ᠱᠢᠨ᠎᠎ᠡ ᠴᠠᠭ ᠦᠶ᠎ᠡ᠎ᠳ᠋ᠦ᠍ ᠭᠠᠪᠢᠶ᠎ᠠ ᠪᠠᠢᠭᠤᠯᠤᠶ᠎ᠠ > ᠮᠡᠳᠡᠭᠡᠯᠡᠯ

2022-07-18 10:35:27

ᠵᠣᠬᠢᠶᠠᠭ᠍ᠴᠢ᠄ ᠯᠢᠶᠠᠩ ᠯᠢᠶᠠᠩ ᠯᠢ ᠢᠣᠢ ᠵᠦᠧᠧ ᠯᠢ ᠼᠦᠨ ᠱᠢᠶᠠ ᠣᠩᠱᠢᠭ᠍ᠰᠠᠨ ᠣᠳᠠᠭ᠎ᠠ᠄ 3

《ᠱᠠᠭᠠᠷᠲᠠᠬᠣ ᠵᠦᠢᠯ᠄ ᠽᠦᠩᠽᠢ᠂ ᠦᠢᠯᠡᠴᠢᠯᠡᠬᠦ ᠭᠠᠵᠠᠷ᠄ ᠲᠦᠪᠰᠢᠨ ᠨᠡᠢᠭᠡᠮ ᠲᠣᠭᠣᠷᠢᠬ᠎ᠤᠨ ᠡᠮᠦᠨ᠎ᠡ ᠲᠠᠯ᠎ᠠ᠎ᠶᠢᠨ ᠨᠠᠮᠬᠠᠨ ᠪᠠᠢᠰᠢᠩ ᠁》 ᠲᠠᠪᠣᠨ ᠰᠠᠷ᠎ᠠ᠎ᠶᠢᠨ ᠰᠢᠨ᠎ᠡ᠎ᠶᠢᠨ ᠲᠠᠪᠣᠨ᠎ᠤ ᠪᠠᠶᠠᠷ ᠡᠴᠡ ᠡᠮᠦᠨᠡᠬᠡᠨ᠂ ᠬᠥᠯᠥᠨ ᠪᠤᠢ᠌ᠷ ᠬᠤᠳᠠ᠎ᠶ᠋ᠢᠨ ᠬᠠᠭᠤᠴᠢᠨ ᠪᠠᠷᠭᠤ ᠬᠣᠱᠢᠭᠤᠨ᠎ᠤ ᠪᠠᠶᠠᠨᠬᠦ᠍ᠢ᠍ᠷᠢᠶ᠎ᠡ ᠪᠠᠯᠭᠠᠰᠤᠨ᠎ᠤ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠢᠯᠡᠳᠦᠯᠭᠡ᠎ᠶ᠋ᠢᠨ ᠭᠠᠵᠠᠷ᠎ᠤᠨ ᠤᠯᠠᠨ ᠲᠦᠮᠡᠨ᠎ᠦ ᠬᠡᠷᠡᠭ᠌ᠴᠡᠭᠡ ᠱᠠᠭᠠᠷᠳᠠᠯᠭ᠎ᠠ᠎ᠶ᠋ᠢ ᠴᠤᠭ᠍ᠯᠠᠭᠤᠯᠬᠤ ᠲᠠᠪᠴᠠᠩ 60 ᠭᠠᠷᠤᠭ᠍ᠰᠠᠨ ᠨᠠᠰᠤᠲᠠᠨ᠎ᠤ ᠡᠢᠮᠦ ᠨᠢᠭᠡᠨ ᠬᠦᠰᠡᠯ ᠱᠠᠭᠠᠷᠲᠠᠯᠭ᠎ᠠ᠎ᠶᠢᠨ ᠮᠡᠳᠡᠭᠡ ᠵᠠᠩᠬᠢ᠎ᠶᠢ ᠲᠣᠰᠴᠦ ᠣᠯᠪᠠ᠃

ᠪᠠᠶᠠᠨᠬᠦᠢ᠍ᠷᠢᠶ᠎ᠡ ᠪᠠᠯᠭᠠᠰᠤᠨ᠎ᠤ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ ᠎ᠶ᠋ᠢᠨ ᠭᠠᠵᠠᠷ ᠡᠩ ᠲᠡᠷᠢᠭᠦᠨ᠎ᠳᠦ ᠡᠨᠡᠬᠦ ᠮᠡᠳᠡᠭᠡ ᠵᠠᠩᠭᠢ᠎ᠶᠢ ᠲᠦᠪᠱᠢᠨ ᠨᠡᠢᠭᠡᠮ ᠲᠣᠭᠣᠷᠢᠭ ᠎ᠤᠨ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠥᠷᠲᠡᠭᠡ᠎ᠳᠦ ᠲᠠᠮᠵᠢᠭᠣᠯᠪᠠ ᠃ ᠵᠠᠬᠢᠶᠠᠯᠠᠭ᠎ᠠ ᠭᠥᠯᠢᠶᠡᠨ ᠠᠪᠣᠬᠰᠠᠨ ᠲᠡᠷᠡ ᠡᠳᠦᠷ ᠲᠣᠰ ᠦᠷᠲᠡᠭᠡ ᠶᠠᠬ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠢᠯᠡᠳᠦᠯᠭᠡ᠎ᠶ᠋ᠢᠨ ᠰᠠᠢ᠌ᠨ ᠲᠤᠷᠠᠴᠤᠳ ᠪᠣᠯᠤᠨ ᠦᠨᠳᠦᠰᠦᠲᠡᠨ ᠎ᠨᠦᠭᠦᠳ᠎ᠦᠨ ᠰᠠᠭᠤᠭᠠᠯᠢ ᠠᠷᠠᠳ᠎ᠢ ᠵᠣᠬᠢᠶᠠᠨ ᠪᠠᠢᠭᠤᠯᠵᠤ 《ᠲᠠᠪᠤᠨ ᠰᠠᠷ᠎ᠠ᠎ᠶ᠋ᠢᠨ ᠱᠢᠨ᠎ᠡ᠎ᠶ᠋ᠢᠨ ᠲᠠᠪᠤᠨ᠎ᠤ ᠪᠠᠶᠠᠷ 》 ᠎ᠢ᠋ ᠪᠡᠯᠭᠡᠯᠡᠬᠦ ᠠᠵᠢᠯᠯᠠᠭ᠎ᠠ ᠥᠷᠨᠢᠭᠦᠯᠵᠦ᠍ ᠪᠠᠢᠬᠰᠠᠨ ᠪᠦᠭᠡᠳ ᠪᠦᠬᠦᠲᠡᠭᠡᠷ ᠦᠪᠡᠷ᠎ᠤᠨ ᠪᠠᠷᠢᠬᠰᠠᠨ ᠽᠦᠩᠽᠢ ᠪᠠᠨ ᠲᠦᠷᠦᠯ ᠬᠤᠪᠢᠶᠠᠨ ᠬᠠᠢᠷᠴᠠᠭ᠍ᠯᠠᠵᠤ᠂ ᠨᠠᠰᠤᠲᠠᠨ᠎ᠳᠤ ᠬᠦᠷᠭᠡᠭ᠌ᠦ᠎ᠶᠢᠨ ᠲᠠᠭᠠᠣ ᠪᠠᠰᠠ ᠬᠠᠷᠢᠶ᠎ᠠ ᠲᠣᠭᠣᠷᠢᠭ᠎ᠤᠨ ᠪᠤᠰᠤᠳ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ᠎ᠶᠢᠨ ᠡᠷᠦᠬᠡ᠂ ᠭᠡᠷ᠎ᠲᠡᠬᠡᠨ ᠬᠣᠴᠣᠷᠤᠭ᠍ᠰᠠᠨ ᠬᠡᠦᠬᠡᠳ ᠲᠦ᠍ ᠬᠦᠷᠭᠡᠵᠦ᠍᠂ 《ᠵᠠᠬᠢᠶᠠᠯᠠᠭ᠎ᠠ᠎ᠶ᠋ᠢᠨ ᠬᠠᠭᠤᠳᠠᠰᠤ》 ᠵᠢ ᠠᠮᠵᠢᠯᠲᠠ᠎ᠲᠠᠶ ᠪᠡᠶᠡᠯᠡᠭᠦᠯᠵᠦ᠍᠂ ᠪᠣᠳᠠᠲᠤ ᠠᠵᠢᠯᠯᠠᠭ᠎ᠠ᠎ᠪᠠᠷ᠎ᠢᠶᠠᠨ ᠨᠠᠮ ᠪᠣᠯᠤᠨ ᠵᠠᠰᠠᠭ᠎ᠤᠨ ᠣᠷᠳᠣᠨ᠎ᠤ ᠬᠠᠢᠷ᠎ᠠ ᠬᠠᠯᠠᠮᠵᠢ᠎ᠶ᠋ᠢ ᠤᠯᠠᠨ ᠲᠦᠮᠡᠨ᠎ᠦ ᠳᠡᠷᠭᠡᠳᠡ ᠬᠦᠷᠭᠡᠭ᠌ᠰᠡᠨ ᠪᠠᠢᠨ᠎ᠠ᠃

ᠥᠨᠥᠳᠦᠷ᠎ᠦᠨ ᠬᠥᠯᠥᠨ ᠪᠤᠢ᠌ᠷ᠎ᠲᠤ᠂ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠢᠯᠡᠳᠦᠯᠭᠡ᠎ᠶ᠋ᠢᠨ ᠰᠠᠢ᠌ᠨ ᠳᠤᠷᠠᠴᠤᠳ ᠠᠢᠯ ᠡᠷᠦᠬᠡ᠎ᠪᠡᠷ ᠭᠦᠨᠵᠡᠭᠡᠢᠷᠡᠬᠦ᠌᠎ᠶ᠋ᠢ ᠪᠠᠢᠩᠭᠤᠵᠢᠭᠤᠯᠵᠤ᠂ ᠣᠯᠠᠨ ᠲᠦᠮᠡᠨ᠎ᠤ ᠰᠡᠳᠭᠢᠯ᠎ᠢ ᠳᠤᠯᠠᠭᠠᠴᠠᠭᠤᠯᠪᠠ; ᠡᠭᠦᠳᠡᠨ ᠡᠮᠦᠨᠡᠬᠢ ᠰᠣᠶᠣᠯ᠎ᠤᠨ ᠠᠭᠤᠳᠠᠮ ᠲᠠᠯᠠᠪᠠᠶ᠎ᠳᠤ ᠮᠠᠯᠴᠢᠨ ᠲᠠᠷᠢᠶᠠᠴᠢᠨ᠎ᠤ ᠦᠵᠡᠵᠦ᠍ ᠰᠣᠨᠢᠷᠬᠠᠬᠤ ᠳᠤᠷᠠᠲᠠᠶ ᠨᠡᠢᠲᠡ᠎ᠶ᠋ᠢᠨ ᠠᠰᠠᠷᠠᠮᠵᠢ᠎ᠶ᠋ᠢᠨ ᠤᠷᠠᠨ ᠰᠠᠢᠬᠠᠨ᠎ᠤ ᠲᠣᠭ᠍ᠯᠠᠯᠲᠠ ᠡᠭᠡᠯᠵᠢᠯᠡᠨ ᠶᠠᠪᠤᠭ᠍ᠳᠠᠵᠦ ᠣᠯᠠᠨ᠎ᠤ ᠰᠣᠨᠢᠷᠬᠠᠯ᠎ᠢ ᠲᠠᠲᠠᠨ᠎ᠠ; ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ ᠶ᠋ᠢᠨ ᠴᠡᠴᠡᠭ ᠬᠦᠯᠦᠨ ᠪᠣᠢᠷ᠎ᠤᠨ ᠬᠠᠯᠠᠭᠤᠨ ᠬᠥᠷᠥᠰᠥᠨ᠎ᠳᠤ ᠦᠩᠭᠡ ᠪᠠᠲᠠᠷᠠᠨ ᠳᠡᠯᠭᠡᠷᠡᠵᠦ᠂ ᠣᠯᠠᠨ ᠲᠦᠮᠡᠨ ᠳ᠋ᠦ ᠠᠰᠢᠬ ᠬᠦᠷᠲᠡᠭᠡᠪᠡ᠃

