2022-03-29 11:08:25
ᠤᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠪᠥᠬᠥ᠌ ᠤᠯᠤᠰ᠎ᠤᠨ 《ᠬᠣᠶᠠᠷ ᠬᠤᠷᠠᠯ》᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠪᠠ᠃
ᠬᠤᠷᠠᠯ᠎ᠠᠴᠠ᠂ ᠶᠡᠷᠦᠩᠬᠡᠶ ᠱᠦᠵᠢ ᠰᠢ ᠵᠢᠨ ᠫᠢᠩ᠎ᠦᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ᠎ᠨᠢ ᠪᠥᠬᠥ᠌ ᠲᠠᠯ᠎ᠠ ᠵᠢᠨ ᠪᠠ ᠠᠯᠤᠰ ᠬᠡᠲᠦ᠍᠎ᠶ᠋ᠢᠨ ᠬᠥᠭ᠌ᠵᠢᠯᠲᠡ᠎ᠳᠦ ᠬᠣᠯᠪᠣᠭ᠍ᠳᠠᠬᠤ ᠴᠢᠬᠤᠯᠠ ᠶᠡᠬᠡ ᠠᠰᠠᠭᠤᠳᠠᠯ᠎ᠢ ᠭᠦᠨᠵᠡᠭᠡᠶ ᠲᠣᠳᠣᠷᠬᠠᠢᠯᠠᠨ ᠥᠭᠦᠯᠡᠵᠦ᠍᠂ ᠲᠤᠢᠯ᠎ᠤᠨ ᠴᠢᠩᠭ᠎ᠠ ᠤᠯᠤᠰ ᠳᠦᠷᠦᠴᠢ ᠴᠢᠨᠠᠷ᠂ ᠦᠵᠡᠯ ᠰᠠᠨᠠᠭᠠᠴᠢ ᠴᠢᠨᠠᠷ᠂ ᠵᠢᠯᠣᠭᠣᠳᠭᠤ ᠴᠢᠨᠠᠷ ᠪᠠ ᠬᠠᠨᠳᠤᠯᠭᠠᠲᠤ ᠴᠢᠨᠠᠷᠲᠠᠶ ᠪᠠᠢᠵᠤ᠂ ᠪᠢᠳᠡᠨ᠎ᠦ ᠡᠯ᠎ᠡ ᠵᠦᠶ᠋ᠯ᠎ᠦᠨ ᠠᠵᠢᠯ᠎ᠢᠶᠠᠨ ᠰᠠᠢᠲᠤᠷ ᠬᠢᠬᠦ᠌᠎ᠳᠦ ᠴᠢᠬᠤᠯᠠ ᠵᠢᠷᠤᠮᠯᠠᠯ ᠬᠠᠩᠭᠠᠵᠠᠶ᠃ ᠤᠯᠤᠰ ᠲᠦᠷᠦ᠍ ᠪᠠ ᠪᠦᠬᠦ᠌ ᠲᠠᠯ᠎ᠠ᠎ᠶ᠋ᠢᠨ ᠦᠨᠳᠦᠷᠴᠡ ᠡᠴᠡ ᠭᠦᠨᠵᠡᠭᠡᠢ ᠣᠢᠯᠠᠭᠠᠵᠤ᠂ ᠶᠡᠷᠦᠩᠬᠡᠢ ᠱᠦᠵᠢ᠎ᠶ᠋ᠢᠨ ᠥᠪᠥᠷ ᠮᠣᠩᠭᠣᠯ᠎ᠳᠤ ᠲᠠᠯᠪᠢᠭ᠍ᠰᠠᠨ ᠬᠦᠰᠡᠯ ᠨᠠᠢᠳᠠᠯᠭ᠎ᠠ᠎ᠶ᠋ᠢ ᠰᠡᠳᠭᠢᠯ ᠲᠠᠯᠪᠢᠨ ᠣᠢᠯᠠᠭᠠᠵᠤ᠂ ᠡᠭᠦᠷᠭᠡᠯᠡᠵᠦ᠍ ᠪᠠᠢᠭ᠎ᠠ ᠴᠢᠬᠤᠯᠠ ᠶᠡᠬᠡ ᠡᠭᠦᠷᠭᠡ᠂ ᠴᠢᠬᠤᠯᠠ ᠶᠡᠬᠡ ᠲᠤᠱᠢᠶᠠᠯ ᠬᠠᠷᠢᠭᠤᠴᠠᠯᠭ᠎ᠠ᠎ᠳᠠᠭᠠᠨ ᠠᠩᠬᠠᠷᠤᠯ᠎ᠢᠶᠠᠨ ᠲᠥᠪᠯᠡᠷᠡᠭᠦᠯᠵᠦ᠍᠂ ᠬᠦᠰᠡᠯ ᠨᠠᠢᠳᠠᠯᠭ᠎ᠠ᠎ᠶ᠋ᠢ ᠤᠷᠤᠭ᠍ᠰᠢᠯᠠᠯᠲᠠ᠎ᠶ᠋ᠢᠨ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠵᠤ᠂ ᠶᠡᠷᠦᠩᠬᠡᠢ ᠱᠦᠵᠢ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠲᠡᠷᠡ ᠶᠣᠰᠣᠭᠠᠷ ᠨᠢ ᠣᠷᠣᠨ ᠰᠠᠭᠤᠴᠠ ᠪᠠ ᠬᠤᠳᠠ ᠬᠥᠳᠡᠭᠡ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠬᠦᠷᠢᠶᠡᠨ᠎ᠦ ᠪᠦᠬᠦ᠌ ᠠᠵᠢᠯ᠎ᠳᠤ ᠨᠠᠢᠳᠠᠪᠤᠷᠢᠵᠢᠭᠤᠯᠵᠤ᠂ ᠴᠢᠩᠭ᠎ᠠ ᠲᠤᠯᠭᠠᠮ ᠤᠯᠤᠰ ᠲᠦᠷᠦ᠍᠎ᠶ᠋ᠢᠨ ᠬᠠᠷᠢᠭᠤᠴᠠᠯᠭᠠᠲᠤ ᠰᠡᠳᠭᠢᠯᠭᠡ ᠪᠠ ᠲᠡᠦᠬᠡᠨ ᠡᠭᠦᠷᠭᠡᠲᠦ ᠪᠤᠳᠤᠯ᠎ᠢᠶᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍ ᠂ ᠨᠡᠩ ᠬᠦᠴᠦᠯᠡᠨ ᠴᠢᠷᠮᠠᠢᠵᠤ ᠦᠢᠯᠡᠰ ᠪᠦᠲᠦᠭᠡᠬᠦ᠌ ᠤᠶᠤᠨ ᠰᠠᠨᠠᠭᠠᠨ᠎ᠤ ᠳᠦᠷᠰᠦ ᠪᠠᠢᠳᠠᠯ᠎ᠢᠶᠠᠷ ᠪᠦᠬᠦ᠌ ᠵᠢᠯ᠎ᠦᠨ ᠡᠯ᠎ᠡ ᠵᠦᠢᠯ᠎ᠦᠨ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌᠎ᠶ᠋ᠢ ᠪᠦᠬᠦ᠌ ᠬᠦᠴᠦ᠍᠎ᠪᠡᠷ᠎ᠢᠶᠡᠨ ᠠᠬᠢᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠶ᠋ᠢ ᠤᠭ᠍ᠲᠤᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃
ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠪᠦᠬᠦ᠌ ᠤᠯᠤᠰ᠎ᠤᠨ 《 ᠬᠣᠶᠠᠷ ᠬᠤᠷᠠᠯ 》᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠴᠢᠩᠭ᠎ᠠ ᠡᠵᠡᠮᠳᠡᠨ᠂ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠭᠣᠣᠯ ᠬᠠᠷᠢᠭᠤᠴᠠᠯᠭ᠎ᠠ ᠭᠣᠣᠯ ᠠᠵᠢᠯ᠎ᠳᠤ ᠰᠠᠭᠤᠷᠢᠯᠠᠨ᠂ ᠤᠬᠠᠮᠰᠠᠷ᠎ᠠᠴᠠ᠎ᠪᠠᠨ ᠪᠠᠷᠢᠮᠵᠢᠶᠠᠯᠠᠨ ᠬᠠᠷᠭᠤᠭᠤᠯᠵᠤ᠂ ᠨᠠᠢᠳᠠᠪᠤᠷᠢᠵᠢᠭᠤᠯᠤᠯᠲᠠ᠎ᠶ᠋ᠢ ᠪᠦᠬᠦ᠌ ᠬᠦᠴᠦᠨ᠎ᠢᠶᠡᠷ᠎ᠢᠶᠡᠨ ᠰᠠᠢᠲᠤᠷ ᠠᠳᠭᠤᠬᠤ ᠬᠡᠷᠡᠭ᠌ᠲᠡᠢ᠃ 《ᠬᠥᠭ᠌ᠵᠢᠯᠲᠡ 》 ᠭᠡᠬᠦ᠌ ᠭᠤᠤᠯ ᠰᠡᠳᠦᠪᠲᠦ ᠠᠩᠬᠠᠷᠤᠯ᠎ᠢᠶᠠᠨ ᠲᠥᠪᠯᠡᠷᠡᠭᠦᠯᠵᠦ᠍᠂ ᠪᠠᠢᠳᠠᠯ᠎ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭ᠌ᠵᠢᠭᠦᠯᠵᠦ᠍ ᠪᠠᠢᠭᠠᠳ ᠬᠡᠷ ᠭᠠᠵᠠᠷ᠎ᠤᠨ ᠬᠥᠷᠥᠩᠭᠡ᠎ᠶ᠋ᠢᠨ ᠦᠶ᠋ᠯᠡᠰ᠎ᠦᠨ ᠰᠠᠢᠨ ᠣᠷᠴᠢᠯ ᠪᠠ ᠡᠷᠡᠭᠦᠯ ᠬᠥᠭ᠌ᠵᠢᠯᠲᠡ᠎ᠶ᠋ᠢ ᠠᠬᠢᠭᠤᠯᠵᠤ᠂ ᠪᠠᠷᠢᠯᠭ᠎ᠠ᠎ᠶ᠋ᠢᠨ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠬᠦ᠌᠎ᠶ᠋ᠢ ᠲᠦᠷᠭᠡᠳᠭᠡᠨ ᠠᠬᠢᠭᠤᠯᠵᠤ᠂ ᠴᠢᠬᠤᠯᠠ ᠶᠡᠬᠡ ᠲᠥᠷᠥᠯ ᠵᠦᠶ᠋ᠯ᠂ ᠰᠠᠭᠤᠷᠢ ᠲᠥᠬᠥᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠦᠶ᠋ᠯᠡᠴᠢᠯᠡᠭᠡᠨ᠎ᠦ ᠪᠠᠲᠤᠯᠠᠭ᠎ᠠ᠎ᠶ᠋ᠢ ᠰᠠᠢᠲᠤᠷ ᠠᠳᠭᠤᠬᠤ ᠬᠡᠷᠡᠭ᠌ᠲᠡᠶ᠃ ᠬᠣᠲᠠ᠎ᠶ᠋ᠢᠨ ᠪᠠᠢᠴᠠᠭᠠᠯᠲᠠ᠂ ᠬᠣᠲᠠ᠎ᠶ᠋ᠢᠨ ᠱᠢᠨᠡᠴᠢᠯᠡᠯᠲᠡ᠎ᠶ᠋ᠢ ᠡᠮᠬᠢ ᠵᠢᠷᠤᠮ᠎ᠲᠠᠶ ᠠᠬᠢᠭᠤᠯᠵᠤ ᠂ ᠬᠣᠲᠠ᠎ᠶ᠋ᠢᠨ ᠨᠠᠷᠢᠯᠢᠬ᠍ᠵᠢᠭᠤᠯᠤᠭ᠍ᠰᠠᠨ ᠬᠠᠮᠢᠶᠠᠷᠤᠯᠲᠠ᠎ᠶ᠋ᠢ ᠦᠷᠭᠦᠯᠵᠢᠯᠡᠨ ᠰᠠᠢᠲᠤᠷ ᠠᠳᠬᠤᠬᠤ ᠬᠡᠷᠡᠭᠲᠡᠢ᠃ 《 ᠪᠣᠬᠢᠷᠲᠤᠯ ᠦᠭᠡᠢ 》 ᠭᠡᠬᠦ᠌ ᠭᠣᠣᠯ ᠰᠡᠳᠦᠪᠲᠦ ᠠᠩᠬᠠᠷᠤᠯ᠎ᠢᠶᠠᠨ ᠲᠥᠪᠯᠡᠷᠡᠭᠦᠯᠵᠦ᠍᠂ ᠪᠣᠬᠢᠷᠲᠤᠯ ᠦᠭᠡᠢ ᠨᠡᠭᠦᠷᠡᠰᠦᠲᠥ᠋ᠷᠥᠭ᠌ᠴᠢ ᠪᠠᠭ᠎ᠠ ᠬᠤᠳᠠ᠎ᠶ᠋ᠢ ᠬᠦᠴᠦᠯᠡᠨ ᠪᠠᠢᠭᠤᠯᠵᠤ᠂ ᠪᠣᠬᠢᠷᠲᠤᠯ ᠦᠭᠡᠢ ᠪᠠᠷᠢᠯᠭ᠎ᠠ᠎ᠶ᠋ᠢᠨ ᠬᠡᠪᠴᠢᠶᠡᠵᠢᠭ᠌ᠰᠡᠨ ᠬᠥᠭ᠌ᠵᠢᠯᠲᠡ᠎ᠶ᠋ᠢ ᠠᠬᠢᠭᠤᠯᠵᠤ᠂ ᠬᠤᠳᠠ ᠬᠥᠳᠡᠭᠡ᠎ᠶ᠋ᠢᠨ ᠣᠷᠴᠢᠨ ᠲᠣᠭᠣᠷᠢᠨ᠎ᠢ ᠴᠡᠭ᠌ᠴᠡᠯᠡᠨ ᠵᠠᠰᠠᠬᠤ᠎ᠶ᠋ᠢ ᠦᠷᠭᠦᠯᠵᠢᠯᠡᠨ ᠠᠬᠢᠭᠤᠯᠵᠤ᠂ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠣᠷᠴᠢᠨ ᠲᠣᠭᠣᠷᠢᠨ᠎ᠤ ᠲᠤᠪᠤᠢ᠌ᠮ᠎ᠠ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠎ᠶ᠋ᠢ ᠰᠠᠢᠲᠤᠷ ᠠᠳᠭᠤᠬᠤ ᠬᠡᠷᠡᠭ᠌ᠲᠡᠢ᠃ 《ᠠᠷᠠᠳ᠎ᠤᠨ ᠠᠮᠢᠳᠤᠷᠠᠯ 》 ᠭᠡᠬᠦ᠌ ᠭᠤᠤᠯ ᠰᠡᠳᠦᠪᠲᠦ ᠠᠩᠬᠠᠷᠤᠯ᠎ᠢᠶᠠᠨ ᠲᠥᠪᠯᠡᠷᠡᠭᠦᠯᠵᠦ᠍᠂ ᠬᠠᠭᠤᠴᠢᠨ ᠰᠠᠭᠤᠭᠠᠯᠢ ᠲᠣᠭᠣᠷᠢᠭ᠎ᠢ ᠥᠭᠡᠷᠡᠴᠢᠯᠡᠨ ᠱᠢᠨᠡᠳᠭᠡᠬᠦ᠌᠂ ᠪᠠᠲᠤᠯᠠᠭ᠎ᠠ᠎ᠶ᠋ᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ᠎ᠶ᠋ᠢᠨ ᠪᠥᠲᠥᠭᠡᠨ ᠪᠠᠢᠭᠤᠯᠤᠯᠲᠠ᠎ᠶ᠋ᠢ ᠦᠨᠡᠨ ᠬᠦ᠌ ᠰᠠᠢᠲᠤᠷ ᠠᠳᠭᠤᠵᠤ᠂ ᠣᠯᠠᠨ ᠲᠦᠮᠡᠨ᠎ᠦ ᠣᠷᠣᠨ ᠰᠠᠭᠤᠴᠠ᠂ ᠤᠰᠤ ᠬᠡᠶ ᠳᠤᠯᠠᠭᠠᠯᠠᠭ᠎ᠠ ᠵᠡᠷᠭᠡ ᠪᠣᠳᠠᠲᠠᠶ ᠠᠰᠠᠭᠤᠳᠠᠯ᠎ᠢ ᠣᠯᠠᠨ ᠠᠷᠭ᠎ᠠ ᠵᠠᠮ᠎ᠢᠶᠠᠷ ᠰᠠᠢᠲᠤᠷ ᠱᠢᠶ᠋ᠳᠪᠦᠷᠢᠯᠡᠵᠦ᠍᠂ ᠨᠡᠢᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ᠂ ᠬᠡᠦᠬᠡᠳ ᠰᠠᠭᠠᠲᠠᠭᠤᠯᠬᠤ ᠵᠡᠷᠭᠡ ᠢᠵᠢ ᠪᠥᠷᠢᠳᠦᠭᠦᠯᠬᠦ᠌ ᠲᠦᠬᠦᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠡᠷᠴᠢᠮ᠎ᠢ ᠴᠢᠩᠭᠠᠷᠠᠭᠤᠯᠵᠤ᠂ ᠬᠥᠯᠥᠰᠥᠨ ᠠᠵᠢᠯᠴᠢᠨ᠎ᠤ ᠴᠠᠯᠢᠩ ᠥᠷᠢᠲᠦᠬᠦ᠌᠎ᠶ᠋ᠢ ᠵᠠᠰᠠᠬᠤ ᠡᠷᠴᠢᠮ᠎ᠢ ᠴᠢᠩᠭᠠᠷᠠᠭᠤᠯᠬᠤ ᠬᠡᠷᠡᠭ᠌ᠲᠡᠶ᠃ 《 ᠲᠣᠭ᠍ᠲᠠᠭᠤᠨ ᠪᠠᠢᠯᠭᠠᠬᠤ 》 ᠭᠤᠤᠯ ᠰᠡᠳᠦᠪᠲᠦ ᠠᠩᠬᠠᠷᠤᠯ᠎ᠢᠶᠠᠨ ᠲᠥᠪᠯᠡᠷᠡᠭᠦᠯᠵᠦ᠍᠂ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠬᠦᠷᠢᠶᠡᠨ᠎ᠳᠡᠬᠢ ᠠᠶᠤᠯ ᠲᠦᠭ᠌ᠰᠢᠭᠦᠷᠢ᠎ᠶ᠋ᠢ ᠤᠷᠢᠳᠴᠢᠯᠠᠨ ᠰᠡᠷᠡᠮᠵᠢᠯᠡᠭᠦᠯᠵᠦ᠍ ᠬᠢᠨᠠᠨ ᠬᠡᠮᠵᠢᠬᠦ᠌ ᠪᠠ ᠰᠡᠷᠭᠡᠢᠯᠡᠨ ᠱᠢᠶ᠋ᠳᠪᠦᠷᠢᠯᠡᠬᠦ᠌ ᠠᠷᠭ᠎ᠠ ᠬᠡᠮᠵᠢᠶ᠎ᠡ᠎ᠶ᠋ᠢ ᠪᠣᠳᠠᠲᠠᠢᠵᠢᠭᠤᠯᠵᠤ᠂ ᠬᠡᠷ ᠭᠠᠵᠠᠷ᠎ᠤᠨ ᠬᠥᠷᠥᠩᠭᠡ᠎ᠶ᠋ᠢᠨ ᠬᠦᠷᠢᠶᠡᠨ᠎ᠳᠡᠬᠢ ᠠᠶᠤᠯ ᠲᠦᠭ᠌ᠰᠢᠭᠦᠷᠢ᠎ᠶ᠋ᠢ ᠰᠡᠷᠭᠡᠢᠯᠡᠬᠦ᠌᠎ᠶ᠋ᠢ ᠴᠢᠩᠭᠠᠳᠭᠠᠵᠤ᠂ ᠬᠣᠲᠠ ᠪᠠᠯᠭᠠᠰᠤᠨ᠎ᠤ ᠱᠢᠲᠠᠮᠠᠬᠠᠶ ᠬᠡᠶ᠎ᠶ᠋ᠢᠨ ᠠᠮᠤᠷ ᠲᠦᠪᠱᠢᠨ᠎ᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ ᠠᠵᠢᠯ᠎ᠢ ᠭᠦᠨᠵᠡᠭᠡᠶ ᠥᠷᠨᠢᠭᠦᠯᠵᠦ᠍᠂ 《 ᠬᠣᠲᠠ᠎ᠶ᠋ᠢᠨ ᠠᠮᠢ ᠨᠠᠰᠤᠨ᠎ᠤ ᠱᠤᠭᠤᠮ᠎ᠤᠨ ᠢᠨᠵᠧᠨᠧᠷᠢᠩ 》 ᠤᠨ ᠪᠥᠲᠥᠭᠡᠨ ᠪᠠᠢᠭᠤᠯᠤᠯᠲᠠ᠎ᠶ᠋ᠢ ᠰᠠᠢᠲᠤᠷ ᠠᠳᠭᠤᠵᠤ᠂ ᠠᠶᠤᠯᠭᠦᠶ ᠦᠶ᠋ᠯᠡᠳᠪᠦᠷᠢᠯᠡᠯ᠎ᠦᠨ ᠬᠣᠷᠢᠭ᠎ᠠ ᠱᠤᠭᠤᠮ᠎ᠢ ᠪᠠᠲᠤ ᠰᠠᠬᠢᠵᠤ ᠂ ᠠᠮᠤᠷ ᠲᠦᠪᠱᠢᠨ ᠲᠣᠭ᠍ᠲᠠᠭᠤᠨ ᠡᠶ᠎ᠡ ᠵᠣᠬᠢᠴᠠᠩᠭᠤᠶ ᠣᠷᠴᠢᠨ ᠲᠣᠭᠣᠷᠢᠨ᠎ᠢ ᠦᠨᠡᠨ ᠬᠦ᠌ ᠪᠣᠶ ᠪᠣᠯᠭᠠᠬᠤ ᠬᠡᠷᠡᠭ᠌ᠲᠡᠶ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠣᠣᠯ ᠱᠢᠵᠢᠮ᠎ᠲᠡᠶ ᠨᠢᠭ᠍ᠲᠠ ᠤᠶᠠᠯᠳᠤᠭᠤᠯᠤᠨ᠂ ᠡᠯ᠎ᠡ ᠵᠦᠢᠯ᠎ᠦᠨ ᠠᠵᠢᠯ᠎ᠢᠶᠠᠨ ᠯᠠᠪᠳᠠᠭᠤᠨ ᠪᠠᠲᠤᠲᠠᠢ ᠰᠠᠢᠲᠤᠷ ᠬᠢᠵᠦ᠍᠂ ᠪᠣᠳᠠᠲᠤ ᠠᠵᠢᠯᠯᠠᠭ᠎ᠠ᠎ᠪᠠᠷ᠎ᠢᠶᠠᠨ ᠦᠨᠳᠦᠰᠦᠲᠡᠨ᠎ᠦ ᠪᠦᠯᠬᠦᠮᠳᠡᠯ ᠪᠠ ᠨᠡᠢᠭᠡᠮ᠎ᠦᠨ ᠲᠣᠭ᠍ᠲᠠᠭᠤᠨ᠎ᠤ ᠶᠡᠬᠡ ᠲᠠᠯ᠎ᠠ᠎ᠶ᠋ᠢ ᠰᠠᠢᠲᠤᠷ ᠬᠠᠮᠠᠭᠠᠯᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