ᠱᠢᠨ᠎᠎ᠡ ᠴᠠᠭ ᠦᠶ᠎ᠡ᠎ᠳ᠋ᠦ᠍ ᠭᠠᠪᠢᠶ᠎ᠠ ᠪᠠᠢᠭᠤᠯᠤᠶ᠎ᠠ > ᠮᠡᠳᠡᠭᠡᠯᠡᠯ

2022-03-23 10:14:16

ᠵᠣᠬᠢᠶᠠᠭ᠍ᠴᠢ᠄ ᠦᠷᠴᠠᠢᠬᠤ ᠣᠩᠱᠢᠭ᠍ᠰᠠᠨ ᠣᠳᠠᠭ᠎ᠠ᠄ 3

3 ᠰᠠᠷ᠎ᠠ᠎ᠶ᠋ᠢᠨ 16 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ ᠬᠤᠷᠠᠯ ᠬᠤᠷᠠᠯᠳᠤᠭᠤᠯᠵᠤ᠂ ᠪᠥᠬᠥ᠌ ᠤᠯᠤᠰ ᠤ᠋ᠨ 《 ᠬᠣᠶᠠᠷ ᠬᠤᠷᠠᠯ》 ᠵᠢᠴᠢ ᠦᠪᠡᠷᠳᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠲᠤᠬᠢᠷᠠᠭᠤᠯᠤᠨ ᠪᠠᠢᠷᠢᠯᠠᠭᠤᠯᠪᠠ᠃

ᠬᠤᠷᠠᠯ᠎ᠠᠴᠠ᠂ ᠪᠥᠬᠥ᠌ ᠱᠢᠰᠲ᠋ᠧᠮ᠎ᠢᠶᠡᠷ᠎ᠢᠶᠡᠨ ᠨᠠᠮ᠎ᠤᠨ ᠪᠠᠢᠭᠤᠯᠤᠯᠲᠠ᠎ᠶ᠋ᠢᠨ ᠬᠥᠲᠥᠯᠥᠨ ᠳᠠᠭᠠᠭᠤᠯᠬᠤ ᠦᠶ᠋ᠯᠡᠳᠦᠯ᠎ᠢ ᠦᠨᠡᠨ ᠬᠦ᠌ ᠪᠠᠳᠠᠷᠠᠭᠤᠯᠵᠤ ᠂ ᠳᠠᠷᠤᠶ ᠲᠦᠷᠭᠡᠨ ᠡᠯ᠎ᠡ ᠱᠠᠲᠤ ᠳᠠᠪᠬᠤᠷᠭ᠎ᠠ᠎ᠳᠤ ᠣᠯᠠᠨ ᠶᠠᠩᠵᠤ ᠬᠡᠯᠪᠡᠷᠢ ᠵᠢᠨ ᠠᠭᠤᠯᠭ᠎ᠠ᠎ᠪᠠᠷ ᠪᠠᠶᠠᠯᠢᠭ ᠰᠤᠷᠤᠯᠴᠠᠯᠭ᠎ᠠ ᠤᠬᠠᠭᠤᠯᠭ᠎ᠠ᠎ᠶ᠋ᠢᠨ ᠠᠵᠢᠯᠯᠠᠭ᠎ᠠ᠎ᠶ᠋ᠢ ᠵᠣᠬᠢᠶᠠᠨ ᠪᠠᠢᠭᠤᠯᠵᠦ ᠥᠷᠨᠢᠭᠦᠯᠤᠨ᠂ ᠥᠷᠭᠡᠨ ᠣᠯᠠᠨ ᠨᠠᠮ᠎ᠤᠨ ᠭᠡᠱᠢᠭᠦᠨ ᠺᠠᠳ᠋ᠷᠴᠤᠳ᠎ᠲᠤ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠪᠥᠬᠥ᠌ ᠤᠯᠤᠰ᠎ᠤᠨ 《ᠬᠣᠶᠠᠷ ᠬᠤᠷᠠᠯ》 ᠤ᠋ᠨ ᠵᠣᠷᠢᠭ ᠰᠠᠨᠠᠭ᠎ᠠ᠎ᠶ᠋ᠢ ᠭᠦᠨᠵᠡᠭᠡᠶ ᠣᠢᠯᠠᠭᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠲᠠᠰᠤᠷᠠᠯᠲᠠ ᠥᠬᠡᠶ ᠪᠠᠲᠤ ᠴᠣᠭ᠍ᠴᠠᠯᠠᠵᠤ᠂ ᠥᠷᠭᠡᠨ ᠣᠯᠠᠨ ᠨᠠᠮ᠎ᠤᠨ ᠭᠡᠱᠢᠭᠦᠨ᠎ᠢ ᠳᠠᠭᠠᠭᠤᠯᠤᠨ 《ᠬᠣᠶᠠᠷ᠎ᠢ ᠲᠣᠭ᠍ᠲᠠᠭᠠᠬᠰᠡᠨ》᠎ᠢ ᠦᠨᠡᠨᠴᠢ ᠱᠢᠳᠤᠷᠭᠤ᠎ᠪᠠᠷ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ 》 ᠎ᠶ᠋ᠢ ᠦᠶ᠋ᠯᠡᠳᠦᠯᠭᠡᠵᠢᠭᠦᠯᠬᠦ᠌ ᠬᠡᠷᠡᠭ᠌ᠲᠡᠶ᠃《ᠬᠤᠶᠠᠷ ᠬᠤᠷᠠᠯ》 ᠤ᠋ᠨ ᠵᠤᠷᠢᠭ ᠰᠠᠨᠠᠭ᠎ᠠ ᠵᠢ ᠪᠦᠬᠦ᠌ ᠵᠢᠯ᠎ᠦᠨ ᠭᠤᠤᠯᠳᠠᠯᠭ᠎ᠠ᠎ᠲᠠᠶ ᠠᠵᠢᠯ᠎ᠳᠤ ᠲᠤᠭᠤᠰᠢᠯᠠᠭᠤᠯᠵᠤ᠂ ᠠᠮᠢ ᠠᠬᠤᠶ᠎ᠶ᠋ᠢ ᠤᠷᠢᠤᠨ ᠵᠢᠡᠷ ᠪᠤᠳᠤᠯᠭᠢᠯᠠᠬᠤ ᠪᠣᠬᠢᠷᠲᠤᠯ ᠦᠭᠡᠢ ᠬᠥᠭ᠌ᠵᠢᠬᠥᠯᠬᠥ ᠢᠯᠡ ᠲᠣᠳᠣ ᠤᠳᠤᠷᠢᠳᠤᠮᠵᠢ ᠵᠢ ᠪᠠᠷᠢᠮᠳᠠᠯᠠᠵᠤ᠂ ᠲᠠᠷᠢᠶᠠᠨ ᠭᠠᠵᠠᠷ᠎ᠢ ᠬᠠᠮᠠᠭᠠᠯᠠᠬᠤ ᠪᠠ ᠠᠮᠢ ᠠᠬᠤᠢ᠎ᠶ᠋ᠢ ᠰᠡᠷᠭᠦᠭᠡᠬᠦ᠌ ᠡᠷᠴᠢᠮ᠎ᠢ ᠬᠦᠴᠦᠯᠡᠨ ᠴᠢᠩᠭᠠᠷᠠᠭᠤᠯᠵᠤ᠂ ᠪᠠᠢᠭᠠᠯᠢ᠎ᠶ᠋ᠢᠨ ᠡᠬᠢ ᠪᠠᠶᠠᠯᠢᠭ᠎ᠤᠨ ᠡᠯᠧᠮᠧᠨ᠋ᠲ᠎ᠦᠨ ᠬᠠᠩᠭᠠᠯᠭ᠎ᠠ ᠪᠠᠲᠤᠯᠠᠭ᠎ᠠ᠎ᠶ᠋ᠢ ᠪᠦᠬᠦ᠌ ᠬᠦᠴᠦᠨ᠎ᠢᠶᠡᠷ᠎ᠢᠶᠡᠨ ᠴᠢᠩᠭᠠᠳᠬᠠᠵᠤ᠂ ᠪᠦᠬᠦ᠌ ᠣᠷᠣᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ ᠳ᠋ᠦ ᠦᠷᠭᠦᠯᠵᠢᠯᠡᠭ᠌ᠰᠡᠨ ᠬᠥᠳᠡᠯᠭᠡᠬᠦ᠌ ᠬᠦᠴᠦᠨ ᠨᠡᠮᠡᠷᠢᠯᠡᠬᠦ ᠬᠡᠷᠡᠭᠳᠡᠢ ᠭᠡᠵᠤ ᠴᠢᠬᠤᠯᠠᠴᠢᠯᠠᠪᠠ᠃

