2022-07-22 10:20:12
ᠪᠠᠶᠠᠨᠨᠠᠭᠤᠷ ᠬᠣᠲᠠ᠎ᠶ᠋ᠢᠨ ᠦᠶᠤᠸᠠᠨ ᠱᠢᠶᠠᠨ᠎ᠤ ᠬᠠᠭᠤᠴᠢᠨ ᠬᠤᠲᠠ ᠨᠡᠢᠭᠡᠮ ᠲᠣᠭᠣᠷᠢᠭ᠎ᠤᠨ ᠤᠷᠠᠨ ᠪᠢᠴᠢᠯᠭᠡ᠎ᠶ᠋ᠢᠨ ᠨᠡᠢᠲᠡ᠎ᠶ᠋ᠢᠨ ᠠᠰᠠᠷᠠᠮᠵᠢ᠎ᠶ᠋ᠢᠨ ᠬᠢᠴᠢᠶᠡᠯ ᠳᠡᠭᠡᠷ᠎ᠡ᠂ ᠶᠠᠩ ᠱᠢᠨ ᠶᠤᠸᠠᠨ ᠪᠢᠴᠢᠬᠠᠨ ᠨᠠᠢᠵᠠᠶᠠᠭ ᠰᠠᠢᠬᠠᠨ ᠤᠷᠠᠨ ᠪᠢᠴᠢᠯᠭᠡ᠎ᠶ᠋ᠢᠨ ᠰᠠᠢᠨ ᠲᠤᠷᠠᠴᠤᠳ ᠤᠨ ᠪᠠᠭ᠍ᠰᠢ᠎ᠶ᠋ᠢᠨ ᠵᠢᠯᠣᠭᠣᠳᠣᠯᠭ᠎ᠠ ᠳᠤᠤᠷ᠎ᠠ ᠨᠠᠷᠢᠨ ᠬᠢᠨᠠᠮᠠᠭᠠᠶ ᠪᠣᠯᠪᠠᠰᠤᠷᠠᠵᠤ ᠪᠠᠢᠯ᠎ᠠ᠃ ᠤᠷᠠᠨ ᠪᠢᠴᠢᠯᠭᠡ᠎ᠶ᠋ᠢᠨ ᠨᠡᠢᠲᠡ᠎ᠶ᠋ᠢᠨ ᠠᠰᠠᠷᠠᠮᠵᠢ᠎ᠶ᠋ᠢᠨ ᠬᠢᠴᠢᠶᠡᠯ᠎ᠦᠨ ᠲᠠᠩᠬᠢᠮ᠎ᠢ ᠨᠢᠭᠡᠨᠲᠡ 2 ᠵᠢᠯ ᠥᠷᠨᠢᠭᠦᠯᠵᠦ᠍᠂ ᠭᠠᠷᠠᠭ ᠪᠦᠷᠢ᠎ᠶ᠋ᠢᠨ ᠵᠢᠷᠭᠤᠭᠠᠨ᠎ᠤ ᠥᠷᠯᠥᠭᠡ᠎ᠶ᠋ᠢᠨ 8᠄ 30 ᠡᠴᠡ 11 ᠴᠠᠭ ᠪᠣᠯᠲᠠᠯ᠎ᠠ ᠬᠢᠴᠢᠶᠡᠯᠯᠡᠳᠡᠭ᠂ ᠡᠨᠡ ᠪᠣᠯ ᠦᠶᠤᠸᠠᠨ ᠱᠢᠶᠠᠨ᠎ᠤ ᠬᠠᠭᠤᠴᠢᠨ ᠬᠣᠲᠠ ᠨᠡᠢᠭᠡᠮ ᠲᠣᠭᠣᠷᠢᠭ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠥᠷᠲᠡᠭᠡ ᠪᠡᠷ ᠵᠢᠭᠰᠠᠭᠠᠯ ᠤᠨ ᠭᠠᠵᠠᠷ ᠪᠣᠯᠭᠠᠵᠤ᠂ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠠᠵᠢᠯᠯᠠᠭ᠎ᠠ᠎ᠶ᠋ᠢ ᠤᠯᠠᠮ ᠴᠢᠨᠠᠭ᠍ᠰᠢᠳᠠ ᠪᠠᠶᠠᠯᠢᠭ᠍ᠵᠢᠭᠤᠯᠬᠤ ᠠᠮᠢᠳᠤᠯᠢᠭ ᠠᠷᠭ᠎ᠠ ᠬᠡᠮᠵᠢᠶ᠎ᠡ ᠪᠣᠯᠤᠨ᠎ᠠ᠃
