢ᠎ᠶ᠋ᠢᠨ ᠣᠷᠣᠨ᠎ᠢ ᠪᠥᠲᠥᠭᠡᠨ ᠪᠠᠢᠭᠤᠯᠵᠦ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠦ ᠬᠦᠴᠦᠷᠬᠡᠭ ᠶᠡᠬᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠤᠯᠭᠠᠭᠤᠷᠢᠯᠠᠯ ᠬᠠᠩᠭᠠᠬᠤ ᠬᠡᠷᠡᠭ᠌ᠲᠡᠶ ᠭᠡᠵᠦ ᠱᠠᠭᠠᠷᠳᠠᠵᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