ᠱᠢᠨ᠎᠎ᠡ ᠴᠠᠭ ᠦᠶ᠎ᠡ᠎ᠳ᠋ᠦ᠍ ᠭᠠᠪᠢᠶ᠎ᠠ ᠪᠠᠢᠭᠤᠯᠤᠶ᠎ᠠ > ᠮᠡᠳᠡᠭᠡᠯᠡᠯ

2022-07-13 09:34:25

ᠵᠣᠬᠢᠶᠠᠭ᠍ᠴᠢ᠄ ᠯᠢᠶᠠᠩ ᠯᠢᠶᠠᠩ ᠯᠢ ᠢᠦᠢ ᠵᠦᠧᠸ ᠯᠢ ᠼᠦᠨ ᠰᠢᠶᠠ ᠣᠩᠱᠢᠭ᠍ᠰᠠᠨ ᠣᠳᠠᠭ᠎ᠠ᠄ 3

ᠵᠣᠨ᠎ᠤ ᠦᠳᠡᠰᠢ᠂ ᠬᠥᠯᠥᠨ ᠪᠣᠶ᠋ᠢᠷ ᠬᠣᠲᠠ᠎ᠶᠢᠨ ᠬᠠᠢᠯᠠᠷ ᠲᠣᠭᠣᠷᠢᠭ᠋᠎ᠤᠨ ᠰᠠᠭᠤᠭᠠᠯᠢ ᠠᠷᠠᠳ ᠢᠮᠢᠨ ᠭᠣᠣᠯ᠎ᠤᠨ ᠬᠦᠪᠡᠭᠡ ᠪᠡᠷ ᠰᠡᠯᠡᠭᠦᠴᠡᠨ ᠵᠤᠭᠠᠴᠠᠨ᠎ᠠ᠃

ᠭᠣᠣᠯ᠎ᠤᠨ ᠬᠥᠪᠡᠭᠡᠨ᠎ᠦ ᠬᠣᠶᠠᠷ ᠲᠠᠯ᠎ᠠ᠎ᠪᠡᠷ ᠮᠠᠰᠢ ᠤᠯᠠᠨ ᠪᠡᠶ᠎ᠡ ᠴᠢᠭᠢᠷᠠᠭᠵᠢᠭᠤᠯᠬᠤ ᠲᠦᠭᠦᠭᠡᠷᠦᠮᠵᠢ ᠵᠢ ᠰᠢᠨ᠎ᠡ ᠪᠡᠷ ᠲᠤᠭᠢᠷᠠᠭᠤᠯᠵᠤ᠂ ᠬᠤᠳᠠ᠎ᠶᠢᠨ ᠠᠷᠠᠳ᠎ᠤᠨ ᠪᠡᠶ᠎ᠡ ᠪᠣᠯᠪᠠᠰᠤᠷᠠᠭᠤᠯᠬᠤ᠎ᠳᠤ ᠲᠦᠭᠦᠮ ᠬᠠᠩᠭᠠᠨ᠎ᠠ; ᠭᠣᠣᠯ ᠤ᠋ᠨ ᠬᠦᠪᠡᠭᠡ ᠲᠠᠭᠠᠤ ᠦᠨᠳᠦᠰᠦᠲᠡᠨ᠎ᠦ ᠪᠦᠯᠬᠦᠮᠳᠡᠯ᠂ ᠪᠣᠯᠪᠠᠰᠤᠨ᠎ᠤ ᠰᠢᠨ᠎ᠡ ᠬᠡᠪ ᠰᠤᠷᠲᠠᠯ᠎ᠢ ᠬᠠᠷᠠᠭᠤᠯᠤᠭᠰᠠᠨ ᠵᠢᠷᠤᠬᠲᠦ ᠪᠦᠲᠦᠭᠡᠯ᠎ᠦᠳ ᠬᠤᠳᠠ ᠵᠢᠨ ᠵᠢᠡᠨ ᠴᠢᠮᠡᠭ ᠪᠤᠯᠤᠨ ᠲᠡᠯᠭᠡᠭᠳᠡᠨ᠎ᠡ ᠁

ᠣᠢᠷ᠎ᠠ᠎ᠶᠢᠨ ᠵᠢᠯ᠎ᠳᠦ᠂ ᠬᠥᠯᠥᠨ ᠪᠣᠶ᠋ᠢᠷ ᠬᠣᠲᠠ 《ᠠᠷᠠᠳ ᠲᠦᠮᠡᠨ᠎ᠦ ᠲᠥᠯᠥᠭᠡ ᠡᠭᠦᠳᠦᠨ ᠪᠠᠶ᠋ᠢᠭᠤᠯᠬᠤ》 ᠵᠠᠷᠴᠢᠮ᠎ᠢ ᠪᠠᠷᠢᠮᠲᠠᠯᠠᠵᠤ᠂ ᠬᠣᠲᠠ᠎ᠶᠢᠨ ᠠᠷᠠᠳ᠎ᠤᠨ ᠪᠣᠯᠪᠠᠰᠤᠨ᠎ᠤ ᠬᠡᠪ ᠴᠢᠨᠠᠷ᠂ ᠬᠣᠲᠠ᠎ᠶᠢᠨ ᠪᠣᠯᠪᠠᠰᠤᠨ᠎ᠤ ᠬᠡᠮᠵᠢᠶ᠎ᠡ᠂ ᠣᠯᠠᠨ ᠲᠦᠮᠡᠨ᠎ᠦ ᠠᠮᠢᠳᠤᠷᠠᠯ᠎ᠤᠨ ᠴᠢᠨᠠᠷ ᠴᠢᠨᠰᠠᠭ᠎ᠠ᠎ᠶᠢ ᠬᠦᠴᠦᠯᠡᠨ ᠳᠡᠭᠡᠭᠰᠢᠯᠡᠭᠦᠯᠵᠦ᠂ ᠢᠲᠡᠭᠡᠯ ᠪᠢᠰᠢᠷᠡᠯ ᠪᠠᠲᠤ ᠴᠢᠩᠭ᠎ᠠ᠂ ᠶᠣᠰᠣ᠌ ᠰᠤᠷᠲᠠᠬᠤᠨ ᠡᠷᠬᠢᠮ ᠲᠡᠭᠡᠳᠦ᠂ ᠰᠣᠶᠣᠯ ᠤ᠋ᠨ ᠠᠭᠤᠷ ᠠᠮᠢᠰᠬᠤᠯ ᠦᠳᠬᠡᠨ ᠵᠤᠵᠠᠭᠠᠨ᠂ ᠣᠷᠣᠰᠢᠨ ᠰᠠᠭᠤᠬᠤ᠎ᠳᠤ ᠲᠣᠬᠢᠷᠠᠮᠵᠢᠲᠠᠢ᠂ ᠠᠷᠠᠳ ᠤᠯᠠᠨ ᠳ᠋ᠤ ᠬᠠᠨᠤᠮᠵᠢᠲᠠᠢ ᠪᠣᠯᠪᠠᠰᠤᠨ ᠬᠣᠲᠠ᠎ᠶᠢ ᠲᠦᠷᠭᠡᠳᠬᠡᠨ ᠪᠠᠢᠭᠤᠯᠵᠤ᠂ ᠪᠥᠬᠥ ᠠᠷᠠᠳ᠎ᠢᠶᠠᠷ᠎ᠢᠶᠠᠨ ᠣᠷᠣᠯᠴᠠᠭᠰᠠᠨ᠂ ᠪᠥᠬᠥ ᠠᠷᠠᠳ᠎ᠢᠶᠠᠷ᠎ᠢᠶᠠᠨ ᠠᠰᠢᠭ᠋ ᠭᠥᠷᠳᠡᠭᠰᠡᠨ᠂ ᠭᠠᠵᠠᠷ ᠣᠷᠣᠨ᠎ᠤ ᠪᠣᠳᠠᠲᠠᠢ᠎ᠳᠤ ᠨᠡᠢᠴᠡᠭᠰᠡᠨ ᠣᠯᠠᠨ ᠲᠦᠮᠡᠨᠴᠢ ᠴᠢᠨᠠᠷᠲᠠᠢ ᠪᠣᠯᠪᠠᠰᠤᠨ ᠬᠤᠳᠠ ᠵᠢ ᠡᠭᠦᠳᠦᠨ ᠪᠠᠶ᠋ᠢᠭᠤᠯᠬᠤ ᠵᠠᠮ᠎ᠢ ᠴᠢᠷᠮᠠᠢᠨ ᠰᠦᠪᠡᠭᠴᠢᠯᠡᠪᠡ᠃

