ᠱᠢᠨ᠎᠎ᠡ ᠴᠠᠭ ᠦᠶ᠎ᠡ᠎ᠳ᠋ᠦ᠍ ᠭᠠᠪᠢᠶ᠎ᠠ ᠪᠠᠢᠭᠤᠯᠤᠶ᠎ᠠ > ᠮᠡᠳᠡᠭᠡᠯᠡᠯ

2022-07-18 10:43:42

ᠵᠣᠬᠢᠶᠠᠭ᠍ᠴᠢ᠄ ᠬᠤᠸᠠᠩ ᠫᠦ ᠮᠧᠶ ᠱᠢᠶᠠᠨ ᠬᠠᠢ ᠵᠢᠶᠦ᠋ᠨ ᠣᠩᠱᠢᠭ᠍ᠰᠠᠨ ᠣᠳᠠᠭ᠎ᠠ᠄ 3

ᠬᠣᠲᠠ ᠲᠣᠭᠣᠷᠢᠭ ᠬᠣᠶᠠᠷ ᠱᠠᠲᠤᠨ᠎ᠤ ᠤᠳᠤᠷᠢᠳᠤᠯᠭ᠎ᠠ ᠱᠢᠶᠠᠩ ᠪᠠᠯᠭᠠᠰᠤ ᠵᠡᠭᠡᠯᠢ ᠭᠤᠳᠤᠮᠵᠢ ᠵᠢ ᠳᠠᠭᠠᠭᠠᠴᠢᠯᠠᠨ ᠬᠠᠷᠢᠯᠴᠠᠵᠤ᠂ 229 ᠨᠢᠭᠡᠴᠢ 564 ᠰᠠᠭᠤᠭᠠᠯᠢ ᠠᠷᠠᠳ ᠤ᠋ᠨ ᠲᠣᠭᠣᠷᠢᠭ᠎ᠢ ᠳᠠᠭᠠᠭᠠᠴᠢᠯᠠᠨ ᠬᠠᠷᠢᠯᠴᠠᠵᠤ᠂ 4.2 ᠲᠦᠮᠡᠨ ᠰᠠᠢᠨ ᠳᠤᠷᠠᠴᠤᠳ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠮᠦᠨ᠎ᠡ ᠹᠷᠣᠨᠲ ᠲᠤ᠌ ᠭᠠᠪᠱᠢᠭᠠᠢᠯᠠᠵᠤ᠂ ᠬᠤᠳᠠ ᠵᠢᠨ ᠠᠷᠠᠳ ᠵᠢᠡᠷ ᠪᠦᠷᠢᠯᠳᠦᠭᠰᠡᠨ ᠪᠣᠯᠪᠠᠰᠤᠨ ᠠᠵᠢᠯᠯᠠᠭ᠎ᠠ ᠵᠢᠨ 100 ᠬᠢᠨᠠᠭᠴᠢ ᠪᠣᠯᠪᠠᠰᠤᠨ ᠪᠤᠰᠤ ᠠᠵᠢᠯᠯᠠᠭ᠎ᠠ ᠵᠢ ᠬᠢᠨᠠᠨ ᠪᠠᠢᠴᠠᠭᠠᠨ᠎ᠠ ᠁ ᠦᠨᠦᠳᠦᠷ᠂《ᠪᠢ ᠪᠥᠬᠥ᠌ ᠤᠯᠤᠰ᠎ᠤᠨ ᠪᠣᠯᠪᠠᠰᠤᠨ ᠬᠣᠲᠠ᠎ᠶ᠋ᠢ ᠡᠭᠦᠳᠦᠨ ᠪᠠᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠬᠦ᠌》ᠨᠢ ᠤᠯᠠᠭᠠᠨᠴᠠᠪ ᠬᠣᠲᠠ ᠪᠣᠯᠤᠨ ᠵᠢᠨᠢᠩ ᠲᠣᠭᠣᠷᠢᠭ᠎ᠤᠨ ᠥᠷᠭᠡᠨ ᠣᠯᠠᠨ ᠺᠠᠳ᠋ᠷ ᠣᠯᠠᠨ ᠲᠦᠮᠡᠨ᠎ᠦ ᠬᠠᠮᠲᠤ᠎ᠶ᠋ᠢᠨ ᠲᠠᠨᠢᠯᠲᠠ ᠪᠣᠯᠤᠭ᠍ᠰᠠᠨ᠎ᠢᠶᠠᠷ ᠪᠠᠷᠠᠬᠤ ᠥᠬᠡᠶ᠂ ᠨᠠᠩ ᠴᠤ᠌ ᠲᠡᠳᠡᠨ᠎ᠦ ᠤᠬᠠᠮᠰᠠᠷᠲᠤ ᠠᠵᠢᠯᠯᠠᠭ᠎ᠠ ᠪᠤᠯᠵᠠᠢ᠃

ᠬᠣᠶᠠᠷ ᠱᠠᠳᠤ ᠡᠴᠡ ᠳᠠᠭᠠᠭᠠᠴᠢᠯᠠᠨ ᠬᠠᠷᠢᠯᠴᠠᠭᠰᠠᠨ ᠡᠴᠡ ᠰᠠᠭᠤᠭᠠᠯᠢ ᠠᠷᠠᠳ᠎ᠤᠨ ᠲᠣᠭᠣᠷᠢᠭ ᠴᠣ ᠰᠢᠨ᠎ᠠ ᠪᠤᠯᠵᠤ ᠬᠤᠪᠢᠷᠠᠨ᠎ᠠ

ᠭᠦᠢᠬᠡᠨ ᠱᠢᠷ᠎ᠠ ᠥᠩᠭᠡ᠎ᠪᠡᠷ ᠪᠤᠳᠤᠬᠯᠠᠬᠳᠠᠬᠰᠠᠨ ᠰᠠᠭᠤᠭᠠᠯᠢ ᠠᠷᠠᠳ᠎ᠤᠨ ᠠᠰᠠᠷ᠂ ᠴᠡᠪᠡᠷ ᠲᠡᠭ᠌ᠰᠢᠬᠡᠨ ᠱᠦᠢᠨᠢ ᠵᠠᠮ᠂ ᠵᠠᠮ᠎ᠤᠨ ᠬᠣᠶᠠᠷ ᠲᠠᠯ᠎ᠠ᠎ᠳᠤ ᠢᠭ᠍ᠴᠤ ᠰᠠᠬᠤᠯᠢᠭ ᠡᠪᠡᠰᠦ ᠤᠷᠭᠤᠮᠠᠯ᠎ᠢᠶᠡᠷ ᠪᠦᠷᠬᠦᠭᠳᠡᠭᠰᠡᠨ ᠨᠣᠭᠣᠭᠠᠷᠠᠭᠤᠯᠤᠯᠲᠠ᠎ᠶ᠋ᠢᠨ ᠪᠦᠰᠡ ᠪᠠ ᠵᠠᠮ᠎ᠤᠨ ᠳ᠋ᠧᠩ᠂ ᠤᠯᠠᠨ ᠮᠠᠱᠢᠨ ᠲᠡᠷᠭᠡ ᠲᠡᠷᠢ ᠲᠡᠭ᠌ᠰᠢ ᠵᠢᠭᠳᠡᠷᠡᠨ ᠵᠣᠭ᠍ᠰᠣᠵᠤ᠂ ᠰᠠᠭᠤᠭᠠᠯᠢ ᠠᠷᠠᠳ᠎ᠤᠨ ᠲᠣᠭᠣᠷᠢᠭ ᠤ᠋ᠨ ᠠᠭᠤᠳᠠᠮ ᠲᠠᠯᠠᠪᠠᠢ᠎ᠳᠠᠬᠢ ᠰᠡᠷᠢᠭᠦᠨ ᠮᠤᠬᠤᠯᠠᠭ ᠲᠤ᠌ ᠬᠡᠳᠦᠨ ᠰᠠᠭᠤᠭᠠᠯᠢ ᠠᠷᠠᠳ ᠤᠷᠳᠤ ᠰᠠᠨᠳᠠᠯᠢ ᠳᠡᠭᠡᠷ᠎ᠡ ᠰᠠᠭᠤᠵᠤ ᠲᠠᠪᠠᠳᠠᠢᠬᠠᠨ ᠵᠣᠭᠣᠭ᠍ᠳᠠᠨ᠎ᠠ ᠁ ᠵᠢᠨᠢᠩ ᠲᠣᠭᠣᠷᠢᠭ᠎ᠤᠨ ᠬᠤ᠌ ᠱᠠᠨ ᠵᠡᠭᠡᠯᠢ᠎ᠶ᠋ᠢᠨ ᠰᠣᠶᠣᠯ ᠰᠠᠭᠤᠭᠠᠯᠢ ᠠᠷᠠᠳ ᠤ᠋ᠨ ᠲᠣᠭᠣᠷᠢᠭ ᠤ᠋ᠨ ᠴᠡᠪᠡᠷ ᠴᠡᠮᠴᠡᠭᠡᠷ ᠣᠷᠴᠢᠨ ᠲᠣᠭᠣᠷᠢᠨ ᠨᠢ ᠬᠥᠮᠦᠰ᠎ᠦᠨ ᠪᠠᠬᠠᠷᠬᠠᠯ᠎ᠢ ᠲᠠᠳᠠᠨ᠎ᠠ᠃

《ᠥᠩᠭᠡᠷᠡᠭ᠌ᠰᠡᠨ᠎ᠳᠦ᠂ ᠮᠠᠨ᠎ᠤ ᠲᠣᠭᠣᠷᠢᠭ᠎ᠬᠡᠵᠤ ᠬᠦᠷᠢᠶ᠎ᠡ ᠬᠠᠱᠢᠶ᠎ᠠ ᠦᠭᠡᠢ᠂ ᠠᠮᠤᠷ ᠲᠦᠪᠱᠢᠨ ᠪᠢᠰᠢ ᠮᠥᠷᠲᠡᠭᠡᠨ ᠤᠷᠴᠢᠨ ᠨᠥᠬᠥᠴᠡᠯ ᠴᠦ᠍ ᠮᠠᠰᠢ ᠪᠠᠷᠤᠬᠳᠠᠢ ᠪᠠᠢᠵᠠᠢ᠃ ᠬᠣᠲᠠ᠎ᠶ᠋ᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠲᠣᠪᠴᠢᠶ᠎ᠠ ᠮᠠᠨ᠎ᠤ ᠲᠤᠭᠤᠷᠢᠭ ᠢ᠋ ᠳᠠᠭᠠᠭᠠᠴᠢᠯᠠᠵᠤ᠂ ᠬᠠᠲᠠᠭᠤᠷᠠᠭᠤᠯᠬᠤ᠂ ᠭᠡᠷᠡᠯᠲᠦᠭᠦᠯᠬᠦ᠌᠂ ᠨᠣᠭᠣᠭᠠᠷᠠᠭᠤᠯᠬᠤ᠂ ᠴᠡᠪᠡᠷᠱᠢᠭᠦᠯᠬᠦ᠌ ᠢᠨᠵᠧᠨᠧᠷᠢᠩ᠎ᠢ ᠬᠡᠷᠡᠭ᠌ᠵᠢᠭᠦᠯᠦᠭ᠌ᠰᠡᠨ᠎ᠡᠴᠡ ᠣᠷᠴᠢᠨ ᠲᠣᠭᠣᠷᠢᠨ ᠴᠡᠪᠡᠷ ᠲᠡᠭ᠌ᠰᠢ ᠪᠣᠯᠵᠤ᠂ ᠰᠠᠭᠤᠭᠠᠯᠢ ᠠᠷᠠᠳ᠎ᠤᠨ ᠰᠡᠳᠭᠢᠯ ᠰᠠᠨᠠᠭ᠎ᠠ ᠪᠠᠰᠠ ᠪᠠᠶᠠᠷ ᠲᠠᠢ ᠪᠣᠯᠵᠠᠢ》 ᠭᠡᠵᠤ ᠰᠠᠭᠤᠭᠠᠯᠢ ᠠᠷᠠᠳ᠎ᠤᠨ ᠲᠣᠭᠣᠷᠢᠭ᠎ᠤᠨ ᠵᠢᠡᠨ ᠬᠤᠪᠢᠷᠠᠯᠲᠠ᠎ᠶ᠋ᠢ ᠶᠠᠷᠢᠬᠤ᠎ᠳᠤ ᠸᠠᠩ ᠴᠦᠨ ᠪᠦᠦ ᠰᠡᠳᠭᠢᠯ ᠳᠣᠭ᠍ᠳᠣᠯᠵᠤ ᠪᠠᠢᠯ᠎ᠠ᠃

ᠤᠯᠠᠭᠠᠨᠴᠠᠪ ᠬᠣᠲᠠ᠎ᠶ᠋ᠢᠨ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠲᠣᠪᠴᠢᠶ᠎ᠠ᠎ᠶ᠋ᠢᠨ ᠠᠯᠪᠠᠨ ᠬᠡᠷ᠎ᠦᠨ ᠡᠷᠬᠢᠯᠡᠭ᠌ᠴᠢ ᠴᠢᠨ ᠫᠸᠩ ᠹᠸᠢ᠄ 《2015 ᠣᠨ᠎ᠡᠴᠡ 2021 ᠣᠨ ᠪᠣᠯᠲᠠᠯ᠎ᠠ᠂ ᠮᠠᠨ᠎ᠤ ᠲᠣᠪᠴᠢᠶ᠎ᠠ ᠰᠣᠶᠣᠯ᠎ᠰᠠᠭᠤᠭᠠᠯᠢ ᠠᠷᠠᠳ ᠤ᠋ᠨ ᠲᠣᠭᠣᠷᠢᠭ ᠪᠠ ᠠᠭᠤᠳᠠᠮ ᠲᠠᠯᠠᠪᠠᠶ ᠰᠠᠭᠤᠭᠠᠯᠢ ᠠᠷᠠᠳ ᠤ᠋ᠨ ᠲᠣᠭᠣᠷᠢᠭ᠎ᠤᠨ ᠠᠰᠠᠷ᠎ᠤᠨ ᠬᠡᠷᠡᠮ᠎ᠢ ᠪᠠᠷᠤᠭ 1500 ᠲᠡᠭ᠌ᠰᠢ ᠳᠥᠷᠪᠡᠯᠵᠢᠨ ᠮᠧᠲ᠋ᠷ ᠰᠢᠷᠳᠡᠵᠤ᠂ ᠨᠣᠭᠣᠭᠠᠷᠠᠭᠤᠯᠤᠭᠰᠠᠨ ᠲᠠᠯᠠᠪᠠᠶ ᠪᠠ ᠬᠠᠲᠠᠭᠤᠷᠠᠭᠤᠯᠤᠭᠰᠠᠨ ᠲᠠᠯᠠᠪᠠᠢ ᠲᠤᠰ ᠲᠤᠰ ᠪᠠᠷᠤᠭ 4000 ᠲᠡᠭ᠌ᠰᠢ ᠳᠥᠷᠪᠡᠯᠵᠢᠨ ᠮᠧᠲ᠋ᠷ᠂ 4000 ᠲᠡᠭ᠌ᠰᠢ ᠳᠥᠷᠪᠡᠯᠵᠢᠨ ᠮᠧᠲ᠋ᠷ ᠲᠤ᠌ ᠬᠦᠷᠴᠠᠢ; ᠪᠦᠷᠢᠨ ᠪᠦᠳᠦᠨ ᠬᠢᠨᠠᠨ ᠡᠵᠡᠮᠳᠡᠬᠦ᠌ ᠲᠥᠬᠥᠭᠡᠷᠦᠮᠵᠢ ᠵᠢᠴᠢ ᠪᠡᠶ᠎ᠡ ᠴᠢᠭᠢᠷᠠᠭ᠍ᠵᠢᠭᠤᠯᠬᠤ ᠲᠥᠬᠥᠭᠡᠷᠦᠮᠵᠢ᠎ᠶ᠋ᠢ ᠤᠭ᠍ᠰᠠᠷᠠᠵᠤ᠂ 17 ᠤᠰᠤ ᠭᠠᠳᠠᠭᠰᠢᠯᠠᠭᠤᠯᠬᠤ ᠬᠤᠳᠳᠤᠭ᠎ᠤᠨ ᠠᠮᠠᠰᠠᠷ᠎ᠢ ᠰᠡᠯᠪᠢᠨ ᠵᠠᠰᠠᠵᠤ᠂ ᠰᠠᠭᠤᠭᠠᠯᠢ ᠠᠷᠠᠳ ᠤ᠋ᠨ ᠲᠣᠭᠣᠷᠢᠭ᠎ᠤᠨ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠲᠥᠬᠥᠭᠡᠷᠦᠮᠵᠢ᠎ᠶ᠋ᠢ ᠱᠢᠨᠡᠳᠭᠡᠬᠦ᠌᠎ᠳᠦ ᠶᠡᠬᠡ ᠬᠡᠮᠵᠢᠶᠡᠨ᠎ᠦ ᠠᠵᠢᠯ ᠬᠢᠵᠦ᠍᠂ ᠰᠠᠭᠤᠭᠠᠯᠢ ᠠᠷᠠᠳ ᠤ᠋ᠨ ᠲᠣᠭᠣᠷᠢᠭ᠎ᠤᠨ ᠣᠷᠴᠢᠨ ᠲᠣᠭᠣᠷᠢᠨ᠎ᠢ ᠪᠦᠲᠦᠮᠵᠢᠲᠡᠶ ᠰᠠᠢᠵᠢᠷᠠᠭᠤᠯᠪᠠ》 ᠭᠡᠵᠤ ᠲᠠᠨᠢᠯᠴᠠᠭᠤᠯᠵᠤ ᠪᠢᠯᠠ᠃

ᠰᠠᠭᠤᠭᠠᠯᠢ ᠠᠷᠠᠳ᠎ᠤᠨ ᠲᠣᠭᠣᠷᠢᠭ᠎ᠤᠨ ᠬᠤᠪᠢᠷᠠᠯᠲᠠ ᠪᠠᠨ ᠶᠠᠷᠢᠬᠤ᠎ᠳᠤ᠂ ᠱᠢᠤᠸᠠᠢ ᠹᠦ᠋ ᠬᠤᠸᠠ ᠶᠤᠸᠠᠨ ᠰᠠᠭᠤᠭᠠᠯᠢ ᠠᠷᠠᠳ᠎ᠤᠨ ᠲᠣᠭᠣᠷᠢᠭ᠎ᠤᠨ ᠵᠤᠤ ᠵᠢᠶᠠᠨ ᠶᠦᠩ᠄《ᠮᠠᠨ᠎ᠤ ᠰᠠᠭᠤᠭᠠᠯᠢ ᠠᠷᠠᠳ᠎ᠤᠨ ᠲᠣᠭᠣᠷᠢᠭ ᠪᠣᠯ ᠬᠠᠭᠤᠴᠢᠨ ᠲᠣᠭᠣᠷᠢᠭ ᠪᠣᠯᠤᠨ᠎ᠠ᠂ ᠦᠩᠬᠡᠷᠡᠭᠰᠡᠨ ᠳ᠋ᠤ᠂ ᠲᠤᠭᠤᠷᠢᠭ᠎ᠤᠨ ᠲᠤᠳᠤᠷᠠᠬᠢ ᠵᠠᠮ ᠡᠪᠳᠡᠷᠡᠵᠤ ᠬᠠᠭᠤᠴᠢᠷᠠᠭᠠᠳ ᠮᠠᠨᠤᠰ ᠶᠠᠪᠤᠵᠤ ᠰᠠᠭᠤᠬᠤ᠎ᠳᠤ ᠳᠥᠭᠥᠮ ᠦᠭᠡᠢ ᠪᠠᠢᠪᠠ᠃ ᠨᠢᠳᠤᠨᠤᠨ᠎ᠤ 8 ᠰᠠᠷ᠎ᠠ᠎ᠳᠤ᠂ ᠬᠣᠲᠠ᠎ᠶ᠋ᠢᠨ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠲᠣᠪᠴᠢᠶ᠎ᠠ ᠮᠠᠰᠢ ᠶᠡᠬᠡ ᠬᠥᠮᠦᠨ᠎ᠦ ᠬᠦᠴᠦ᠍᠂ ᠪᠠᠯᠠ ᠮᠥᠩᠭᠥ ᠤᠷᠤᠭᠤᠯᠵᠤ ᠮᠠᠨ᠎ᠤ ᠰᠠᠭᠤᠭᠠᠯᠢ ᠲᠣᠭᠣᠷᠢᠭ᠎ᠤᠨ ᠵᠠᠮ᠎ᠢ ᠪᠦᠬᠦᠨ᠎ᠢ ᠬᠠᠲᠠᠭᠤᠷᠠᠭᠤᠯᠵᠤ᠂ ᠵᠢᠯ᠎ᠦᠨ ᠡᠴᠦᠰ᠎ᠲᠦ ᠪᠠᠰᠠ ᠰᠠᠭᠤᠭᠠᠯᠢ ᠠᠷᠠᠳ ᠤ᠋ᠨ ᠲᠣᠭᠣᠷᠢᠭ᠎ᠤᠨ ᠨᠣᠭᠣᠭᠠᠷᠠᠭᠤᠯᠤᠯᠲᠠ᠂ ᠭᠡᠷᠡᠯᠲᠦᠭᠦᠯᠭᠡ ᠵᠡᠷᠭᠡ ᠲᠠᠯ᠎ᠠ᠎ᠪᠠᠷ ᠮᠠᠰᠢ ᠣᠯᠠᠨ ᠠᠵᠢᠯ ᠬᠢᠵᠠᠢ》 ᠭᠡᠵᠤ ᠪᠠᠶᠠᠷᠯᠠᠨ ᠬᠡᠯᠡᠨ᠎ᠠ᠃

ᠪᠦᠷᠢᠳᠭᠡᠯ᠎ᠢ ᠦᠨᠳᠦᠰᠦᠯᠡᠪᠡᠯ᠂ ᠤᠯᠠᠭᠠᠨᠴᠠᠪ ᠬᠣᠲᠠ ᠪᠣᠯᠤᠨ ᠵᠢᠨᠢᠩ ᠲᠣᠭᠣᠷᠢᠭ᠎ᠤᠨ ᠬᠣᠶᠠᠷ ᠱᠠᠲᠤᠨ᠎ᠤ 229 ᠨᠢᠭᠡᠴᠢ ᠵᠢᠨᠢᠩ ᠲᠣᠭᠣᠷᠢᠭ᠎ᠤᠨ 564 ᠰᠠᠭᠤᠭᠠᠯᠢ ᠠᠷᠠᠳ ᠤ᠋ᠨ ᠲᠣᠭᠣᠷᠢᠭ᠎ᠢ ᠳᠠᠭᠠᠭᠠᠴᠢᠯᠠᠨ ᠬᠠᠷᠢᠯᠴᠠᠵᠠᠢ᠃ ᠡᠨᠡ ᠨᠢ ᠣᠷᠣᠨ ᠰᠠᠭᠤᠴᠠ᠎ᠶ᠋ᠢᠨ ᠣᠷᠴᠢᠨ ᠲᠣᠭᠣᠷᠢᠨ᠎ᠤ ᠰᠢᠨ᠎ᠠ ᠬᠤᠪᠢᠷᠠᠯᠲᠠ᠎ᠶ᠋ᠢ ᠪᠤᠢ ᠪᠤᠯᠭᠠᠬᠰᠠᠨ᠎ᠢᠶᠠᠷ ᠪᠠᠷᠠᠬᠤ ᠥᠬᠡᠶ᠂ ᠰᠠᠭᠤᠭᠠᠯᠢ ᠠᠷᠠᠳ᠎ᠤᠨ ᠬᠡᠪ ᠪᠤᠯᠪᠠᠰᠤᠷᠠᠯ ᠢ᠋ ᠴᠤ᠌ ᠢᠯᠡᠳᠲᠡ ᠳᠡᠭᠡᠭ᠌ᠰᠢᠯᠡᠭᠦᠯᠵᠤ᠂ ᠣᠲᠣ ᠣᠯᠠᠨ᠎ᠢᠶᠠᠷ᠎ᠢᠶᠠᠨ ᠪᠦᠷ ᠰᠠᠭᠤᠭᠠᠯᠢ ᠠᠷᠠᠳ ᠤ᠋ᠨ ᠲᠣᠭᠣᠷᠢᠭ᠎ᠤᠨ ᠣᠷᠴᠢᠨ ᠲᠣᠭᠣᠷᠢᠨ᠎ᠢ ᠤᠬᠠᠮᠰᠠᠷ᠎ᠡᠴᠡ᠎ᠪᠠᠨ ᠬᠠᠢᠷᠠᠯᠠᠵᠤ ᠬᠠᠮᠠᠭᠠᠯᠠᠬᠤ ᠪᠤᠯᠤᠭᠰᠠᠨ ᠪᠠᠢᠨ᠎ᠠ᠃

ᠰᠠᠢᠨ ᠳᠤᠷ᠎ᠠ᠎ᠶ᠋ᠢᠨ ᠦᠶ᠋ᠯᠡᠴᠢᠯᠡᠭᠡ᠎ᠨᠢ ᠬᠣᠲᠠ᠎ᠶ᠋ᠢ ᠨᠠᠩ ᠬᠠᠯᠠᠭᠤᠨ ᠳᠤᠯᠠᠭᠠᠨ ᠪᠤᠯᠭᠠᠨ᠎ᠠ

ᠤᠯᠠᠭᠠᠨᠴᠠᠪ ᠬᠣᠲᠠ᠎ᠶ᠋ᠢᠨ ᠲᠣᠮᠣ ᠬᠡᠯᠪᠡᠷᠢ᠎ᠶ᠋ᠢᠨ ᠠᠵᠢᠯᠯᠠᠭᠠᠨ᠎ᠤ ᠠᠬᠤᠢ ᠲᠠᠯᠠᠪᠠᠶ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠮᠦᠨ᠎ᠡ ᠹᠷᠣᠨᠲ᠂ ᠲᠣᠨᠣᠯᠵᠢᠨ ᠵᠠᠮ ᠵᠢᠴᠢ ᠬᠡᠷ᠎ᠲᠡᠬᠡᠨ ᠬᠣᠴᠣᠷᠤᠭ᠍ᠰᠠᠨ ᠬᠡᠦᠬᠡᠳ᠂ ᠬᠡᠷ᠎ᠲᠡᠬᠡᠨ ᠬᠣᠴᠣᠷᠤᠭ᠍ᠰᠠᠨ ᠨᠠᠰᠤᠲᠠᠨ᠎ᠤ ᠬᠡᠷ᠎ᠲᠦ ᠦᠷᠭᠦᠯᠵᠢ ᠤᠯᠠᠭᠠᠨ ᠬᠠᠨᠵᠢᠶᠠᠷ ᠡᠮᠦᠰᠴᠤ᠂ ᠤᠯᠠᠭᠠᠨ ᠮᠠᠯᠠᠭᠠᠶ ᠵᠡᠭᠦᠭ᠌ᠰᠡᠨ ᠰᠠᠢᠨ ᠲᠤᠷᠠᠴᠤᠳ ᠎ᠤᠨ ᠪᠠᠷ᠎ᠠ ᠵᠢ ᠣᠯᠵᠤ ᠬᠠᠷᠠᠨ᠎ᠠ᠃ ᠡᠯ᠎ᠡ ᠠᠵᠢᠯ ᠲᠥᠷᠥᠯ᠎ᠡᠴᠡ ᠢᠷᠡᠭ᠌ᠰᠡᠨ ᠡᠳᠡᠬᠡᠷ ᠰᠠᠢᠨ ᠲᠤᠷᠠᠴᠤᠳ᠂ ᠠᠴᠢ ᠬᠠᠷᠢᠭᠤ ᠬᠦᠰᠡᠬᠦ᠌ ᠦᠭᠡᠢ᠂ ᠬᠦᠴᠢᠷ ᠪᠡᠷᠬᠡᠱᠢᠶᠡᠯ᠎ᠡᠴᠡ ᠠᠶᠤᠬᠤ ᠦᠭᠡᠢ ᠵᠢᠳᠭᠦᠵᠤ ᠨᠢᠭᠡᠨ ᠬᠤᠳᠠ ᠵᠢᠨ ᠡᠳᠡᠬᠡᠳ ᠭᠤᠶᠤ ᠦᠵᠡᠮᠵᠢ ᠵᠢ ᠪᠦᠷᠢᠯᠳᠦᠭᠦᠯᠪᠡ᠃

ᠵᠤᠤ ᠫᠧᠩ ᠪᠣᠯ ᠳᠠᠷᠤᠶ ᠲᠡᠭᠦᠨ᠎ᠦ ᠳᠣᠲᠣᠷᠠᠬᠢ ᠨᠢᠭᠡ ᠮᠦᠨ᠃ ᠲᠡᠷᠡ 2009 ᠣᠨ᠎ᠡᠴᠡ ᠡᠬᠢᠯᠡᠨ ᠰᠠᠢ᠌ᠨ ᠳᠤᠷ᠎ᠠ᠎ᠶ᠋ᠢᠨ ᠦᠢᠯᠡᠴᠢᠯᠡᠭᠡᠨ᠎ᠦ ᠠᠵᠢᠯ᠎ᠢ ᠬᠢᠵᠦ᠍᠂ 2014 ᠣᠨ᠎ᠳᠤ ᠤᠯᠠᠭᠠᠨᠴᠠᠪ᠎ᠤᠨ ᠰᠠᠢ᠌ᠨ ᠳᠤᠷᠠᠴᠤᠳ ᠤ᠋ᠨ ᠨᠡᠢᠭᠡᠮᠯᠢᠭ᠎ᠢ ᠡᠭᠦᠰᠭᠡᠨ ᠪᠠᠢᠭᠤᠯᠵᠤ᠂ ᠤᠳᠤ ᠤᠯᠠᠭᠠᠨᠴᠠᠪ᠎ᠤᠨ ᠰᠠᠢ᠌ᠨ ᠳᠤᠷᠠᠴᠤᠳ ᠤ᠋ᠨ ᠨᠡᠢᠭᠡᠮᠯᠢᠭ᠎ᠦᠨ ᠳᠠᠷᠤᠭ᠎ᠠ᠎ᠶ᠋ᠢᠨ ᠲᠤᠱᠢᠶᠠᠯ᠎ᠢ ᠡᠭᠦᠷᠭᠡᠯᠡᠵᠦ᠍ ᠪᠠᠢᠨ᠎ᠠ᠃ ᠲᠣᠰ ᠨᠡᠢᠭᠡᠮᠯᠢᠭ ᠲᠤ᠌ ᠣᠲᠣ ᠳᠠᠩᠰᠠᠯᠠᠭᠤᠯᠤᠭ᠍ᠰᠠᠨ ᠭᠡᠱᠢᠭᠦᠨ 130 ᠭᠠᠷᠤᠶ᠂ ᠰᠦᠯᠵᠢᠶᠡᠨ᠎ᠦ ᠭᠡᠱᠢᠭᠦᠨ 2000 ᠭᠠᠷᠤᠶ ᠪᠠᠢᠵᠤ᠂ ᠶᠡᠷᠦᠩᠬᠡᠶ ᠦᠶ᠋ᠯᠡᠴᠢᠯᠡᠭᠰᠡᠨ ᠴᠠᠭ᠎ᠨᠢ 20 ᠲᠦᠮᠡᠨ ᠴᠠᠭ᠎ᠢ ᠳᠠᠪᠠᠵᠠᠶ᠃

ᠣᠯᠠᠨ ᠵᠢᠯ᠎ᠦᠨ ᠲᠤᠷᠰᠢ᠂ ᠨᠠᠮ᠎ᠤᠨ ᠭᠡᠱᠢᠭᠦᠨ ᠪᠣᠯᠤᠭ᠍ᠰᠠᠨ ᠵᠣᠣ ᠫᠧᠩ ᠤᠯᠠᠭᠠᠨᠴᠠᠪ ᠎ᠤᠨ ᠰᠠᠢᠨ ᠳᠤᠷᠠᠴᠤᠳ᠎ᠤᠨ ᠨᠡᠢᠭᠡᠮᠯᠢᠭ᠎ᠢ ᠳᠠᠭᠠᠭᠤᠯᠤᠨ᠂ ᠪᠡᠶ᠎ᠡ᠎ᠪᠡᠨ ᠳᠠᠭᠠᠭᠠᠭ᠍ᠰᠠᠨ ᠣᠷᠳᠣ ᠬᠤᠭᠤᠴᠠᠭᠠᠨ᠎ᠤ ᠲᠥᠷᠥᠯ ᠲᠡᠮᠲᠡᠭ᠎ᠤᠨ ᠨᠡᠢᠲᠡ᠎ᠶ᠋ᠢᠨ ᠠᠰᠠᠷᠠᠮᠵᠢ ᠶ᠋ᠢᠨ 9 ᠲᠥᠷᠥᠯ ᠵᠦᠶ᠋ᠯ᠎ᠢ ᠡᠭᠦᠳᠴᠦ᠍᠂ ᠨᠡᠢᠲᠡ 400 ᠭᠠᠷᠤᠶ ᠲᠠᠯᠠᠪᠤᠷ ᠨᠡᠢᠲᠡ᠎ᠶ᠋ᠢᠨ ᠠᠰᠠᠷᠠᠮᠵᠢ᠎ᠶ᠋ᠢᠨ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠲᠥᠰᠦᠪᠯᠡᠵᠦ᠍᠂ ᠤᠷᠢᠳ ᠬᠣᠵᠢᠳ ᠬᠡᠷ᠎ᠲᠡᠬᠡᠨ ᠬᠣᠴᠣᠷᠤᠭ᠍ᠰᠠᠨ ᠬᠡᠦᠬᠡᠳ᠂ ᠬᠡᠷ᠎ᠲᠡᠬᠡᠨ ᠬᠣᠴᠣᠷᠤᠭ᠍ᠰᠠᠨ ᠨᠠᠰᠤᠲᠠᠨ ᠵᠡᠷᠭᠡ ᠬᠦᠮᠦᠰ ᠲᠸ᠋ ᠬᠡᠳᠦᠨ ᠲᠦᠮᠡᠨ ᠬᠥᠮᠦᠨ ᠤᠳᠠᠭ᠎ᠠ᠎ᠳᠤ ᠦᠶ᠋ᠯᠡᠴᠢᠯᠡᠵᠦ᠍᠂ ᠡᠪᠡᠳᠴᠢᠯᠡᠭ᠌ᠰᠡᠨ ᠬᠡᠦᠬᠡᠳ᠂ ᠬᠦᠴᠢᠷᠳᠡᠯᠲᠡᠶ ᠬᠥᠮᠦᠰ᠎ᠲᠦ 60 ᠭᠠᠷᠤᠶ ᠲᠦᠮᠡᠨ ᠲᠥᠭᠥᠷᠢᠭ᠎ᠦᠨ ᠪᠠᠯᠠ ᠮᠥᠩᠭᠥ᠌ ᠴᠤᠭ᠍ᠯᠠᠭᠤᠯᠤᠨ ᠦᠭᠴᠦ᠂ ᠠᠱᠢᠭ ᠬᠦᠷᠲᠡᠭ᠌ᠴᠢ᠎ᠨᠢ ᠤᠯᠠᠭᠠᠨᠴᠠᠪ᠎ᠤᠨ ᠡᠯ᠎ᠡ ᠬᠣᠱᠢᠭᠤ ᠱᠢᠶᠠᠨ ᠬᠣᠲᠠ ᠲᠣᠭᠣᠷᠢᠭ᠎ᠲᠤ ᠲᠦᠭᠡᠵᠡᠶ᠃ ᠲᠡᠷᠡ 2016 ᠣᠨ᠎ᠳᠤ ᠴᠢᠰᠤ ᠪᠦᠲᠦᠭᠡᠬᠦ ᠭᠤᠤᠯ ᠡᠰ᠎ᠢᠶᠡᠨ ᠠᠮᠵᠢᠯᠲᠠ ᠲᠠᠶ ᠬᠠᠨᠳᠢᠪᠯᠠᠵᠤ᠂ ᠤᠯᠠᠭᠠᠨᠴᠠᠪ ᠬᠣᠲᠠ᠎ᠶ᠋ᠢᠨ ᠬᠣᠶᠠᠳᠠᠬᠢ ᠬᠠᠨᠳᠢᠪᠯᠠᠭ᠍ᠴᠢ ᠪᠣᠯᠪᠠ᠃

