2022-06-22 09:37:33
ᠴᠢᠩᠬᠤᠸᠠ ᠶᠡᠬᠡ ᠰᠤᠷᠭᠠᠭᠤᠯᠢ ᠪᠣᠯᠤᠨ ᠵᠢᠦ᠍ᠲᠠᠢ ᠪᠦᠯᠦᠭ᠌ᠯᠡᠯ᠎ᠦᠨ ᠬᠠᠮᠲᠤᠷᠠᠨ ᠪᠥᠲᠥᠭᠡᠨ ᠪᠠᠢᠭᠤᠯᠤᠭ᠍ᠰᠠᠨ ᠳᠡᠯᠡᠬᠡᠶ᠎ᠶ᠋ᠢᠨ ᠠᠩᠬᠠᠳᠠᠭ᠍ᠴᠢ ᠲᠦᠮᠡᠨ ᠲᠣᠨ᠎ᠤ ᠲᠠᠰ᠎ᠤᠨ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠦᠨ ᠦᠨᠦᠷᠲᠦ ᠨᠡᠭᠦᠷᠦᠭ᠌ᠴᠢᠶ᠋ᠢᠨ ᠠᠵᠤ ᠦᠶ᠋ᠯᠡᠳᠪᠦᠷᠢ᠎ᠶ᠋ᠢᠨ ᠲᠤᠷᠱᠢᠯᠲᠠ᠎ᠶ᠋ᠢᠨ ᠲᠥᠷᠥᠯ ᠵᠦᠶ᠋ᠯ᠎ᠦᠨ ᠠᠵᠢᠯ ᠡᠬᠢᠯᠡᠬᠦ᠌ ᠶᠣᠰᠣᠯᠠᠯ ᠣᠢᠷ᠎ᠠ᠎ᠳᠤ ᠵᠡᠭᠦᠨᠭᠠᠷ᠎ᠤᠨ ᠠᠵᠤ ᠠᠬᠤᠶ᠎ᠶ᠋ᠢᠨ ᠨᠡᠭᠡᠭᠡᠯᠲᠡ᠎ᠶ᠋ᠢᠨ ᠲᠣᠭᠣᠷᠢᠭ᠎ᠤᠨ ᠳ᠋ᠠ ᠯᠦ᠍ ᠠᠵᠤ ᠦᠶ᠋ᠯᠡᠰ᠎ᠦᠨ ᠬᠦᠷᠢᠶᠡᠯᠡᠩ᠎ᠳᠦ ᠶᠠᠪᠤᠭ᠍ᠳᠠᠪᠠ᠂ ᠵᠡᠭᠦᠨᠭᠠᠷ ᠬᠣᠱᠢᠭᠤ ᠠᠵᠠ ᠲᠣᠬᠢᠶᠠᠯ᠎ᠢ ᠠᠮᠵᠢᠵᠤ᠂ ᠱᠢᠨ᠎ᠡ ᠡᠨᠧᠷᠭᠢ᠎ᠶ᠋ᠢᠨ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢ ᠶᠡᠬᠡᠪᠡᠷ ᠪᠠᠢᠷᠢᠱᠢᠭᠤᠯᠵᠤ᠂ ᠡᠨᠧᠷᠭᠢ᠎ᠶ᠋ᠢᠨ ᠬᠡᠯᠪᠡᠷᠢ᠎ᠪᠡᠨ ᠬᠤᠪᠢᠷᠠᠭᠤᠯᠬᠤ᠎ᠪᠠᠷ ᠳᠠᠮᠵᠢᠨ ᠠᠵᠤ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠬᠤ᠎ᠶ᠋ᠢ ᠳᠠᠢᠴᠢᠯᠠᠵᠤ᠂ ᠱᠢᠨ᠎ᠡ ᠡᠨᠧᠷᠭᠢ᠎ᠶ᠋ᠢᠨ ᠠᠵᠤ ᠦᠶ᠋ᠯᠡᠰ᠎ᠢ ᠲᠤᠬᠠᠶ᠎ᠶ᠋ᠢᠨ ᠭᠠᠵᠠᠷ᠎ᠤᠨ ᠠᠵᠤ ᠦᠶ᠋ᠯᠡᠳᠪᠦᠷᠢ᠎ᠶ᠋ᠢᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠱᠢᠨ᠎ᠡ ᠬᠥᠳᠡᠯᠭᠡᠭᠦᠷ ᠪᠣᠯᠭᠠᠵᠠᠢ᠃
