ᠱᠢᠨ᠎᠎ᠡ ᠴᠠᠭ ᠦᠶ᠎ᠡ᠎ᠳ᠋ᠦ᠍ ᠭᠠᠪᠢᠶ᠎ᠠ ᠪᠠᠢᠭᠤᠯᠤᠶ᠎ᠠ > ᠮᠡᠳᠡᠭᠡᠯᠡᠯ

2022-03-25 09:50:58

ᠵᠣᠬᠢᠶᠠᠭ᠍ᠴᠢ᠄ ᠦᠷᠴᠠᠢᠬᠤ ᠣᠩᠱᠢᠭ᠍ᠰᠠᠨ ᠣᠳᠠᠭ᠎ᠠ᠄ 3

ᠲᠦᠷᠦᠬᠦᠬᠡᠨ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠲᠣᠪᠴᠢᠶ᠎ᠠ ᠺᠠᠳ᠋ᠷᠴᠤᠳ᠎ᠤᠨ ᠬᠤᠷᠠᠯ ᠬᠤᠷᠠᠯᠳᠤᠭᠤᠯᠵᠤ ᠂ ᠶᠡᠷᠦᠩᠬᠡᠶ ᠱᠦᠵᠢ ᠰᠢ ᠵᠢᠨ ᠫᠢᠩ ᠤ᠋ᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ ᠤ᠋ᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ ᠤ᠋ᠨ ᠪᠦᠯᠬᠦᠮ ᠤ᠋ᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠤᠯᠤᠨ ᠪᠥᠬᠥ᠌ ᠤᠯᠤᠰ᠎ᠤᠨ 《ᠬᠣᠶᠠᠷ ᠬᠤᠷᠠᠯ》ᠤ᠋ᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠲᠣᠬᠢᠷᠠᠭᠤᠯᠤᠨ ᠪᠠᠢᠷᠢᠯᠠᠭᠤᠯᠪᠠ᠃

ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ ᠤ᠋ᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠪᠦᠬᠦ᠌ ᠤᠯᠤᠰ᠎ᠤᠨ 《ᠬᠣᠶᠠᠷ ᠬᠤᠷᠠᠯ》ᠤ᠋ᠨ ᠵᠣᠷᠢᠭ ᠰᠠᠨᠠᠭ᠎ᠠ ᠵᠢ ᠪᠦᠬᠦ᠌ ᠲᠠᠯ᠎ᠠ᠎ᠪᠠᠷ ᠰᠤᠷᠤᠯᠴᠠᠨ ᠲᠤᠭᠤᠱᠢᠯᠠᠭᠤᠯᠬᠤ ᠵᠢ ᠣᠳᠣᠬᠠᠨ᠎ᠤ ᠴᠢᠬᠤᠯᠠ ᠶᠡᠬᠡ ᠤᠯᠤᠰ ᠲᠦᠷᠦ᠍ ᠵᠢᠨ ᠡᠭᠦᠷᠭᠡ ᠪᠣᠯᠭᠠᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ᠎ᠪᠠᠨ ᠶᠡᠷᠦᠩᠬᠡᠢ ᠱᠦᠵᠢ ᠰᠢ ᠵᠢᠨ ᠫᠢᠩ ᠤ᠋ᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠪᠦᠬᠦ᠌ ᠤᠯᠤᠰ᠎ᠤᠨ 《ᠬᠣᠶᠠᠷ ᠬᠤᠷᠠᠯ》 ᠤ᠋ᠨ ᠵᠣᠷᠢᠭ ᠰᠠᠨᠠᠭ᠎ᠠ᠎ᠲᠠᠶ ᠤᠬᠠᠮᠰᠠᠷ᠎ᠠᠴᠠ᠎ᠪᠠᠨ ᠨᠢᠭᠡᠳᠭᠡᠬᠦ᠌ ᠬᠡᠷᠡᠭ᠌ᠲᠡᠢ ᠃ ᠶᠡᠷᠦᠩᠬᠡᠶ ᠱᠦᠵᠢ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠪᠥᠬᠥ᠌ ᠤᠯᠤᠰ᠎ᠤᠨ 《ᠬᠣᠶᠠᠷ ᠬᠤᠷᠠᠯ》ᠤ᠋ᠨ ᠵᠣᠷᠢᠭ ᠰᠠᠨᠠᠭ᠎ᠠ ᠵᠢ ᠰᠤᠷᠤᠯᠴᠠᠨ ᠲᠤᠭᠤᠱᠢᠯᠠᠭᠤᠯᠬᠤ ᠵᠢ ᠶᠡᠷᠦᠩᠬᠡᠶ ᠱᠦᠵᠢ ᠰᠢ ᠵᠢᠨ ᠫᠢᠩ ᠤ᠋ᠨ ᠱᠢᠷᠢᠰ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠨ ᠲᠤᠭᠤᠱᠢᠯᠠᠭᠤᠯᠬᠤ᠎ᠲᠠᠶ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ ᠵᠢᠨ ᠨᠠᠮ᠎ᠤᠨ ᠲᠥᠯᠥᠭᠡᠯᠡᠭ᠌ᠴᠢᠳ ᠤ᠋ᠨ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠲᠠᠶ ᠤᠶᠠᠯᠳᠤᠭᠤᠯᠵᠤ᠂ ᠰᠤᠷᠤᠯᠴᠠᠨ ᠲᠤᠭᠤᠱᠢᠯᠠᠭᠤᠯᠬᠤ ᠵᠢ ᠲᠠᠰᠤᠷᠠᠯᠲᠠ ᠥᠬᠡᠶ ᠭᠦᠨᠵᠡᠭᠡᠢᠷᠡᠭᠦᠯᠦᠨ ᠪᠣᠳᠠᠲᠠᠢᠵᠢᠭᠤᠯᠬᠤ ᠵᠢ ᠠᠬᠢᠭᠤᠯᠬᠤ ᠬᠡᠷᠡᠭ᠌ᠲᠡᠶ ᠭᠡᠵᠤ ᠴᠢᠬᠤᠯᠠᠴᠢᠯᠠᠪᠠ᠃

ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ ᠤ᠋ᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠪᠦᠬᠦ᠌ ᠤᠯᠤᠰ᠎ᠤᠨ 《ᠬᠣᠶᠠᠷ ᠬᠤᠷᠠᠯ》ᠤ᠋ᠨ ᠵᠣᠷᠢᠭ ᠰᠠᠨᠠᠭ᠎ᠠ ᠵᠢ ᠰᠠᠢᠲᠤᠷ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠵᠢ ᠣᠳᠣᠬᠠᠨ᠎ᠤ ᠭᠣᠣᠯᠳᠠᠯᠭ᠎ᠠ᠎ᠲᠠᠶ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠬᠦ᠌ ᠳᠡᠭᠡᠷ᠎ᠡ ᠢᠯᠡᠷᠡᠭᠦᠯᠬᠦ᠌ ᠬᠡᠷᠡᠭ᠌ᠲᠡᠢ᠃ ᠡᠨᠧᠷᠭᠢ᠎ᠶ᠋ᠢᠨ ᠬᠠᠩᠭᠠᠯᠭ᠎ᠠ᠎ᠶ᠋ᠢ ᠪᠠᠲᠤᠯᠠᠬᠤ ᠠᠵᠢᠯ᠎ᠢ ᠪᠦᠬᠦ᠌ ᠬᠦᠴᠦᠨ᠎ᠢᠶᠡᠷ᠎ᠢᠶᠡᠨ ᠰᠠᠢᠲᠤᠷ ᠬᠢᠵᠦ᠍ ᠂ ᠴᠠᠬᠢᠯᠭᠠᠨ ᠭᠠᠷᠭᠠᠬᠤ ᠨᠡᠭᠦᠷᠡᠰᠦᠨ᠎ᠦ ᠳᠤᠮᠳᠠ ᠤᠷᠳᠤ ᠬᠤᠭᠤᠴᠠᠭᠠᠨ᠎ᠤ ᠭᠡᠷ᠎ᠡ᠎ᠪᠡᠨ ᠭᠦᠢᠴᠡᠳᠭᠡᠬᠦ᠌ ᠬᠢᠨᠠᠯᠲᠠ ᠬᠠᠮᠢᠶᠠᠷᠤᠯᠲᠠ᠎ᠶ᠋ᠢ ᠰᠠᠢᠲᠤᠷ ᠠᠳᠭᠤᠵᠤ᠂ ᠨᠡᠭᠦᠷᠡᠰᠦᠨ᠎ᠦ ᠲᠡᠷᠢᠭᠦᠨ᠎ᠦ ᠦᠢᠯᠡᠳᠪᠦᠷᠢᠯᠡᠯ᠎ᠦᠨ ᠴᠢᠳᠠᠪᠤᠷᠢ᠎ᠶ᠋ᠢ ᠡᠮᠬᠢ ᠵᠢᠷᠤᠮ᠎ᠲᠠᠶ᠎ᠪᠠᠷ ᠢᠯᠡᠷᠡᠭᠦᠯᠵᠦ᠍᠂ ᠴᠠᠬᠢᠯᠭᠠᠨ ᠬᠦᠴᠦᠨ᠎ᠦ ᠠᠮᠤᠷ ᠲᠦᠪᠱᠢᠨ ᠲᠣᠭ᠍ᠲᠠᠭᠤᠨ ᠬᠠᠩᠭᠠᠯᠭ᠎ᠠ᠎ᠶ᠋ᠢ ᠪᠦᠬᠦ᠌ ᠬᠦᠴᠦᠨ᠎ᠢᠶᠡᠷ ᠪᠠᠲᠤᠯᠠᠵᠤ ᠂ ᠪᠠᠢᠭᠠᠯᠢ᠎ᠶ᠋ᠢᠨ ᠱᠢᠲᠠᠮᠠᠬᠠᠢ ᠬᠡᠢ᠎ᠶ᠋ᠢᠨ ᠭᠡᠷ᠎ᠡ ᠲᠣᠭ᠍ᠲᠠᠬᠤ ᠠᠵᠢᠯ᠎ᠢ ᠰᠠᠢᠲᠤᠷ ᠬᠢᠬᠦ᠌ ᠬᠡᠷᠡᠭ᠌ᠲᠡᠢ᠃ ᠰᠠᠯᠬᠢ ᠬᠡᠷᠡᠯ᠎ᠤᠨ ᠲᠣᠮᠣ ᠰᠠᠭᠤᠷᠢᠨ᠎ᠤ ᠪᠥᠲᠥᠭᠡᠨ ᠪᠠᠢᠭᠤᠯᠤᠯᠲᠠ ᠵᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠳᠡᠢ᠃ ᠡᠨᠧᠷᠭᠢ ᠵᠢᠨ ᠴᠢᠬᠤᠯᠠ ᠶᠡᠬᠡ ᠲᠥᠷᠥᠯ ᠵᠦᠶ᠋ᠯ ᠤ᠋ᠨ ᠪᠥᠲᠥᠭᠡᠨ ᠪᠠᠢᠭᠤᠯᠤᠯᠲᠠ ᠵᠢ ᠲᠦᠷᠭᠡᠳᠭᠡᠨ ᠬᠡᠷᠡᠭ᠌ᠵᠢᠭᠦᠯᠬᠦ ᠬᠡᠷᠡᠭ᠌ᠲᠡᠶ᠃ ᠰᠠᠯᠬᠢ ᠬᠡᠷᠡᠯ ᠤᠰᠤᠲᠥ᠋ᠷᠥᠭ᠌ᠴᠢ ᠨᠦᠭᠡᠴᠡᠯᠡᠯᠳᠡ ᠵᠢᠨ ᠪᠥᠬᠥ᠌ ᠠᠵᠤ ᠦᠶ᠋ᠯᠡᠰ ᠤ᠋ᠨ ᠬᠡᠯᠬᠢᠶ᠎ᠡ ᠵᠢᠨ ᠬᠥᠭ᠌ᠵᠢᠯᠲᠡ ᠵᠢ ᠠᠬᠢᠭᠤᠯᠵᠤ᠂ ᠱᠢᠨ᠎ᠡ ᠡᠨᠧᠷᠭᠢ ᠵᠢᠨ ᠮᠠᠰᠢᠨ ᠲᠣᠨᠣᠭ᠍ᠯᠠᠯ ᠦᠶ᠋ᠯᠡᠳᠬᠦ᠌ ᠰᠠᠭᠤᠷᠢᠨ᠎ᠤ ᠪᠠᠢᠷᠢᠱᠢᠭᠤᠯᠤᠯᠲᠠ ᠪᠥᠲᠥᠭᠡᠨ ᠪᠠᠢᠭᠤᠯᠤᠯᠲᠠ ᠵᠢ ᠲᠦᠷᠭᠡᠳᠭᠡᠬᠦ ᠬᠡᠷᠡᠭ᠌ᠲᠡᠶ ᠭᠡᠵᠤ ᠱᠠᠭᠠᠷᠳᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面