ᠣᠢᠷ᠎ᠠ᠎ᠶ᠋ᠢᠨ ᠵᠢᠯ ᠡᠴᠡ ᠨᠠᠭᠠᠰᠢ᠂ ᠬᠥᠯᠥᠨ ᠪᠣᠢᠷ ᠬᠣᠲᠠ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠠᠵᠢᠯ᠎ᠢ ᠥᠨᠳᠥᠷ ᠪᠠᠷᠢᠮᠵᠢᠶ᠎ᠠ ᠴᠢᠨᠠᠷ ᠰᠠᠢᠲᠠᠶ ᠠᠬᠢᠭᠤᠯᠬᠤ ᠶ᠋ᠢ ᠪᠠᠷᠢᠮᠲᠠᠯᠠᠵᠤ᠂ ᠬᠠᠷᠢᠭᠤᠴᠠᠯᠭ᠎ᠠ᠎ᠶ᠋ᠢᠨ ᠬᠡᠯᠬᠢᠶ᠎ᠡ᠎ᠶ᠋ᠢ ᠴᠢᠩᠭᠠᠯᠠᠨ᠂ ᠦᠶ᠋ᠯᠡᠳᠦᠯᠭᠡ᠎ᠶ᠋ᠢᠨ ᠵᠢᠭ᠍ᠰᠠᠭᠠᠯ᠎ᠤᠨ ᠭᠠᠵᠠᠷ᠎ᠢ ᠪᠠᠲᠤ ᠴᠣᠭ᠍ᠴᠠᠯᠠᠵᠤ᠂ ᠦᠶ᠋ᠯᠡᠳᠦᠯᠭᠡ᠎ᠶ᠋ᠢᠨ ᠠᠷᠭ᠎ᠠ ᠵᠠᠮ᠎ᠢ ᠪᠠᠶᠠᠯᠢᠭ᠍ᠵᠢᠭᠤᠯᠤᠨ᠂ ᠣᠯᠠᠨ ᠲᠦᠮᠡᠨ᠎ᠢ ᠨᠢᠭ᠍ᠲᠠᠷᠠᠭᠤᠯᠵᠤ᠂ ᠣᠯᠠᠨ ᠲᠦᠮᠡᠨ᠎ᠢ ᠬᠥᠲᠥᠯᠥᠨ ᠵᠢᠯᠣᠭᠣᠳᠴᠤ᠌᠂ ᠰᠣᠶᠣᠯ᠎ᠢᠶᠠᠷ ᠬᠥᠮᠦᠨ᠎ᠢ ᠤᠬᠠᠭᠠᠷᠠᠭᠤᠯᠵᠤ᠂ ᠪᠣᠯᠪᠠᠰᠤᠨ᠎ᠤ ᠦᠶ᠋ᠯᠡᠳᠦᠯᠭᠡ᠎ᠶ᠋ᠢᠨ ᠱᠢᠨ᠎ᠡ ᠰᠤᠷᠲᠠᠯ ᠡᠳᠦᠷ ᠢᠷᠡᠬᠦᠶ᠎ᠡ ᠲᠡᠭᠡᠭᠰᠢᠯᠡᠪᠡ᠃

ᠵᠢᠬᠰᠠᠭᠠᠯ᠎ᠤᠨ ᠭᠠᠵᠠᠷ ᠪᠠᠢᠭᠣᠯᠣᠨ ᠪᠣᠯᠪᠠᠰᠣᠨ᠎ᠤ ᠦᠢᠯᠡᠲᠦᠯᠭᠡ᠎ᠶᠢᠨ ᠡᠩᠨᠡᠭᠡ᠎ᠶᠢ ᠴᠣᠬᠴᠠᠯᠠᠪᠠ

ᠬᠥᠯᠥᠨ ᠪᠣᠢᠷ ᠬᠣᠲᠠ᠎ᠶ᠋ᠢᠨ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ ᠶ᠋ᠢᠨ ᠠᠯᠢ ᠨᠢᠭᠡᠨ ᠲᠥᠪ᠂ ᠭᠠᠵᠠᠷ᠂ ᠥᠷᠲᠡᠭᠡ᠂ ᠴᠡᠭ ᠲᠦ᠍ ᠤᠴᠢᠪᠠᠯ᠂ 《ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠲᠣᠲᠣᠷᠬᠠᠢ ᠺᠠᠷᠲ》᠎ᠬᠠᠷᠠᠭᠠᠨ ᠳ᠋ᠦ ᠢᠯᠡ ᠲᠣᠰᠣᠨ᠎ᠠ᠃ ᠺᠠᠷᠲ ᠲᠦ᠍ ᠦᠶ᠋ᠯᠡᠴᠢᠯᠡᠭᠡᠨ᠎ᠦ ᠲᠥᠷᠥᠯ ᠵᠦᠶ᠋ᠯ᠂ ᠦᠶ᠋ᠯᠡᠴᠢᠯᠡᠭᠡᠨ᠎ᠦ ᠠᠭᠤᠯᠭ᠎ᠠ᠂ ᠬᠠᠷᠢᠯᠴᠠᠬᠤ ᠠᠷᠭ᠎ᠠ᠂ ᠦᠶ᠋ᠯᠡᠴᠢᠯᠡᠬᠦ᠌ ᠴᠠᠭ ᠵᠡᠷᠭᠡ᠎ᠶ᠋ᠢ ᠲᠣᠳᠣᠷᠬᠠᠶ ᠪᠢᠴᠢᠭᠰᠡᠨ ᠪᠠᠢᠯ᠎ᠠ᠃ ᠠᠷᠠᠳ᠎ᠲᠤ ᠲᠥᠬᠥᠮ ᠦᠵᠡᠭᠦᠯᠬᠦ᠌ ᠦᠶ᠋ᠯᠡᠴᠢᠯᠡᠭᠡᠨ᠎ᠦ ᠲᠥᠷᠥᠯ᠂ ᠣᠷᠴᠢᠨ ᠲᠣᠭᠣᠷᠢᠨ᠎ᠢ ᠴᠡᠭ᠌ᠴᠡᠯᠡᠨ ᠵᠠᠰᠠᠬᠤ ᠲᠥᠷᠥᠯ᠂ ᠰᠣᠶᠣᠯ ᠪᠡᠶ᠎ᠡ᠎ᠶ᠋ᠢᠨ ᠲᠠᠮᠢᠷ ᠵᠤᠭ᠎ᠠ ᠴᠡᠩᠭᠡᠯ᠎ᠦᠨ ᠲᠥᠷᠥᠯ᠂ ᠡᠪᠡᠳᠴᠢᠨ ᠡᠮᠭᠡᠭ᠎ᠢ ᠰᠡᠷᠭᠡᠢᠯᠡᠨ ᠵᠠᠰᠠᠬᠤ ᠲᠥᠷᠥᠯ᠂ ᠣᠨᠣᠯ᠎ᠤᠨ ᠲᠠᠢᠯᠤᠮᠵᠢ᠎ᠶ᠋ᠢᠨ ᠲᠥᠷᠥᠯ ᠁ ᠭᠡᠬᠦᠴᠢᠯᠡᠨ ᠨᠢᠭᠡ ᠬᠤᠪᠢ 《ᠲᠣᠳᠣᠷᠬᠠᠶ ᠺᠠᠷᠲ》 ᠎ᠪᠠᠢᠪᠠᠯ᠂ ᠬᠠᠪᠰᠤᠷᠤᠮᠵᠢ ᠬᠦᠰᠡᠬᠦ ᠴᠢᠬᠤᠯᠠᠲᠠᠶ ᠦᠶ᠎ᠡ᠎ᠳᠦ ᠮᠡᠷᠭᠡᠨ ᠴᠤᠬᠤᠷ᠎ᠢ ᠱᠢᠷᠪᠢᠬᠦ᠌ ᠪᠤᠶᠤ ᠤᠲᠠᠰᠤ ᠵᠠᠯᠭᠠᠵᠦ᠂ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠰᠠᠢᠨ ᠲᠤᠷᠠᠴᠤᠳ ᠲᠡᠷᠡ ᠳᠠᠷᠤᠶ᠎ᠳᠤᠨᠢ ᠬᠦᠰᠡᠭᠰᠡᠨ᠎ᠢ ᠨᠢ ᠪᠡᠶᠡᠯᠡᠬᠦᠯᠬᠦ ᠪᠣᠯᠣᠨ᠎ᠠ᠃

ᠭᠠᠷ ᠤᠲᠠᠰᠤᠨ ᠲᠡᠭᠡᠷ᠎ᠡ ᠡᠴᠡ ᠬᠥᠯᠥᠨ ᠪᠣᠢᠷ ᠬᠣᠲᠠ᠎ᠶ᠋ᠢᠨ ᠬᠠᠢᠯᠠᠷ ᠲᠣᠭᠣᠷᠢᠭ ᠎ᠤᠨ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠡᠯᠧᠺᠲ᠋ᠷᠣᠨ ᠭᠠᠵᠠᠷ᠎ᠤᠨ ᠵᠢᠷᠤᠭ᠎ᠢ ᠲᠡᠯᠭᠡᠪᠡᠯ᠂ ᠬᠠᠢᠯᠠᠷ ᠲᠣᠭᠣᠷᠢᠭ᠎ᠤᠨ ᠪᠥᠬᠥ᠌ ᠣᠷᠣᠨ ᠪᠦᠰᠡ᠎ᠶ᠋ᠢᠨ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠲᠥᠪ᠂ ᠭᠠᠵᠠᠷ᠂ ᠥᠷᠲᠡᠭᠡ᠂ ᠴᠡᠭ ᠵᠡᠷᠭᠡ 4 ᠲᠥᠷᠥᠯ᠎ᠦᠨ ᠨᠡᠢᠲᠡ 138 ᠴᠡᠭ᠎ᠢ ᠡᠷᠢᠵᠦ᠍ ᠤᠯᠤᠨ᠎ᠠ᠃ ᠭᠠᠵᠠᠷ᠎ᠤᠨ ᠵᠢᠷᠤᠭ ᠲᠦ᠍ ᠡᠯ᠎ᠡ ᠱᠠᠲᠤᠨ᠎ᠤ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠲᠠᠪᠴᠠᠩ᠎ᠤᠨ ᠨᠡᠷᠡᠢᠳᠦᠯ᠂ ᠰᠠᠭᠣᠭ᠎ᠠ ᠭᠠᠵᠠᠷ᠂ ᠬᠠᠷᠢᠯᠴᠠᠬᠤ ᠤᠲᠠᠰᠤ ᠪᠣᠯᠣᠨ《ᠨᠢᠭᠡ ᠥᠷᠲᠡᠭᠡ ᠨᠢᠭᠡ ᠦᠶ᠋ᠯᠡᠳᠬᠦᠨ》᠎ᠤ᠋ ᠤᠨᠴᠠᠯᠢᠬ᠍ᠳᠤ ᠲᠥᠷᠥᠯ ᠵᠦᠶ᠋ᠯ᠂ ᠠᠷᠠᠳ᠎ᠲᠤ ᠲᠥᠬᠥᠮ ᠦᠵᠡᠭᠦᠯᠬᠦ᠌ ᠦᠶ᠋ᠯᠡᠴᠢᠯᠡᠭᠡᠨ᠎ᠦ ᠲᠥᠷᠥᠯ ᠵᠦᠶ᠋ᠯ ᠵᠡᠷᠭᠡ᠎ᠶ᠋ᠢ ᠲᠣᠲᠣᠷᠬᠠᠢᠯᠠᠵᠤ᠂ ᠬᠦᠮᠦᠰ ᠬᠡᠷᠡᠭ᠌ᠴᠡᠭᠡ ᠪᠥᠬᠥᠶ ᠦᠶ᠋ᠯᠡᠴᠢᠯᠡᠭᠡ ᠪᠠ ᠬᠠᠮᠤᠭ᠎ᠤᠨ ᠣᠢᠷ᠎ᠠ ᠪᠠᠢᠭ᠎ᠠ ᠥᠷᠲᠡᠭᠡ ᠴᠡᠭ᠎ᠢ ᠲᠦᠷᠭᠡᠨ ᠬᠠᠢᠵᠦ ᠪᠣᠯᠬᠣ ᠪᠥᠭᠡᠳ ᠰᠢᠭᠣᠳ ᠭᠠᠵᠠᠷ᠎ᠤᠨ ᠵᠢᠷᠤᠭ᠎ᠢ ᠳᠠᠷᠤᠵᠤ ᠵᠠᠮᠴᠢᠯᠠᠵᠦ ᠪᠣᠯᠬᠣ ᠠᠵᠢ᠃