ᠬᠤᠷᠠᠯ᠎ᠠᠴᠠ᠂ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ ᠪᠣᠯ ᠲᠥᠪ᠎ᠡᠴᠡ ᠴᠠᠭ᠎ᠢ ᠦᠵᠡᠨ ᠪᠠᠢᠳᠠᠯ᠎ᠢ ᠱᠢᠨᠵᠢᠵᠦ᠍᠂ ᠠᠯᠤᠰ ᠬᠡᠲᠦ᠍᠎ᠶ᠋ᠢ ᠪᠣᠳᠣᠯᠬᠢᠯᠠᠨ ᠭᠠᠷᠭᠠᠭ᠍ᠰᠠᠨ ᠴᠢᠬᠤᠯᠠ ᠶᠡᠬᠡ ᠪᠠᠢᠯᠳᠤᠬᠤ ᠪᠣᠳᠣᠯᠭ᠎ᠠ᠎ᠶ᠋ᠢᠨ ᠱᠢᠶ᠋ᠳᠪᠦᠷᠢᠲᠦ ᠪᠣᠳᠣᠯᠭ᠎ᠠ ᠪᠠᠢᠵᠦ᠂ ᠪᠥᠬᠥ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠪᠤᠶᠠᠨ ᠵᠢᠷᠭᠠᠯ᠎ᠲᠠᠶ ᠬᠣᠯᠪᠣᠭ᠍ᠳᠠᠭᠰᠠᠨ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠲᠡᠶ ᠬᠣᠯᠪᠣᠭ᠍ᠳᠠᠭᠰᠠᠨ᠂ ᠤᠯᠤᠰ᠎ᠤᠨ ᠪᠠᠢᠯᠳᠤᠬᠤ ᠪᠣᠳᠣᠯᠭ᠎ᠠ᠎ᠶ᠋ᠢᠨ ᠠᠮᠤᠷ ᠲᠦᠪᠱᠢᠨ᠎ᠲᠡᠶ ᠬᠣᠯᠪᠣᠭ᠍ᠳᠠᠬᠰᠠᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠢᠮᠠᠭ᠍ᠲᠠ᠎ᠶ᠋ᠢᠨ 《ᠤᠯᠤᠰ᠎ᠤᠨ ᠶᠡᠬᠡ ᠶᠠᠪᠤᠳᠠᠯ》 ᠪᠣᠯᠤᠨ᠎ᠠ᠃ ᠪᠥᠬᠥ᠌ ᠱᠢᠰᠲ᠋ᠧᠮ᠎ᠢᠶᠡᠷ᠎ᠢᠶᠡᠨ ᠲᠡᠭᠦᠨ᠎ᠦ ᠴᠢᠬᠤᠯᠠ ᠶᠡᠬᠡ ᠤᠯᠤᠰ ᠲᠥᠷᠥ᠎ᠶ᠋ᠢᠨ ᠠᠴᠢ ᠬᠣᠯᠪᠣᠭ᠍ᠳᠠᠯ᠎ᠢ ᠭᠦᠨᠵᠡᠭᠡᠶ ᠲᠠᠨᠢᠵᠤ᠂ 《ᠬᠣᠶᠠᠷ᠎ᠢ ᠬᠠᠮᠠᠭᠠᠯᠠᠬᠤ》 ᠎ᠶ᠋ᠢ ᠦᠶ᠋ᠯᠡᠳᠦᠯᠭᠡᠵᠢᠭᠦᠯᠬᠦ᠌ ᠤᠯᠤᠰ ᠲᠥᠷᠥ᠎ᠶ᠋ᠢᠨ ᠦᠨᠳᠦᠷᠴᠡ᠎ᠠᠴᠠ ᠬᠣᠯᠪᠣᠭ᠍ᠳᠠᠯ ᠪᠥᠬᠥᠶ ᠪᠠᠢᠭᠠᠯᠢ᠎ᠶ᠋ᠢᠨ ᠡᠬᠢ ᠪᠠᠶᠠᠯᠢᠭ᠎ᠤᠨ ᠡᠯ᠎ᠡ ᠵᠦᠶ᠋ᠯ᠎ᠦᠨ ᠠᠵᠢᠯ᠎ᠢ ᠦᠨᠡᠨ ᠬᠦ᠌ ᠪᠣᠳᠠᠲᠠᠶ ᠨᠠᠷᠢᠯᠢᠭ ᠨᠠᠢᠳᠠᠪᠤᠷᠢᠵᠢᠭᠤᠯᠬᠤ᠎ᠶ᠋ᠢ ᠠᠬᠢᠭᠤᠯᠵᠤ᠂ ᠲᠥᠪ᠎ᠦᠨ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠱᠠᠯᠠᠪᠳᠠᠭᠤᠯᠤᠨ ᠪᠠᠢᠴᠠᠭᠠᠯᠲᠠ᠎ᠶ᠋ᠢ ᠬᠦᠯᠢᠶᠡᠬᠦ᠌᠎ᠳᠦ ᠭᠦᠶ᠋ᠴᠡᠳ ᠪᠡᠯᠡᠳᠭᠡᠯ ᠬᠢᠬᠦ᠌ ᠬᠡᠷᠡᠭ᠌ᠲᠡᠶ ᠭᠡᠵᠤ ᠱᠠᠭᠠᠷᠳᠠᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面