2022-07-15 09:40:12
ᠣᠢᠷ᠎ᠠ ᠵᠢᠨ ᠵᠢᠯ ᠳ᠋ᠦ᠍᠂ ᠠᠯᠠᠱᠠ ᠠᠢᠮᠠᠭ ᠪᠣᠯᠪᠠᠰᠤᠨ ᠢ᠋ ᠡᠭᠦᠳᠦᠨ ᠪᠠᠢᠭᠤᠯᠬᠤ ᠪᠠᠷ ᠭᠠᠷᠳᠠᠴᠠ ᠪᠣᠯᠭᠠᠨ ᠬᠣᠲᠠ ᠬᠥᠳᠡᠭᠡ ᠵᠢᠨ ᠰᠠᠭᠤᠭᠠᠯᠢ ᠠᠷᠠᠳ ᠲᠤ᠌ ᠠᠰᠢᠭ ᠬᠦᠷᠲᠡᠭᠡᠬᠦ ᠢᠨᠵᠧᠨᠧᠷᠢᠩ ᠢ᠋ ᠦᠷᠭᠦᠯᠵᠢᠯᠡᠨ ᠬᠡᠷᠡᠭᠵᠢᠭᠦᠯᠵᠦ᠂ ᠡᠯ᠎ᠡ ᠲᠥᠷᠥᠯ ᠤ᠋ᠨ ᠣᠯᠠᠨ ᠲᠦᠮᠡᠨᠴᠢ ᠴᠢᠨᠠᠷᠲᠠᠢ ᠣᠶᠤᠨ ᠤ᠋ ᠪᠣᠯᠪᠠᠰᠤᠨ ᠢ᠋ ᠡᠭᠦᠳᠦᠨ ᠪᠠᠢᠭᠤᠯᠬᠤ ᠠᠵᠢᠯᠯᠠᠭ᠎ᠠ ᠵᠢ ᠯᠠᠪᠳᠠᠭᠤᠨ ᠪᠠᠲᠤᠲᠠᠢ ᠥᠷᠨᠢᠭᠦᠯᠵᠦ᠂ ᠰᠠᠢᠨ ᠳᠤᠷ᠎ᠠ ᠵᠢᠨ ᠦᠢᠯᠡᠴᠢᠯᠡᠭᠡᠨ ᠤ᠋ ᠪᠠᠢᠭᠤᠯᠤᠯᠲᠠ ᠵᠢ ᠯᠠᠪᠳᠠᠭᠤᠨ ᠵᠢᠠᠷ ᠠᠬᠢᠭᠤᠯᠤᠨ᠂ ᠲᠡᠷᠢᠭᠦᠨ ᠤ᠋ ᠨᠡᠢᠲᠡᠯᠢᠭ ᠵᠢᠱ᠌ᠢᠢᠡ ᠵᠢ ᠰᠢᠯᠢᠨ ᠰᠣᠩᠭᠣᠵᠤ ᠰᠤᠷᠳᠠᠯᠴᠢᠯᠠᠨ ᠤᠬᠠᠭᠤᠯᠵᠤ ᠬᠥᠮᠦᠵᠢᠬᠦᠯᠤᠨ ᠪᠤᠢᠵᠢᠭᠤᠯᠬᠤ ᠵᠢ ᠶᠡᠬᠡ ᠪᠡᠷ ᠥᠷᠨᠢᠭᠦᠯᠵᠦ᠂ ᠥᠷᠭᠡᠨ ᠣᠯᠠᠨ ᠵᠠᠯᠠᠭᠤᠴᠤᠳ ᠪᠠᠭᠠᠴᠤᠳ ᠤ᠋ᠨ ᠦᠵᠡᠯ ᠰᠠᠨᠠᠭ᠎ᠠ ᠶᠣᠰᠣ ᠰᠤᠷᠲᠠᠬᠤᠨ ᠤ᠋ ᠪᠠᠢᠭᠤᠯᠤᠯᠲᠠ ᠵᠢ ᠲᠠᠰᠤᠷᠠᠯᠲᠠ ᠦᠭᠡᠢ ᠴᠢᠩᠭᠠᠳᠭᠠᠵᠤ᠂ ᠰᠢᠨ᠎ᠡ ᠴᠠᠭ ᠦᠶ᠎ᠡ ᠵᠢᠨ ᠣᠶᠤᠨ ᠤ᠋ ᠪᠣᠯᠪᠠᠰᠤᠨ ᠤ᠋ ᠪᠠᠢᠭᠤᠯᠤᠯᠲᠠ ᠵᠢᠨ ᠰᠢᠨ᠎ᠡ ᠬᠠᠭᠤᠳᠠᠰᠤ ᠵᠢ ᠪᠢᠴᠢᠭᠯᠡᠭᠰᠡᠨ ᠪᠠᠢᠨ᠎ᠠ᠃
ᠬᠣᠲᠠ ᠬᠥᠳᠡᠭᠡ ᠵᠢ ᠬᠠᠮᠲᠤ ᠪᠠᠷ ᠪᠠᠢᠭᠤᠯᠵᠤ ᠬᠠᠮᠲᠤ ᠪᠠᠷ ᠡᠳ᠋ᠯᠡᠵᠦ ᠪᠣᠯᠪᠠᠰᠤᠨ ᠤ᠋ ᠴᠢᠨᠠᠷ ᠢ᠋ ᠳᠡᠭᠡᠭᠰᠢᠯᠡᠭᠦᠯᠦᠨ᠎ᠡ
