2022-07-21 09:40:28
ᠠᠯᠳᠠ ᠮᠥᠩᠭᠥᠨ᠎ᠤ ᠮᠢᠯᠢᠶᠠᠯᠭ᠎ᠠ ᠠᠷᠠᠳ ᠲᠦᠮᠡᠨ᠎ᠦ ᠮᠠᠭ᠍ᠲᠠᠭᠠᠯ ᠰᠠᠢᠱᠢᠶᠠᠯ᠎ᠢ ᠬᠦᠷᠬᠦ᠌ ᠦᠭᠡᠢ᠂ ᠪᠦᠬᠦ᠌ ᠤᠯᠤᠰ᠎ᠤᠨ ᠪᠣᠯᠪᠠᠰᠤᠨ ᠬᠤᠳᠠ᠎ᠶ᠋ᠢ ᠡᠭᠦᠳᠦᠨ ᠪᠠᠢᠭᠤᠯᠬᠤᠡᠴᠦᠰᠦᠨ ᠬᠠᠷᠠᠯᠲᠠ ᠪᠣᠯ ᠳᠠᠷᠤᠢ ᠠᠷᠠᠳ ᠲᠦᠮᠡᠨ᠎ᠢ ᠨᠡᠩ ᠵᠣᠯ ᠵᠢᠷᠭᠠᠯ᠎ᠲᠠᠶ ᠪᠣᠯᠭᠠᠬᠤ ᠶᠠᠪᠤᠳᠠᠯ ᠪᠣᠯᠤᠨ᠎ᠠ᠃
ᠪᠣᠯᠪᠠᠰᠤᠨ᠎ᠤ ᠴᠡᠴᠡᠭ᠎ᠢ ᠬᠡᠷᠬᠢᠨ ᠪᠠᠢᠩᠭᠤ ᠲᠡᠯᠬᠡᠷᠡᠬᠦᠯᠬᠦ ᠪᠤᠢ? ᠬᠣᠲᠠ᠎ᠶ᠋ᠢᠨ ᠠᠷᠠᠳ᠎ᠤᠨ ᠪᠠᠶᠠᠷ ᠵᠢᠷᠭᠠᠯ᠎ᠢ ᠬᠡᠷᠬᠢᠨ ᠪᠠᠲᠤᠯᠠᠬᠤ ᠪᠤᠢ? ᠣᠷᠳᠣᠰ ᠬᠣᠲᠠ《ᠬᠠᠳᠬᠤᠮᠠᠯ ᠬᠠᠳᠬᠤᠬᠤ》 ᠰᠢᠭ᠋ ᠨᠠᠷᠢᠯᠢᠭ᠎ᠢᠶᠡᠷ ᠳᠥᠷᠪᠡᠨ ᠵᠢᠯ ᠳᠠᠷᠠᠭᠠᠯᠠᠨ ᠪᠤᠯᠪᠠᠰᠤᠨ ᠬᠤᠳᠠ ᠵᠢᠨ ᠢᠷᠠᠭᠤ ᠠᠯᠳᠠᠷ᠎ᠢ ᠪᠠᠳᠤᠯᠠᠬᠰᠠᠨ ᠰᠠᠭᠤᠷᠢᠨ ᠳᠡᠭᠡᠷ᠎ᠡ᠂ ᠪᠠᠢᠷᠢ ᠲᠤᠭᠳᠠᠭᠠᠯᠳᠠ ᠪᠠᠨ ᠤᠯᠠᠮ ᠲᠣᠳᠣᠷᠬᠠᠶ ᠪᠣᠯᠭᠠᠵᠤ᠂ ᠠᠷᠭ᠎ᠠ ᠵᠠᠮ᠎ᠢᠶᠠᠨ ᠤᠯᠠᠮ ᠲᠣᠳᠣᠷᠬᠠᠶ ᠪᠣᠯᠭᠠᠵᠤ᠂ ᠬᠠᠷᠠᠯᠲᠠ᠎ᠪᠠᠨ ᠤᠢᠯᠠᠭᠠᠵᠤ᠂《ᠬᠣᠶᠠᠷ ᠲᠠᠯ᠎ᠠ᠎ᠪᠡᠷ ᠠᠳᠭᠤᠬᠤ》᠂《ᠬᠣᠶᠠᠷ ᠲᠠᠯ᠎ᠠ᠎ᠶ᠋ᠢ ᠴᠢᠩᠭ᠎ᠠ ᠠᠳᠭᠤᠬᠤ》᠎ᠶ᠋ᠢ ᠪᠠᠷᠢᠮᠲᠠᠯᠠᠵᠤ᠂ ᠣᠶᠤᠨ᠎ᠤ ᠪᠣᠯᠪᠠᠰᠤᠨ ᠪᠠ ᠪᠣᠳᠠᠰ᠎ᠤᠨ ᠪᠣᠯᠪᠠᠰᠤᠨ᠎ᠤ ᠪᠠᠢᠭᠤᠯᠤᠯᠲᠠ᠎ᠶ᠋ᠢ ᠬᠣᠲᠠ᠎ᠶ᠋ᠢᠨ ᠬᠥᠭ᠌ᠵᠢᠯᠲᠡ᠎ᠶ᠋ᠢᠨ ᠬᠣᠶᠠᠷ ᠵᠢᠭᠦᠷ᠂ ᠬᠣᠲᠠ ᠵᠢᠨ ᠬᠦᠭᠵᠢᠯᠳᠠ ᠵᠢᠨ ᠬᠥᠳᠡᠯᠭᠡᠭᠦᠷ ᠤᠨ ᠬᠤᠤᠰ ᠬᠦᠷᠳᠤ ᠪᠣᠯᠭᠠᠨ᠂ ᠨᠢᠬᠡᠨᠳᠡ ᠲᠣᠭ᠍ᠲᠠᠭ᠍ᠰᠠᠨ ᠴᠢᠭ᠌ᠯᠡᠯ ᠳᠠᠢᠰᠢ ᠪᠠᠨ ᠲᠣᠮᠣ ᠠᠯᠬᠤᠮ᠎ᠢᠶᠠᠷ ᠤᠷᠤᠭ᠍ᠰᠢᠯᠠᠵᠤ ᠪᠠᠢᠨ᠎ᠠ᠃
ᠥᠨᠳᠥᠷ ᠲᠦᠪᠰᠢᠨ᠎ᠢᠶᠡᠷ ᠠᠬᠢᠭᠤᠯᠵᠤ᠂ ᠬᠦᠴᠦ᠍᠎ᠪᠡᠨ ᠬᠠᠮᠲᠤᠳᠭᠠᠨ ᠬᠦᠰᠡᠯ ᠵᠡᠭᠦᠳᠦ᠍᠎ᠪᠡᠨ ᠲᠡᠷᠭᠡᠯᠱᠢᠭᠦᠯᠦᠨ᠎ᠡ᠃ ᠬᠣᠲᠠ᠎ᠶ᠋ᠢᠨ ᠱᠢᠨ᠎ᠡ᠎ᠶ᠋ᠢ ᠡᠭᠦᠳᠬᠦ᠌ 《ᠨᠢᠭᠡᠳᠦᠭᠡᠷ ᠭᠠᠷᠤᠨ ᠢᠨᠵᠧᠨᠧᠷᠢᠩ》᠎ᠢ᠋ ᠪᠠᠷᠢᠮᠲᠠᠯᠠᠵᠤ᠂ ᠪᠦᠬᠦ᠌ ᠤᠯᠤᠰ᠎ᠤᠨ ᠪᠣᠯᠪᠠᠰᠤᠨ ᠵᠢᠱ᠌ᠢᠶᠡᠴᠢ ᠬᠣᠲᠠ᠎ᠶ᠋ᠢ ᠡᠭᠦᠳᠦᠨ ᠪᠠᠢᠭᠤᠯᠬᠤ ᠠᠵᠢᠯ᠎ᠤᠨ ᠵᠢᠯᠣᠭᠣᠳᠭᠤ ᠭᠠᠵᠠᠷ᠎ᠢ ᠵᠣᠬᠢᠶᠠᠨ ᠪᠠᠢᠭᠤᠯᠵᠤ᠂ ᠬᠣᠲᠠ᠎ᠶ᠋ᠢᠨ ᠨᠠᠮ᠎ᠤᠨ ᠬᠣᠷᠢᠶᠠᠨ᠎ᠤ ᠱᠦᠵᠢ ᠶᠡᠷᠦᠩᠬᠡᠢ ᠵᠢᠯᠣᠭᠣᠳᠤᠭ᠍ᠴᠢ ᠪᠣᠯᠵᠤ᠂ ᠬᠠᠷᠢᠭᠤᠴᠠᠯᠭ᠎ᠠ᠎ᠪᠠᠨ ᠤᠯᠠᠮ ᠲᠣᠳᠣᠷᠬᠠᠢᠯᠠᠵᠤ᠂ ᠬᠠᠷᠢᠭᠤᠴᠠᠯᠭ᠎ᠠ᠎ᠪᠠᠨ ᠨᠠᠢᠳᠠᠪᠤᠷᠢᠵᠢᠭᠤᠯᠵᠤ᠂ ᠡᠭᠦᠳᠦᠨ ᠪᠠᠢᠭᠤᠯᠬᠤ ᠵᠢ ᠠᠬᠢᠭᠤᠯᠬᠤ ᠬᠠᠮᠲᠤᠷᠠᠯ ᠬᠦᠴᠦᠨ᠎ᠢ ᠪᠦᠷᠢᠯᠳᠦᠭᠦᠯᠪᠡ᠃ ᠡᠨᠡ ᠵᠢᠯ᠂ ᠪᠣᠯᠪᠠᠰᠤᠨ ᠵᠢᠱ᠌ᠢᠶᠡᠴᠢ ᠬᠣᠲᠠ᠎ᠶ᠋ᠢ ᠡᠭᠦᠳᠦᠨ ᠪᠠᠢᠭᠤᠯᠬᠤ ᠱᠠᠭᠠᠷᠳᠠᠯᠭ᠎ᠠ ᠶᠣᠰᠣᠭᠠᠷ᠂ ᠣᠷᠳᠣᠰ ᠬᠣᠲᠠ᠎ᠶ᠋ᠢᠨ ᠨᠠᠮ᠎ᠤᠨ ᠬᠣᠷᠢᠶ᠎ᠠ ᠪᠥᠬᠥ᠌ ᠤᠯᠤᠰ᠎ᠤᠨ ᠪᠣᠯᠪᠠᠰᠤᠨ ᠵᠢᠱ᠌ᠢᠶᠡᠴᠢ ᠬᠣᠲᠠ᠎ᠶ᠋ᠢ ᠡᠭᠦᠳᠦᠨ ᠪᠠᠢᠭᠤᠯᠬᠤ ᠳᠠᠢᠴᠢᠯᠠᠯᠲᠠ᠎ᠶ᠋ᠢᠨ ᠶᠡᠬᠡ ᠬᠤᠷᠠᠯ᠎ᠢ ᠬᠤᠷᠠᠯᠳᠤᠭᠤᠯᠵᠤ᠂ 《ᠪᠥᠬᠥ᠌ ᠤᠯᠤᠰ᠎ᠤᠨ ᠪᠣᠯᠪᠠᠰᠤᠨ ᠵᠢᠱ᠌ᠢᠶᠡᠴᠢ ᠬᠣᠲᠠ᠎ᠶ᠋ᠢ ᠡᠭᠦᠳᠦᠨ ᠪᠠᠢᠭᠤᠯᠬᠤ ᠠᠵᠢᠯᠯᠠᠭᠠᠨ᠎ᠤ ᠲᠥᠯᠥᠪᠯᠡᠭᠡ》 ᠶ᠋ᠢ ᠳᠠᠷᠤᠮᠠᠯᠯᠠᠨ ᠲᠠᠷᠬᠠᠭᠠᠨ᠂ ᠡᠭᠦᠳᠦᠨ ᠪᠠᠢᠭᠤᠯᠬᠤ ᠵᠠᠷᠤᠳᠠᠯ᠎ᠢ1ᠳ᠋ᠦᠩᠱᠢᠭᠤᠷ ᠲᠥᠭᠥᠷᠢᠭ ᠰᠠᠯᠭᠠᠨ ᠥᠭ᠌ᠴᠤ᠂ ᠬᠣᠲᠠ᠎ᠶ᠋ᠢᠨ ᠠᠵᠢᠯᠲᠠᠨ᠎ᠤ ᠣᠷᠣᠨ ᠲᠣᠭ᠎ᠠ᠎ᠶ᠋ᠢ ᠬᠠᠷᠭᠤᠭᠤᠯᠤᠨ ᠨᠡᠮᠡᠭ᠌ᠳᠡᠭᠦᠯᠬᠦ᠌ ᠵᠡᠷᠭᠡ ᠠᠷᠭ᠎ᠠ ᠮᠠᠶᠢᠭ ᠢᠶᠠᠷ ᠳᠠᠮᠵᠢᠭᠤᠯᠤᠨ᠂ ᠡᠭᠦᠳᠦᠨ ᠪᠠᠢᠭᠤᠯᠬᠤ ᠠᠵᠢᠯ᠎ᠢ ᠥᠷᠨᠢᠭᠦᠯᠬᠦ᠌᠎ᠳᠦ ᠬᠦᠴᠦᠲᠡᠶ ᠲᠤᠯᠭᠠᠭᠤᠷᠢᠯᠠᠯ ᠬᠠᠩᠭᠠᠭ᠍ᠰᠠᠨ ᠪᠠᠢᠨ᠎ᠠ᠃
ᠣᠢᠷ᠎ᠠ᠎ᠶ᠋ᠢᠨ ᠵᠢᠯ᠎ᠡᠴᠡ ᠨᠠᠭᠠᠰᠢ᠂ ᠣᠷᠳᠣᠰ ᠬᠣᠲᠠ ᠨᠡᠢᠭᠡᠮ ᠵᠢᠷᠤᠮ᠎ᠤᠨ ᠭᠤᠤᠯᠯᠠᠭ᠍ᠴᠢ ᠥᠷᠲᠡᠭ᠎ᠦᠨ ᠦᠵᠡᠯᠲᠡ᠎ᠶ᠋ᠢ ᠪᠣᠢᠵᠢᠭᠤᠯᠤᠨ ᠦᠶ᠋ᠯᠡᠳᠦᠯᠭᠡᠵᠢᠭᠦᠯᠬᠦ᠌᠎ᠪᠡᠷ ᠦᠨᠳᠦᠰᠦ ᠪᠣᠯᠭᠠᠬᠤ᠎ᠶ᠋ᠢ ᠪᠠᠷᠢᠮᠲᠠᠯᠠᠵᠤ᠂ ᠠᠷᠠᠳ ᠢᠷᠭᠡᠳ᠎ᠦᠨ ᠦᠵᠡᠯ ᠰᠠᠨᠠᠭ᠎ᠠ ᠶᠣᠰᠣ ᠰᠤᠷᠲᠠᠬᠤᠨ᠎ᠤ ᠪᠠᠢᠭᠤᠯᠤᠯᠲᠠ᠎ᠶ᠋ᠢ ᠪᠥᠬᠥ᠌ ᠲᠠᠯ᠎ᠠ᠎ᠪᠠᠷ ᠴᠢᠩᠭᠠᠳᠭᠠᠪᠠ᠃ 《ᠰᠠᠢᠨ ᠬᠥᠮᠦᠨ᠎ᠦ ᠬᠣᠲᠠ》᠎ᠶ᠋ᠢ ᠡᠭᠦᠳᠦᠨ ᠪᠠᠢᠭᠤᠯᠬᠤ ᠲᠠᠯ᠎ᠠ᠎ᠪᠠᠷ ᠲᠠᠰᠤᠷᠠᠯᠲᠠ ᠥᠬᠡᠶ ᠬᠦᠴᠦᠯᠡᠵᠦ᠍᠂ ᠪᠥᠬᠥ᠌ ᠤᠯᠤᠰ᠎ᠤᠨ ᠶᠣᠰᠣ ᠰᠤᠷᠲᠠᠬᠤᠨ᠎ᠤ ᠵᠢᠱ᠌ᠢᠶᠡᠴᠢᠪᠠ ᠨᠡᠷ᠎ᠡ ᠲᠤᠷᠠᠳᠤᠭᠤᠯᠤᠬᠰᠠᠨ ᠱᠠᠩᠨᠠᠯ᠎ᠢ 6 ᠬᠥᠮᠦᠨ ᠭᠥᠷᠳᠡᠵᠦ᠍᠂ 46 ᠬᠥᠮᠦᠨ《ᠳᠤᠮᠳᠠᠳᠤ ᠤᠯᠤᠰ᠎ᠤᠨ ᠰᠠᠢᠨ ᠬᠥᠮᠦᠨ᠎ᠦ ᠨᠡᠷᠡᠰ》ᠲᠤ᠌ ᠲᠣᠳᠣᠷᠠᠪᠠ᠃ 《ᠰᠠᠢᠨ ᠳᠤᠷ᠎ᠠ᠎ᠶ᠋ᠢᠨ ᠬᠣᠲᠠ》᠎ᠶ᠋ᠢ ᠡᠭᠦᠳᠦᠨ ᠪᠠᠢᠭᠤᠯᠬᠤ ᠲᠠᠯ᠎ᠠ᠎ᠪᠠᠷ ᠲᠠᠰᠤᠷᠠᠯᠲᠠ ᠥᠬᠡᠶ ᠬᠦᠴᠦᠨ ᠨᠡᠮᠡᠷᠢᠯᠡᠵᠦ᠂ ᠳᠠᠩᠰᠠᠯᠠᠭᠤᠯᠤᠭ᠍ᠰᠠᠨ ᠰᠠᠢᠨ ᠳᠤᠷᠠᠴᠢᠨ 31 ᠲᠦᠮᠡ ᠭᠠᠷᠤᠶ ᠬᠥᠮᠦᠨ᠂ 2051 ᠬᠠᠮᠲᠤ ᠪᠠᠢᠵᠤ᠂ ᠪᠥᠬᠥ᠌ ᠤᠯᠤᠰ᠎ᠤᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ 11 ᠲᠥᠷᠥᠯ ᠲᠡᠮᠳᠡᠭ᠌᠎ᠢ ᠡᠬᠦᠳᠪᠡ ;《ᠢᠲᠡᠭᠡᠮᠵᠢ᠎ᠳᠤ ᠬᠣᠲᠠ》᠎ᠶ᠋ᠢ ᠡᠬᠦᠳᠦᠨ ᠪᠠᠢᠭᠤᠯᠬᠤ ᠲᠠᠯ᠎ᠠ ᠪᠡᠷ ᠲᠠᠰᠤᠷᠠᠯᠲᠠ ᠦᠭᠡᠢ ᠬᠦᠰᠡᠯ ᠵᠡᠭᠦᠳᠦ᠍᠎ᠪᠡᠨ ᠬᠥᠭᠡᠭᠡᠴᠡᠯᠳᠦᠵᠦ᠍᠂ ᠪᠦᠬᠦ᠌ ᠬᠣᠲᠠ᠎ᠶ᠋ᠢᠨ ᠢᠲᠡᠭᠡᠮᠵᠢ ᠶ᠋ᠢᠨ ᠮᠡᠳᠡᠭᠡ ᠵᠠᠩᠭᠢ᠎ᠶ᠋ᠢᠨ ᠳ᠋ᠠᠢᠲ᠋ᠠ ᠬᠥᠮᠥᠷᠭᠡ᠎ᠶ᠋ᠢ ᠪᠠᠢᠭᠤᠯᠵᠤ᠂ ᠢᠲᠡᠭᠡᠮᠵᠢ᠎ᠶ᠋ᠢᠨ ᠮᠡᠳᠡᠭᠡ ᠵᠠᠩᠭᠢ ᠶ᠋ᠢᠨ ᠬᠤᠯᠪᠤᠯᠳᠤᠨ ᠨᠡᠪᠲᠡᠷᠡᠯᠴᠡᠬᠦ᠌ ᠪᠠ ᠰᠣᠯᠢᠯᠴᠠᠵᠤ ᠬᠠᠮᠲᠤ᠎ᠪᠠᠷ ᠡᠳ᠋ᠯᠡᠬᠦ᠌᠎ᠶ᠋ᠢ ᠪᠡᠶᠡᠯᠡᠭᠦᠯᠪᠡ᠃
ᠪᠤᠯᠪᠠᠰᠤᠨ᠎ᠤ ᠴᠡᠴᠡᠭᠡᠰ ᠤᠷᠳᠤᠰ ᠬᠤᠳᠠ ᠵᠢᠨ ᠭᠠᠵᠠᠷ ᠪᠤᠯᠭᠠᠨ ᠳ᠋ᠤ ᠲᠡᠯᠬᠡᠷᠡᠵᠤ᠂ ᠬᠤᠳᠠ᠎ᠶ᠋ᠢᠨ ᠵᠡᠭᠡᠯᠢ ᠭᠤᠳᠤᠮᠵᠢ ᠪᠡᠷ ᠶᠠᠪᠤᠬᠤ᠎ᠳᠤ᠂ ᠪᠦᠷᠢᠨ ᠲᠡᠭᠦᠯᠳᠡᠷ ᠰᠠᠭᠤᠷᠢ ᠲᠥᠬᠥᠭᠡᠷᠦᠮᠵᠢ ᠪᠣᠯᠤᠨ ᠠᠷᠠᠳ᠎ᠲᠤ ᠲᠦᠬᠦᠮ ᠦᠵᠡᠭᠦᠯᠬᠦ᠌ ᠤᠯᠠᠨ ᠨᠡᠢᠲᠡ᠎ᠶ᠋ᠢᠨ ᠲᠥᠬᠥᠭᠡᠷᠦᠮᠵᠢ ᠨᠢ ᠬᠥᠮᠦᠰ᠎ᠦᠨ ᠰᠡᠳᠭᠢᠯ᠎ᠢ ᠳᠤᠯᠠᠭᠠᠴᠡᠭᠤᠯᠤᠨᠠ; ᠭᠠᠵᠠᠷ ᠪᠤᠯᠭᠠᠨ᠎ᠳᠤ ᠬᠠᠷᠠᠭ᠍ᠳᠠᠬᠤ ᠴᠡᠴᠡᠷᠯᠢᠭ᠎ᠤᠨ ᠨᠣᠭᠣᠭᠠᠨ ᠬᠦᠷᠦᠰᠦ ᠪᠠ ᠰᠡᠷᠢᠭᠦᠨ ᠲᠠᠭᠠᠯᠠᠮᠵᠢᠲᠠᠶ ᠦᠵᠡᠮᠵᠢ ᠨᠢ ᠴᠦᠮ ᠬᠥᠮᠦᠰ᠎ᠢ ᠤᠨᠴᠠ᠎ᠶᠢᠨ ᠲᠠᠭᠠᠯᠠᠮᠵᠢᠲᠠᠶ ᠰᠠᠨᠠᠭ᠍ᠳᠠᠭᠤᠯᠤᠨ᠎ᠠ; ᠡᠮᠬᠢ ᠵᠢᠷᠤᠮ᠎ᠲᠠᠶ ᠣᠯᠠᠨ ᠨᠡᠢᠲᠡ᠎ᠶ᠋ᠢᠨ ᠡᠮᠬᠢ ᠳᠢᠭ᠌ᠯᠢᠮ ᠵᠢᠴᠢ ᠴᠠᠭ ᠢᠮᠠᠭ᠍ᠲᠠ ᠬᠠᠷᠠᠭ᠍ᠳᠠᠬᠤ ᠳᠣᠲᠣᠭᠠᠳᠤ᠎ᠶ᠋ᠢ ᠬᠠᠮᠠᠭᠠᠯᠠᠬᠤ ᠴᠠᠭ᠍ᠳᠠᠨ ᠪᠠᠢᠴᠠᠭᠠᠬᠤ ᠲᠡᠷᠭᠡ ᠵᠡᠷᠭᠡ ᠠᠮᠤᠷ ᠲᠦᠪᠱᠢᠨ᠎ᠢ ᠬᠠᠮᠠᠭᠠᠯᠠᠬᠤ ᠠᠷᠭ᠎ᠠ ᠬᠡᠮᠵᠢᠶ᠎ᠡ ᠨᠢ ᠬᠥᠮᠦᠰ᠎ᠢ ᠣᠨᠴᠠ ᠵᠢᠨ ᠰᠠᠨᠠᠭ᠎ᠠ ᠠᠮᠤᠷ ᠰᠠᠨᠠᠭ᠍ᠳᠠᠭᠤᠯᠤᠨ᠎ᠠ᠃