ᠰᠡᠳᠬᠢᠯ ᠨᠢᠭᠡᠳᠴᠤ ᠠᠤᠭ᠎ᠠ ᠲᠥᠰᠥᠪ ᠎ᠢ ᠵᠢᠷᠤᠬᠯᠠᠨ᠎ᠠ

ᠬᠥᠯᠥᠨ ᠪᠣᠶ᠋ᠢᠷ ᠬᠣᠲᠠ᠎ᠶᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠪᠤᠯᠪᠠᠰᠤᠨ ᠬᠣᠲᠠ ᠵᠢ ᠡᠭᠦᠲᠦᠨ ᠪᠠᠶ᠋ᠢᠭᠤᠯᠬᠤ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠪᠣᠯᠪᠠᠰᠤᠨ ᠬᠤᠳᠠ᠎ᠶᠢ ᠡᠭᠦᠳᠦᠨ ᠪᠠᠶ᠋ᠢᠭᠤᠯᠬᠤ ᠠᠵᠢᠯ᠎ᠢ ᠭᠣᠣᠯᠳᠠᠯᠭ᠎ᠠ᠎ᠲᠠᠢ ᠢᠨᠵᠧᠨᠧᠷᠢᠩ ᠪᠣᠯᠭᠠᠨ ᠠᠳᠬᠤᠵᠤ᠂ ᠥᠨᠳᠥᠷ ᠵᠣᠭᠰᠣᠴᠠ᠎ᠠᠴᠠ ᠠᠷᠭ᠎ᠠ ᠰᠦᠪᠡᠭᠴᠢᠯᠡᠵᠦ᠂ ᠥᠨᠳᠥᠷ ᠪᠠᠷᠢᠮᠵᠢᠶ᠎ᠠ᠎ᠪᠠᠷ ᠡᠭᠦᠳᠦᠨ ᠪᠠᠢᠭᠤᠯᠵᠤ᠂ ᠥᠨᠳᠥᠷ ᠦᠷ᠎ᠡ ᠪᠦᠲᠦᠮᠵᠢ᠎ᠲᠠᠢ᠎ᠪᠡᠷ ᠠᠬᠢᠭᠤᠯᠵᠤ᠂ ᠪᠦᠬᠦ ᠬᠤᠳᠠ᠎ᠪᠠᠷ᠎ᠢᠶᠠᠨ ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠵᠤ᠂ ᠬᠤᠳᠠ᠎ᠶᠢᠨ ᠪᠣᠯᠪᠠᠰᠤᠨ᠎ᠤ ᠬᠡᠮᠵᠢᠶ᠎ᠡ ᠪᠠ ᠬᠤᠳᠠ᠎ᠶᠢᠨ ᠠᠷᠠᠳ᠎ᠤᠨ ᠪᠣᠯᠪᠠᠰᠤᠨ᠎ᠤ ᠬᠡᠪ ᠪᠣᠯᠪᠠᠰᠤᠷᠠᠯ᠎ᠢ ᠪᠦᠲᠦᠮᠵᠢᠲᠡᠢ ᠳᠡᠭᠡᠭᠰᠢᠯᠡᠭᠦᠯᠵᠦ᠂ ᠠᠷᠠᠳ ᠤᠯᠠᠨ᠎ᠤ ᠬᠦᠷᠲᠡᠮᠵᠢ᠎ᠶᠢᠨ ᠲᠥᠷᠥᠭᠳᠡᠯ ᠪᠠ ᠵᠢᠷᠭᠠᠯᠲᠦ ᠲᠥᠷᠥᠭᠳᠡᠯ᠎ᠢ ᠲᠠᠰᠤᠷᠠᠯᠳᠠ ᠦᠭᠡᠢ ᠨᠡᠮᠡᠭᠳᠡᠭᠦᠯᠪᠡ᠃

ᠬᠤᠳᠠ᠎ᠶᠢᠨ ᠨᠠᠮ᠎ᠤᠨ ᠬᠣᠷᠢᠶ᠎ᠠ᠎ᠶᠢᠨ ᠱᠦᠵᠢ᠎ᠪᠡᠷ ᠶᠡᠷᠦᠩᠬᠡᠢ ᠵᠢᠯᠣᠭᠣᠳᠤᠭ᠍ᠴᠢ ᠪᠣᠯᠭᠠᠭᠰᠠᠨ᠂ ᠬᠤᠳᠠ᠎ᠶᠢᠨ ᠳᠠᠷᠤᠭ᠎ᠠ᠎ᠪᠠᠷ ᠳᠡᠳ᠋ ᠶᠡᠷᠦᠩᠬᠡᠢ ᠵᠢᠯᠣᠭᠣᠳᠤᠭ᠍ᠴᠢ ᠪᠣᠯᠭᠠᠭᠰᠠᠨ ᠡᠭᠦᠳᠦᠨ ᠪᠠᠶ᠋ᠢᠭᠤᠯᠬᠤ ᠠᠵᠢᠯ᠎ᠤᠨ ᠵᠢᠯᠤᠭᠣᠳᠬᠤ ᠭᠠᠵᠠᠷ᠎ᠢ ᠪᠠᠢᠭᠤᠯᠵᠤ᠂ ᠡᠭᠦᠳᠦᠨ ᠪᠠᠶ᠋ᠢᠭᠤᠯᠬᠤ ᠠᠵᠢᠯ᠎ᠢ ᠬᠤᠳᠠ᠎ᠶᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠡᠳᠦᠷ ᠳᠤᠳᠤᠮ᠎ᠤᠨ ᠴᠢᠬᠤᠯᠠ ᠵᠥᠪᠯᠡᠬᠦ ᠵᠦᠢᠯ ᠳ᠋ᠡᠭᠡᠨ ᠣᠷᠣᠭᠤᠯᠪᠠ;ᠲᠦᠷᠪᠡᠨ ᠱᠠᠲᠤᠨ᠎ᠤ ᠳᠠᠭᠠᠭᠠᠴᠢᠯᠠᠨ ᠬᠠᠷᠢᠯᠴᠠᠬᠤ ᠬᠠᠷᠢᠭᠤᠴᠠᠯᠭ᠎ᠠ᠎ᠶᠢᠨ ᠰᠢᠰᠲᠧᠮ᠎ᠢ ᠬᠡᠷᠡᠭᠵᠢᠭᠦᠯᠵᠦ᠂ ᠲᠢᠩᠬᠢᠮ᠎ᠦᠨ ᠱᠠᠲᠤᠨ᠎ᠤ ᠺᠠᠳ᠋ᠷ᠎ᠢ ᠱᠠᠯᠠᠪᠲᠠᠭᠤᠯᠤᠨ ᠰᠢᠢᠳᠪᠦᠷᠢᠯᠡᠭᠦᠯᠬᠦ ᠲᠣᠭᠲᠠᠴᠠ ᠪᠠ ᠳᠠᠭᠠᠭᠠᠴᠢᠯᠠᠨ ᠬᠠᠷᠢᠯᠴᠠᠵᠦ ᠬᠠᠮᠲᠤ᠎ᠪᠠᠷ ᠪᠠᠶ᠋ᠢᠭᠤᠯᠬᠤ ᠲᠣᠭᠲᠠᠴᠠ᠎ᠶᠢ ᠪᠠᠢᠭᠤᠯᠪᠠ;ᠪᠠᠢᠩᠭᠤᠵᠢᠭᠤᠯᠤᠭᠰᠠᠨ ᠲᠣᠬᠢᠷᠠᠭᠤᠯᠬᠤ ᠲᠣᠭᠲᠠᠴᠠ᠎ᠶᠢ᠎ᠪᠠᠢᠭᠤᠯᠵᠤ᠂ ᠳᠠᠢᠴᠢᠯᠠᠯᠲᠠ᠎ᠶᠢᠨ ᠬᠤᠷᠠᠯ᠂ ᠠᠬᠢᠭᠤᠯᠬᠤ ᠬᠤᠷᠠᠯ᠂ ᠲᠣᠬᠢᠷᠠᠭᠤᠯᠤᠯᠲᠠ ᠢ᠋ᠢᠨ ᠬᠤᠷᠠᠯ ᠵᠡᠷᠭᠡ᠎ᠶᠢ ᠲᠣᠭᠲᠠᠮᠠᠯ ᠬᠤᠭᠤᠴᠠᠭ᠎ᠠ᠎ᠲᠠᠢ᠎ᠪᠠᠷ ᠬᠤᠷᠠᠯᠳᠤᠭᠤᠯᠵᠤ᠂ ᠬᠢᠨᠠᠨ ᠲᠣᠭᠲᠠᠭᠠᠬᠤ ᠭᠦᠢᠴᠡᠳᠬᠡᠬᠦ ᠲᠣᠭ᠎ᠠ᠎ᠶᠢ ᠨᠠᠷᠢᠯᠢᠭ᠍ᠵᠢᠭᠤᠯᠤᠨ ᠵᠠᠳᠠᠯᠵᠤ᠂ ᠡᠯ᠎ᠡ ᠵᠦᠢᠯ᠎ᠦᠨ ᠡᠭᠦᠷᠭᠡ᠎ᠶᠢᠨ ᠬᠠᠷᠢᠭᠤᠴᠠᠯᠭ᠎ᠠ᠎ᠶᠢᠨ ᠭᠣᠣᠯ ᠴᠣᠭᠴᠠ᠂ ᠴᠠᠭ᠎ᠤᠨ ᠬᠦᠰᠦᠨᠦᠭᠲᠦ ᠪᠠ ᠵᠠᠮ ᠱᠤᠭᠤᠮ᠎ᠤᠨ ᠵᠢᠷᠤᠭ᠎ᠢ ᠲᠣᠳᠣᠷᠬᠠᠢᠯᠠᠪᠠ᠃