《ᠮᠠᠨ ᠤ᠋ ᠰᠠᠭᠤᠭᠠᠯᠢ ᠠᠷᠠᠳ ᠤ᠋ᠨ ᠲᠣᠭᠣᠷᠢᠭ ᠢ᠋ ᠪᠠᠢᠭᠤᠯᠤᠭᠠᠳ 20 ᠭᠠᠷᠤᠢ ᠵᠢᠯ ᠪᠣᠯᠵᠠᠢ᠂ ᠤᠷᠵᠢᠨᠤᠨ ᠥᠭᠡᠷᠡᠴᠢᠯᠡᠨ ᠪᠠᠢᠭᠤᠯᠤᠭᠰᠡᠨ ᠡᠴᠡ ᠨᠡᠭᠠᠰᠢ ᠣᠷᠴᠢᠨ ᠲᠣᠭᠣᠷᠢᠨ ᠭᠣᠶᠣᠵᠢᠵᠤ᠂ ᠰᠠᠭᠤᠷᠢᠰᠢᠬᠤ ᠳ᠋ᠤ᠌ ᠨᠡᠩ ᠲᠠᠭᠠᠯᠠᠮᠵᠢᠲᠠᠢ ᠪᠤᠯᠪᠠ》 ᠭᠡᠵᠦ ᠪᠠᠶᠠᠨᠬᠤᠲᠠ ᠪᠠᠯᠭᠠᠰᠤᠨ ᠤ᠋ ᠥᠭᠡᠯᠡᠳ ᠨᠢᠭᠡᠳᠦᠭᠡᠷ ᠲᠣᠰᠭᠣᠨ ᠳ᠋ᠤ᠌ ᠰᠠᠭᠤᠭ᠎ᠠ ᠶᠠᠩ ᠯᠢ ᡁᠢ ᠪᠠᠶᠠᠷᠲᠠᠢ ᠬᠡᠯᠡᠨ᠎ᠡ ᠃
ᠣᠢᠷ᠎ᠠ ᠵᠢᠨ ᠵᠢᠯ ᠤ᠋ᠨ ᠲᠤᠷᠰᠢ᠂ ᠠᠯᠠᠱᠠ ᠠᠢᠮᠠᠭ 《ᠬᠣᠲᠠ ᠪᠠᠯᠭᠠᠰᠤ ᠵᠢ ᠴᠡᠴᠡᠷᠯᠢᠭᠵᠢᠭᠦᠯᠬᠦ᠂ ᠵᠠᠮ ᠤ᠋ᠨ ᠬᠠᠵᠠᠭᠤ ᠪᠡᠷ ᠮᠤᠳᠤ ᠳᠠᠷᠢᠬᠤ᠂ ᠬᠦᠷᠢᠢ᠎ᠡ ᠬᠠᠰᠢᠶ᠎ᠠ ᠵᠢ ᠭᠤᠶᠤᠵᠢᠭᠤᠯᠬᠤ》 ᠨᠣᠭᠣᠭᠠᠷᠠᠭᠤᠯᠤᠯᠳᠠ ᠵᠢᠨ ᠰᠡᠳᠭᠢᠴᠡ ᠪᠡᠷ 《ᠤᠢ ᠲᠠᠢ》᠂ 《ᠤᠰᠤ ᠳᠠᠢ》 ᠬᠣᠲᠠ ᠪᠠᠯᠭᠠᠰᠤᠨ ᠤ᠋ ᠠᠮᠢ ᠠᠬᠤᠢ ᠵᠢᠨ ᠦᠵᠡᠮᠵᠢ ᠵᠢ ᠪᠠᠢᠭᠤᠯᠬᠤ ᠪᠠᠷ ᠬᠠᠷᠠᠯᠲᠠ ᠪᠣᠯᠭᠠᠵᠤ᠂ ᠬᠣᠲᠠ ᠲᠣᠭᠣᠷᠢᠭ ᠤ᠋ᠨ ᠬᠠᠯᠬᠠᠪᠴᠢ ᠣᠢ᠂ ᠬᠣᠲᠠ ᠵᠢᠨ ᠬᠥᠪᠡᠭᠡᠨ ᠤ᠋ ᠨᠣᠭᠣᠭᠠᠷᠠᠭᠤᠯᠤᠯᠳᠠ ᠪᠣᠯᠤᠨ ᠴᠡᠴᠡᠷᠯᠢᠭ᠂ ᠨᠡᠢᠭᠡᠮ ᠲᠣᠭᠣᠷᠢᠭ ᠤ᠋ᠨ ᠨᠣᠭᠣᠭᠠᠷᠠᠭᠤᠯᠤᠯᠳᠠ ᠵᠢᠨ ᠢᠨᠵᠧᠨᠧᠷᠢᠩ ᠵᠢᠴᠢ ᠠᠮᠢ ᠠᠬᠤᠢ ᠵᠢ ᠰᠡᠷᠭᠦᠭᠡᠬᠦ ᠢᠨᠵᠧᠨᠧᠷᠢᠩ ᠢ᠋ ᠬᠡᠷᠡᠭᠵᠢᠭᠦᠯᠵᠦ᠂ ᠰᠠᠭᠤᠷᠢᠰᠢᠬᠤ ᠳ᠋ᠤ᠌ ᠲᠣᠬᠢᠷᠠᠮᠵᠢᠲᠠᠢ ᠴᠢᠨᠠᠷ ᠪᠣᠯᠤᠨ ᠰᠣᠶᠣᠯ ᠤ᠋ᠨ ᠠᠭᠤᠯᠤᠭᠳᠠᠬᠤᠨ ᠢ᠋ ᠪᠦᠲᠦᠮᠵᠢᠲᠡᠢ ᠳᠡᠭᠡᠭᠰᠢᠯᠡᠭᠦᠯᠵᠡᠢ᠃
ᠤᠳᠤ ᠪᠠᠶᠠᠨᠬᠤᠲᠠ ᠪᠠᠯᠭᠠᠰᠤᠨ ᠤ᠋ ᠬᠥᠮᠦᠨ ᠳᠤᠮᠳᠠᠴᠢ ᠵᠢᠨ ᠴᠡᠴᠡᠷᠯᠢᠭ ᠤ᠋ᠨ ᠨᠣᠭᠣᠭᠠᠷᠠᠭᠤᠯᠤᠯᠲᠠ ᠵᠢᠨ ᠨᠣᠷᠮ᠎ᠠ 35.2%᠂ ᠨᠣᠭᠣᠭᠠᠷᠠᠭᠤᠯᠤᠯᠲᠠ ᠵᠢᠨ ᠪᠦᠷᠬᠦᠴᠡ ᠵᠢᠨ ᠨᠣᠷᠮ᠎ᠠ 39.1%᠂ ᠬᠥᠮᠦᠨ ᠳᠤᠮᠳᠠᠴᠢ ᠵᠢᠨ ᠴᠡᠴᠡᠷᠯᠢᠭ ᠤ᠋ᠨ ᠨᠣᠭᠣᠭᠠᠷᠠᠭᠤᠯᠤᠯᠲᠠ ᠵᠢᠨ ᠲᠠᠯᠠᠪᠠᠢ 45.3 ᠲᠡᠭᠰᠢ ᠳᠥᠷᠪᠡᠯᠵᠢᠨ ᠮᠧᠲ᠋ᠷ ᠲᠦ᠍ ᠬᠦᠷᠴᠦ᠂ ᠨᠢᠭᠡᠨᠲᠡ ᠠᠮᠢ ᠠᠬᠤᠢ ᠵᠢᠨ ᠰᠠᠭᠤᠷᠢᠰᠢᠬᠤ ᠳ᠋ᠤ᠌ ᠲᠣᠬᠢᠷᠠᠮᠵᠢᠲᠠᠢ ᠬᠣᠲᠠ ᠪᠣᠯᠤᠭᠰᠠᠨ ᠪᠠᠢᠨ᠎ᠠ᠃
ᠰᠠᠢᠨ ᠳᠤᠷ᠎ᠠ ᠵᠢᠨ ᠦᠢᠯᠡᠴᠢᠯᠡᠭᠡ ᠵᠢ ᠰᠢᠯᠢᠳᠡᠭᠵᠢᠭᠦᠯᠵᠦ ᠪᠣᠯᠪᠠᠰᠤᠨ ᠤ᠋ ᠴᠣᠩᠬᠣ ᠵᠢ ᠬᠢᠯᠠᠢᠯᠭᠠᠨᠠ
《ᠰᠠᠢᠨ ᠳᠤᠷ᠎ᠠ ᠵᠢᠨ ᠦᠢᠯᠡᠴᠢᠯᠡᠭᠡᠨ ᠤ᠋ ᠠᠩᠭᠢ ᠪᠣᠯ ᠮᠠᠨ ᠤ᠋ ᠣᠯᠠᠨ ᠲᠦᠮᠡᠨ ᠤ᠋ ᠰᠠᠢᠨ ᠬᠠᠪᠰᠤᠷᠤᠭᠴᠢ ᠮᠥᠨ᠂ ᠪᠢᠳᠡ ᠦᠢᠯᠡᠳᠪᠦᠷᠢᠯᠡᠯ ᠠᠮᠢᠳᠤᠷᠠᠯ ᠤ᠋ᠨ ᠳᠤᠮᠳᠠ ᠬᠦᠴᠢᠷ ᠶᠠᠪᠤᠳᠠᠯ ᠲᠤᠯᠭᠠᠷᠠᠪᠠᠯ᠂ ᠤᠲᠠᠰᠤ ᠬᠤᠯᠪᠤᠭᠰᠠᠭᠠᠷ ᠲᠡᠳᠡ ᠨᠠᠷ ᠳᠠᠷᠤᠢᠬᠠᠨ ᠢᠷᠡᠵᠦ ᠬᠠᠪᠰᠤᠷᠳᠠᠭ ᠶᠤᠮ》 ᠭᠡᠵᠦ ᠠᠯᠠᠱᠠ ᠵᠡᠭᠦᠨ ᠬᠤᠰᠢᠭᠤᠨ ᠤ᠋ ᠤᠯᠠᠨᠪᠤᠯᠠᠭ ᠪᠠᠯᠭᠠᠰᠤᠨ ᠤ᠋ ᠲᠦᠬᠦᠮ ᠭᠠᠴᠠᠭ᠎ᠠ ᠵᠢᠨ ᠮᠠᠯᠴᠢᠨ ᠯᠢᠩᠬᠤ᠎ᠠ ᠬᠡᠯᠡᠨ᠎ᠡ ᠃
ᠣᠢᠷ᠎ᠠ ᠵᠢᠨ ᠵᠢᠯ ᠳ᠋ᠤ᠂ ᠠᠯᠠᠱᠠ ᠠᠢᠮᠠᠭ ᠡᠴᠡ ᠠᠢᠮᠠᠭ᠂ ᠬᠣᠰᠢᠭᠤ᠂ ᠰᠤᠮᠤ ᠪᠠᠯᠭᠠᠰᠤ(ᠵᠡᠭᠡᠯᠢ ᠭᠤᠳᠤᠮᠵᠢ)᠂ ᠭᠠᠴᠠᠭ᠎ᠠ ᠲᠣᠰᠭᠣᠨ (ᠨᠡᠢᠭᠡᠮ ᠲᠣᠭᠣᠷᠢᠭ) ᠳᠥᠷᠪᠡᠨ ᠱᠠᠲᠤᠨ ᠤ᠋ ᠰᠢᠨ᠎ᠡ ᠴᠠᠭ ᠦᠶ᠎ᠡ ᠵᠢᠨ ᠪᠣᠯᠪᠠᠰᠤᠨ ᠤ᠋ ᠦᠢᠯᠡᠳᠦᠯᠭᠡ ᠵᠢᠨ ᠰᠢᠰᠲ᠋ᠧᠮ ᠢ᠋ ᠪᠠᠢᠭᠤᠯᠵᠤ᠂ ᠨᠠᠮ ᠤ᠋ᠨ ᠪᠠᠢᠭᠤᠯᠤᠯᠲᠠ ᠪᠠᠷ ᠪᠣᠯᠪᠠᠰᠤᠨ ᠢ᠋ ᠬᠥᠲᠥᠯᠦᠨ ᠳᠠᠭᠠᠭᠤᠯᠬᠤ ᠦᠢᠯᠡᠳᠦᠯᠭᠡ ᠵᠢ ᠪᠦᠷᠬᠦᠭᠦᠯᠪᠡ᠃ ᠣᠨᠣᠯ ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠢᠯᠪᠤᠷᠢᠯᠠᠬᠤ᠂ ᠰᠣᠶᠣᠯ ᠤᠳᠭ᠎ᠠ ᠤᠷᠠᠯᠢᠭ ᠤ᠋ᠨ ᠦᠢᠯᠡᠴᠢᠯᠡᠭᠡ᠂ ᠶᠠᠳᠠᠭᠤ ᠵᠢ ᠲᠡᠳᠭᠦᠵᠦ ᠬᠦᠴᠢᠷᠳᠡᠯ ᠢ᠋ ᠬᠠᠪᠰᠤᠷᠬᠤ ᠵᠡᠷᠭᠡ 10 ᠭᠠᠷᠤᠢ ᠲᠥᠷᠥᠯ ᠤ᠋ᠨ 《ᠳᠠᠨ ᠢ᠋ ᠬᠠᠪᠰᠤᠷᠤᠨ᠎ᠠ·ᠪᠤᠶᠠᠨ ᠳᠤᠰᠠᠯᠠᠮᠵᠢ +》 ᠰᠠᠢᠨ ᠳᠤᠷ᠎ᠠ ᠵᠢᠨ ᠦᠢᠯᠡᠴᠢᠯᠡᠭᠡᠨ ᠤ᠋ ᠠᠩᠭᠢ ᠵᠢ ᠵᠣᠬᠢᠶᠠᠨ ᠪᠠᠢᠭᠤᠯᠵᠤ᠂ ᠣᠯᠠᠨ ᠲᠦᠮᠡᠨ ᠤ᠋ ᠬᠡᠷᠡᠭᠴᠡᠭᠡ ᠱᠠᠭᠠᠷᠳᠠᠯᠭ᠎ᠠ ᠳ᠋ᠤ᠌ ᠠᠩᠬᠠᠷᠤᠯ ᠵᠢᠠᠨ ᠲᠥᠪᠯᠡᠷᠡᠭᠦᠯᠵᠦ᠂ ᠣᠯᠠᠨ ᠲᠦᠮᠡᠨ ᠳ᠋ᠦ᠍ ᠣᠨᠤᠴᠠᠳᠠᠢ ᠦᠢᠯᠡᠴᠢᠯᠡᠭᠡ ᠬᠠᠩᠭᠠᠪᠠ᠃ ᠰᠠᠢᠨ ᠳᠤᠷ᠎ᠠ ᠵᠢᠨ ᠦᠢᠯᠡᠴᠢᠯᠡᠭᠡᠨ ᠤ᠋ ᠠᠩᠭᠢ ᠨᠢ ᠴᠡᠭ ᠬᠤᠯᠪᠤᠨ ᠬᠠᠪᠰᠤᠷᠤᠨ ᠳᠡᠳᠭᠦᠭᠦ᠂ ᠲᠣᠣᠷᠵᠢᠭᠤᠯᠤᠨ ᠬᠠᠮᠢᠶᠠᠷᠬᠤ᠂ ᠠᠵᠢᠯ ᠤ᠋ᠨ ᠪᠠᠢᠷᠢ ᠳ᠋ᠠᠭᠠᠨ ᠪᠠᠢᠭ᠎ᠠ ᠨᠠᠮ ᠤ᠋ᠨ ᠭᠡᠰᠢᠭᠦᠨ ᠢ᠋ ᠨᠡᠢᠭᠡᠮ ᠲᠣᠭᠣᠷᠢᠭ ᠲᠤ᠌ ᠣᠷᠣᠭᠤᠯᠬᠤ᠂ ᠣᠯᠠᠨ ᠲᠦᠮᠡᠨ ᠤ᠋ ᠰᠠᠨᠠᠯ ᠪᠠ ᠱᠠᠭᠠᠷᠳᠠᠯᠭ᠎ᠠ ᠵᠢᠨ ᠳᠡᠪᠲᠡᠷ᠂ ᠪᠣᠯᠪᠠᠰᠤᠨ ᠦᠢᠯᠡᠳᠦᠯᠭᠡ ᠵᠢᠨ ᠺᠠᠷᠲ ᠵᠤᠬᠢᠶᠠᠬᠤ᠂ 《ᠳᠠᠨ ᠢ᠋ ᠬᠠᠪᠰᠤᠷᠤᠨ᠎ᠠ》 ᠰᠠᠢᠨ ᠳᠤᠷ᠎ᠠ ᠵᠢᠨ ᠦᠢᠯᠡᠴᠢᠯᠡᠭᠡᠨ ᠤ᠋ ᠥᠷᠲᠡᠭᠡ ᠴᠡᠭ ᠭᠠᠷᠭᠠᠬᠤ ᠵᠡᠷᠭᠡ ᠠᠷᠭ᠎ᠠ ᠬᠡᠯᠪᠡᠷᠢ ᠪᠡᠷ ᠣᠯᠠᠨ ᠲᠦᠮᠡᠨ ᠤ᠋ ᠬᠡᠷᠡᠭᠴᠡᠭᠡ ᠵᠢ ᠴᠠᠭ ᠲᠤᠬᠠᠢ ᠳ᠋ᠤᠨᠢ 598 ᠴᠤᠭᠯᠠᠭᠤᠯᠵᠤ᠂ 532 ᠵᠦᠢᠯ ᠢ᠋ ᠨᠢ ᠨᠢᠬᠡᠨᠳᠡ ᠰᠢᠢᠳᠪᠦᠷᠢᠯᠡᠵᠦ᠂ ᠪᠣᠯᠪᠠᠰᠤᠨ ᠦᠢᠯᠡᠳᠦᠯᠭᠡ ᠵᠢᠨ ᠬᠠᠩᠭᠠᠯᠭ᠎ᠠ ᠪᠠ ᠬᠡᠷᠡᠭᠴᠡᠭᠡ ᠵᠢ ᠤᠨᠤᠴᠠᠳᠠᠢ ᠵᠣᠯᠭᠠᠭᠤᠯᠬᠤ ᠵᠢ ᠪᠡᠶᠡᠯᠡᠭᠦᠯᠵᠦ᠂ ᠣᠯᠠᠨ ᠲᠦᠮᠡᠨ ᠤ᠋ ᠥᠷᠭᠡᠨ ᠳᠡᠯᠭᠡᠷ ᠮᠠᠭᠲᠠᠭᠠᠯ ᠰᠠᠢᠰᠢᠶᠠᠯ ᠢ᠋ ᠬᠦᠷᠳᠡᠵᠡᠢ᠃
ᠮᠣᠷᠠᠯ ᠰᠤᠷᠳᠠᠯ ᠭᠢᠭᠡᠤᠨ ᠰᠠᠢᠨ ᠰᠠᠢᠬᠠᠨ ᠢ᠋ ᠡᠷᠬᠢᠮᠯᠡᠵᠦ ᠪᠣᠯᠪᠠᠰᠤᠨ ᠤ᠋ ᠰᠠᠭᠤᠷᠢ ᠵᠢ ᠴᠤᠭᠴᠠᠯᠠᠨ᠎ᠠ