ᠳᠡᠯᠡᠬᠡᠶ ᠳ᠋ᠠᠬᠢᠨ᠎ᠤ ᠶᠡᠬᠡ ᠶᠠᠪᠤᠳᠠᠯ ᠪᠦᠬᠦᠨ ᠵᠢᠵᠢᠭ ᠰᠠᠵᠢᠭ ᠶᠠᠪᠤᠳᠠᠯ ᠡᠴᠡ ᠪᠦᠷᠢᠯᠳᠦᠨ᠎ᠠ᠃ ᠡᠨᠡ ᠵᠢᠯ᠎ᠡᠴᠡ ᠨᠠᠭᠠᠰᠢ᠂ ᠤᠷᠳᠤᠰ ᠬᠤᠳᠠ ᠵᠢᠨ ᠬᠠᠩᠬᠢᠨ ᠬᠤᠰᠢᠭᠤᠨ᠎ᠤ ᠱᠢᠨᠡᠪᠠᠯᠭᠠᠰᠤ ᠵᠡᠭᠡᠯᠢ ᠭᠤᠳᠤᠮᠵᠢ᠎ᠶ᠋ᠢᠨ ᠳᠠᠷᠤᠭ᠎ᠠ᠎ᠶ᠋ᠢᠨ ᠠᠵᠢᠯ᠎ᠤᠨ ᠲᠦᠷᠢᠮ᠎ᠢ ᠬᠡᠷᠡᠭ᠌ᠵᠢᠭᠦᠯᠪᠡ᠃ ᠱᠢᠨᠡᠪᠠᠯᠭᠠᠰᠤ ᠵᠡᠭᠡᠯᠢ ᠭᠤᠳᠤᠮᠵᠢ᠎ᠶ᠋ᠢᠨ ᠳᠠᠷᠤᠭ᠎ᠠ᠎ᠶ᠋ᠢᠨ ᠲᠦᠷᠢᠮ᠎ᠢᠶᠡᠷ ᠪᠣᠯᠪᠠᠰᠤᠨ ᠬᠣᠲᠠ᠎ᠶ᠋ᠢ ᠡᠭᠦᠳᠦᠨ ᠪᠠᠢᠭᠤᠯᠬᠤ ᠠᠵᠢᠯ᠎ᠢ ᠠᠬᠢᠭᠤᠯᠵᠤ ᠪᠠᠢᠭ᠎ᠠ ᠨᠢ ᠶᠠᠭ ᠣᠷᠳᠣᠰ᠎ᠤᠨ ᠬᠣᠲᠠ ᠬᠥᠳᠡᠭᠡ ᠬᠣᠯᠪᠣᠭᠠᠯᠠᠨ ᠪᠥᠬᠥ᠌ ᠣᠷᠣᠨ ᠪᠦᠰᠡ ᠪᠡᠷ ᠡᠭᠦᠳᠦᠨ ᠪᠠᠢᠭᠤᠯᠬᠤ ᠠᠵᠢᠯ᠎ᠢ ᠪᠠᠷᠢᠮᠲᠠᠯᠠᠵᠤ ᠪᠠᠢᠭ᠎ᠠ ᠶ᠋ᠢᠨ ᠨᠢᠭᠡᠨ ᠬᠤᠷᠢᠶᠠᠩᠭᠤᠶ ᠳᠦᠷᠰᠦ ᠪᠣᠯᠤᠨ᠎ᠠ᠃ ᠤᠷᠳᠤᠰ ᠬᠤᠳᠠ ᠨᠢ ᠬᠤᠳᠠ᠎ᠪᠠᠷ ᠬᠥᠳᠡᠭᠡ ᠲᠣᠰᠭᠣᠨ᠎ᠢ ᠳᠠᠢᠴᠢᠯᠠᠬᠤ᠂ ᠬᠤᠳᠠ ᠬᠥᠳᠡᠭᠡ᠎ᠶ᠋ᠢ ᠬᠠᠮᠲᠤ ᠪᠠᠷ ᠪᠦᠳᠦᠬᠡᠨ ᠪᠠᠢᠭᠤᠯᠬᠤ ᠡᠷᠴᠢᠮ ᠢᠶᠡᠨ ᠴᠢᠩᠭᠠᠷᠠᠭᠤᠯᠵᠤ᠂ ᠤᠯᠠᠨ ᠨᠡᠢᠲᠡ᠎ᠶ᠋ᠢᠨ ᠦᠢᠯᠡᠴᠢᠯᠡᠭᠡ᠎ᠶ᠋ᠢ ᠮᠠᠯᠵᠢᠬᠤ ᠲᠠᠷᠢᠶᠠᠯᠠᠬᠤ ᠣᠷᠣᠨ ᠲᠡᠢᠰᠢ ᠤᠷᠲᠤᠳᠭᠠᠬᠤ᠂ ᠬᠤᠳᠠ᠎ᠶ᠋ᠢᠨ ᠤᠳᠤ ᠦᠶ᠎ᠡ᠎ᠶ᠋ᠢᠨ ᠪᠣᠯᠪᠠᠰᠤᠨ᠎ᠢ ᠮᠠᠯᠵᠢᠬᠤ ᠲᠠᠷᠢᠶᠠᠯᠠᠬᠤ ᠣᠷᠣᠨ ᠲᠡᠢᠰᠢ ᠳᠠᠢᠴᠢᠯᠠᠬᠤ᠎ᠶ᠋ᠢ ᠠᠬᠢᠭᠤᠯᠵᠤ᠂ ᠬᠤᠳᠠ ᠬᠥᠳᠡᠭᠡ᠎ᠶ᠋ᠢᠨ ᠰᠠᠭᠤᠭᠠᠯᠢ ᠠᠷᠠᠳ᠎ᠲᠤ ᠪᠣᠯᠪᠠᠰᠤᠨ᠎ᠢ ᠡᠭᠦᠳᠦᠨ ᠪᠠᠢᠭᠤᠯᠤᠭ᠍ᠰᠠᠨ ᠦᠷ᠎ᠡ ᠪᠦᠲᠦᠭᠡᠯ᠎ᠢ ᠬᠠᠮᠲᠤ ᠪᠠᠷ ᠡᠳ᠋ᠯᠡᠭᠦᠯᠪᠡ᠃