ᠵᠤᠤ ᠫᠸᠩ ᠪᠣᠯᠤᠨ ᠤᠯᠠᠭᠠᠨᠴᠠᠪ᠎ᠤᠨ ᠰᠠᠢ᠌ᠨ ᠲᠤᠷᠠᠴᠤᠳ᠎ᠤᠨ ᠨᠡᠢᠭᠡᠮᠯᠢᠭ᠎ᠦᠨ ᠬᠠᠷᠠᠮ ᠦᠭᠡᠢ ᠵᠢᠳᠬᠦᠵᠤ ᠤᠯᠠᠨ ᠳ᠋ᠤ ᠡᠷᠬᠦᠭᠰᠡᠨ ᠬᠤᠪᠢ ᠨᠡᠮᠡᠷᠢ ᠪᠣᠯ ᠤᠯᠠᠭᠠᠨᠴᠠᠪ ᠬᠤᠳᠠ᠎ᠶ᠋ᠢᠨ ᠮᠠᠰᠢ ᠤᠯᠠᠨ ᠰᠠᠢ᠌ᠨ ᠲᠤᠷᠠᠴᠤᠳ ᠪᠣᠯᠤᠨ ᠰᠠᠢ᠌ᠨ ᠲᠤᠷᠠᠴᠤᠳ᠎ᠤᠨ ᠡᠩᠨᠡᠭᠡ᠎ᠶ᠋ᠢᠨ ᠦᠨᠡᠨ ᠪᠣᠳᠠᠲᠠᠢ ᠬᠤᠷᠢᠶᠠᠩᠭᠤᠢ ᠳᠦᠷᠰᠦ ᠪᠣᠯᠤᠨ᠎ᠠ᠃

6 ᠰᠠᠷ᠎ᠠ᠎ᠶ᠋ᠢᠨ 15 ᠤ᠋ ᠦᠳᠡ᠎ᠶ᠋ᠢᠨ ᠡᠮᠦᠨᠡᠬᠢ 8 ᠴᠠᠭ ᠭᠠᠷᠤᠢ᠎ᠳᠤ ᠂ ᠵᠢᠨᠢᠩ ᠲᠣᠭᠣᠷᠢᠭ᠎ᠤᠨ ᠴᠠᠬᠠᠷ ᠵᠡᠭᠦᠨ ᠵᠡᠭᠡᠯᠢ ᠪᠣᠯᠤᠨ ᠲᠠᠢ᠌ᠴᠠᠩ ᠡᠮᠦᠨ᠎ᠡ ᠵᠠᠮ᠎ᠤᠨ ᠲᠣᠨᠣᠯᠵᠢᠨ ᠵᠠᠮ᠎ᠤᠨ ᠠᠭᠤᠯᠵᠠᠷ᠎ᠲᠤ᠂ ᠰᠤᠷᠪᠤᠯᠵᠢᠯᠠᠭ᠍ᠴᠢ ᠵᠢᠵᠢᠭᠦᠷᠯᠡᠨ ᠰᠠᠬᠢᠵᠤ ᠪᠠᠢᠭ᠍ᠰᠠᠨ ᠰᠠᠢ᠌ᠨ ᠳᠤᠷᠠᠴᠤᠳ᠎ᠤᠨ ᠨᠢᠭᠡ ᠪᠤᠯᠬᠤ ᠶᠠᠩ ᠨᠢᠩ᠎ᠲᠡᠶ ᠠᠭᠤᠯᠵᠠᠪᠠ᠃ ᠲᠡᠷᠡ ᠪᠣᠯ ᠤᠯᠠᠭᠠᠨᠴᠠᠪ ᠬᠣᠲᠠ᠎ᠶ᠋ᠢᠨ ᠴᠡᠷᠢᠭ᠎ᠡᠴᠡ ᠬᠠᠯᠠᠭ᠍ᠳᠠᠭ᠍ᠰᠠᠳ᠎ᠤᠨ ᠶᠠᠪᠤᠳᠠᠯ᠎ᠤᠨ ᠲᠣᠪᠴᠢᠶᠠᠨ᠎ᠤ ᠪᠠᠢᠭᠤᠯᠭ᠎ᠠ᠎ᠶ᠋ᠢᠨ ᠨᠠᠮ᠎ᠤᠨ ᠬᠣᠷᠢᠶᠠᠨ᠎ᠤ ᠠᠵᠢᠯᠲᠠᠨ ᠪᠤᠯᠤᠨ᠎ᠠ᠃ ᠶᠠᠩ ᠨᠢᠩ᠄《ᠵᠢᠵᠢᠭᠦᠷᠯᠡᠬᠦ᠌ ᠬᠤᠭᠤᠴᠠᠭᠠᠨ᠎ᠳᠤ᠂ ᠪᠢᠳᠠ ᠵᠠᠮ᠎ᠤᠨ ᠠᠭᠤᠯᠵᠠᠷ᠎ᠲᠤ 5 ᠴᠠᠭ ᠱᠢᠬᠠᠮ ᠵᠢᠵᠢᠭᠦᠷᠯᠡᠨ ᠰᠠᠬᠢᠬᠤ ᠴᠢᠬᠤᠯᠠᠲᠠᠢ᠂ ᠭᠣᠣᠯᠳᠠᠭᠤ ᠶᠠᠪᠠᠭᠠᠨ ᠬᠥᠮᠦᠨ᠎ᠦ ᠡᠮᠬᠢ ᠵᠢᠷᠤᠮ᠎ᠲᠠᠶ᠎ᠪᠠᠷ ᠵᠠᠮ ᠥᠩᠭᠡᠷᠡᠬᠦ᠌᠎ᠶ᠋ᠢ ᠵᠢᠷᠤᠮᠵᠢᠭᠤᠯᠬᠤ ᠵᠢ ᠬᠠᠷᠢᠭᠤᠴᠠᠵᠤ᠂ ᠪᠦᠬᠦ᠌ ᠤᠯᠤᠰ᠎ᠤᠨ ᠪᠣᠯᠪᠠᠰᠤᠨ ᠬᠤᠳᠠ᠎ᠶ᠋ᠢ ᠪᠠᠢᠭᠤᠯᠬᠤ᠎ᠳᠤ ᠥᠪᠡᠷ᠎ᠦᠨ ᠬᠤᠪᠢ ᠨᠡᠮᠡᠷᠢ᠎ᠪᠡᠨ ᠡᠷᠭᠦᠨ᠎ᠡ᠂ ᠡᠭᠦᠨ ᠳ᠋ᠸ᠋ ᠪᠢ ᠮᠠᠰᠢ ᠢᠷᠠᠭᠤ ᠠᠯᠳᠠᠷ ᠲᠠᠢ᠂ ᠮᠠᠰᠢ ᠣᠮᠣᠭ᠍ᠰᠢᠵᠤ ᠪᠠᠢᠨ᠎ᠠ》 ᠭᠡᠵᠤ ᠢᠨᠢᠶᠡᠮᠰᠦᠭ᠌ᠯᠡᠨ ᠬᠡᠯᠡᠪᠡ᠃

ᠣᠢᠯᠠᠭᠠᠭ᠍ᠰᠠᠨ᠎ᠢᠶᠠᠷ᠂ ᠣᠳᠣᠬᠠᠨ᠎ᠳᠤ᠂ ᠤᠯᠠᠭᠠᠨᠴᠠᠪ ᠬᠣᠲᠠ᠎ᠶ᠋ᠢᠨ ᠪᠥᠬᠥ᠌ ᠤᠯᠤᠰ᠎ᠤᠨ ᠪᠣᠯᠪᠠᠰᠤᠨ ᠬᠣᠲᠠ᠎ᠶ᠋ᠢ ᠡᠭᠦᠳᠦᠨ ᠪᠠᠢᠭᠤᠯᠬᠤ᠎ᠳᠤ ᠣᠷᠣᠯᠴᠠᠭ᠍ᠰᠠᠨ ᠰᠠᠢᠨ ᠳᠤᠷᠠᠴᠤᠳ 4.2 ᠲᠦᠮᠡ᠎ᠳᠦ ᠬᠦᠷᠴᠦ᠍᠂ ᠪᠠᠷᠤᠭ ᠵᠢᠨᠢᠩ ᠲᠣᠭᠣᠷᠢᠭ᠎ᠤᠨ ᠪᠥᠬᠥ᠌ ᠬᠥᠮᠦᠨ ᠠᠮᠠ᠎ᠶ᠋ᠢᠨ ᠠᠷᠪᠠᠨ᠎ᠤ ᠨᠢᠭᠡ᠎ᠶ᠋ᠢ ᠡᠵᠡᠯᠡᠵᠦ᠍ ᠪᠠᠢᠨ᠎ᠠ᠃