ᠡᠨᠡ ᠵᠢᠯ᠎ᠡᠴᠡ ᠨᠠᠭᠠᠰᠢ᠂ ᠵᠡᠭᠦᠨᠭᠠᠷ ᠬᠣᠱᠢᠭᠤᠨ᠎ᠤ ᠱᠢᠨ᠎ᠡ ᠡᠨᠧᠷᠭᠢ᠎ᠶ᠋ᠢᠨ ᠠᠵᠤ ᠦᠶ᠋ᠯᠡᠰ᠎ᠦᠨ ᠪᠠᠢᠷᠢᠯᠠᠭᠤᠯᠤᠯᠲᠠ᠎ᠶ᠋ᠢᠨ ᠦᠷ᠎ᠡ ᠪᠦᠲᠦᠮᠵᠢ ᠲᠠᠰᠤᠷᠠᠯᠲᠠ ᠥᠬᠡᠶ ᠳᠡᠭᠡᠭ᠌ᠰᠢᠯᠡᠪᠡ᠃ 1 ᠰᠠᠷ᠎ᠠ᠎ᠳᠤ᠂ 30 ᠱᠢᠨ᠎ᠡ ᠡᠨᠧᠷᠭᠢ᠎ᠶ᠋ᠢᠨ ᠠᠵᠤ ᠦᠶ᠋ᠯᠡᠰ᠎ᠦᠨ ᠭᠤᠤᠯᠳᠠᠯᠭ᠎ᠠ᠎ᠲᠠᠶ ᠲᠥᠷᠥᠯ ᠵᠦᠶ᠋ᠯ ᠳᠡᠭᠡᠷ᠎ᠡ ᠲᠥᠪᠯᠡᠷᠡᠭᠦᠯᠦᠨ ᠭᠡᠷ᠎ᠡ ᠲᠣᠭ᠍ᠲᠠᠵᠤ᠂ ᠵᠥᠪᠯᠡᠯᠴᠡᠭᠡᠷ᠎ᠦᠨ ᠮᠦᠡᠭᠬᠦ ᠵᠢᠨ ᠲᠣᠭ᠎ᠠ 1025 ᠳ᠋ᠦᠩᠱᠢᠭᠤᠷ ᠲᠥᠭᠥᠷᠢᠭ᠎ᠲᠦ ᠬᠦᠷᠴᠡᠶ; 3 ᠰᠠᠷ᠎ᠠ᠎ᠳᠤ᠂ ᠠᠷᠠᠯᠵᠢᠶᠠᠴᠢᠨ ᠤᠷᠢᠬᠤ 12 ᠲᠥᠷᠥᠯ ᠵᠦᠶ᠋ᠯ᠎ᠦᠨ 《ᠡᠭᠦᠯᠡᠨ ᠭᠡᠷ᠎ᠡ》 ᠶ᠋ᠢ ᠪᠡᠶᠡᠯᠡᠭᠦᠯᠵᠦ᠍᠂ ᠪᠥᠬᠥ᠌ ᠮᠦᠡᠭᠬᠦ ᠵᠢᠨ ᠲᠣᠭ᠎ᠠ ᠨᠢ 200 ᠳ᠋ᠦᠩᠱᠢᠭᠤᠷ ᠲᠥᠭᠥᠷᠢᠭ᠎ᠲᠦ ᠬᠥᠷᠪᠡ; 5 ᠰᠠᠷ᠎ᠠ᠎ᠳᠤ᠂ ᠽᠠᠠ ᠯᠢᠡᠭ ᠯᠸ᠋ ᠯᠢᠡᠭ (ᠱᠠᠩᠬᠠᠶ) ᠤ᠋ᠨ ᠬᠤᠪᠢ᠎ᠪᠠᠷ᠎ᠢᠶᠠᠨ ᠴᠤᠭ᠍ᠯᠠᠭᠤᠯᠬᠤ ᠰᠠᠭᠤᠷᠢ ᠮᠥᠩᠭᠥ᠎ᠶ᠋ᠢᠨ ᠬᠤᠷᠱᠢᠭ᠍ᠰᠠᠨ ᠠᠵᠤ ᠠᠬᠤᠢᠯᠠᠯ᠎ᠤᠨ ᠨᠡᠭᠦᠷᠡᠰᠦᠲᠥ᠋ᠷᠥᠭ᠌ᠴᠢ ᠵᠢ ᠰᠠᠭᠠᠷᠮᠠᠬᠵᠢᠭᠤᠯᠬᠤ ᠠᠵᠤ ᠦᠶ᠋ᠯᠡᠰ᠎ᠦᠨ ᠬᠦᠷᠢᠶᠡᠯᠡᠩ ᠲᠣᠭᠣᠷᠢᠭ᠎ᠲᠠᠶ ᠭᠡᠷ᠎ᠡ ᠲᠣᠭ᠍ᠲᠠᠵᠤ᠂ ᠠᠩᠬᠠᠨ᠎ᠤ ᠬᠤᠭᠤᠴᠠᠭᠠᠨ᠎ᠤ ᠪᠠᠯᠠ ᠣᠷᠣᠭᠤᠯᠤᠯᠲᠠ᠎ᠶ᠋ᠢᠨ ᠬᠡᠮᠵᠢᠶ᠎ᠡ 100 ᠳ᠋ᠦᠩᠱᠢᠭᠤᠷ ᠲᠥᠭᠥᠷᠢᠭ᠎ᠢ ᠳᠠᠪᠠᠪᠠ; ᠱᠢᠨ᠎ᠡ ᠡᠨᠧᠷᠭᠢ᠎ᠶ᠋ᠢᠨ 《ᠰᠠᠯᠬᠢ ᠬᠡᠷᠡᠯ ᠤᠰᠤᠲᠥ᠋ᠷᠥᠭ᠌ᠴᠢ ᠨᠦᠬᠡᠴᠡᠯᠡᠬᠦ ᠰᠢᠨ᠎ᠠ ᠡᠨ᠋ᠸᠷᠺᠢ ᠵᠢᠨ ᠮᠠᠰᠢᠨ ᠲᠡᠷᠭᠡ》 ᠶ᠋ᠢᠨ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠪᠠᠢᠷᠢᠱᠢᠭᠤᠯᠤᠯᠲᠠ ᠨᠢ ᠱᠢᠪᠲᠤᠯᠤᠯᠲᠠ᠎ᠲᠠᠶ ᠪᠣᠯᠵᠣ᠂ ᠲᠢᠶᠧ ᠴᠧᠨ ᠣᠶᠤᠨᠴᠢ ᠦᠶ᠋ᠯᠡᠳᠪᠦᠷᠢᠯᠡᠯ᠎ᠤᠨ ᠴᠠᠬᠢᠯᠭᠠᠨ ᠬᠥᠳᠡᠯᠭᠡᠭᠦᠷᠲᠦ ᠵᠢᠯᠣᠭᠣᠴᠢ ᠥᠬᠡᠶ ᠠᠭᠤᠷᠬᠠᠶ᠎ᠶ᠋ᠢᠨ ᠬᠡᠷᠡᠭ᠌ᠯᠡᠭᠡᠨ᠎ᠦ ᠮᠠᠰᠢᠨ ᠲᠡᠷᠭᠡ ᠪᠠ ᠠᠩᠬᠠᠨ᠎ᠤ ᠪᠦᠯᠦᠭ ᠱᠢᠨ᠎ᠡ ᠡᠨᠧᠷᠭᠢ᠎ᠶ᠋ᠢᠨ ᠬᠦᠨᠳᠦ ᠠᠴᠢᠶᠠᠨ᠎ᠤ ᠮᠠᠰᠢᠨ ᠳᠡᠷᠭᠡ ᠵᠢ ᠨᠢᠭᠡᠨᠲᠡ ᠦᠢᠯᠡᠳᠪᠦᠷᠢᠯᠡᠯ᠎ᠤᠨ ᠱᠤᠭᠤᠮ ᠡᠴᠡ ᠪᠠᠭᠤᠯᠭᠠᠵᠦ᠂ ᠵᠠᠬᠢᠶᠠᠯᠠᠭᠠᠳᠠᠢ ᠪᠤᠯᠤᠬᠰᠠᠨ ᠪᠦᠭᠡᠳ ᠪᠦᠭᠡᠮ ᠵᠢᠡᠷ ᠦᠢᠯᠡᠳᠪᠦᠷᠢᠯᠡᠬᠦ ᠵᠢ ᠪᠡᠶᠡᠯᠡᠭᠦᠯᠦᠭᠰᠡᠨ ᠪᠠᠢᠨ᠎ᠠ᠃
ᠳᠡᠯᠡᠬᠡᠶ᠎ᠶ᠋ᠢᠨ ᠠᠩᠬᠠᠳᠠᠭ᠍ᠴᠢ ᠲᠦᠮᠡᠨ ᠲᠣᠨ᠎ᠤ ᠲᠠᠰ᠎ᠤᠨ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠢᠶᠡᠷ ᠦᠨᠦᠷᠲᠦ ᠨᠡᠭᠦᠷᠦᠭ᠌ᠴᠢᠶ᠋ᠢᠨ ᠠᠵᠤ ᠦᠶ᠋ᠯᠡᠳᠪᠦᠷᠢ᠎ᠶ᠋ᠢᠨ ᠲᠤᠷᠱᠢᠯᠲᠠ᠎ᠶ᠋ᠢᠨ ᠲᠥᠷᠥᠯ ᠵᠦᠶ᠋ᠯ᠎ᠦᠨ ᠠᠵᠢᠯ ᠡᠬᠢᠯᠡᠭ᠌ᠰᠡᠨ᠎ᠨᠢ ᠤᠯᠤᠰ᠎ᠤᠨ ᠳᠣᠲᠣᠭᠠᠳᠤ ᠶ᠋ᠢᠨ ᠦᠨᠦᠷᠲᠦ ᠨᠡᠭᠦᠷᠦᠭ᠌ᠴᠢᠶ᠋ᠢ ᠣᠷᠳᠣ ᠬᠤᠭᠤᠴᠠᠭ᠎ᠠ᠎ᠪᠠᠷ ᠭᠠᠳᠠᠭᠠᠳᠤ᠎ᠠᠴᠠ ᠣᠷᠣᠭᠤᠯᠬᠤ᠎ᠳᠤ ᠲᠦᠱᠢᠭ᠌ᠯᠡᠵᠦ᠍ ᠪᠠᠢᠭ᠍ᠰᠠᠨ ᠣᠳᠣᠬᠢ ᠪᠠᠢᠳᠠᠯ᠎ᠢ ᠲᠤᠢᠯᠪᠤᠷᠢᠲᠠᠶ ᠬᠤᠪᠢᠷᠠᠭᠤᠯᠬᠤ ᠪᠤᠯᠤᠨ᠎ᠠ᠃ ᠲᠣᠰ ᠲᠥᠷᠥᠯ ᠵᠦᠶ᠋ᠯ᠎ᠦᠨ ᠭᠤᠤᠯ ᠪᠣᠯᠬᠤ ᠦᠶ᠋ᠯᠡᠳᠬᠦᠨ᠎ᠢ ᠪᠢᠴᠢᠯ ᠡᠯᠧᠺᠲ᠋ᠷᠣᠨ᠂ ᠰᠠᠨᠰᠠᠷ᠎ᠤᠨ ᠠᠶᠠᠯᠠᠯ ᠵᠢᠴᠢ ᠴᠡᠷᠢᠭ᠎ᠦᠨ ᠠᠵᠤ ᠦᠶ᠋ᠯᠡᠳᠪᠦᠷᠢ ᠵᠡᠷᠭᠡ ᠬᠦᠷᠢᠶᠡᠨ᠎ᠳᠦ ᠥᠷᠭᠡᠨ᠎ᠢᠶᠡᠷ ᠬᠡᠷᠡᠭ᠌ᠯᠡᠨ᠎ᠠ᠃
ᠵᠡᠭᠦᠨᠭᠠᠷ ᠬᠣᠱᠢᠭᠤ ᠱᠢᠨ᠎ᠡ ᠡᠨᠧᠷᠭᠢ᠎ᠶ᠋ᠢᠨ ᠠᠵᠤ ᠦᠶ᠋ᠯᠡᠰ᠎ᠦᠨ ᠬᠦᠷᠢᠶᠡᠯᠡᠩ᠎ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠵᠤ᠂ ᠵᠢᠶᠠᠩᠰᠦ᠎ᠶ᠋ᠢᠨ ᠲᠢᠶᠠᠨ ᠾᠧ ᠵᠡᠷᠭᠡ ᠠᠯᠢ ᠣᠯᠠᠨ ᠲᠣᠯᠣᠭᠠᠢᠯᠠᠭ᠍ᠴᠢ ᠠᠵᠤ ᠠᠬᠤᠢᠯᠠᠯ᠎ᠢ ᠣᠷᠣᠭᠤᠯᠤᠨ ᠠᠪᠴᠢᠷᠠᠵᠤ᠂ ᠱᠢᠨ᠎ᠡ ᠡᠨᠧᠷᠭᠢ᠎ᠶ᠋ᠢᠨ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢ ᠶᠡᠬᠡᠪᠡᠷ ᠪᠠᠢᠷᠢᠱᠢᠭᠤᠯᠪᠠ᠃ ᠣᠳᠣᠬᠠᠨ᠎ᠳᠤ᠂ ᠤᠰᠤᠲᠥ᠋ᠷᠥᠭ᠌ᠴᠢ ᠡᠨᠧᠷᠭᠢ᠂ ᠤᠶᠤᠨᠴᠢ ᠲᠣᠨᠣᠭ᠍ᠯᠠᠯ ᠦᠢᠯᠡᠳᠬᠦ᠌ ᠵᠡᠷᠭᠡ ᠬᠦᠷᠢᠶᠡᠨ᠎ᠦ ᠡᠯ᠎ᠡ ᠵᠦᠢᠯ᠎ᠦᠨ ᠪᠦᠳᠦᠭᠡᠨ ᠪᠠᠢᠭᠤᠯᠤᠯᠲᠠ ᠬᠦᠷ ᠬᠥᠭ᠌ᠵᠢᠶᠡᠨᠲᠡᠶ ᠶᠠᠪᠤᠭ᠍ᠳᠠᠵᠤ ᠪᠠᠢᠨ᠎ᠠ᠃ ᠨᠢᠭᠡᠳᠦᠭᠡᠷ ᠬᠤᠭᠤᠴᠠᠭᠠᠨ᠎ᠤ ᠪᠠᠷᠢᠯᠭ᠎ᠠ ᠵᠢᠱ᠌ᠢᠯᠲᠡ᠎ᠪᠡᠷ 8 ᠰᠠᠷ᠎ᠠ᠎ᠶ᠋ᠢᠨ ᠰᠡᠭᠦᠯᠴᠢ᠎ᠪᠡᠷ ᠪᠠᠷᠢᠯᠭ᠎ᠠ ᠳᠠᠭᠤᠰᠴᠤ᠌᠂ ᠠᠱᠢᠭ᠍ᠯᠠᠯᠲᠠ ᠳ᠋ᠸ᠋ ᠤᠷᠤᠭ᠍ᠰᠠᠨ᠎ᠤ ᠳᠠᠷᠠᠭ᠎ᠠ᠂ ᠵᠢᠯ᠎ᠳᠦ 2000 ᠢᠵᠢ ᠤᠰᠤᠲᠥ᠋ᠷᠥᠭ᠌ᠴᠢ᠎ᠳᠤ ᠳ᠋ᠢᠶᠠᠨ ᡂᠢ ᠴᠠᠬᠢᠯᠭᠠᠨ ᠬᠠᠳᠠᠭᠠᠯᠠᠮᠵᠢ ᠵᠢᠴᠢ ᠱᠢᠰᠲ᠋ᠧᠮ᠎ᠢ ᠦᠶ᠋ᠯᠡᠳᠪᠦᠷᠢᠯᠡᠵᠦ᠍᠂ ᠵᠢᠯ᠎ᠦᠨ ᠦᠶ᠋ᠯᠡᠳᠬᠦᠨ᠎ᠦ ᠥᠷᠲᠡᠭ᠎ᠢ 1.3 ᠳ᠋ᠦᠩᠱᠢᠭᠤᠷ ᠲᠥᠭᠥᠷᠢᠭ ᠪᠡᠶᠡᠯᠡᠭᠦᠯᠵᠦ᠍᠂ 860 ᠲᠦᠮᠡᠨ ᠲᠥᠭᠥᠷᠢᠭ᠎ᠦᠨ ᠭᠠᠢᠯᠢ ᠵᠢᠨ ᠤᠷᠤᠯᠭ᠎ᠠ᠎ᠶ᠋ᠢ ᠪᠡᠶᠡᠯᠡᠭᠦᠯᠦᠨ᠎ᠡ᠃ 6 ᠰᠠᠷ᠎ᠠ᠎ᠶ᠋ᠢᠨ 7 ᠤ᠋ ᠡᠳᠦᠷ᠂ ᠱᠠᠩᠬᠠᠶ ᠴᠦᠩ ᠰᠸ᠋ ᠪᠦᠯᠦᠭᠯᠡᠯ᠎ᠤᠨ ᠥᠪᠥᠷ ᠮᠣᠩᠭᠣᠯ᠎ᠤᠨ ᠬᠠᠷᠢᠭᠤᠴᠠᠯᠭᠠᠲᠠᠨ ᠴᠢᠦ ᠸᠧᠶ ᠯᠢᠶᠠᠩ᠎ᠤᠨ ᠬᠡᠯᠡᠭ᠌ᠰᠡᠨ᠎ᠢᠶᠡᠷ᠂ ᠬᠣᠶᠠᠳᠤᠭᠠᠷ ᠬᠤᠭᠤᠴᠠᠭ᠎ᠠ᠂ ᠭᠤᠷᠪᠠᠳᠤᠭᠠᠷ ᠬᠤᠭᠤᠴᠠᠭᠠᠨ᠎ᠤ ᠢᠨᠵᠧᠨᠧᠷᠢᠩ᠎ᠨᠢ ᠤᠰᠤᠲᠥ᠋ᠷᠥᠭ᠌ᠴᠢ᠎ᠳᠤ ᠳ᠋ᠢᠶᠠᠨ ᡂᠢ᠎ᠶ᠋ᠢᠨ ᠱᠢᠰᠲ᠋ᠧᠮ᠂ ᠤᠰᠤᠲᠥ᠋ᠷᠥᠭ᠌ᠴᠢ᠎ᠳᠤ ᠡᠨᠧᠷᠭᠢ ᠬᠠᠳᠠᠭᠠᠯᠠᠵᠤ ᠴᠠᠬᠢᠯᠭᠠᠨ ᠭᠠᠷᠭᠠᠬᠤ ᠱᠢᠰᠲ᠋ᠧᠮ ᠪᠣᠯᠤᠨ ᠬᠠᠮᠢᠶ᠎ᠠ ᠪᠥᠬᠥᠶ ᠭᠤᠤᠯ ᠰᠡᠯᠪᠢᠭ ᠲᠣᠨᠣᠭ᠎ᠢ ᠰᠤᠳᠤᠯᠤᠨ ᠨᠡᠭᠡᠭᠡᠬᠦ᠌ ᠪᠠ ᠢᠵᠢ ᠪᠥᠷᠢᠳᠦᠭᠦᠯᠬᠦ᠌ ᠰᠠᠭᠤᠷᠢᠨ᠎ᠢ ᠪᠥᠲᠥᠭᠡᠨ ᠪᠠᠢᠭᠤᠯᠵᠤ᠂ ᠡᠴᠦᠰ᠎ᠲᠡᠬᠡᠨ ᠠᠵᠤ ᠦᠶ᠋ᠯᠡᠰ᠎ᠦᠨ ᠤᠷᠴᠢᠯ ᠬᠥᠭ᠌ᠵᠢᠯᠲᠡ᠎ᠶ᠋ᠢᠨ ᠠᠷᠭ᠎ᠠ ᠵᠠᠮ᠎ᠢ ᠪᠦᠷᠢᠯᠳᠦᠭᠦᠯᠬᠦ᠌ ᠪᠣᠯᠤᠨ᠎ᠠ᠃
《ᠪᠣᠬᠢᠷᠲᠤᠯ ᠥᠬᠡᠶ ᠴᠠᠬᠢᠯᠭᠠᠨ᠎ᠢ ᠠᠭᠤᠷᠬᠠᠶ᠎ᠶ᠋ᠢᠨ ᠣᠷᠣᠨ᠎ᠳᠤ ᠣᠷᠣᠭᠤᠯᠬᠤ᠎ᠶ᠋ᠢ ᠠᠬᠢᠭᠤᠯᠵᠤ᠂ ᠠᠭᠤᠷᠬᠠᠶ᠎ᠶ᠋ᠢᠨ ᠣᠷᠣᠨ᠎ᠤ ᠲᠡᠭᠡᠭᠡᠪᠦᠷᠢ᠎ᠶ᠋ᠢᠨ ᠮᠠᠰᠢᠨ ᠲᠡᠷᠭᠡ ᠪᠠ ᠠᠭᠤᠷᠬᠠᠶ᠎ᠳᠤ ᠬᠡᠷᠡᠭ᠌ᠯᠡᠬᠦ᠌ ᠲᠥᠬᠥᠭᠡᠷᠦᠮᠵᠢ᠎ᠶ᠋ᠢ ᠴᠡᠪᠡᠷᠱᠢᠭᠦᠯᠦᠨ ᠣᠷᠣᠯᠠᠭᠤᠯᠬᠤ᠎ᠶ᠋ᠢ ᠲᠦᠷᠭᠡᠳᠭᠡᠬᠦ᠌ ᠪᠣᠯ ᠨᠢᠭᠡᠨ ᠠᠭᠤᠤ ᠶᠡᠬᠡ ᠬᠤᠪᠢᠰᠤᠯᠲᠠ ᠮᠥᠨ᠃》 ᠵᠡᠭᠦᠨᠭᠠᠷ ᠬᠣᠱᠢᠭᠤᠨ ᠤ ᠨᠠᠮ ᠤᠨ ᠬᠣᠷᠢᠶᠠᠨ ᠤ᠋ ᠱᠦᠵᠢ ᠰᠸ᠋ ᠱᠢᠨ ᠶᠠ ᠶ᠋ᠢᠨ ᠦᠵᠡᠬᠦ᠌᠎ᠪᠡᠷ᠂ ᠵᠡᠭᠦᠨᠭᠠᠷ ᠬᠣᠱᠢᠭᠤ ᠱᠢᠨ᠎ᠡ ᠡᠨᠧᠷᠭᠢ᠎ᠶ᠋ᠢᠨ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠪᠠᠢᠷᠢᠱᠢᠭᠤᠯᠤᠯᠲᠠ᠎ᠶ᠋ᠢᠨ ᠭᠤᠤᠯᠳᠠᠯᠭ᠎ᠠ ᠪᠠᠨ 《ᠰᠠᠯᠬᠢ ᠬᠡᠷᠡᠯ ᠤᠰᠤᠲᠥ᠋ᠷᠥᠭ᠌ᠴᠢ ᠨᠦᠬᠡᠴᠡᠯᠡᠬᠦ ᠰᠢᠨ᠎ᠠ ᠡᠨ᠋ᠸᠷᠺᠢ ᠵᠢᠨ ᠮᠠᠰᠢᠨ ᠲᠡᠷᠭᠡ》 ᠶ᠋ᠢᠨ ᠠᠵᠤ ᠦᠶ᠋ᠯᠡᠰ ᠦᠨ ᠪᠦᠯᠦᠬᠵᠢᠯ ᠢ ᠴᠣᠭ᠍ᠴᠠᠯᠠᠬᠤ ᠳᠡᠭᠡᠷ᠎ᠡ ᠲᠠᠯᠪᠢᠵᠤ᠂ ᠲᠡᠭᠦᠨ ᠦ ᠰᠠᠯᠬᠢ ᠬᠡᠷᠡᠯ ᠵᠢᠡᠷ ᠴᠠᠬᠢᠯᠭᠠᠨ ᠭᠠᠷᠭᠠᠯᠲᠠ᠂ ᠰᠠᠯᠬᠢ ᠬᠡᠷᠡᠯ᠎ᠦᠨ ᠲᠣᠨᠣᠭ᠍ᠯᠠᠯ᠂ ᠱᠢᠨ᠎ᠡ ᠮᠠᠲ᠋ᠧᠷᠢᠶᠠᠯ᠂ ᠡᠨ᠋ᠸᠷᠺᠢ ᠨᠦᠬᠡᠴᠡᠯᠡᠬᠦ᠂ ᠤᠰᠤᠲᠥ᠋ᠷᠥᠭ᠌ᠴᠢ ᠡᠨᠧᠷᠭᠢ ᠬᠢᠭᠡᠳ ᠱᠢᠨ᠎ᠡ ᠬᠡᠯᠪᠡᠷᠢ ᠶ᠋ᠢᠨ ᠡᠨᠧᠷᠭᠢᠵᠢᠯᠳᠠ᠂ ᠱᠢᠨ᠎ᠡ ᠡᠨᠧᠷᠭᠢ ᠶ᠋ᠢᠨ ᠠᠭᠤᠷᠬᠠᠶ᠎ᠳᠤ ᠬᠡᠷᠡᠭ᠌ᠯᠡᠬᠦ᠌ ᠮᠠᠰᠢᠨ ᠲᠡᠷᠭᠡ ᠵᠡᠷᠭᠡ ᠠᠵᠤ ᠦᠶ᠋ᠯᠡᠰ᠎ᠨᠢ ᠠᠵᠤ ᠦᠶ᠋ᠯᠡᠰ᠎ᠦᠨ ᠪᠦᠯᠦᠭᠵᠢᠯ᠎ᠦᠨ ᠦᠶ᠋ᠯᠡᠳᠦᠯ ᠢ ᠪᠠᠳᠠᠷᠠᠭᠤᠯᠬᠤ᠎ᠳᠤ ᠴᠢᠬᠤᠯᠠ ᠠᠴᠢ ᠬᠣᠯᠪᠣᠭ᠍ᠳᠠᠯ᠎ᠲᠠᠶ ᠶᠤᠮ᠃
《ᠰᠠᠯᠬᠢ ᠬᠡᠷᠡᠯ ᠤᠰᠤᠲᠥ᠋ᠷᠥᠭ᠌ᠴᠢ ᠨᠦᠬᠡᠴᠡᠯᠡᠬᠦ ᠰᠢᠨ᠎ᠠ ᠡᠨ᠋ᠸᠷᠺᠢ ᠵᠢᠨ ᠮᠠᠰᠢᠨ ᠲᠡᠷᠭᠡ》᠎ᠶ᠋ᠢᠨ ᠠᠵᠤ ᠦᠶ᠋ᠯᠡᠰ᠎ᠦᠨ ᠪᠦᠯᠦᠭᠵᠢᠯ ᠤ᠋ᠨ ᠣᠬᠣᠷᠬᠠᠨ ᠬᠤᠭᠤᠴᠠᠭᠠᠨ᠎ᠳᠤ ᠯᠤᠲᠤ ᠶᠡᠬᠡ ᠠᠵᠤ ᠠᠬᠤᠶ᠎ᠶ᠋ᠢᠨ ᠦᠷ᠎ᠡ ᠠᠱᠢᠭ᠎ᠢ ᠪᠠᠳᠠᠷᠠᠭᠤᠯᠬᠤ᠎ᠶ᠋ᠢ ᠲᠦᠷᠭᠡᠳᠭᠡᠨ ᠠᠬᠢᠭᠤᠯᠬᠤ᠎ᠶ᠋ᠢᠨ ᠲᠥᠯᠥᠭᠡ᠂ ᠵᠡᠭᠦᠨᠭᠠᠷ ᠬᠣᠱᠢᠭᠤ ᠳᠠᠬᠢᠨ ᠡᠭᠦᠰᠴᠦ᠍ ᠪᠣᠯᠬᠤ ᠡᠨᠧᠷᠭᠢ᠎ᠶ᠋ᠢᠨ ᠬᠥᠭ᠌ᠵᠢᠯᠲᠡ᠎ᠶ᠋ᠢᠨ ᠲᠤᠰᠭᠠᠶ ᠠᠩᠭᠢ ᠶ᠋ᠢ ᠪᠠᠢᠭᠤᠯᠵᠤ᠂ ᠲᠤᠰᠭᠠᠶ ᠠᠩᠭᠢ᠎ᠨᠢ ᠠᠷᠠᠯᠵᠢᠶᠠᠴᠢᠨ ᠤᠷᠢᠬᠤ᠎ᠪᠠᠷ ᠪᠠᠷᠠᠬᠤ ᠥᠬᠡᠶ ᠪᠠᠰᠠ ᠲᠥᠷᠥᠯ ᠵᠦᠶ᠋ᠯ᠎ᠢ ᠨᠠᠢᠳᠠᠪᠤᠷᠢᠵᠢᠭᠤᠯᠬᠤ᠎ᠪᠠᠷ ᠴᠢᠷᠮᠠᠢᠪᠠ᠃ ᠡᠨᠡ ᠵᠢᠯ 10 ᠳ᠋ᠦᠩᠱᠢᠭᠤᠷ ᠲᠥᠭᠥᠷᠢᠭ᠎ᠦᠨ ᠱᠢᠨ᠎ᠡ ᠡᠨᠧᠷᠭᠢ᠎ᠶ᠋ᠢᠨ ᠠᠵᠤ ᠦᠶ᠋ᠯᠡᠰ ᠪᠠ ᠠᠷᠠᠯᠵᠢᠶᠠᠨᠴᠢᠨ ᠤᠷᠢᠵᠤ ᠪᠠᠯᠠ ᠮᠦᠩᠬᠦ ᠣᠷᠣᠭᠤᠯᠤᠨ ᠠᠪᠴᠢᠷᠠᠬᠤ ᠬᠥᠭ᠌ᠵᠢᠯᠳᠡ ᠵᠢ ᠠᠬᠢᠭᠤᠯᠬᠤ ᠪᠠᠯᠠ ᠮᠥᠩᠭᠥ᠎ᠶ᠋ᠢ ᠲᠤᠰᠭᠠᠶ ᠲᠦᠷᠦᠯ᠎ᠳᠦ ᠬᠡᠷᠡᠭ᠌ᠯᠡᠬᠦ᠌᠎ᠪᠡᠷ ᠲᠣᠬᠢᠷᠠᠭᠤᠯᠪᠠ᠃ ᠬᠠᠮᠤᠭ᠎ᠤᠨ ᠡᠴᠦᠰ᠎ᠲᠦ ᠰᠠᠯᠬᠢ ᠭᠡᠷᠡᠯ᠎ᠦᠨ ᠴᠠᠬᠢᠯᠭᠠᠨ ᠭᠠᠷᠭᠠᠬᠤ ᠦᠷᠳᠡᠭᠡ᠎ᠶ᠋ᠢᠨ ᠴᠠᠬᠢᠯᠭᠠᠨ ᠭᠠᠷᠭᠠᠯᠲᠠ᠎ᠶ᠋ᠢ ᠤᠢ᠍ᠢᠷ᠎ᠠ ᠬᠠᠪᠢ᠎ᠳᠠᠭᠠᠨ ᠴᠠᠬᠢᠯᠭᠠᠨ ᠲᠣᠣᠷ᠎ᠲᠤ ᠣᠷᠣᠭᠤᠯᠬᠤ᠂ ᠭᠠᠳᠠᠭ᠍ᠰᠢ ᠬᠦᠷᠭᠡᠬᠦ᠎ᠶ᠋ᠢ ᠪᠡᠶᠡᠯᠡᠭᠦᠯᠵᠦ᠍᠂ ᠱᠢᠨ᠎ᠡ ᠡᠨᠧᠷᠭᠢ ᠶ᠋ᠢᠨ ᠮᠠᠱᠢᠨ ᠴᠣᠭ᠍ᠴᠠᠯᠠᠪᠤᠷᠢ᠎ᠶ᠋ᠢᠨ ᠬᠡᠪᠴᠢᠢ᠎ᠡ ᠨᠢ ᠢᠯᠴᠢ᠎ᠶ᠋ᠢᠨ ᠴᠠᠬᠢᠯᠭᠠᠨ᠎ᠤ ᠮᠠᠱᠢᠨ ᠴᠣᠭ᠍ᠴᠠᠯᠠᠪᠤᠷᠢ᠎ᠶ᠋ᠢᠨ ᠬᠡᠪᠴᠢᠢ᠎ᠡ᠎ᠡᠴᠡ ᠳᠠᠪᠠᠵᠤ᠂ ᠱᠢᠨ᠎ᠡ ᠡᠨᠧᠷᠭᠢ᠎ᠶ᠋ᠢᠨ ᠴᠠᠬᠢᠯᠭᠠᠨ ᠭᠠᠷᠭᠠᠬᠤ ᠶᠡᠷᠦᠩᠬᠡᠢ ᠬᠡᠮᠵᠢᠢ᠎ᠡ ᠨᠢ ᠢᠯᠴᠢ᠎ᠶ᠋ᠢᠨ ᠴᠠᠬᠢᠯᠭᠠᠨ ᠭᠠᠷᠭᠠᠬᠤ ᠶᠡᠷᠦᠩᠬᠡᠢ ᠬᠡᠮᠵᠢᠢ᠎ᠡ᠎ᠡᠴᠡ ᠳᠠᠪᠠᠵᠠᠢ᠃ ᠪᠥᠬᠥ᠌ ᠬᠣᠲᠠ᠎ᠳᠤ ᠡᠩ ᠲᠡᠷᠢᠭᠦᠨ᠎ᠳᠦ ᠱᠢᠨ᠎ᠡ ᠡᠨᠧᠷᠭᠢ ᠶ᠋ᠢᠨ ᠬᠦᠨᠳᠦ ᠠᠴᠢᠶᠠᠨ ᠤ᠋ ᠮᠠᠰᠢᠨ ᠤ᠋ ᠬᠡᠷᠡᠭ᠌ᠯᠡᠭᠡᠨ᠎ᠦ ᠵᠢᠱ᠌ᠢᠶ᠎ᠡ ᠦᠵᠡᠭᠦᠯᠬᠦ᠌ ᠰᠠᠭᠤᠷᠢᠨ ᠢ ᠪᠠᠢᠭᠤᠯᠪᠠ᠃《ᠪᠤᠬᠢᠷᠳᠤᠯ ᠦᠭᠡᠢ ᠤᠰᠤᠲᠥ᠋ᠷᠥᠭ᠌ᠴᠢ》 ᠵᠢᠨ ᠦᠢᠯᠡᠳᠬᠦ᠌᠂ ᠬᠠᠳᠠᠭᠠᠯᠠᠨ ᠲᠡᠭᠡᠭᠡᠪᠦᠷᠢᠯᠡᠬᠦ᠌ ᠤᠯᠠᠨ ᠲᠠᠯᠠᠪᠤᠷ᠎ᠤᠨ ᠬᠡᠷᠡᠭ᠌ᠯᠡᠯᠲᠡ᠎ᠶ᠋ᠢ ᠠᠬᠢᠭᠤᠯᠵᠤ᠂ ᠤᠰᠤᠲᠥ᠋ᠷᠥᠭ᠌ᠴᠢ ᠡᠨᠧᠷᠭᠢ᠎ᠶ᠋ᠢᠨ ᠪᠦᠬᠦ᠌ ᠠᠵᠤ ᠦᠢᠯᠡᠰ᠎ᠦᠨ ᠵᠢᠱ᠌ᠢᠶ᠎ᠡ ᠦᠵᠡᠭᠦᠯᠬᠦ᠌ ᠰᠠᠭᠤᠷᠢᠨ ᠢ᠋ ᠪᠠᠢᠭᠤᠯᠪᠠ᠃ ᠠᠭᠤᠷᠬᠠᠢ᠎ᠶ᠋ᠢᠨ ᠣᠷᠣᠨ᠎ᠤ ᠵᠠᠮ ᠲᠡᠭᠡᠭᠡᠪᠦᠷᠢ᠎ᠶ᠋ᠢᠨ ᠲᠣᠰᠣ ᠰᠢᠳᠠᠭᠠᠬᠤ ᠬᠦᠨᠳᠦ ᠠᠴᠢᠶᠠᠨ᠎ᠤ ᠮᠠᠱᠢᠨ᠎ᠢ ᠴᠠᠬᠢᠯᠭᠠᠨᠵᠢᠭᠤᠯᠬᠤ᠂ ᠤᠰᠤᠲᠥ᠋ᠷᠥᠭ᠌ᠴᠢ᠎ᠳᠤ ᠲᠦᠯᠡᠰᠢ᠎ᠪᠡᠷ ᠣᠷᠣᠯᠠᠭᠤᠯᠬᠤ᠎ᠶ᠋ᠢ ᠪᠡᠶᠡᠯᠡᠭᠦᠯᠪᠡ᠃
