2022-06-27 09:55:52
ᠪᠦᠬᠦ᠌ ᠤᠯᠤᠰ ᠤ᠋ᠨ ᠪᠣᠯᠪᠠᠰᠤᠨ ᠬᠤᠲᠠ ᠪᠣᠯ ᠨᠢᠭᠡ ᠬᠤᠲᠠ ᠢ᠋ᠢᠨ ᠬᠠᠮᠤᠭ ᠤ᠋ᠨ ᠢᠲᠡᠭᠡᠭᠦᠯᠬᠦ᠌ ᠬᠦᠴᠦᠨ ᠲᠡᠶ 《ᠣᠷᠣᠨ ᠨᠤᠲᠤᠭ ᠤ᠋ᠨ ᠨᠡᠷ᠎ᠡ ᠢ᠋ᠢᠨ ᠬᠠᠭᠤᠳᠠᠰᠤ》 ᠪᠣᠯᠬᠤ ᠶᠤᠮ᠃ ᠲᠦᠩᠯᠢᠶᠣᠤ ᠬᠣᠲᠠ ᠢ᠋ᠢᠨ ᠪᠥᠬᠥ᠌ ᠤᠯᠤᠰ ᠤ᠋ᠨ ᠪᠣᠯᠪᠠᠰᠤᠨ ᠬᠣᠲᠠ ᠢ᠋ᠢ ᠡᠭᠦᠳᠦᠨ ᠪᠠᠢᠭᠤᠯᠤᠭ᠍ᠰᠠᠨ ᠪᠦᠬᠦᠢᠯᠡ ᠶᠠᠪᠤᠴᠠ ᠢ᠋ᠢ ᠠᠵᠢᠭᠯᠠᠬᠤ ᠳ᠋ᠤ᠂ ᠣᠢᠷ᠎ᠠ ᠢ᠋ᠢᠨ 20 ᠵᠢᠯ ᠳ᠋ᠤ ᠬᠣᠲᠠ ᠢ᠋ᠢᠨ ᠳᠦᠷᠢ ᠲᠥᠷᠬᠦ᠌ ᠬᠡᠪ ᠴᠢᠨᠠᠷ ᠢ᠋ ᠢᠯᠡᠳᠲᠡ ᠳᠡᠭᠡᠭ᠌ᠰᠢᠯᠡᠬᠦᠯᠦᠭᠰᠡᠨ ᠵᠢᠡᠷ ᠪᠠᠷᠠᠬᠤ ᠦᠭᠡᠢ ᠪᠣᠯᠪᠠᠰᠤᠨ ᠤ᠋ ᠴᠡᠴᠡᠬᠡᠰ ᠢ᠋ ᠬᠣᠲᠠ ᠢ᠋ᠢᠨ ᠵᠢᠡᠨ ᠬᠠᠮᠤᠭ ᠤ᠋ᠨ ᠭᠣᠶᠣ ᠦᠵᠡᠮᠵᠢ ᠪᠣᠯᠭᠠᠭ᠍ᠰᠠᠨ ᠪᠠᠢᠨ᠎ᠠ᠃
ᠬᠣᠲᠠ ᠢ᠋ᠢᠨ ᠪᠣᠯᠪᠠᠰᠤᠨ ᠬᠥᠭ᠌ᠵᠢᠯᠲᠡ ᠢ᠋ᠢ ᠬᠠᠷᠠᠭᠤᠯᠤᠨ᠎ᠠ
ᠲᠦᠩᠯᠢᠶᠣᠤ ᠢ᠋ᠢᠨ ᠠᠵᠤ ᠠᠬᠤᠶ ᠮᠡᠷᠭᠡᠵᠢᠯ ᠤ᠋ᠨ ᠨᠡᠭᠡᠭᠡᠯᠲᠡ ᠢ᠋ᠢᠨ ᠲᠤᠭᠤᠷᠢᠭ ᠲᠦᠷᠦᠭᠦᠭᠡᠨ 《ᠡᠬᠥᠲᠡᠨᠳᠡᠬᠢ ᠴᠡᠴᠡᠷᠯᠢᠭ》ᠤ᠋ᠨ ᠪᠥᠲᠥᠭᠡᠨ ᠪᠠᠢᠭᠤᠯᠤᠯᠲᠠ ᠢ᠋ᠢᠨ ᠢᠨᠵᠧᠨᠧᠷᠢᠩ ᠢ᠋ ᠡᠬᠢᠯᠡᠭᠦᠯᠵᠦ᠍᠂ ᠵᠡᠭᠡᠯᠢ ᠭᠤᠳᠤᠮᠵᠢ ᠪᠠ ᠵᠡᠭᠡᠯᠢ ᠢ᠋ᠢᠨ ᠥᠨᠴᠥᠭ ᠪᠤᠯᠤᠩ ᠤ᠋ᠨ ᠰᠤᠯᠠ ᠭᠠᠵᠠᠷ ᠢ᠋ ᠠᠰᠢᠭᠯᠠᠨ ᠬᠤᠸᠠᠷ ᠴᠡᠴᠡᠭ ᠡᠪᠡᠰᠤ ᠮᠣᠳᠣ ᠳᠠᠷᠢᠵᠤ᠂ ᠬᠡᠪᠴᠢᠶ᠎ᠡ ᠪᠡᠷ ᠬᠠᠷᠢᠴᠠᠩᠭᠤᠶ ᠪᠠᠭ᠎ᠠ ᠨᠣᠭᠣᠭᠠᠨ ᠬᠦᠷᠦᠰᠤᠲᠤ ᠨᠡᠭᠡᠭᠡᠯᠲᠡᠲᠤ ᠣᠷᠣᠨ ᠵᠠᠶ ᠢ᠋ᠢ ᠪᠣᠶ ᠪᠣᠯᠭᠠᠪᠠ᠃
ᠣᠷᠣᠱᠢᠨ ᠰᠠᠭᠤᠷᠢᠰᠢᠬᠤ ᠣᠷᠴᠢᠨ ᠨᠥᠬᠥᠴᠡᠯ ᠨᠢ ᠬᠤᠳᠠ ᠢ᠋ᠢᠨ ᠪᠣᠯᠪᠠᠰᠤᠨ ᠢ᠋ ᠬᠠᠷᠠᠭᠤᠯᠬᠤ ᠪᠡᠷ ᠪᠠᠷᠠᠬᠤ ᠦᠭᠡᠢ ᠪᠠᠰᠠ ᠤᠯᠠᠨ ᠲᠦᠮᠡᠨ ᠤ᠋ ᠵᠣᠯ ᠵᠢᠷᠭᠠᠯ ᠤ᠋ᠨ ᠵᠢᠭᠠᠯᠲᠠ ᠲᠣᠭ᠎ᠠ ᠲᠠᠶ ᠱᠢᠭᠤᠳ ᠬᠣᠯᠪᠣᠭ᠍ᠳᠠᠵᠤ ᠪᠠᠢᠳᠠᠭ᠃ ᠣᠢᠷ᠎ᠠ ᠢ᠋ᠢᠨ ᠵᠢᠯ ᠤ᠋ᠨ ᠲᠤᠷᠰᠢ᠂ ᠲᠦᠩᠯᠢᠶᠣᠤ ᠬᠣᠲᠠ ᠢ᠋ᠢᠨ ᠬᠢᠨ ᠬᠣᠲᠠ ᠢ᠋ᠢᠨ ᠬᠡᠪᠴᠢᠶᠡᠨ ᠤ᠋ ᠪᠦᠬᠦᠯᠢ ᠴᠣᠭ᠍ᠴᠠ ᠢ᠋ᠢᠨ ᠨᠣᠭᠣᠭᠠᠷᠠᠭᠤᠯᠤᠯᠲᠠ ᠢ᠋ᠢ ᠦᠷᠭᠦᠯᠵᠢᠯᠡᠨ ᠠᠬᠢᠭᠤᠯᠵᠤ᠂ ᠬᠣᠲᠠ ᠢ᠋ᠢᠨ ᠴᠡᠴᠡᠷᠯᠢᠭ ᠤ᠋ᠨ ᠦᠵᠡᠮᠵᠢ ᠢ᠋ᠢ ᠱᠢᠯᠢᠳᠡᠭ᠌ᠵᠢᠭᠦᠯᠦᠨ ᠭᠤᠶᠤᠵᠢᠭᠤᠯᠵᠤ ᠲᠠᠰ ᠳᠡᠪᠱᠢᠭᠦᠯᠬᠦ᠌ ᠢ᠋ᠢ ᠠᠬᠢᠭᠤᠯᠤᠨ ᠴᠡᠴᠡᠷᠯᠢᠭ ᠤ᠋ᠨ ᠶᠠᠰᠤ ᠴᠢᠨᠠᠷ ᠢ᠋ ᠳᠡᠭᠡᠭ᠌ᠰᠢᠯᠡᠭᠦᠯᠵᠦ᠍᠂ ᠭᠣᠶᠣ ᠰᠠᠢᠬᠠᠨ᠂ ᠲᠠᠭᠠᠯᠠᠮᠵᠢᠲᠠᠶ᠂ ᠣᠷᠣᠱᠢᠨ ᠰᠠᠭᠤᠷᠢᠰᠢᠬᠤ ᠳ᠋ᠤ ᠲᠣᠬᠢᠷᠠᠮᠵᠢᠲᠠᠶ ᠬᠣᠲᠠ ᠢ᠋ᠢᠨ ᠣᠷᠴᠢᠨ ᠲᠣᠭᠣᠷᠢᠨ ᠢ᠋ ᠪᠣᠶ ᠪᠣᠯᠭᠠᠪᠠ᠃ ᠣᠯᠠᠨ ᠲᠦᠮᠡᠨ ᠤ᠋ ᠤᠷᠤᠰᠢᠨ ᠰᠠᠭᠤᠷᠢᠰᠢᠬᠤ ᠣᠷᠴᠢᠨ ᠲᠣᠭᠣᠷᠢᠨ ᠢ᠋ ᠰᠠᠢᠵᠢᠷᠠᠭᠤᠯᠬᠤ ᠢ᠋ᠢᠨ ᠲᠥᠯᠥᠭᠡ᠂ 2018 ᠣᠨ ᠡᠴᠡ ᠨᠠᠭᠠᠰᠢ ᠲᠦᠩᠯᠢᠶᠣᠤ ᠬᠣᠲᠠ ᠢ᠋ᠢᠨ ᠬᠢᠨ ᠨᠡᠢᠲᠡ 2.1 ᠲᠦᠮᠡᠨ ᠢᠵᠢ ᠲᠥᠬᠥᠮ ᠪᠦᠲᠦᠴᠡᠲᠦ ᠣᠷᠣᠨ ᠰᠠᠭᠤᠴᠠ᠂ 560 ᠬᠠᠭᠤᠴᠢᠨ ᠰᠠᠭᠤᠭᠠᠯᠢ ᠲᠣᠭᠣᠷᠢᠭ ᠢ᠋ ᠥᠭᠡᠷᠡᠴᠢᠯᠡᠨ ᠱᠢᠨᠡᠳᠭᠡᠵᠦ᠍᠂ ᠬᠣᠲᠠ ᠱᠢᠶᠠᠨ ᠤ᠋ ᠭᠤᠤᠯ ᠬᠣᠲᠠ ᠲᠣᠭᠣᠷᠢᠭ ᠲᠦ᠍ 5G ᠰᠦᠯᠵᠢᠶ᠎ᠡ ᠢ᠋ᠢ ᠨᠡᠢᠳᠡᠮ ᠪᠥᠷᠬᠥᠭᠦᠯᠪᠡ᠃
《ᠠᠮᠢᠳᠤᠷᠠᠯ ᠤ᠋ᠨ ᠣᠷᠴᠢᠨ ᠲᠣᠭᠣᠷᠢᠨ ᠴᠡᠪᠡᠷ ᠴᠡᠮᠴᠡᠭᠡᠷ ᠪᠠᠢᠬᠤ ᠨᠢ ᠰᠠᠭᠤᠭᠠᠯᠢ ᠠᠷᠠᠳ ᠨᠢᠭᠡ ᠪᠦᠷᠢ ᠢ᠋ᠢᠨ ᠴᠢᠷᠮᠠᠢᠯᠭ᠎ᠠ ᠡᠴᠡ ᠰᠠᠯᠤᠰᠢ ᠦᠭᠡᠢ ᠶᠤᠮ》 ᠭᠡᠵᠦ᠍ ᠨᠡᠭᠡᠭᠡᠨ ᠬᠥᠭ᠌ᠵᠢᠭᠦᠯᠬᠦ᠌ ᠲᠤᠭᠤᠷᠢᠭ ᠤ᠋ᠨ ᠰᠠᠭᠤᠭᠠᠯᠢ ᠠᠷᠠᠳ ᠵᠤᠤ ᠴᠢᠦ ᠵᠢᠶ᠍ᠸ ᠬᠡᠯᠡᠨ᠎ᠠ᠃ ᠡᠨᠡ ᠵᠢᠯ ᠲᠦᠩᠯᠢᠶᠣᠤ ᠬᠣᠲᠠ ᠢ᠋ᠢᠨ ᠬᠢᠨ ᠬᠣᠲᠠ ᠢ᠋ᠢᠨ ᠱᠢᠨᠡᠴᠢᠯᠡᠯᠲᠡ ᠢ᠋ᠢᠨ ᠠᠵᠢᠯᠯᠠᠭ᠎ᠠ ᠢ᠋ᠢ ᠴᠢᠬᠤᠯᠠᠴᠢᠯᠠᠵᠤ᠂ ᠭᠤᠤᠯ ᠬᠣᠲᠠ ᠲᠣᠭᠣᠷᠢᠭ ᠤ᠋ᠨ ᠬᠣᠲᠠ ᠢ᠋ᠢᠨ ᠶᠠᠪᠤᠳᠠᠯ ᠤ᠋ᠨ ᠴᠡᠴᠡᠷᠯᠢᠭ᠌ᠵᠢᠭᠦᠯᠦᠭᠰᠡᠨ ᠬᠠᠮᠢᠶᠠᠷᠤᠯᠳᠠ ᠪᠤᠯᠤᠨ ᠣᠷᠴᠢᠨ ᠲᠣᠭᠣᠷᠢᠨ ᠤ᠋ ᠠᠷᠢᠭᠤᠨ ᠴᠡᠪᠡᠷ ᠢ᠋ ᠵᠠᠬ᠎ᠠ ᠳᠡᠯᠭᠡᠭᠦᠷᠴᠢᠯᠡᠬᠦ᠌᠂ ᠲᠤᠰᠭᠠᠢᠵᠢᠭᠤᠯᠬᠤ᠂ ᠨᠠᠷᠢᠯᠢᠬ᠍ᠵᠢᠭᠤᠯᠬᠤ ᠬᠠᠮᠢᠶᠠᠷᠤᠯᠲᠠ ᠢ᠋ᠢ ᠠᠬᠢᠭᠤᠯᠵᠤ᠂ ᠵᠠᠮ ᠬᠠᠷᠢᠯᠴᠠᠭᠠᠨ ᠤ᠋ ᠲᠦᠭ᠌ᠵᠢᠷᠡᠯ᠂ ᠲᠡᠷᠭᠡ ᠵᠣᠭ᠍ᠰᠣᠭᠠᠬᠤ ᠳ᠋ᠤ ᠬᠦᠴᠢᠷ ᠵᠡᠷᠭᠡ ᠠᠰᠠᠭᠤᠳᠠᠯ ᠢ᠋ ᠱᠢᠰᠲ᠋ᠧᠮ ᠲᠡᠶ ᠴᠡᠭ᠌ᠴᠡᠯᠡᠨ ᠵᠠᠰᠠᠵᠤ᠂ ᠭᠤᠤᠯ ᠬᠣᠲᠠ ᠲᠣᠭᠣᠷᠢᠭ ᠤ᠋ᠨ ᠵᠠᠮ ᠤ᠋ᠨ ᠲᠤᠤᠷ ᠤ᠋ᠨ ᠱᠢᠰᠲ᠋ᠧᠮ ᠢ᠋ ᠲᠡᠭᠦᠯᠳᠡᠷᠵᠢᠭᠦᠯᠤᠨ᠂ ᠠᠮᠢ ᠠᠬᠤᠶ ᠢ᠋ᠢᠨ ᠨᠣᠭᠣᠭᠠᠷᠠᠭᠤᠯᠤᠯᠲᠠ ᠢ᠋ᠢᠨ ᠶᠠᠰᠤ ᠴᠢᠨᠠᠷ ᠢ᠋ ᠳᠡᠭᠡᠭ᠌ᠰᠢᠯᠡᠭᠦᠯᠵᠦ᠍ ᠦᠷ᠎ᠡ ᠠᠱᠢᠭ ᠢ᠋ ᠨᠡᠮᠡᠭ᠌ᠳᠡᠭᠦᠯᠬᠦ᠌ ᠢ᠋ᠢ ᠠᠬᠢᠭᠤᠯᠪᠠ᠃
ᠰᠠᠢᠨ ᠳᠤᠷ᠎ᠠ ᠢ᠋ᠢᠨ ᠦᠶ᠋ᠯᠡᠴᠢᠯᠡᠭᠡ ᠪᠡᠷ ᠬᠦᠴᠦᠨ ᠨᠡᠮᠡᠷᠢᠯᠡᠨ᠎ᠡ
ᠤᠢᠷ᠎ᠠ ᠳ᠋ᠤ᠂ ᠱᠢᠨ ᠴᠧᠩ ᠵᠡᠭᠡᠯᠢ ᠭᠤᠳᠤᠮᠵᠢ ᠢ᠋ᠢᠨ ᠲᠠᠶ ᠹᠸᠩ ᠨᠡᠢᠭᠡᠮ ᠲᠣᠭᠣᠷᠢᠭ ᠤ᠋ᠨ ᠰᠠᠢᠨ ᠳᠤᠷ᠎ᠠ ᠢ᠋ᠢᠨ ᠠᠵᠢᠯᠯᠠᠭ᠍ᠴᠢ ᠰᠦᠸᠸ ᠵᠢᠨ ᠢᠦᠶ ᠥᠷᠯᠥᠭᠡ ᠢ᠋ᠢᠨ ᠪᠣᠯᠪᠠᠰᠤᠷᠠᠯ ᠵᠢᠡᠨ ᠳᠠᠭᠤᠰᠭᠠᠭ᠍ᠰᠠᠨ ᠤ᠋ ᠳᠠᠷᠠᠭ᠎ᠠ ᠨᠡᠢᠭᠡᠮ ᠲᠣᠭᠣᠷᠢᠭ ᠤ᠋ᠨ ᠠᠵᠢᠯᠲᠠᠳ ᠲᠠᠶ ᠪᠠᠨ ᠬᠠᠮᠲᠤ ᠬᠤᠳᠠᠯᠳᠤᠭᠠᠨ ᠤ᠋ ᠳᠡᠯᠭᠡᠭᠦᠷ᠂ ᠰᠠᠭᠤᠭᠠᠯᠢ ᠠᠷᠠᠳ ᠤ᠋ᠨ ᠲᠣᠭᠣᠷᠢᠭ ᠲᠦ᠍ ᠬᠦᠷᠴᠤ᠂ ᠪᠣᠯᠪᠠᠰᠤᠨ ᠬᠣᠲᠠ ᠢ᠋ᠢ ᠡᠭᠦᠳᠦᠨ ᠪᠠᠢᠭᠤᠯᠬᠤ ᠠᠵᠢᠯ ᠢ᠋ ᠤᠬᠠᠭᠤᠯᠤᠨ᠂ ᠵᠡᠭᠡᠯᠢ ᠳᠠᠭᠠᠤ ᠢ᠋ᠢᠨ ᠬᠤᠳᠠᠯᠳᠤᠭᠠᠴᠢᠨ ᠡᠷᠦᠬᠡ ᠵᠢᠴᠢ ᠰᠠᠭᠤᠭᠠᠯᠢ ᠠᠷᠠᠳ ᠢ᠋ ᠬᠥᠲᠥᠯᠥᠨ ᠵᠢᠯᠣᠭᠣᠳᠴᠤ ᠪᠤᠯᠪᠠᠰᠤᠨ ᠬᠤᠲᠠ ᠢ᠋ᠢ ᠡᠭᠦᠳᠦᠨ ᠪᠠᠢᠭᠤᠯᠬᠤ ᠠᠵᠢᠯᠯᠠᠭ᠎ᠠ ᠳ᠋ᠤ ᠢᠳᠡᠪᠬᠢᠲᠡᠶ ᠣᠷᠣᠯᠴᠠᠭᠤᠯᠤᠭᠰᠠᠨ ᠪᠠᠢᠨ᠎ᠠ᠃
《ᠣᠳᠣ ᠪᠣᠯᠪᠠᠰᠤᠨ ᠬᠣᠲᠠ ᠢ᠋ᠢ ᠡᠭᠦᠳᠦᠨ ᠪᠠᠢᠭᠤᠯᠬᠤ ᠢ᠋ᠢ ᠨᠢᠭᠡᠨᠲᠡ ᠪᠠᠢᠩᠭᠤᠵᠢᠭᠤᠯᠴᠢᠬᠠᠵᠡᠢ᠂ ᠪᠢᠳᠡ ᠰᠠᠢᠨ ᠳᠤᠷ᠎ᠠ ᠢ᠋ᠢᠨ ᠦᠢᠯᠡᠴᠢᠯᠡᠭᠡ ᠬᠢᠬᠦ᠌ ᠢ᠋ᠢ ᠴᠦ᠍ ᠪᠠᠢᠩᠭᠤᠵᠢᠭᠤᠯᠪᠠ》 ᠭᠡᠵᠦ᠍ ᠰᠦᠸᠸ ᠵᠢᠨ ᠢᠦᠢ ᠬᠡᠯᠡᠨ᠎ᠠ᠃ ᠰᠠᠢᠨ ᠳᠤᠷ᠎ᠠ ᠢ᠋ᠢᠨ ᠦᠶ᠋ᠯᠡᠴᠢᠯᠡᠭᠡ ᠪᠣᠯ ᠨᠢᠭᠡ ᠬᠣᠲᠠ ᠢ᠋ᠢᠨ ᠪᠣᠯᠪᠠᠰᠤᠨ ᠤ᠋ ᠬᠡᠮᠵᠢᠶ᠎ᠠ ᠢ᠋ᠢᠨ ᠴᠢᠬᠤᠯᠠ ᠬᠡᠮᠵᠢᠭᠦᠷ ᠤ᠋ᠨ ᠨᠢᠭᠡ ᠮᠦᠨ᠃ ᠣᠢᠷ᠎ᠠ ᠢ᠋ᠢᠨ ᠵᠢᠯ ᠡᠴᠡ ᠲᠦᠩᠯᠢᠶᠣᠤ ᠬᠣᠲᠠ ᠢ᠋ᠢᠨ ᠬᠢᠨ ᠰᠠᠢᠨ ᠳᠤᠷ᠎ᠠ ᠢ᠋ᠢᠨ ᠦᠶ᠋ᠯᠡᠴᠢᠯᠡᠭᠡᠨ ᠤ᠋ ᠳᠦᠷᠢᠮᠵᠢᠯ ᠢ᠋ ᠠᠬᠢᠭᠤᠯᠵᠤ᠂ ᠱᠢᠨ᠎ᠡ ᠴᠠᠭ ᠦᠶ᠎ᠡ ᠢ᠋ᠢᠨ ᠪᠣᠯᠪᠠᠰᠤᠨ ᠤ᠋ ᠦᠶ᠋ᠯᠡᠳᠦᠯᠭᠡ ᠢ᠋ᠢᠨ ᠲᠥᠪ ᠵᠢᠡᠷ ᠠᠴᠢᠶᠠᠯᠠᠪᠤᠷᠢ ᠪᠣᠯᠭᠠᠨ᠂ ᠰᠠᠢᠨ ᠲᠤᠷᠠᠴᠤᠳ ᠤ᠋ᠨ ᠪᠦᠯᠬᠦᠮ ᠨᠡᠢᠲᠡ ᠢ᠋ᠢᠨ ᠬᠦᠴᠦᠨ ᠢ᠋ ᠨᠢᠭ᠍ᠲᠠᠷᠠᠭᠤᠯᠵᠤ᠂ ᠡᠯ᠎ᠡ ᠲᠥᠷᠥᠯ ᠤ᠋ᠨ ᠰᠠᠢᠨ ᠳᠤᠷ᠎ᠠ ᠢ᠋ᠢᠨ ᠦᠶ᠋ᠯᠡᠴᠢᠯᠡᠭᠡᠨ ᠤ᠋ ᠠᠵᠢᠯᠯᠠᠭ᠎ᠠ ᠢ᠋ᠢ ᠪᠠᠢᠩᠭᠤᠵᠢᠭᠤᠯᠵᠤ᠂ ᠣᠷᠳᠣ ᠬᠤᠭᠤᠴᠠᠭ᠎ᠠ ᠪᠠᠷ ᠪᠦᠲᠦᠮᠵᠢᠲᠡᠶ ᠥᠷᠨᠢᠭᠦᠯᠪᠡ᠃ ᠣᠳᠣᠬᠠᠨ ᠪᠣᠯᠲᠠᠯ᠎ᠠ᠂ ᠲᠦᠡᠭᠯᠢᠶᠤᠤ ᠬᠣᠲᠠ ᠢ᠋ᠢᠨ ᠳᠠᠩᠰᠠᠯᠠᠭᠤᠯᠤᠭ᠍ᠰᠠᠨ ᠰᠠᠢᠨ ᠳᠤᠷ᠎ᠠ ᠢ᠋ᠢᠨ ᠠᠵᠢᠯᠯᠠᠭ᠍ᠴᠢ 16 ᠲᠦᠮᠡ ᠵᠢ ᠲᠠᠪᠠᠨ᠂ ᠰᠠᠢ᠌ᠨ ᠳᠤᠷ᠎ᠠ ᠢ᠋ᠢᠨ ᠠᠵᠢᠯᠯᠠᠭ᠍ᠴᠢ ᠢ᠋ᠢᠨ ᠭᠠᠷᠠᠭ ᠪᠦᠷᠢ ᠢ᠋ᠢᠨ ᠦᠢᠯᠡᠴᠢᠯᠡᠭᠡ ᠨᠢ ᠳᠤᠮᠳᠠᠴᠢ ᠪᠠᠷ 2 ᠴᠠᠭ ᠢ᠋ ᠳᠠᠪᠠᠵᠤ᠂ ᠦᠢᠯᠡᠴᠢᠯᠡᠭᠡ ᠨᠢ ᠣᠷᠴᠢᠨ ᠲᠤᠭᠤᠷᠢᠨ ᠤ᠋ ᠬᠠᠮᠠᠭᠠᠯᠠᠯᠲᠠ ᠡᠷᠡᠭᠦᠯ ᠬᠠᠮᠠᠭᠠᠯᠠᠯ᠂ ᠬᠠᠤᠯᠢ ᠴᠠᠭᠠᠵᠠ ᠢ᠋ᠢᠨ ᠲᠤᠰᠠᠯᠠᠮᠵᠢ᠂ ᠨᠡᠢᠲᠡ ᠢ᠋ᠢᠨ ᠠᠰᠠᠷᠠᠮᠵᠢ ᠢ᠋ᠢᠨ ᠤᠬᠠᠭᠤᠯᠭ᠎ᠠ ᠵᠡᠷᠭᠡ ᠨᠡᠢᠭᠡᠮ ᠠᠮᠢᠳᠤᠷᠠᠯ ᠤ᠋ᠨ ᠡᠯ᠎ᠡ ᠬᠦᠷᠢᠶᠡᠨ ᠳ᠋ᠤ ᠬᠣᠯᠪᠣᠭ᠍ᠳᠠᠵᠠᠢ᠃
ᠨᠠᠷᠢᠯᠢᠭ ᠬᠠᠮᠢᠶᠠᠷᠤᠯᠲᠠ ᠪᠡᠷ ᠶᠠᠰᠤ ᠴᠢᠨᠠᠷ ᠢ᠋ ᠳᠡᠭᠡᠭ᠌ᠰᠢᠯᠡᠭᠦᠯᠦᠨᠡ
ᠺᠠᠢᠯᠦ᠍ ᠱᠢᠶᠠᠨ ᠤ᠋ ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡᠨ ᠤ᠋ ᠲᠥᠪ ᠲᠦ᠍᠂ ᠸᠠᠩ ᠵᠠᠨ ᠵᠢᠶᠦ᠋ᠨ 22 ᠬᠠᠮᠲᠤ ᠠᠵᠢᠯᠯᠠᠭ᠍ᠴᠢ ᠳ᠋ᠠᠭᠠᠨ ᠠᠵᠢᠯ ᠡᠴᠡ ᠪᠣᠯᠤᠭ᠍ᠰᠠᠨ ᠭᠡᠮᠲᠦᠯ᠂ ᠠᠵᠢᠯ ᠠᠯᠳᠠᠯᠲᠠ᠂ ᠨᠠᠰᠤᠵᠢᠯ ᠤ᠋ᠨ ᠠᠰᠠᠷᠠᠮᠵᠢ ᠢ᠋ᠢᠨ ᠳᠠᠭᠠᠳᠭᠠᠯ ᠤ᠋ᠨ ᠲᠤᠬᠠᠢᠯᠠᠭ᠍ᠰᠠᠨ ᠠᠵᠢᠯ ᠢ᠋ ᠭᠦᠶ᠋ᠴᠡᠳᠭᠡᠵᠦ᠍ ᠦᠭᠪᠡ᠃ 《ᠥᠩᠭᠡᠷᠡᠭ᠌ᠰᠡᠨ ᠳ᠋ᠤ ᠬᠣᠶᠠᠷ ᠭᠤᠷᠪᠠᠨ ᠴᠤᠩᠬᠤᠪᠴᠢ ᠳ᠋ᠤ ᠬᠦᠷᠪᠡᠯ ᠰᠠᠶᠢ ᠪᠡᠶᠡᠯᠡᠭᠦᠯᠵᠦ᠍ ᠳᠡᠢᠯᠬᠦ᠌ ᠶᠠᠪᠤᠳᠠᠯ ᠢ᠋ ᠤᠳᠤ ᠨᠢᠭᠡ ᠯᠡ ᠴᠤᠩᠬᠤᠪᠴᠢ ᠪᠡᠷ ᠬᠡᠳᠦᠬᠡᠨ ᠮᠢᠨᠦ᠋ᠲ ᠤ᠋ᠨ ᠳᠣᠲᠣᠷ᠎ᠠ ᠪᠦᠬᠦᠨ ᠢ᠋ ᠳᠠᠭᠤᠰᠭᠠᠴᠢᠬᠠᠨᠠ᠂ ᠲᠤᠢᠯ ᠤ᠋ᠨ ᠳᠥᠭᠥᠮ ᠳᠥᠲᠡ ᠪᠤᠯᠵᠠᠢ》 ᠭᠡᠵᠦ᠍ ᠸᠠᠩ ᠵᠠᠨ ᠵᠢᠶᠦ᠋ᠨ ᠬᠡᠯᠡᠨ᠎ᠠ᠃