ᠵᠣᠷᠢᠭ ᠰᠠᠨᠠᠭ᠎ᠠ ᠪᠣᠯ ᠨᠢᠭᠡ ᠬᠣᠲᠠ ᠵᠢᠨ ᠥᠷᠯᠥᠭ ᠬᠥᠰᠢᠶ᠎ᠡ ᠪᠤᠯᠬᠤ ᠶᠤᠮ᠃ ᠠᠯᠠᠱᠠ ᠠᠢᠮᠠᠭ ᠤ᠋ᠨ ᠬᠢᠨ 《ᠰᠢᠨ᠎ᠡ ᠴᠠᠭ ᠦᠶ᠎ᠡ ᠵᠢᠨ ᠠᠷᠠᠳ ᠢᠷᠭᠡᠳ ᠤ᠋ᠨ ᠶᠣᠰᠣ ᠰᠤᠷᠲᠠᠬᠤᠨ ᠤ᠋ ᠪᠠᠢᠭᠤᠯᠤᠯᠲᠠ ᠵᠢᠨ ᠬᠡᠷᠡᠭᠵᠢᠭᠦᠯᠬᠦ ᠬᠥᠲᠥᠯᠪᠦᠷᠢ》 ᠵᠢᠨ ᠲᠣᠭᠣᠷᠢᠨ ᠳ᠋ᠤ᠌ 《ᠮᠤᠷᠠᠯ ᠰᠤᠷᠳᠠᠯ ᠳᠠᠢ ᠲᠡᠮᠡᠭᠡᠲᠦ ᠨᠤᠳᠤᠭ》 《ᠶᠡᠭᠡ ᠰᠤᠷᠳᠠᠬᠤᠨ ᠤ᠋ ᠠᠯᠠᠱᠠ》 ᠵᠢᠨ ᠶᠣᠰᠣ ᠰᠤᠷᠲᠠᠬᠤᠨ ᠤ᠋ ᠪᠠᠢᠭᠤᠯᠤᠯᠲᠠ ᠵᠢᠨ ᠲᠦᠷᠦᠯ ᠳᠡᠮᠳᠡᠭ ᠢ᠋ ᠬᠦᠴᠦᠯᠡᠨ ᠡᠭᠦᠳᠴᠦ᠂ ᠴᠠᠭ ᠦᠶ᠎ᠡ ᠵᠢᠨ ᠰᠢᠨᠵᠢ ᠵᠢ ᠬᠠᠳᠠᠭᠠᠯᠠᠭᠰᠠᠨ᠂ ᠢᠳᠡᠪᠬᠢ ᠬᠦᠴᠦᠨ ᠳᠡᠭᠦᠯᠳᠡᠷ ᠪᠦᠬᠦᠢ ᠲᠡᠷᠢᠭᠦᠨ ᠤ᠋ ᠨᠡᠢᠲᠡᠯᠢᠭ ᠵᠢᠱ᠌ᠢᠶᠠ ᠪᠦᠯᠦᠭ ᠪᠦᠯᠦᠭ ᠵᠢᠡᠷ ᠴᠣᠯᠭᠣᠷᠠᠭᠰᠠᠨ ᠪᠠᠢᠨ᠎ᠠ᠃ ᠤᠳᠤ ᠡᠯ᠎ᠡ ᠲᠥᠷᠥᠯ ᠤ᠋ᠨ ᠲᠡᠷᠢᠭᠦᠨ ᠤ᠋ ᠨᠡᠢᠲᠡᠯᠢᠭ ᠵᠢᠱ᠌ᠢᠶᠠ ᠵᠢᠨ ᠨᠡᠢᠭᠡᠮ ᠤ᠋ᠨ ᠨᠥᠯᠥᠭᠡᠯᠡᠬᠦ ᠬᠦᠴᠦᠨ᠂ ᠤᠷᠢᠶᠠᠯᠠᠬᠤ ᠬᠦᠴᠦᠨ ᠲᠠᠰᠤᠷᠠᠯᠲᠠ ᠥᠬᠡᠢ ᠥᠷᠭᠡᠳᠴᠦ ᠪᠤᠢ ᠃
ᠣᠢᠷ᠎ᠠ ᠵᠢᠨ ᠵᠢᠯ ᠳ᠋ᠤ᠂ ᠠᠯᠠᠱᠠ ᠠᠢᠮᠠᠭ ᠤ᠋ᠨ ᠬᠢᠨ ᠶᠣᠰᠣ ᠰᠤᠷᠲᠠᠬᠤᠨ ᠤ᠋ ᠵᠢᠱ᠌ᠢᠶᠡᠴᠢ ᠵᠢ ᠰᠣᠩᠭᠣᠨ ᠬᠥᠮᠦᠵᠢᠭᠦᠯᠬᠦ ᠵᠢ ᠣᠶᠤᠨ ᠤ᠋ ᠪᠣᠯᠪᠠᠰᠤᠨ ᠤ᠋ ᠪᠠᠢᠭᠤᠯᠤᠯᠲᠠ ᠳ᠋ᠤ᠌ ᠠᠭᠤᠰᠤᠯᠴᠠᠭᠤᠯᠵᠤ᠂ ᠨᠡᠢᠭᠡᠮ ᠵᠢᠷᠤᠮ ᠤ᠋ᠨ ᠭᠣᠣᠯᠯᠠᠭᠴᠢ ᠥᠷᠲᠡᠭ ᠤ᠋ᠨ ᠦᠵᠡᠯᠲᠡ ᠵᠢ ᠶᠡᠬᠡ ᠪᠡᠷ ᠪᠣᠢᠵᠢᠭᠤᠯᠤᠨ ᠦᠢᠯᠡᠳᠦᠯᠭᠡᠵᠢᠭᠦᠯᠵᠦ᠂ ᠪᠦᠬᠦ ᠠᠢᠮᠠᠭ ᠤ᠋ᠨ ᠬᠡᠪᠴᠢᠶᠡᠨ᠎ᠡ ᠶᠣᠰᠣ ᠰᠤᠷᠲᠠᠬᠤᠨ ᠤ᠋ ᠵᠢᠱ᠌ᠢᠶᠡᠴᠢ ᠵᠢ ᠥᠷᠭᠡᠨ ᠵᠢᠡᠷ ᠢᠯᠡᠷᠡᠭᠦᠯᠵᠤ᠂ ᠰᠤᠩᠭᠤᠨ ᠬᠥᠮᠦᠵᠢᠭᠦᠯᠵᠤ᠂ ᠰᠠᠢᠰᠢᠶᠠᠨ ᠬᠥᠬᠢᠭᠦᠯᠵᠤ᠂ ᠰᠤᠷᠳᠠᠯᠴᠢᠯᠠᠨ ᠤᠬᠠᠭᠤᠯᠵᠤ᠂ ᠬᠠᠪᠰᠤᠷᠤᠨ ᠲᠡᠳᠭᠦᠵᠦ᠂ ᠲᠡᠷᠢᠭᠦᠨ ᠤ᠋ ᠵᠢᠱ᠌ᠢᠶᠡᠴᠢ ᠵᠢ ᠲᠠᠰᠤᠷᠠᠯᠲᠠ ᠥᠬᠡᠢ ᠴᠣᠯᠭᠣᠷᠠᠭᠤᠯᠪᠠ ᠃ ᠣᠳᠣᠬᠠᠨ ᠪᠣᠯᠲᠠᠯ᠎ᠠ ᠪᠦᠬᠦ ᠠᠢᠮᠠᠭ ᠲᠤ᠌ 《ᠴᠠᠭ ᠦᠶ᠎ᠡ ᠵᠢᠨ ᠦᠯᠢᠭᠡᠷ ᠳᠠᠭᠤᠷᠢᠶᠠᠯ 》1 ᠬᠥᠮᠦᠨ᠂ 《ᠪᠦᠬᠦ ᠤᠯᠤᠰ ᠤ᠋ᠨ ᠶᠣᠰᠣ ᠮᠣᠷᠠᠯ ᠤ᠋ᠨ ᠵᠢᠱ᠌ᠢᠶᠡᠴᠢ 》 ᠵᠢᠴᠢ ᠨᠡᠷ᠎ᠡ ᠳᠤᠷᠠᠳᠤᠭᠳᠠᠭᠰᠠᠨ ᠱᠠᠩᠨᠠᠯ ᠬᠦᠷᠲᠡᠭᠴᠢ 2 ᠬᠥᠮᠦᠨ᠂ 《ᠳᠤᠮᠳᠠᠳᠤ ᠤᠯᠤᠰ ᠤ᠋ᠨ ᠰᠠᠢᠨ ᠬᠥᠮᠦᠨ》 8᠂ 《ᠤᠮᠠᠷᠠᠲᠤ ᠬᠢᠯᠢ ᠵᠢᠨ ᠦᠯᠢᠭᠡᠷ ᠳᠠᠭᠤᠷᠢᠶᠠᠯ》 2 ᠬᠥᠮᠦᠨ᠂ 《ᠥᠪᠡᠷᠲᠡᠭᠡᠨ ᠵᠠᠰᠠᠬᠤ ᠣᠷᠣᠨ ᠤ᠋ ᠶᠣᠰᠣ ᠮᠣᠷᠠᠯ ᠤ᠋ᠨ ᠵᠢᠱ᠌ᠢᠶᠡᠴᠢ》 ᠵᠢᠴᠢ ᠨᠡᠷ᠎ᠡ ᠳᠤᠷᠠᠳᠤᠭᠳᠠᠭᠰᠠᠨ ᠱᠠᠩᠨᠠᠯ ᠬᠦᠷᠲᠡᠭᠴᠢ 46 ᠬᠥᠮᠦᠨ᠂ 《ᠥᠪᠥᠷ ᠮᠣᠩᠭᠣᠯ ᠤ᠋ᠨ ᠰᠠᠢᠨ ᠬᠥᠮᠦᠨ》 54 ᠪᠤᠢ ᠃
ᠠᠯᠠᠱᠠ ᠠᠢᠮᠠᠭ 《ᠶᠣᠰᠣ ᠰᠤᠷᠲᠠᠬᠤᠨ ᠢ᠋ ᠪᠣᠢ ᠪᠣᠯᠭᠠᠵᠤ ᠬᠥᠮᠦᠨ ᠢ᠋ ᠬᠥᠮᠦᠵᠢᠭᠦᠯᠬᠦ》 ᠦᠨᠳᠦᠰᠦᠨ ᠡᠭᠦᠷᠭᠡ ᠵᠢᠨ ᠲᠣᠭᠣᠷᠢᠨ ᠳ᠋ᠤ᠌᠂ ᠪᠦᠬᠦ ᠠᠢᠮᠠᠭ ᠤ᠋ᠨ ᠳᠤᠮᠳᠠᠳᠤ ᠪᠠᠭ᠎ᠠ ᠰᠤᠷᠭᠠᠭᠤᠯᠢ ᠳ᠋ᠤ᠌ ᠡᠬᠡ ᠤᠯᠤᠰ ᠵᠢᠠᠨ ᠬᠠᠢᠷᠠᠯᠠᠵᠤ ᠰᠢᠨ᠎ᠡ ᠬᠥᠮᠦᠨ ᠪᠣᠯᠬᠤ᠂ ᠪᠠᠭᠠᠴᠤᠳ ᠬᠡᠦᠬᠡᠳ ᠤ᠋ᠨ ᠰᠡᠳᠭᠢᠯ ᠢ᠋ ᠨᠠᠮ ᠳ᠋ᠠᠭᠠᠨ ᠬᠠᠨᠳᠤᠭᠤᠯᠬᠤ᠂ ᠬᠥᠮᠦᠨ ᠤ᠋ ᠠᠮᠢᠳᠤᠷᠠᠯ ᠤ᠋ᠨ ᠨᠢᠭᠡᠳᠦᠭᠡᠷ ᠳᠤᠪᠴᠢ ᠵᠢ ᠰᠠᠢᠲᠤᠷ ᠳᠤᠪᠴᠢᠯᠠᠬᠤ ᠵᠡᠷᠭᠡ ᠭᠣᠣᠯ ᠰᠡᠳᠦᠪᠲᠦ ᠬᠥᠮᠦᠵᠢᠯ ᠦᠢᠯᠡᠳᠦᠯᠭᠡ ᠵᠢᠨ ᠠᠵᠢᠯᠯᠠᠭ᠎ᠠ ᠥᠷᠨᠢᠭᠦᠯᠬᠦ ᠵᠢᠨ ᠬᠠᠮᠲᠤ ᠨᠠᠮ ᠤ᠋ᠨ ᠲᠡᠦᠬᠡ ᠤᠯᠤᠰ ᠤ᠋ᠨ ᠲᠡᠦᠬᠡ ᠵᠢᠨ ᠬᠥᠮᠦᠵᠢᠯ᠂ ᠪᠣᠯᠪᠠᠰᠤᠨ ᠶᠣᠰᠣᠯᠠᠯ ᠤ᠋ᠨ ᠬᠥᠮᠦᠵᠢᠯ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ ᠤ᠋ᠨ ᠬᠥᠮᠦᠵᠢᠯ ᠢ᠋ ᠳᠡᠭᠦᠨ ᠳ᠋ᠤ ᠠᠭᠤᠰᠤᠯᠴᠠᠭᠤᠯᠪᠠ᠃ ᠠᠯᠢ ᠣᠯᠠᠨ ᠭᠣᠣᠯ ᠰᠡᠳᠦᠪᠲᠦ ᠬᠥᠮᠦᠵᠢᠯ ᠤ᠋ᠨ ᠠᠵᠢᠯᠯᠠᠭ᠎ᠠ ᠪᠠᠷ ᠲᠠᠮᠵᠢᠨ ᠵᠠᠯᠠᠭᠤᠴᠤᠳ ᠪᠠᠭᠠᠴᠤᠳ ᠤ᠋ᠨ ᠤᠯᠤᠰ ᠭᠡᠷ ᠤ᠋ᠨ ᠤᠬᠠᠮᠰᠠᠷ ᠢ᠋ ᠪᠠᠲᠤᠳᠭᠠᠵᠤ᠂ ᠤᠯᠤᠰ ᠵᠢᠠᠨ ᠬᠠᠢᠷᠠᠯᠠᠬᠤ ᠰᠡᠳᠭᠢᠯᠭᠡ ᠵᠢ ᠨᠡᠮᠡᠭᠳᠡᠭᠦᠯᠵᠦ᠂ ᠤᠯᠤᠰ ᠵᠢᠠᠨ ᠬᠠᠢᠷᠠᠯᠠᠬᠤ ᠦᠵᠡᠯ ᠢ᠋ ᠳᠤᠮᠳᠠᠳᠤ ᠪᠠᠭ᠎ᠠ ᠰᠤᠷᠭᠠᠭᠤᠯᠢ ᠵᠢᠨ ᠰᠤᠷᠭᠠᠨ ᠬᠥᠮᠦᠵᠢᠯ ᠤ᠋ᠨ ᠢᠯᠡ ᠲᠣᠳᠣ ᠰᠠᠭᠤᠷᠢ ᠥᠩᠭᠡ ᠪᠣᠯᠭᠠᠭᠰᠠᠨ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