ᠤᠯᠠᠨ ᠲᠡᠰ ᠲᠠᠪᠬᠤᠷᠭ᠎ᠠ ᠵᠢᠨ ᠬᠢᠨᠡᠯᠳᠡ ᠪᠤᠯᠪᠠᠰᠤᠨ᠎ᠤ ᠴᠡᠴᠡᠬᠡᠰ᠎ᠢ ᠭᠠᠵᠠᠷ ᠪᠤᠯᠭᠠᠨ ᠲᠡᠯᠬᠡᠷᠡᠬᠦᠯᠦᠨ᠎ᠠ

ᠤᠯᠠᠨ ᠲᠡᠰ ᠳᠠᠪᠬᠤᠷᠭ᠎ᠠ᠎ᠶ᠋ᠢᠨ ᠬᠢᠨᠠᠯᠲᠠ ᠨᠢ ᠪᠣᠯᠪᠠᠰᠤᠨ᠎ᠤ ᠴᠡᠴᠡᠭ᠎ᠢ ᠵᠢᠨᠢᠩ ᠲᠣᠭᠣᠷᠢᠭ᠎ᠤᠨ ᠭᠠᠵᠠᠷ ᠪᠣᠯᠭᠠᠨ᠎ᠳᠤ ᠳᠡᠯᠭᠡᠷᠡᠭᠦᠯᠵᠦ᠍᠂ ᠺᠠᠳ᠋ᠷ ᠤᠯᠠᠨ ᠲᠦᠮᠡᠨ᠎ᠦ ᠬᠠᠮᠲᠤ᠎ᠪᠠᠷ ᠪᠠᠢᠭᠤᠯᠤᠭ᠍ᠰᠠᠨ ᠵᠢᠷᠭᠢᠶ᠎ᠡ᠎ᠵᠢᠨ ᠬᠤᠯᠪᠤᠭ᠎ᠠ ᠵᠢ《ᠪᠣᠯᠪᠠᠰᠤᠨ᠎ᠤ ᠬᠢᠨᠠᠯᠲᠠ ᠲᠠᠯᠪᠢᠭ᠍ᠴᠢ᠎ᠶ᠋ᠢᠨ ᠬᠠᠮᠢᠶᠠᠷᠤᠯᠲᠠ᠎ᠶ᠋ᠢᠨ ᠬᠤᠯᠪᠤᠭ᠎ᠠ》 ᠬᠡᠮᠡᠨ ᠨᠡᠷᠡᠢᠳᠴᠦ᠂ ᠬᠡᠷᠪᠡ ᠵᠠᠮ ᠬᠠᠷᠢᠯᠴᠠᠭᠠᠨ᠎ᠤ ᠲᠦᠷᠢᠮ ᠎ᠢ ᠵᠢᠷᠤᠮᠯᠠᠬᠤ ᠦᠭᠡᠢ᠂ ᠤᠯᠠᠭᠠᠨ ᠳ᠋ᠧᠩ᠎ᠢ ᠬᠠᠢᠬᠤᠷᠬᠤ ᠦᠭᠡᠢ ᠪᠡᠷ ᠶᠠᠪᠤᠬᠤ᠂ ᠬᠣᠭ ᠨᠣᠪᠰᠢ᠎ᠶ᠋ᠢ ᠳᠤᠷ᠎ᠠ᠎ᠪᠠᠷ᠎ᠢᠶᠠᠨ ᠬᠠᠶᠠᠬᠤ ᠵᠡᠷᠭᠡ ᠪᠣᠯᠪᠠᠰᠤᠨ ᠪᠤᠰᠤ ᠦᠢᠯᠡ ᠠᠵᠢᠯᠯᠠᠭ᠎ᠠ᠎ᠶ᠋ᠢ ᠣᠯᠵᠤ ᠮᠡᠳᠡᠪᠡᠯ᠂ ᠪᠣᠯᠪᠠᠰᠤᠨ᠎ᠤ ᠬᠢᠨᠠᠯᠲᠠ ᠲᠠᠯᠪᠢᠭ᠍ᠴᠢ ᠡᠳᠡᠭᠡᠷ ᠪᠣᠯᠪᠠᠰᠤᠨ ᠪᠤᠰᠤ ᠦᠢᠯᠡ ᠠᠵᠢᠯᠯᠠᠭ᠎ᠠ᠎ᠶ᠋ᠢ ᠴᠠᠭ ᠲᠤᠬᠠᠢ᠎ᠳᠤᠨᠢ ᠤᠯᠠᠨ᠎ᠳᠤ ᠢᠯᠡᠴᠢᠯᠡᠬᠦ᠌᠎ᠶ᠋ᠢᠨ ᠬᠠᠮᠲᠤ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠲᠦ ᠲᠤᠰᠭᠠᠵᠦ᠍ ᠴᠠᠭ ᠲᠤᠬᠠᠢ᠎ᠳᠤᠨᠢ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ ᠠᠪᠤᠭᠤᠯᠳᠠᠭ᠃

ᠣᠢᠷ᠎ᠠ᠎ᠳᠤ᠂ 68 ᠨᠠᠰᠤᠲᠠᠶ ᠸᠧᠶ ᠵᠢᠶᠠᠨ ᠮᠢᠩ ᠤᠯᠠᠭᠠᠨᠴᠠᠪ ᠬᠣᠲᠠ᠎ᠶ᠋ᠢᠨ ᠪᠥᠬᠥ᠌ ᠤᠯᠤᠰ᠎ᠤᠨ ᠪᠣᠯᠪᠠᠰᠤᠨ ᠬᠣᠲᠠ᠎ᠶ᠋ᠢ ᠡᠭᠦᠳᠦᠨ ᠪᠠᠢᠭᠤᠯᠬᠤ ᠠᠵᠢᠯ᠎ᠤᠨ ᠵᠢᠯᠣᠭᠣᠳᠭᠤ ᠭᠠᠵᠠᠷ᠎ᠤᠨ ᠠᠯᠪᠠᠨ ᠬᠡᠷ᠎ᠡᠴᠡ ᠣᠯᠭᠣᠭ᠍ᠰᠠᠨ ᠪᠣᠯᠪᠠᠰᠤᠨ᠎ᠤ ᠬᠢᠨᠠᠯᠲᠠ ᠲᠠᠯᠪᠢᠭ᠍ᠴᠢ᠎ᠶ᠋ᠢᠨ ᠠᠵᠢᠯ᠎ᠤᠨ ᠦᠨᠡᠮᠯᠡᠯ᠎ᠢ ᠭᠠᠷᠳᠠᠪᠠ᠃ ᠡᠨᠡ ᠨᠢ ᠶᠡᠷᠦ᠍᠎ᠡᠴᠡ ᠨᠡᠢᠭᠡᠮ᠎ᠦᠨ ᠨᠡᠢᠲᠡ᠎ᠶ᠋ᠢᠨ ᠠᠰᠠᠷᠠᠮᠵᠢ᠎ᠶ᠋ᠢᠨ ᠦᠢᠯᠡᠰ᠎ᠲᠦ ᠪᠠᠬᠠᠲᠠᠢ ᠪᠠᠢᠭ᠍ᠰᠠᠨ ᠸᠧᠢ ᠵᠢᠶᠠᠨ ᠮᠢᠩ᠎ᠳᠦ ᠠᠪᠴᠤ᠌ ᠬᠡᠯᠡᠪᠡᠯ ᠲᠤᠢᠯ᠎ᠤᠨ ᠶᠡᠬᠡ ᠵᠣᠷᠢᠭ᠍ᠵᠢᠭᠤᠯᠤᠯ ᠪᠣᠯᠬᠤ ᠶᠤᠮ᠃ ᠲᠡᠷᠡ᠄ 《ᠪᠣᠯᠪᠠᠰᠤᠨ᠎ᠤ ᠬᠢᠨᠠᠯᠲᠠ ᠲᠠᠯᠪᠢᠭ᠍ᠴᠢ᠎ᠪᠠᠷ ᠰᠣᠩᠭᠣᠭ᠍ᠳᠠᠭ᠍ᠰᠠᠨ᠎ᠤ ᠳᠠᠷᠠᠭ᠎ᠠ᠂ ᠪᠢᠳᠡ ᠪᠦᠷ ᠮᠠᠰᠢ ᠪᠠᠶᠠᠷᠯᠠᠪᠠ᠂ ᠤᠴᠢᠷ ᠨᠢ ᠪᠢᠳᠡ ᠥᠪᠡᠷ᠎ᠤᠨ ᠴᠢᠳᠠᠪᠤᠷᠢ᠎ᠪᠡᠨ ᠢᠯᠡᠷᠡᠭᠦᠯᠬᠦ᠌᠂ ᠦᠲᠡᠯᠦᠭᠡ ᠨᠠᠰᠤᠨ᠎ᠤ ᠬᠦᠴᠦᠨ ᠴᠢᠳᠠᠯ᠎ᠵᠢᠡᠨ ᠪᠠᠳᠠᠷᠠᠭᠤᠯᠬᠤ ᠲᠠᠪᠴᠠᠩ᠎ᠲᠠᠶ ᠪᠣᠯᠵᠠᠶ᠃ ᠪᠢᠳᠡ ᠠᠰᠠᠭᠤᠳᠠᠯ᠎ᠢ ᠣᠯᠵᠤ ᠮᠡᠳᠡᠭ᠌ᠰᠡᠨ᠎ᠦ ᠳᠠᠷᠠᠭ᠎ᠠ ᠴᠠᠭ ᠲᠤᠬᠠᠶ᠎ᠳᠤᠨᠢ ᠬᠡᠷᠡᠯ ᠵᠢᠷᠤᠭ ᠠᠪᠴᠤ᠂ ᠭᠡᠷᠡᠴᠢ ᠪᠠᠷᠢᠮᠲᠠ᠎ᠶ᠋ᠢ ᠦᠯᠡᠳᠡᠭᠡᠨ ᠬᠠᠳᠠᠭᠠᠯᠠᠬᠤ ᠎ᠶ᠋ᠢᠨ ᠬᠠᠮᠲᠤ ᠬᠠᠮᠢᠶ᠎ᠠ ᠪᠥᠬᠥᠶ ᠰᠠᠯᠠᠭ᠎ᠠ ᠮᠥᠴᠢᠷ᠎ᠲᠦ ᠲᠤᠰᠭᠠᠵᠤ᠂ ᠠᠰᠠᠭᠤᠳᠠᠯ᠎ᠢ ᠱᠢᠶ᠋ᠳᠪᠦᠷᠢᠯᠡᠬᠦ᠌᠎ᠶ᠋ᠢ ᠠᠬᠢᠭᠤᠯᠤᠨ᠎ᠠ》 ᠭᠡᠪᠡ᠃

