2022-05-27 09:40:23
ᠵᠤᠨ᠎ᠤ ᠡᠬᠢᠨ ᠰᠠᠷ᠎ᠠ᠎ᠳᠦ ᠤᠯᠠᠭᠠᠨᠬᠠᠳᠠ ᠵᠢᠨ ᠭᠠᠵᠠᠷ ᠪᠦᠬᠦᠨ᠎ᠳᠦ ᠡᠪᠡᠰᠦ ᠮᠣᠳᠣ ᠬᠦᠭᠡᠷᠡᠨ ᠨᠣᠭᠣᠭᠠᠷᠠᠵᠤ᠂ ᠬᠤᠸᠠᠷ ᠴᠡᠴᠡᠭ ᠮᠢᠷᠠᠯᠵᠠᠨ ᠲᠡᠯᠭᠡᠷᠡᠭᠡᠳ ᠬᠠᠷᠠᠭ᠎ᠠ ᠰᠡᠳᠭᠢᠯ᠎ᠢ ᠪᠠᠶᠠᠰᠬᠠᠨ᠎ᠠ᠃ ᠲᠦᠷᠦᠬᠦᠬᠡᠨ ᠤᠯᠠᠭᠠᠨᠬᠠᠳᠠ ᠬᠤᠳᠠ᠎ᠶ᠋ᠢᠨ ᠠᠵᠤ ᠦᠢᠯᠡᠳᠪᠦᠷᠢ ᠪᠣᠯᠤᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠭᠣᠣᠯᠳᠠᠯᠭ᠎ᠠ᠎ᠲᠠᠶ ᠲᠦᠷᠦᠯ ᠵᠦᠢᠯ᠎ᠦᠨ ᠦᠵᠡᠭᠦᠯᠭᠡ᠎ᠶ᠋ᠢᠨ ᠪᠣᠯᠪᠠᠰᠤᠷᠠᠯ ᠬᠦᠷ ᠬᠥᠭ᠌ᠵᠢᠶᠡᠨᠲᠡᠶ ᠶᠠᠪᠤᠭ᠍ᠳᠠᠪᠠ᠃
ᠲᠤᠰ ᠤᠳᠠᠭ᠎ᠠ1600 ᠭᠠᠷᠤᠢ ᠺᠢᠯᠤᠮᠸᠲᠷ ᠠᠶᠠᠯᠠᠵᠤ᠂ 12 ᠬᠣᠱᠢᠭᠤ ᠱᠢᠶᠠᠨ᠎ᠢᠶᠠᠷ ᠶᠠᠪᠤᠵᠤ᠂ 12 ᠬᠦᠷᠢᠶᠡᠯᠡᠩ ᠲᠣᠭᠣᠷᠢᠭ᠎ᠢ ᠪᠠᠢᠴᠠᠭᠠᠨ᠂ 37 ᠲᠤᠮᠤ ᠲᠦᠷᠦᠯ ᠵᠦᠢᠯ᠎ᠢ ᠲᠣᠭᠣᠷᠢᠨ ᠦᠵᠡᠪᠡ ᠁ ᠡᠢᠮᠦᠷᠬᠥᠤ ᠶᠡᠬᠡ ᠬᠡᠪᠴᠢᠶᠡᠨ᠎ᠦ ᠲᠦᠷᠦᠯ ᠵᠦᠢᠯ᠎ᠦᠨ ᠪᠣᠯᠪᠠᠰᠤᠷᠠᠯ ᠨᠢ ᠤᠯᠠᠭᠠᠨᠬᠠᠳᠠ ᠬᠤᠳᠠ᠎ᠶ᠋ᠢᠨ ᠬᠥᠭ᠌ᠵᠢᠯᠲᠡ᠎ᠶ᠋ᠢᠨ ᠱᠢᠨ᠎ᠡ ᠳᠦᠷᠰᠦ ᠪᠠᠢᠳᠠᠯ᠎ᠢ ᠬᠠᠷᠠᠭᠤᠯᠤᠭ᠍ᠰᠠᠨ᠎ᠢᠶᠠᠷ ᠦᠯᠦ ᠪᠠᠷᠠᠮ᠂ ᠪᠠᠰᠠ ᠤᠯᠠᠭᠠᠨᠬᠠᠳᠠ ᠬᠤᠳᠠ᠎ᠶ᠋ᠢᠨ 50 ᠭᠠᠷᠤᠢ ᠺᠠᠳ᠋ᠷ᠎ᠢ ᠰᠤᠷᠲᠠᠯ᠎ᠤᠨ ᠶᠡᠬᠡ ᠱᠢᠯᠭᠠᠯᠲᠠ᠎ᠶ᠋ᠢᠨ ᠲᠠᠯᠠᠪᠤᠷ᠎ᠲᠤ ᠠᠪᠴᠢᠷᠠᠭ᠍ᠰᠠᠨ ᠪᠠᠢᠨ᠎ᠠ᠃