ᠵᠡᠭᠦᠨᠭᠠᠷ ᠬᠣᠱᠢᠭᠤᠨ᠎ᠤ ᠨᠠᠮ᠎ᠤᠨ ᠬᠣᠷᠢᠶᠠᠨ᠎ᠤ ᠳᠡᠳ᠋ ᠱᠦᠵᠢ᠂ ᠬᠣᠱᠢᠭᠤᠨ ᠳᠠᠷᠤᠭ᠎ᠠ ᠰᠤᠷᠭᠠᠯᠳᠤ ᠵᠢᠯ᠎ᠦᠨ ᠡᠬᠢᠨ᠎ᠳᠡᠬᠢ ᠲᠢᠶᠸ ᠴᠧᠨ ᠤᠶᠤᠨᠴᠢ ᠱᠢᠨ᠎ᠡ ᠡᠨᠧᠷᠭᠢ᠎ᠶ᠋ᠢᠨ ᠬᠦᠨᠳᠦ ᠠᠴᠢᠶᠠᠨ᠎ᠤ ᠮᠠᠱᠢᠨ ᠤ᠋ ᠱᠤᠭᠤᠮ ᠡᠴᠨ ᠪᠠᠭᠤᠯᠭᠠᠬᠤ ᠶᠣᠰᠣᠯᠠᠯ ᠳᠡᠭᠡᠷ᠎ᠡ᠄ 《ᠲᠦᠷᠤᠬᠦᠦ ᠪᠦᠯᠦᠭ ᠡᠨᠧᠷᠭᠢ᠎ᠶ᠋ᠢᠨ ᠮᠠᠱᠢᠨ ᠲᠡᠷᠭᠡ ᠦᠢᠯᠡᠳᠪᠤᠷᠢᠯᠡᠯ ᠤ᠋ᠨ ᠱᠤᠭᠤᠮ ᠡᠴᠨ ᠪᠠᠭᠤᠬᠰᠠᠨ᠎ᠨᠢ ᠵᠡᠭᠦᠨᠭᠠᠷ ᠬᠣᠱᠢᠭᠤᠨ᠎ᠤ ᠱᠢᠨ᠎ᠡ ᠡᠨᠧᠷᠭᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠶ᠋ᠯᠡᠳᠬᠦ᠌ ᠠᠵᠤ ᠦᠶ᠋ᠯᠡᠰ ᠤ᠋ᠨ ᠬᠦᠰᠢᠶ᠎ᠠ ᠲᠤᠷᠠᠰᠬᠠᠯ ᠤ᠋ᠨ ᠴᠢᠨᠠᠷᠲᠠᠶ ᠤᠷᠤᠬᠰᠢᠯᠠᠯᠳᠠ ᠵᠢ ᠬᠠᠷᠠᠭᠤᠯᠵᠤ ᠪᠠᠢᠨ᠎ᠠ》 ᠭᠡᠵᠦ ᠶᠠᠷᠢᠪᠠ᠃
ᠲᠢᠶᠧ ᠴᠧᠨ ᠣᠶᠤᠨᠴᠢ ᠦᠢᠯᠡᠳᠪᠦᠷᠢᠯᠡᠯ᠎ᠦᠨ ᠴᠢᠳᠠᠪᠤᠷᠢ᠎ᠨᠢ ᠪᠦᠭᠡᠮ ᠵᠢᠡᠷ ᠦᠢᠯᠡᠳᠪᠦᠷᠢᠯᠡᠬᠦ ᠪᠤᠯᠤᠬᠰᠠᠨ ᠳᠠᠷᠠᠭ᠎ᠠ᠂ ᠵᠢᠯ᠎ᠳᠦ 1 ᠲᠦᠮᠡᠨ ᠰᠠᠤᠷᠢ ᠵᠢᠯᠤᠭᠤᠴᠢ ᠦᠭᠡᠢ ᠱᠢᠨ᠎ᠡ ᠡᠨᠧᠷᠭᠢ᠎ᠶ᠋ᠢᠨ ᠠᠭᠤᠷᠬᠠᠢ᠎ᠶ᠋ᠢᠨ ᠲᠥᠬᠥᠭᠡᠷᠦᠮᠵᠢ᠎ᠶ᠋ᠢ ᠦᠢᠯᠡᠳᠪᠦᠷᠢᠯᠡᠵᠦ᠍᠂ ᠵᠢᠯ᠎ᠦᠨ ᠦᠢᠯᠡᠳᠪᠦᠷᠢᠯᠡᠯ᠎ᠦᠨ ᠥᠷᠲᠡᠭ᠎ᠨᠢ 200 ᠳ᠋ᠦᠩᠱᠢᠭᠤᠷ ᠲᠥᠭᠥᠷᠢᠭ᠎ᠢ ᠳᠠᠪᠠᠬᠤ ᠪᠣᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