ᠱᠢᠨ᠎᠎ᠡ ᠴᠠᠭ ᠦᠶ᠎ᠡ᠎ᠳ᠋ᠦ᠍ ᠭᠠᠪᠢᠶ᠎ᠠ ᠪᠠᠢᠭᠤᠯᠤᠶ᠎ᠠ > ᠮᠡᠳᠡᠭᠡᠯᠡᠯ

2022-03-27 20:01:05

ᠵᠣᠬᠢᠶᠠᠭ᠍ᠴᠢ᠄ ᠼᠠᠢ ᠬᠤᠡᠭ ᠣᠩᠱᠢᠭ᠍ᠰᠠᠨ ᠣᠳᠠᠭ᠎ᠠ᠄ 3

ᠤᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶᠠᠨ᠎ᠦ ᠵᠤᠷᠢᠭ ᠰᠠᠨᠠᠭ᠎ᠠ ᠪᠣᠯᠤᠨ ᠪᠥᠬᠥ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠲᠣᠬᠢᠷᠠᠭᠤᠯᠤᠨ ᠪᠠᠢᠷᠢᠯᠠᠭᠤᠯᠪᠠ᠃

ᠬᠤᠷᠠᠯ᠎ᠠᠴᠠ᠂ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ᠎ᠨᠢ ᠤᠯᠤᠰ ᠲᠥᠷᠥᠴᠢ ᠴᠢᠨᠠᠷ᠎ᠵᠢᠡᠷ᠎ᠴᠢᠡᠭᠭ᠎ᠠ᠂ ᠦᠵᠡᠯ ᠰᠠᠨᠠᠭᠠᠨ᠎ᠤ ᠠᠭᠤᠯᠤᠭ᠍ᠳᠠᠬᠤᠨ᠎ᠢᠶᠠᠷ ᠭᠦᠨ ᠪᠠᠢᠵᠤ᠂ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯ᠎ᠤᠨ ᠠᠵᠢᠯ᠎ᠢ ᠰᠠᠢᠲᠤᠷ ᠬᠢᠬᠦ᠌᠎ᠳᠦ ᠤᠷᠤᠭ᠍ᠰᠢᠯᠠᠬᠤ ᠴᠢᠭ᠌ᠯᠡᠯ᠎ᠢ ᠲᠣᠳᠣᠷᠬᠠᠶ ᠵᠢᠭᠠᠵᠤ᠂ ᠦᠨᠳᠦᠰᠦᠨ ᠵᠢᠷᠤᠮᠯᠠᠯ ᠬᠠᠩᠭᠠᠵᠤ᠂ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠪᠡ᠃ ᠪᠥᠬᠥ᠌ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠦᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠨᠠᠮ᠎ᠤᠨ ᠭᠡᠱᠢᠭᠦᠨ ᠺᠠᠳ᠋ᠷ ᠶᠠᠷᠢᠶᠠᠨ᠎ᠤ ᠵᠣᠷᠢᠭ ᠰᠠᠨᠠᠭᠠᠨ᠎ᠤ ᠮᠥᠨ ᠴᠢᠨᠠᠷ᠂ ᠭᠤᠤᠯ ᠠᠭᠤᠯᠭ᠎ᠠ ᠪᠣᠯᠤᠨ ᠦᠶ᠋ᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠭᠦᠨᠵᠡᠭᠡᠶ ᠰᠤᠷᠤᠯᠴᠠᠨ ᠣᠢᠯᠠᠭᠠᠵᠤ᠂ ᠪᠦᠷᠢᠨ ᠪᠦᠲᠦᠨ ᠣᠨᠣᠪᠴᠢᠲᠠᠶ ᠡᠵᠡᠮᠳᠡᠵᠦ᠍᠂ 《ᠲᠠᠪᠤᠨ ᠵᠠᠢᠯᠠᠰᠢ ᠦᠭᠡᠢ ᠵᠠᠮᠨᠠᠬᠤ ᠵᠠᠮ 》 ᠎ᠤᠨ ᠴᠢᠬᠤᠯᠠ ᠲᠠᠨᠢᠯᠲᠠ᠎ᠶ᠋ᠢ ᠭᠦᠨᠵᠡᠭᠡᠶ ᠣᠢᠯᠠᠭᠠᠵᠤ᠂ ᠶᠡᠷᠦᠩᠬᠡᠶ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ᠎ᠠᠴᠠ ᠥᠪᠥᠷ ᠮᠣᠩᠭᠣᠯ᠎ᠳᠤ ᠲᠣᠭ᠍ᠲᠠᠭᠠᠵᠤ ᠥᠭ᠌ᠭᠦᠭ᠌ᠰᠡᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠣᠯᠤᠨ ᠠᠵᠢᠯᠯᠠᠭᠠᠨ᠎ᠤ ᠬᠥᠲᠥᠯᠪᠦᠷᠢ᠎ᠪᠡᠷ ᠡᠷᠡᠰ ᠭᠤᠢᠪᠢᠰᠢ ᠥᠬᠡᠶ ᠤᠷᠤᠭ᠍ᠰᠢᠯᠠᠵᠤ᠂ 《ᠤᠯᠤᠰ᠎ᠤᠨ ᠶᠡᠬᠡ ᠶᠠᠪᠤᠳᠠᠯ》᠎ᠢ᠋《ᠬᠠᠷᠢᠭᠤᠴᠠᠯᠭ᠎ᠠ᠎ᠶ᠋ᠢᠨ ᠴᠢᠬᠤᠯᠠ ᠲᠠᠯ᠎ᠠ》 ᠪᠣᠯᠭᠠᠨ ᠬᠤᠪᠢᠷᠠᠭᠤᠯᠬᠤ ᠪᠠ ᠨᠠᠢᠳᠠᠪᠤᠷᠢᠵᠢᠭᠤᠯᠵᠤ ᠂ ᠪᠣᠳᠠᠲᠤ ᠠᠵᠢᠯᠯᠠᠭ᠎ᠠ᠎ᠪᠠᠷ᠎ᠢᠶᠠᠨ 《 ᠬᠣᠶᠠᠷ᠎ᠢ ᠲᠣᠭ᠍ᠲᠠᠭᠠᠭᠰᠠᠨ》ᠢ᠋ ᠡᠷᠡᠰ ᠬᠦᠷᠢᠶᠡᠯᠡᠵᠦ᠂ 《 ᠬᠣᠶᠠᠷ᠎ᠢ ᠬᠠᠮᠠᠭᠠᠯᠠᠬᠤ 》 ᠎ᠵᠢ ᠦᠨᠡᠨᠴᠢ ᠱᠢᠳᠤᠷᠭᠤ᠎ᠪᠠᠷ ᠦᠶ᠋ᠯᠡᠳᠦᠯᠭᠡᠵᠢᠭᠦᠯᠬᠦ᠌ ᠬᠡᠷᠡᠭ᠌ᠲᠡᠶ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠣᠣᠯ ᠱᠢᠵᠢᠮ᠎ᠢ ᠪᠠᠲᠤ ᠡᠵᠡᠮᠳᠡᠵᠦ᠍ ᠂ 《ᠲᠦᠷᠪᠡᠨ ᠬᠠᠷᠢᠴᠠᠭ᠎ᠠ》 ᠵᠢ ᠵᠥᠪ ᠱᠢᠢᠳᠪᠦᠷᠢᠯᠡᠵᠦ᠍᠂ ᠦᠨᠳᠦᠰᠦᠲᠡᠨ᠎ᠦ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠍᠂ ᠰᠡᠳᠭᠢᠯ ᠵᠢᠷᠦᠬᠡᠨ᠎ᠳᠡᠭᠡᠨ ᠬᠠᠳᠠᠩᠱᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠳᠡᠭᠡᠷ᠎ᠡ ᠬᠦᠴᠦ᠍ ᠲᠠᠯᠪᠢᠵᠤ᠂ 《 ᠵᠢᠱ᠌ᠢᠶᠡᠴᠢ ᠥᠪᠡᠷᠲᠡᠭᠡᠨ ᠵᠠᠰᠠᠬᠤ ᠣᠷᠣᠨ 》ᠤ᠋ ᠡᠷᠬᠢᠮ ᠳᠡᠭᠡᠳᠦ ᠢᠷᠠᠭᠤ ᠠᠯᠳᠠᠷ᠎ᠢ ᠨᠠᠷᠢᠨ ᠬᠢᠨᠠᠮᠠᠭᠠᠢ ᠬᠠᠮᠠᠭᠠᠯᠠᠬᠤ ᠬᠡᠷᠡᠭ᠌ᠲᠡᠢ᠃ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ ᠨᠢᠭᠡᠳᠦᠯᠲᠡᠶ ᠲᠥᠯᠥᠪᠵᠢᠭᠦᠯᠵᠦ᠍᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠨᠡ ᠬᠦ᠌ ᠬᠥᠪᠴᠢ᠎ᠶ᠋ᠢ ᠢᠮᠠᠭ᠍ᠲᠠ ᠴᠢᠩᠭᠠᠯᠠᠵᠤ᠂ ᠭᠠᠳᠠᠭᠠᠳᠤ᠎ᠠᠴᠠ ᠣᠷᠣᠭᠤᠯᠬᠤ ᠬᠦᠶ᠋ᠲᠡᠨ ᠬᠡᠯᠬᠢᠶᠡᠲᠦ ᠢᠳᠡᠭᠡᠨ᠂ ᠭᠠᠳᠠᠭᠠᠳᠤ᠎ᠠᠴᠠ ᠣᠷᠣᠭᠤᠯᠬᠤ ᠵᠢᠮᠢᠰ᠎ᠵᠡᠷᠭᠡ ᠵᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠴᠢᠩᠭ᠎ᠠ ᠪᠥᠭᠡᠳ ᠨᠠᠷᠢᠯᠢᠭ ᠨᠠᠢᠳᠠᠪᠤᠷᠢᠵᠢᠭᠤᠯᠵᠤ᠂ ᠪᠥᠬᠥ᠌ ᠬᠡᠯᠬᠢᠶᠡᠨ᠎ᠦ ᠬᠠᠮᠢᠶᠠᠷᠤᠯᠲᠠ ᠡᠵᠡᠮᠳᠡᠯ ᠪᠠᠢᠴᠠᠭᠠᠯᠲᠠ᠎ᠪᠠᠨ ᠴᠢᠩᠭᠠᠳᠭᠠᠵᠤ᠂ ᠤᠷᠢᠳᠴᠢᠯᠠᠨ ᠰᠡᠷᠭᠡᠢᠯᠡᠬᠦ᠌ ᠬᠡᠷᠡᠭ᠌ᠲᠡᠶ ᠭᠡᠵᠦ ᠵᠢᠭᠠᠵᠤ ᠭᠠᠷᠭᠠᠪᠠ᠃

ᠬᠤᠷᠠᠯ᠎ᠠᠴᠠ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠶ᠋ᠢ ᠤᠭ᠍ᠲᠤᠬᠤ᠎ᠶ᠋ᠢ ᠡᠨᠡ ᠵᠢᠯ᠎ᠦᠨ ᠪᠦᠬᠦ᠌ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠠᠵᠢᠯ᠎ᠤᠨ ᠭᠣᠣᠯ ᠱᠢᠵᠢᠮ ᠪᠣᠯᠭᠠᠵᠤ᠂ ᠲᠣᠭ᠍ᠲᠠᠭᠤᠨ ᠪᠠᠢᠯᠭᠠᠬᠤ᠎ᠶ᠋ᠢ ᠲᠡᠷᠢᠭᠦᠨ᠎ᠳᠦ ᠲᠠᠯᠪᠢᠬᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠳᠠᠪᠱᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠤ᠂ ᠬᠠᠷᠢᠭᠤᠴᠠᠯᠭᠠᠲᠤ ᠰᠡᠳᠭᠢᠯᠭᠡ᠂ ᠡᠭᠦᠷᠭᠡᠲᠦ ᠪᠤᠳᠤᠯ᠂ ᠲᠤᠯᠭᠠᠮ ᠪᠤᠳᠤᠯ᠎ᠢᠶᠠᠨ ᠤᠯᠠᠮ ᠴᠢᠨᠠᠭ᠍ᠰᠢᠳᠠ ᠴᠢᠩᠭᠠᠳᠭᠠᠵᠤ᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌᠂ ᠠᠮᠤᠷ ᠲᠦᠪᠱᠢᠨ᠎ᠦ ᠬᠣᠷᠢᠭ᠎ᠠ ᠱᠤᠭᠤᠮ᠎ᠢ ᠪᠠᠲᠤ ᠰᠠᠬᠢᠬᠤ᠂ ᠵᠠᠬ᠎ᠠ ᠳᠡᠯᠭᠡᠭᠦᠷ᠎ᠦᠨ ᠭᠣᠣᠯ ᠴᠣᠭ᠍ᠴᠠ᠎ᠶ᠋ᠢᠨ ᠬᠥᠭ᠌ᠵᠢᠯᠲᠡ᠎ᠶ᠋ᠢ ᠳᠡᠮᠵᠢᠬᠦ᠌᠂ ᠵᠠᠬ᠎ᠠ ᠳᠡᠯᠭᠡᠭᠦᠷ᠎ᠦᠨ ᠭᠣᠣᠯ ᠴᠣᠭ᠍ᠴᠠ᠎ᠶ᠋ᠢᠨ ᠠᠮᠢᠵᠢᠷᠠᠯ᠎ᠤᠨ ᠬᠦᠴᠦᠨ᠎ᠢ ᠬᠥᠭ᠌ᠵᠢᠭᠡᠬᠦ᠌᠂ ᠡᠷᠬᠡ ᠲᠡᠭ᠌ᠰᠢ᠎ᠪᠡᠷ ᠦᠷᠢᠰᠦᠯᠳᠦᠬᠦ᠌ ᠡᠮᠬᠢ ᠳᠢᠭ᠌ᠯᠢᠮ᠎ᠢ ᠬᠠᠮᠠᠭᠠᠯᠠᠬᠤ᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠵᠡᠷᠭᠡ ᠲᠠᠯ᠎ᠠ᠎ᠪᠠᠷ ᠴᠢᠩᠭ᠎ᠠ ᠪᠣᠳᠠᠲᠠᠢ ᠠᠷᠭ᠎ᠠ ᠬᠡᠮᠵᠢᠶ᠎ᠡ ᠠᠪᠴᠤ᠌᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠶᠠᠪᠤᠴᠠ᠎ᠳᠤ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠎ᠶ᠋ᠢ ᠢᠯᠡᠷᠡᠭᠦᠯᠬᠦ᠌ ᠬᠡᠷᠡᠭ᠌ᠲᠡᠢ᠃ ᠵᠠᠬ᠎ᠠ ᠳᠡᠯᠭᠡᠭᠦᠷ᠎ᠦᠨ ᠭᠣᠣᠯ ᠴᠣᠭ᠍ᠴᠠ᠎ᠶ᠋ᠢᠨ ᠠᠩᠬᠠᠷᠴᠤ᠌ ᠪᠠᠢᠭ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠦᠴᠦᠨ ᠪᠦᠬᠦᠢ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠌᠂ ᠵᠠᠬ᠎ᠠ ᠳᠡᠯᠭᠡᠭᠦᠷ᠎ᠦᠨ ᠭᠣᠣᠯ ᠴᠣᠭ᠍ᠴᠠ ᠪᠣᠯᠤᠨ ᠤᠯᠠᠨ ᠲᠦᠮᠡᠨ᠎ᠦ 《ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ》 ᠪᠠᠢᠭ᠎ᠠ ᠠᠰᠠᠭᠤᠳᠠᠯ᠎ᠢ ᠰᠡᠳᠭᠢᠯ ᠲᠠᠯᠪᠢᠨ ᠰᠠᠢᠲᠤᠷ ᠱᠢᠢᠳᠪᠦᠷᠢᠯᠡᠬᠦ᠌ ᠬᠡᠷᠡᠭ᠌ᠲᠡᠢ᠃ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠪᠠ ᠤᠯᠤᠰ ᠲᠦᠷᠦ᠍᠎ᠶ᠋ᠢᠨ ᠠᠮᠢ ᠠᠬᠤᠢ᠎ᠶ᠋ᠢ ᠴᠡᠪᠡᠷᠱᠢᠭᠦᠯᠬᠦ᠌᠎ᠶ᠋ᠢ ᠨᠢᠭᠡ ᠴᠤᠬ᠍ᠴᠠᠵᠢᠭᠤᠯᠤᠨ ᠠᠬᠢᠭᠤᠯᠵᠤ᠂ ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠬᠦ᠌ ᠵᠣᠷᠢᠭ ᠰᠠᠨᠠᠭ᠎ᠠ᠎ᠶ᠋ᠢ ᠪᠠᠳᠠᠷᠠᠭᠤᠯᠤᠨ᠂ ᠦᠵᠡᠯ ᠰᠠᠨᠠᠭ᠎ᠠ ᠰᠤᠷᠲᠠᠯ᠎ᠢᠶᠠᠨ ᠴᠡᠭ᠌ᠴᠡᠯᠡᠵᠦ᠍᠂ ᠰᠠᠬᠢᠯᠭ᠎ᠠ ᠪᠠᠲᠤ ᠶᠣᠰᠣ ᠲᠦᠷᠢᠮ᠎ᠢ ᠴᠢᠩᠳᠠᠯᠠᠨ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠬᠦᠷᠢᠶᠡᠨ᠎ᠳᠡᠬᠢ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠨᠥᠯᠥᠭᠡᠯᠡᠬᠦ᠌ ᠲᠤᠪᠤᠢ᠌ᠮ᠎ᠠ ᠠᠰᠠᠭᠤᠳᠠᠯ᠎ᠢ ᠦᠨᠳᠦᠰᠦᠨ᠎ᠡᠴᠡ ᠨᠢ ᠱᠢᠢᠳᠪᠦᠷᠢᠯᠡᠵᠦ᠍᠂ ᠵᠠᠬ᠎ᠠ ᠳᠡᠯᠭᠡᠭᠦᠷ᠎ᠦᠨ ᠭᠣᠣᠯ ᠴᠣᠭ᠍ᠴᠠ᠎ᠳᠤ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠦᠭ᠌ᠰᠡᠨ᠎ᠡᠴᠡ ᠪᠣᠯᠤᠭ᠍ᠰᠠᠨ ᠳᠥᠭᠥᠮ ᠳᠥᠲᠡ ᠪᠠ ᠥᠨᠳᠥᠷ ᠪᠦᠲᠦᠮᠵᠢᠲᠡᠢ ᠪᠠᠢᠳᠠᠯ᠎ᠢ ᠦᠨᠡᠨ ᠬᠦ᠌ ᠮᠡᠳᠡᠷᠡᠭᠦᠯᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面