ᠪᠦᠬᠦ ᠬᠣᠲᠠ᠎ᠶᠢᠨ ᠡᠯ᠎ᠡ ᠱᠠᠲᠤᠨ᠎ᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠬᠠᠷᠢᠭᠤᠴᠠᠯᠭ᠎ᠠ᠎ᠶᠢᠨ ᠬᠡᠯᠬᠢᠶ᠎ᠡ᠎ᠶᠢ ᠴᠢᠩᠭᠠᠯᠠᠵᠤ᠂ ᠬᠢᠨᠠᠨ ᠰᠢᠯᠭᠠᠵᠤ ᠤᠷᠮᠠᠰᠢᠭᠤᠯᠬᠤ᠎ᠶᠢ ᠴᠢᠩᠭᠠᠳᠬᠠᠵᠤ᠂ ᠦᠷᠭᠦᠯᠵᠢᠯᠡᠨ ᠮᠥᠷᠳᠡᠨ ᠳᠠᠭᠠᠵᠤ ᠦᠷ᠎ᠡ ᠪᠦᠲᠦᠮᠵᠢ᠎ᠶᠢ ᠨᠢ ᠠᠰᠠᠭᠤᠵᠤ᠂ ᠥᠷᠭᠡᠨ᠎ᠢᠶᠡᠷ ᠤᠬᠠᠭᠤᠯᠤᠨ ᠲᠠᠢ᠍ᠢᠴᠢᠯᠠᠵᠤ᠂ ᠪᠣᠳᠠᠲᠠᠢ ᠠᠵᠢᠯᠯᠠᠬᠤ ᠤᠳᠤᠷᠢᠳᠤᠮᠵᠢ᠎ᠶᠢ ᠪᠠᠲᠤᠳᠬᠠᠵᠤ᠂ ᠡᠯ᠎ᠡ ᠵᠦᠢᠯ᠎ᠦᠨ ᠬᠠᠷᠠᠯᠲᠠ ᠡᠭᠦᠷᠭᠡ᠎ᠶᠢ ᠪᠣᠳᠠᠲᠠᠢ᠎ᠳᠤ ᠨᠠᠢᠳᠠᠪᠤᠷᠢᠵᠢᠭᠤᠯᠤᠨ ᠨᠠᠷᠢᠯᠢᠭ᠍ᠵᠢᠭᠤᠯᠬᠤ᠎ᠶᠢ ᠪᠦᠬᠦ ᠬᠦᠴᠦᠨ᠎ᠢᠶᠡᠷ᠎ᠢᠶᠡᠨ ᠪᠠᠲᠤᠯᠠᠵᠤ᠂ ᠰᠢᠨ᠎ᠡ ᠪᠠᠢᠳᠠᠯ ᠰᠢᠨ᠎ᠡ ᠵᠢᠳᠬᠦᠯ ᠴᠢᠷᠮᠠᠢᠯᠭ᠎ᠠ᠎ᠪᠠᠷ ᠪᠣᠯᠪᠠᠰᠤᠨ ᠬᠤᠳᠠ᠎ᠶᠢ ᠡᠭᠦᠳᠦᠨ ᠪᠠᠶ᠋ᠢᠭᠤᠯᠬᠤ ᠰᠢᠨ᠎ᠡ ᠪᠠᠢᠳᠠᠯ᠎ᠢ ᠴᠢᠷᠮᠠᠢᠨ ᠡᠭᠦᠳᠪᠠ᠃

ᠡᠭᠦᠨ᠎ᠦ ᠬᠠᠮᠲᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠣᠨ ᠡᠯ᠎ᠡ ᠱᠠᠲᠤᠨ᠎ᠤ ᠤᠯᠠᠨ ᠲᠦᠮᠡᠨ᠎ᠦ ᠪᠦᠯᠬᠦᠮ᠎ᠦᠨ ᠰᠠᠯᠠᠭ᠎ᠠ ᠮᠥᠴᠢᠷ᠎ᠦᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠲᠣᠣᠷᠵᠢᠭᠤᠯᠤᠭᠰᠠᠨ ᠬᠠᠮᠢᠶᠠᠷᠤᠯᠲᠠ᠎ᠶᠢᠨ ᠲᠣᠭᠲᠠᠴᠠ ᠵᠢ ᠰᠠᠢᠲᠤᠷ ᠠᠰᠢᠭ᠍ᠯᠠᠵᠤ᠂ ᠬᠠᠮᠢᠶᠠᠷᠤᠯᠲᠠ ᠪᠣᠯᠣᠨ ᠦᠢᠯᠡᠴᠢᠯᠡᠭᠡ᠎ᠶᠢ ᠵᠡᠷᠭᠡ ᠪᠡᠷ ᠴᠢᠬᠤᠯᠠᠴᠢᠯᠠᠬᠤ᠎ᠶᠢ ᠪᠠᠷᠢᠮᠲᠠᠯᠠᠵᠤ᠂ ᠤᠯᠠᠨ ᠲᠦᠮᠡᠨ᠎ᠦ ᠬᠡᠷᠡᠭᠴᠡᠭᠡ ᠱᠠᠭᠠᠷᠳᠠᠯᠭ᠎ᠠ ᠪᠣᠯᠣᠨ ᠡᠭᠦᠳᠦᠨ ᠪᠠᠶ᠋ᠢᠭᠤᠯᠬᠤ ᠠᠵᠢᠯ᠎ᠤᠨ ᠨᠡᠢᠯᠡᠯ ᠴᠡᠭ᠎ᠢ ᠣᠨᠣᠪᠴᠢᠲᠠᠢ ᠣᠯᠵᠤ᠂ ᠤᠯᠠᠨ ᠲᠦᠮᠡᠨ᠎ᠦ ᠠᠩᠬᠠᠷᠴᠤ ᠪᠠᠢᠭ᠎ᠠ ᠬᠦᠴᠢᠷ ᠠᠰᠠᠭᠤᠳᠠᠯ᠎ᠢ ᠦᠨᠡᠨ ᠬᠦ᠌ ᠰᠠᠢᠲᠤᠷ ᠰᠢᠢᠳᠪᠦᠷᠢᠯᠡᠵᠦ ᠪᠣᠳᠠᠲᠤ ᠠᠰᠢᠭ᠋ ᠬᠦᠷᠲᠡᠭᠡᠪᠡ᠃

ᠤᠯᠠᠨ ᠲᠦᠮᠡᠨ᠎ᠤ ᠬᠦᠷᠲᠡᠮᠵᠢ᠎ᠶ᠋ᠢᠨ ᠲᠦᠷᠦᠭ᠌ᠳᠡᠯ᠎ᠢ ᠨᠡᠮᠡᠭᠳᠡᠬᠥᠯᠤᠨ᠎ᠠ

《ᠣᠷᠣᠱᠢᠨ ᠰᠠᠭᠤᠬᠤ ᠣᠷᠴᠢᠨ ᠲᠣᠭᠣᠷᠢᠨ ᠠᠭᠠᠵᠢᠮ᠎ᠢᠶᠠᠷ ᠰᠠᠢᠵᠢᠷᠠᠵᠤ ᠪᠠᠢᠬᠤ᠎ᠶ᠋ᠢ ᠦᠵᠡᠭᠡᠳ ᠮᠠᠰᠢ ᠪᠠᠶᠠᠷ ᠲᠠᠢ ᠪᠠᠢᠨ᠎ᠠ᠃ ᠥᠭᠡᠷᠡᠴᠢᠯᠡᠨ ᠪᠠᠢᠭᠤᠯᠬᠤ ᠲᠥᠷᠥᠯ ᠵᠦᠶ᠋ᠯ ᠡᠷᠲᠡᠬᠡᠨ ᠳᠠᠭᠤᠰᠭᠤ᠎ᠶ᠋ᠢ ᠬᠦᠰᠡᠵᠦ᠍ ᠪᠠᠢᠨ᠎ᠠ! 》 ᠭᠡᠵᠦ᠍ ᠢᠮᠢᠨ ᠰᠠᠭᠤᠭᠠᠯᠢ ᠠᠷᠠᠳ᠎ᠤᠨ ᠲᠣᠭᠣᠷᠢᠭ᠎ᠤᠨ ᠰᠠᠭᠤᠭᠠᠯᠢ ᠠᠷᠠᠳ ᠵᠦ᠍ ᠱᠢᠸ᠋ ᠴᠢᠨ ᠶᠠᠷᠢᠨ᠎ᠠ᠃ ᠬᠠᠭᠤᠴᠢᠨ ᠰᠠᠭᠤᠭᠠᠯᠢ ᠲᠣᠭᠣᠷᠢᠭ᠎ᠢ ᠥᠭᠡᠷᠡᠴᠢᠯᠡᠨ ᠱᠢᠨᠡᠳᠭᠡᠬᠦ᠌ ᠪᠣᠯ ᠣᠯᠠᠨ ᠲᠦᠮᠡᠨ᠎ᠦ ᠦᠨᠡᠨ ᠪᠣᠳᠠᠲᠠᠶ ᠠᠱᠢᠭ ᠲᠤᠰᠠ᠎ᠳᠤ ᠬᠣᠯᠪᠣᠭ᠍ᠳᠠᠬᠤ ᠠᠷᠠᠳ᠎ᠤᠨ ᠠᠮᠢᠳᠤᠷᠠᠯ᠎ᠤᠨ ᠢᠨᠵᠧᠨᠧᠷᠢᠩ ᠪᠣᠯᠬᠤ ᠪᠥᠭᠡᠳ ᠬᠣᠲᠠ ᠶ᠋ᠢᠨ ᠪᠦᠬᠦᠯᠢ ᠴᠣᠭ᠍ᠴᠠ᠎ᠶ᠋ᠢᠨ ᠳᠡᠭᠡᠭ᠌ᠰᠢᠯᠡᠯᠲᠡ᠎ᠶ᠋ᠢ ᠠᠬᠢᠭᠤᠯᠬᠤ ᠢᠨᠵᠧᠨᠧᠷᠢᠩ ᠪᠣᠯᠤᠨ᠎ᠠ᠃ ᠡᠨᠡ ᠵᠢᠯ᠂ ᠬᠠᠢᠯᠠᠷ ᠲᠣᠭᠣᠷᠢᠭ 85 ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠎ᠤᠨ ᠨᠡᠢᠲᠡ 251 ᠰᠠᠭᠤᠷᠢ ᠠᠰᠠᠷ᠎ᠢ ᠥᠭᠡᠷᠡᠴᠢᠯᠡᠨ ᠱᠢᠨᠡᠳᠭᠡᠬᠦ᠌᠎ᠪᠡᠷ ᠲᠥᠯᠥᠪᠯᠡᠵᠠᠢ᠃ ᠶᠡᠷᠦᠩᠬᠡᠶ ᠪᠠᠷᠢᠯᠭ᠎ᠠ᠎ᠶ᠋ᠢᠨ ᠲᠠᠯᠠᠪᠠᠶ᠎ᠨᠢ 81 ᠲᠦᠮᠡᠨ ᠲᠡᠭ᠌ᠰᠢ ᠳᠥᠷᠪᠡᠯᠵᠢᠨ ᠮᠧᠲ᠋ᠷ ᠲᠸ᠋ ᠪᠠᠢᠵᠤ᠂ 8431 ᠡᠷᠦᠬᠡ᠎ᠳᠦ ᠬᠣᠯᠪᠣᠭ᠍ᠳᠠᠵᠤ᠂ ᠶᠡᠷᠦᠩᠬᠡᠶ ᠪᠠᠯᠠ ᠣᠷᠣᠭᠤᠯᠤᠯᠲᠠ᠎ᠨᠢ ᠪᠠᠷᠤᠭ 2.85 ᠳ᠋ᠦᠩᠱᠢᠭᠤᠷ ᠲᠥᠭᠥᠷᠢᠭ᠎ᠲᠦ ᠬᠦᠷᠴᠦ᠍᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ᠎ᠶ᠋ᠢᠨ ᠬᠠᠮᠲᠤ ᠬᠣᠲᠠ᠎ᠶ᠋ᠢᠨ ᠪᠦᠬᠦᠯᠢ ᠴᠣᠭ᠍ᠴᠠ᠎ᠶ᠋ᠢᠨ ᠳᠦᠷᠢ ᠲᠥᠷᠬᠦ᠌᠎ᠶ᠋ᠢ ᠳᠡᠭᠡᠭ᠌ᠰᠢᠯᠡᠭᠦᠯᠵᠦ᠍᠂ ᠬᠠᠭᠤᠴᠢᠨ ᠰᠠᠭᠤᠭᠠᠯᠢ ᠲᠣᠭᠣᠷᠢᠭ᠎ᠤᠨ ᠰᠠᠭᠤᠭᠠᠯᠢ ᠠᠷᠠᠳ᠎ᠲᠤ ᠥᠭᠡᠷᠡᠴᠢᠯᠡᠯᠲᠡ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠡᠳ᠋ᠯᠡᠭᠦᠯᠦᠨ᠎ᠡ᠃ ᠪᠠᠰᠠ᠂ ᠬᠥᠯᠥᠨ ᠪᠣᠢᠷ ᠬᠣᠲᠠ᠎ᠶ᠋ᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠬᠣᠲᠠ᠎ᠶ᠋ᠢᠨ ᠦᠶ᠋ᠯᠡᠴᠢᠯᠡᠭᠡᠨ᠎ᠦ ᠴᠢᠳᠠᠪᠬᠢ᠎ᠶ᠋ᠢ ᠢᠳᠡᠪᠬᠢᠲᠡᠶ ᠲᠡᠭᠦᠯᠳᠡᠷᠵᠢᠭᠦᠯᠵᠦ᠍᠂ 《ᠬᠠᠷᠮᠠᠨ ᠴᠡᠴᠡᠷᠯᠢᠭ》 ᠎ᠤ᠋ᠨ ᠪᠥᠲᠥᠭᠡᠨ ᠪᠠᠢᠭᠤᠯᠤᠯᠲᠠ᠎ᠶ᠋ᠢ ᠬᠡᠷᠡᠭ᠌ᠵᠢᠭᠦᠯᠵᠦ᠍᠂ ᠨᠣᠭᠣᠭᠠᠷᠠᠭᠤᠯᠤᠯᠲᠠ᠎ᠶ᠋ᠢᠨ ᠣᠷᠣᠨ ᠵᠠᠶ᠎ᠶ᠋ᠢ ᠤᠯᠠᠮ ᠨᠢᠭᠡ ᠠᠯᠬᠤᠮ ᠥᠷᠭᠡᠳᠭᠡᠨ᠂ ᠬᠣᠲᠠ᠎ᠶ᠋ᠢᠨ ᠨᠣᠭᠣᠭᠠᠷᠠᠭᠤᠯᠤᠯᠲᠠ ᠶ᠋ᠢᠨ ᠬᠡᠮᠵᠢᠶ᠎ᠡ᠎ᠶ᠋ᠢ ᠨᠡᠮᠡᠭ᠌ᠳᠡᠭᠦᠯᠵᠦ᠍᠂ ᠬᠣᠲᠠ᠎ᠶ᠋ᠢᠨ ᠴᠢᠨᠠᠷ ᠲᠠᠰ᠎ᠢ ᠳᠡᠭᠡᠭ᠌ᠰᠢᠯᠡᠭᠦᠯᠬᠦ᠎ᠵᠢ ᠦᠨᠡᠨ ᠬᠦ᠌ ᠪᠠᠲᠤᠯᠠᠪᠠ᠃

