ᠱᠢᠨ᠎᠎ᠡ ᠴᠠᠭ ᠦᠶ᠎ᠡ᠎ᠳ᠋ᠦ᠍ ᠭᠠᠪᠢᠶ᠎ᠠ ᠪᠠᠢᠭᠤᠯᠤᠶ᠎ᠠ > ᠮᠡᠳᠡᠭᠡᠯᠡᠯ

2022-03-26 20:14:00

ᠵᠣᠬᠢᠶᠠᠭ᠍ᠴᠢ᠄ ᠤᠯᠠᠭᠠᠨᠲᠤᠶᠠᠭ᠎ᠠ ᠣᠩᠱᠢᠭ᠍ᠰᠠᠨ ᠣᠳᠠᠭ᠎ᠠ᠄ 3

ᠲᠦᠷᠦᠭᠦᠬᠡᠨ᠂ ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠨᠡᠢᠭᠡᠮᠯᠢᠭ ᠶᠡᠷᠦᠩᠬᠡᠶ ᠱᠦᠵᠢ ᠰᠢ ᠵᠢᠨ ᠫᠢᠩ᠎ᠦᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠪᠥᠬᠥ᠌ ᠤᠯᠤᠰ᠎ᠤᠨ 《ᠬᠣᠶᠠᠷ ᠬᠤᠷᠠᠯ》 ᠎ᠤ᠋ᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠲᠣᠬᠢᠷᠠᠭᠤᠯᠤᠨ ᠪᠠᠢᠷᠢᠯᠠᠭᠤᠯᠪᠠ᠃

ᠬᠤᠷᠠᠯ ᠡᠴᠡ᠂ 2022 ᠣᠨ᠎ᠤ ᠪᠦᠬᠦ᠌ ᠤᠯᠤᠰ᠎ᠤᠨ《ᠬᠣᠶᠠᠷ ᠬᠤᠷᠠᠯ》 ᠪᠣᠯ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ ᠲᠡᠢᠰᠢ ᠤᠷᠤᠭᠰᠢᠯᠠᠬᠤ ᠱᠢᠨ᠎ᠡ ᠠᠶᠠᠨ᠎ᠳ᠋ᠤ ᠮᠣᠷᠳᠠᠬᠤ ᠵᠠᠩᠭᠢᠯᠠᠭ᠎ᠠ᠎ᠶ᠋ᠢᠨ ᠱᠠᠲᠤᠨ᠎ᠳᠤ ᠬᠤᠷᠠᠯᠳᠤᠭ᠍ᠰᠠᠨ ᠨᠢᠭᠡ ᠤᠳᠠᠭᠠᠨ᠎ᠤ ᠴᠢᠬᠤᠯᠠ ᠬᠤᠷᠠᠯ ᠪᠣᠯᠤᠨ᠎ᠠ᠂ ᠪᠦᠬᠦ᠌ ᠤᠯᠤᠰ᠎ᠤᠨ ᠠᠷᠠᠳ ᠲᠦᠮᠡᠨ᠎ᠦ ᠤᠯᠤᠰ ᠲᠦᠷᠦ᠍᠎ᠶ᠋ᠢᠨ ᠠᠮᠢᠳᠤᠷᠠᠯ᠎ᠳᠠᠬᠢ ᠨᠢᠭᠡᠨ ᠲᠤᠮᠤ ᠶᠠᠪᠤᠳᠠᠯ ᠪᠠᠢᠵᠤ᠂ ᠦᠵᠡᠯ ᠰᠠᠨᠠᠭ᠎ᠠ᠎ᠪᠠᠨ ᠤᠯᠠᠮ ᠨᠢᠭᠡ ᠠᠯᠬᠤᠮ ᠨᠢᠭᠡᠳᠭᠡᠨ᠂ ᠢᠲᠡᠭᠡᠯ ᠵᠣᠷᠢᠭ᠎ᠢᠶᠠᠨ ᠤᠯᠠᠮ ᠴᠢᠨᠠᠭᠰᠢᠳᠠ ᠪᠠᠲᠤᠳᠬᠠᠵᠤ᠂ ᠬᠦᠴᠦᠨ ᠴᠢᠳᠠᠪᠤᠷᠢ ᠪᠠᠨ ᠤᠯᠠᠮ ᠢᠯᠡᠬᠦᠦ ᠨᠢᠭ᠍ᠲᠠᠷᠠᠭᠤᠯᠤᠨ᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠳᠠᠢᠴᠢᠯᠠᠨ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠂《ᠬᠣᠶᠠᠷ᠎ᠢ ᠲᠣᠭ᠍ᠲᠠᠭᠠᠭᠰᠠᠨ》᠎ᠤ᠋ ᠱᠢᠢᠳᠪᠦᠷᠢᠯᠡᠭ᠌ᠴᠢ ᠠᠴᠢ ᠬᠣᠯᠪᠣᠭ᠍ᠳᠠᠯ᠎ᠢ ᠭᠦᠨᠵᠡᠭᠡᠢ ᠲᠠᠨᠢᠵᠤ 《ᠳᠥᠷᠪᠡᠨ ᠤᠬᠠᠮᠰᠠᠷ》 ᠎ᠵᠢᠡᠨ ᠴᠢᠩᠭᠠᠳᠬᠠᠨ᠂ 《ᠳᠥᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠵᠢ ᠪᠡᠶᠡᠯᠡᠭᠦᠯᠬᠦ ᠵᠢᠴᠢ ᠡᠯ᠎ᠡ ᠵᠦᠶ᠋ᠯ᠎ᠦᠨ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠵᠦ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠶ᠋ᠢ ᠤᠭ᠍ᠲᠤᠬᠤ ᠳ᠋ᠤ ᠮᠠᠰᠢ ᠴᠢᠬᠤᠯᠠ ᠠᠴᠢ ᠬᠣᠯᠪᠣᠭ᠍ᠳᠠᠯ᠎ᠲᠠᠶ ᠶᠤᠮ ᠭᠡᠵᠦ ᠵᠢᠭᠠᠵᠤ ᠭᠠᠷᠭᠠᠪᠠ᠃

ᠬᠤᠷᠠᠯ ᠡᠴᠡ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠪᠦᠬᠦ᠌ ᠤᠯᠤᠰ᠎ᠤᠨ《ᠬᠣᠶᠠᠷ ᠬᠤᠷᠠᠯ》 ᠎ᠤ᠋ᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ᠎ᠶ᠋ᠢ ᠣᠳᠣᠬᠠᠨ᠎ᠤ ᠪᠠ ᠬᠣᠢᠱᠢᠳᠠ ᠶ᠋ᠢᠨ ᠨᠢᠭᠡ ᠬᠤᠭᠤᠴᠠᠭᠠᠨ᠎ᠤ ᠴᠢᠬᠤᠯᠠ ᠤᠯᠤᠰ ᠲᠦᠷᠦ᠍᠎ᠶ᠋ᠢᠨ ᠡᠭᠦᠷᠭᠡ ᠪᠤᠯᠭᠠᠬᠤ ᠬᠡᠷᠡᠭᠲᠡᠢ; ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠬᠤ᠎ᠶ᠋ᠢ ᠴᠢᠩᠭᠠᠳᠭᠠᠵᠤ᠂ ᠨᠠᠮ᠎ᠤᠨ ᠡᠭᠦᠷ᠎ᠦᠨ ᠬᠤᠷᠠᠯ ᠬᠤᠷᠠᠯᠳᠤᠭᠤᠯᠬᠤ᠂ ᠲᠤᠰᠭᠠᠶ ᠰᠡᠳᠦᠪ᠎ᠢᠶᠡᠷ ᠬᠠᠪᠰᠤᠷᠤᠨ ᠵᠢᠯᠣᠭᠣᠳᠬᠤ ᠵᠡᠷᠭᠡ ᠬᠡᠯᠪᠡᠷᠢ᠎ᠪᠡᠷ ᠳᠠᠮᠵᠢᠭᠤᠯᠤᠨ᠂ ᠡᠯ᠎ᠡ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠶ᠋ᠢ ᠡᠮᠬᠢ ᠵᠢᠷᠤᠮ᠎ᠲᠠᠶ ᠵᠣᠬᠢᠶᠠᠨ ᠪᠠᠢᠭᠤᠯᠵᠤ ᠡᠯ᠎ᠡ ᠵᠦᠶ᠋ᠯ᠎ᠦᠨ ᠰᠤᠷᠤᠯᠴᠠᠯᠭ᠎ᠠ᠎ᠶ᠋ᠢᠨ ᠠᠵᠢᠯᠯᠠᠭ᠎ᠠ ᠥᠷᠨᠢᠭᠦᠯᠵᠦ᠍᠂ ᠵᠣᠬᠢᠶᠠᠨ ᠪᠠᠢᠭᠤᠯᠤᠯᠲᠠ ᠵᠢᠨ ᠠᠷᠭ᠎ᠠ ᠬᠡᠮᠵᠢᠶ᠎ᠡ᠎ᠶ᠋ᠢ ᠪᠣᠳᠠᠲᠠᠢᠵᠢᠭᠤᠯᠤᠨ᠂ ᠨᠠᠢᠳᠠᠪᠤᠷᠢᠵᠢᠭᠤᠯᠤᠯᠲᠠ᠎ᠶ᠋ᠢ ᠪᠠᠲᠤᠯᠠᠬᠤ ᠬᠡᠷᠡᠭ᠌ᠲᠡᠶ; ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ ᠲᠦᠷᠦᠭᠦᠯᠡᠨ ᠰᠤᠷᠤᠯᠴᠠᠬᠤ᠂ ᠲᠦᠷᠦᠭᠦᠯᠡᠨ ᠶᠠᠷᠢᠬᠤ᠂ ᠤᠷᠢᠳ᠎ᠢᠶᠠᠷ ᠰᠤᠷᠤᠯᠴᠠᠬᠤ᠂ ᠭᠦᠨᠵᠡᠭᠡᠢ ᠰᠤᠷᠤᠯᠴᠠᠬᠤ᠎ᠶ᠋ᠢ ᠪᠡᠶᠡᠯᠡᠭᠦᠯᠵᠦ᠍᠂ ᠪᠦᠬᠦ᠌ ᠨᠠᠮ᠎ᠤᠨ ᠭᠡᠱᠢᠭᠦᠨ ᠺᠠᠳ᠋ᠷᠴᠤᠳ᠎ᠲᠤ ᠦᠯᠢᠭᠡᠷ ᠳᠠᠭᠤᠷᠢᠶᠠᠯ ᠪᠤᠯᠵᠤ᠂ ᠶᠡᠷᠦᠩᠬᠡᠢ ᠱᠦᠵᠢ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠵᠢᠨ ᠲᠣᠭᠣᠷᠢᠨ᠎ᠳᠤ ᠰᠤᠳᠤᠯᠤᠨ ᠶᠠᠷᠢᠯᠴᠠᠵᠤ ᠰᠣᠯᠢᠯᠴᠠᠬᠤ ᠠᠵᠢᠯᠯᠠᠭ᠎ᠠ᠎ᠶ᠋ᠢ ᠭᠦᠨᠵᠡᠭᠡᠢ ᠥᠷᠨᠢᠭᠦᠯᠬᠦ᠌ ᠬᠡᠷᠡᠭ᠌ᠲᠡᠢ; ᠡᠯ᠎ᠡ ᠲᠦᠷᠦᠯ᠎ᠦᠨ ᠵᠠᠭᠤᠴᠢᠯᠠᠭᠤᠷ ᠎ᠢ ᠭᠦᠢᠴᠡᠳ ᠠᠱᠢᠭ᠍ᠯᠠᠨ᠂ ᠰᠤᠷᠤᠯᠴᠠᠨ ᠤᠬᠠᠭᠤᠯᠬᠤ ᠥᠳᠭᠡᠨ ᠵᠤᠵᠠᠭᠠᠨ ᠠᠭᠤᠷ ᠠᠮᠢᠰᠭᠤᠯ᠎ᠢ ᠪᠤᠢ ᠪᠣᠯᠭᠠᠵᠤ᠂ ᠪᠦᠬᠦ᠌ ᠨᠠᠮ᠎ᠤᠨ ᠭᠡᠱᠢᠭᠦᠨ ᠺᠠᠳ᠋ᠷᠴᠤᠳ᠎ᠤᠨ ᠢᠳᠡᠪᠬᠢᠲᠡᠢ ᠣᠷᠣᠯᠴᠠᠬᠤ᠂ ᠪᠦᠬᠦ᠌ ᠰᠡᠳᠭᠢᠯ᠎ᠢᠶᠡᠷ᠎ᠢᠶᠡᠨ ᠣᠷᠣᠯᠴᠠᠬᠤ᠎ᠶ᠋ᠢ ᠠᠬᠢᠭᠤᠯᠬᠤ ᠬᠡᠷᠡᠭ᠌ᠲᠡᠢ; ᠰᠠᠨᠠᠭᠠᠴᠢᠯᠠᠭ᠎ᠠ᠎ᠠᠴᠠ᠎ᠪᠠᠨ ᠪᠠᠷᠢᠮᠵᠢᠶᠠᠯᠠᠨ ᠬᠠᠷᠭᠤᠭᠤᠯᠵᠤ᠂ ᠡᠭᠦᠷᠭᠡ ᠬᠠᠷᠢᠭᠤᠴᠠᠯᠭ᠎ᠠ᠎ᠪᠠᠨ ᠪᠥᠬᠥ᠌ ᠲᠠᠯ᠎ᠠ᠎ᠪᠠᠷ ᠭᠦᠶ᠋ᠴᠡᠳᠭᠡᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠠᠵᠢᠯ᠎ᠤᠨ ᠲᠤᠬᠠᠶ ᠨᠠᠮ᠎ᠤᠨ ᠲᠥᠪ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠭᠦᠨᠵᠡᠭᠡᠶ ᠣᠢᠯᠠᠭᠠᠵᠤ᠂ ᠪᠣᠳᠠᠲᠠᠶ ᠲᠤᠭᠤᠱᠢᠯᠠᠭᠤᠯᠤᠨ ᠨᠠᠢᠳᠠᠪᠤᠷᠢᠵᠢᠭᠤᠯᠬᠤ ᠲᠥᠰᠦᠯ᠎ᠢ ᠰᠤᠳᠤᠯᠤᠨ ᠲᠣᠭ᠍ᠲᠠᠭᠠᠵᠤ᠂ ᠥᠪᠡᠷᠲᠡᠭᠡᠨ ᠵᠠᠰᠠᠬᠤ ᠣᠷᠣᠨ᠎ᠤ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠥᠪᠥᠷ ᠮᠣᠩᠭᠣᠯ᠎ᠢᠶᠠᠨ ᠮᠠᠨᠳᠤᠭᠤᠯᠬᠤ》ᠠᠵᠢᠯᠯᠠᠭ᠎ᠠ᠎ᠳᠤ ᠢᠳᠡᠪᠬᠢᠲᠡᠶ ᠣᠷᠣᠯᠴᠠᠨ ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠨᠡᠮᠡᠷᠢᠯᠡᠬᠦ᠌ ᠬᠡᠷᠡᠭ᠌ᠲᠡᠶ ᠭᠡᠵᠦ ᠱᠠᠭᠠᠷᠳᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面