ᠱᠢᠨ᠎᠎ᠡ ᠴᠠᠭ ᠦᠶ᠎ᠡ᠎ᠳ᠋ᠦ᠍ ᠭᠠᠪᠢᠶ᠎ᠠ ᠪᠠᠢᠭᠤᠯᠤᠶ᠎ᠠ > ᠮᠡᠳᠡᠭᠡᠯᠡᠯ

2022-07-20 11:11:45

ᠵᠣᠬᠢᠶᠠᠭ᠍ᠴᠢ᠄ ᠬᠤᠤ ᠪᠢᠶᠤᠤ ᠣᠩᠱᠢᠭ᠍ᠰᠠᠨ ᠣᠳᠠᠭ᠎ᠠ᠄ 3

ᠣᠯᠠᠨ ᠵᠢᠯ᠎ᠦᠨ ᠲᠤᠷᠰᠢ᠂ ᠦᠬᠠᠶ ᠬᠣᠲᠠ ᠪᠥᠬᠥ᠌ ᠤᠯᠤᠰ᠎ᠤᠨ ᠪᠣᠯᠪᠠᠰᠤᠨ ᠬᠣᠲᠠ᠎ᠶ᠋ᠢ ᠡᠭᠦᠳᠦᠨ ᠪᠠᠢᠭᠤᠯᠬᠤ᠎ᠵᠢ ᠠᠵᠤ ᠦᠶ᠋ᠯᠡᠰ᠎ᠦᠨ ᠬᠡᠯᠪᠡᠷᠢ᠎ᠶ᠋ᠢ ᠬᠤᠪᠢᠷᠠᠭᠤᠯᠬᠤ ᠪᠠ ᠬᠣᠲᠠ᠎ᠶ᠋ᠢᠨ ᠬᠡᠯᠪᠡᠷᠢ᠎ᠶ᠋ᠢ ᠬᠤᠪᠢᠷᠠᠭᠤᠯᠬᠤ᠎ᠶ᠋ᠢ ᠲᠦᠷᠭᠡᠳᠭᠡᠬᠦ᠌᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠂ ᠴᠢᠨᠠᠷ ᠰᠠᠢᠲᠠᠶ ᠠᠮᠢᠳᠤᠷᠠᠯ᠎ᠢ ᠴᠤᠭᠴᠠᠯᠠᠬᠤ᠂ ᠥᠨᠳᠥᠷ ᠪᠦᠲᠦᠮᠵᠢᠲᠡᠶ ᠵᠠᠰᠠᠯᠲᠠ᠎ᠶ᠋ᠢ ᠪᠡᠶᠡᠯᠡᠭᠦᠯᠬᠦ ᠵᠢᠨ ᠪᠣᠳᠠᠲᠤ ᠱᠠᠭᠠᠷᠳᠠᠯᠭ᠎ᠠ ᠪᠣᠯᠭᠠᠵᠤ᠂ ᠪᠥᠬᠥ᠌ ᠤᠯᠤᠰ᠎ᠤᠨ ᠪᠣᠯᠪᠠᠰᠤᠨ ᠬᠣᠲᠠ᠎ᠶ᠋ᠢ ᠡᠭᠦᠳᠦᠨ ᠪᠠᠢᠭᠤᠯᠬᠤ ᠵᠢ ᠪᠠᠢᠩᠭᠤᠵᠢᠭᠤᠯᠬᠤ ᠵᠢ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠳᠤᠭᠤᠰᠢᠯᠠᠭᠤᠯᠬᠤ᠂ ᠬᠣᠲᠠ᠎ᠶ᠋ᠢᠨ ᠪᠠᠭ᠍ᠲᠠᠭᠠᠮᠵᠢ᠎ᠶ᠋ᠢ ᠥᠷᠭᠡᠳᠭᠡᠨ ᠴᠢᠨᠠᠷ ᠴᠢᠨᠰᠠᠭ᠎ᠠ ᠵᠢ ᠳᠡᠭᠡᠭ᠌ᠰᠢᠯᠡᠭᠦᠯᠬᠦ᠌ ᠶᠡᠷᠦᠩᠬᠡᠶ ᠭᠠᠷᠳᠠᠴᠠ ᠪᠣᠯᠭᠠᠵᠤ᠂ ᠪᠥᠬᠥ᠌ ᠰᠡᠳᠭᠢᠯ ᠪᠥᠬᠥ᠌ ᠵᠣᠷᠢᠭ᠎ᠢᠶᠠᠷ ᠣᠯᠠᠨ ᠲᠦᠮᠡᠨ᠎ᠳᠦ ᠪᠣᠳᠠᠲᠤ ᠶᠠᠪᠤᠳᠠᠯ ᠬᠢᠵᠦ᠍᠂ ᠰᠠᠢᠨ ᠶᠠᠪᠤᠳᠠᠯ ᠬᠢᠵᠦ᠍᠂ ᠬᠦᠴᠢᠷ ᠠᠰᠠᠭᠤᠳᠠᠯ᠎ᠢ ᠨᠢ ᠱᠢᠶ᠋ᠳᠪᠦᠷᠢᠯᠡᠵᠦ᠍ ᠦᠭᠪᠡ᠃

ᠡᠭᠦᠳᠦᠨ ᠪᠠᠢᠭᠤᠯᠬᠤ ᠦᠷ᠎ᠡ ᠪᠦᠲᠦᠭᠡᠯ ᠵᠢᠡᠷ ᠠᠷᠠᠳ ᠲᠦᠮᠡᠨ᠎ᠳᠦ ᠦᠷᠭᠦᠯᠵᠢᠯᠡᠨ ᠠᠱᠢᠭ ᠬᠦᠷᠲᠡᠭᠡᠨ᠎ᠡ

ᠡᠨᠡ ᠬᠡᠳᠦᠨ ᠡᠳᠦᠷ᠂ ᠬᠠᠢ᠌ᠷᠤᠪ᠎ᠤᠨ ᠲᠤᠬᠤᠢ ᠲᠣᠭᠣᠷᠢᠭ᠎ᠤᠨ ᠰᠠᠨ ᠵᠢᠨ B ᠲᠣᠭᠣᠷᠢᠭ᠎ᠤᠨ ᠰᠠᠭᠤᠭᠠᠯᠢ ᠠᠷᠠᠳ᠎ᠤᠨ ᠲᠣᠭᠣᠷᠢᠭ᠎ᠢ ᠥᠭᠡᠷᠡᠴᠢᠯᠡᠨ ᠪᠠᠢᠭᠤᠯᠬᠤ ᠢᠨᠵᠧᠨᠧᠷᠢᠩ ᠶᠠᠭ ᠢᠳᠡ ᠬᠦᠭ᠎ᠲᠡᠶ ᠶᠠᠪᠤᠭ᠍ᠳᠠᠵᠤ ᠪᠠᠢᠯ᠎ᠠ᠃ ᠰᠠᠨ ᠵᠢᠨ B ᠲᠣᠭᠣᠷᠢᠭ 2000 ᠣᠨ᠎ᠳᠤ ᠪᠠᠢᠭᠤᠯᠤᠭ᠍ᠳᠠᠵᠤ᠂ ᠭᠠᠵᠠᠷ ᠳᠤᠤᠷᠠᠬᠢ ᠬᠣᠭᠣᠯᠠᠶ᠎ᠶ᠋ᠢᠨ ᠲᠤᠤᠷ᠎ᠨᠢ ᠬᠠᠭᠤᠴᠢᠷᠠᠵᠤ᠂ ᠠᠳᠠᠯ ᠠᠬᠤᠶ᠎ᠶ᠋ᠢᠨ ᠬᠠᠮᠢᠶᠠᠷᠤᠯᠲᠠ ᠮᠠᠭᠤ ᠪᠠᠢᠵᠤ᠂ ᠰᠠᠭᠤᠭᠠᠯᠢ ᠲᠣᠭᠣᠷᠢᠭ᠎ᠢ ᠥᠭᠡᠷᠡᠴᠢᠯᠡᠨ ᠵᠠᠰᠠᠵᠤ ᠱᠢᠨᠡᠳᠭᠡᠬᠦ᠌ ᠨᠢ ᠰᠠᠭᠤᠭᠠᠯᠢ ᠠᠷᠠᠳ᠎ᠤᠨ ᠲᠤᠯᠭᠠᠮ ᠬᠦᠰᠡᠯ ᠱᠠᠭᠠᠷᠳᠠᠯᠭ᠎ᠠ ᠪᠤᠯᠵᠠᠢ᠃ ᠪᠠᠢᠴᠠᠭᠠᠨ ᠰᠤᠳᠤᠯᠤᠯᠳᠠ᠎ᠪᠠᠷ ᠳᠠᠮᠵᠢᠨ ᠬᠠᠢ᠌ᠷᠤᠪ᠎ᠤᠨ ᠲᠤᠬᠤᠢ ᠲᠣᠭᠣᠷᠢᠭ ᠲᠤᠰ ᠰᠠᠭᠤᠭᠠᠯᠢ ᠠᠷᠠᠳ᠎ᠤᠨ ᠲᠤᠭᠤᠷᠢᠭ᠎ᠢ 2022 ᠣᠨ᠎ᠤ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠎ᠢ ᠥᠭᠡᠷᠡᠴᠢᠯᠡᠨ ᠪᠠᠢᠭᠤᠯᠬᠤ ᠲᠥᠯᠥᠪᠯᠡᠭᠡ᠎ᠳᠦ ᠣᠷᠣᠭᠤᠯᠪᠠ᠃ ᠦᠭᠡᠷᠡᠴᠢᠯᠡᠨ ᠵᠠᠰᠠᠬᠤ ᠠᠵᠢᠯ ᠡᠬᠢᠯᠡᠬᠦ᠌ ᠎ᠡᠴᠡ ᠡᠮᠦᠨ᠎ᠡ᠂ ᠰᠠᠭᠤᠭᠠᠯᠢ ᠠᠷᠠᠳ᠎ᠤᠨ ᠲᠣᠭᠣᠷᠢᠭ᠎ᠤᠨ ᠪᠠᠢᠭ᠎ᠠ ᠹᠸᠩ ᠬᠤᠸᠠᠩ ᠯᠢᠩ ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ᠌ ᠭᠠᠵᠠᠷ ᠤᠯᠠᠨ ᠲᠦᠮᠡᠨ᠎ᠦ ᠰᠠᠨᠠᠯ᠎ᠢ ᠭᠦᠢᠴᠡᠳ ᠬᠤᠷᠢᠶᠠᠵᠤ᠂ ᠥᠭᠡᠷᠡᠴᠢᠯᠡᠨ ᠵᠠᠰᠠᠬᠤ ᠠᠵᠢᠯ᠎ᠤᠨ ᠲᠥᠰᠦᠯ᠎ᠢ ᠲᠣᠭ᠍ᠲᠠᠭᠠᠵᠠᠢ᠃ ᠲᠦᠰᠦᠯ ᠨᠢ ᠤᠰᠤ ᠬᠠᠩᠭᠠᠬᠤ᠂ ᠳᠤᠯᠠᠭᠠᠯᠠᠬᠤ᠂ ᠵᠠᠮ ᠵᠠᠰᠠᠬᠤ᠂ ᠬᠢᠨᠠᠨ ᠡᠵᠡᠮᠳᠡᠬᠦ᠌ ᠲᠥᠬᠥᠭᠡᠷᠦᠮᠵᠢ ᠤᠭ᠍ᠰᠠᠷᠠᠬᠤ ᠵᠡᠷᠭᠡ ᠰᠠᠭᠤᠷᠢ᠎ᠲᠦᠷᠦᠯ ᠵᠦᠢᠯ᠎ᠢ ᠪᠠᠭᠳᠠᠭᠠᠵᠤ᠂ ᠨᠣᠭᠣᠭᠠᠷᠠᠭᠤᠯᠤᠯᠲᠠ᠂ ᠭᠡᠷᠡᠯᠲᠦᠭᠦᠯᠭᠡ᠂ ᠬᠥᠳᠡᠯᠭᠡᠭᠡᠨ᠎ᠦ ᠲᠠᠰᠤᠭ᠎ᠢ ᠱᠢᠨ᠎ᠡ᠎ᠪᠡᠷ ᠪᠠᠢᠭᠤᠯᠬᠤ᠂ ᠪᠡᠶ᠎ᠡ ᠴᠢᠭᠢᠷᠠᠭ᠍ᠵᠢᠭᠤᠯᠬᠤ ᠪᠠᠭᠠᠵᠢ ᠬᠡᠷᠡᠭ᠌ᠰᠡᠯ ᠤᠭ᠍ᠰᠠᠷᠠᠬᠤ᠂ ᠤᠶᠤᠨᠲᠤ ᠲᠦᠷᠭᠡᠨ ᠬᠦᠷᠭᠡᠬᠦ᠌ ᠬᠠᠢᠷᠴᠠᠭ ᠭᠠᠷᠭᠠᠬᠤ ᠵᠡᠷᠭᠡ᠎ᠲᠥᠷᠥᠯ ᠵᠦᠶ᠋ᠯ ᠎ᠢ ᠬᠠᠮᠤᠷᠴᠠᠢ᠃

