2022-03-24 14:13:13
3 ᠰᠠᠷ᠎ᠠ᠎ᠶᠢᠨ 19 ᠤ᠋ ᠡᠳᠦᠷ᠂ ᠪᠠᠶᠠᠨᠨᠠᠭᠤᠷ ᠬᠣᠲᠠ᠎ᠶᠢᠨ ᠨᠠᠮ᠎ᠤᠨ ᠬᠣᠷᠢᠶ᠎ᠠ ᠪᠠᠢᠩᠭᠤ᠎ᠶᠢᠨ ᠬᠣᠷᠢᠶᠠᠨ᠎ᠤ (ᠥᠷᠭᠡᠳᠬᠡᠭᠰᠡᠨ) ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭᠴᠢᠳ᠎ᠦᠨ ᠪᠦᠯᠬᠦᠮ᠎ᠦᠨ ᠬᠢᠨᠠᠨ ᠵᠥᠪᠯᠡᠬᠦ᠎ᠳᠦ ᠣᠷᠣᠯᠴᠠᠬᠤ ᠦᠶ᠎ᠡ᠎ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠪᠥᠬᠥ ᠤᠯᠤᠰ᠎ᠤᠨ 《ᠬᠣᠶᠠᠷ ᠬᠤᠷᠠᠯ》᠎ᠤ᠋ᠨ ᠵᠣᠷᠢᠭ ᠰᠠᠨᠠᠭ᠎ᠠ᠎ᠶᠢ ᠤᠯᠠᠮᠵᠢᠯᠠᠨ ᠰᠤᠷᠤᠯᠴᠠᠪᠠ᠃
ᠬᠤᠷᠠᠯ᠎ᠠᠴᠠ᠂ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠵᠢᠠ ᠠᠭᠤᠯᠤᠭᠳᠠᠬᠤᠨ ᠪᠠᠶᠠᠯᠢᠭ᠂ ᠦᠵᠡᠯ ᠰᠠᠨᠠᠭ᠎ᠠ ᠭᠦᠨᠵᠡᠭᠡᠶ᠂ ᠬᠠᠷᠠᠭᠠᠰᠤ ᠠᠭᠤᠳᠠᠮ ᠪᠠᠢᠵᠦ᠂ ᠰᠢᠨ᠎ᠡ ᠴᠠᠭ ᠦᠶ᠎ᠡ᠎ᠶᠢᠨ ᠨᠠᠮ ᠪᠣᠯᠤᠨ ᠠᠷᠠᠳ ᠲᠦᠮᠡᠨ᠎ᠦ ᠡᠷᠡᠮᠡᠬᠡᠢᠯᠡᠨ ᠤᠷᠤᠭᠰᠢᠯᠠᠭᠰᠠᠨ ᠥᠩᠭᠡᠷᠡᠯᠲᠡ᠎ᠶᠢᠨ ᠲᠤᠬᠠᠶ ᠴᠢᠬᠤᠯᠠ ᠲᠠᠨᠢᠯᠲᠠ᠎ᠶᠢ ᠰᠢᠨᠵᠢᠯᠡᠬᠦ ᠤᠬᠠᠭᠠᠨᠴᠢ᠎ᠪᠠᠷ ᠳ᠋ᠦᠩᠨᠡᠵᠦ᠂ ᠥᠪᠥᠷ ᠮᠣᠩᠭᠣᠯ᠎ᠤᠨ ᠪᠥᠬᠥ ᠲᠠᠯ᠎ᠠ᠎ᠶᠢᠨ ᠠᠵᠢᠯ ᠪᠣᠯᠤᠨ ᠠᠯᠤᠰ ᠬᠡᠲᠦ᠎ᠶᠢᠨ ᠬᠥᠭᠵᠢᠯᠲᠡ᠎ᠳᠦ ᠬᠣᠯᠪᠣᠭᠳᠠᠬᠤ ᠴᠢᠬᠤᠯᠠ ᠶᠡᠬᠡ ᠠᠰᠠᠭᠤᠳᠠᠯ᠎ᠳᠤ ᠴᠢᠬᠤᠯᠠ ᠵᠢᠭᠠᠪᠤᠷᠢ ᠥᠭᠴᠦ᠂ ᠪᠢᠳᠡᠨ᠎ᠦ ᠰᠢᠨ᠎ᠡ ᠬᠥᠭᠵᠢᠯᠲᠡ᠎ᠶᠢᠨ ᠱᠠᠲᠤᠨ᠎ᠤ ᠡᠯ᠎ᠡ ᠵᠦᠢᠯ᠎ᠦᠨ ᠠᠵᠢᠯ᠎ᠢ ᠰᠠᠢᠲᠤᠷ ᠬᠢᠬᠦ᠎ᠳᠦ ᠴᠢᠬᠤᠯᠠ ᠦᠵᠡᠯ ᠰᠠᠨᠠᠭᠠᠨ᠎ᠤ ᠵᠢᠷᠤᠮᠯᠠᠯ ᠪᠣᠯᠤᠨ ᠠᠵᠢᠯᠯᠠᠭᠠᠨ᠎ᠤ ᠵᠦᠭᠯᠡᠭᠦᠷ ᠬᠠᠩᠭᠠᠪᠠ᠃ ᠶᠡᠷᠦᠩᠬᠡᠶ ᠰᠠᠢᠳ ᠯᠢ ᠺᠧ ᠴᠢᠶᠠᠩ᠎ᠤᠨ ᠬᠢᠭᠰᠡᠨ ᠵᠠᠰᠠᠭ᠎ᠤᠨ ᠣᠷᠳᠣᠨ᠎ᠤ ᠠᠵᠢᠯ ᠤᠨ ᠢᠯᠡᠳᠬᠡᠯ ᠨᠢ ᠡᠨᠡ ᠵᠢᠯ᠎ᠦᠨ ᠠᠵᠤ ᠠᠬᠤᠶ ᠨᠡᠢᠭᠡᠮ᠎ᠦᠨ ᠬᠥᠭᠵᠢᠯᠲᠡ᠎ᠶᠢᠨ ᠶᠡᠷᠦᠩᠬᠡᠶ ᠱᠠᠭᠠᠷᠳᠠᠯᠭ᠎ᠠ᠂ ᠬᠠᠷᠠᠯᠲᠠ ᠡᠭᠦᠷᠭᠡ ᠪᠣᠯᠤᠨ ᠠᠵᠢᠯ᠎ᠤᠨ ᠭᠤᠤᠯᠳᠠᠯᠭ᠎ᠠ᠎ᠶᠢ ᠲᠣᠳᠣᠷᠬᠠᠶ ᠳᠤᠷᠠᠳᠴᠤ᠂ ᠠᠯᠢ ᠣᠯᠠᠨ ᠴᠢᠬᠤᠯᠠ ᠶᠡᠬᠡ ᠠᠷᠭ᠎ᠠ ᠬᠡᠮᠵᠢᠶ᠎ᠡ ᠲᠤᠬᠢᠷᠠᠭᠤᠯᠵᠤ᠂ ᠪᠢᠳᠡᠨ᠎ᠦ ᠡᠨᠡ ᠵᠢᠯ᠎ᠦᠨ ᠡᠯ᠎ᠡ ᠵᠦᠢᠯ᠎ᠦᠨ ᠠᠵᠢᠯ᠎ᠢᠶᠠᠨ ᠰᠠᠢᠲᠤᠷ ᠬᠢᠬᠦ᠎ᠳᠦ ᠬᠦᠴᠦᠲᠡᠶ ᠵᠢᠯᠣᠭᠣᠳᠣᠯᠭ᠎ᠠ ᠬᠠᠩᠭᠠᠵᠠᠢ ᠬᠡᠵᠦ ᠵᠢᠭᠠᠵᠤ ᠭᠠᠷᠭᠠᠪᠠ᠃
ᠬᠤᠷᠠᠯ᠎ᠠᠴᠠ᠂ ᠪᠦᠬᠦ ᠤᠯᠤᠰ᠎ᠤᠨ《ᠬᠣᠶᠠᠷ ᠬᠤᠷᠠᠯ》᠎ᠤ᠋ᠨ ᠵᠣᠷᠢᠭ ᠰᠠᠨᠠᠭ᠎ᠠ ᠣᠨᠴᠠᠭᠠᠢᠯᠠᠨ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠣᠯ ᠣᠳᠣᠬᠠᠨ ᠪᠠ ᠬᠣᠢᠰᠢᠳᠠ᠎ᠶᠢᠨ ᠨᠢᠭᠡ ᠬᠤᠭᠤᠴᠠᠭᠠᠨ᠎ᠤ ᠴᠢᠬᠤᠯᠠ ᠶᠡᠬᠡ ᠤᠯᠤᠰ ᠲᠦᠷᠦ᠎ᠶᠢᠨ ᠡᠭᠦᠷᠭᠡ ᠪᠣᠯᠤᠨ᠎ᠠ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠬᠣᠲᠠ᠎ᠶᠢᠨ ᠨᠠᠮ᠎ᠤᠨ ᠬᠣᠷᠢᠶᠠᠨ᠎ᠤ ᠪᠠᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠤᠯᠠᠮᠵᠢᠯᠠᠨ ᠰᠤᠷᠤᠯᠴᠠᠬᠤ ᠠᠵᠢᠯ᠎ᠢ ᠨᠠᠷᠢᠨ ᠬᠢᠨᠠᠮᠠᠭᠠᠶ ᠵᠣᠬᠢᠶᠠᠨ ᠪᠠᠢᠭᠤᠯᠵᠤ᠂ ᠪᠣᠳᠠᠲᠠᠶ᠎ᠲᠠᠶ ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢ ᠰᠠᠢᠲᠤᠷ ᠠᠳᠬᠤᠬᠤ ᠬᠡᠷᠡᠭᠲᠡᠶ᠃ ᠡᠯ᠎ᠡ ᠱᠠᠲᠤᠨ᠎ᠤ ᠤᠳᠤᠷᠢᠳᠬᠤ ᠺᠠᠳ᠋ᠷᠴᠤᠳ ᠲᠦᠷᠦᠭᠦᠯᠡᠨ ᠰᠤᠷᠤᠯᠴᠠᠵᠤ ᠰᠤᠳᠤᠯᠤᠨ ᠶᠠᠷᠢᠯᠴᠠᠬᠤ ᠪᠠ ᠤᠬᠠᠭᠤᠯᠤᠨ ᠲᠠᠢᠯᠪᠤᠷᠢᠯᠠᠬᠤ ᠠᠵᠢᠯ᠎ᠢ ᠰᠠᠢᠲᠤᠷ ᠬᠢᠵᠦ᠂ ᠥᠷᠭᠡᠨ ᠣᠯᠠᠨ ᠨᠠᠮ᠎ᠤᠨ ᠭᠡᠰᠢᠭᠦᠨ ᠺᠠᠳ᠋ᠷᠴᠤᠳ᠎ᠢ ᠬᠥᠲᠥᠯᠥᠨ ᠵᠢᠯᠣᠭᠣᠳᠴᠤ ᠪᠠᠢᠭᠠᠳ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠢᠯᠠᠭᠠᠵᠤ᠂ ᠣᠶᠤᠨ ᠲᠠᠷᠢᠬᠢᠨᠳᠤᠨᠢ ᠬᠠᠳᠠᠩᠰᠢᠭᠤᠯᠵᠤ ᠂ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ᠎ᠤᠨ ᠲᠠᠰᠤᠷᠠᠯᠲᠠ ᠥᠬᠡᠶ ᠭᠦᠨᠵᠡᠭᠡᠢᠷᠡᠨ ᠪᠣᠳᠠᠲᠠᠢᠵᠢᠬᠤ᠎ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠬᠤᠷᠠᠯ᠎ᠠᠴᠠ᠂ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠣᠯᠤᠭᠰᠠᠨ ᠴᠢᠬᠤᠯᠠ ᠶᠡᠬᠡ ᠰᠢᠨ᠎ᠡ ᠠᠮᠵᠢᠯᠲᠠ ᠪᠦᠲᠦᠮᠵᠢ᠎ᠶᠢ ᠭᠦᠨᠵᠡᠭᠡᠢ ᠣᠢᠯᠠᠭᠠᠵᠤ᠂《ᠬᠣᠶᠠᠷ᠎ᠢ ᠲᠣᠭᠲᠠᠭᠠᠬᠰᠠᠨ》 ᠢ᠋ ᠦᠨᠡᠨᠴᠢ ᠰᠢᠳᠤᠷᠭᠤ᠎ᠪᠠᠷ ᠬᠦᠷᠢᠶᠡᠯᠡᠵᠦ᠂ 《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠬᠦ ᠤᠯᠤᠰ ᠲᠦᠷᠦ᠎ᠶᠢᠨ ᠲᠣᠭᠲᠠᠯ ᠬᠦᠴᠦᠨ᠎ᠢᠶᠡᠨ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ᠃ 《ᠲᠠᠪᠤᠨ ᠵᠠᠢᠯᠠᠰᠢ ᠦᠬᠡᠢ ᠵᠠᠮᠨᠠᠬᠤ ᠵᠠᠮ》 ᠤ᠋ᠠ ᠲᠤᠬᠠᠢ ᠴᠢᠬᠤᠯᠠ ᠲᠠᠨᠢᠯᠲᠠ᠎ᠶᠢ ᠭᠦᠨᠵᠡᠭᠡᠢ ᠣᠢᠯᠠᠭᠠᠵᠤ᠂ ᠰᠢᠨ᠎ᠡ ᠠᠶᠠᠨ᠎ᠳᠤ ᠡᠷᠡᠮᠡᠬᠡᠢᠯᠡᠨ ᠤᠷᠤᠭᠰᠢᠯᠠᠬᠤ᠂ ᠰᠢᠨ᠎ᠡ ᠴᠠᠭ ᠦᠶ᠎ᠡ᠎ᠳᠦ ᠭᠠᠪᠢᠶ᠎ᠠ ᠪᠠᠢᠭᠤᠯᠬᠤ ᠢᠲᠡᠭᠡᠯ ᠵᠣᠷᠢᠭ᠎ᠢᠶᠠᠨ ᠴᠢᠨᠠᠭᠰᠢᠳᠠ ᠴᠢᠩᠭᠠᠳᠬᠠᠬᠤ ᠬᠡᠷᠡᠭᠲᠡᠢ᠃ ᠶᠡᠷᠦᠩᠬᠡᠶ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠬᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠶᠢ ᠭᠦᠨᠵᠡᠭᠡᠶ ᠣᠢᠯᠠᠭᠠᠵᠤ᠂ ᠦᠨᠳᠦᠰᠦᠲᠡᠨ᠎ᠦ ᠪᠦᠯᠬᠦᠮᠳᠡᠯ ᠪᠠ ᠬᠢᠯᠢ ᠬᠢᠵᠠᠭᠠᠷ᠎ᠤᠨ ᠠᠮᠤᠷ ᠲᠣᠭᠲᠠᠭᠤᠨ᠎ᠢ ᠬᠠᠮᠠᠭᠠᠯᠠᠬᠤ ᠴᠢᠬᠤᠯᠠ ᠶᠡᠬᠡ ᠬᠠᠷᠢᠭᠤᠴᠠᠯᠭ᠎ᠠ᠎ᠶᠢ ᠤᠬᠠᠮᠰᠠᠷ᠎ᠠᠴᠠ᠎ᠪᠠᠨ ᠡᠭᠦᠷᠭᠡᠯᠡᠬᠦ ᠬᠡᠷᠡᠭᠲᠡᠶ᠃ ᠶᠡᠷᠦᠩᠬᠡᠢ ᠱᠦᠵᠢ ᠰᠢ ᠵᠢᠨ ᠫᠢᠩ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠪᠠ ᠠᠵᠤ ᠠᠬᠤᠢ ᠨᠡᠢᠭᠡᠮ᠎ᠦᠨ ᠬᠥᠭᠵᠢᠯᠲᠡ᠎ᠶᠢ ᠨᠢᠭᠡᠳᠦᠯᠲᠡᠢ ᠲᠥᠯᠥᠪᠵᠢᠭᠦᠯᠬᠦ ᠲᠤᠬᠠᠢ ᠴᠢᠬᠤᠯᠠ ᠱᠠᠭᠠᠷᠳᠠᠯᠭ᠎ᠠ᠎ᠶᠢ ᠭᠦᠨᠵᠡᠭᠡᠢ ᠣᠢᠯᠠᠭᠠᠵᠤ᠂ᠲᠣᠭᠲᠠᠭᠤᠨ ᠪᠠᠢᠯᠭᠠᠬᠤ᠎ᠶᠢ ᠲᠡᠷᠢᠭᠦᠨ᠎ᠳᠦ ᠲᠠᠯᠪᠢᠵᠤ᠂ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠵᠤ ᠡᠨᠡ ᠵᠢᠯ᠎ᠦᠨ ᠡᠯ᠎ᠡ ᠵᠦᠢᠯ᠎ᠦᠨ ᠠᠵᠢᠯ᠎ᠢ ᠰᠠᠢᠲᠤᠷ ᠬᠢᠬᠦ ᠬᠡᠷᠡᠭᠲᠡᠢ᠃ ᠶᠡᠷᠦᠩᠬᠡᠢ ᠱᠦᠵᠢ ᠰᠢ ᠵᠢᠨ ᠫᠢᠩ᠎ᠦᠨ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠲᠤᠬᠠᠢ ᠴᠢᠬᠤᠯᠠ ᠥᠭᠦᠯᠡᠯᠲᠡ᠎ᠶᠢ ᠭᠦᠨᠵᠡᠭᠡᠢ ᠣᠢᠯᠠᠭᠠᠵᠤ᠂ ᠰᠤᠷᠲᠠᠯ ᠴᠢᠬᠡᠴᠢ ᠣᠪᠣᠷ ᠲᠥᠪ᠂ ᠠᠵᠢᠯ ᠬᠢᠵᠦ ᠦᠢᠯᠡᠰ ᠪᠤᠰᠬᠠᠬᠤ ᠰᠠᠢᠨ ᠰᠠᠢᠬᠠᠨ ᠤᠯᠤᠰ ᠲᠦᠷᠦ᠎ᠶᠢᠨ ᠠᠮᠢ ᠠᠬᠤᠢ᠎ᠶᠢ ᠴᠢᠷᠮᠠᠢᠨ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