ᠱᠢᠨ᠎᠎ᠡ ᠴᠠᠭ ᠦᠶ᠎ᠡ᠎ᠳ᠋ᠦ᠍ ᠭᠠᠪᠢᠶ᠎ᠠ ᠪᠠᠢᠭᠤᠯᠤᠶ᠎ᠠ > ᠮᠡᠳᠡᠭᠡᠯᠡᠯ

2022-03-24 09:29:59

ᠵᠣᠬᠢᠶᠠᠭ᠍ᠴᠢ᠄ ᠤᠷᠭᠤᠮᠠᠯ ᠣᠩᠱᠢᠭ᠍ᠰᠠᠨ ᠣᠳᠠᠭ᠎ᠠ᠄ 3

ᠦᠪᠡᠷᠳᠡᠭᠡᠨ ᠵᠠᠰᠠᠬᠤ ᠤᠷᠤᠨ᠎ᠤ ᠤᠯᠠᠭᠠᠨ ᠵᠠᠭᠠᠯᠮᠠᠢ᠌ᠳᠠᠨ᠎ᠤ ᠨᠡᠢᠭᠡᠮᠯᠢᠭ ᠪᠦᠬᠦ ᠤᠯᠤᠰ᠎ᠤᠨ《ᠬᠤᠶᠠᠷ ᠬᠤᠷᠠᠯ》᠎ᠤ᠋ᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ ᠲᠤᠭᠤᠱᠢᠯᠠᠭᠤᠯᠪᠠ

ᠲᠦᠷᠦᠬᠦᠭᠡᠨ ᠥᠪᠡᠷᠲᠡᠭᠡᠨ ᠵᠠᠰᠠᠬᠤ ᠣᠷᠣᠨ᠎ᠤ ᠤᠯᠠᠭᠠᠨ ᠵᠠᠭᠠᠯᠮᠠᠢ᠌ᠳᠠᠨ᠎ᠤ ᠨᠡᠢᠭᠡᠮᠯᠢᠭ᠎ᠦᠨ ᠨᠠᠮ᠎ᠤᠨ ᠤᠳᠤᠷᠢᠳᠭᠤ ᠳᠤᠭᠤᠢᠯᠠᠩ 9 ᠳ᠋ᠤᠭᠡᠷ ᠤᠳᠠᠭ᠎ᠠ᠎ᠶ᠋ᠢᠨ ᠤᠨᠤᠯ ᠰᠤᠷᠤᠯᠴᠠᠬᠤ ᠭᠣᠣᠯ ᠳᠤᠭᠤᠢᠯᠠᠩ(ᠥᠷᠭᠡᠳᠭᠡᠭ᠌ᠰᠡᠨ)᠎ᠤ᠋ᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ᠎ᠶ᠋ᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠪᠠ᠃

ᠬᠤᠷᠠᠯ᠎ᠡᠴᠡ᠂ ᠶᠡᠷᠦᠩᠬᠡᠢ ᠱᠦᠵᠢ ᠰᠢ ᠵᠢᠨ ᠫᠢᠩ ᠤ᠋ᠨ ᠴᠢᠬᠤᠯᠠ ᠶᠠᠷᠢᠶ᠎ᠠ ᠨᠢ ᠮᠠᠰᠢ ᠴᠢᠩᠭ᠎ᠠ ᠤᠯᠤᠰ ᠲᠥᠷᠥᠴᠢ ᠴᠢᠨᠠᠷ᠂ ᠦᠵᠡᠯ ᠰᠠᠨᠠᠭᠠᠴᠢ ᠴᠢᠨᠠᠷ᠂ ᠵᠢᠯᠣᠭᠣᠳᠭᠤ ᠴᠢᠨᠠᠷ ᠪᠠ ᠬᠠᠨᠳᠤᠯᠭᠠᠲᠤ ᠴᠢᠨᠠᠷ ᠲᠠᠢ ᠪᠠᠢᠵᠦ᠂ ᠥᠪᠥᠷ ᠮᠣᠩᠭᠣᠯ᠎ᠤᠨ ᠪᠠᠢᠳᠠᠯ᠎ᠳᠦ ᠵᠤᠬᠢᠴᠠᠭᠤᠯᠤᠨ ᠬᠥᠭ᠌ᠵᠢᠯᠲᠡ᠎ᠶ᠋ᠢᠨ ᠵᠢᠷᠤᠭ ᠲᠥᠰᠦᠪ᠎ᠢ ᠵᠢᠷᠤᠭ᠍ᠯᠠᠵᠦ᠂ ᠥᠪᠥᠷ ᠮᠣᠩᠭᠣᠯ᠎ᠤᠨ ᠠᠵᠢᠯ᠎ᠢ ᠰᠠᠢᠲᠤᠷ ᠬᠢᠬᠦ᠌᠎ᠳᠦ ᠴᠢᠬᠤᠯᠠ ᠵᠢᠷᠤᠮᠯᠠᠯ ᠬᠠᠩᠭᠠᠵᠠᠢ᠃ ᠦᠪᠡᠷᠳᠡᠭᠡᠨ ᠵᠠᠰᠠᠬᠤ ᠤᠷᠤᠨ᠎ᠤ ᠤᠯᠠᠭᠠᠨ ᠵᠠᠭᠠᠯᠮᠠᠢ᠌ᠳᠠᠨ᠎ᠤ ᠨᠡᠢᠭᠡᠮᠯᠢᠭ᠎ᠤᠨ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠬᠤ᠎ᠶ᠋ᠢ 《ᠭᠤᠷᠪᠠᠨ ᠬᠤᠷᠠᠯ ᠨᠢᠭᠡ ᠬᠢᠴᠢᠶᠡᠯ》᠂ ᠭᠣᠣᠯ ᠰᠡᠳᠦᠪᠲᠦ ᠨᠠᠮ᠎ᠤᠨ ᠡᠳᠦᠷᠯᠢᠭ᠎ᠦᠨ ᠠᠵᠢᠯᠯᠠᠭ᠎ᠠ᠎ᠶ᠋ᠢᠨ ᠴᠢᠬᠤᠯᠠ ᠠᠭᠤᠯᠭ᠎ᠠ᠎ᠳᠤ ᠣᠷᠣᠭᠤᠯᠵᠤ᠂ ᠨᠠᠮ᠎ᠤᠨ ᠡᠭᠦᠷ᠎ᠦᠨ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ᠎ᠤᠨ ᠬᠤᠷᠠᠯ᠎ᠢ ᠵᠣᠬᠢᠶᠠᠨ ᠪᠠᠢᠭᠤᠯᠵᠤ ᠭᠦᠨᠵᠡᠭᠡᠢ ᠰᠤᠳᠤᠯᠤᠨ ᠶᠠᠷᠢᠯᠴᠠᠬᠤ ᠬᠡᠷᠡᠭ᠌ᠲᠡᠢ; ᠨᠠᠩ ᠥᠨᠳᠥᠷ ᠤᠯᠤᠰ ᠲᠥᠷᠥ᠎ᠶ᠋ᠢᠨ ᠵᠣᠭ᠍ᠰᠣᠴᠠ᠂ ᠨᠠᠩ ᠴᠢᠩᠭ᠎ᠠ ᠪᠠᠷᠢᠮᠵᠢᠶ᠎ᠠ᠎ᠶ᠋ᠢᠨ ᠱᠠᠭᠠᠷᠳᠠᠯᠭ᠎ᠠ ᠪᠡᠷ ᠰᠢ ᠵᠢᠨ ᠫᠢᠩ ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠲᠠᠷᠢᠬᠢ ᠲᠣᠯᠣᠭᠠᠢ᠎ᠪᠠᠨ ᠨᠡᠩ ᠰᠠᠢ᠌ᠳᠤᠷ ᠵᠡᠪᠰᠡᠭᠯᠡᠵᠤ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ ᠱᠢᠨ᠎ᠡ ᠠᠶᠠᠨ᠎ᠳᠠᠬᠢ ᠥᠪᠥᠷ ᠮᠣᠩᠭᠣᠯ᠎ᠤᠨ ᠴᠢᠬᠤᠯᠠ ᠶᠡᠬᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ᠎ᠶ᠋ᠢ ᠦᠨᠡᠨ ᠬᠦ᠌ ᠡᠭᠦᠷᠭᠡᠯᠡᠬᠦ ᠬᠡᠷᠡᠭᠳᠠᠢ ᠭᠡᠵᠦ ᠱᠠᠭᠠᠷᠳᠠᠪᠠ᠃

ᠬᠤᠷᠠᠯ᠎ᠡᠴᠡ᠂ ᠥᠪᠡᠷᠲᠡᠭᠡᠨ ᠵᠠᠰᠠᠬᠤ ᠣᠷᠣᠨ᠎ᠤ ᠤᠯᠠᠭᠠᠨ ᠵᠠᠭᠠᠯᠮᠠᠢ᠌ᠳᠠᠨ᠎ᠤ ᠨᠡᠢᠭᠡᠮᠯᠢᠭ᠎ᠦᠨ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠠᠢᠲᠤᠷ ᠰᠤᠷᠤᠯᠴᠠᠵᠤ᠂ ᠰᠠᠢᠲᠤᠷ ᠤᠬᠠᠭᠤᠯᠵᠤ᠂ ᠰᠠᠢᠲᠤᠷ ᠲᠤᠭᠤᠱᠢᠯᠠᠭᠤᠯᠬᠤ᠎ᠵᠢ ᠤᠳᠤᠬᠠᠨ᠎ᠤ ᠪᠠ ᠬᠤᠢᠰᠢᠳᠠ᠎ᠵᠢᠨ ᠨᠢᠭᠡ ᠬᠡᠰᠡᠭ ᠬᠤᠭᠤᠴᠠᠭᠠᠨ᠎ᠤ ᠲᠡᠷᠢᠬᠦᠨ ᠴᠢᠬᠤᠯᠠ ᠤᠯᠤᠰ ᠲᠦᠷᠦ᠎ᠵᠢᠨ ᠡᠭᠦᠷᠭᠡ ᠪᠤᠯᠭᠠᠵᠤ ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠤᠳᠠᠭ᠎ᠠ ᠪᠦᠷᠢ᠎ᠶ᠋ᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠰᠤᠷᠤᠯᠴᠠᠬᠤ᠎ᠲᠠᠶ ᠤᠶᠠᠯᠳᠤᠭᠤᠯᠬᠤ ᠬᠡᠷᠡᠭ᠌ᠲᠡᠢ; ᠶᠡᠷᠦᠩᠬᠡᠶ ᠱᠦᠵᠢ ᠰᠢ ᠵᠢᠨ ᠫᠢᠩ᠎ᠦᠨ ᠤᠯᠠᠭᠠᠨ ᠵᠠᠭᠠᠯᠮᠠᠢᠲᠠᠨ᠎ᠤ ᠦᠶ᠋ᠯᠡᠰ᠎ᠦᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠰᠤᠷᠤᠯᠴᠠᠬᠤ᠎ᠲᠠᠶ ᠤᠶᠠᠯᠳᠤᠭᠤᠯᠬᠤ ᠬᠡᠷᠡᠭ᠌ᠲᠡᠶ; ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠲᠠᠶ ᠤᠶᠠᠯᠳᠤᠭᠤᠯᠬᠤ ᠭᠡᠷᠡᠭᠳᠠᠢ;ᠣᠳᠣᠬᠠᠨ᠎ᠤ ᠤᠯᠠᠭᠠᠨ ᠵᠠᠭᠠᠯᠮᠠᠢ᠌ᠳᠠᠨ᠎ᠤ ᠦᠢᠯᠡᠰ᠎ᠦᠨ ᠬᠥᠭ᠌ᠵᠢᠯᠲᠡ᠎ᠶ᠋ᠢᠨ ᠡᠯ᠎ᠡ ᠲᠦᠷᠦᠯ᠎ᠦᠨ ᠲᠤᠬᠠᠢᠯᠠᠭ᠍ᠰᠠᠨ ᠠᠵᠢᠯ᠎ᠲᠠᠶ ᠤᠶᠠᠯᠳᠤᠭᠤᠯᠵᠤ᠂ ᠬᠠᠮᠲᠤ᠎ᠪᠠᠷ ᠲᠥᠯᠥᠪᠵᠢᠭᠦᠯᠦᠨ ᠪᠠᠢᠷᠢᠯᠠᠭᠤᠯᠵᠤ᠂ ᠨᠢᠭᠡ ᠴᠤᠬ᠍ᠴᠠᠵᠢᠭᠤᠯᠤᠨ ᠨᠠᠢᠳᠠᠪᠤᠷᠢᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠣᠣᠯ ᠱᠢᠵᠢᠮ᠎ᠢ ᠴᠢᠩᠭ᠎ᠠ ᠠᠳᠭᠤᠬᠤ᠎ᠶ᠋ᠢ ᠪᠠᠷᠢᠮᠲᠠᠯᠠᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠰᠠᠨᠠᠭᠠᠴᠢᠯᠠᠭ᠎ᠠ᠎ᠡᠴᠡ᠎ᠪᠠᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠦᠢᠯᠡᠴᠢᠯᠡᠬᠦ᠌᠎ᠶ᠋ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠠᠳᠭᠤᠬᠤ᠎ᠶ᠋ᠢ ᠪᠠᠷᠢᠮᠲᠠᠯᠠᠵᠤ᠂ ᠱᠢᠨ᠎ᠡ ᠠᠶᠠᠨ᠎ᠳᠠᠭᠠᠨ ᠡᠷᠡᠯᠬᠡᠭ᠌ᠯᠡᠨ ᠤᠷᠤᠭ᠍ᠰᠢᠯᠠᠬᠤ᠂ ᠱᠢᠨ᠎ᠡ ᠴᠠᠭ ᠦᠶ᠎ᠡ᠎ᠳᠦ ᠭᠠᠪᠢᠶ᠎ᠠ ᠵᠢᠳᠬᠦᠯ ᠭᠠᠷᠭᠠᠬᠤ᠎ᠶ᠋ᠢ ᠪᠠᠷᠢᠮᠲᠠᠯᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面