ᠣᠢᠷ᠎ᠠ᠎ᠶ᠋ᠢᠨ ᠵᠢᠯ᠎ᠦᠳ᠎ᠲᠦ᠂ ᠬᠥᠯᠥᠨ ᠪᠣᠢᠷ ᠬᠣᠲᠠ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠲᠠᠪᠴᠠᠩ᠎ᠢ ᠪᠠᠢᠭᠤᠯᠬᠤ ᠪᠠ ᠡᠩᠨᠡᠭᠡᠨ᠎ᠦ ᠪᠠᠢᠭᠤᠯᠤᠯᠲᠠ ᠶ᠋ᠢᠨ ᠲᠠᠯ᠎ᠠ᠎ᠪᠠᠷ ᠰᠠᠭᠤᠷᠢ᠎ᠪᠠᠨ ᠪᠡᠬᠢᠵᠢᠭᠦᠯᠵᠦ᠍᠂ ᠪᠠᠷᠢᠮᠵᠢᠶᠠᠵᠢᠭᠤᠯᠤᠯᠲᠠ᠎ᠶ᠋ᠢᠨ ᠪᠠᠢᠭᠤᠯᠤᠯᠲᠠ᠎ᠶ᠋ᠢ ᠪᠥᠬᠥ᠌ ᠲᠠᠯ᠎ᠠ᠎ᠪᠠᠷ ᠳᠥᠯᠭᠢᠨ ᠠᠬᠢᠭᠤᠯᠵᠤ᠂ ᠪᠦᠬᠦᠨ᠎ᠢ ᠬᠠᠮᠤᠷᠬᠤ ᠢᠨᠵᠧᠨᠧᠷᠢᠩ᠎ᠢ ᠬᠡᠷᠡᠭ᠌ᠵᠢᠭᠦᠯᠪᠡ᠃ 《ᠲᠣᠯᠣᠭ᠎ᠠ᠎ᠶᠢ ᠪᠦᠷᠢᠲᠦᠬᠦᠯᠬᠦ》 ᠪᠠᠷᠢᠮᠵᠢᠶ᠎ᠠ ᠶᠣᠰᠣᠭᠠᠷ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠢᠯᠡᠳᠦᠯᠭᠡ᠎ᠶ᠋ᠢᠨ ᠲᠥᠪ ( ᠭᠠᠵᠠᠷ᠂ ᠥᠷᠲᠡᠭᠡ ) ᠎ᠤ᠋ᠨ ᠪᠠᠷᠢᠮᠵᠢᠶ᠎ᠠ᠎ᠳᠤ ᠬᠦᠷᠭᠡᠬᠦ᠌ ᠢᠨᠵᠧᠨᠧᠷᠢᠩ ᠪᠠ ᠵᠢᠱ᠌ᠢᠶ᠎ᠡ ᠦᠵᠡᠭᠦᠯᠬᠦ᠌ ᠢᠨᠵᠧᠨᠧᠷᠢᠩ᠎ᠢ ᠭᠦᠨᠵᠡᠭᠡᠢ ᠬᠡᠷᠡᠭ᠌ᠵᠢᠭᠦᠯᠵᠦ᠍᠂ ᠪᠦᠬᠦ᠌ ᠬᠣᠲᠠ᠎ᠳᠤ ᠨᠢᠭᠡᠨᠲᠡ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠢᠯᠡᠳᠦᠯᠭᠡ᠎ᠶ᠋ᠢᠨ 13 ᠲᠥᠪ᠂ 137 ᠭᠠᠵᠠᠷ᠂ 1129 ᠥᠷᠲᠡᠭᠡ᠎ᠶ᠋ᠢ ᠫᠠᠢᠰᠠ ᠡᠯᠭᠦᠨ ᠪᠠᠢᠭᠤᠯᠪᠠ᠃ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠵᠢᠱ᠌ᠢᠶ᠎ᠡ ᠦᠵᠡᠭᠦᠯᠬᠦ᠌ ᠲᠥᠪ᠎ᠢ᠋ 3 ᠡᠬᠦᠲᠦᠨ ᠪᠠᠢᠭᠣᠯᠵᠦ᠂ ᠰᠤᠮᠤ ᠱᠢᠶᠠᠩ ᠪᠠᠯᠭᠠᠰᠤᠨ᠎ᠤ ᠵᠢᠱ᠌ᠢᠶ᠎ᠡ ᠦᠵᠡᠭᠦᠯᠬᠦ᠌ ᠭᠠᠵᠠᠷ 13᠂ ᠭᠠᠴᠠᠭ᠎ᠠ ᠲᠣᠰᠭᠣᠨ ᠨᠡᠢᠭᠡᠮ ᠲᠣᠭᠣᠷᠢᠭ᠎ᠤᠨ ᠵᠢᠱ᠌ᠢᠶ᠎ᠡ ᠦᠵᠡᠭᠦᠯᠬᠦ᠌ ᠥᠷᠲᠡᠭᠡ᠎ᠶᠢ 101 ᠡᠬᠦᠲᠦᠨ ᠪᠠᠢᠭᠣᠯᠵᠦ᠂ ᠪᠣᠳᠠᠲᠤ ᠴᠣᠭ᠍ᠴᠠᠵᠢᠭᠤᠯᠤᠨ ᠪᠠᠢᠷᠢᠯᠠᠭᠤᠯᠬᠤ᠎ᠶ᠋ᠢ ᠪᠦᠷᠢᠨ ᠪᠥᠷᠬᠥᠭᠦᠯᠬᠦ᠌᠎ᠶ᠋ᠢ ᠤᠷᠤᠭ᠍ᠰᠢᠲᠠᠶ ᠪᠡᠶᠡᠯᠡᠭᠦᠯᠪᠡ᠃ ᠡᠭᠦᠨ᠎ᠦ ᠬᠠᠮᠲᠤ᠂ ᠶᠡᠬᠡ ᠳᠡᠭᠡᠳᠦ ᠰᠤᠷᠭᠠᠭᠤᠯᠢ᠂ ᠤᠯᠤᠰ᠎ᠢᠶᠠᠨ ᠬᠠᠢᠷᠠᠯᠠᠬᠤ ᠦᠵᠡᠯ᠎ᠦᠨ ᠬᠥᠮᠦᠵᠢᠯ᠎ᠦᠨ ᠰᠠᠭᠤᠷᠢᠨ᠂ ᠱᠢᠨᠵᠢᠯᠡᠬᠦ᠌ ᠤᠬᠠᠭᠠᠨ ᠮᠡᠷᠭᠡᠵᠢᠯ᠎ᠦᠨ ᠵᠢᠱ᠌ᠢᠢ᠎ᠡ ᠦᠵᠡᠭᠦᠯᠬᠦ᠌ ᠬᠦᠷᠢᠶᠡᠯᠡᠩ᠂ ᠵᠠᠯᠠᠭᠤᠴᠤᠳ ᠪᠠᠭᠠᠴᠤᠳ᠎ᠤᠨ ᠨᠡᠢᠭᠡᠮ᠎ᠦᠨ ᠦᠢᠯᠡᠳᠦᠯᠭᠡ᠎ᠶ᠋ᠢᠨ ᠰᠠᠭᠤᠷᠢᠨ᠎ᠢᠶᠠᠷ ᠲᠦᠱᠢᠭ ᠪᠣᠯᠭᠠᠵᠤ᠂ 512 ᠪᠣᠯᠪᠠᠰᠤᠨ ᠦᠢᠯᠡᠳᠦᠯᠭᠡ᠎ᠶ᠋ᠢᠨ ᠰᠠᠭᠤᠷᠢᠨ᠎ᠢ ᠪᠠᠢᠭᠤᠯᠪᠠ; ᠨᠣᠮ᠎ᠤᠨ ᠰᠠᠩ᠂ ᠭᠠᠯᠲᠤ ᠲᠡᠷᠭᠡᠨ ᠥᠷᠲᠡᠭᠡ᠂ ᠨᠡᠢᠭᠡᠮ ᠲᠣᠭᠣᠷᠢᠭ᠎ᠤᠨ ᠠᠳᠠᠯ ᠠᠬᠤᠶ᠎ᠶ᠋ᠢᠨ ᠦᠶ᠋ᠯᠡᠴᠢᠯᠡᠭᠡᠨ᠎ᠦ ᠭᠠᠵᠠᠷ᠎ᠲᠤ 《ᠲᠠᠨ᠎ᠢ ᠬᠠᠪᠰᠤᠷᠤᠨ᠎ᠠ》 ᠭᠡᠬᠦ᠌ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ 1452 ᠴᠡᠭ ᠪᠠᠢᠭᠤᠯᠵᠤ᠂ ᠵᠢᠭ᠍ᠰᠠᠭᠠᠯ᠎ᠤᠨ ᠭᠠᠵᠠᠷ᠎ᠢ ᠣᠯᠠᠨ ᠲᠦᠮᠡᠨ᠎ᠦ ᠬᠠᠵᠠᠭᠤ᠎ᠳᠤ ᠬᠦᠷᠳᠡᠯ᠎ᠡ ᠦᠷᠭᠡᠳᠭᠡᠪᠡ᠃

ᠪᠦᠬᠦ ᠠᠷᠠᠳ ᠶ᠋ᠢᠡᠷ ᠶ᠋ᠢᠡᠨ ᠬᠦᠲᠡᠯᠦᠯᠴᠡᠨ ᠰᠠᠢᠨ ᠲᠣᠷ᠎ᠠ᠎ᠶᠢᠨ ᠦᠢᠯᠡᠴᠢᠯᠡᠭᠡᠨ᠎ᠤ ᠬᠦᠴᠦᠨ᠎ᠢ ᠨᠢᠬᠲᠠᠷᠠᠭᠣᠯᠪᠠ

ᠥᠨᠳᠥᠷ ᠪᠠᠷᠢᠮᠵᠢᠶ᠎ᠠ᠎ᠪᠠᠷ ᠵᠢᠭ᠍ᠰᠠᠭᠠᠯ᠎ᠤᠨ ᠭᠠᠵᠠᠷ ᠪᠠᠢᠭᠤᠯᠵᠦ᠂ ᠨᠡᠩ ᠥᠨᠳᠥᠷ ᠲᠦᠪᠱᠢᠨ᠎ᠢᠶᠡᠷ ᠡᠩᠨᠡᠭᠡ᠎ᠪᠡᠨ ᠪᠠᠢᠭᠤᠯᠬᠤ ᠬᠡᠷᠡᠭ᠌ᠲᠡᠢ᠃ ᠱᠢᠨ᠎ᠡ ᠴᠠᠭ ᠦᠶ᠎ᠡ᠎ᠶ᠋ᠢᠨ ᠪᠣᠯᠪᠠᠰᠤᠨ ᠎ᠤ ᠦᠢᠯᠡᠳᠦᠯᠭᠡ᠎ᠶ᠋ᠢᠨ ᠭᠣᠣᠯ ᠬᠦᠴᠦᠨ ᠪᠣᠯ ᠰᠠᠢ᠌ᠨ ᠲᠤᠷᠠᠴᠤᠳ᠂ ᠭᠣᠣᠯ ᠬᠡᠯᠪᠡᠷᠢ ᠪᠣᠯ ᠰᠠᠢ᠌ᠨ ᠳᠤᠷ᠎ᠠ᠎ᠶ᠋ᠢᠨ ᠦᠢᠯᠡᠴᠢᠯᠡᠭᠡ ᠪᠣᠯᠤᠨ᠎ᠠ᠂ ᠰᠠᠢ᠌ᠨ ᠲᠤᠷᠠᠴᠤᠳ《ᠭᠣᠣᠯ ᠲᠦᠷᠢ ᠵᠢ ᠲᠣᠭ᠍ᠯᠠᠪᠠᠯ》 ᠰᠠᠶᠢ ᠨᠡᠩ ᠰᠠᠢ᠌ᠨ᠎ᠢᠶᠠᠷ ᠤᠯᠠᠨ ᠲᠦᠮᠡᠨ᠎ᠦ ᠳᠤᠮᠳᠠ ᠭᠦᠨᠵᠡᠭᠡᠢᠷᠡᠵᠦ᠍᠂ ᠤᠯᠠᠨ ᠲᠦᠮᠡᠨ᠎ᠢ ᠲᠠᠢ᠌ᠴᠢᠯᠠᠵᠤ᠂ ᠤᠯᠠᠨ ᠲᠦᠮᠡᠨ᠎ᠳᠦ ᠦᠢᠯᠡᠴᠢᠯᠡᠵᠦ᠍ ᠴᠢᠳᠠᠨ᠎ᠠ᠃

ᠬᠥᠯᠥᠨ ᠪᠣᠢᠷ ᠬᠣᠲᠠ᠎ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠨᠡᠢᠭᠡᠮᠯᠢᠭ᠎ᠪᠠᠢᠭᠤᠯᠵᠤ᠂ ᠪᠥᠬᠥ᠌ ᠬᠣᠲᠠ᠎ᠶ᠋ᠢᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠵᠢᠯ᠎ᠢ ᠨᠢᠭᠡᠳᠦᠯᠲᠡᠶ ᠲᠥᠯᠥᠪᠯᠡᠨ ᠠᠬᠢᠭᠤᠯᠪᠠ᠃ ᠬᠣᠱᠢᠭᠤ ᠬᠣᠲᠠ ᠲᠣᠭᠣᠷᠢᠭ᠎ᠤᠨ ᠨᠠᠮ᠎ᠤᠨ ᠬᠣᠷᠢᠶᠠᠨ᠎ᠤ ᠱᠦᠵᠢ᠎ᠪᠡᠷ ᠶᠡᠷᠦᠩᠬᠡᠶ ᠠᠩᠭᠢ᠎ᠶ᠋ᠢᠨ ᠳᠠᠷᠤᠭ᠎ᠠ ᠪᠣᠯᠭᠠᠭ᠍ᠰᠠᠨ ᠬᠣᠱᠢᠭᠤ ᠬᠣᠲᠠ ᠲᠣᠭᠣᠷᠢᠭ᠎ᠤᠨ ᠱᠠᠲᠤᠨ᠎ᠤ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠶᠡᠷᠦᠩᠬᠡᠶ ᠠᠩᠭᠢ ᠶ᠋ᠢ13 ᠪᠠᠢᠭᠤᠯᠵᠤ᠂ ᠡᠯ᠎ᠡ ᠲᠥᠷᠥᠯ᠎ᠦᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠡᠩᠨᠡᠭᠡ᠎ᠶ᠋ᠢ 2742 ᠪᠠᠢᠭᠤᠯᠵᠤ᠂ ᠳᠠᠩᠰᠠᠯᠠᠭᠤᠯᠤᠭ᠍ᠰᠠᠨ ᠰᠠᠢᠨ ᠳᠤᠷᠠᠴᠤᠳ 32.9 ᠲᠦᠮᠡ᠎ᠳᠦ ᠬᠦᠷᠴᠦ᠍᠂ 《ᠬᠥᠮᠦᠨ ᠪᠦᠬᠦᠨ ᠪᠢᠳᠡᠨ᠎ᠦ ᠲᠥᠯᠥᠭᠡ ᠪᠢ ᠬᠥᠮᠦᠨ ᠪᠦᠬᠦᠨ᠎ᠦ ᠲᠥᠯᠥᠭᠡ》 ᠭᠡᠰᠡᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠵᠣᠷᠢᠭ ᠰᠠᠨᠠᠭ᠎ᠠ᠎ᠶ᠋ᠢ ᠥᠷᠭᠡᠨ᠎ᠢᠶᠡᠷ ᠦᠶ᠋ᠯᠡᠳᠦᠯᠭᠡᠵᠢᠭᠦᠯᠪᠡ᠃

ᠨᠠᠮ᠎ᠤᠨ ᠭᠡᠱᠢᠭᠦᠨ ᠺᠠᠳ᠋ᠷ᠂ ᠴᠡᠷᠢᠭ᠎ᠡᠴᠡ ᠬᠠᠯᠠᠭ᠍ᠳᠠᠭ᠍ᠰᠠᠳ᠂ ᠠᠵᠢᠯ᠎ᠠᠴᠠ᠎ᠪᠠᠨ ᠠᠮᠠᠷᠠᠭ᠍ᠰᠠᠨ ᠠᠵᠢᠯᠳᠠᠨ ᠠᠵᠢᠯᠴᠢᠨ᠂ ᠪᠠᠭ᠍ᠰᠢ᠂ ᠬᠠᠤᠯᠢᠴᠢ᠂ ᠡᠮᠨᠡᠯᠭᠡ᠎ᠶ᠋ᠢᠨ ᠠᠵᠢᠯᠳᠠᠨ᠂ ᠤᠳᠭ᠎ᠠ ᠤᠷᠠᠯᠢᠭ᠎ᠤᠨ ᠠᠵᠢᠯᠳᠠᠨ᠂ ᠣᠶᠤᠲᠠᠨ ᠁ ᠭᠡᠬᠦᠴᠢᠯᠡᠨ ᠪᠦᠬᠦ᠌ ᠬᠤᠳᠠ᠎ᠶ᠋ᠢᠨ 7 ᠬᠥᠮᠦᠨ ᠪᠦᠷᠢ᠎ᠳᠦ ᠨᠢᠭᠡ ᠰᠠᠢ᠌ᠨ ᠳᠤᠷᠠᠴᠤᠳ ᠪᠠᠢᠵᠦ᠂ ᠠᠵᠢᠯ ᠡᠷᠢᠵᠦ ᠦᠢᠯᠡᠰ ᠪᠤᠰᠭᠠᠬᠤ᠂ ᠪᠠᠴᠢᠮ ᠪᠠᠢᠳᠠᠯ᠎ᠢ ᠠᠷᠭᠠᠴᠠᠭᠠᠵᠤ ᠠᠪᠤᠷᠠᠨ ᠲᠤᠰᠠᠯᠠᠬᠤ᠂ ᠬᠠᠤᠯᠢ ᠴᠠᠭᠠᠵᠠ᠎ᠪᠠᠷ ᠡᠷᠬᠡ᠎ᠪᠡᠨ ᠬᠠᠮᠠᠭᠠᠯᠠᠬᠤ ᠵᠡᠷᠭᠡ᠎ᠳᠤ ᠪᠦᠷ ᠰᠠᠢᠨ ᠲᠣᠷᠠᠴᠣᠳ᠎ᠢ ᠡᠷᠢᠵᠦ᠂ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠢᠯᠡᠳᠦᠯᠭᠡ᠎ᠶ᠋ᠢᠨ ᠰᠠᠢ᠌ᠨ ᠳᠤᠷᠠᠴᠤᠳ ᠭᠠᠵᠠᠷ ᠪᠣᠯᠭᠠᠨ ᠳ᠋ᠦ ᠲᠦᠭᠡᠵᠦ ᠭᠠᠴᠢᠬᠲᠠᠬᠰᠠᠨ ᠪᠦᠬᠦᠨ᠎ᠢ ᠬᠠᠪᠰᠣᠷᠬᠣ ᠪᠣᠯᠪᠠ᠃

ᠰᠠᠢᠨ ᠳᠤᠷ᠎ᠠ᠎ᠶ᠋ᠢᠨ ᠦᠶ᠋ᠯᠡᠴᠢᠯᠡᠭᠡ᠎ᠪᠡᠷ ᠳᠡᠮᠵᠢᠨ᠂ ᠬᠥᠯᠥᠨ ᠪᠣᠢᠷ ᠬᠣᠲᠠ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠠᠵᠢᠯ᠎ᠢ ᠦᠨᠳᠦᠰᠦᠨ ᠱᠠᠲᠤᠨ᠎ᠤ ᠲᠤᠤᠷ ᠰᠦᠯᠵᠢᠶᠡᠨ᠎ᠦ ᠦᠢᠯᠡᠴᠢᠯᠡᠭᠡ᠎ᠶᠢᠨ ᠠᠵᠢᠯ᠎ᠳᠤ ᠬᠠᠮᠣᠷᠤᠭᠤᠯᠵᠦ᠂ ᠣᠯᠠᠨ ᠲᠦᠮᠡᠨ᠎ᠳᠦ ᠦᠶ᠋ᠯᠡᠴᠢᠯᠡᠬᠦ᠌ 《ᠡᠴᠦᠰ᠎ᠦᠨ ᠨᠢᠭᠡ ᠺᠢᠯᠣᠮᠧᠲ᠋ᠷ》 ᠎ᠢ᠋ ᠨᠡᠪᠲᠡᠷᠡᠭᠦᠯᠵᠦ᠍᠂ ᠦᠨᠳᠦᠰᠦᠨ ᠱᠠᠲᠤᠨ᠎ᠤ ᠣᠯᠠᠨ ᠲᠦᠮᠡᠨ᠎ᠳᠦ ᠬᠠᠨᠳᠤᠭᠤᠯᠤᠭ᠍ᠰᠠᠨ᠂ ᠦᠨᠳᠦᠰᠦᠨ ᠱᠠᠲᠤᠨ᠎ᠤ ᠣᠯᠠᠨ ᠲᠦᠮᠡᠨ᠎ᠳᠦ ᠦᠶ᠋ᠯᠡᠴᠢᠯᠡᠭ᠌ᠰᠡᠨ᠂ ᠦᠨᠳᠦᠰᠦᠨ ᠱᠠᠲᠤᠨ᠎ᠤ ᠣᠯᠠᠨ ᠲᠦᠮᠡᠨ᠎ᠢ ᠳᠤᠯᠠᠭᠠᠴᠠᠭᠤᠯᠤᠭ᠍ᠰᠠᠨ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠲᠤᠤᠷ ᠰᠦᠯᠵᠢᠶᠡᠨ᠎ᠦ ᠴᠣᠭ᠍ᠴᠠ᠎ᠶ᠋ᠢ ᠪᠦᠷᠢᠯᠳᠦᠭᠦᠯᠪᠡ᠃