ᠬᠠᠩᠭᠢᠨ ᠬᠣᠱᠢᠭᠤ᠎ᠲᠠᠶ ᠠᠳᠠᠯᠢ᠎ᠪᠠᠷ ᠣᠷᠳᠣᠰ ᠬᠣᠲᠠ᠎ᠶ᠋ᠢᠨ ᠡᠵᠡᠨ ᠬᠣᠷᠣᠭ᠎ᠠ ᠬᠣᠱᠢᠭᠤ ᠴᠤ᠌ ᠪᠦᠷᠢᠨ ᠲᠡᠭᠦᠯᠳᠡᠷ ᠬᠣᠲᠠ᠎ᠶ᠋ᠢᠨ ᠰᠠᠭᠤᠷᠢ ᠲᠥᠬᠥᠭᠡᠷᠦᠮᠵᠢ᠂ ᠲᠡᠷᠢᠭᠦᠨ᠎ᠦ ᠬᠣᠲᠠ ᠶ᠋ᠢᠨ ᠬᠠᠮᠢᠶᠠᠷᠤᠯᠲᠠ᠎ᠶ᠋ᠢᠨ ᠣᠢᠯᠠᠭᠠᠭ᠍ᠳᠠᠬᠤᠨ ᠵᠢᠴᠢ ᠡᠯᠪᠡᠭ ᠪᠠᠶᠠᠯᠢᠭ ᠱᠢᠨ᠎ᠡ ᠴᠠᠭ ᠦᠶ᠎ᠡ ᠶ᠋ᠢᠨ ᠪᠣᠯᠪᠠᠰᠤᠨ ᠤ ᠦᠶ᠋ᠯᠡᠳᠦᠯᠭᠡ᠎ᠶ᠋ᠢᠨ ᠠᠵᠢᠯᠯᠠᠭᠠᠪᠠᠷᠣᠶᠤᠨᠤ ᠪᠣᠯᠪᠠᠰᠤᠨ᠎ᠤ ᠪᠠᠢᠭᠤᠯᠤᠯᠲᠠ᠎ᠳᠤ ᠪᠠᠲᠤ ᠪᠠᠬᠢ ᠲᠦᠱᠢᠭ ᠬᠠᠩᠭᠠᠪᠠ᠃
ᠬᠠᠷᠢᠶ᠎ᠠ ᠣᠷᠣᠨ᠎ᠤ ᠨᠠᠩ ᠣᠯᠠᠨ ᠨᠠᠮ᠎ᠤᠨ ᠭᠡᠱᠢᠭᠦᠨ᠂ ᠣᠯᠠᠨ ᠲᠦᠮᠡᠨ᠎ᠢ ᠨᠠᠮ᠎ᠤᠨ ᠲᠡᠦᠬᠡ ᠰᠤᠷᠤᠯᠴᠠᠬᠤ ᠠᠭᠤᠷ ᠠᠮᠢᠰᠭᠤᠯ᠎ᠳᠤ ᠠᠭᠤᠰᠤᠯᠴᠠᠭᠤᠯᠬᠤ᠎ᠶ᠋ᠢᠨ ᠲᠥᠯᠥᠭᠡ᠂ ᠡᠵᠡᠨ ᠬᠣᠷᠣᠭ᠎ᠠ ᠬᠣᠱᠢᠭᠤᠨ᠎ᠤ ᠱᠦᠶ ᠠᠨ ᠱᠢᠨ᠎ᠡ ᠬᠣᠲᠠ ᠵᠡᠭᠡᠯᠢ ᠲᠣᠭᠣᠷᠢᠭ᠎ᠤᠨ ᠨᠠᠮ᠎ᠤᠨ ᠠᠵᠢᠯ᠎ᠤᠨ ᠬᠣᠷᠢᠶ᠎ᠠ ᠨᠠᠮ᠎ᠤᠨ ᠲᠡᠦᠬᠡ᠎ᠶ᠋ᠢᠨ ᠬᠢᠴᠢᠶᠡᠯ᠎ᠦᠨ ᠲᠠᠩᠬᠢᠮ᠎ᠢ ᠭᠤᠤᠯ ᠴᠡᠴᠡᠷᠯᠢᠭ᠎ᠲᠦ ᠨᠡᠭᠦᠯᠭᠡᠭ᠌ᠰᠡᠨ ᠪᠥᠭᠡᠳ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠯᠧᠺᠲ᠋ᠣᠷ᠂ ᠬᠠᠷᠢᠶ᠎ᠠ ᠣᠷᠣᠨ᠎ᠤ ᠠᠬᠠᠮᠠᠳ ᠨᠠᠮ᠎ᠤᠨ ᠭᠡᠱᠢᠭᠦᠨ ᠰᠠᠢᠨ ᠳᠤᠷᠠᠴᠤᠤᠯ᠎ᠢ ᠤᠷᠢᠵᠤ ᠨᠠᠮ᠎ᠤᠨ ᠲᠡᠦᠬᠡ᠎ᠶ᠋ᠢ ᠤᠬᠠᠭᠤᠯᠤᠨ ᠲᠠᠢᠯᠪᠤᠷᠢᠯᠠᠭᠤᠯᠪᠠ᠃