ᠪᠥᠬᠥ᠌ ᠤᠯᠤᠰ᠎ᠤᠨ ᠪᠣᠯᠪᠠᠰᠤᠨ ᠬᠣᠲᠠ᠎ᠶ᠋ᠢ ᠡᠭᠦᠳᠦᠨ ᠪᠠᠢᠭᠤᠯᠬᠤ ᠠᠵᠢᠯ᠎ᠳᠤ ᠨᠠᠩ ᠣᠯᠠᠨ ᠬᠥᠮᠦᠨ᠎ᠢ ᠣᠷᠣᠯᠴᠠᠭᠤᠯᠬᠤ᠂ ᠪᠣᠯᠪᠠᠰᠤᠨ ᠪᠤᠰᠤ ᠦᠶ᠋ᠯᠡ ᠠᠵᠢᠯᠯᠠᠭ᠎ᠠ ᠡᠬᠦᠰᠬᠦ᠎ᠶ᠋ᠢ ᠡᠷᠡᠰ ᠬᠣᠷᠢᠭ᠍ᠯᠠᠬᠤ᠎ᠶ᠋ᠢᠨ ᠲᠥᠯᠥᠭᠡ᠂ ᠤᠯᠠᠭᠠᠨᠴᠠᠪ ᠬᠣᠲᠠ᠎ᠶ᠋ᠢᠨ ᠪᠥᠬᠥ᠌ ᠤᠯᠤᠰ᠎ᠤᠨ ᠪᠣᠯᠪᠠᠰᠤᠨ ᠬᠣᠲᠠ᠎ᠶ᠋ᠢ ᠡᠭᠦᠳᠦᠨ ᠪᠠᠢᠭᠤᠯᠬᠤ ᠠᠵᠢᠯ᠎ᠤᠨ ᠵᠢᠯᠣᠭᠣᠳᠭᠤ ᠭᠠᠵᠠᠷ᠎ᠠᠴᠠ 100 ᠬᠣᠲᠠ᠎ᠶ᠋ᠢᠨ ᠠᠷᠠᠳ᠎ᠢ ᠪᠣᠯᠪᠠᠰᠤᠨ᠎ᠤ ᠬᠢᠨᠠᠯᠲᠠ ᠲᠠᠯᠪᠢᠭ᠍ᠴᠢ᠎ᠪᠠᠷ ᠰᠣᠩᠭᠣᠪᠠ᠃

ᠬᠣᠲᠠ᠎ᠶ᠋ᠢᠨ ᠠᠷᠠᠳ᠎ᠢ ᠪᠣᠯᠪᠠᠰᠤᠨ᠎ᠤ ᠬᠢᠨᠠᠯᠲᠠ ᠲᠠᠯᠪᠢᠭ᠍ᠴᠢ᠎ᠪᠠᠷ ᠰᠣᠩᠭᠣᠨ ᠤᠷᠢᠭ᠍ᠰᠠᠨ᠎ᠠᠴᠠ ᠭᠠᠳᠠᠨ᠎ᠠ᠂ ᠲᠣᠰ ᠬᠣᠲᠠ ᠨᠢ ᠪᠠᠰᠠ ᠬᠣᠲᠠ ᠲᠣᠭᠣᠷᠢᠭ ᠬᠣᠶᠠᠷ ᠱᠠᠲᠤᠨ᠎ᠤ ᠵᠢᠯᠣᠭᠣᠳᠭᠤ ᠭᠠᠵᠠᠷ᠎ᠤᠨ ᠬᠢᠨᠠᠨ ᠵᠢᠯᠣᠭᠣᠳᠣᠯᠭ᠎ᠠ᠂ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠵᠣᠬᠢᠶᠠᠨ ᠪᠠᠢᠭᠤᠯᠬᠤ ᠬᠡᠯᠲᠡᠰ᠎ᠦᠨ ᠳᠠᠪᠬᠤᠷ ᠱᠠᠯᠠᠪᠳᠠᠨ ᠪᠠᠢᠴᠠᠭᠠᠯᠲᠠ᠂ ᠤᠯᠤᠰ ᠲᠥᠷᠥ᠎ᠶ᠋ᠢᠨ ᠵᠥᠪᠯᠡᠯᠭᠡᠨ᠎ᠦ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠢᠨᠠᠯᠲᠠ᠎ᠳᠤ ᠣᠷᠣᠯᠴᠠᠬᠤ ᠵᠡᠷᠭᠡ ᠣᠯᠠᠨ ᠲᠠᠰ ᠳᠠᠪᠬᠤᠷᠭ᠎ᠠ᠎ᠶ᠋ᠢᠨ ᠬᠢᠨᠠᠯᠲᠠ᠎ᠪᠠᠷ ᠳᠠᠮᠵᠢᠭᠤᠯᠤᠨ᠂ ᠪᠥᠬᠥ᠌ ᠤᠯᠤᠰ᠎ᠤᠨ ᠪᠣᠯᠪᠠᠰᠤᠨ ᠬᠣᠲᠠ᠎ᠶ᠋ᠢ ᠡᠭᠦᠳᠦᠨ ᠪᠠᠢᠭᠤᠯᠬᠤ ᠠᠵᠢᠯ᠎ᠢ ᠬᠦᠴᠦᠲᠡᠶ ᠠᠬᠢᠭᠤᠯᠪᠠ᠃ ᠣᠳᠣᠬᠠᠨ ᠪᠣᠯᠲᠠᠯ᠎ᠠ᠂ ᠤᠯᠠᠭᠠᠨᠴᠠᠪ ᠬᠤᠳᠠ᠂ ᠵᠢᠨᠢᠩ ᠲᠣᠭᠣᠷᠢᠭ ᠬᠣᠶᠠᠷ ᠱᠠᠲᠤᠨ᠎ᠤ ᠤᠯᠤᠰ ᠲᠦᠷᠦ᠍᠎ᠶ᠋ᠢᠨ ᠵᠥᠪᠯᠡᠯᠭᠡᠨ《ᠤᠯᠠᠨ᠎ᠢᠶᠠᠷ᠎ᠢᠶᠠᠨ ᠵᠥᠪᠳᠡᠯᠴᠡᠬᠦ᠌》 ᠠᠵᠢᠯᠯᠠᠭ᠎ᠠ ᠵᠢ 300 ᠭᠠᠷᠤᠢ ᠤᠳᠠᠭ᠎ᠠ ᠥᠷᠨᠢᠭᠦᠯᠵᠦ᠍᠂ 85% ᠡᠴᠡ ᠳᠡᠭᠡᠭ᠌ᠰᠢᠬᠢ ᠠᠰᠠᠭᠤᠳᠠᠯ᠎ᠢ ᠱᠢᠢᠳᠪᠦᠷᠢᠯᠡᠪᠡ᠃