《ᠲᠦᠷᠦᠯ ᠵᠦᠢᠯ᠎ᠦᠨ ᠲᠤᠬᠠᠢ᠎ᠶ᠋ᠢᠨ ᠲᠠᠯᠠᠪᠠᠢ ᠪᠣᠯ ᠳᠠᠷᠤᠢ ᠰᠤᠷᠲᠠᠯ᠎ᠢᠶᠠᠨ ᠳᠠᠪᠲᠠᠨ ᠪᠣᠯᠪᠠᠰᠤᠷᠠᠭᠤᠯᠬᠤ ᠱᠢᠯᠭᠠᠯᠲᠠ᠎ᠶ᠋ᠢᠨ ᠲᠠᠯᠠᠪᠠᠢ ᠪᠣᠯᠤᠨ᠎ᠠ᠂ ᠪᠢᠳᠡ ᠤᠯᠠᠨ᠎ᠤ ᠶᠠᠷᠢᠭ᠍ᠰᠠᠨᠢ ᠰᠤᠨᠤᠰᠤᠭᠠᠳᠯᠡ ᠪᠤᠯᠬᠤ ᠪᠢᠰᠢ᠂ ᠵᠠᠩᠭᠢᠯᠠᠭ᠎ᠠ ᠨᠢ ᠬᠢᠷᠢ ᠵᠡᠷᠭᠡ ᠠᠵᠢᠯᠯᠠᠭ᠍ᠰᠠᠨᠢ ᠨᠢ ᠦᠵᠡᠬᠦ᠌ ᠬᠡᠷᠡᠭ᠌ᠲᠡᠢ᠂ ᠠᠵᠢᠯ᠎ᠤᠨ ᠪᠣᠳᠠᠲᠤ ᠠᠮᠵᠢᠯᠲᠠ᠎ᠳᠠᠭᠠᠨ ᠲᠦᠱᠢᠭ᠌ᠯᠡᠨ ᠦᠭᠡ ᠬᠡᠯᠡᠬᠦ ᠬᠡᠷᠡᠭᠲᠡᠢ》 ᠭᠡᠵᠦ ᠤᠯᠠᠭᠠᠨᠬᠠᠳᠠ ᠬᠤᠲᠠ᠎ᠶ᠋ᠢᠨ ᠨᠠᠮ᠎ᠤᠨ ᠬᠣᠷᠢᠶᠠᠨ᠎ᠤ ᠱᠦᠵᠢ ᠸᠠᠨ ᠴᠤᠤ ᠴᠢ ᠪᠦᠬᠦ᠌ ᠬᠤᠲᠠ᠎ᠶ᠋ᠢᠨ ᠺᠠᠳ᠋ᠷᠴᠤᠳ᠎ᠲᠤ ᠲᠥᠪ ᠴᠢᠩᠭ᠎ᠠ ᠤᠯᠤᠰ ᠲᠦᠷᠦ᠍᠎ᠶ᠋ᠢᠨ ᠱᠠᠭᠠᠷᠳᠠᠯᠭ᠎ᠠ ᠳᠤᠷᠠᠳᠴᠠᠢ᠃ ᠲᠤᠰ ᠤᠳᠠᠭᠠᠨ᠎ᠤ ᠳᠠᠪᠲᠠᠨ ᠪᠣᠯᠪᠠᠰᠤᠷᠠᠭᠤᠯᠵᠤ ᠱᠢᠯᠭᠠᠨ ᠦᠵᠡᠬᠦ᠌ ᠴᠢᠬᠤᠯᠠ ᠶᠡᠬᠡ ᠲᠦᠷᠦᠯ ᠵᠦᠢᠯ᠎ᠤᠨ ᠳᠤᠲᠤᠷ᠎ᠠ ᠠᠵᠢᠯ ᠡᠬᠢᠯᠡᠭᠦᠯᠵᠦ ᠠᠱᠢᠭ᠍ᠯᠠᠯᠲᠠ᠎ᠳᠤ ᠣᠷᠣᠭᠤᠯᠤᠭᠰᠠᠨ ᠲᠦᠷᠦᠯ ᠵᠦᠢᠯ᠂ ᠴᠢᠬᠤᠯᠠ ᠶᠡᠬᠡ ᠠᠵᠤ ᠦᠢᠯᠡᠳᠪᠦᠷᠢ᠎ᠶ᠋ᠢᠨ ᠲᠦᠷᠦᠯ ᠵᠦᠢᠯ ᠪᠠᠢᠬᠤ ᠮᠥᠷᠲᠡᠭᠡᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠲᠦᠷᠦᠯ ᠵᠦᠢᠯ ᠴᠦ᠍ ᠪᠠᠢᠵᠤ᠂ ᠪᠡᠯᠡ ᠣᠷᠣᠭᠤᠯᠤᠯᠲᠠᠶᠡᠭᠡ᠂ ᠪᠦᠳᠦᠭᠡᠨ ᠪᠠᠢᠭᠤᠯᠤᠯᠲᠠ᠎ᠶ᠋ᠢᠨ ᠡᠷᠴᠢᠮ ᠴᠢᠩᠭ᠎ᠠ᠂ ᠨᠡᠢᠭᠡᠮ᠎ᠦᠨ ᠠᠩᠬᠠᠷᠤᠯ᠎ᠳᠤ ᠤᠷᠤᠵᠤ᠂ ᠦᠷ᠎ᠡ ᠪᠦᠲᠦᠮᠵᠢ᠎ᠶ᠋ᠢᠨ ᠠᠱᠢᠭ ᠬᠦᠷᠲᠡᠭᠡᠬᠦ᠌ ᠬᠡᠪᠴᠢᠶ᠎ᠡ ᠥᠷᠭᠡᠨ ᠪᠠᠢᠨ᠎ᠠ᠃