ᠪᠤᠯᠪᠠᠰᠤᠨ ᠬᠤᠳᠠ ᠵᠢ ᠡᠬᠦᠳᠦᠨ ᠪᠠᠢᠭᠤᠯᠬᠤ ᠠᠵᠢᠯ᠎ᠢ ᠥᠷᠨᠢᠭᠦᠯᠦᠭ᠌ᠰᠡᠨ᠎ᠡᠴᠡ ᠨᠠᠭᠠᠰᠢ᠂ ᠬᠥᠯᠥᠨ ᠪᠣᠢᠷ ᠬᠣᠲᠠ ᠨᠡᠢᠲᠡ 26.59 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠵᠤ᠂ ᠬᠣᠲᠠ᠎ᠶ᠋ᠢᠨ ᠰᠠᠭᠤᠷᠢ ᠲᠦᠬᠦᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠬᠡᠪᠴᠢᠶ᠎ᠡ᠎ᠶ᠋ᠢ ᠥᠷᠭᠡᠳᠭᠡᠬᠦ᠌᠂ ᠲᠠᠰ ᠳᠡᠪᠱᠢᠭᠦᠯᠬᠦ᠌᠎ᠶ᠋ᠢ ᠠᠬᠢᠭᠤᠯᠪᠠ᠃ ᠬᠣᠲᠠ᠎ᠶ᠋ᠢᠨ ᠭᠣᠣᠯ ᠵᠠᠮ ᠪᠠ ᠲᠤᠰᠠᠯᠠᠬᠤ ᠵᠠᠮ ᠎ᠢ 67 ᠵᠤᠷᠪᠤᠰ᠂ ᠬᠣᠲᠠ᠎ᠶ᠋ᠢᠨ ᠶᠠᠪᠤᠳᠠᠯ᠎ᠤᠨ ᠵᠠᠮ ᠎ᠢ 25 ᠵᠤᠷᠪᠤᠰ ᠱᠢᠨ᠎ᠡ᠎ᠪᠡᠷ ᠪᠠᠢᠭᠤᠯᠬᠤ ᠪᠤᠶᠤ ᠥᠭᠡᠷᠡᠴᠢᠯᠡᠨ᠎ᠪᠠᠢᠭᠤᠯᠵᠤ᠂ ᠬᠣᠲᠠ᠎ᠶ᠋ᠢᠨ ᠵᠠᠮ᠎ᠤᠨ ᠲᠣᠣᠷ᠎ᠤᠨ ᠲᠥᠯᠥᠪᠵᠢᠭᠦᠯᠭᠡ᠎ᠶ᠋ᠢ ᠠᠯᠬᠤᠮ ᠠᠯᠬᠤᠮ᠎ᠢᠶᠠᠷ ᠲᠡᠭᠦᠯᠳᠡᠷᠵᠢᠭᠦᠯᠦᠨ᠎ᠡ; 162 ᠲᠦᠮᠡᠨ ᠲᠡᠭ᠌ᠰᠢ ᠳᠥᠷᠪᠡᠯᠵᠢᠨ ᠮᠧᠲᠷ᠎ᠤᠨ ᠬᠠᠭᠤᠴᠢᠨ ᠰᠠᠭᠤᠭᠠᠯᠢ ᠲᠣᠭᠣᠷᠢᠭ᠎ᠲᠤ ᠥᠭᠡᠷᠡᠴᠢᠯᠡᠯᠲᠡ ᠬᠢᠵᠦ᠍᠂ 22740 ᠡᠷᠦᠬᠡ ᠰᠠᠭᠤᠭᠠᠯᠢ ᠠᠷᠠᠳ᠎ᠲᠤ ᠠᠱᠢᠭ ᠬᠦᠷᠲᠡᠭᠡᠪᠡ; ᠨᠢᠭᠡᠨᠲᠡ ᠪᠠᠢᠭᠤᠯᠤᠭᠠᠳ ᠪᠠᠢᠭ᠎ᠠ ᠪᠠᠷᠢᠯᠭ᠎ᠠ᠎ᠳᠤ ᠡᠨᠧᠷᠭᠢ ᠠᠷᠪᠢᠯᠠᠬᠤ ᠥᠭᠡᠷᠡᠴᠢᠯᠡᠯᠲᠡ ᠬᠢᠬᠦ᠌᠂ 161 ᠠᠰᠠᠷ᠎ᠢ ᠥᠭᠡᠷᠡᠴᠢᠯᠡᠨ ᠪᠠᠢᠭᠤᠯᠬᠤ ᠠᠵᠢᠯ᠎ᠢ ᠡᠬᠢᠯᠡᠬᠦᠯᠪᠡ᠂ ᠶᠡᠷᠦᠩᠬᠡᠶ ᠪᠠᠷᠢᠯᠭ᠎ᠠ᠎ᠶ᠋ᠢᠨ ᠲᠠᠯᠠᠪᠠᠶ ᠨᠢ 28.7 ᠲᠦᠮᠡᠨ ᠲᠡᠭ᠌ᠰᠢ ᠳᠥᠷᠪᠡᠯᠵᠢᠨ ᠮᠧᠲ᠋ᠷ ᠲᠸ᠋ ᠬᠦᠷᠴᠡᠢ; ᠬᠣᠲᠠ ᠪᠠᠯᠭᠠᠰᠤᠨ᠎ᠤ ᠰᠠᠭᠤᠷᠢ ᠲᠥᠬᠥᠭᠡᠷᠦᠮᠵᠢ᠎ᠶ᠋ᠢ ᠱᠢᠨᠡᠳᠭᠡᠬᠦ᠌ ᠢᠨᠵᠧᠨᠧᠷᠢᠩ᠎ᠢ ᠬᠡᠷᠡᠭ᠌ᠵᠢᠭᠦᠯᠵᠦ᠍᠂ ᠮᠠᠯᠵᠢᠬᠤ ᠲᠠᠷᠢᠶᠠᠯᠠᠬᠤ ᠣᠷᠣᠨ᠎ᠤ ᠣᠷᠴᠢᠨ ᠲᠣᠭᠣᠷᠢᠨ᠎ᠤ ᠡᠷᠡᠭᠦᠯ ᠬᠠᠮᠠᠭᠠᠯᠠᠯ᠎ᠢ ᠶᠡᠷᠦᠩᠬᠡᠢᠯᠡᠨ ᠴᠡᠭ᠌ᠴᠡᠯᠡᠨ ᠵᠠᠰᠠᠬᠤ᠎ᠶ᠋ᠢ ᠦᠷᠭᠦᠯᠵᠢᠯᠡᠨ ᠴᠢᠩᠭᠠᠳᠭᠠᠵᠤ᠂ ᠵᠡᠭᠡᠯᠢ ᠭᠤᠳᠤᠮᠵᠢ ᠴᠡᠪᠡᠷ ᠲᠡᠭ᠌ᠰᠢ᠂ ᠵᠠᠮ ᠬᠠᠷᠢᠯᠴᠠᠭ᠎ᠠ ᠡᠮᠬᠢ ᠴᠡᠭ᠌ᠴᠡ᠎ᠲᠡᠶ ᠪᠣᠯᠪᠠ ᠁ ᠬᠥᠯᠥᠨ ᠪᠤᠢ᠌ᠷ ᠬᠤᠳᠠ ᠤᠯᠠᠨ ᠲᠦᠮᠡᠨ᠎ᠦ ᠠᠮᠢᠳᠤᠷᠠᠯ᠎ᠤᠨ ᠬᠦᠰᠡᠯ ᠱᠠᠭᠠᠷᠳᠠᠯᠭ᠎ᠠ᠎ᠵᠢᠨ ᠲᠤᠭᠤᠷᠢᠨ ᠳ᠋ᠤ ᠰᠠᠭᠤᠭᠠᠯᠢ ᠠᠷᠠᠳ᠎ᠤᠨ ᠠᠮᠢᠳᠤᠷᠠᠯ᠎ᠤᠨ ᠣᠷᠴᠢᠨ ᠲᠣᠭᠣᠷᠢᠨ᠎ᠢ ᠤᠯᠠᠮ ᠴᠢᠨᠠᠭ᠍ᠰᠢᠳᠠ ᠰᠠᠢᠵᠢᠷᠠᠭᠤᠯᠬᠤ᠎ᠶ᠋ᠢᠨ ᠵᠡᠷᠭᠡ᠎ᠪᠡᠷ ᠪᠦᠬᠦ᠌ ᠤᠯᠤᠰ᠎ᠤᠨ ᠪᠣᠯᠪᠠᠰᠤᠨ ᠬᠤᠳᠠ᠎ᠶ᠋ᠢ ᠡᠭᠦᠳᠦᠨ ᠪᠠᠢᠭᠤᠯᠬᠤ ᠰᠠᠭᠤᠷᠢ᠎ᠪᠠᠨ ᠪᠡᠬᠢᠵᠢᠭᠦᠯᠵᠦ᠍᠂ ᠥᠷᠭᠡᠨ ᠤᠯᠠᠨ ᠬᠤᠳᠠ᠎ᠶ᠋ᠢᠨ ᠠᠷᠠᠳ᠎ᠲᠤ ᠨᠢᠳᠤᠨ᠎ᠳᠦ ᠦᠵᠡᠭ᠌ᠳᠡᠵᠦ᠍ ᠭᠠᠷ᠎ᠲᠤ ᠪᠠᠷᠢᠭ᠍ᠳᠠᠮ᠎ᠠ ᠠᠱᠢᠭ ᠬᠦᠷᠲᠡᠭᠡᠵᠦ᠍᠂ ᠤᠯᠠᠨ ᠲᠦᠮᠡᠨ᠎ᠦ ᠵᠣᠯ ᠵᠢᠷᠭᠠᠯ᠎ᠤᠨ ᠬᠡᠮᠵᠢᠶ᠎ᠡ ᠶ᠋ᠢ ᠶᠡᠬᠡ᠎ᠪᠡᠷ ᠳᠡᠭᠡᠭ᠌ᠰᠢᠯᠡᠭᠦᠯᠪᠡ᠃