ᠡᠨᠡ ᠵᠢᠯ ᠪᠣᠯ ᠤᠯᠠᠭᠠᠨᠴᠠᠪ ᠬᠣᠲᠠ᠎ᠶ᠋ᠢᠨ ᠪᠥᠬᠥ᠌ ᠤᠯᠤᠰ᠎ᠤᠨ ᠪᠣᠯᠪᠠᠰᠤᠨ ᠬᠣᠲᠠ᠎ᠶ᠋ᠢ ᠡᠭᠦᠳᠦᠨ ᠪᠠᠢᠭᠤᠯᠤᠭ᠍ᠰᠠᠨ ᠭᠤᠷᠪᠠᠳᠤᠭᠠᠷ ᠡᠭᠡᠯᠵᠢ᠎ᠶ᠋ᠢᠨ ᠬᠣᠶᠠᠳᠠᠬᠢ ᠵᠢᠯ ᠪᠣᠯᠤᠨ᠎ᠠ᠂ 8 ᠵᠢᠯ᠎ᠤᠨ ᠲᠤᠷᠰᠢ᠂ ᠨᠢᠭᠡ ᠪᠦᠯᠦᠭ ᠲᠡᠢᠨ ᠬᠢᠵᠦ᠍ ᠵᠣᠷᠢᠭ᠍ᠲᠠᠶ ᠪᠠᠢᠯᠳᠤᠬᠤ ᠴᠢᠳᠠᠮᠠᠭᠠᠢ ᠪᠠᠢᠯᠳᠤᠬᠤ ᠺᠠᠳ᠋ᠷ᠎ᠤᠨ ᠡᠩᠨᠡᠭᠡ᠎ᠶ᠋ᠢ ᠳᠠᠪᠲᠠᠨ ᠪᠣᠯᠪᠠᠰᠤᠷᠠᠭᠤᠯᠤᠭ᠍ᠰᠠᠨ᠎ᠢᠶᠠᠷ ᠪᠠᠷᠠᠬᠤ ᠥᠬᠡᠶ᠂ ᠭᠠᠵᠠᠷ ᠣᠷᠣᠨ᠎ᠤ ᠬᠥᠭ᠌ᠵᠢᠯᠲᠡ ᠪᠠ ᠣᠯᠠᠨ ᠲᠦᠮᠡᠨ᠎ᠦ ᠣᠶᠤᠨ ᠰᠠᠨᠠᠭᠠᠨ᠎ᠤ ᠳᠦᠷᠰᠦ ᠪᠠᠢᠳᠠᠯ᠎ᠳᠤ ᠥᠷᠭᠡᠨ ᠳᠡᠯᠭᠡᠷ ᠨᠥᠯᠥᠭᠡ ᠦᠵᠡᠭᠦᠯᠵᠡᠶ᠃

ᠵᠢᠨᠢᠩ ᠲᠣᠭᠣᠷᠢᠭ᠎ᠤᠨ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠭᠡᠱᠢᠭᠦᠨ᠂ ᠤᠬᠠᠭᠤᠯᠬᠤ ᠬᠡᠯᠲᠡᠰ᠎ᠦᠨ ᠳᠠᠷᠤᠭ᠎ᠠ᠂ ᠪᠥᠬᠥ᠌ ᠤᠯᠤᠰ᠎ᠤᠨ ᠪᠣᠯᠪᠠᠰᠤᠨ ᠬᠣᠲᠠ᠎ᠶ᠋ᠢ ᠡᠭᠦᠳᠦᠨ ᠪᠠᠢᠭᠤᠯᠬᠤ ᠵᠢᠯᠣᠭᠣᠳᠭᠤ ᠭᠠᠵᠠᠷ᠎ᠤᠨ ᠳᠡᠳ᠋ ᠶᠡᠷᠦᠩᠬᠡᠶ ᠵᠢᠯᠣᠭᠣᠳᠣᠭ᠍ᠴᠢ ᠯᠢ ᠵᠢᠩ᠄《ᠪᠢᠳᠡ ᠴᠥᠭᠡᠨ ᠪᠤᠰᠤ ᠬᠦᠴᠢᠷᠳᠡᠯ᠎ᠳᠦ ᠲᠤᠯᠭᠠᠷᠠᠭ᠍ᠰᠠᠨ ᠪᠣᠯᠪᠠᠴᠤ᠌ ᠥᠷᠭᠡᠨ ᠣᠯᠠᠨ ᠺᠠᠳ᠋ᠷ ᠣᠯᠠᠨ ᠲᠦᠮᠡᠨ ᠮᠥᠨ ᠯᠡ ᠪᠥᠬᠥ᠌ ᠤᠯᠤᠰ᠎ᠤᠨ ᠪᠣᠯᠪᠠᠰᠤᠨ ᠬᠣᠲᠠ᠎ᠶ᠋ᠢ ᠡᠭᠦᠳᠦᠨ ᠪᠠᠢᠭᠤᠯᠬᠤ᠎ᠳᠤ ᠮᠠᠰᠢ ᠶᠡᠬᠡ ᠬᠠᠯᠠᠭᠤᠨ ᠰᠡᠳᠭᠢᠯᠭᠡ᠎ᠲᠡᠶ ᠪᠠᠢᠨ᠎ᠠ᠂ ᠡᠨᠡ ᠨᠢ ᠭᠤᠤᠯᠳᠠᠭᠤ ᠤᠯᠠᠭᠠᠨᠴᠠᠪ᠎ᠤᠨ ᠬᠥᠮᠦᠰ ᠰᠠᠢᠨ ᠰᠠᠢᠬᠠᠨ ᠬᠡᠷ ᠣᠷᠣᠨ᠎ᠢᠶᠠᠨ ᠪᠥᠲᠥᠭᠡᠨ ᠪᠠᠢᠭᠤᠯᠬᠤ ᠬᠠᠮᠲᠤ᠎ᠶ᠋ᠢᠨ ᠬᠠᠢᠷ᠎ᠠ ᠰᠡᠳᠭᠢᠯᠭᠡ᠎ᠲᠡᠶ ᠪᠠᠢᠬᠤ᠎ᠠᠴᠠ ᠪᠣᠯᠤᠭ᠍ᠰᠠᠨ ᠶᠤᠮ᠃ ᠤᠳᠤ᠂ ᠮᠠᠨ᠎ᠤ ᠬᠤᠳᠠ᠎ᠶ᠋ᠢᠨ ᠲᠦᠷᠰᠦ ᠪᠠᠢᠳᠠᠯ ᠡᠳᠤᠷ ᠪᠦᠷᠢ ᠰᠢᠨᠡᠳᠴᠦ ᠰᠠᠷ᠎ᠠ ᠪᠦᠷᠢ ᠰᠠᠢᠵᠢᠷᠠᠵᠤ ᠪᠠᠢᠨ᠎ᠠ᠂ ᠣᠷᠴᠢᠨ ᠲᠣᠭᠣᠷᠢᠨ ᠨᠡᠩ ᠰᠠᠢᠵᠢᠷᠠᠬᠰᠠᠨ᠎ᠢᠶᠡᠷ᠎ᠢᠶᠡᠨ ᠨᠡᠷ᠎ᠡ ᠠᠯᠳᠠᠷᠱᠢᠵᠤ᠂ ᠭᠠᠳᠠᠨ᠎ᠠ᠎ᠠᠴᠠ ᠢᠷᠡᠭ᠌ᠰᠡᠨ ᠠᠵᠤ ᠠᠬᠤᠢᠯᠠᠯ ᠣᠯᠠᠱᠢᠷᠠᠵᠤ᠂ ᠠᠷᠠᠳ ᠤᠯᠠᠨ ᠴᠤ᠌ ᠢᠲᠡᠭᠡᠯ᠎ᠲᠡᠶ ᠪᠣᠯᠵᠠᠢ᠂ ᠡᠨᠡ ᠬᠦ᠌ ᠢᠲᠡᠭᠡᠯ ᠵᠣᠷᠢᠭ ᠨᠢ ᠪᠣᠳᠠᠰ᠎ᠤᠨ ᠲᠠᠯ᠎ᠠ᠎ᠠᠴᠠ ᠢᠷᠡᠭ᠌ᠰᠡᠨ᠎ᠢᠶᠡᠷ ᠪᠠᠷᠠᠬᠤ ᠦᠭᠡᠢ᠂ ᠨᠡᠩ ᠤᠯᠠᠨ ᠨᠢ ᠤᠶᠤᠨ ᠰᠠᠨᠠᠭᠠᠨ᠎ᠤ ᠲᠠᠯ᠎ᠠ᠎ᠠᠴᠠ ᠢᠷᠡᠭ᠌ᠰᠡᠨ ᠶᠤᠮ᠃ ᠪᠦᠬᠦ᠌ ᠤᠯᠤᠰ᠎ᠤᠨ ᠪᠣᠯᠪᠠᠰᠤᠨ ᠬᠣᠲᠠ᠎ᠶ᠋ᠢ ᠡᠭᠦᠳᠦᠨ ᠪᠠᠢᠭᠤᠯᠬᠤ ᠨᠢ ᠳᠠᠷᠤᠶ ᠨᠠᠩ ᠣᠯᠠᠨ ᠬᠥᠮᠦᠨ᠎ᠳᠦ ᠤᠯᠠᠭᠠᠨᠴᠠᠪ᠎ᠤᠨ ᠬᠥᠮᠦᠨ᠎ᠦ ᠪᠣᠯᠪᠠᠰᠤᠨ ᠳᠦᠷᠢ ᠲᠥᠷᠬᠦ᠌᠎ᠶ᠋ᠢ ᠦᠵᠡᠭᠦᠯᠬᠦ᠌᠎ᠶ᠋ᠢᠨ ᠲᠥᠯᠥᠭᠡ ᠶᠤᠮ》 ᠭᠡᠵᠦ ᠰᠡᠳᠭᠢᠯ ᠳᠤᠭᠳᠤᠯᠤᠨ ᠬᠡᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面