ᠳᠠᠪᠳᠠᠨ ᠪᠣᠯᠪᠠᠰᠤᠷᠠᠭᠤᠯᠬᠤ ᠡᠩᠨᠡᠭᠡ ᠵᠠᠮ ᠳᠠᠭᠠᠤ ᠦᠵᠡᠵᠦ᠍᠂ ᠰᠣᠨᠣᠰᠴᠤ᠌᠂ ᠶᠠᠷᠢᠯᠴᠠᠵᠤ᠂ ᠪᠦᠲᠦᠴᠡ᠎ᠶ᠋ᠢ ᠠᠳᠠᠯᠢᠳᠭᠠᠨ᠂ ᠦᠷ᠎ᠡ ᠪᠦᠲᠦᠮᠵᠢ᠎ᠶ᠋ᠢ ᠬᠠᠷᠢᠴᠠᠭᠤᠯᠵᠤ᠂ ᠦᠢᠯᠡᠴᠢᠯᠡᠭᠡ᠎ᠶ᠋ᠢ ᠠᠳᠠᠯᠢᠳᠭᠠᠨ᠂ ᠦᠷ᠎ᠡ ᠪᠦᠲᠦᠭᠡᠯ᠎ᠢ ᠠᠳᠠᠯᠢᠳᠭᠠᠵᠤ᠂ ᠨᠢᠭᠡ ᠯᠡ ᠰᠡᠳᠭᠢᠯ᠎ᠢᠶᠡᠷ ᠵᠥᠷᠢᠶ᠎ᠡ᠎ᠪᠡᠨ ᠡᠷᠢᠵᠦ᠍᠂ ᠳᠤᠲᠠᠭᠤᠳᠠᠯ᠎ᠢᠶᠠᠨ ᠨᠥᠬᠥᠪᠥᠷᠢᠯᠡᠵᠡᠭᠡᠨᠡ᠃ ᠬᠦᠷᠦᠭ᠌ᠰᠡᠨ ᠭᠠᠵᠠᠷ ᠪᠣᠯᠭᠠᠨ᠎ᠳᠤ ᠴᠥᠮ ᠴᠠᠭ ᠮᠥᠴᠡ ᠲᠠᠢ ᠤᠷᠤᠯᠳᠤᠨ ᠬᠢᠵᠦ ᠪᠠᠢᠭ᠎ᠠ ᠶᠠᠭᠠᠷᠠᠤ ᠪᠠᠢᠳᠠᠯ ᠢᠯᠡᠷᠡᠵᠦ᠍᠂ ᠭᠠᠵᠠᠷ ᠪᠦᠬᠦᠨ ᠴᠥᠮ ᠲᠦᠷᠦᠯ ᠵᠦᠢᠯ᠎ᠢ ᠠᠬᠢᠭᠤᠯᠬᠤ ᠭᠣᠣᠯ ᠳᠠᠢ᠌ᠨ᠎ᠦ ᠲᠠᠯᠠᠪᠤᠷ ᠪᠤᠯᠵᠤ᠂ ᠭᠠᠵᠠᠷ ᠪᠤᠯᠭᠠᠨ ᠳ᠋ᠤ ᠴᠥᠮ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠬᠦᠰᠡᠯ ᠡᠷᠡᠮᠡᠯᠵᠡᠯ ᠵᠢᠡᠷ ᠳᠦᠭᠦᠷᠡᠩ ᠪᠠᠢᠨ᠎ᠠ᠃ ᠬᠤᠩᠱᠠᠨ ᠲᠣᠭᠣᠷᠢᠭ᠎ᠲᠤ᠌ ᠳ᠋ᠦᠩ ᠯᠢ ᠪᠦᠯᠦᠭ᠌ᠯᠡᠯ ᠵᠢᠯ᠎ᠳᠦ 100 ᠲᠦᠮᠡᠨ ᠵᠠᠬ᠎ᠠ ᠢᠮᠠᠭᠠᠨ ᠨᠣᠤᠯᠤᠭᠤᠷ᠎ᠤᠨ ᠬᠤᠪᠴᠠᠰᠤ ᠪᠠ 10 ᠲᠦᠮᠡᠨ ᠮᠸᠲᠷ᠎ᠤᠨ ᠳᠡᠭᠡᠳᠦ ᠲᠡᠰ᠎ᠤᠨ ᠢᠮᠠᠭᠠᠨ ᠨᠣᠤᠯᠤᠭᠤᠷ᠎ᠤᠨ ᠪᠦᠰ ᠪᠠᠷᠠᠭ᠎ᠠ᠎ᠶ᠋ᠢᠨ ᠲᠦᠷᠦᠯ ᠵᠦᠢᠯ᠎ᠢ ᠱᠢᠨ᠎ᠡ᠎ᠪᠡᠷ ᠬᠡᠷᠡᠭᠵᠢᠭᠦᠯᠵᠦ᠂ ᠤᠯᠠᠨ ᠤᠯᠤᠰ᠎ᠤᠨ ᠵᠠᠬ᠎ᠠ ᠳᠡᠯᠭᠡᠭᠦᠷ᠎ᠲᠦ ᠠᠩᠬᠠᠷᠤᠯ᠎ᠢᠶᠠᠨ ᠬᠠᠨᠳᠤᠭᠤᠯᠤᠨ᠎ᠠ; ᠰᠦᠩᠱᠠᠨ ᠲᠣᠭᠣᠷᠢᠭ ᠲᠤ᠌ ᠮᠠᠱᠢᠨ ᠲᠡᠷᠭᠡᠨ᠎ᠦ ᠰᠡᠯᠪᠢᠭ ᠲᠤᠨᠤᠭ᠎ᠤᠨ 13 ᠠᠵᠤ ᠠᠬᠤᠢᠯᠠᠯ᠎ᠢ ᠠᠮᠵᠢᠯᠲᠠ᠎ᠲᠠᠶ᠎ᠪᠠᠷ ᠣᠷᠣᠭᠤᠯᠤᠨ ᠠᠪᠴᠢᠷᠠᠵᠤ᠂ ᠲᠣᠨᠣᠭ᠍ᠯᠠᠯ ᠦᠢᠯᠡᠳᠬᠦ᠌ ᠠᠵᠤ ᠦᠢᠯᠡᠰ᠎ᠲᠦ ᠱᠢᠨ᠎ᠡ ᠪᠦᠷᠢᠯᠳᠦᠬᠦᠨ ᠨᠡᠮᠡᠪᠡ; ᠣᠩᠨᠢᠭᠤᠳ ᠬᠣᠱᠢᠭᠤᠨ᠎ᠳᠤ ᠵᠢᠯ᠎ᠳᠦ 2 ᠲᠦᠮᠡᠨ ᠲᠣᠨ᠎ᠤ ᠴᠢᠳᠠᠮᠵᠢ ᠲᠠᠢ ᠨᠠᠨᠤᠮᠸᠲ᠋ᠷᠤᠨ ᠮᠠᠲ᠋ᠧᠷᠢᠶᠠᠯ ᠦᠶ᠋ᠯᠡᠳᠪᠦᠷᠢᠯᠡᠬᠦ ᠪᠠ ᠣᠷᠣᠭᠤᠯᠬᠤ ᠬᠡᠯᠪᠡᠷᠢ᠎ᠶ᠋ᠢᠨ ᠴᠢᠳᠠᠮᠵᠢ᠎ᠲᠠᠢ ᠪᠣᠭᠣᠳᠠᠯᠯᠠᠬᠤ ᠦᠶ᠋ᠯᠡᠳᠬᠦᠨ᠎ᠦ ᠲᠥᠷᠥᠯ ᠵᠦᠶ᠋ᠯ ᠠᠵᠢᠯ ᠡᠬᠢᠯᠡᠭᠦᠯᠵᠦ᠂ ᠱᠢᠨ᠎ᠡ ᠮᠠᠲ᠋ᠧᠷᠢᠶᠠᠯ᠎ᠤᠨ ᠠᠵᠤ ᠦᠶ᠋ᠯᠡᠰ᠎ᠦᠨ ᠳᠠᠬᠢᠨ ᠲᠠᠰ ᠳᠡᠪᠱᠢᠬᠦ᠌᠎ᠶ᠋ᠢ ᠬᠥᠲᠥᠯᠦᠨ ᠳᠠᠭᠠᠭᠤᠯᠤᠨ᠎ᠠ; ᠬᠠᠷᠠᠴᠢᠨ ᠬᠣᠱᠢᠭᠤᠨ᠎ᠳᠤ ᠥᠪᠥᠷ ᠮᠣᠩᠭᠣᠯ᠎ᠤᠨ ᠬᠢᠲᠠᠳ ᠮᠣᠩᠭᠣᠯ ᠡᠮ᠎ᠦᠨ ᠮᠠᠲ᠋ᠧᠷᠢᠶᠠᠯ᠎ᠤᠨ ᠪᠠᠷᠢᠮᠵᠢᠶᠠᠵᠢᠭ᠍ᠰᠠᠨ ᠠᠮᠢ ᠠᠬᠤᠶ᠎ᠶ᠋ᠢᠨ ᠠᠵᠤ ᠦᠶ᠋ᠯᠡᠰ᠎ᠦᠨ ᠬᠦᠷᠢᠶᠡᠯᠡᠩ᠎ᠢ ᠱᠠᠯᠠᠪᠳᠠᠨ ᠪᠠᠢᠭᠤᠯᠵᠤ᠂ ᠬᠢᠲᠠᠳ ᠮᠣᠩᠭᠣᠯ ᠡᠮ ᠡᠮᠨᠡᠯᠭᠡ ᠬᠢᠭᠡᠳ ᠡᠷᠡᠭᠦᠯᠵᠢᠯ ᠰᠤᠪᠢᠯᠠᠯᠲᠠ᠂ ᠵᠢᠭᠤᠯᠴᠢᠯᠠᠯ᠂ ᠰᠣᠶᠣᠯ᠎ᠤᠨ ᠭᠦᠨᠵᠡᠭᠡᠶ ᠠᠭᠤᠰᠤᠯᠴᠠᠯ᠎ᠢ ᠠᠬᠢᠭᠤᠯᠤᠨ᠎ᠠ; ᠨᠢᠩᠴᠧᠩ ᠱᠢᠶᠠᠨ᠎ᠳᠤ ᠵᠦᠩ ᠲᠠᠩ ᠲᠸᠭᠠᠩᠤᠨ ᠪᠤᠯᠤᠳ ᠲᠡᠮᠦᠷ᠎ᠦᠨ ᠬᠡᠦᠷᠡᠰᠦ᠎ᠶ᠋ᠢ ᠨᠢᠭᠡ ᠴᠤᠬ᠍ᠴᠠᠵᠢᠭᠤᠯᠬᠤ ᠲᠦᠷᠦᠯ ᠵᠦᠢᠯ ᠵᠢᠱ᠌ᠢᠯᠲᠡ᠎ᠪᠡᠷ ᠵᠢᠯ᠎ᠦᠨ ᠦᠢᠯᠡᠳᠬᠦᠨ᠎ᠦ ᠦᠷᠳᠡᠭ ᠨᠢ 180 ᠳ᠋ᠦᠩᠱᠢᠭᠤᠷ ᠲᠥᠭᠥᠷᠢᠭ᠎ᠲᠦ ᠬᠦᠷᠴᠦ᠍᠂ 10 ᠳ᠋ᠦᠩᠱᠢᠭᠤᠷ ᠲᠥᠭᠥᠷᠢᠭ᠎ᠡᠴᠡ ᠳᠡᠭᠡᠭ᠌ᠰᠢ ᠠᠱᠢᠭ ᠭᠠᠢᠯᠢ ᠲᠤᠱᠢᠶᠠᠵᠤ᠂ 8500 ᠬᠥᠮᠦᠨ᠎ᠦ ᠠᠵᠢᠯ ᠣᠯᠭᠣᠯᠲᠠ᠎ᠶ᠋ᠢ ᠲᠠᠢ᠌ᠴᠢᠯᠠᠨ᠎ᠠ ᠁
ᠡᠨᠡ ᠵᠢᠯ᠎ᠡᠴᠡ ᠨᠠᠭᠠᠰᠢ᠂ ᠤᠯᠠᠭᠠᠨᠬᠠᠳᠠ ᠬᠤᠳᠠ᠎ᠶ᠋ᠢᠨ ᠲᠡᠬᠡᠷ᠎ᠡ ᠲᠤᠤᠷ᠎ᠠ ᠱᠠᠳᠤ᠎ᠪᠠᠷ᠎ᠢᠶᠠᠨ ᠰᠡᠳᠭᠢᠯ᠎ᠨᠢᠭᠡᠳᠦᠨ ᠬᠦᠴᠦ᠍᠎ᠪᠡᠨ ᠬᠠᠮᠲᠤᠳᠭᠠᠵᠤ᠂ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠵᠤ᠂ ᠲᠦᠷᠦᠯ ᠵᠦᠢᠯ᠎ᠢ ᠠᠳᠭᠤᠬᠤ᠂ ᠬᠥᠭ᠌ᠵᠢᠯᠲᠡ᠎ᠶ᠋ᠢ ᠠᠳᠭᠤᠬᠤ᠎ᠶ᠋ᠢ ᠢᠮᠠᠭ᠍ᠲᠠ ᠲᠡᠷᠢᠭᠦᠨ ᠴᠢᠬᠤᠯᠠ ᠶᠠᠪᠤᠳᠠᠯ ᠪᠣᠯᠭᠠᠵᠤ᠂ ᠠᠵᠤ ᠠᠬᠤᠢ᠎ᠶ᠋ᠢᠨ ᠲᠣᠭ᠍ᠲᠠᠭᠤᠨ᠎ᠢ ᠪᠠᠲᠤᠯᠠᠵᠤ᠂ ᠠᠷᠠᠯᠵᠢᠶᠠᠴᠢᠨ ᠤᠷᠢᠵᠤ ᠪᠡᠯᠡ ᠮᠦᠩᠭᠦ ᠣᠷᠣᠭᠤᠯᠵᠤ ᠠᠪᠴᠢᠷᠠᠬᠤ ᠪᠠ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠤ᠂ ᠴᠢᠨᠠᠷ ᠰᠠᠢᠲᠠᠢ ᠬᠥᠭ᠌ᠵᠢᠯᠲᠡ᠎ᠳᠦ ᠬᠥᠳᠡᠯᠭᠡᠬᠦ᠌ ᠬᠦᠴᠦᠨ ᠨᠡᠮᠡᠷᠢᠯᠡᠵᠡᠢ᠃ ᠭᠡᠲᠡᠯ᠎ᠡ᠂ ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠢᠯᠡᠳᠪᠦᠷᠢ᠎ᠶ᠋ᠢᠨ ᠨᠡᠮᠡᠭ᠌ᠳᠡᠯ ᠦᠷᠳᠡᠭ ᠪᠠᠭᠤᠷᠠᠬᠤ᠂ ᠲᠣᠭ᠍ᠲᠠᠮᠠᠯ ᠭᠦᠷᠤᠡᠭᠭᠡᠶ᠋ᠢᠨ ᠪᠡᠯᠡ ᠣᠷᠣᠭᠤᠯᠤᠯᠲᠠ ᠤᠳᠠᠭᠠᠱᠢᠷᠠᠬᠤ᠂ ᠠᠵᠤ ᠠᠬᠤᠢ᠎ᠶ᠋ᠢᠨ ᠭᠦᠢᠴᠡᠳᠭᠡᠯ ᠲᠣᠭ᠎ᠠ᠎ᠶ᠋ᠢᠨ ᠨᠡᠮᠡᠭ᠌ᠳᠡᠯ᠎ᠦᠨ ᠬᠤᠷᠳᠤᠴᠠ ᠵᠢᠱ᠌ᠢᠯᠲᠡ᠎ᠳᠦ ᠬᠦᠷᠬᠦ᠌ ᠦᠭᠡᠢ ᠪᠠᠢᠬᠤ ᠵᠡᠷᠭᠡ ᠠᠰᠠᠭᠤᠳᠠᠯ ᠮᠥᠨ ᠬᠦ᠌ ᠲᠤᠯᠭᠠᠷᠠᠵᠤ ᠪᠠᠢᠨ᠎ᠠ ᠁ ᠡᠨᠡ ᠬᠦ᠌ ᠵᠠᠩᠭᠢᠯᠠᠭ᠎ᠠ᠎ᠶ᠋ᠢᠨ ᠦᠶ᠎ᠡ᠎ᠳᠦ ᠤᠯᠠᠭᠠᠨᠬᠠᠳᠠ ᠬᠤᠳᠠ᠎ᠶ᠋ᠢᠨ ᠨᠠᠮ᠎ᠤᠨ ᠬᠣᠷᠢᠶ᠎ᠠ 4 ᠡᠳᠦᠷ᠎ᠦᠨ ᠴᠠᠭ ᠭᠠᠷᠭᠠᠵᠤ᠂ ᠠᠵᠤ ᠦᠢᠯᠡᠳᠪᠦᠷᠢ ᠪᠣᠯᠤᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠭᠣᠣᠯᠳᠠᠯᠭ᠎ᠠ᠎ᠲᠠᠶ ᠲᠦᠷᠦᠯ ᠵᠦᠢᠯ᠎ᠦᠨ ᠲᠣᠭᠣᠷᠢᠨ ᠦᠵᠡᠵᠦ᠍ ᠪᠣᠯᠪᠠᠰᠤᠷᠠᠭᠤᠯᠬᠤ ᠠᠵᠢᠯᠯᠠᠭ᠎ᠠ ᠥᠷᠨᠢᠭᠦᠯᠵᠦ᠂ ᠡᠯ᠎ᠡ ᠱᠠᠲᠤᠨ᠎ᠤ ᠺᠠᠳ᠋ᠷᠴᠤᠳ᠎ᠤᠨ ᠬᠠᠷᠢᠭᠤᠴᠠᠯᠭᠠᠲᠤ ᠤᠬᠠᠮᠰᠠᠷ᠎ᠢ ᠪᠠᠲᠤᠳᠬᠠᠨ᠂ ᠡᠷᠡᠯᠬᠡᠭ᠌ᠯᠡᠨ ᠤᠷᠤᠭ᠍ᠰᠢᠯᠠᠵᠤ ᠱᠠᠯᠠᠮᠠᠭᠠᠢᠯᠠᠨ ᠨᠡᠬᠡᠬᠦ᠌ ᠡᠷᠴᠢ ᠵᠤᠷᠢᠭ ᠵᠢᠡᠷ ᠱᠢᠨᠲᠠᠷᠠᠰᠢ ᠦᠭᠡᠢ᠂ ᠯᠠᠪᠳᠠᠭᠤᠨ ᠪᠠᠲᠤᠲᠠᠢ ᠪᠣᠳᠠᠲᠠᠢ᠎ᠶ᠋ᠢ ᠡᠷᠬᠢᠮᠯᠡᠬᠦ᠌ ᠠᠵᠢᠯ᠎ᠤᠨ ᠰᠤᠷᠲᠠᠯ᠎ᠢᠶᠠᠷ ᠡᠭᠦᠷᠭᠡ ᠬᠠᠷᠢᠭᠤᠴᠠᠯᠭ᠎ᠠ᠎ᠪᠠᠨ ᠦᠨᠡᠨᠴᠢ ᠱᠢᠳᠤᠷᠭᠤ ᠭᠦᠢᠴᠡᠳᠭᠡᠵᠦ᠍᠂ ᠬᠦᠴᠢᠷ᠎ᠢ ᠰᠦᠷᠦᠨ ᠤᠷᠤᠭ᠍ᠰᠢᠯᠠᠵᠤ᠂ ᠳᠠᠪᠠᠯᠳᠠᠳᠤ ᠬᠥᠭ᠌ᠵᠢᠯᠲᠠ ᠵᠢ ᠪᠡᠶᠡᠯᠡᠭᠦᠯᠬᠦ ᠵᠢ ᠬᠦᠰᠡᠭᠰᠡᠨ ᠪᠠᠢᠨ᠎ᠠ᠃
