2022-03-28 10:40:46
ᠤᠢᠷ᠎ᠠ᠎ᠳᠤ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠭᠡᠯ᠎ᠦᠨ ᠲᠣᠪᠴᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠪᠥᠬᠥ᠌ ᠤᠯᠤᠰ᠎ᠤᠨ 《ᠬᠣᠶᠠᠷ ᠬᠤᠷᠠᠯ》᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠬᠤ᠎ᠶ᠋ᠢᠨ ᠬᠠᠮᠲᠤ ᠲᠣᠭ᠎ᠠ ᠪᠦᠷᠢᠳᠭᠡᠯ᠎ᠦᠨ ᠠᠵᠢᠯ᠎ᠤᠨ ᠪᠣᠳᠠᠲᠤ ᠪᠠᠢᠳᠠᠯ᠎ᠲᠠᠶ ᠤᠶᠠᠯᠳᠤᠭᠤᠯᠤᠨ ᠲᠤᠰᠭᠠᠶ ᠰᠡᠳᠦᠪ ᠢᠶᠡᠷ ᠰᠤᠳᠤᠯᠤᠨ ᠶᠠᠷᠢᠯᠴᠠᠪᠠ᠃
ᠬᠤᠷᠠᠯ᠎ᠠᠴᠠ᠂ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠪᠥᠬᠥ᠌ ᠤᠯᠤᠰ᠎ᠤᠨ 《ᠬᠣᠶᠠᠷ ᠬᠤᠷᠠᠯ》᠎ᠤᠨ ᠵᠣᠷᠢᠭ ᠰᠠᠨᠠᠭ᠎ᠠ᠎ᠶ᠋ᠢ ᠰᠠᠢᠲᠤᠷ ᠰᠤᠷᠤᠯᠴᠠᠨ ᠣᠢᠯᠠᠭᠠᠬᠤ᠎ᠨᠢ ᠲᠣᠭ᠎ᠠ ᠪᠦᠷᠢᠳᠭᠡᠯ᠎ᠦᠨ ᠣᠳᠣᠬᠢᠴᠢᠯᠠᠯᠲᠠ᠎ᠶ᠋ᠢᠨ ᠥᠭᠡᠷᠡᠴᠢᠯᠡᠯᠲᠡ ᠶ᠋ᠢ ᠭᠦᠨᠵᠡᠭᠡᠶ ᠠᠬᠢᠭᠤᠯᠬᠤ᠂ ᠣᠨ᠎ᠤ ᠡᠯ᠎ᠡ ᠵᠦᠶ᠋ᠯ᠎ᠦᠨ ᠲᠣᠭ᠎ᠠ ᠪᠦᠷᠢᠳᠭᠡᠯ᠎ᠦᠨ ᠠᠵᠢᠯ᠎ᠤᠨ ᠡᠭᠦᠷᠭᠡ᠎ᠶ᠋ᠢ ᠴᠢᠨᠠᠷ ᠰᠠᠢᠲᠠᠶ ᠪᠡᠶᠡᠯᠡᠭᠦᠯᠬᠦ᠌᠎ᠳᠦ ᠲᠤᠢᠯ᠎ᠤᠨ ᠴᠢᠬᠤᠯᠠ ᠠᠴᠢ ᠬᠣᠯᠪᠣᠭ᠍ᠳᠠᠯ᠎ᠲᠠᠶ ᠶᠤᠮ᠃ ᠪᠦᠬᠦ᠌ ᠲᠤᠪᠴᠢᠶᠠᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠤᠯᠤᠰ ᠲᠦᠷᠦ᠍᠎ᠶ᠋ᠢᠨ ᠵᠣᠭ᠍ᠰᠣᠴᠠ᠎ᠪᠠᠨ ᠳᠡᠭᠡᠭᠰᠢᠯᠡᠭᠦᠯᠵᠦ᠂ ᠤᠯᠤᠰ ᠲᠥᠷᠥ᠎ᠶ᠋ᠢᠨ ᠪᠠᠢᠭᠤᠯᠭ᠎ᠠ᠎ᠶ᠋ᠢᠨ ᠪᠠᠢᠷᠢ ᠲᠣᠭ᠍ᠲᠠᠭᠠᠯᠲᠠ᠎ᠪᠠᠨ ᠡᠵᠡᠮᠳᠡᠵᠦ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ᠎ᠶ᠋ᠢ ᠭᠣᠣᠯ ᠳᠤᠭᠤᠢᠯᠠᠩ (ᠨᠠᠮ᠎ᠤᠨ ᠤᠳᠤᠷᠢᠳᠭᠤ ᠳᠤᠭᠤᠢᠯᠠᠩ)᠂ ᠨᠠᠮ᠎ᠤᠨ ᠡᠭᠦᠷ ᠪᠠ ᠣᠯᠠᠨ ᠲᠦᠮᠡᠨ᠎ᠦ ᠪᠦᠯᠬᠦᠮ᠎ᠦᠨ ᠵᠣᠬᠢᠶᠠᠨ ᠪᠠᠢᠭᠤᠯᠤᠯᠲᠠ᠎ᠶ᠋ᠢᠨ ᠰᠤᠷᠤᠯᠴᠠᠯᠭ᠎ᠠ᠎ᠶ᠋ᠢᠨ ᠴᠢᠬᠤᠯᠠ ᠠᠭᠤᠯᠭ᠎ᠠ᠎ᠳᠦ ᠤᠷᠤᠭᠤᠯᠵᠤ᠂ ᠦᠵᠡᠯ ᠰᠠᠨᠠᠭᠠᠨ᠎ᠤ ᠰᠠᠭᠤᠷᠢ ᠪᠠᠨ ᠦᠷᠭᠦᠯᠵᠢᠯᠡᠨ ᠪᠡᠬᠢᠵᠢᠭᠦᠯᠵᠦ᠂ ᠨᠠᠮ᠎ᠤᠨ ᠭᠡᠱᠢᠭᠦᠨ ᠺᠠᠳ᠋ᠷᠴᠤᠳ᠎ᠢ ᠬᠥᠮᠦᠵᠢᠭᠦᠯᠦᠨ ᠵᠢᠯᠣᠭᠣᠳᠴᠤ᠌ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶ᠎ᠠ᠂ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠱᠢᠶ᠋ᠳᠪᠦᠷᠢᠲᠦ ᠪᠣᠳᠣᠯᠭᠠᠪᠠᠢᠷᠢᠯᠠᠭᠤᠯᠤᠯᠲᠠᠳᠦ ᠨᠢᠭᠡᠳᠬᠡᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠠᠵᠢᠯ᠎ᠤᠨ ᠲᠣᠬᠢᠷᠠᠭᠤᠯᠤᠯᠲᠠ ᠳᠦ ᠨᠢᠭᠡᠳᠬᠡᠨ᠂ 《ᠬᠣᠶᠠᠷ᠎ᠢ ᠲᠣᠭ᠍ᠲᠠᠭᠠᠬᠰᠠᠨ》᠎ᠢ᠋ ᠦᠨᠡᠨᠴᠢ ᠱᠢᠳᠤᠷᠭᠤ᠎ᠪᠠᠷ ᠬᠦᠷᠢᠶᠡᠯᠡᠵᠦ᠂ 《ᠬᠣᠶᠠᠷ᠎ᠢ ᠬᠠᠮᠠᠭᠠᠯᠠᠬᠤ》ᠵᠢ ᠡᠷᠡᠰ ᠪᠡᠶᠡᠯᠡᠭᠦᠯᠬᠦ᠎ᠵᠢ ᠲᠤᠭ᠎ᠠ ᠪᠦᠷᠢᠳᠬᠡᠯ ᠤᠨ ᠠᠵᠢᠯ᠎ᠤᠨ ᠪᠦᠬᠦ ᠶᠠᠪᠤᠴᠠ᠎ᠳᠦ ᠲᠤᠭᠤᠰᠢᠯᠠᠭᠤᠯᠵᠤ᠂ ᠲᠣᠭ᠎ᠠ ᠪᠦᠷᠢᠳᠭᠡᠯ᠎ᠦᠨ ᠣᠳᠣᠬᠢᠴᠢᠯᠠᠯᠲᠠ᠎ᠶ᠋ᠢᠨ ᠥᠭᠡᠷᠡᠴᠢᠯᠡᠯᠲᠡ᠎ᠶ᠋ᠢ ᠠᠬᠢᠭᠤᠯᠬᠤ ᠬᠠᠷᠠᠯᠲᠠ᠎ᠶ᠋ᠢᠨ ᠲᠣᠭᠣᠷᠢᠨ᠎ᠳᠤ᠂ ᠤᠬᠠᠮᠰᠠᠷ᠎ᠠᠴᠠ᠎ᠪᠠᠨ ᠪᠠᠷᠢᠮᠵᠢᠶᠠᠯᠠᠨ ᠬᠠᠷᠭᠤᠭᠤᠯᠬᠤ᠂ ᠲᠤᠬᠠᠢᠯᠠᠭ᠍ᠰᠠᠨ ᠠᠵᠢᠯ᠎ᠳᠠᠭᠠᠨ ᠰᠠᠭᠤᠷᠢᠯᠠᠬᠤ᠂ ᠠᠵᠤ ᠠᠬᠤᠢ ᠶ᠋ᠢᠨ ᠪᠠᠢᠳᠠᠯ᠎ᠢ ᠰᠤᠳᠤᠯᠤᠨ ᠮᠠᠭᠠᠳᠯᠠᠬᠤ ᠪᠠ ᠪᠦᠷᠢᠳᠭᠡᠵᠦ᠍ ᠬᠢᠨᠠᠨ ᠬᠡᠮᠵᠢᠬᠦ᠌᠎ᠶ᠋ᠢ ᠴᠢᠡᠭᠭᠠᠳᠬᠠᠵᠤ ᠂ ᠲᠣᠭ᠎ᠠ ᠪᠦᠷᠢᠳᠭᠡᠯ᠎ᠦᠨ ᠲᠣᠭ᠎ᠠ ᠪᠠᠷᠢᠮᠲᠠ᠎ᠶ᠋ᠢᠨ ᠶᠠᠰᠤ ᠴᠢᠨᠠᠷ᠎ᠢ ᠦᠷᠭᠦᠯᠵᠢᠯᠡᠨ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠳᠦ ᠲᠣᠭ᠎ᠠ ᠪᠦᠷᠢᠳᠭᠡᠯ᠎ᠦᠨ ᠦᠶ᠋ᠯᠡᠴᠢᠯᠡᠭᠡ ᠬᠠᠡᠭᠭᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠡᠴᠡ᠂ ᠪᠦᠬᠦ᠌ ᠲᠤᠪᠴᠢᠶᠠᠪᠠᠷᠵᠢᠡᠨ ᠶᠡᠷᠦᠩᠬᠡᠢ ᠱᠦᠵᠢ ᠰᠢ ᠵᠢᠨ ᠫᠢᠩ᠎ᠦᠨ ᠨᠠᠮ᠎ᠤᠨ ᠳᠣᠲᠣᠭᠠᠳᠤ᠎ᠶ᠋ᠢᠨ ᠬᠠᠤᠯᠢ ᠲᠣᠭ᠍ᠲᠠᠭᠠᠯ ᠳᠦᠷᠢᠮ᠎ᠦᠨ ᠪᠠᠢᠭᠤᠯᠤᠯᠲᠠ᠎ᠶ᠋ᠢᠨ ᠲᠤᠬᠠᠢ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠬᠤ ᠬᠡᠷᠡᠭ᠌ᠲᠡᠢ᠂ ᠨᠠᠮ᠎ᠤᠨ ᠳᠣᠲᠣᠭᠠᠳᠤ᠎ᠶ᠋ᠢᠨ ᠡᠯ᠎ᠡ ᠵᠦᠢᠯ᠎ᠦᠨ ᠬᠠᠤᠯᠢ ᠲᠣᠭ᠍ᠲᠠᠭᠠᠯ ᠳᠦᠷᠢᠮ᠎ᠢ ᠴᠢᠩᠭ᠎ᠠ ᠬᠡᠷᠡᠭᠵᠢᠭᠦᠯᠵᠦ᠂ ᠰᠤᠷᠤᠯᠴᠠᠨ ᠤᠬᠠᠭᠤᠯᠵᠤ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠲᠣᠭ᠎ᠠ ᠪᠦᠷᠢᠳᠭᠡᠯ᠎ᠦᠨ ᠠᠵᠢᠯ᠎ᠤᠨ ᠡᠯ᠎ᠡ ᠲᠠᠯ᠎ᠠ᠎ᠳᠤ ᠲᠤᠭᠤᠱᠢᠯᠠᠭᠤᠯᠵᠤ᠂ ᠨᠠᠮ᠎ᠤᠨ ᠭᠡᠱᠢᠭᠦᠨ ᠤᠳᠤᠷᠢᠳᠭᠤ ᠺᠠᠳ᠋ᠷ᠎ᠤᠨ ᠤᠯᠤᠰ ᠲᠥᠷᠥ᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠥᠷᠥ᠎ᠶ᠋ᠢᠨ ᠤᠢᠯᠠᠭᠠᠬᠤ ᠴᠢᠳᠠᠪᠤᠷᠢ᠂ ᠤᠯᠤᠰ ᠲᠦᠷᠦ᠍᠎ᠶ᠋ᠢᠨ ᠭᠦᠢᠴᠡᠳᠭᠡᠬᠦ᠌ ᠴᠢᠳᠠᠪᠤᠷᠢ᠎ᠵᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠦᠨᠳᠦᠰᠦᠨ ᠱᠠᠲᠤ ᠲᠡᠢᠰᠢ ᠤᠷᠲᠤᠳᠭᠠᠬᠤ᠎ᠶ᠋ᠢ ᠡᠷᠡᠰ ᠭᠤᠢᠪᠢᠰᠢ ᠦᠭᠡᠢ ᠠᠬᠢᠭᠤᠯᠵᠤ᠂ ᠨᠠᠮ᠎ᠤᠨ ᠲᠥᠪ ᠬᠣᠷᠢᠶ᠎ᠠ ᠂ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠲᠣᠭ᠎ᠠ ᠪᠦᠷᠢᠳᠭᠡᠯ᠎ᠦᠨ ᠠᠵᠢᠯ᠎ᠤᠨ ᠲᠤᠬᠠᠶ ᠴᠢᠬᠤᠯᠠ ᠶᠡᠬᠡ ᠱᠢᠶ᠋ᠳᠪᠦᠷᠢᠲᠦ ᠪᠣᠳᠣᠯᠭᠠᠪᠠᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠲᠣᠭ᠎ᠠ ᠪᠦᠷᠢᠳᠭᠡᠯ᠎ᠦᠨ ᠠᠵᠢᠯ᠎ᠤᠨ ᠲᠤᠬᠠᠶ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ᠎ᠵᠢ ᠪᠠᠲᠤᠯᠠᠬᠤ ᠬᠡᠷᠡᠭᠲᠡᠢ᠃ ᠰᠦᠯᠵᠢᠶᠡᠨ᠎ᠦ ᠠᠮᠤᠷ ᠲᠦᠪᠱᠢᠨ᠎ᠢ ᠰᠡᠷᠭᠡᠢᠯᠡᠨ ᠬᠠᠮᠠᠭᠠᠯᠠᠬᠤ ᠤᠬᠠᠮᠰᠠᠷ᠎ᠵᠢᠡᠨ ᠳᠡᠭᠡᠭ᠌ᠰᠢᠯᠡᠭᠦᠯᠵᠦ᠍᠂ ᠰᠦᠯᠵᠢᠶᠡᠨ᠎ᠦ ᠠᠮᠤᠷ ᠲᠦᠪᠱᠢᠨ᠎ᠦ ᠭᠣᠣᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠰᠦᠯᠵᠢᠶᠡᠨ᠎ᠦ ᠠᠮᠤᠷ ᠲᠦᠪᠱᠢᠨ᠎ᠦ ᠶᠡᠷᠦᠩᠬᠡᠢᠯᠡᠭ᠌ᠰᠡᠨ ᠰᠡᠷᠭᠡᠢᠯᠡᠯᠲᠡ᠎ᠶ᠋ᠢᠨ ᠠᠵᠢᠯ᠎ᠢ ᠴᠢᠩᠭᠠᠳᠭᠠᠵᠤ ᠂ ᠰᠦᠯᠵᠢᠶᠡᠨ᠎ᠦ ᠠᠮᠤᠷ ᠲᠦᠪᠱᠢᠨ᠎ᠦ ᠠᠶᠤᠯ ᠲᠦᠭ᠌ᠰᠢᠭᠦᠷᠢ᠎ᠶ᠋ᠢ ᠵᠢᠭ᠍ᠰᠠᠭᠠᠨ ᠪᠠᠢᠴᠠᠭᠠᠬᠤ ᠪᠠ ᠴᠡᠭ᠌ᠴᠡᠯᠡᠨ ᠰᠠᠢᠵᠢᠷᠠᠭᠤᠯᠬᠤ ᠠᠵᠢᠯ᠎ᠢ ᠨᠠᠷᠢᠨ ᠬᠢᠨᠠᠮᠠᠭᠠᠢ ᠥᠷᠨᠢᠭᠦᠯᠵᠦ᠍᠂ ᠪᠦᠬᠦ᠌ ᠣᠷᠣᠨ᠎ᠤ ᠲᠣᠭ᠎ᠠ ᠪᠦᠷᠢᠳᠭᠡᠯ᠎ᠦᠨ ᠱᠢᠰᠲ᠋ᠧᠮ᠎ᠦᠨ ᠰᠦᠯᠵᠢᠶᠡᠨ᠎ᠦ ᠠᠮᠤᠷ ᠲᠦᠪᠱᠢᠨ᠎ᠦ ᠨᠢᠭᠤᠴᠠ᠎ᠶ᠋ᠢ ᠬᠠᠮᠠᠭᠠᠯᠠᠬᠤ ᠠᠵᠢᠯ᠎ᠢ ᠦᠨᠡᠨ ᠬᠦ᠌ ᠰᠠᠢᠲᠤᠷ ᠬᠢᠬᠦ᠌ ᠬᠡᠷᠡᠭ᠌ᠲᠡᠢ ᠭᠡᠵᠦ ᠱᠠᠭᠠᠷᠳᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