ᠪᠣᠯᠪᠠᠰᠤᠨ᠎ᠤ ᠦᠷ᠎ᠡ ᠪᠦᠲᠦᠭᠡᠯ᠎ᠢ ᠬᠠᠮᠲᠤ ᠪᠠᠷ ᠡᠳ᠋ᠯᠡᠬᠥᠯᠤᠨ᠎ᠡ

ᠤᠢ᠍ᠢᠷ᠎ᠠ᠎ᠳᠤ᠂ ᠬᠠᠢᠯᠠᠷ ᠲᠣᠭᠣᠷᠢᠭ᠎ᠤᠨ ᠱᠧᠩ ᠯᠢ ᠵᠡᠭᠡᠯᠢ ᠭᠤᠳᠤᠮᠵᠢ᠎ᠶ᠋ᠢᠨ ᠶᠤᠸᠠᠨ ᠳ᠋ᠢᠩ ᠨᠡᠢᠭᠡᠮ ᠲᠣᠭᠣᠷᠢᠭ᠎ᠤᠨ ᠬᠢᠨ ᠦᠷᠭᠦᠯᠵᠢ ᠨᠡᠢᠭᠡᠮ ᠲᠣᠭᠣᠷᠢᠭ᠎ᠤᠨ ᠠᠵᠢᠯᠳᠠᠨ᠂ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠢᠯᠡᠳᠦᠯᠭᠡ᠎ᠶ᠋ᠢᠨ ᠰᠠᠢ᠌ᠨ ᠳᠤᠷᠠᠴᠤᠤᠯ ᠪᠠ ᠬᠠᠷᠢᠶ᠎ᠠ ᠲᠣᠭᠣᠷᠢᠭ᠎ᠤᠨ ᠰᠠᠭᠤᠭᠠᠯᠢ ᠠᠷᠠᠳ᠎ᠢ ᠵᠣᠬᠢᠶᠠᠨ ᠪᠠᠢᠭᠤᠯᠤᠨ ᠬᠤᠳᠠ ᠪᠠᠢᠭᠤᠯᠬᠤ ᠰᠠᠢ᠌ᠨ ᠳᠤᠷ᠎ᠠ᠎ᠶ᠋ᠢᠨ ᠦᠢᠯᠡᠴᠢᠯᠡᠭᠡᠨ᠎ᠦ ᠠᠵᠢᠯᠯᠠᠭ᠎ᠠ ᠥᠷᠨᠢᠭᠦᠯᠵᠦ᠍᠂ ᠤᠯᠠᠨ᠎ᠢᠶᠠᠷ᠎ᠢᠶᠠᠨ ᠠᠭᠤᠳᠠᠮ ᠲᠠᠯᠠᠪᠠᠢ᠂ ᠰᠠᠭᠤᠭᠠᠯᠢ ᠲᠣᠭᠣᠷᠢᠭ᠎ᠤᠨ ᠬᠣᠭ ᠨᠣᠪᠰᠢ᠎ᠶ᠋ᠢ ᠴᠡᠪᠡᠷᠯᠡᠵᠦ᠍᠂ ᠠᠰᠠᠷ᠎ᠤᠨ ᠭᠤᠳᠤᠮᠵᠢ ᠵᠢᠨ ᠵᠠᠷ ᠮᠡᠳᠡᠭᠡ᠎ᠶ᠋ᠢ ᠠᠷᠢᠯᠭᠠᠨ᠎ᠠ ᠁ ᠥᠷᠭᠡᠨ ᠤᠯᠠᠨ ᠰᠠᠭᠤᠭᠠᠯᠢ ᠠᠷᠠᠳ ᠪᠣᠳᠠᠲᠤ ᠠᠵᠢᠯᠯᠠᠭ᠎ᠠ᠎ᠪᠠᠷ᠎ᠢᠶᠠᠨ ᠣᠷᠣᠱᠢᠨ ᠰᠠᠭᠤᠷᠢᠰᠢᠬᠤ᠎ᠳᠤ ᠲᠣᠬᠢᠷᠠᠮᠵᠢᠲᠠᠢ ᠣᠷᠴᠢᠨ ᠲᠣᠭᠣᠷᠢᠨ᠎ᠢ ᠪᠠᠢᠭᠤᠯᠬᠤ᠎ᠳᠤ ᠬᠦᠴᠦᠨ ᠨᠠᠮᠡᠷᠢᠯᠡᠨ᠎ᠡ᠃