ᠲᠦᠷᠦᠯ ᠵᠦᠢᠯ᠎ᠢ ᠳᠠᠪᠲᠠᠨ ᠪᠣᠯᠪᠠᠰᠤᠷᠠᠭᠤᠯᠬᠤ ᠪᠣᠯ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ᠎ᠶ᠋ᠢ ᠠᠬᠢᠭᠤᠯᠬᠤ᠎ᠶ᠋ᠢᠨ ᠴᠢᠬᠤᠯᠠ ᠭᠠᠷᠳᠠᠴᠠ ᠪᠣᠯᠤᠨ᠎ᠠ᠃ ᠨᠢᠩᠴᠧᠩ ᠱᠢᠶᠠᠨ᠎ᠤ ᠨᠠᠮ᠎ᠤᠨ ᠬᠣᠷᠢᠶᠠᠨ᠎ᠤ ᠱᠦᠵᠢ ᠹᠦ᠋ ᠱᠸᠤ ᠯᠢ᠄ 《ᠲᠦᠷᠦᠯ ᠵᠦᠢᠯ᠎ᠦᠨ ᠪᠣᠯᠪᠠᠰᠤᠷᠠᠯ ᠮᠠᠨ᠎ᠦ ᠰᠡᠳᠭᠢᠯ᠎ᠢᠶᠡᠨ ᠨᠢᠭᠡᠳᠭᠡᠨ ᠬᠦᠴᠦ᠍᠎ᠪᠡᠨ ᠬᠠᠮᠲᠤᠳᠭᠠᠵᠤ ᠲᠦᠷᠦᠯ ᠵᠦᠢᠯ᠎ᠢ ᠠᠳᠭᠤᠬᠤ᠂ ᠥᠷᠢᠰᠥᠯᠳᠦᠨ ᠤᠷᠤᠭ᠍ᠰᠢᠯᠠᠵᠤ ᠬᠥᠭ᠌ᠵᠢᠯᠲᠡ᠎ᠶ᠋ᠢ ᠠᠬᠢᠭᠤᠯᠬᠤ᠂ ᠬᠠᠨᠴᠤᠢ ᠱᠢᠮᠠᠯᠠᠨ ᠴᠢᠷᠮᠠᠢᠨ ᠠᠵᠢᠯᠯᠠᠬᠤ ᠭᠠᠯ ᠬᠠᠯᠠᠭᠤᠨ ᠤᠷᠮ᠎ᠠ ᠵᠤᠷᠢᠬ ᠪᠣᠯᠤᠨ ᠬᠦᠴᠦᠷᠬᠡᠭ ᠶᠡᠬᠡ ᠬᠥᠳᠡᠯᠭᠡᠬᠦ᠌ ᠬᠦᠴᠦᠨ᠎ᠢ ᠳᠠᠢᠴᠢᠯᠠᠵᠤ ᠬᠥᠭ᠌ᠵᠢᠭᠡᠵᠡᠢ᠃ ᠲᠠᠷᠠᠭᠠᠴᠢ᠎ᠶ᠋ᠢᠨ ᠠᠯᠬᠤᠮ᠎ᠳᠤ ᠪᠢᠳᠡ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ ᠭᠡᠬᠦ᠌ ᠡᠨᠡ ᠬᠦ᠌ ᠵᠠᠩᠭᠢᠯᠠᠭ᠎ᠠ᠎ᠶ᠋ᠢ ᠰᠠᠢᠲᠤᠷ ᠠᠳᠭᠤᠵᠤ᠂ ᠪᠠᠷᠢᠯᠭ᠎ᠠ᠎ᠶ᠋ᠢᠨ ᠱᠢᠵᠢᠷ ᠠᠯᠳᠠᠨ ᠬᠤᠭᠤᠴᠠᠭ᠎ᠠ᠎ᠶ᠋ᠢ ᠠᠮᠵᠢᠵᠤ᠂ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ᠎ᠶ᠋ᠢ ᠲᠦᠷᠭᠡᠨ ᠠᠬᠢᠭᠤᠯᠵᠤ᠂ ᠪᠠᠷᠢᠯᠭ᠎ᠠ᠎ᠶ᠋ᠢᠨ ᠬᠡᠮᠵᠢᠶ᠎ᠡ᠎ᠶ᠋ᠢ ᠴᠠᠭ᠎ᠤᠨ ᠳᠠᠷᠠᠭᠠᠯᠠᠯ᠎ᠤᠨ ᠠᠬᠢᠴᠠ᠎ᠪᠠᠷ ᠪᠡᠶᠡᠯᠡᠭᠦᠯᠬᠦ᠌᠎ᠶ᠋ᠢᠨ ᠬᠠᠮᠲᠤ ᠲᠦᠷᠦᠯ ᠵᠦᠢᠯ᠎ᠢ ᠲᠥᠯᠥᠪᠵᠢᠭᠦᠯᠬᠦ᠂ ᠨᠢᠭᠡᠳᠦᠯᠲᠡᠢ ᠲᠥᠯᠥᠪᠵᠢᠭᠦᠯᠬᠦ᠌ ᠡᠷᠴᠢᠮ᠎ᠢᠶᠡᠨ ᠴᠢᠩᠭᠠᠳᠬᠠᠵᠤ᠂ ᠲᠣᠭ᠍ᠲᠠᠮᠠᠯ ᠬᠦᠷᠦᠩᠭᠡ᠎ᠶ᠋ᠢᠨ ᠪᠡᠯᠡ ᠣᠷᠣᠭᠤᠯᠤᠯᠲᠠ᠎ᠶ᠋ᠢᠨ ᠦᠨᠳᠦᠰᠦᠨ ᠦᠨ᠎ᠡ᠎ᠶ᠋ᠢ ᠡᠷᠡᠰ ᠲᠣᠭ᠍ᠲᠠᠪᠤᠷᠢᠵᠢᠭᠤᠯᠵᠤ᠂ ᠠᠵᠤ ᠠᠬᠤᠢ᠎ᠶ᠋ᠢᠨ ᠲᠣᠭ᠍ᠲᠠᠭᠤᠨ᠎ᠤ ᠳᠤᠮᠳᠠ ᠤᠷᠤᠭ᠍ᠰᠢᠯᠠᠵᠤ᠂ ᠲᠣᠭ᠍ᠲᠠᠭᠤᠨ᠎ᠤ ᠳᠤᠮᠳᠠ ᠰᠠᠢᠵᠢᠷᠠᠬᠤ᠎ᠶ᠋ᠢ ᠪᠠᠲᠤᠯᠠᠨ᠎ᠠ》 ᠭᠡᠵᠦ᠍ ᠬᠡᠯᠡᠪᠡ᠃
4 ᠡᠳᠦᠷ᠎ᠦᠨ ᠯᠠᠪᠳᠠᠭᠤᠨ ᠪᠠᠲᠤᠲᠠᠢ ᠲᠦᠷᠦᠯ ᠵᠦᠢᠯ᠎ᠦᠨ ᠪᠣᠯᠪᠠᠰᠤᠷᠠᠯᠵᠢᠡᠷ ᠳᠠᠮᠵᠢᠨ᠂ ᠤᠯᠠᠭᠠᠨᠬᠠᠳᠠ ᠬᠤᠳᠠᠴᠢᠬᠤᠯᠠ ᠶᠡᠬᠡ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ᠎ᠶ᠋ᠢᠨ ᠱᠢᠨ᠎ᠡ᠎ᠶ᠋ᠢ ᠡᠭᠦᠳᠴᠦ ᠬᠥᠭ᠌ᠵᠢᠯᠲᠡ᠎ᠶ᠋ᠢ ᠬᠦᠳᠦᠯᠦᠨ ᠳᠠᠭᠠᠭᠤᠯᠬᠤ᠂ ᠠᠵᠤ ᠦᠢᠯᠡᠰ᠎ᠦᠨ ᠬᠡᠯᠬᠢᠶ᠎ᠡ᠎ᠶ᠋ᠢ ᠤᠷᠲᠤᠳᠭᠠᠬᠤ᠂ ᠪᠦᠲᠦᠴᠡ᠎ᠶ᠋ᠢ ᠳᠤᠬᠢᠷᠠᠭᠤᠯᠵᠤ ᠳᠤᠲᠠᠭᠤᠳᠠᠯ᠎ᠢ ᠨᠥᠬᠥᠪᠥᠷᠢᠯᠡᠬᠦ᠌ ᠵᠡᠷᠭᠡ ᠲᠠᠯ᠎ᠠ᠎ᠪᠠᠷ ᠪᠣᠳᠠᠲᠠᠢ ᠦᠷ᠎ᠡ ᠪᠦᠲᠦᠮᠵᠢ ᠤᠯᠵᠤ᠂ ᠬᠠᠲᠠᠭᠤᠵᠢᠯᠲᠠᠢ ᠠᠵᠢᠯᠯᠠᠵᠤ ᠪᠣᠳᠠᠲᠠᠢ ᠠᠵᠢᠯᠯᠠᠬᠤ ᠨᠢ ᠤᠯᠠᠭᠠᠨᠬᠠᠳᠠ᠎ᠶ᠋ᠢᠨ ᠱᠢᠨ᠎ᠡ ᠨᠡᠷ᠎ᠡ᠎ᠶ᠋ᠢᠨ ᠬᠠᠭᠤᠳᠠᠰᠤ ᠪᠣᠯᠵᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