2022-03-25 09:54:25
ᠲᠦᠷᠦᠬᠦᠬᠡᠨ ᠥᠪᠡᠷᠲᠡᠭᠡᠨ ᠵᠠᠰᠠᠬᠤ ᠣᠷᠣᠨ ᠤ᠋ ᠬᠥᠮᠦᠨ ᠦ ᠬᠦᠴᠦᠨ ᠦ ᠡᠬᠢ ᠪᠠᠶᠠᠯᠢᠭ ᠪᠠ ᠨᠡᠢᠭᠡᠮ ᠦᠨ ᠪᠠᠲᠤᠯᠠᠭ᠎ᠠ ᠶ᠋ᠢᠨ ᠲᠢᠩᠬᠢᠮ ᠦᠨ ᠨᠠᠮ ᠤᠨ ᠤᠳᠤᠷᠢᠳᠭᠤ ᠳᠤᠭᠤᠢᠯᠠᠩ ᠲᠤᠰᠭᠠᠶ ᠰᠡᠳᠦᠪᠲᠦ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ ᠦᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠥ᠌ ᠤᠯᠤᠰ ᠤᠨ ᠠᠷᠠᠳ ᠤᠨ ᠲᠥᠯᠥᠭᠡᠯᠡᠭ᠌ᠴᠢᠳ ᠦᠨ ᠶᠡᠬᠡ ᠬᠤᠷᠠᠯ ᠤᠨ ᠲᠠᠪᠤᠳᠤᠭᠠᠷ ᠬᠤᠷᠠᠯ ᠤᠨ ᠥᠪᠥᠷ ᠮᠣᠩᠭᠣᠯ ᠤᠨ ᠲᠥᠯᠥᠭᠡᠯᠡᠭ᠌ᠴᠢᠳ ᠦᠨ ᠪᠦᠯᠬᠦᠮ ᠦᠨ ᠬᠢᠨᠠᠨ ᠵᠥᠪᠯᠡᠬᠦ᠌ ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠰᠠᠨᠠᠯ᠎ᠢ ᠰᠤᠳᠤᠯᠤᠨ ᠪᠠᠢᠷᠢᠯᠠᠭᠤᠯᠵᠠᠢ᠃
ᠬᠤᠷᠠᠯ᠎ᠠᠴᠠ᠂ ᠳᠤᠮᠳᠠᠳᠤ᠎ᠶ᠋ᠢᠨ ᠦᠨᠳᠦᠰᠦᠲᠡᠨ ᠦ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ ᠪᠠᠲᠤ ᠴᠣᠭ᠍ᠴᠠᠯᠠᠬᠤ ᠰᠤᠷᠤᠯᠴᠠᠯᠭ᠎ᠠ ᠬᠥᠮᠦᠵᠢᠯ᠎ᠢ ᠭᠦᠨᠵᠡᠭᠡᠢᠷᠡᠭᠦᠯᠵᠦ᠍᠂ ᠨᠠᠮ᠎ᠤᠨ ᠦᠨᠳᠦᠰᠦᠲᠡᠨ᠎ᠦ ᠣᠨᠣᠯ ᠲᠥᠷᠥ᠎ᠶ᠋ᠢᠨ ᠪᠣᠳᠣᠯᠭ᠎ᠠ᠎ᠶ᠋ᠢᠨ ᠲᠤᠰᠭᠠᠶ ᠰᠡᠳᠦᠪᠲᠦ ᠰᠤᠷᠤᠯᠴᠠᠯᠭ᠎ᠠ ᠪᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠤᠤᠯ ᠰᠡᠳᠦᠪᠲᠦ ᠨᠠᠮ᠎ᠤᠨ ᠡᠳᠦᠷᠯᠢᠭ᠎ᠦᠨ ᠠᠵᠢᠯᠯᠠᠭ᠎ᠠ᠎ᠶ᠋ᠢ ᠢᠳᠡᠪᠬᠢᠲᠡᠶ ᠥᠷᠨᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠱᠠᠭᠠᠷᠳᠠᠯᠭ᠎ᠠ᠎ᠶ᠋ᠢ ᠴᠢᠩᠭ᠎ᠠ ᠵᠢᠷᠤᠮᠯᠠᠨ᠂ ᠱᠢᠨ᠎ᠡ ᠴᠠᠭ ᠦᠶ᠎ᠡ ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠲᠤᠬᠠᠶ ᠬᠡᠷᠡᠭ᠌ᠵᠢᠭᠦᠯᠬᠦ᠌ ᠰᠠᠨᠠᠯ ᠭᠤᠤᠯᠳᠠᠯᠭ᠎ᠠ᠎ᠲᠠᠶ ᠡᠭᠦᠷᠭᠡ᠎ᠶ᠋ᠢᠨ ᠠᠵᠢᠯ᠎ᠤᠨ ᠬᠤᠪᠢᠶᠠᠷᠢᠯᠠᠯ᠎ᠤᠨ ᠲᠥᠰᠦᠯ᠎ᠳᠦ ᠡᠭᠦᠷᠭᠡᠯᠡᠭ᠌ᠰᠡᠨ ᠡᠯ᠎ᠡ ᠵᠦᠶ᠋ᠯ᠎ᠦᠨ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠬᠦ᠌ ᠬᠡᠷᠡᠭ᠌ᠲᠡᠶ ᠬᠡᠵᠤ ᠱᠠᠭᠠᠷᠲᠠᠪᠠ᠃
ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠲᠠᠶ ᠤᠶᠠᠯᠳᠤᠭᠤᠯᠵᠤ᠂ ᠪᠦᠬᠦ᠌ ᠤᠯᠤᠰ᠎ᠤᠨ《ᠬᠣᠶᠠᠷ ᠬᠤᠷᠠᠯ》᠎ᠤ᠋ᠨ ᠵᠣᠷᠢᠭ ᠰᠠᠨᠠᠭ᠎ᠠ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ ᠶ᠋ᠢ ᠰᠤᠷᠤᠯᠴᠠᠨ ᠲᠤᠭᠤᠱᠢᠯᠠᠭᠤᠯᠬᠤ᠎ᠲᠠᠶ ᠤᠶᠠᠯᠳᠤᠭᠤᠯᠵᠤ᠂ ᠣᠳᠣᠬᠠᠨ᠎ᠤ ᠬᠢᠵᠦ᠍ ᠪᠠᠢᠭ᠎ᠠ ᠠᠵᠢᠯ ᠲᠠᠶ ᠪᠠᠨ ᠤᠶᠠᠯᠳᠤᠭᠤᠯᠵᠤ᠂ ᠨᠢᠭᠡ ᠴᠤᠬ᠍ᠴᠠᠵᠢᠭᠤᠯᠤᠨ ᠲᠥᠯᠥᠪᠵᠢᠭᠦᠯᠵᠦ᠍ ᠂ ᠨᠢᠭᠡ ᠴᠤᠬ᠍ᠴᠠᠵᠢᠭᠤᠯᠤᠨ ᠠᠬᠢᠭᠤᠯᠬᠤ ᠬᠡᠷᠡᠭ᠌ᠲᠡᠢ; ᠠᠵᠢᠯ᠎ᠤᠨ ᠲᠠᠩᠰᠠ ᠪᠠᠢᠭᠤᠯᠵᠤ᠂ ᠠᠵᠢᠯ᠎ᠤᠨ ᠲᠣᠬᠢᠷᠠᠭᠤᠯᠤᠯᠲᠠ᠎ᠶ᠋ᠢ ᠴᠢᠩᠭᠠᠳᠭᠠᠨ᠂ ᠡᠭᠦᠷᠭᠡ᠎ᠶ᠋ᠢᠨ ᠨᠠᠢᠳᠠᠪᠤᠷᠢᠵᠢᠭᠤᠯᠤᠯᠳᠠ᠎ᠶ᠋ᠢ ᠪᠠᠲᠤᠯᠠᠬᠤ ᠬᠡᠷᠡᠭ᠌ᠲᠡᠶ; ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠣᠨ᠎ᠤ ᠠᠵᠢᠯ᠎ᠤᠨ ᠭᠤᠤᠯᠳᠠᠯᠭ᠎ᠠ᠎ᠳᠠᠭᠠᠨ ᠣᠷᠣᠭᠤᠯᠵᠤ᠂ ᠳᠤᠲᠠᠭᠤᠳᠠᠯ᠎ᠢᠶᠠᠨ ᠨᠥᠬᠥᠪᠥᠷᠢᠯᠡᠨ᠂ ᠪᠠᠭᠤᠷᠠᠶ ᠲᠠᠯ᠎ᠠ᠎ᠪᠠᠨ ᠬᠦᠴᠦᠷᠬᠡᠭ᠌ᠵᠢᠭᠦᠯᠵᠦ᠍᠂ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠲᠡᠷᠡ ᠶᠣᠰᠣᠭᠠᠷ᠎ᠨᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠠᠬᠢᠭᠤᠯᠵᠤ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠶ ᠬᠡᠵᠤ ᠴᠢᠬᠤᠯᠠᠴᠢᠯᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