ᠠᠷᠠᠳ ᠲᠦᠮᠡᠨ᠎ᠳᠦ ᠠᠱᠢᠭ ᠬᠦᠷᠲᠡᠭᠡᠬᠦ᠌᠎ᠵᠢ ᠡᠭᠦᠳᠦᠨ ᠪᠠᠢᠭᠤᠯᠬᠤ᠎ᠶ᠋ᠢ ᠪᠠᠷᠢᠮᠲᠠᠯᠠᠬᠤ ᠳᠤᠮᠳᠠ᠂ ᠤᠷᠳᠤᠰ ᠬᠤᠳᠠ᠎ᠶ᠋ᠢᠨ ᠬᠢᠨ 《ᠠᠷᠠᠳ ᠲᠦᠮᠡᠨ᠎ᠤ ᠬᠤᠳᠠ ᠵᠢ ᠠᠷᠠᠳ ᠲᠦᠮᠡᠨ ᠪᠦᠳᠦᠭᠡᠨ ᠪᠠᠢᠭᠤᠯᠵᠤ᠂ ᠬᠤᠳᠠ᠎ᠪᠠᠨ ᠰᠠᠢᠲᠤᠷ ᠪᠦᠳᠦᠭᠡᠨ ᠪᠠᠢᠭᠤᠯᠬᠤ ᠨᠢ ᠠᠷᠠᠳ ᠲᠦᠮᠡᠨ᠎ᠦ ᠲᠥᠯᠥᠭᠡ》 ᠭᠡᠬᠦ᠌ ᠣᠢᠯᠠᠭᠠᠭ᠍ᠳᠠᠬᠤᠨ᠎ᠢ ᠪᠠᠷᠢᠮᠲᠠᠯᠠᠵᠤ᠂《ᠬᠠᠳᠭᠤᠮᠠᠯ ᠬᠠᠳᠬᠤᠬᠤ》ᠤᠷᠠᠨ ᠡᠷᠳᠡᠮ᠎ᠢᠶᠡᠷ ᠴᠢᠨᠠᠷ ᠰᠠᠢᠲᠠᠢ ᠬᠤᠳᠠ᠎ᠶ᠋ᠢ ᠪᠦᠳᠦᠭᠡᠨ ᠪᠠᠢᠭᠤᠯᠵᠤ᠂ ᠬᠤᠳᠠ᠎ᠶ᠋ᠢᠨ ᠴᠢᠳᠠᠮᠵᠢ᠎ᠶ᠋ᠢ ᠨᠡᠩ ᠲᠡᠭᠦᠯᠳᠡᠷᠵᠢᠭᠦᠯᠬᠦ᠌᠂ ᠬᠤᠳᠠ᠎ᠶ᠋ᠢᠨ ᠬᠠᠮᠢᠶᠠᠷᠤᠯᠲᠠ᠎ᠶ᠋ᠢ ᠨᠡᠩ ᠨᠠᠷᠢᠯᠢᠭ᠍ᠵᠢᠭᠤᠯᠬᠤ᠂ ᠬᠤᠳᠠ᠎ᠶ᠋ᠢᠨ ᠣᠷᠴᠢᠨ ᠲᠣᠭᠣᠷᠢᠨ᠎ᠢ ᠨᠡᠩ ᠭᠤᠶᠤ ᠰᠠᠢᠬᠠᠨ ᠪᠣᠯᠭᠠᠬᠤ᠂ ᠬᠤᠳᠠ᠎ᠶ᠋ᠢᠨ ᠴᠢᠨᠠᠷ ᠲᠡᠰᠢ ᠶᠡᠬᠡᠪᠡᠷ ᠳᠡᠭᠡᠭ᠌ᠰᠢᠯᠡᠭᠦᠯᠬᠦ᠌᠎ᠶ᠋ᠢ ᠠᠬᠢᠭᠤᠯᠪᠠ᠃ᠣᠷᠣᠨ ᠰᠠᠭᠤᠴᠠ᠎ᠶ᠋ᠢᠨ ᠰᠠᠭᠤᠭᠠᠯᠢ ᠠᠷᠠᠳ᠎ᠤᠨ ᠲᠣᠭᠣᠷᠢᠭ ᠤᠨ ᠪᠣᠯᠪᠠᠰᠤᠨ᠎ᠢ ᠡᠭᠦᠳᠦᠨ ᠪᠠᠢᠭᠤᠯᠬᠤ ᠭᠤᠷᠪᠠᠨ ᠵᠢᠯ᠎ᠦᠨ ᠠᠵᠢᠯᠯᠠᠭ᠎ᠠ᠎ᠶ᠋ᠢ ᠬᠡᠷᠡᠭ᠌ᠵᠢᠭᠦᠯᠬᠦ᠌ ᠳᠤᠮᠳᠠ ᠵᠠᠰᠠᠭ᠎ᠤᠨ ᠶᠠᠪᠤᠳᠠᠯ᠎ᠤᠨ 7095 ᠦᠶ᠋ᠯᠡᠴᠢᠯᠡᠭᠡᠨ᠎ᠦ ᠵᠦᠶ᠋ᠯᠡᠰ᠎ᠢ ᠠᠯᠠᠭᠠᠨ ᠳᠡᠭᠡᠷ᠎ᠡ ᠭᠦᠶ᠋ᠴᠡᠳᠭᠡᠵᠦ᠍ ᠪᠣᠯᠬᠤ᠎ᠶ᠋ᠢ ᠠᠬᠢᠭᠤᠯᠵᠤ᠂ 345 ᠵᠦᠶ᠋ᠯᠡᠰ᠎ᠢ《ᠪᠥᠬᠥ᠌ ᠬᠣᠲᠠ᠎ᠳᠤ ᠨᠡᠢᠳᠡᠮ ᠭᠦᠶ᠋ᠴᠡᠳᠭᠡᠵᠤ ᠪᠤᠯᠬᠤ》 ᠶ᠋ᠢ ᠪᠡᠶᠡᠯᠡᠭᠦᠯᠵᠦ᠍᠂ ᠣᠯᠠᠨ ᠲᠦᠮᠡᠨ᠎ᠦ 《ᠪᠠᠴᠢᠮᠳᠠᠵᠤ ᠲᠥᠪᠡᠭᠳᠡᠵᠦ ᠵᠣᠪᠠᠨᠢᠵᠤ ᠬᠦᠰᠡᠵᠦ》 ᠪᠠᠢᠭ᠎ᠠ ᠠᠰᠠᠭᠤᠳᠠᠯ᠎ᠢ ᠣᠨᠣᠪᠴᠢᠲᠠᠶ ᠱᠢᠶ᠋ᠳᠪᠦᠷᠢᠯᠡᠪᠡ᠃