ᠵᠡᠭᠡᠯᠢ ᠭᠤᠳᠤᠮᠵᠢ᠎ᠪᠠᠷ ᠠᠯᠬᠤᠯᠠᠬᠤ᠎ᠳᠤ᠂ ᠪᠣᠯᠪᠠᠰᠤᠨ᠎ᠢ ᠰᠠᠨᠠᠭᠠᠴᠢᠯᠠᠬᠴᠢ᠂ ᠪᠤᠯᠪᠠᠰᠤᠨ ᠬᠤᠳᠠ ᠵᠢ ᠡᠬᠦᠳᠦᠨ ᠪᠠᠢᠭᠤᠯᠬᠤ ᠰᠠᠢ᠌ᠨ ᠳᠤᠷᠠᠴᠤᠤᠯ ᠬᠠᠷᠢᠭᠤᠴᠠᠯᠭᠠᠲᠤ ᠣᠪᠣᠷ᠂ ᠱᠢᠷᠭᠠᠭᠤ ᠴᠢᠷᠮᠠᠢᠯᠭ᠎ᠠ᠂ ᠳᠣᠲᠣᠨᠣ ᠦᠢᠯᠡᠴᠢᠯᠡᠭᠡ ᠪᠣᠯᠤᠨ ᠴᠢᠩ ᠦᠨᠡᠨᠴᠢ ᠢᠨᠢᠶᠡᠮᠰᠦᠭ᠌ᠯᠡᠯ᠎ᠢᠶᠡᠷ ᠨᠡᠩ ᠤᠯᠠᠨ ᠬᠤᠳᠠ᠎ᠶ᠋ᠢᠨ ᠠᠷᠠᠳ᠎ᠲᠤ ᠡᠨᠡ ᠬᠦ᠌ ᠬᠤᠳᠠ᠎ᠶ᠋ᠢᠨ ᠰᠦᠷ ᠵᠢᠪᠬᠤᠭ᠎ᠠ ᠪᠣᠯᠤᠨ ᠬᠠᠯᠠᠭᠤᠨ ᠳᠤᠯᠠᠭᠠᠨ᠎ᠢ ᠮᠡᠳᠡᠷᠡᠭᠦᠯᠦᠨ᠎ᠡ᠃ ᠬᠤᠳᠠ᠎ᠶ᠋ᠢᠨ ᠱᠢᠭᠤᠳ ᠬᠠᠷᠢᠶ᠎ᠠ ᠪᠠᠢᠭᠤᠯᠭ᠎ᠠ᠂ ᠪᠣᠯᠪᠠᠰᠤᠨ ᠨᠢᠭᠡᠴᠢ᠎ᠶ᠋ᠢᠨ ᠨᠠᠮ᠎ᠤᠨ ᠭᠡᠱᠢᠭᠦᠨ ᠺᠠᠳ᠋ᠷ ᠭᠣᠣᠯ ᠬᠤᠳᠠ᠎ᠶ᠋ᠢᠨ ᠲᠣᠭᠣᠷᠢᠭ᠎ᠤᠨ 28 ᠵᠠᠮ ᠬᠠᠷᠢᠯᠴᠠᠭᠠᠨ᠎ᠤ ᠠᠭᠤᠯᠵᠠᠷ᠂ 38 ᠭᠣᠣᠯ ᠲᠡᠳ᠋ ᠵᠠᠮ᠂ 92 ᠵᠡᠭᠡᠯᠢ ᠭᠤᠳᠤᠮᠵᠢ᠎ᠳᠤ ᠪᠣᠯᠪᠠᠰᠤᠨ ᠵᠠᠮ ᠬᠠᠷᠢᠯᠴᠠᠭᠠᠨ᠎ᠤ ᠰᠠᠢ᠌ᠨ ᠳᠤᠷ᠎ᠠ᠎ᠶ᠋ᠢᠨ ᠦᠢᠯᠡᠴᠢᠯᠡᠭᠡ ᠬᠠᠩᠭᠠᠪᠠ; ᠪᠥᠬᠥ᠌ ᠬᠣᠲᠠ᠎ᠶ᠋ᠢᠨ 32 ᠶᠡᠬᠡ ᠳᠤᠮᠳᠠᠳᠤ ᠪᠠᠭ᠎ᠠ ᠰᠤᠷᠭᠠᠭᠤᠯᠢ ᠰᠤᠷᠭᠠᠭᠤᠯᠢ᠎ᠶ᠋ᠢᠨ ᠬᠦᠷᠢᠶᠡᠨ᠎ᠦ ᠡᠷᠬᠢᠨ ᠲᠣᠭᠣᠷᠢᠨ᠎ᠤ ᠪᠣᠯᠪᠠᠰᠤᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠵᠢᠯᠯᠠᠭ᠎ᠠ᠎ᠶ᠋ᠢ ᠲᠥᠪᠯᠡᠷᠡᠭᠦᠯᠦᠨ ᠥᠷᠨᠢᠭᠦᠯᠪᠡ; ᠪᠥᠬᠥ᠌ ᠬᠣᠲᠠ᠎ᠶ᠋ᠢᠨ 100 ᠭᠠᠷᠤᠶ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠩᠭᠢ ᠠᠭᠤᠳᠠᠮ ᠲᠠᠯᠠᠪᠠᠶ᠂ ᠴᠡᠴᠡᠷᠯᠢᠭ᠂ ᠰᠠᠭᠤᠭᠠᠯᠢ ᠲᠣᠭᠣᠷᠢᠭ ᠵᠡᠷᠭᠡ ᠭᠠᠵᠠᠷ᠎ᠲᠤ ᠣᠷᠴᠢᠨ ᠠᠬᠤᠶ᠎ᠶ᠋ᠢᠨ ᠡᠷᠡᠭᠦᠯ ᠬᠠᠮᠠᠭᠠᠯᠠᠯ᠎ᠢ ᠴᠡᠭ᠌ᠴᠡᠯᠡᠨ ᠵᠠᠰᠠᠬᠤ᠂ ᠬᠡᠷ᠎ᠲᠡᠬᠡᠨ ᠬᠣᠴᠣᠷᠤᠭ᠍ᠰᠠᠨ ᠬᠡᠸ᠋ᠬᠡᠳ᠎ᠢ ᠬᠠᠯᠠᠮᠵᠢᠯᠠᠨ ᠬᠠᠢᠷᠠᠯᠠᠬᠤ ᠵᠡᠷᠭᠡ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠤ ᠠᠵᠢᠯᠯᠠᠭ᠎ᠠ᠎ᠶ᠋ᠢ ᠪᠠᠢᠩᠭᠤᠵᠢᠭᠤᠯᠤᠨ ᠥᠷᠨᠢᠭᠦᠯᠵᠦ᠍᠂ ᠬᠥᠮᠦᠨ ᠪᠦᠬᠦᠨ ᠳᠡᠮᠵᠢᠬᠦ᠌᠂ ᠬᠥᠮᠦᠨ ᠪᠦᠬᠦᠨ ᠣᠷᠣᠯᠴᠠᠬᠤ ᠰᠠᠢᠨ ᠰᠠᠢᠬᠠᠨ ᠪᠠᠢᠳᠠᠯ᠎ᠢ ᠪᠣᠶ ᠪᠣᠯᠭᠠᠬᠤ᠎ᠶ᠋ᠢ ᠠᠬᠢᠭᠤᠯᠪᠠ᠃

ᠤᠯᠠᠭᠠᠨ ᠳ᠋ᠧᠩ᠎ᠢ ᠰᠥᠷᠴᠦ᠍ ᠶᠠᠪᠤᠬᠤ ᠬᠥᠮᠦᠨ ᠴᠥᠭᠡᠷᠡᠵᠦ᠍᠂ ᠵᠠᠮ ᠬᠠᠷᠢᠯᠴᠠᠭᠠᠨ᠎ᠤ ᠡᠮᠬᠢ ᠵᠢᠷᠤᠮ᠎ᠢ ᠤᠬᠠᠮᠰᠠᠷ᠎ᠠᠴᠠ᠎ᠪᠠᠨ ᠰᠠᠬᠢᠬᠤ ᠬᠥᠮᠦᠨ ᠣᠯᠠᠱᠢᠷᠠᠪᠠ; ᠬᠣᠭ ᠨᠣᠪᠰᠢ᠎ᠶ᠋ᠢ ᠳᠤᠷ᠎ᠠ᠎ᠪᠠᠷ᠎ᠢᠶᠠᠨ ᠬᠠᠶᠠᠬᠤ ᠬᠥᠮᠦᠨ ᠴᠥᠭᠡᠷᠡᠵᠦ᠍᠂ ᠰᠠᠨᠠᠭᠠᠴᠢᠯᠠᠭ᠎ᠠ᠎ᠠᠴᠠ᠎ᠪᠠᠨ ᠰᠦᠯᠢᠶᠣᠣ ᠤᠭᠤᠲᠠ᠂ ᠲᠠᠮᠠᠬᠢᠨ ᠶᠣᠵᠣᠭᠣᠷ ᠲᠡᠭᠦᠬᠦ᠌ ᠬᠥᠮᠦᠨ ᠣᠯᠠᠱᠢᠷᠠᠪᠠ; ᠨᠡᠢᠲᠡ᠎ᠶ᠋ᠢᠨ ᠮᠠᠱᠢᠨ ᠲᠡᠷᠭᠡᠨ᠎ᠳᠦ ᠰᠠᠭᠤᠳᠠᠯ ᠪᠤᠯᠢᠶᠠᠯᠳᠤᠬᠤ ᠦᠵᠡᠭᠳᠡᠯ ᠴᠥᠭᠡᠷᠡᠵᠦ᠍᠂ ᠤᠬᠠᠮᠰᠠᠷ᠎ᠠᠴᠠ᠎ᠪᠠᠨ ᠬᠥᠭ᠌ᠰᠢᠨ ᠪᠠᠭᠤᠷᠠᠢᠴᠤᠤᠨ ᠲᠤ᠌ ᠰᠠᠭᠤᠳᠠᠯ᠎ᠢᠶᠠᠨ ᠶᠡᠭᠦᠯᠡᠵᠦ᠍ ᠥᠭ᠌ᠬᠦ ᠬᠥᠮᠦᠨ ᠣᠯᠠᠱᠢᠷᠠᠵᠠᠢ ᠁ ᠬᠥᠯᠥᠨ ᠪᠤᠢ᠌ᠷ᠎ᠲᠤ᠌᠂ ᠬᠤᠳᠠ᠎ᠶ᠋ᠢᠨ ᠠᠷᠠᠳ᠎ᠤᠨ ᠪᠣᠯᠪᠠᠰᠤᠨ᠎ᠤ ᠬᠡᠪ ᠴᠢᠨᠠᠷ ᠲᠠᠰᠤᠷᠠᠯᠳᠠ ᠦᠭᠡᠢ ᠳᠡᠭᠡᠭ᠌ᠰᠢᠯᠡᠵᠦ᠍᠂ ᠬᠠᠷᠢᠯᠴᠠᠨ ᠬᠦᠨᠳᠦᠳᠭᠡᠬᠦ᠂ ᠪᠤᠰᠤᠳ᠎ᠢ ᠬᠠᠪᠰᠤᠷᠬᠤ᠎ᠪᠠᠷ ᠵᠢᠷᠭᠠᠯ᠎ᠢᠶᠡᠨ ᠪᠣᠯᠭᠠᠬᠤ᠂ ᠦᠨᠡᠨᠴᠢ ᠢᠲᠡᠭᠡᠮᠵᠢᠲᠡᠢ ᠪᠠᠭ᠍ᠲᠠᠭᠠᠮᠵᠢᠲᠠᠢ ᠪᠠᠢᠬᠤ ᠵᠡᠷᠭᠡ ᠪᠣᠯᠪᠠᠰᠤᠨ ᠦᠢᠯᠡ ᠠᠵᠢᠯᠯᠠᠭ᠎ᠠ ᠨᠢ ᠬᠡᠪ ᠵᠠᠩᠱᠢᠯ ᠪᠣᠯᠤᠭ᠍ᠰᠠᠨ ᠪᠠᠢᠨ᠎ᠠ᠃