ᠣᠢᠷ᠎ᠠ᠎ᠶ᠋ᠢᠨ ᠵᠢᠯ᠎ᠡᠴᠡ ᠨᠠᠭᠠᠰᠢ᠂ ᠦᠬᠠᠶ ᠬᠣᠲᠠ ᠠᠷᠠᠳ ᠲᠦᠮᠡᠨ᠎ᠢᠶᠡᠷ ᠭᠤᠤᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠥᠬᠥ᠌ ᠤᠯᠤᠰ᠎ᠤᠨ ᠪᠣᠯᠪᠠᠰᠤᠨ ᠬᠣᠲᠠ᠎ᠶ᠋ᠢ ᠡᠬᠦᠳᠦᠨ ᠪᠠᠢᠭᠤᠯᠬᠤ᠎ᠶ᠋ᠢ ᠪᠠᠢᠩᠭᠤᠵᠢᠭᠤᠯᠬᠤ ᠠᠵᠢᠯ᠎ᠳᠤ ᠲᠤᠭᠤᠱᠢᠯᠠᠭᠤᠯᠵᠤ᠂ ᠬᠣᠲᠠ᠎ᠶ᠋ᠢᠨ ᠰᠠᠭᠤᠷᠢ ᠲᠦᠭᠦᠭᠡᠷᠦᠮᠵᠢ ᠵᠢ ᠲᠠᠰᠤᠷᠠᠯᠲᠠ ᠥᠬᠡᠶ ᠲᠡᠭᠦᠯᠳᠡᠷᠵᠢᠬᠦᠯᠵᠦ᠍᠂ ᠬᠣᠲᠠ᠎ᠶ᠋ᠢᠨ ᠣᠷᠴᠢᠨ ᠲᠣᠭᠣᠷᠢᠨ᠎ᠢ ᠢᠯᠡᠳᠲᠡ ᠰᠠᠢᠵᠢᠷᠠᠭᠤᠯᠵᠤ᠂ ᠬᠣᠲᠠ᠎ᠶ᠋ᠢᠨ ᠠᠷᠠᠳ᠎ᠤᠨ ᠬᠦᠷᠲᠡᠮᠵᠢ᠎ᠶ᠋ᠢᠨ ᠲᠥᠷᠥᠭ᠌ᠳᠡᠯ᠂ ᠵᠣᠯ ᠵᠢᠷᠭᠠᠯᠲᠤ ᠲᠥᠷᠥᠭ᠌ᠳᠡᠯ ᠎ᠢ ᠦᠷᠭᠦᠯᠵᠢᠯᠡᠨ ᠨᠡᠮᠡᠭᠳᠡᠬᠦᠯᠪᠡ᠃ ᠣᠯᠠᠨ ᠲᠦᠮᠡᠨ᠎ᠦ ᠠᠮᠢᠳᠤᠷᠠᠯ ᠳᠤᠮᠳᠠᠬᠢ 《ᠪᠠᠴᠢᠮᠳᠠᠵᠤ ᠬᠦᠴᠢᠷᠳᠡᠵᠦ ᠲᠦᠪᠡᠭᠳᠡᠵᠦ ᠵᠤᠪᠠᠨᠢᠵᠤ》 ᠪᠠᠢᠭ᠎ᠠ ᠵᠦᠢᠯ ᠎ᠳ᠋ᠤ ᠢᠳᠡᠪᠬᠢᠲᠡᠶ ᠬᠠᠷᠢᠭᠤᠯᠲᠠ ᠥᠭ᠌ᠴᠦ᠂ 900 ᠭᠠᠷᠤᠶ ᠺᠢᠯᠣᠮᠧᠲ᠋ᠷ᠎ᠦᠨ ᠢᠯᠴᠢ ᠬᠠᠩᠭᠠᠬᠤ᠂ ᠤᠰᠤ ᠬᠠᠩᠭᠠᠵᠤ ᠤᠰᠤ ᠭᠠᠳᠠᠭ᠍ᠰᠢᠯᠠᠭᠤᠯᠬᠤ ᠬᠣᠭᠣᠯᠠᠶ ᠵᠢ ᠦᠭᠡᠷᠡᠴᠢᠯᠡᠨ ᠵᠠᠰᠠᠵᠤ᠂ ᠠᠮᠢᠳᠤᠷᠠᠯ᠎ᠤᠨ ᠪᠣᠬᠢᠷ ᠤᠰᠤ ᠱᠢᠶ᠋ᠳᠪᠦᠷᠢᠯᠡᠬᠦ᠌ ᠨᠣᠷᠮ᠎ᠠ᠂ ᠱᠢᠲᠠᠮᠠᠬᠠᠶ ᠬᠡᠶ᠎ᠶ᠋ᠢᠨ ᠲᠦᠭᠡᠮᠡᠯᠵᠢᠭᠦᠯᠦᠯᠲᠡ᠎ᠶ᠋ᠢᠨ ᠨᠣᠷᠮ᠎ᠠ᠂ ᠠᠮᠢᠳᠤᠷᠠᠯ᠎ᠤᠨ ᠬᠣᠭ ᠨᠣᠪᠰᠢ᠎ᠶ᠋ᠢ ᠬᠤᠤᠷ ᠥᠬᠡᠢᠳᠡᠭᠦᠯᠦᠨ ᠱᠢᠶ᠋ᠳᠪᠦᠷᠢᠯᠡᠬᠦ᠌ ᠨᠣᠷᠮ᠎ᠠ᠎ᠶ᠋ᠢ ᠲᠣᠰ ᠲᠣᠰ 98.3%᠂ 97%᠂ 100% ᠎ᠳ᠋ᠤ ᠬᠦᠷᠭᠡᠪᠡ; ᠲᠠᠷᠢᠶᠠᠯᠠᠬᠤ ᠣᠷᠣᠨ᠎ᠤ ᠣᠷᠣᠱᠢᠨ ᠠᠮᠢᠳᠤᠷᠠᠬᠤ ᠣᠷᠴᠢᠨ ᠨᠥᠬᠥᠴᠡᠯ᠎ᠢ ᠴᠡᠭ᠌ᠴᠡᠯᠡᠨ ᠵᠠᠰᠠᠬᠤ ᠠᠵᠢᠯ᠎ᠢ ᠯᠠᠪᠳᠠᠭᠤᠨ ᠪᠠᠲᠤᠲᠠᠢ ᠠᠬᠢᠭᠤᠯᠵᠤ᠂ ᠶᠡᠷᠦᠩᠬᠡᠢᠯᠡᠭ᠌ᠰᠡᠨ ᠬᠠᠤᠯᠢ ᠬᠡᠷᠡᠭ᠌ᠵᠢᠭᠦᠯᠦᠯᠲᠡ᠂ ᠣᠷᠴᠢᠨ ᠠᠬᠤᠢ᠎ᠶ᠋ᠢᠨ ᠬᠠᠮᠠᠭᠠᠯᠠᠯᠲᠠ ᠠᠷᠢᠭᠤᠨ ᠴᠡᠪᠡᠷ ᠵᠡᠷᠭᠡ ᠤᠯᠠᠨ ᠨᠡᠢᠲᠡ ᠎ᠶ᠋ᠢᠨ ᠦᠨᠳᠦᠰᠦᠨ ᠦᠢᠯᠡᠴᠢᠯᠡᠭᠡ᠎ᠶ᠋ᠢ ᠲᠠᠷᠢᠶᠠᠯᠠᠬᠤ ᠣᠷᠣᠨ ᠲᠡᠢᠰᠢ ᠥᠷᠭᠡᠳᠭᠡᠵᠦ᠍᠂ ᠲᠠᠷᠢᠶᠠᠯᠠᠬᠤ ᠣᠷᠣᠨ᠎ᠤ ᠨᠡᠢᠲᠡ᠎ᠶ᠋ᠢᠨ ᠮᠠᠱᠢᠨ ᠲᠡᠷᠭᠡᠨ᠎ᠦ ᠨᠤᠷᠮ᠎ᠠ᠎ᠶ᠋ᠢ 100% ᠎ᠳ᠋ᠤ ᠎ᠬᠦᠷᠭᠡᠪᠡ; 20 ᠬᠡᠦᠬᠡᠳ᠎ᠦᠨ ᠴᠡᠴᠡᠷᠯᠢᠭ᠎ᠢ ᠱᠢᠨ᠎ᠡ᠎ᠪᠡᠷ ᠪᠠᠢᠭᠤᠯᠤᠭᠰᠠᠨ ᠪᠤᠶᠤ ᠥᠷᠭᠡᠳᠭᠡᠨ ᠪᠠᠢᠭᠤᠯᠵᠤ᠂ ᠲᠦᠭᠡᠮᠡᠯ ᠬᠠᠷᠠᠭᠠᠯᠵᠠᠯ᠎ᠤᠨ ᠴᠢᠨᠠᠷᠲᠠᠶ ᠬᠡᠦᠬᠡᠳ᠎ᠦᠨ ᠴᠡᠴᠡᠷᠯᠢᠭ᠎ᠦᠨ ᠴᠡᠴᠡᠷᠯᠢᠭ᠎ᠲᠦ ᠣᠷᠣᠬᠤ ᠨᠣᠷᠮ᠎ᠠ ᠪᠥᠬᠥ᠌ ᠣᠷᠣᠨ᠎ᠤ ᠲᠡᠷᠢᠭᠦᠨ᠎ᠳᠦ ᠣᠷᠣᠵᠤ᠂ ᠭᠤᠷᠪᠠᠨ ᠲᠣᠭᠣᠷᠢᠭ ᠨᠢ ᠤᠯᠤᠰ᠎ᠤᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠲᠡᠩᠴᠡᠭᠦᠷᠢᠲᠡᠶ ᠱᠢᠶᠠᠨ᠎ᠤ ᠦᠨᠡᠯᠡᠨ ᠵᠢᠱ᠌ᠢᠯᠲᠡ ᠎ᠳᠦ ᠬᠢᠷᠢ ᠲᠡᠩᠴᠡᠪᠡ᠃ ᠠᠰᠠᠭᠤᠳᠠᠯ᠎ᠢ ᠲᠣᠬᠢᠲᠠᠶ ᠱᠢᠶ᠋ᠳᠪᠦᠷᠢᠯᠡᠵᠦ᠍᠂ 9 ᠲᠦᠮᠡ ᠭᠠᠷᠤᠶ ᠰᠠᠭᠤᠭᠠᠯᠢ ᠠᠷᠠᠳ᠎ᠤᠨ ᠥᠯᠥ᠍ ᠬᠥᠳᠡᠯᠬᠦ᠌ ᠬᠥᠷᠥᠩᠭᠡ᠎ᠶ᠋ᠢᠨ ᠡᠷᠬᠡ᠎ᠶ᠋ᠢᠨ ᠦᠨᠡᠮᠯᠡᠯ᠎ᠢ ᠭᠦᠶ᠋ᠴᠡᠳᠭᠡᠬᠦ᠌ ᠠᠰᠠᠭᠤᠳᠠᠯ᠎ᠢ ᠦᠨᠳᠦᠰᠦᠨ᠎ᠳᠡᠭᠡᠨ ᠱᠢᠶ᠋ᠳᠪᠦᠷᠢᠯᠡᠪᠡ᠃

ᠣᠢᠷ᠎ᠠ᠎ᠶ᠋ᠢᠨ4 ᠵᠢᠯ᠎ᠳᠦ ᠪᠣᠬᠢᠷᠲᠤᠯ᠎ᠢ ᠰᠡᠷᠭᠡᠢᠯᠡᠨ ᠵᠠᠰᠠᠬᠤ ᠲᠠᠯ᠎ᠠ᠎ᠪᠠᠷ ᠨᠡᠢᠲᠡ 178.2 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠵᠤ᠂ ᠠᠭᠠᠷ ᠮᠠᠨᠳᠠᠯ᠎ᠤᠨ ᠣᠷᠴᠢᠨ ᠲᠣᠭᠣᠷᠢᠨ ᠢ᠋ ᠴᠡᠭ᠌ᠴᠡᠯᠡᠨ ᠵᠠᠰᠠᠬᠤ ᠲᠥᠷᠥᠯ ᠵᠦᠢᠯ ᠎ᠢ 170 ᠬᠡᠷᠡᠭ᠌ᠵᠢᠭᠦᠯᠵᠦ᠍᠂ ᠠᠭᠤᠷᠬᠠᠢ᠎ᠶ᠋ᠢᠨ ᠣᠷᠣᠨ᠎ᠤ ᠣᠷᠴᠢᠨ ᠲᠣᠭᠣᠷᠢᠨ ᠢ᠋ ᠴᠡᠭ᠌ᠴᠡᠯᠡᠨ ᠵᠠᠰᠠᠬᠤ᠂ ᠠᠵᠤ ᠦᠶ᠋ᠯᠡᠳᠪᠦᠷᠢ᠎ᠶ᠋ᠢᠨ ᠪᠣᠬᠢᠷᠲᠤᠯ᠎ᠢ ᠵᠠᠰᠠᠬᠤ᠎ᠶ᠋ᠢ ᠨᠢᠭᠡᠳᠦᠯᠲᠡᠢ ᠲᠥᠯᠥᠪᠵᠢᠬᠦᠯᠦᠨ ᠠᠬᠢᠭᠤᠯᠵᠤ᠂ ᠪᠣᠬᠢᠷᠲᠤᠯ ᠦᠭᠡᠢ ᠠᠭᠤᠷᠬᠠᠢ ᠶ᠋ᠢ 13 ᠪᠠᠢᠭᠤᠯᠵᠤ᠂ 200 ᠭᠠᠷᠤᠢ ᠺᠢᠯᠣᠮᠧᠲᠷ ᠠᠭᠤᠷᠬᠠᠢ᠎ᠶ᠋ᠢᠨ ᠣᠷᠣᠨ᠎ᠤ ᠵᠠᠮ ᠢ᠋ ᠪᠦᠬᠦᠨ᠎ᠢ ᠪᠢᠲᠡᠭᠦᠮᠵᠢᠯᠡᠨ ᠬᠠᠮᠢᠶᠠᠷᠬᠤ᠎ᠶ᠋ᠢ ᠪᠡᠶᠡᠯᠡᠭᠦᠯᠵᠦ᠍᠂ ᠭᠣᠣᠯ ᠪᠣᠯᠬᠤ ᠪᠣᠬᠢᠷᠲᠤᠯ ᠪᠣᠳᠠᠰ᠎ᠤᠨ ᠥᠳᠭᠡᠴᠡ ᠶ᠋ᠢᠨ ᠳᠤᠮᠳᠠᠴᠢ ᠬᠡᠮᠵᠢᠭ᠌ᠳᠡᠯ᠎ᠢ ᠦᠷᠭᠦᠯᠵᠢᠯᠡᠨ ᠪᠠᠭᠤᠷᠠᠭᠤᠯᠪᠠ᠃

ᠪᠣᠯᠪᠠᠰᠤᠨ ᠬᠥᠮᠦᠨ ᠪᠣᠯᠬᠤ᠎ᠪᠠᠷ ᠴᠢᠷᠮᠠᠢᠵᠤ ᠪᠣᠯᠪᠠᠰᠤᠨ ᠬᠤᠳᠠ᠎ᠶ᠋ᠢ ᠬᠠᠮᠲᠤ᠎ᠪᠠᠷ ᠴᠣᠭ᠍ᠴᠠᠯᠠᠨ᠎ᠠ

ᠬᠤᠳᠠ᠎ᠶ᠋ᠢᠨ ᠠᠷᠠᠳ᠎ᠤᠨ ᠬᠡᠪ ᠪᠤᠯᠪᠠᠰᠤᠷᠠᠯ ᠪᠣᠯ ᠬᠤᠳᠠ᠎ᠶ᠋ᠢᠨ ᠪᠣᠯᠪᠠᠰᠤᠨ᠎ᠤ ᠦᠨᠳᠦᠰᠦ᠂ ᠬᠤᠳᠠ᠎ᠶ᠋ᠢᠨ ᠪᠣᠯᠪᠠᠰᠤᠨ᠎ᠤ ᠬᠡᠮᠵᠢᠶ᠎ᠡ᠎ᠶ᠋ᠢᠨ ᠶᠡᠷᠦᠩᠬᠡᠢᠯᠡᠭ᠌ᠰᠡᠨ ᠲᠤᠰᠭᠠᠯ ᠮᠥᠨ᠂ ᠪᠠᠰᠠ ᠴᠤ᠌ ᠦᠬᠠᠢ ᠬᠤᠳᠠ᠎ᠶ᠋ᠢᠨ ᠪᠦᠬᠦ᠌ ᠤᠯᠤᠰ᠎ᠤᠨ ᠪᠣᠯᠪᠠᠰᠤᠨ ᠬᠤᠳᠠ᠎ᠶ᠋ᠢ ᠡᠭᠦᠳᠦᠨ ᠪᠠᠢᠭᠤᠯᠬᠤ ᠠᠵᠢᠯ᠎ᠤᠨ ᠭᠣᠣᠯᠳᠠᠯᠭ᠎ᠠ ᠪᠣᠯᠤᠨ᠎ᠠ᠃ ᠣᠯᠠᠨ ᠵᠢᠯ᠎ᠦᠨ ᠲᠤᠷᠰᠢ᠂ ᠦᠬᠠᠶ ᠬᠣᠲᠠ᠎ᠶ᠋ᠢᠨ ᠬᠢᠨ《ᠪᠣᠯᠪᠠᠰᠤᠨ ᠬᠣᠲᠠ᠎ᠶ᠋ᠢ ᠴᠣᠭ᠍ᠴᠠᠯᠠᠨ ᠪᠠᠢᠭᠤᠯᠬᠤ ᠳ᠋ᠤ ᠪᠣᠯᠪᠠᠰᠤᠨ ᠬᠥᠮᠦᠨ᠎ᠢ ᠤᠷᠢᠳ ᠵᠢᠡᠷ ᠬᠥᠮᠦᠵᠢᠭᠦᠯᠬᠦ᠌ ᠬᠡᠷᠡᠭᠳᠡᠢ》 ᠭᠡᠬᠦ ᠣᠢᠯᠠᠭᠠᠭ᠍ᠳᠠᠬᠤᠨ᠎ᠢ ᠦᠬᠠᠶ ᠵᠢᠨ ᠬᠥᠮᠦᠨ ᠨᠢᠭᠡᠪᠦᠷᠢ᠎ᠶ᠋ᠢᠨ ᠰᠡᠳᠭᠢᠯ᠎ᠳᠦ ᠬᠠᠳᠠᠩᠱᠢᠭᠤᠯᠵᠤ᠂ ᠨᠢᠭᠡ ᠲᠠᠯ᠎ᠠ᠎ᠪᠠᠷ ᠨᠡᠢᠭᠡᠮ ᠨᠡᠢᠲᠡ᠎ᠶ᠋ᠢᠨ ᠶᠣᠰᠣ ᠮᠣᠷᠠᠯ᠂ ᠲᠤᠬᠠᠢᠯᠠᠭᠰᠠᠨ ᠠᠵᠢᠯ᠎ᠤᠨ ᠶᠣᠰᠣ ᠮᠣᠷᠠᠯ᠂ ᠬᠡᠷ ᠪᠦᠯᠢ᠎ᠶ᠋ᠢᠨ ᠰᠤᠷᠲᠠᠯ᠂ ᠬᠤᠪᠢ ᠬᠥᠮᠦᠨ᠎ᠦ ᠶᠤᠰᠤ ᠰᠤᠷᠳᠠᠬᠤᠨ᠎ᠤ ᠪᠠᠢᠭᠤᠯᠤᠯᠲᠠ᠎ᠶ᠋ᠢ ᠴᠢᠩᠭᠠᠳᠬᠠᠵᠤ᠂ ᠠᠷᠠᠳ ᠢᠷᠭᠡᠳ᠎ᠦᠨ ᠶᠣᠰᠣ ᠰᠤᠷᠳᠠᠬᠤᠨ᠎ᠤ ᠪᠠᠢᠭᠤᠯᠤᠯᠲᠠ᠎ᠶ᠋ᠢ ᠶᠡᠬᠡ᠎ᠪᠡᠷ ᠳᠥᠯᠭᠢᠨ ᠠᠬᠢᠭᠤᠯᠵᠤ᠂ ᠪᠥᠬᠥ᠌ ᠨᠡᠢᠭᠡᠮ᠎ᠦᠨ ᠶᠣᠰᠣ ᠮᠣᠷᠠᠯ᠎ᠤᠨ ᠬᠢᠷᠢ ᠲᠦᠪᠱᠢᠨ᠎ᠢ ᠳᠡᠭᠡᠭ᠌ᠰᠢᠯᠡᠭᠦᠯᠪᠡ᠃ ᠨᠦᠬᠦᠭᠡ ᠲᠠᠯ᠎ᠠ᠎ᠪᠠᠷ ᠤᠯᠠᠨ ᠲᠦᠮᠡᠨᠴᠢ ᠴᠢᠨᠠᠷᠲᠠᠢ ᠬᠠᠷᠢᠯᠴᠠᠨ ᠬᠠᠪᠰᠤᠷᠤᠯᠴᠠᠬᠤ ᠬᠡᠯᠪᠡᠷᠢ᠎ᠶ᠋ᠢᠨ ᠰᠠᠢ᠌ᠨ ᠳᠤᠷ᠎ᠠ᠎ᠶ᠋ᠢᠨ ᠦᠢᠯᠡᠴᠢᠯᠡᠭᠡᠨ᠎ᠦ ᠠᠵᠢᠯᠯᠠᠭ᠎ᠠ ᠶ᠋ᠢ ᠢᠳᠡᠪᠬᠢᠲᠡᠢ ᠥᠷᠨᠢᠭᠦᠯᠵᠦ᠍᠂ ᠲᠣᠭᠣᠷᠢᠭ᠂ ᠪᠠᠯᠭᠠᠰᠤ(ᠵᠡᠭᠡᠯᠢ ᠭᠤᠳᠤᠮᠵᠢ)᠂ ᠲᠣᠰᠭᠣᠨ(ᠨᠡᠢᠭᠡᠮ ᠲᠣᠭᠣᠷᠢᠭ) ᠨᠡᠪᠲᠡᠷᠡᠯᠴᠡᠭ᠌ᠰᠡᠨ᠂ ᠨᠠᠮ ᠵᠠᠰᠠᠭ ᠤᠯᠠᠨ ᠲᠦᠮᠡᠨᠴᠢ ᠰᠠᠯᠠᠭ᠎ᠠ ᠮᠥᠴᠢᠷ ᠬᠠᠮᠵᠢᠯᠴᠠᠨ ᠬᠥᠳᠡᠯᠦᠯᠴᠡᠭ᠌ᠰᠡᠨ ᠪᠣᠯᠪᠠᠰᠤᠨ᠎ᠤ ᠦᠢᠯᠡᠳᠦᠯᠭᠡ᠎ᠶ᠋ᠢᠨ ᠲᠣᠣᠷ᠎ᠢ ᠪᠠᠢᠭᠤᠯᠵᠤ᠂ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠢᠯᠡᠳᠦᠯᠭᠡ᠎ᠶ᠋ᠢᠨ ᠰᠠᠢ᠌ᠨ ᠳᠤᠷ᠎ᠠ᠎ᠶ᠋ᠢᠨ ᠦᠢᠯᠡᠴᠢᠯᠡᠭᠡ᠎ᠶ᠋ᠢ ᠪᠦᠬᠦ᠌ ᠨᠡᠢᠭᠡᠮ᠎ᠦᠨ ᠬᠡᠪ ᠵᠠᠩᠱᠢᠯ ᠪᠣᠯᠭᠠᠪᠠ᠃

ᠤᠳᠠ ᠲᠣᠭᠣᠷᠢᠭ᠎ᠤᠨ ᠯᠢᠶᠠᠩ ᠵᠢᠶᠠ ᠭᠸᠤ ᠵᠡᠭᠡᠯᠢ ᠭᠤᠳᠤᠮᠵᠢ᠎ᠶ᠋ᠢᠨ ᠶᠦᠩ ᠴᠠᠩ ᠵᠢᠶᠠ ᠶᠤᠸᠠᠨ ᠨᠡᠢᠭᠡᠮ ᠲᠣᠭᠣᠷᠢᠭ᠎ᠲᠤ᠌᠂ ᠨᠠᠰᠤᠲᠠᠢ ᠡᠮᠡᠭᠡ ᠨᠠᠷ ᠵᠢᠡᠷ ᠪᠦᠷᠢᠯᠳᠦᠭ᠌ᠰᠡᠨ ᠰᠠᠢ᠌ᠨ ᠳᠤᠷ᠎ᠠ᠎ᠶ᠋ᠢᠨ ᠦᠢᠯᠡᠴᠢᠯᠡᠭᠡᠨ᠎ᠦ ᠠᠩᠬᠢ ᠡᠳᠦᠷ ᠪᠦᠷᠢ ᠨᠡᠢᠭᠡᠮ ᠲᠣᠭᠣᠷᠢᠭ᠎ᠢᠶᠠᠷ ᠵᠤᠷᠴᠢᠨ᠂ ᠪᠣᠯᠪᠠᠰᠤᠨ ᠪᠤᠰᠤ ᠦᠵᠡᠭ᠌ᠳᠡᠯ᠎ᠢ᠋ ᠬᠣᠷᠢᠭ᠍ᠯᠠᠵᠤ᠂ ᠬᠦᠴᠢᠷᠳᠡᠯᠲᠡᠢ ᠰᠠᠭᠤᠭᠠᠯᠢ ᠠᠷᠠᠳ᠎ᠢ ᠬᠠᠪᠰᠤᠷᠤᠨ ᠲᠤᠰᠠᠯᠠᠳᠠᠭ ᠵᠢᠡᠷ ᠬᠦᠮᠦᠰ ᠲᠡᠳᠡᠨ᠎ᠢ 《ᠨᠠᠰᠤᠲᠠᠶ ᠡᠮᠡᠭᠡ ᠨᠠᠷ᠎ᠤᠨ ᠬᠠᠪᠰᠤᠷᠤᠨ ᠲᠤᠰᠠᠯᠠᠬᠤ ᠪᠦᠯᠬᠦᠮ》 ᠭᠡᠵᠦ᠍ ᠳᠣᠲᠣᠨᠣᠴᠢᠯᠠᠨ ᠳᠠᠭᠤᠳᠠᠳᠠᠭ᠃ ᠣᠳᠣᠬᠠᠨ᠎ᠳᠤ᠂ 《ᠨᠠᠰᠤᠲᠠᠶ ᠡᠮᠡᠭᠡ ᠨᠠᠷ᠎ᠤᠨ ᠬᠠᠪᠰᠤᠷᠤᠨ ᠲᠤᠰᠠᠯᠠᠬᠤ ᠪᠦᠯᠬᠦᠮ》᠎ᠤ᠋ᠨ ᠨᠦᠯᠦᠭᠡ ᠲᠤᠰᠬᠠᠯ ᠨᠡᠩ ᠤᠯᠠᠨ ᠰᠠᠭᠤᠭᠠᠯᠢ ᠠᠷᠠᠳ᠎ᠢ ᠨᠥᠯᠥᠭᠡᠯᠡᠵᠦ᠍᠂ ᠮᠠᠰᠢ ᠣᠯᠠᠨ ᠬᠥᠮᠦᠨ ᠰᠤᠯᠠ ᠴᠠᠭ᠎ᠢᠶᠠᠨ ᠠᠱᠢᠭ᠍ᠯᠠᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠵᠢᠯᠯᠠᠭ᠎ᠠ᠎ᠳᠤ ᠢᠳᠡᠪᠬᠢᠲᠡᠶ ᠣᠷᠣᠯᠴᠠᠬᠤ ᠪᠤᠯᠵᠤ᠂ ᠨᠡᠢᠭᠡᠮ ᠲᠣᠭᠣᠷᠢᠭ᠎ᠤᠨ ᠰᠠᠢᠨ ᠳᠤᠷᠠᠴᠤᠤᠯ᠎ᠤᠨ ᠲᠣᠭ᠎ᠠ ᠨᠢᠭᠡᠨᠲᠡ 1000 ᠱᠢᠬᠠᠮ ᠪᠣᠯᠤᠭ᠍ᠰᠠᠨ ᠪᠠᠢᠨ᠎ᠠ᠃

ᠦᠬᠠᠢ ᠬᠤᠳᠠ᠎ᠳᠤ᠂《ᠨᠠᠰᠤᠲᠠᠢ ᠡᠮᠡᠭᠡ᠎ᠨᠠᠷ᠎ᠤᠨ ᠬᠠᠪᠰᠤᠷᠤᠨ ᠲᠤᠰᠠᠯᠠᠬᠤ ᠪᠦᠯᠬᠦᠮ》ᠮᠡᠲᠦ᠍ ᠎ᠶ᠋ᠢᠨ ᠰᠠᠢ᠌ᠨ ᠳᠤᠷ᠎ᠠ᠎ᠶ᠋ᠢᠨ ᠦᠢᠯᠡᠴᠢᠯᠡᠭᠡᠨ᠎ᠦ ᠪᠦᠯᠬᠦᠮ ᠲᠠᠰᠤᠷᠠᠯᠳᠠ ᠦᠭᠡᠢ ᠪᠤᠵᠠᠭᠠᠢᠷᠠᠵᠤ ᠪᠤᠢ᠃ ᠪᠦᠷᠢᠳᠭᠡᠯ ᠎ᠢ ᠦᠨᠳᠦᠰᠦᠯᠡᠪᠡᠯ᠂ ᠡᠨᠡ ᠬᠦ᠌ 56 ᠲᠦᠮᠡᠨ ᠬᠥᠮᠦᠨ ᠠᠮᠠ ᠲᠠᠶ ᠬᠣᠲᠠ ᠳ᠋ᠦ ᠰᠠᠢᠨ ᠳᠤᠷ᠎ᠠ᠎ᠶ᠋ᠢᠨ ᠦᠢᠯᠡᠴᠢᠯᠡᠭᠡᠨ᠎ᠦ ᠠᠩᠭᠢ ᠨᠡᠢᠲᠡ 748 ᠪᠠᠢᠵᠤ᠂ ᠰᠠᠢᠨ ᠲᠤᠷᠠᠴᠤᠳ 11.47 ᠲᠦᠮᠡᠨ ᠬᠥᠮᠦᠨ ᠪᠠᠢᠵᠤ᠂ 700 ᠲᠦᠮᠡ ᠭᠠᠷᠤᠢ ᠴᠠᠭ᠎ᠤᠨ ᠰᠠᠢᠨ ᠳᠤᠷ᠎ᠠ ᠎ᠶ᠋ᠢᠨ ᠦᠢᠯᠡᠴᠢᠯᠡᠭᠡ ᠬᠠᠩᠭᠠᠵᠤ ᠪᠤᠢ᠃《ᠤᠯᠠᠭᠠᠨ ᠡᠯᠢᠭᠡᠪᠴᠢ》 ᠡᠮᠦᠰᠴᠤ ᠰᠠᠢ᠌ᠨ ᠳᠤᠷ᠎ᠠ᠎ᠶ᠋ᠢᠨ ᠦᠢᠯᠡᠴᠢᠯᠡᠭᠡ ᠬᠢᠬᠦ᠌ ᠨᠢ ᠨᠢᠭᠡᠨᠲᠡ ᠦᠬᠠᠢ ᠬᠤᠳᠠ᠎ᠶ᠋ᠢᠨ ᠦᠵᠡᠰᠭᠦᠯᠡᠩᠲᠦ ᠰᠠᠢᠬᠠᠨ ᠦᠵᠡᠮᠵᠢ ᠪᠣᠯᠵᠠᠢ᠃

ᠤᠢ᠍ᠢᠷ᠎ᠠ᠎ᠶ᠋ᠢᠨ ᠵᠢᠯ᠎ᠡᠴᠡ᠂ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠢᠯᠡᠳᠦᠯᠭᠡ᠎ᠶ᠋ᠢᠨ ᠦᠷᠳᠡᠭᠡ᠂ ᠶᠣᠰᠣ ᠰᠤᠷᠲᠠᠬᠤᠨ᠎ᠤ ᠬᠢᠴᠢᠶᠡᠯ᠎ᠦᠨ ᠲᠠᠩᠬᠢᠮ᠂ ᠪᠣᠯᠪᠠᠰᠤᠨ ᠶᠣᠰᠣᠯᠠᠯ᠎ᠤᠨ ᠬᠢᠴᠢᠶᠡᠯ᠎ᠦᠨ ᠲᠠᠩᠬᠢᠮ ᠵᠡᠷᠭᠡ ᠠᠴᠢᠶᠠᠯᠠᠪᠤᠷᠢ᠎ᠳᠤ ᠲᠦᠱᠢᠭ᠌ᠯᠡᠨ᠂ ᠥᠷᠭᠡᠨ ᠤᠯᠠᠨ ᠲᠦᠮᠡᠨ᠎ᠦ ᠱᠢᠯᠢᠳᠡᠭ ᠰᠠᠢ᠌ᠨ ᠭᠡᠷ᠎ᠦᠨ ᠰᠤᠷᠲᠠᠯ᠎ᠢ ᠤᠯᠠᠮᠵᠢᠯᠠᠨ ᠵᠠᠯᠭᠠᠮᠵᠢᠯᠠᠬᠤ᠎ᠶ᠋ᠢ ᠰᠠᠨᠠᠭᠠᠴᠢᠯᠠᠵᠤ᠂ ᠨᠡᠢᠭᠡᠮ᠎ᠦᠨ ᠬᠡᠪ ᠰᠤᠷᠲᠠᠯ᠎ᠢ ᠨᠥᠯᠥᠭᠡᠯᠡᠪᠡ᠃ ᠣᠲᠣ ᠪᠣᠯᠲᠠᠯ᠎ᠠ᠂ ᠦᠬᠠᠶ ᠬᠣᠲᠠ ᠵᠢᠨ 2 ᠬᠥᠮᠦᠨ᠌ ᠪᠥᠬᠥ᠌ ᠤᠯᠤᠰ᠎ᠤᠨ ᠶᠣᠰᠣ ᠮᠣᠷᠠᠯ᠎ᠤᠨ ᠵᠢᠱ᠌ᠢᠶᠡᠴᠢ᠎ᠶ᠋ᠢᠨ ᠨᠡᠷ᠎ᠡ ᠳᠤᠷᠠᠳᠤᠭ᠍ᠳᠠᠬᠰᠠᠨ ᠱᠠᠩᠨᠠᠯ᠎ᠢ ᠬᠦᠷᠳᠡᠵᠦ᠂ 38 ᠬᠥᠮᠦᠨ ᠥᠪᠡᠷᠲᠡᠭᠡᠨ ᠵᠠᠰᠠᠬᠤ ᠣᠷᠣᠨ᠎ᠤ ᠶᠣᠰᠣ ᠮᠣᠷᠠᠯ᠎ᠤᠨ ᠵᠢᠱ᠌ᠢᠶᠡᠴᠢ ᠪᠤᠶᠤ ᠶᠣᠰᠣ ᠮᠣᠷᠠᠯ᠎ᠤᠨ ᠵᠢᠱ᠌ᠢᠶᠡᠴᠢ᠎ᠶ᠋ᠢᠨ ᠨᠡᠷ᠎ᠡ ᠳᠤᠷᠠᠳᠤᠭ᠍ᠳᠠᠭ᠍ᠰᠠᠨ ᠱᠠᠩᠨᠠᠯ᠎ᠢ ᠭᠥᠷᠳᠡᠵᠦ᠍᠂ 75 ᠬᠥᠮᠦᠨ ᠦᠬᠠᠶ ᠬᠣᠲᠠ᠎ᠶ᠋ᠢᠨ ᠶᠣᠰᠣ ᠮᠣᠷᠠᠯ᠎ᠤᠨ ᠵᠢᠱ᠌ᠢᠶᠡᠴᠢ ᠪᠤᠶᠤ ᠶᠣᠰᠣ ᠮᠣᠷᠠᠯ᠎ᠤᠨ ᠵᠢᠱ᠌ᠢᠶᠡᠴᠢ᠎ᠶ᠋ᠢᠨ ᠨᠡᠷ᠎ᠡ ᠳᠤᠷᠠᠳᠤᠭ᠍ᠳᠠᠭ᠍ᠰᠠᠨ ᠱᠠᠩᠨᠠᠯ᠎ᠢ ᠭᠥᠷᠳᠡᠪᠡ;11 ᠬᠥᠮᠦᠨ ᠳᠤᠮᠳᠠᠳᠤ ᠤᠯᠤᠰ᠎ᠤᠨ ᠰᠠᠢ᠌ᠨ ᠬᠥᠮᠦᠨ᠎ᠦ ᠨᠡᠷᠡᠰ᠎ᠦᠨ ᠵᠢᠭ᠍ᠰᠠᠭᠠᠯᠲᠠ᠎ᠳᠤ ᠰᠣᠩᠭᠣᠭ᠍ᠳᠠᠵᠤ᠂ 99 ᠬᠥᠮᠦᠨ ᠥᠪᠥᠷ ᠮᠣᠩᠭᠣᠯ᠎ᠤᠨ ᠰᠠᠢ᠌ᠨ ᠬᠥᠮᠦᠨ᠎ᠦ ᠨᠡᠷᠡᠰ᠎ᠦᠨ ᠵᠢᠭ᠍ᠰᠠᠭᠠᠯᠲᠠ᠎ᠳᠤ ᠲᠤᠳᠤᠷᠠᠵᠤ᠂ 180 ᠬᠥᠮᠦᠨ ᠦᠬᠠᠢ᠎ᠶ᠋ᠢᠨ ᠰᠠᠢ᠌ᠨ ᠬᠥᠮᠦᠨ᠎ᠦ ᠨᠡᠷᠡᠰ᠎ᠦᠨ ᠵᠢᠭ᠍ᠰᠠᠭᠠᠯᠲᠠ᠎ᠳᠤ ᠰᠣᠩᠭᠣᠭ᠍ᠳᠠᠪᠠ᠃

ᠪᠦᠬᠦ᠌ ᠤᠯᠤᠰ᠎ᠤᠨ ᠪᠣᠯᠪᠠᠰᠤᠨ ᠬᠤᠳᠠ᠎ᠶ᠋ᠢ ᠡᠭᠦᠳᠦᠨ ᠪᠠᠢᠭᠤᠯᠬᠤ ᠪᠣᠯ ᠨᠢᠭᠡ ᠵᠦᠢᠯ᠎ᠦᠨ ᠬᠥᠳᠡᠯᠦᠩᠭᠦᠶ ᠢᠨᠵᠧᠨᠧᠷᠢᠩ ᠮᠥᠨ᠂ ᠱᠢᠨ᠎ᠡ ᠲᠡᠦᠬᠡ᠎ᠶ᠋ᠢᠨ ᠭᠠᠷᠤᠭ᠎ᠠ ᠳᠡᠭᠡᠷ᠎ᠡ ᠦᠬᠠᠢ ᠬᠤᠳᠠ ᠶ᠋ᠢᠨ ᠬᠢᠨ ᠨᠡᠩ ᠡᠷᠡᠰ ᠪᠠᠲᠤ ᠵᠣᠷᠢᠭ᠂ ᠨᠡᠩ ᠣᠷᠭᠢᠯᠤᠮ᠎ᠠ ᠬᠠᠯᠠᠭᠤᠨ ᠰᠡᠳᠭᠢᠯᠭᠡ᠂ ᠨᠡᠩ ᠦᠨᠡᠨ ᠪᠣᠳᠠᠲᠠᠢ᠎ᠶ᠋ᠢ ᠡᠷᠬᠢᠮᠯᠡᠬᠦ᠌ ᠰᠤᠷᠲᠠᠯ ᠎ᠢᠶᠠᠷ ᠠᠷᠠᠳ ᠲᠦᠮᠡᠨ᠎ᠳᠦ ᠲᠠᠭᠠᠱᠢᠶᠠᠭ᠍ᠳᠠᠭ᠍ᠰᠠᠨ ᠪᠦᠬᠦ᠌ ᠤᠯᠤᠰ᠎ᠤᠨ ᠪᠣᠯᠪᠠᠰᠤᠨ ᠬᠤᠳᠠ᠎ᠶ᠋ᠢ ᠴᠣᠭ᠍ᠴᠠᠯᠠᠨ ᠪᠠᠢᠭᠤᠯᠬᠤ᠎ᠪᠡᠷ ᠦᠷᠭᠦᠯᠵᠢᠯᠡᠨ ᠲᠡᠮᠡᠴᠡᠨ᠎ᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面