ᠤᠯᠠᠨ ᠲᠦᠮᠡᠨ ᠳ᠋ᠤ ᠬᠠᠮᠤᠭ ᠤ᠋ᠨ ᠶᠡᠬᠡ ᠬᠡᠮᠵᠢᠶ᠎ᠡ ᠪᠡᠷ ᠲᠥᠬᠥᠮ ᠦᠵᠡᠭᠦᠯᠬᠦ᠌ ᠢ᠋ᠢᠨ ᠲᠤᠰᠠᠳᠠ᠂ ᠲᠦᠩᠯᠢᠶᠣᠤ ᠬᠣᠲᠠ ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡᠨ ᠤ᠋《ᠶᠡᠷᠦᠩᠬᠡᠢᠯᠡᠭ᠌ᠰᠡᠨ ᠨᠢᠭᠡ ᠴᠣᠩᠬᠤᠪᠴᠢ》 ᠢ᠋ᠢᠨ ᠥᠭᠡᠷᠡᠴᠢᠯᠡᠯᠲᠡ ᠢ᠋ᠢ ᠭᠦᠨᠵᠡᠭᠡᠶ ᠠᠬᠢᠭᠤᠯᠵᠤ ᠂ ᠡᠯ᠎ᠡ ᠱᠠᠲᠤᠨ ᠤ᠋ ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡᠨ ᠤ᠋ ᠲᠥᠪᠨᠢ 《ᠶᠡᠷᠦᠩᠬᠡᠢᠯᠡᠭ᠌ᠰᠡᠨ ᠨᠢᠭᠡ ᠴᠣᠩᠬᠤᠪᠴᠢ》 ᠢ᠋ᠢᠨ ᠵᠦᠶ᠋ᠯᠡᠰ ᠢ᠋ ᠭᠥᠯᠢᠶᠡᠨ ᠠᠪᠴᠤ᠌ ᠱᠢᠶ᠋ᠳᠪᠦᠷᠢᠯᠡᠬᠦ᠌ ᠦᠶ᠋ᠯᠡᠴᠢᠯᠡᠭᠡᠨ ᠤ᠋ ᠵᠦᠭ᠌ᠯᠡᠭᠦᠷ ᠪᠤᠯᠤᠨ ᠨᠢᠭᠡ ᠯᠡ ᠤᠳᠠᠭ᠎ᠠ ᠢ᠋ᠢᠨ ᠴᠢᠨᠠᠷᠲᠠᠶ ᠮᠡᠳᠡᠭ᠌ᠳᠡᠬᠦ᠌ ᠬᠠᠭᠤᠳᠠᠰᠤ ᠢ᠋ᠢ ᠨᠠᠢᠷᠠᠭᠤᠯᠤᠨ ᠵᠣᠬᠢᠶᠠᠵᠤ᠂ ᠭᠤᠶᠤᠴᠢᠯᠠᠬᠤ ᠮᠠᠲ᠋ᠧᠷᠢᠶᠠᠯ ᠢ᠋ ᠬᠠᠤᠯᠢ ᠶᠣᠰᠣᠭᠠᠷ ᠵᠦᠶ ᠵᠣᠬᠢᠰᠲᠠᠶ ᠪᠠᠭᠠᠰᠭᠠᠨ᠂ ᠮᠡᠳᠡᠭᠦᠯᠬᠦ᠌ ᠮᠠᠲ᠋ᠧᠷᠢᠶᠠᠯ ᠪᠠ ᠮᠡᠳᠡᠭᠦᠯᠬᠦ᠌ ᠳᠠᠷᠠᠭᠠᠯᠠᠯ ᠢ᠋ ᠳᠥᠭᠥᠮᠴᠢᠯᠡᠵᠦ᠍᠂ 《ᠡᠮᠦᠨ᠎ᠡ ᠲᠠᠪᠴᠠᠩ ᠳ᠋ᠤ ᠶᠡᠷᠦᠩᠬᠡᠢᠯᠡᠨ ᠭᠥᠯᠢᠶᠡᠨ ᠠᠪᠴᠤ᠌ ᠱᠢᠶ᠋ᠳᠪᠦᠷᠢᠯᠡᠵᠤ᠂ ᠠᠷᠤ ᠲᠠᠪᠴᠠᠩ ᠳ᠋ᠤ ᠲᠥᠷᠥᠯ ᠬᠤᠪᠢᠶᠠᠨ ᠬᠢᠨᠠᠨ ᠵᠥᠪᠱᠢᠶᠡᠷᠡᠵᠤ᠂ ᠨᠢᠭᠡᠳᠦᠯᠲᠡᠶ ᠴᠣᠩᠬᠤᠪᠴᠢ ᠪᠠᠷ ᠪᠢᠴᠢᠭ ᠮᠠᠲ᠋ᠧᠷᠢᠶᠠᠯ ᠭᠠᠷᠭᠠᠬᠤ》 ᠵᠠᠭ᠍ᠪᠤᠷ ᠢ᠋ ᠬᠡᠷᠡᠭ᠌ᠵᠢᠭᠦᠯᠬᠦ᠌ ᠪᠡᠷ ᠳᠠᠮᠵᠢᠨ 《ᠬᠢᠨᠠᠯᠳᠠ ᠪᠠᠢᠴᠠᠭᠠᠯᠲᠠ ᠢ᠋ᠢ ᠰᠠᠯᠭᠠᠬᠤ》 ᠢ᠋ᠢ ᠪᠡᠶᠡᠯᠡᠭᠦᠯᠵᠦ᠍᠂ ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡᠨ ᠤ᠋ ᠬᠦᠴᠦᠨ ᠴᠢᠳᠠᠪᠤᠷᠢ ᠢ᠋ᠢ ᠳᠡᠭᠡᠭ᠌ᠰᠢᠯᠡᠭᠦᠯᠪᠡ᠃ ᠤᠳᠤ ᠲᠦᠡᠭᠯᠢᠶᠤᠤ ᠬᠣᠲᠠ ᠨᠢᠬᠡᠨᠳᠡ 77 《ᠶᠡᠷᠦᠩᠬᠡᠢᠯᠡᠭ᠌ᠰᠡᠨ ᠨᠢᠭᠡ ᠴᠣᠩᠬᠣᠪᠴᠢ》 ᠢ᠋ᠢ ᠡᠬᠢᠯᠡᠨ ᠬᠡᠷᠡᠭ᠌ᠯᠡᠵᠦ᠍᠂ 2543 ᠠᠵᠢᠯ ᠢ᠋ ᠬᠦᠯᠢᠶᠡᠨ ᠠᠪᠴᠤ᠂ 24777 ᠬᠡᠷᠡᠭ ᠢ᠋ ᠰᠢᠢᠳᠪᠦᠷᠢᠯᠡᠵᠡᠢ᠃
ᠶᠤᠰᠤ ᠰᠤᠷᠲᠠᠬᠤᠨ ᠵᠢᠡᠷ ᠰᠥᠭ ᠰᠦᠨᠡᠰᠦ ᠢ᠋ᠢ ᠱᠤᠭᠤᠨ᠎ᠠ
ᠠᠵᠢᠯ ᠡᠴᠡ ᠪᠠᠨ ᠠᠮᠠᠷᠠᠭ᠍ᠰᠠᠨ ᠠᠬᠠᠮᠠᠳ ᠨᠠᠮ ᠤ᠋ᠨ ᠭᠡᠱᠢᠭᠦᠨ ᠵᠦ᠍ ᠪᠦᠦ ᠠᠨ ᠰᠠᠭᠤᠭᠠᠯᠢ ᠲᠣᠭᠣᠷᠢᠭ ᠤ᠋ᠨ ᠵᠢᠡᠨ ᠴᠡᠴᠡᠭ ᠤ᠋ᠨ ᠲᠠᠲᠠᠭᠠᠯ ᠳ᠋ᠤ ᠪᠠᠢᠩᠭᠤ ᠬᠦᠷᠴᠦ ᠠᠵᠢᠯᠯᠠᠨ᠎ᠠ ᠂ 300 ᠭᠠᠷᠤᠶ ᠴᠡᠴᠡᠭ ᠤ᠋ᠨ ᠴᠢᠬᠢ ᠲᠡᠭᠦᠨ ᠤ᠋ ᠨᠠᠷᠢᠨ ᠨᠢᠮᠪᠠᠶ ᠠᠷᠠᠴᠢᠯᠠᠭ᠎ᠠ ᠪᠡᠷ ᠬᠥᠮᠦᠰ ᠢ᠋ ᠪᠠᠶᠠᠰᠬᠠᠮ᠎ᠠ ᠤᠷᠭᠤᠵᠠᠢ᠃ ᠵᠦ᠍ ᠪᠦᠦ ᠠᠨ 2016 ᠣᠨ ᠳ᠋ᠤ ᠱᠢᠨ ᠴᠧᠩ ᠵᠡᠭᠡᠯᠢ ᠭᠤᠳᠤᠮᠵᠢ ᠢ᠋ᠢᠨ ᠮᠧᠶ ᠷᠦᠢ ᠯᠦᠩ ᠶᠤᠸᠠᠨ ᠰᠠᠭᠤᠭᠠᠯᠢ ᠠᠷᠠᠳ ᠤ᠋ᠨ ᠲᠣᠭᠣᠷᠢᠭ ᠲᠦ᠍ ᠨᠡᠭᠦᠨ ᠢᠷᠡᠵᠤ᠂ ᠰᠠᠭᠤᠭᠠᠯᠢ ᠠᠷᠠᠳ ᠤ᠋ᠨ ᠲᠣᠭᠣᠷᠢᠭ ᠲᠦ᠍ ᠠᠯᠪᠠᠨ ᠵᠢᠷᠤᠮ ᠤ᠋ᠨ ᠡᠪᠡᠰᠦ ᠳᠠᠷᠢᠭᠠᠳ ᠨᠢᠭᠡᠨᠲᠡ 6 ᠵᠢᠯ ᠪᠤᠯᠴᠢᠬᠠᠵᠠᠢ᠂ ᠰᠠᠭᠤᠭᠠᠯᠢ ᠠᠷᠠᠳ ᠤ᠋ᠨ ᠲᠣᠭᠣᠷᠢᠭ ᠤ᠋ᠨ ᠰᠠᠭᠤᠭᠠᠯᠢ ᠠᠷᠠᠳ ᠲᠡᠭᠦᠨ ᠢ᠋ ᠴᠦᠮ 《ᠯᠸᠢ ᠹᠸᠩ ᠴᠡᠴᠡᠷᠯᠢᠭ᠌ᠴᠢ》 ᠭᠡᠵᠦ᠍ ᠳᠣᠲᠣᠨᠣᠴᠢᠯᠠᠨ ᠳᠠᠭᠤᠳᠠᠳᠠᠭ ᠠᠵᠢ᠃
ᠣᠢᠷ᠎ᠠ ᠢ᠋ᠢᠨ ᠵᠢᠯ ᠳ᠋ᠤ᠂ ᠲᠦᠩᠯᠢᠶᠣᠤ ᠬᠣᠲᠠ ᠶᠣᠰᠣ ᠰᠤᠷᠲᠠᠬᠤᠨ ᠤ᠋ ᠵᠢᠱ᠌ᠢᠶᠡᠴᠢ ᠵᠢᠴᠢ ᠳᠡᠷᠭᠡᠳᠡᠬᠢ ᠰᠠᠢᠨ ᠬᠥᠮᠦᠨ ᠢ᠋ ᠰᠣᠩᠭᠤᠬᠤ ᠤᠬᠠᠭᠤᠯᠭ᠎ᠠ ᠢ᠋ᠢ ᠪᠥᠬᠥ᠌ ᠤᠯᠤᠰ ᠤ᠋ᠨ ᠪᠣᠯᠪᠠᠰᠤᠨ ᠬᠣᠲᠠ ᠢ᠋ᠢ ᠡᠭᠦᠳᠦᠨ ᠪᠠᠢᠭᠤᠯᠬᠤ ᠴᠢᠬᠤᠯᠠ ᠠᠭᠤᠯᠭ᠎ᠠ ᠪᠣᠯᠭᠠᠨ᠂ ᠲᠡᠷᠢᠭᠦᠨ ᠤ᠋ ᠨᠡᠢᠲᠡᠯᠢᠭ ᠵᠢᠱ᠌ᠢᠶ᠎ᠡ ᠪᠡᠷ ᠵᠢᠯᠣᠭᠣᠳᠣᠯᠭ᠎ᠠ ᠪᠣᠯᠭᠠᠨ ᠤᠷᠤᠭ᠍ᠰᠢᠯᠠᠯᠳᠠ ᠵᠢᠨ ᠬᠦᠴᠦᠨ ᠴᠢᠳᠠᠯ ᠣᠶᠤᠨ ᠤᠬᠠᠭᠠᠨ ᠢ᠋ ᠨᠢᠭ᠍ᠲᠠᠷᠠᠭᠤᠯᠵᠤ᠂ ᠨᠡᠢᠭᠡᠮ ᠵᠢᠷᠤᠮ ᠤ᠋ᠨ ᠭᠤᠤᠯᠯᠠᠭ᠍ᠴᠢ ᠥᠷᠲᠡᠭ ᠤ᠋ᠨ ᠦᠵᠡᠯᠲᠡ ᠢ᠋ᠢ ᠶᠡᠬᠡ ᠪᠡᠷ ᠪᠠᠳᠠᠷᠠᠭᠤᠯᠤᠨ᠂ ᠨᠡᠢᠭᠡᠮ ᠳᠠᠶᠠᠭᠠᠷ ᠵᠢᠡᠨ ᠶᠣᠰᠣ ᠰᠤᠷᠲᠠᠬᠤᠨ ᠢ᠋ ᠳᠡᠭᠡᠳᠦᠯᠡᠨ ᠪᠤᠶᠠᠨ ᠦᠢᠯᠡᠳᠬᠦ ᠭᠦᠨ ᠵᠤᠵᠠᠭᠠᠨ ᠠᠭᠤᠷ ᠠᠮᠢᠰᠭᠤᠯ ᠢ᠋ ᠪᠣᠶ ᠪᠣᠯᠭᠠᠪᠠ᠃
ᠪᠢᠴᠢᠭ ᠵᠢᠭᠠᠵᠤ ᠬᠥᠮᠦᠨ ᠬᠥᠮᠦᠵᠢᠭᠦᠯᠬᠦ᠌ ᠪᠡᠷ ᠡᠭᠦᠷᠭᠡ ᠪᠡᠨ ᠪᠣᠯᠭᠠᠵᠤ᠂ ᠰᠤᠷᠤᠭ᠍ᠴᠢᠳ ᠢ᠋ ᠦᠪᠡᠷ ᠤ᠋ᠨ ᠲᠦᠷᠦᠭᠰᠡᠨ ᠬᠡᠤᠬᠡᠳ ᠵᠢᠡᠨ ᠰᠢᠭ ᠬᠠᠢᠷᠠᠯᠠᠵᠤ ᠬᠦᠮᠦᠵᠢᠬᠦᠯᠳᠡᠭ ᠰᠠᠷᠠᠨ᠎ᠠ; ᠤᠯᠠᠨ ᠲᠦᠮᠡᠨ ᠢ᠋ ᠳᠠᠭᠠᠭᠤᠯᠤᠨ ᠠᠵᠤ ᠦᠢᠯᠡᠰ ᠢ᠋ ᠬᠥᠭ᠌ᠵᠢᠭᠦᠯᠵᠦ᠂ ᠠᠵᠤ ᠦᠢᠯᠡᠰ ᠤ᠋ᠨ ᠬᠥᠭ᠌ᠵᠢᠯ ᠮᠠᠨᠳᠤᠯ ᠢ᠋ ᠠᠬᠢᠭᠤᠯᠤᠭ᠍ᠰᠠᠨ ᠵᠢᠶᠠᠩ ᠷᠦᠢ; ᠨᠠᠰᠤᠲᠠᠨ ᠵᠢᠡᠨ ᠠᠴᠢᠯᠠᠵᠤ ᠲᠥᠷᠥᠯ ᠰᠠᠳᠤᠨ ᠵᠢᠡᠨ ᠬᠠᠢᠷᠠᠯᠠᠭ᠍ᠰᠠᠨ ᠥᠯᠢᠭᠡᠷ ᠢ᠋ ᠪᠣᠳᠠᠲᠤ ᠠᠵᠢᠯᠯᠠᠭ᠎ᠠ ᠪᠠᠷ ᠵᠢᠡᠨ ᠬᠠᠷᠠᠭᠤᠯᠤᠭᠰᠠᠨ ᠭᠤᠤ ᠢ᠋ᠢᠨ ᠫᠢᠩ ᠁ ᠡᠨᠡ ᠵᠢᠯ ᠤ᠋ᠨ1 — 5 ᠰᠠᠷ᠎ᠠ ᠪᠣᠯᠲᠠᠯ᠎ᠠ᠂ ᠲᠤᠰ ᠬᠤᠲᠠ《ᠲᠦᠩᠯᠢᠶᠣᠤ ᠬᠣᠲᠠ ᠢ᠋ᠢᠨ 33 ᠰᠠᠢᠨ ᠬᠥᠮᠦᠨ》 ᠢ᠋ ᠨᠡᠢᠲᠡᠯᠡᠵᠦ᠍᠂ ᠲᠦᠩᠯᠢᠶᠤᠤ ᠬᠤᠳᠠ ᠡᠴᠡ《ᠥᠪᠥᠷ ᠮᠣᠩᠭᠣᠯ ᠤ᠋ᠨ ᠰᠠᠢᠨ ᠬᠥᠮᠦᠨ》 ᠤ᠋ ᠨᠡᠷᠡᠰ ᠤ᠋ᠨ ᠵᠢᠭ᠍ᠰᠠᠭᠠᠯᠲᠠ ᠳ᠋ᠤ 1ᠬᠦᠮᠦᠨ ᠰᠣᠩᠭᠣᠭ᠍ᠳᠠᠨ᠂ 《ᠳᠤᠮᠳᠠᠳᠤ ᠤᠯᠤᠰ ᠤ᠋ᠨ ᠰᠠᠢᠨ ᠬᠥᠮᠦᠨ》 ᠤ᠋ ᠨᠡᠷᠡᠰ ᠤ᠋ᠨ ᠵᠢᠭ᠍ᠰᠠᠭᠠᠯᠲᠠ ᠳ᠋ᠤ 1 ᠬᠦᠮᠦᠨ ᠰᠣᠩᠭᠣᠭ᠍ᠳᠠᠭᠰᠠᠨ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