ᠰᠠᠭᠤᠷᠢ ᠲᠥᠬᠥᠭᠡᠷᠦᠮᠵᠢ᠎ᠶ᠋ᠢ ᠲᠡᠭᠦᠯᠳᠡᠷᠵᠢᠭᠦᠯᠬᠦ᠂ ᠬᠥᠮᠦᠰ᠎ᠦᠨ ᠣᠷᠣᠱᠢᠨ ᠰᠠᠭᠤᠬᠤ ᠣᠷᠴᠢᠨ ᠲᠣᠭᠣᠷᠢᠨ᠎ᠢ ᠱᠢᠯᠢᠳᠡᠭ᠌ᠵᠢᠭᠦᠯᠬᠦ᠂ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠬᠤ᠂ ᠦᠢᠯᠡᠴᠢᠯᠡᠭᠡᠨ᠎ᠦ ᠲᠦᠪᠱᠢᠨ᠎ᠢ ᠳᠡᠭᠡᠭ᠌ᠰᠢᠯᠡᠭᠦᠯᠬᠦ᠌᠎ᠪᠡᠷ ᠳᠠᠮᠵᠢᠭᠤᠯᠵᠤ᠂ ᠬᠥᠯᠥᠨ ᠪᠤᠢ᠌ᠷ ᠬᠤᠳᠠ᠎ᠶ᠋ᠢᠨ ᠬᠢᠨ ᠬᠤᠳᠠ᠎ᠶ᠋ᠢᠨ ᠪᠣᠯᠪᠠᠰᠤᠨ᠎ᠤ ᠬᠡᠮᠵᠢᠢ᠎ᠡ ᠪᠣᠯᠤᠨ ᠬᠤᠳᠠ᠎ᠶ᠋ᠢᠨ ᠠᠷᠠᠳ᠎ᠤᠨ ᠪᠣᠯᠪᠠᠰᠤᠨ᠎ᠤ ᠬᠡᠪ ᠴᠢᠨᠠᠷ᠎ᠢ ᠵᠡᠷᠭᠡ ᠪᠡᠷ ᠳᠡᠭᠡᠭ᠌ᠰᠢᠯᠡᠭᠦᠯᠬᠦ᠌᠎ᠶ᠋ᠢ ᠪᠡᠶᠡᠯᠡᠭᠦᠯᠵᠦ᠍᠂ ᠪᠣᠯᠪᠠᠰᠤᠨ᠎ᠤ ᠤᠢ᠍ᠢᠯᠠᠭᠠᠭ᠍ᠳᠠᠬᠤᠨ᠎ᠢ ᠭᠦᠨ ᠦᠨᠳᠦᠰᠦᠯᠡᠭᠦᠯᠵᠦ᠍᠂ ᠬᠠᠮᠲᠤ᠎ᠪᠠᠷ ᠪᠠᠢᠭᠤᠯᠬᠤ ᠠᠵᠢᠯᠯᠠᠭ᠎ᠠ ᠭᠠᠵᠠᠷ ᠪᠣᠯᠭᠠᠨ᠎ᠳᠤ ᠬᠠᠷᠠᠭ᠍ᠳᠠᠵᠤ᠂ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠬᠦ᠌ ᠨᠢ ᠨᠢᠳᠦᠨ ᠳ᠋ᠤ ᠦᠵᠡᠭᠳᠡᠵᠦ ᠭᠠᠷ᠎ᠲᠤ ᠪᠠᠷᠢᠭ᠍ᠳᠠᠮ᠎ᠠ ᠪᠣᠯᠵᠠᠢ᠃

ᠳᠣᠯᠣᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠪᠣᠯᠪᠠᠰᠤᠨ ᠬᠣᠲᠠ᠎ᠶ᠋ᠢᠨ ᠲᠤᠰᠭᠠᠶ ᠣᠷᠣᠨ᠎ᠤ ᠲᠠᠰ᠎ᠤᠨ ᠬᠤᠳᠠ ᠪᠡᠷ ᠨᠡᠷ᠎ᠡ ᠳᠤᠷᠠᠳᠤᠭᠳᠠᠭᠰᠠᠨ ᠬᠤᠳᠠ ᠵᠢᠨ 2021 ᠣᠨ᠎ᠤ ᠱᠢᠯᠭᠠᠨ ᠦᠨᠡᠯᠡᠯᠲᠡ᠎ᠳᠦ᠂ ᠬᠥᠯᠥᠨ ᠪᠣᠢᠷ ᠬᠣᠲᠠ 88.63 ᠬᠤᠪᠢ᠎ᠶ᠋ᠢᠨ ᠬᠢᠷᠢ ᠪᠦᠲᠦᠮᠵᠢ᠎ᠪᠡᠷ ᠪᠥᠬᠥ᠌ ᠤᠯᠤᠰ᠎ᠤᠨ ᠠᠷᠪᠠᠨ ᠨᠠᠢ᠍ᠮᠠᠳᠤᠭᠠᠷ ᠲᠸ᠋᠂ ᠪᠥᠬᠥ᠌ ᠣᠷᠣᠨ᠎ᠤ ᠨᠢᠭᠡᠳᠦᠭᠡᠷ᠎ᠲᠦ ᠵᠢᠭ᠍ᠰᠠᠭᠠᠭᠳᠠᠭᠰᠠᠨ ᠪᠠᠢᠨ᠎ᠠ᠃

ᠬᠣᠲᠠ ᠨᠢ ᠪᠣᠯᠪᠠᠰᠤᠨ᠎ᠵᠢᠡᠷ ᠭᠣᠶᠣᠵᠢᠵᠦ᠂ ᠪᠣᠯᠪᠠᠰᠤᠨ᠎ᠤ ᠬᠥᠭᠡᠭᠡᠴᠡᠯᠳᠦᠯ ᠨᠢ ᠬᠡᠵᠢᠶᠡᠳᠡ ᠵᠤᠭᠰᠤᠰᠢ ᠦᠭᠡᠶ ᠶᠤᠮ᠃ ᠬᠥᠯᠥᠨ ᠪᠤᠢ᠌ᠷ ᠬᠤᠳᠠ᠎ᠶ᠋ᠢᠨ ᠪᠦᠬᠦ᠌ ᠤᠯᠤᠰ᠎ᠤᠨ ᠪᠣᠯᠪᠠᠰᠤᠨ ᠬᠤᠳᠠ᠎ᠶ᠋ᠢ ᠡᠭᠦᠳᠦᠨ ᠪᠠᠢᠭᠤᠯᠬᠤ ᠠᠵᠢᠯ ᠬᠦᠷ ᠬᠥᠭ᠌ᠵᠢᠶᠡᠨ᠎ᠲᠡᠶ ᠶᠠᠪᠤᠭ᠍ᠳᠠᠵᠤ᠂ ᠥᠷᠭᠡᠨ ᠤᠯᠠᠨ ᠺᠠᠳ᠋ᠷ ᠤᠯᠠᠨ ᠲᠦᠮᠡᠨ ᠬᠠᠮᠤᠭ᠎ᠤᠨ ᠭᠤᠶᠤ ᠰᠠᠢᠬᠠᠨ ᠪᠣᠯᠪᠠᠰᠤᠨ᠎ᠤ ᠦᠵᠡᠮᠵᠢ᠎ᠶ᠋ᠢ ᠵᠢᠷᠤᠭ᠍ᠯᠠᠵᠤ᠂ ᠭᠠᠷ ᠬᠣᠯᠪᠣᠨ ᠵᠣᠯ ᠵᠢᠷᠭᠠᠯᠲᠤ ᠡᠶ᠎ᠡ ᠵᠣᠬᠢᠴᠠᠩᠭᠤᠢ ᠭᠡᠷ ᠣᠷᠣᠨ᠎ᠢ ᠬᠠᠮᠲᠤ ᠪᠠᠷ ᠪᠦᠳᠦᠭᠡᠨ ᠪᠠᠢᠭᠤᠯᠤᠨ᠎ᠠ!

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面