ᠲᠦᠪᠱᠢᠨ ᠨᠡᠢᠭᠡᠮ ᠲᠣᠭᠣᠷᠢᠭ᠎ᠤᠨ ᠰᠠᠭᠤᠭᠠᠯᠢ ᠠᠷᠠᠳ ᠶᠠᠨ ᠮᠧᠢ ᠯᠢᠩ ᠪᠣᠯ ᠠᠵᠢᠯ᠎ᠠᠴᠠ᠎ᠪᠠᠨ ᠠᠮᠠᠷᠠᠭ᠍ᠰᠠᠨ ᠠᠵᠢᠯᠳᠠᠨ ᠪᠦᠭᠡᠳ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠢᠯᠡᠳᠦᠯᠭᠡ᠎ᠶ᠋ᠢᠨ ᠰᠠᠢ᠌ᠨ ᠲᠤᠷᠠᠴᠤᠳ ᠪᠣᠯᠣᠨ᠎ᠠ᠃ 《ᠪᠢᠳᠡ ᠦᠷᠭᠦᠯᠵᠢ ᠬᠠᠷᠢᠶ᠎ᠠ ᠣᠷᠣᠨ ᠎ᠤ᠎ᠪᠠᠨ ᠥᠨᠥᠴᠢᠨ ᠭᠣᠣᠨᠢ ᠨᠠᠰᠤᠲᠠᠨ ᠪᠠ ᠭᠡᠷ᠎ᠲᠡᠬᠡᠨ ᠬᠣᠴᠣᠷᠤᠭ᠍ᠰᠠᠨ ᠬᠡᠦᠬᠡᠳ᠎ᠢ ᠡᠷᠬᠢᠨ ᠦᠵᠡᠵᠦ᠍᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠳᠤ ᠪᠠᠰᠠ ᠤᠯᠠᠨ ᠤᠳᠠᠭ᠎ᠠ ᠣᠷᠣᠯᠴᠠᠪᠠ᠃ ᠰᠠᠢᠨ ᠰᠠᠨᠠᠭᠠᠨ᠎ᠤ ᠦᠵᠦᠬᠦᠷ ᠰᠦ ᠭᠡᠲᠡᠭ᠃ ᠬᠦᠮᠦᠰ᠎ᠤᠨ ᠬᠣᠭᠣᠷᠣᠨᠳᠣᠬᠢ ᠬᠠᠢᠷ᠎ᠠ ᠬᠠᠯᠠᠮᠵᠢ ᠪᠣᠯ ᠬᠠᠷᠢᠯᠴᠠᠨ ᠦᠢᠯᠡᠲᠦᠯᠴᠡᠳᠡᠭ᠂ ᠪᠢ ᠲᠣᠰᠠᠯᠠᠮᠵᠢ ᠬᠦᠰᠡᠬᠦ ᠦᠶᠡᠰ ᠮᠠᠰᠢ ᠣᠯᠠᠨ ᠬᠦᠮᠦᠨ ᠪᠠᠰᠠ ᠬᠠᠯᠠᠭᠣᠨ ᠭᠠᠷ᠎ᠶ᠋ᠢᠡᠨ ᠰᠣᠩᠭᠠᠨ ᠲᠡᠮᠵᠢᠲᠡᠭ ᠶᠣᠮ》 ᠭᠡᠵᠦ᠍ ᠶᠠᠨ ᠮᠧᠶ ᠯᠢᠩ ᠬᠡᠯᠡᠨ᠎ᠠ᠃

ᠶᠠᠨ ᠮᠧᠶ ᠯᠢᠩ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠳᠦ ᠣᠷᠣᠯᠴᠠᠬᠤ ᠪᠣᠯᠭᠠᠨ ᠵᠣᠬᠢᠬᠣ ᠬᠤᠪᠢ ᠣᠯᠲᠠᠬ᠃ ᠡᠲᠡᠭᠡᠷ ᠬᠤᠪᠢ᠎ᠪᠠᠷ ᠶ᠋ᠢᠡᠨ ᠨᠡᠢᠭᠡᠮ ᠲᠣᠭᠣᠷᠢᠭ᠎ᠤᠨ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠥᠷᠲᠡᠭᠡ ᠳ᠋ᠡᠬᠢ 《ᠬᠠᠢᠷ᠎ᠠ ᠬᠠᠯᠠᠮᠵᠢ᠎ᠶ᠋ᠢᠨ ᠬᠡᠲᠦ ᠳᠡᠯᠭᠡᠭᠦᠷ》 ᠡᠴᠡ ᠣᠯᠠᠨ ᠲᠥᠷᠥᠯ᠎ᠦᠨ ᠲᠠᠸᠠᠷ᠎ᠢ ᠰᠣᠯᠢᠵᠤ ᠪᠣᠯᠤᠨ᠎ᠠ᠃ ᠲᠥᠪᠰᠢᠨ ᠨᠡᠢᠭᠡᠮ ᠲᠣᠭᠣᠷᠢᠭ᠎ᠤᠨ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠥᠷᠲᠡᠭᠡ᠎ᠶ᠋ᠢᠨ ᠳᠠᠷᠤᠭ᠎ᠠ ᠭᠠᠩᠲᠤᠶᠠᠭ᠎ᠠ᠄《ᠡᠨᠡ ᠪᠣᠯ ᠰᠠᠢᠨ ᠳᠤᠷᠠᠴᠤᠳ᠎ᠲᠤ ᠬᠠᠨᠲᠣᠭᠣᠯᠣᠬᠰᠠᠨ ᠨᠢᠭᠡ ᠵᠦᠶ᠋ᠯ᠎ᠦᠨ ᠵᠣᠷᠢᠭ᠍ᠵᠢᠭᠤᠯᠤᠯ ᠮᠥᠨ᠂ ᠡᠢᠮᠦᠷᠬᠦᠦ ᠵᠣᠷᠢᠬᠵᠢᠭᠣᠯᠬᠣ ᠠᠷᠭ᠎ᠠ᠎ᠪᠠᠷ ᠳᠠᠮᠵᠢᠭᠤᠯᠤᠨ ᠨᠠᠩ ᠣᠯᠠᠨ ᠬᠦᠮᠦᠰ᠎ᠢ ᠬᠥᠲᠥᠯᠥᠨ ᠵᠢᠯᠣᠭᠣᠳᠴᠤ᠌ ᠪᠠᠢᠭᠠᠳ ᠪᠣᠯᠪᠠᠰᠤᠨ᠎ᠤ ᠦᠶ᠋ᠯᠡᠳᠦᠯᠭᠡ᠎ᠶ᠋ᠢᠨ ᠠᠵᠢᠯᠯᠠᠭ᠎ᠠ᠎ᠳᠤ ᠤᠬᠠᠮᠰᠠᠷ᠎ᠠᠴᠠ᠎ᠪᠠᠨ ᠣᠷᠣᠯᠴᠠᠭᠤᠯᠵᠤ᠂ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠰᠠᠢᠨ ᠳᠤᠷᠠᠴᠤᠳ ᠪᠣᠯᠬᠤ᠎ᠪᠠᠷ ᠴᠢᠷᠮᠠᠢᠵᠤ᠂ ᠡᠶ᠎ᠡ ᠵᠣᠬᠢᠴᠠᠯ᠎ᠲᠠᠶ ᠬᠡᠷ ᠣᠷᠣᠨ᠎ᠢᠶᠠᠨ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠌᠎ᠶ᠋ᠢ ᠬᠦᠰᠡᠨ᠎ᠠ》 ᠭᠡᠪᠡ᠃

30 ᠭᠠᠷᠤᠶ ᠲᠦᠮᠡᠨ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠰᠠᠢᠨ ᠳᠤᠷᠠᠴᠤᠳ ᠪᠣᠲᠠᠲᠣ ᠠᠵᠢᠯᠯᠠᠭ᠎ᠠ ᠪᠡᠷ ᠶ᠋ᠢᠡᠨ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠣᠭ ᠰᠠᠨᠠᠭ᠎ᠠ᠎ᠶ᠋ᠢ ᠦᠶ᠋ᠯᠡᠳᠦᠯᠭᠡᠵᠢᠭᠦᠯᠵᠦ᠍᠂ ᠣᠯᠠᠨ ᠲᠦᠮᠡᠨ ᠳ᠋ᠦ ᠬᠠᠢᠷ᠎ᠠ ᠬᠠᠯᠠᠮᠵᠢ ᠬᠦᠷᠲᠡᠭᠡᠵᠦ᠍᠂ 《ᠴᠠᠭ᠎ᠵᠠᠪ ᠲᠠᠶ ᠪᠣᠯ ᠰᠠᠢᠨ ᠳᠤᠷᠠᠴᠤᠳ ᠪᠣᠯᠵᠣ᠂ ᠬᠦᠴᠢᠷᠳᠡᠯ᠎ᠲᠡᠶ ᠪᠣᠯ ᠰᠠᠢᠨ ᠳᠤᠷᠠᠴᠤᠳ᠎ᠢ ᠡᠷᠢᠬᠦ᠌》 ᠨᠢ ᠨᠢᠭᠡᠨᠲᠡ ᠬᠥᠯᠥᠨ ᠪᠣᠢᠷ ᠬᠣᠲᠠ᠎ᠶ᠋ᠢᠨ ᠥᠷᠭᠡᠨ ᠣᠯᠠᠨ ᠺᠠᠳ᠋ᠷ ᠣᠯᠠᠨ ᠲᠦᠮᠡᠨ᠎ᠦ ᠬᠠᠮᠲᠤ᠎ᠶ᠋ᠢᠨ ᠲᠠᠨᠢᠯᠲᠠ ᠪᠣᠯᠵᠠᠶ᠃

《ᠨᠢᠭᠡ ᠦᠷᠲᠡᠭᠡ ᠨᠢᠭᠡ ᠦᠢᠯᠡᠳᠬᠦᠨ》 ᠪᠣᠯᠪᠠᠰᠣᠨ᠎ᠤ ᠦᠢᠯᠡᠲᠦᠯᠭᠡ᠎ᠶᠢᠨ ᠣᠨᠴᠠᠯᠢᠬᠲᠣ ᠲᠦᠷᠦᠯ ᠲᠡᠮᠲᠡᠭ᠎ᠢ ᠡᠬᠦᠲᠦᠨ᠎ᠡ

ᠬᠠᠢᠯᠠᠷ ᠲᠣᠭᠣᠷᠢᠭ᠎ᠤᠨ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠲᠥᠪ᠎ᠲᠦ ᠠᠯᠬᠣᠨ ᠣᠷᠣᠪᠠᠯ᠂ ᠬᠠᠨ᠎ᠠ ᠲᠦᠬᠦᠷᠡᠩ ᠬᠠᠢᠯᠠᠷ ᠲᠣᠭᠣᠷᠢᠭ᠎ᠤᠨ 《ᠢ ᠰᠢᠨ ᠱᠢᠶᠠᠩ ᠬᠠᠶ》ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠲᠥᠷᠥᠯ ᠲᠡᠮᠳᠡᠭ ᠎ᠦᠨ ᠪᠠᠶᠠᠯᠢᠭ ᠠᠭᠣᠯᠭ᠎ᠠ᠎ᠶᠢ ᠣᠯᠵᠦ ᠬᠠᠷᠠᠬᠣ ᠶᠣᠮ᠃

《ᠢ ᠰᠢᠨ ᠱᠢᠶᠠᠩ ᠬᠠᠶ》 ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ ᠶ᠋ᠢᠨ ᠲᠦᠷᠦᠯ ᠲᠡᠮᠳᠡᠭ᠌᠎ᠲᠦ᠍ ᠣᠷᠴᠢᠨ ᠲᠣᠭᠣᠷᠢᠨ᠎ᠢ ᠴᠡᠭ᠌ᠴᠡᠯᠡᠨ ᠵᠠᠰᠠᠬᠤ ᠲᠥᠷᠥᠯ ᠵᠦᠶ᠋ᠯ᠂ ᠪᠣᠯᠪᠠᠰᠤᠨ ᠵᠠᠮ ᠬᠠᠷᠢᠯᠴᠠᠭᠠᠨ᠎ᠤ ᠵᠢᠵᠢᠭᠦᠷ᠎ᠤᠨ ᠲᠥᠷᠥᠯ ᠵᠦᠶ᠋ᠯ᠂ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠲᠥᠷᠥᠯ ᠵᠦᠶ᠋ᠯ ᠵᠡᠷᠭᠡ 10 ᠭᠠᠷᠤᠶ ᠬᠤᠪᠢᠶᠠᠷᠢ ᠲᠦᠷᠦᠯ ᠲᠡᠮᠲᠡᠭ᠎ᠢ ᠪᠠᠭ᠍ᠲᠠᠭᠠᠵᠦ᠂ ᠡᠯ᠎ᠡ ᠲᠥᠷᠥᠯ᠎ᠦᠨ ᠠᠵᠢᠯᠯᠠᠭ᠎ᠠ᠎ᠶ᠋ᠢ 200 ᠭᠠᠷᠤᠶ ᠤᠳᠠᠭ᠎ᠠ ᠥᠷᠨᠢᠭᠦᠯᠵᠦ᠍᠂ ᠪᠣᠯᠪᠠᠰᠤᠨ᠎ᠤ ᠦᠶ᠋ᠯᠡᠳᠦᠯᠭᠡ᠎ᠶ᠋ᠢᠨ ᠦᠶ᠋ᠯᠡᠴᠢᠯᠡᠭᠡᠨ᠎ᠦ ᠠᠵᠢᠯᠯᠠᠭ᠎ᠠ᠎ᠶ᠋ᠢᠨ ᠠᠮᠢᠳᠤᠯᠢᠭ ᠵᠢᠷᠤᠭ᠎ᠢ ᠪᠦᠷᠢᠯᠳᠦᠭᠦᠯᠪᠡ᠃

ᠦᠩᠭᠡ᠎ᠶᠢᠨ ᠴᠡᠴᠡᠭ᠎ᠢ ᠳᠡᠯᠭᠡᠷᠡᠬᠦᠯᠵᠦ᠍᠂ ᠣᠳᠣᠨ ᠮᠡᠴᠢᠳ ᠰᠢᠬ ᠬᠡᠷᠡᠯᠲᠦᠬᠦ ᠪᠣᠯ ᠬᠥᠯᠥᠨ ᠪᠣᠢᠷ ᠬᠣᠲᠠ᠎ᠶ᠋ᠢᠨ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠠᠵᠢᠯᠯᠠᠭ᠎ᠠ᠎ᠶ᠋ᠢᠨ ᠢᠯᠡ ᠲᠣᠳᠣ ᠣᠨᠴᠠᠯᠢᠭ ᠪᠣᠯᠣᠨ᠎ᠠ᠃ ᠣᠯᠠᠨ ᠲᠦᠮᠡᠨ᠎ᠢ ᠨᠢᠭ᠍ᠲᠠᠷᠠᠭᠤᠯᠬᠤ᠂ ᠣᠯᠠᠨ ᠲᠦᠮᠡᠨ᠎ᠢ ᠬᠥᠲᠥᠯᠥᠨ ᠵᠢᠯᠣᠭᠣᠳᠭᠤ ᠵᠣᠷᠢᠯᠲᠠ᠎ᠪᠠᠷ᠂ ᠬᠥᠯᠥᠨ ᠪᠣᠢᠷ ᠬᠣᠲᠠ ᠪᠣᠯᠪᠠᠰᠤᠨ᠎ᠤ ᠦᠶ᠋ᠯᠡᠳᠦᠯᠭᠡ ᠶ᠋ᠢᠨ ᠦᠶ᠋ᠯᠡᠴᠢᠯᠡᠭᠡᠨ᠎ᠦ ᠨᠢᠭᠡ ᠪᠦᠯᠦᠭ ᠣᠨᠴᠠᠯᠢᠭ᠍ᠲᠤ ᠨᠠᠷᠠᠲᠤ ᠲᠥᠷᠥᠯ ᠲᠡᠮᠳᠡᠭ᠌ᠲᠦ᠍᠎ᠶ᠋ᠢ ᠪᠣᠢᠵᠢᠭᠤᠯᠵᠤ᠂ 《ᠨᠢᠭᠡ ᠥᠷᠲᠡᠭᠡ ᠨᠢᠭᠡ ᠦᠶ᠋ᠯᠡᠳᠬᠦᠨ》 ᠎ᠨᠢ ᠡᠯ᠎ᠡ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠥᠷᠲᠡᠭᠡ᠎ᠶ᠋ᠢᠨ ᠬᠥᠭᠡᠭᠡᠴᠡᠯᠳᠦᠬᠦ᠌ ᠬᠠᠷᠠᠯᠲᠠ ᠪᠣᠯᠵᠠᠶ᠃

ᠬᠠᠢᠯᠠᠷ ᠲᠣᠭᠣᠷᠢᠭ᠎ᠤᠨ ᠨᠡᠢᠲᠡ᠎ᠶ᠋ᠢᠨ ᠠᠰᠠᠷᠠᠮᠵᠢ᠎ᠶ᠋ᠢᠨ ᠴᠢᠨᠠᠷᠲᠠᠶ ᠦᠰᠦ ᠵᠠᠰᠠᠬᠤ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠲᠥᠷᠥᠯ ᠵᠦᠶ᠋ᠯ ᠡᠬᠢᠯᠡᠭ᠌ᠰᠡᠨ᠎ᠡᠴᠡ ᠨᠠᠭᠠᠰᠢ᠂ ᠰᠦᠶ᠋ᠳᠭᠡᠯ ᠬᠤᠷᠢᠶᠠᠬᠤ ᠥᠬᠡᠶ᠎ᠪᠡᠷ 60 ᠨᠠᠰᠤᠨ᠎ᠠᠴᠠ ᠳᠡᠭᠡᠭ᠌ᠰᠢᠬᠢ 500 ᠭᠠᠷᠤᠶ ᠨᠠᠰᠤᠲᠠᠢᠴᠤᠳ᠎ᠲᠤ ᠦᠰᠦ ᠵᠠᠰᠠᠬᠣ ᠦᠢᠯᠡᠴᠢᠯᠡᠭᠡ ᠬᠠᠩᠭᠠᠵᠣ᠂ ᠨᠠᠰᠤᠲᠠᠢᠴᠤᠳ᠎ᠤᠨ ᠠᠵᠤ ᠠᠬᠤᠶ᠎ᠶ᠋ᠢᠨ ᠳᠠᠷᠤᠭᠠᠰᠤ᠎ᠶ᠋ᠢ ᠬᠥᠩᠭᠡᠷᠡᠭᠦᠯᠵᠦ᠍᠂ ᠲᠡᠳᠡᠨ᠎ᠦ ᠰᠠᠢᠨ ᠦᠨᠡᠯᠡᠯᠲᠡ᠎ᠶ᠋ᠢ ᠣᠯᠤᠭ᠍ᠰᠠᠨ ᠪᠠᠢᠨ᠎ᠠ ᠃

ᠵᠠᠯᠠᠨ ᠠᠢᠯ ᠬᠤᠳᠠ᠎ᠶ᠋ᠢᠨ 《ᠰᠥᠨᠢ᠎ᠶ᠋ᠢᠨ ᠵᠢᠵᠢᠭ ᠳ᠋ᠧᠩ》 ᠬᠠᠪᠰᠤᠷᠤᠨ ᠲᠡᠳᠬᠦᠬᠦ᠌ ᠲᠥᠯᠥᠪᠯᠡᠭᠡ ᠨᠢ ᠪᠤᠢ᠌ᠳᠠ ᠪᠥᠭ᠌ᠯᠡᠭᠦᠦ ᠭᠠᠵᠠᠷ ᠣᠷᠣᠨ᠎ᠤ ᠨᠠᠰᠤᠲᠠᠢᠴᠤᠳ ᠪᠣᠯᠤᠨ ᠭᠡᠷ᠎ᠲᠡᠬᠡᠨ ᠬᠣᠴᠣᠷᠤᠭ᠍ᠰᠠᠨ ᠬᠡᠦᠬᠡᠳ ᠲᠦ᠍ ᠦᠲᠡᠰᠢ ᠰᠥᠨᠢ᠎ᠶ᠋ᠢᠨ ᠭᠡᠷᠡᠯᠲᠦᠭᠦᠯᠭᠡ᠎ᠶ᠋ᠢᠨ ᠦᠢᠯᠡᠴᠢᠯᠡᠭᠡ ᠬᠠᠩᠭᠠᠵᠤ᠂ ᠲᠡᠳᠡᠨ᠎ᠳᠦ ᠨᠡᠩ ᠤᠯᠠᠨ ᠠᠮᠤᠷ ᠲᠦᠪᠱᠢᠨ᠎ᠦ ᠲᠦᠷᠦᠭ᠌ᠳᠡᠯ ᠪᠣᠯᠣᠨ ᠵᠢᠷᠭᠠᠯᠲᠤ ᠲᠦᠷᠦᠭ᠌ᠳᠡᠯ ᠣᠯᠭᠣᠪᠠ᠃

ᠡᠸᠡᠩᠬᠢ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠱᠢᠭᠤᠨ᠎ᠤ ᠪᠠᠶᠠᠨᠲᠣᠬᠣᠢ ᠪᠠᠯᠭᠠᠰᠤᠨ᠎ᠤ ᠰᠠᠢᠬᠠᠨ ᠨᠡᠢᠭᠡᠮ ᠲᠣᠭᠣᠷᠢᠭ᠎ᠤᠨ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠥᠷᠲᠡᠭᠡ᠎ᠶ᠋ᠢᠨ ᠦᠲᠡᠰᠢ᠎ᠶᠢᠨ ᠲᠣᠯᠣᠩ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠩᠭᠢ ᠨᠢ ᠬᠠᠷᠢᠶ᠎ᠠ ᠣᠷᠣᠨ᠎ᠤ 1000 ᠭᠠᠷᠤᠶ ᠨᠠᠰᠤᠲᠠᠢᠴᠤᠳ᠎ᠲᠤ ᠬᠤᠷᠢᠮ᠎ᠤᠨ ᠰᠡᠭᠦᠳᠡᠷ ᠲᠠᠲᠠᠬᠤ᠂ ᠪᠡᠶ᠎ᠡ ᠰᠤᠪᠢᠯᠠᠬᠤ ᠮᠡᠳᠡᠯᠭᠡ᠎ᠶ᠋ᠢᠨ ᠲᠠᠢᠯᠤᠮᠵᠢ ᠬᠢᠬᠦ᠌ ᠵᠡᠷᠭᠡ ᠦᠶ᠋ᠯᠡᠴᠢᠯᠡᠭᠡ ᠬᠠᠩᠭᠠᠪᠠ᠃

ᠬᠥᠯᠥᠨ ᠪᠣᠢᠷ ᠬᠣᠲᠠ᠎ᠶ᠋ᠢᠨ ᠡᠯ᠎ᠡ ᠱᠠᠲᠤᠨ᠎ᠤ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠵᠢᠭ᠍ᠰᠠᠭᠠᠯ᠎ᠤᠨ ᠭᠠᠵᠠᠷ᠎ᠨᠢ ᠠᠷᠠᠳ ᠣᠯᠠᠨ᠎ᠤ ᠬᠡᠷᠡᠭ᠌ᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠥᠪᠡᠷᠮᠢᠴᠡ ᠣᠨᠴᠠᠯᠢᠭ᠎ᠲᠠᠶ ᠨᠠᠷᠠᠲᠤ ᠲᠥᠷᠥᠯ ᠲᠡᠮᠳᠡᠭ᠌ᠲᠦ᠍᠎ᠶ᠋ᠢ ᠪᠣᠶ ᠪᠣᠯᠭᠠᠵᠤ᠂ ᠨᠠᠷᠠᠲᠤ ᠲᠥᠷᠥᠯ ᠲᠡᠮᠳᠡᠭ᠌ᠲᠦ᠍᠎ᠶ᠋ᠢᠨ ᠲᠥᠷᠥᠯ ᠵᠦᠶ᠋ᠯ᠎ᠢᠶᠡᠷ ᠬᠥᠮᠦᠰ᠎ᠦᠨ ᠰᠡᠳᠭᠢᠯ᠎ᠢ ᠨᠢᠭ᠍ᠲᠠᠷᠠᠭᠤᠯᠵᠤ ᠂ ᠡᠬᠢ ᠪᠠᠶᠠᠯᠢᠭ᠎ᠢ ᠨᠡᠢᠳᠭᠡᠵᠦ᠍᠂ ᠣᠯᠠᠨ ᠲᠦᠮᠡᠨ᠎ᠢ ᠳᠠᠢᠴᠢᠯᠠᠨ ᠪᠣᠯᠪᠠᠰᠤᠨ᠎ᠤ ᠦᠶ᠋ᠯᠡᠳᠦᠯᠭᠡ᠎ᠶ᠋ᠢᠨ ᠠᠵᠢᠯᠯᠠᠭ᠎ᠠ᠎ᠳᠤ ᠣᠷᠣᠯᠴᠠᠭᠤᠯᠵᠤ᠂ ᠣᠯᠠᠨ ᠲᠦᠮᠡᠨ ᠬᠠᠮᠢᠭ᠎ᠠ ᠪᠠᠢᠪᠠᠯ ᠪᠣᠯᠪᠠᠰᠤᠨ᠎ᠤ ᠦᠶ᠋ᠯᠡᠳᠦᠯᠭᠡ ᠲᠡᠨᠳᠡ ᠬᠦᠷᠲᠡᠯ᠎ᠡ ᠤᠷᠳᠤᠰᠬᠤ ᠎ᠶ᠋ᠢ ᠪᠡᠶᠡᠯᠡᠭᠦᠯᠪᠡ᠃

ᠬᠠᠷᠢᠯᠴᠠᠨ ᠠᠭᠣᠰᠣᠯᠴᠠᠵᠦ ᠬᠠᠮᠲᠣ ᠪᠠᠷ ᠪᠠᠢᠭᠣᠯᠣᠨ ᠪᠣᠯᠪᠠᠰᠣᠨ᠎ᠤ ᠦᠢᠯᠡᠲᠦᠯᠭᠡ ᠎ᠶᠢᠨ ᠬᠦᠨᠵᠡᠭᠡᠢᠷᠡᠯ᠎ᠢ ᠠᠬᠢᠭᠣᠯᠪᠠ

ᠬᠥᠯᠥᠨ ᠪᠣᠢᠷ ᠬᠣᠲᠠ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠪᠠᠢᠭᠤᠯᠤᠯᠲᠠ ᠬᠢᠭᠡᠳ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠶ᠋ᠢ ᠪᠠᠢᠩᠭᠤᠵᠢᠭᠤᠯᠬᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠶ᠋ᠢ ᠬᠡᠷᠡᠭ᠌ᠵᠢᠭᠦᠯᠬᠦ᠌᠂ ᠪᠥᠬᠥ᠌ ᠤᠯᠤᠰ᠎ᠤᠨ ᠪᠣᠯᠪᠠᠰᠤᠨ ᠬᠣᠲᠠ᠎ᠶ᠋ᠢ ᠡᠭᠦᠳᠦᠨ ᠪᠠᠢᠭᠤᠯᠬᠤ ᠵᠡᠷᠭᠡ ᠣᠳᠣᠬᠠᠨ᠎ᠤ ᠭᠤᠤᠯᠳᠠᠯᠭ᠎ᠠ᠎ᠲᠠᠶ ᠠᠵᠢᠯ᠎ᠤᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠱᠢᠨ᠎ᠡ ᠠᠷᠭ᠎ᠠ ᠵᠠᠮ᠎ᠢ ᠲᠠᠰᠤᠷᠠᠯᠲᠠ ᠥᠬᠡᠶ ᠬᠠᠢᠨ ᠰᠦᠪᠡᠭ᠌ᠴᠢᠯᠡᠵᠦ᠍᠂ ᠱᠢᠨ᠎ᠡ ᠠᠷᠭ᠎ᠠ ᠵᠠᠮ᠎ᠢ ᠥᠷᠭᠡᠳᠭᠡᠨ ᠂ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠠᠵᠢᠯ᠎ᠤᠨ ᠭᠦᠨᠵᠡᠭᠡᠢᠷᠡᠨ ᠠᠭᠢᠬᠤ᠎ᠶ᠋ᠢ ᠬᠦᠴᠦᠲᠡᠶ ᠠᠬᠢᠭᠤᠯᠪᠠ᠃

ᠬᠢᠵᠢᠭ᠎ᠦᠨ ᠪᠠᠢᠳᠠᠯ ᠡᠬᠦᠰᠬᠦ ᠳ᠋ᠦ᠂ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠲᠥᠪ ᠨᠢ ᠲᠠᠷᠣᠢ ᠲᠦᠷᠭᠡᠨ ᠴᠤᠭ᠍ᠯᠠᠷᠠᠯ᠎ᠤᠨ ᠪᠦᠷᠢᠶ᠎ᠡ᠎ᠶ᠋ᠢ ᠬᠠᠩᠭᠢᠨᠠᠭᠤᠯᠵᠦ᠂ ᠪᠣᠯᠪᠠᠰᠤᠨ᠎ᠤ ᠦᠶ᠋ᠯᠡᠳᠦᠯᠭᠡ ᠎ᠶᠢᠨ ᠰᠠᠢᠨ ᠳᠤᠷ᠎ᠠ᠎ᠶ᠋ᠢᠨ ᠦᠶ᠋ᠯᠡᠴᠢᠯᠡᠭᠡ᠎ᠶᠢ ᠨᠢᠬᠲᠠᠷᠠᠭᠣᠯᠵᠦ᠂ ᠡᠯ᠎ᠡ ᠱᠠᠲᠤᠨ᠎ᠤ ᠡᠯ᠎ᠡ ᠲᠥᠷᠥᠯ᠎ᠦᠨ ᠨᠢᠭᠡᠴᠢ᠎ᠶ᠋ᠢ ᠬᠥᠲᠥᠯᠥᠨ ᠵᠢᠯᠣᠭᠣᠳᠴᠣ᠂ ᠰᠠᠢ᠌ᠨ ᠳᠤᠷ᠎ᠠ ᠶ᠋ᠢᠨ ᠦᠢᠯᠡᠴᠢᠯᠡᠭᠡᠨ᠎ᠦ ᠵᠣᠬᠢᠶᠠᠨ ᠪᠠᠢᠭᠤᠯᠤᠯᠲᠠ ᠪᠠ ᠥᠷᠭᠡᠨ ᠤᠯᠠᠨ ᠰᠠᠢ᠌ᠨ ᠳᠤᠷ᠎ᠠ᠎ᠶ᠋ᠢᠨ ᠠᠵᠢᠯᠯᠠᠭ᠍ᠴᠢ᠂ ᠰᠠᠢ᠌ᠨ ᠳᠤᠷ᠎ᠠ᠎ᠶ᠋ᠢᠨ ᠦᠢᠯᠡᠴᠢᠯᠡᠭᠡ᠎ᠶ᠋ᠢ ᠡᠮᠬᠢ ᠵᠢᠷᠤᠮ᠎ᠲᠠᠶ᠎ᠪᠠᠷ ᠥᠷᠨᠢᠭᠦᠯᠵᠦ᠂ ᠨᠠᠮ᠎ᠤᠨ ᠭᠡᠱᠢᠭᠦᠨ᠎ᠦ ᠰᠠᠢᠨ ᠲᠣᠷ᠎ᠠ᠎ᠶᠢᠨ ᠦᠶ᠋ᠯᠡᠴᠢᠯᠡᠭᠡᠨ᠎ᠦ ᠠᠩᠭᠢ᠂ ᠡᠮᠡᠭ᠌ᠲᠡᠢᠴᠦᠳ᠎ᠦᠨ ᠰᠠᠢᠨ ᠲᠣᠷ᠎ᠠ᠎ᠶ᠋ᠢᠨ ᠦᠶ᠋ᠯᠡᠴᠢᠯᠡᠭᠡᠨ᠎ᠦ ᠠᠩᠭᠢ᠂ ᠤᠶᠤᠲᠠᠳ᠎ᠤᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠩᠭᠢ ᠵᠡᠷᠭᠡ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠬᠡᠳᠦᠨ ᠲᠦᠮᠡᠨ ᠰᠠᠢᠨ ᠲᠤᠷᠠᠴᠤᠳ ᠨᠢᠭᠡᠳᠦᠭᠡᠷ ᠹᠷᠣᠨᠲ᠎ᠲᠤ ᠭᠦᠨᠵᠡᠭᠡᠢᠷᠡᠵᠦ᠂ ᠪᠥᠭᠡᠮ ᠬᠦᠴᠢᠯ᠎ᠦᠨ ᠪᠠᠢᠴᠠᠭᠠᠯᠲᠠ᠂ ᠡᠳ᠋ ᠪᠠᠷᠠᠭ᠎ᠠ ᠲᠣᠬᠢᠷᠠᠭᠤᠯᠤᠨ ᠬᠦᠷᠭᠡᠬᠦ ᠪᠠ ᠵᠢᠵᠢᠭᠦᠷᠯᠡᠬᠦ᠌ ᠵᠡᠷᠭᠡ ᠳ᠋ᠦ ᠣᠷᠣᠯᠴᠠᠵᠦ᠂ ᠤᠯᠠᠨ ᠲᠦᠮᠡᠨ᠎ᠦ ᠦᠢᠯᠡᠴᠢᠯᠡᠭ᠌ᠴᠢ ᠪᠣᠯᠣᠬᠰᠠᠨ ᠪᠠᠢᠨ᠎ᠠ᠃

ᠲᠦᠷᠦᠭᠦᠬᠡᠨ 《ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠰᠠᠢᠨ ᠳᠤᠷ᠎ᠠ᠎ᠶ᠋ᠢᠨ ᠦᠶ᠋ᠯᠡᠴᠢᠯᠡᠭᠡ》— ᠬᠥᠯᠥᠨ ᠪᠣᠢᠷ ᠬᠣᠲᠠ᠎ᠶ᠋ᠢᠨ ᠱᠢᠨᠵᠢᠯᠡᠬᠦ᠌ ᠤᠬᠠᠭᠠᠨ ᠮᠡᠷᠭᠡᠵᠢᠯ᠎ᠦᠨ ᠨᠡᠢᠭᠡᠮᠯᠢᠭ᠎ᠦᠨ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠵᠢᠯᠯᠠᠭ᠎ᠠ ᠵᠢᠩᠬᠢᠨᠢ᠎ᠪᠡᠷ ᠡᠬᠢᠯᠡᠵᠦ᠍᠂ ᠱᠢᠨᠵᠢᠯᠡᠬᠦ᠌ ᠤᠬᠠᠭᠠᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠦᠶ᠋ᠯᠡᠴᠢᠯᠡᠭᠡ᠂ ᠱᠢᠨᠵᠢᠯᠡᠬᠦ᠌ ᠤᠬᠠᠭᠠᠨ ᠮᠡᠷᠭᠡᠵᠢᠯ᠎ᠦᠨ ᠬᠥᠮᠦᠵᠢᠯ ᠵᠡᠷᠭᠡ 11 ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠩᠭᠢ᠎ᠳᠤ ᠲᠣᠭ ᠣᠯᠭᠣᠪᠠ᠃ ᠲᠠᠷᠢᠶᠠᠯᠠᠩ᠎ᠤᠨ ᠮᠡᠷᠭᠡᠵᠢᠯ᠎ᠦᠨ ᠥᠷᠲᠡᠭᠡ᠂ ᠱᠢᠨᠵᠢᠯᠡᠬᠦ᠌ ᠤᠬᠠᠭᠠᠨ ᠰᠤᠳᠤᠯᠭᠠᠨ᠎ᠤ ᠬᠦᠷᠢᠶᠡᠯᠡᠩ ᠭᠠᠵᠠᠷ᠂ ᠱᠢᠨᠵᠢᠯᠡᠬᠦ᠌ ᠤᠬᠠᠭᠠᠨ ᠮᠡᠷᠭᠡᠵᠢᠯ᠎ᠦᠨ ᠬᠡᠯᠪᠡᠷᠢ᠎ᠶ᠋ᠢᠨ ᠠᠵᠤ ᠠᠬᠤᠢᠯᠠᠯ ᠵᠡᠷᠭᠡ ᠳᠡᠭᠡᠳᠦ ᠮᠡᠷᠭᠡᠵᠢᠯ᠎ᠦᠨ ᠴᠢᠳᠠᠪᠤᠷᠢᠲᠠᠨ᠎ᠢᠶᠠᠷ ᠪᠦᠷᠢᠯᠳᠦᠭ᠌ᠰᠡᠨ ᠴᠢᠳᠠᠮᠵᠢᠳᠤ ᠬᠡᠯᠪᠡᠷᠢ᠎ᠶ᠋ᠢᠨ ᠱᠢᠨᠵᠢᠯᠡᠬᠦ᠌ ᠤᠬᠠᠭᠠᠨ ᠮᠡᠷᠭᠡᠵᠢᠯ᠎ᠢ ᠲᠦᠭᠡᠮᠡᠯᠵᠢᠭᠦᠯᠬᠦ᠌ ᠤᠯᠠᠮᠵᠢᠯᠠᠨ ᠲᠠᠷᠬᠠᠭᠠᠬᠤ ᠪᠦᠯᠬᠦᠮ ᠳᠠᠷᠢᠵᠤ ᠲᠡᠵᠢᠭᠡᠬᠦ᠌ ᠮᠡᠷᠭᠡᠵᠢᠯ᠎ᠦᠨ ᠪᠣᠯᠪᠠᠰᠤᠷᠠᠭᠤᠯᠤᠯ᠂ ᠳᠡᠭᠡᠳᠦ ᠱᠢᠨ᠎ᠡ ᠮᠡᠷᠭᠡᠵᠢᠯ᠎ᠦᠨ ᠲᠠᠨᠢᠯᠴᠠᠭᠤᠯᠭ᠎ᠠ᠂ ᠱᠢᠨ᠎ᠡ᠎ᠶ᠋ᠢ ᠡᠭᠦᠳᠬᠦ᠌ ᠠᠷᠭ᠎ᠠ᠎ᠶ᠋ᠢ ᠳᠡᠯᠭᠡᠷᠡᠭᠦᠯᠬᠦ᠌ ᠵᠡᠷᠭᠡ ᠭᠤᠤᠯ ᠰᠡᠳᠦᠪᠲᠦ ᠱᠢᠨᠵᠢᠯᠡᠬᠦ᠌ ᠤᠬᠠᠭᠠᠨ ᠮᠡᠷᠭᠡᠵᠢᠯ᠎ᠦᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠵᠢᠯᠯᠠᠭ᠎ᠠ ᠥᠷᠨᠢᠭᠦᠯᠬᠦ᠌᠎ᠪᠡᠷ ᠳᠠᠮᠵᠢᠭᠤᠯᠤᠨ᠂ ᠪᠥᠬᠥ᠌ ᠠᠷᠠᠳ᠎ᠤᠨ ᠱᠢᠨᠵᠢᠯᠡᠬᠦ᠌ ᠤᠬᠠᠭᠠᠨ᠎ᠤ ᠬᠡᠪ ᠪᠤᠯᠪᠠᠰᠤᠷᠠᠯ ᠎ᠢ ᠳᠡᠭᠡᠭ᠌ᠰᠢᠯᠡᠭᠦᠯᠬᠦ᠌᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ᠌ ᠪᠣᠯᠤᠨ᠎ᠠ᠃