ᠤᠳᠤ᠎ᠵᠢᠨ ᠤᠯᠤᠬᠰᠠᠨ ᠠᠮᠵᠢᠯᠲᠠ᠎ᠵᠢᠨ ᠰᠠᠭᠤᠷᠢᠨ ᠳᠡᠭᠡᠷ᠎ᠡ᠂ ᠣᠷᠳᠣᠰ ᠬᠣᠲᠠ ᠪᠠᠢᠩᠭᠤᠵᠢᠭᠰᠠᠨ ᠣᠷᠳᠣ ᠬᠤᠭᠤᠴᠠᠭᠠᠨ᠎ᠤ ᠪᠦᠲᠦᠮᠵᠢᠲᠡᠶ ᠪᠠᠢᠭᠤᠯᠤᠯᠲᠠ᠎ᠶ᠋ᠢ ᠪᠠᠷᠢᠮᠲᠠᠯᠠᠵᠤ᠂ ᠤᠳᠤᠷᠢᠳᠤᠯᠭ᠎ᠠ ᠳᠠᠭᠠᠭᠠᠴᠢᠯᠠᠨ ᠬᠠᠷᠢᠯᠴᠠᠬᠤ᠂ ᠲᠣᠭ᠍ᠲᠠᠮᠠᠯ ᠬᠤᠭᠤᠴᠠᠭ᠎ᠠ᠎ᠲᠠᠶ᠎ᠪᠠᠷ ᠵᠠᠷᠯᠠᠬᠤ᠂ ᠬᠤᠭᠤᠴᠠᠭ᠎ᠠ ᠬᠢᠵᠠᠭᠠᠷᠯᠠᠨ ᠱᠠᠯᠠᠪᠳᠠᠨ ᠱᠢᠶ᠋ᠳᠪᠦᠷᠢᠯᠡᠭᠦᠯᠬᠦ᠌᠂ ᠢᠯᠡ᠎ᠪᠡᠷ ᠪᠠᠢᠴᠠᠭᠠᠵᠤ ᠳᠠᠯᠳᠠᠭᠤᠷ ᠰᠤᠷᠪᠤᠯᠵᠢᠯᠠᠬᠤ᠂ ᠲᠤᠬᠠᠶ᠎ᠶ᠋ᠢᠨ ᠲᠠᠯᠠᠪᠤᠷ᠎ᠲᠤ ᠲᠣᠭᠣᠷᠢᠨ ᠦᠵᠡᠬᠦ᠌ ᠵᠡᠷᠭᠡ《ᠠᠷᠪᠠᠨ ᠵᠦᠶ᠋ᠯ》 ᠤ᠋ᠨ ᠪᠠᠢᠩᠭᠤᠵᠢᠭᠰᠠᠨ ᠠᠵᠢᠯ᠎ᠤᠨ ᠲᠣᠭ᠍ᠲᠡᠴᠡ᠎ᠶ᠋ᠢ ᠬᠡᠷᠡᠭ᠌ᠵᠢᠭᠦᠯᠪᠡ᠃
ᠴᠠᠭ ᠮᠥᠴᠡ ᠤᠯᠠᠷᠢᠨ ᠤᠳᠤᠭᠰᠠᠨ ᠴᠤ᠌ ᠤᠭ ᠰᠠᠨᠠᠭ᠎ᠠ ᠦᠯᠦ ᠬᠤᠪᠢᠷᠠᠨ᠎ᠠ᠃ 《ᠪᠦᠬᠦ᠌ ᠤᠯᠤᠰ᠎ᠤᠨ ᠪᠣᠯᠪᠠᠰᠤᠨ ᠬᠣᠲᠠ》 ᠭᠡᠬᠦ᠌ ᠡᠨᠡ ᠬᠦ᠌ ᠠᠯᠲᠠᠨ ᠦᠰᠦᠭ᠌ᠲᠦ ᠨᠡᠷᠡᠲᠦ ᠲᠡᠮᠳᠡᠭ᠎ᠢ ᠦᠷᠭᠦᠯᠵᠢᠯᠡᠨ ᠭᠡᠷᠡᠯᠲᠦᠭᠦᠯᠬᠦ᠌ ᠳᠤᠮᠳᠠ᠂ ᠵᠢᠵᠢᠭ ᠪᠠᠯᠭᠠᠰᠤᠨ ᠡᠴᠡ ᠬᠣᠱᠢᠭᠤ ᠬᠦᠷᠲᠡᠯ᠎ᠡ᠂ ᠬᠣᠱᠢᠭᠤᠨ᠎ᠡᠴᠡ ᠪᠦᠬᠦ ᠬᠣᠲᠠ ᠬᠦᠷᠲᠡᠯ᠎ᠡ ᠪᠣᠯᠪᠠᠰᠤᠨ ᠬᠣᠲᠠ᠎ᠶ᠋ᠢ ᠡᠭᠦᠳᠦᠨ ᠪᠠᠢᠭᠤᠯᠬᠤ᠎ᠳᠤ ᠠᠭᠤᠯᠤᠭ᠍ᠳᠠᠵᠤ ᠪᠠᠢᠭ᠎ᠠ ᠳᠣᠲᠣᠭᠠᠳᠤ ᠬᠥᠳᠡᠯᠭᠡᠬᠦ᠌ ᠬᠦᠴᠦᠨ ᠨᠢ ᠣᠷᠳᠣᠰ ᠬᠣᠲᠠ ᠵᠢᠨ ᠬᠦᠮᠦᠨ ᠪᠦᠬᠦᠨ᠎ᠢ ᠵᠤᠷᠢᠭᠵᠢᠭᠤᠯᠤᠨ ᠨᠥᠯᠥᠭᠡᠯᠡᠵᠦ᠍ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