ᠬᠥᠯᠥᠨ ᠪᠣᠢᠷ ᠬᠣᠲᠠ ᠪᠥᠬᠥ᠌ ᠤᠯᠤᠰ᠎ᠤᠨ ᠪᠣᠯᠪᠠᠰᠤᠨ ᠬᠣᠲᠠ᠎ᠶ᠋ᠢ ᠡᠭᠦᠳᠦᠨ ᠪᠠᠢᠭᠤᠯᠬᠤ ᠳ᠋ᠦ ᠨᠡᠷ᠎ᠡ ᠳᠤᠷᠠᠳᠤᠭ᠍ᠲᠠᠬᠰᠠᠨ᠎ᠠᠴᠠ ᠨᠠᠭᠠᠰᠢ᠂ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠰᠠᠢᠨ ᠲᠤᠷᠠᠴᠤᠳ ᠵᠡᠭᠡᠯᠢ ᠭᠤᠳᠤᠮᠵᠢ᠎ᠪᠠᠷ ᠶᠠᠭᠠᠷᠠᠯᠲᠠᠢ ᠠᠵᠢᠯᠯᠠᠵᠤ᠂《ᠪᠣᠯᠪᠠᠰᠣᠨ ᠬᠣᠲᠠ᠎ᠶᠢ ᠡᠭᠦᠳᠬᠦ᠌》ᠠᠵᠢᠯᠯᠠᠭ᠎ᠠ᠎ᠳᠦ ᠪᠡᠶᠡᠴᠢᠯᠡᠨ ᠣᠷᠣᠯᠴᠠᠵᠠᠭᠠᠪᠠ᠃ ᠪᠦᠬᠦ᠌ ᠬᠣᠲᠠ᠎ᠶ᠋ᠢᠨ 32 ᠶᠡᠬᠡ ᠲᠡᠭᠡᠳᠤ ᠰᠤᠷᠭᠠᠭᠤᠯᠢ ᠪᠠ ᠳᠤᠮᠳᠠᠳᠤ ᠪᠠᠭ᠎ᠠ ᠰᠤᠷᠭᠠᠭᠤᠯᠢ᠎ᠶ᠋ᠢᠨ ᠬᠦᠷᠢᠶᠡᠨ᠎ᠦ ᠡᠷᠭᠢᠨ ᠲᠣᠭᠣᠷᠢᠨ᠎ᠳᠤ ᠪᠣᠯᠪᠠᠰᠤᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠵᠢᠯᠯᠠᠭ᠎ᠠ᠎ᠶ᠋ᠢ ᠲᠥᠪᠯᠡᠷᠡᠭᠦᠯᠦᠨ ᠥᠷᠨᠢᠭᠦᠯᠪᠡ; 《ᠪᠢ ᠲᠠᠨ᠎ᠢ ᠬᠠᠪᠰᠤᠷᠣᠨ᠎ᠠ》ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠣᠯᠠᠨ ᠡᠩᠨᠡᠭᠡ᠎ᠶ᠋ᠢ ᠪᠠᠢᠩᠭᠤᠵᠢᠭᠤᠯᠤᠨ ᠨᠠᠰᠤᠲᠠᠢᠴᠤᠳ᠎ᠲᠤ ᠲᠤᠰᠠᠯᠠᠬᠤ᠂ ᠬᠡᠷ᠎ᠲᠡᠬᠡᠨ ᠬᠣᠴᠣᠷᠤᠭ᠍ᠰᠠᠨ ᠬᠡᠦᠬᠡᠳ᠎ᠢ ᠬᠠᠯᠠᠮᠵᠢᠯᠠᠬᠤ᠂ ᠡᠷᠡᠭᠦᠯ ᠬᠠᠮᠠᠭᠠᠯᠠᠯ ᠣᠷᠴᠢᠨ ᠲᠣᠭᠣᠷᠢᠨ᠎ᠢ ᠴᠡᠭ᠌ᠴᠡᠯᠡᠨ ᠵᠠᠰᠠᠬᠤ ᠵᠡᠷᠭᠡ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠵᠢᠯᠯᠠᠭ᠎ᠠ ᠥᠷᠨᠢᠭᠦᠯᠵᠦ᠍᠂ ᠥᠷᠭᠡᠨ ᠣᠯᠠᠨ ᠺᠠᠳ᠋ᠷ ᠣᠯᠠᠨ ᠲᠦᠮᠡᠨ ᠰᠡᠳᠭᠢᠯ ᠨᠢᠭᠡᠳᠦᠨ ᠬᠦᠴᠦ᠍ ᠪᠠᠨ ᠬᠠᠮᠲᠤᠳᠭᠠᠵᠤ᠂ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ ᠪᠣᠯᠤᠨ ᠪᠣᠯᠪᠠᠰᠤᠨ ᠬᠣᠲᠠ᠎ᠶ᠋ᠢ ᠡᠭᠦᠳᠦᠨ ᠪᠠᠢᠭᠤᠯᠬᠤ ᠨᠠᠢᠷᠠᠯ ᠬᠥᠭ᠌ᠵᠢᠮ᠎ᠢ ᠴᠢᠪᠬᠠᠳᠠᠪᠠ᠃

2022 ᠣᠨ᠎ᠳᠤ᠂ ᠬᠥᠯᠥᠨ ᠪᠣᠢᠷ ᠬᠣᠲᠠ᠎ᠶ᠋ᠢᠨ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠵᠢᠯᠣᠭᠣᠳᠭᠤ ᠲᠥᠪ᠎ᠲᠦ 5 ᠠᠵᠢᠯ ᠦᠶ᠋ᠯᠡᠰ᠎ᠦᠨ ᠣᠷᠣᠨ ᠲᠣᠭ᠎ᠠ ᠨᠠᠮᠠᠨ ᠲᠣᠬᠢᠷᠠᠭᠣᠯᠵᠦ᠂ ᠪᠥᠬᠥ᠌ ᠣᠷᠣᠨ᠎ᠳᠤ ᠲᠦᠷᠦᠬᠦᠯᠡᠨ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠰᠠᠭᠤᠷᠢ ᠮᠥᠩᠭᠥ ᠪᠠᠢᠭᠤᠯᠵᠤ᠂ ᠠᠩᠬᠠᠨ᠎ᠤ ᠡᠭᠡᠯᠵᠢ᠎ᠳᠦ 286 ᠲᠦᠮᠡᠨ ᠲᠥᠭᠥᠷᠢᠭ᠎ᠦᠨ ᠪᠠᠯᠠ ᠮᠥᠩᠭᠥ᠌ ᠴᠤᠭ᠍ᠯᠠᠭᠤᠯᠵᠦ᠂ ᠵᠠᠰᠠᠭ᠎ᠤᠨ ᠣᠷᠳᠣᠨ᠎ᠤ ᠣᠷᠣᠭᠤᠯᠤᠯᠲᠠ᠎ᠪᠠᠷ ᠭᠤᠤᠯ ᠪᠣᠯᠭᠠᠵᠤ᠂ ᠣᠯᠠᠨ ᠠᠷᠭ᠎ᠠ ᠵᠠᠮ᠎ᠢᠶᠠᠷ ᠴᠤᠭ᠍ᠯᠠᠭᠤᠯᠬᠤ᠎ᠪᠠᠷ ᠬᠠᠪᠰᠤᠷᠤᠮᠵᠢ ᠪᠣᠯᠭᠠᠭ᠍ᠰᠠᠨ ᠣᠯᠠᠨ ᠡᠱᠢᠲᠦ ᠪᠡᠯᠡ ᠣᠷᠣᠭᠤᠯᠤᠯᠲᠠ᠎ᠶ᠋ᠢᠨ ᠲᠣᠭ᠍ᠲᠠᠴᠠ᠎ᠶ᠋ᠢ ᠪᠠᠢᠭᠤᠯᠵᠤ᠂ ᠲᠥᠷᠥᠯ ᠵᠦᠶ᠋ᠯ᠎ᠢ ᠪᠣᠢᠵᠢᠭᠤᠯᠬᠤ᠂ ᠠᠶᠤᠯ ᠲᠦᠭ᠌ᠰᠢᠭᠦᠷᠢ᠎ᠶ᠋ᠢ ᠠᠪᠤᠷᠠᠨ ᠬᠦᠴᠢᠷᠳᠡᠯ᠎ᠢ ᠬᠠᠪᠰᠤᠷᠬᠤ ᠵᠡᠷᠭᠡ ᠣᠯᠠᠨ ᠬᠡᠯᠪᠡᠷᠢ᠎ᠪᠡᠷ ᠳᠠᠮᠵᠢᠭᠤᠯᠵᠤ ᠂ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠠᠵᠢᠯᠯᠠᠭ᠎ᠠ᠎ᠶ᠋ᠢ ᠭᠦᠨᠵᠡᠭᠡᠢᠷᠡᠭᠦᠯᠵᠦ᠍᠂ ᠪᠣᠯᠪᠠᠰᠤᠨ ᠎ᠤ ᠦᠶ᠋ᠯᠡᠳᠦᠯᠭᠡ᠎ᠶ᠋ᠢᠨ ᠣᠯᠠᠨ ᠲᠦᠮᠡᠨ᠎ᠳᠦ ᠦᠶ᠋ᠯᠡᠴᠢᠯᠡᠬᠦ᠌᠂ ᠨᠡᠢᠭᠡᠮ᠎ᠳᠦ ᠬᠤᠪᠢ ᠨᠡᠮᠡᠷᠢ ᠦᠵᠡᠭᠦᠯᠬᠦ᠌ ᠢᠳᠡᠪᠬᠢ ᠦᠶ᠋ᠯᠡᠳᠦᠯ᠎ᠢ ᠦᠨᠡᠨ ᠬᠦ᠌ ᠪᠠᠳᠠᠷᠠᠭᠤᠯᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面