ᠪᠥᠬᠥ᠌ ᠤᠯᠤᠰ᠎ᠤᠨ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠲᠥᠪ᠎ᠦᠨ ᠪᠥᠲᠥᠭᠡᠨ ᠪᠠᠢᠭᠤᠯᠤᠯᠲᠠ᠎ᠶ᠋ᠢᠨ ᠲᠤᠷᠱᠢᠯᠲᠠ᠎ᠶ᠋ᠢᠨ ᠱᠢᠶᠠᠨ ᠪᠣᠯᠤᠭ᠍ᠰᠠᠨ᠎ᠤ ᠬᠤᠪᠢ᠎ᠳᠤ᠂ ᠦᠶᠤᠸᠠᠨ ᠱᠢᠶᠠᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠨᠢ ᠱᠢᠨ᠎ᠡ ᠴᠠᠭ ᠦᠶ᠎ᠡ ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠲᠥᠪ᠎ᠦᠨ ᠠᠵᠢᠯ᠎ᠢ ᠪᠥᠬᠥ᠌ ᠱᠢᠶᠠᠨ᠎ᠤ ᠭᠤᠤᠯᠳᠠᠯᠭ᠎ᠠ᠎ᠲᠠᠶ ᠠᠵᠢᠯ᠎ᠳᠤ ᠣᠷᠣᠭᠤᠯᠵᠤ᠂ ᠪᠥᠬᠥ᠌ ᠱᠢᠶᠠᠨ᠎ᠤ 9 ᠱᠢᠶᠠᠩ ᠪᠠᠯᠭᠠᠰᠤ᠂ 2 ᠬᠡᠷᠡᠭ ᠡᠷᠬᠢᠯᠡᠬᠦ᠌ ᠭᠠᠵᠠᠷ ᠵᠢᠴᠢ 1 ᠨᠡᠢᠭᠡᠮ ᠲᠣᠭᠣᠷᠢᠭ᠎ᠤᠨ ᠬᠠᠮᠢᠶᠠᠷᠤᠯᠲᠠ᠎ᠶ᠋ᠢᠨ ᠦᠶ᠋ᠯᠡᠴᠢᠯᠡᠭᠡᠨ᠎ᠦ ᠲᠥᠪ ᠲᠦ ᠴᠥᠮ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠭᠠᠵᠠᠷ᠎ᠢ ᠪᠠᠢᠭᠤᠯᠵᠤ᠂ ᠵᠠᠰᠠᠭ ᠵᠠᠬᠢᠷᠭᠠᠨ᠎ᠤ ᠲᠣᠰᠭᠣᠨ(ᠨᠡᠢᠭᠡᠮ ᠲᠣᠭᠣᠷᠢᠭ) ᠳ᠋ᠤ 140 ᠦᠶ᠋ᠯᠡᠳᠦᠯᠭᠡ᠎ᠶ᠋ᠢᠨ ᠥᠷᠲᠡᠭᠡ ᠵᠢ ᠪᠠᠢᠭᠤᠯᠪᠠ᠃ ᠬᠦᠴᠦᠨ᠎ᠢᠶᠡᠨ ᠲᠥᠪᠯᠡᠷᠡᠭᠦᠯᠦᠨ ᠱᠢᠨ᠎ᠡ ᠴᠠᠭ ᠦᠶ᠎ᠡ ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ 5 ᠤᠯᠤᠰ᠎ᠤᠨ ᠲᠠᠰ᠎ᠤᠨ ᠲᠤᠷᠱᠢᠯᠲᠠ᠎ᠶ᠋ᠢᠨ ᠭᠠᠵᠠᠷ᠂ 9 ᠥᠷᠲᠡᠭᠡ᠂ ᠴᠡᠭ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ 7 ᠲᠤᠷᠱᠢᠯᠲᠠ᠎ᠶ᠋ᠢᠨ ᠭᠠᠵᠠᠷ᠂ 7 ᠥᠷᠲᠡᠭᠡ᠂ ᠴᠡᠭ᠎ᠢ ᠪᠠᠢᠭᠤᠯᠵᠤ᠂ ᠪᠦᠬᠦ᠌ ᠱᠢᠶᠠᠨ᠎ᠤ ᠬᠣᠲᠠ ᠬᠥᠳᠡᠭᠡ᠎ᠳᠦ ᠲᠦᠭᠡᠭ᠌ᠰᠡᠨ ᠪᠣᠯᠪᠠᠰᠤᠨ᠎ᠤ ᠦᠶ᠋ᠯᠡᠳᠦᠯᠭᠡ᠎ᠶ᠋ᠢᠨ ᠲᠥᠪ (ᠭᠠᠵᠠᠷ᠂ ᠥᠷᠲᠡᠭᠡ᠂ ᠴᠡᠭ)᠎ᠨᠢ ᠪᠣᠯᠪᠠᠰᠤᠨ᠎ᠤ ᠦᠶ᠋ᠯᠡᠳᠦᠯᠭᠡ᠎ᠶ᠋ᠢᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠵᠢᠯᠯᠠᠭ᠎ᠠ ᠥᠷᠨᠢᠭᠦᠯᠬᠦ᠌᠎ᠳᠦ ᠵᠢᠭ᠍ᠰᠠᠭᠠᠯ᠎ᠤᠨ ᠭᠠᠵᠠᠷ ᠬᠠᠩᠭᠠᠪᠠ᠃
《ᠣᠷᠴᠢᠨ ᠲᠣᠭᠣᠷᠢᠨ᠎ᠤ ᠡᠷᠡᠭᠦᠯ ᠬᠠᠮᠠᠭᠠᠯᠠᠯ ᠰᠠᠢᠵᠢᠷᠠᠵᠤ᠂ ᠳᠤᠷ᠎ᠠ᠎ᠪᠠᠷ᠎ᠢᠶᠠᠨ ᠪᠠᠷᠢᠯᠭ᠎ᠠ ᠪᠠᠷᠢᠬᠤ ᠦᠵᠡᠭᠳᠡᠯ ᠪᠠᠭᠠᠰᠪᠠ᠃ ᠰᠠᠭᠤᠭᠠᠯᠢ ᠠᠷᠠᠳ᠎ᠤᠨ ᠲᠣᠭᠣᠷᠢᠭ᠂ ᠠᠰᠠᠷ᠎ᠤᠨ ᠭᠤᠳᠤᠮᠵᠢ ᠳᠤ ᠨᠡᠢᠲᠡ᠎ᠶ᠋ᠢᠨ ᠠᠰᠠᠷᠠᠮᠵᠢ᠎ᠶ᠋ᠢᠨ ᠵᠠᠷ ᠮᠡᠳᠡᠭᠡ ᠣᠯᠠᠱᠢᠷᠠᠵᠤ᠂ ᠰᠠᠭᠤᠭᠠᠯᠢ ᠠᠷᠠᠳ ᠤᠨ ᠣᠯᠠᠨ ᠨᠡᠢᠲᠡ᠎ᠶ᠋ᠢᠨ ᠣᠷᠴᠢᠨ ᠲᠣᠭᠣᠷᠢᠨ᠎ᠢ ᠬᠠᠢᠷᠠᠯᠠᠬᠤ ᠤᠬᠠᠮᠰᠠᠷ ᠴᠤ᠌ ᠳᠡᠭᠡᠭ᠌ᠰᠢᠯᠡᠪᠡ》 ᠭᠡᠵᠦ᠍ ᠤᠷᠠᠳ᠎ᠤᠨ ᠳᠤᠮᠳᠠᠳᠤ ᠬᠣᠱᠢᠭᠤᠨ᠎ᠤ ᠴᠠᠬᠢᠯᠭᠠᠨ ᠬᠦᠴᠦᠨ᠎ᠦ ᠰᠠᠭᠤᠭᠠᠯᠢ ᠠᠷᠠᠳ᠎ᠤᠨ ᠲᠣᠭᠣᠷᠢᠭ᠎ᠤᠨ ᠰᠠᠭᠤᠭᠠᠯᠢ ᠠᠷᠠᠳ ᠸᠠᠩ ᠹᠸᠩ ᠬᠡᠯᠡᠨ᠎ᠡ᠃
ᠪᠥᠬᠥ᠌ ᠤᠯᠤᠰ᠎ᠤᠨ ᠪᠣᠯᠪᠠᠰᠤᠨ ᠬᠣᠲᠠ᠎ᠶ᠋ᠢ ᠡᠭᠦᠳᠦᠨ ᠪᠠᠢᠭᠤᠯᠬᠤ᠎ᠳᠤ ᠬᠦᠴᠦᠨ ᠨᠡᠮᠡᠷᠢᠯᠡᠬᠦ᠌ ᠶ᠋ᠢᠨ ᠲᠥᠯᠥᠭᠡ᠂ ᠤᠷᠠᠳ᠎ᠤᠨ ᠳᠤᠮᠳᠠᠳᠤ ᠬᠣᠱᠢᠭᠤ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠠᠵᠢᠯᠯᠠᠭ᠎ᠠ᠎ᠶ᠋ᠢ ᠢᠳᠡᠪᠬᠢᠲᠡᠶ ᠥᠷᠨᠢᠭᠦᠯᠵᠦ᠍᠂ ᠪᠣᠯᠪᠠᠰᠤᠨ ᠬᠣᠲᠠ᠎ᠶ᠋ᠢ ᠬᠠᠮᠢᠭ᠎ᠠ ᠡᠭᠦᠳᠦᠨ ᠪᠠᠢᠭᠤᠯᠪᠠᠯ᠂ ᠪᠣᠯᠪᠠᠰᠤᠨ᠎ᠤ ᠦᠶ᠋ᠯᠡᠳᠦᠯᠭᠡ᠎ᠶ᠋ᠢ ᠲᠡᠨᠳᠡ ᠬᠦᠷᠲᠡᠯ᠎ᠡ ᠦᠷᠭᠦᠯᠵᠢᠯᠡᠭᠦᠯᠬᠦ᠎ᠵᠢ ᠪᠡᠶᠡᠯᠡᠭᠦᠯᠪᠡ᠃
ᠪᠣᠯᠪᠠᠰᠤᠨ ᠬᠣᠲᠠ᠎ᠶ᠋ᠢ ᠡᠭᠦᠳᠦᠨ ᠪᠠᠢᠭᠤᠯᠬᠤ ᠶᠠᠪᠤᠴᠠ᠎ᠳᠤ᠂ ᠪᠠᠶᠠᠨᠨᠠᠭᠤᠷ ᠬᠣᠲᠠ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠲᠥᠪ᠎ᠦᠨ ᠪᠥᠲᠥᠭᠡᠨ ᠪᠠᠢᠭᠤᠯᠤᠯᠲᠠ᠎ᠶ᠋ᠢᠨ ᠠᠵᠢᠯ᠎ᠢ ᠪᠥᠬᠥ᠌ ᠲᠠᠯ᠎ᠠ᠎ᠪᠠᠷ ᠥᠷᠭᠡᠳᠭᠡᠵᠦ᠍᠂ ᠪᠣᠯᠪᠠᠰᠤᠨ᠎ᠤ ᠦᠶ᠋ᠯᠡᠳᠦᠯᠭᠡ᠎ᠶ᠋ᠢᠨ ᠵᠢᠭ᠍ᠰᠠᠭᠠᠯ᠎ᠤᠨ ᠭᠠᠵᠠᠷ᠎ᠢ ᠬᠦᠴᠦᠯᠡᠨ ᠪᠡᠬᠢᠵᠢᠭᠦᠯᠵᠦ᠍᠂ ᠱᠢᠨ᠎ᠡ ᠴᠠᠭ ᠦᠶ᠎ᠡ᠎ᠶ᠋ᠢᠨ ᠢᠳᠡᠪᠬᠢ ᠬᠦᠴᠦᠨ᠎ᠢ ᠳᠠᠮᠵᠢᠭᠤᠯᠪᠠ᠃
ᠰᠠᠭᠤᠷᠢ ᠲᠥᠬᠥᠭᠡᠷᠦᠮᠵᠢ ᠡᠳᠦᠷ ᠢᠷᠡᠬᠦᠶ᠎ᠡ ᠲᠡᠭᠦᠯᠳᠡᠷᠵᠢᠵᠦ᠍᠂ ᠬᠤᠳᠠ᠎ᠶ᠋ᠢᠨ ᠪᠦᠳᠦᠭᠡᠨ ᠪᠠᠢᠭᠤᠯᠤᠯᠲᠠ ᠲᠤᠪᠤᠢ᠌ᠮ᠎ᠠ ᠠᠮᠵᠢᠯᠲᠠ ᠣᠯᠵᠤ᠂ ᠬᠥᠭ᠌ᠵᠢᠯᠲᠡ᠎ᠶ᠋ᠢᠨ ᠠᠮᠢᠵᠢᠷᠠᠯ᠎ᠤᠨ ᠬᠦᠴᠦᠨ ᠤᠷᠬᠢᠯᠤᠨ ᠪᠠᠳᠠᠷᠠᠵᠤ᠂ ᠬᠤᠳᠠ ᠵᠢᠨ ᠦᠩᠭᠡ ᠲᠦᠷᠬᠦ ᠲᠠᠰᠤᠷᠠᠯᠳᠠ ᠦᠭᠡᠢ ᠰᠠᠢᠵᠢᠷᠠᠪᠠ ᠁ ᠯᠢᠨ ᠾᠧ ᠲᠣᠭᠣᠷᠢᠭ᠎ᠤᠨ ᠬᠢᠨ ᠪᠣᠯᠪᠠᠰᠤᠨ ᠬᠤᠳᠠ᠎ᠶ᠋ᠢ ᠡᠭᠦᠳᠦᠨ ᠪᠠᠢᠭᠤᠯᠬᠤ ᠠᠵᠢᠯ᠎ᠢ ᠪᠡᠬᠢᠵᠢᠭᠦᠯᠦᠨ ᠠᠬᠢᠭᠤᠯᠬᠤ ᠶᠠᠪᠤᠴᠠ᠎ᠳᠠᠭᠠᠨ᠂ ᠢᠮᠠᠭ᠍ᠲᠠ ᠠᠷᠠᠳ᠎ᠤᠨ ᠲᠥᠯᠥᠭᠡ ᠪᠤᠯᠪᠠᠰᠤᠨ ᠬᠤᠳᠠ ᠵᠢ ᠡᠭᠦᠳᠦᠨ ᠪᠠᠢᠭᠤᠯᠬᠤ᠎ᠶ᠋ᠢ ᠪᠠᠷᠢᠮᠲᠠᠯᠠᠵᠤ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ ᠪᠠᠷ ᠡᠭᠦᠳᠦᠨ ᠪᠠᠢᠭᠤᠯᠬᠤ ᠠᠵᠢᠯ᠎ᠤᠨ ᠭᠣᠣᠯᠳᠠᠯᠭ᠎ᠠ᠎ᠲᠠᠶ ᠠᠭᠤᠯᠭ᠎ᠠ ᠪᠣᠯᠭᠠᠵᠤ᠂ ᠡᠭᠦᠨ᠎ᠳᠦ ᠤᠨᠴᠠᠭᠠᠢᠯᠠᠨ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠎ᠢ ᠥᠭᠡᠷᠡᠴᠢᠯᠡᠨ ᠰᠢᠨᠡᠳᠬᠡᠬᠦ ᠠᠵᠢᠯ ᠨᠢ ᠤᠯᠠᠨ ᠲᠦᠮᠡᠨ᠎ᠦ ᠦᠨᠳᠦᠷ ᠦᠨᠡᠯᠡᠯᠲᠡ᠎ᠶ᠋ᠢ ᠣᠯᠵᠠᠢ᠃
ᠤᠢ᠍ᠢᠷ᠎ᠠ᠎ᠶ᠋ᠢᠨ ᠵᠢᠯ᠎ᠳᠦ᠂ ᠯᠢᠨ ᠾᠧ ᠲᠣᠭᠣᠷᠢᠭ ᠨᠡᠢ᠌ᠲᠡ 59 ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠎ᠤᠨ 220 ᠤᠷᠤᠨ ᠰᠠᠭᠤᠴᠠ ᠵᠢᠨ ᠠᠰᠠᠷ᠎ᠤᠨ 93 ᠲᠦᠮᠡᠨ ᠲᠡᠭ᠌ᠰᠢ ᠳᠥᠷᠪᠡᠯᠵᠢᠨ ᠮᠸᠲᠷ᠎ᠢ ᠥᠭᠡᠷᠡᠴᠢᠯᠡᠨ ᠱᠢᠨᠡᠳᠭᠡᠵᠦ᠍᠂ 《ᠭᠤᠷᠪᠠᠨ ᠬᠠᠩᠭᠠᠯᠭ᠎ᠠ ᠨᠢᠭᠡ ᠠᠳᠠᠯ ᠠᠬᠤᠢ᠎ᠶᠢᠨ ᠬᠠᠮᠢᠶᠠᠷᠤᠯᠲᠠ》ᠵᠢᠨ 111 ᠠᠰᠠᠷ᠎ᠤᠨ 32 ᠲᠦᠮᠡᠨ ᠲᠡᠭ᠌ᠰᠢ ᠳᠥᠷᠪᠡᠯᠵᠢᠨ ᠮᠸᠲᠷ᠎ᠢ ᠶᠡᠷᠦᠩᠬᠡᠢᠯᠡᠨ ᠥᠭᠡᠷᠡᠴᠢᠯᠡᠨ ᠱᠢᠨᠡᠳᠭᠡᠵᠦ᠍᠂ ᠥᠪᠡᠷᠲᠡᠭᠡᠨ ᠵᠠᠰᠠᠬᠤ ᠣᠷᠣᠨ᠎ᠤ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠎ᠲᠤ ᠴᠠᠬᠢᠯᠭᠠᠨ ᠱᠠᠳᠤ ᠨᠡᠮᠡᠵᠦ᠍ ᠤᠭ᠍ᠰᠠᠷᠠᠬᠤ ᠲᠤᠷᠱᠢᠯᠲᠠ᠎ᠶ᠋ᠢᠨ ᠴᠡᠭ ᠪᠣᠯᠭᠠᠵᠤ᠂ 5 ᠰᠠᠭᠤᠭᠠᠯᠢ ᠠᠷᠠᠳ᠎ᠤᠨ ᠲᠣᠭᠣᠷᠢᠭ᠎ᠤᠨ 9 ᠠᠰᠠᠷ᠎ᠤᠨ 12 ᠤᠷᠤᠴᠠ᠎ᠳᠦ 12 ᠴᠠᠬᠢᠯᠭᠠᠨ ᠱᠠᠳᠤ ᠨᠡᠮᠡᠨ ᠤᠭ᠍ᠰᠠᠷᠠᠵᠤ᠂ 141 ᠰᠠᠭᠤᠭᠠᠯᠢ ᠠᠷᠠᠳ ᠤᠨ ᠲᠣᠭᠣᠷᠢᠭ᠎ᠤᠨ 443 ᠠᠰᠠᠷ᠎ᠤᠨ 173.9 ᠲᠦᠮᠡᠨ ᠲᠡᠭ᠌ᠰᠢ ᠳᠥᠷᠪᠡᠯᠵᠢᠨ ᠮᠸᠲᠷ᠎ᠤᠨ ᠣᠷᠣᠨ ᠰᠠᠭᠤᠴᠠ ᠶ᠋ᠢᠨ ᠪᠠᠷᠢᠯᠭ᠎ᠠ ᠶ᠋ᠢᠨ ᠡᠨᠧᠷᠭᠢ ᠠᠷᠪᠢᠯᠠᠬᠤ ᠥᠭᠡᠷᠡᠴᠢᠯᠡᠯᠲᠡ᠎ᠶ᠋ᠢ ᠬᠡᠷᠡᠭ᠌ᠵᠢᠭᠦᠯᠪᠡ᠃ ᠡᠨᠡ ᠵᠢᠯ᠂ ᠯᠢᠨ ᠾᠧ ᠲᠣᠭᠣᠷᠢᠭ᠎ᠤᠨ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠎ᠢ ᠥᠭᠡᠷᠡᠴᠢᠯᠡᠨ ᠱᠢᠨᠡᠳᠭᠡᠬᠦ᠌ ᠢᠨᠵᠧᠨᠧᠷᠢᠩ᠎ᠳᠦ ᠨᠡᠢᠲᠡ 60 ᠰᠠᠭᠤᠭᠠᠯᠢ ᠠᠷᠠᠳ᠎ᠤᠨ ᠲᠣᠭᠣᠷᠢᠭ᠂ 124 ᠠᠰᠠᠷ᠂ 50.4 ᠲᠦᠮᠡᠨ ᠲᠡᠭ᠌ᠰᠢ ᠳᠥᠷᠪᠡᠯᠵᠢᠨ ᠮᠧᠲ᠋ᠷ ᠪᠠᠢᠵᠤ᠂ 5246 ᠡᠷᠦᠬᠡ ᠰᠠᠭᠤᠭᠠᠯᠢ ᠠᠷᠠᠳ᠎ᠲᠤ ᠠᠰᠢᠭ ᠬᠦᠷᠳᠡᠬᠡᠬᠦ ᠪᠤᠯᠤᠨ᠎ᠠ᠃
ᠤᠷᠠᠳ᠎ᠤᠨ ᠳᠤᠮᠳᠠᠳᠤ ᠬᠣᠱᠢᠭᠤ ᠬᠠᠭᠤᠴᠢᠨ ᠬᠣᠲᠠ ᠲᠣᠭᠣᠷᠢᠭ᠎ᠢ ᠨᠠᠷᠢᠯᠢᠭ᠍ᠵᠢᠭᠤᠯᠤᠨ ᠭᠤᠶᠤᠵᠢᠭᠤᠯᠬᠤ᠂ ᠥᠭᠡᠷᠡᠴᠢᠯᠡᠨ ᠱᠢᠨᠡᠳᠭᠡᠬᠦ᠌᠂ ᠳᠡᠭᠡᠭ᠌ᠰᠢᠯᠡᠭᠦᠯᠬᠦ᠌ ᠪᠠ ᠱᠢᠨ᠎ᠡ ᠬᠣᠲᠠ ᠲᠣᠭᠣᠷᠢᠭ᠎ᠢ ᠨᠠᠷᠢᠯᠢᠭ ᠲᠥᠯᠥᠪᠵᠢᠭᠦᠯᠬᠦ᠌᠂ ᠪᠥᠲᠥᠭᠡᠨ ᠪᠠᠢᠭᠤᠯᠬᠤ᠂ ᠬᠠᠮᠢᠶᠠᠷᠬᠤ᠎ᠶ᠋ᠢ ᠨᠢᠭᠡ ᠴᠤᠭ᠍ᠴᠠᠵᠢᠭᠤᠯᠤᠨ ᠠᠬᠢᠭᠤᠯᠵᠤ᠂ ᠬᠠᠭᠤᠴᠢᠨ ᠬᠣᠲᠠ ᠲᠣᠭᠣᠷᠢᠭ᠎ᠤᠨ ᠬᠣᠲᠠ᠎ᠶ᠋ᠢᠨ ᠴᠢᠳᠠᠮᠵᠢ᠎ᠶ᠋ᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠱᠢᠨ᠎ᠡ ᠬᠣᠲᠠ ᠲᠣᠭᠣᠷᠢᠭ᠎ᠤᠨ ᠴᠢᠳᠠᠮᠵᠢ᠎ᠶ᠋ᠢᠨ ᠬᠤᠪᠢᠶᠠᠷᠢ ᠲᠣᠭᠣᠷᠢᠭ᠎ᠢ ᠱᠢᠨᠵᠢᠯᠡᠬᠦ᠌ ᠤᠬᠠᠭᠠᠨᠴᠢ᠎ᠪᠠᠷ ᠪᠠᠢᠷᠢᠱᠢᠭᠤᠯᠵᠤ᠂ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠎ᠢ ᠥᠭᠡᠷᠡᠴᠢᠯᠡᠨ ᠱᠢᠨᠡᠳᠭᠡᠬᠦ᠌ ᠡᠭᠦᠷᠭᠡ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠤᠨ᠂ ᠤᠯᠠᠭᠠᠨᠮᠥ᠋ᠴᠢᠷ᠎ᠦᠨ ᠰᠠᠭᠤᠭᠠᠯᠢ ᠠᠷᠠᠳ᠎ᠤᠨ ᠲᠣᠭᠣᠷᠢᠭ᠂ ᠮᠠᠨᠳᠤᠯ᠎ᠠ ᠰᠠᠭᠤᠭᠠᠯᠢ ᠠᠷᠠᠳ᠎ᠤᠨ ᠲᠣᠭᠣᠷᠢᠭ ᠵᠡᠷᠭᠡ 8 ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠎ᠢ ᠶᠡᠷᠦᠩᠬᠡᠢᠯᠡᠨ ᠴᠡᠭ᠌ᠴᠡᠯᠡᠨ ᠥᠭᠡᠷᠡᠴᠢᠯᠡᠪᠡ᠃
《ᠳᠣᠲᠣᠷᠠᠬᠢ》 ᠪᠠ 《ᠦᠩᠬᠡᠨ ᠲᠠᠯ᠎ᠠ 》 ᠶ᠋ᠢ ᠠᠳᠠᠯᠢᠬᠠᠨ ᠭᠤᠶᠤ ᠬᠡᠬᠡᠨᠴᠢᠷ ᠪᠣᠯᠭᠠᠬᠤ ᠶ᠋ᠢᠨ ᠲᠥᠯᠥᠭᠡ᠂ ᠤᠷᠠᠳ᠎ᠤᠨ ᠳᠤᠮᠳᠠᠳᠤ ᠬᠣᠱᠢᠭᠤ ᠰᠠᠭᠤᠷᠢ ᠲᠥᠬᠥᠭᠡᠷᠦᠮᠵᠢ᠎ᠶ᠋ᠢᠨ ᠥᠭᠡᠷᠡᠴᠢᠯᠡᠯᠲᠡ᠎ᠶ᠋ᠢ ᠴᠢᠬᠤᠯᠠᠴᠢᠯᠠᠵᠤ᠂ ᠬᠣᠲᠠ᠎ᠶ᠋ᠢᠨ ᠴᠢᠨᠠᠷ ᠴᠢᠨᠰᠠᠭ᠎ᠠ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠨᠢᠭᠡ ᠪᠦᠯᠦᠭ ᠵᠠᠮ ᠱᠤᠭᠤᠮ᠎ᠤᠨ ᠬᠣᠭᠣᠯᠠᠶ᠎ᠶ᠋ᠢᠨ ᠲᠤᠤᠷ ᠵᠢᠴᠢ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠎ᠤᠨ ᠰᠠᠭᠤᠷᠢ ᠲᠥᠬᠥᠭᠡᠷᠦᠮᠵᠢ᠎ᠶ᠋ᠢᠨ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢᠨ ᠢᠨᠵᠧᠨᠧᠷᠢᠩ᠎ᠢ ᠬᠡᠷᠡᠭ᠌ᠵᠢᠭᠦᠯᠵᠦ᠍᠂ ᠬᠣᠲᠠ᠎ᠶ᠋ᠢᠨ ᠲᠣᠭᠣᠷᠢᠭ᠎ᠤᠨ ᠲᠥᠪᠯᠡᠷᠡᠭᠦᠯᠦᠨ ᠢᠯᠴᠢ ᠬᠠᠩᠭᠠᠬᠤ ᠨᠣᠷᠮ᠎ᠠ 86% ᠳ᠋ᠤ ᠬᠦᠷᠴᠦ᠍᠂ ᠪᠥᠬᠥ᠌ ᠬᠣᠲᠠ ᠶ᠋ᠢᠨ ᠬᠣᠲᠠ ᠪᠠᠯᠭᠠᠰᠤᠨ᠎ᠤ ᠪᠣᠬᠢᠷ ᠤᠰᠤ᠎ᠶ᠋ᠢ ᠭᠠᠳᠠᠭ᠍ᠰᠢᠯᠠᠭᠤᠯᠬᠤ ᠥᠬᠡᠶ᠂ ᠪᠦᠬᠦᠨ᠎ᠢ ᠡᠭᠡᠭᠦᠯᠦᠨ ᠬᠡᠷᠡᠭ᠌ᠯᠡᠵᠦ᠍᠂ ᠨᠣᠭᠣᠭᠠᠷᠠᠭᠤᠯᠤᠯᠲᠠ ᠶ᠋ᠢᠨ ᠨᠣᠷᠮ᠎ᠠ 37.9% ᠳ᠋ᠤ ᠬᠥᠷᠪᠡ᠃ ᠰᠣᠶᠣᠯ᠎ᠤᠨ ᠣᠷᠳᠣᠨ᠂ ᠨᠣᠮ᠎ᠤᠨ ᠰᠠᠩ᠂ ᠪᠡᠶ᠎ᠡ᠎ᠶ᠋ᠢᠨ ᠲᠠᠮᠢᠷ᠎ᠤᠨ ᠣᠷᠳᠣᠨ ᠵᠡᠷᠭᠡ ᠣᠯᠠᠨ ᠨᠡᠢᠲᠡ᠎ᠶ᠋ᠢᠨ ᠰᠣᠶᠣᠯ᠎ᠤᠨ ᠲᠠᠯᠠᠪᠤᠷ ᠭᠠᠵᠠᠷ᠎ᠢ ᠴᠥᠮ ᠰᠦᠢᠳᠭᠡᠯ ᠬᠤᠷᠢᠶᠠᠬᠤ ᠦᠭᠡᠶ᠎ᠪᠡᠷ ᠨᠡᠭᠡᠭᠡᠪᠡ᠃ ᠪᠥᠬᠥ᠌ ᠬᠣᠱᠢᠭᠤᠨ᠎ᠳᠤ ᠪᠡᠶ᠎ᠡ ᠴᠢᠭᠢᠷᠠᠭ᠍ᠵᠢᠭᠤᠯᠬᠤ ᠲᠠᠯᠠᠪᠠᠶ ᠨᠡᠢᠲᠡ 730 ᠪᠠᠢᠵᠤ᠂ ᠬᠥᠮᠦᠨ ᠳᠤᠮᠳᠠᠴᠢ ᠶ᠋ᠢᠨ ᠪᠡᠶ᠎ᠡ᠎ᠶ᠋ᠢᠨ ᠲᠠᠮᠢᠷ᠎ᠤᠨ ᠲᠠᠯᠠᠪᠠᠶ ᠨᠢ 5.3 ᠲᠡᠭ᠌ᠰᠢ ᠳᠥᠷᠪᠡᠯᠵᠢᠨ ᠮᠧᠲ᠋ᠷ ᠪᠤᠯᠵᠠᠢ᠃
ᠪᠣᠯᠪᠠᠰᠤᠨ ᠬᠣᠲᠠ᠎ᠶ᠋ᠢ ᠡᠭᠦᠳᠦᠨ ᠪᠠᠢᠭᠤᠯᠬᠤ ᠶᠠᠪᠤᠴᠠ᠎ᠳᠤ᠂ ᠪᠠᠶᠠᠨᠨᠠᠭᠤᠷ ᠬᠣᠲᠠ᠎ᠶ᠋ᠢᠨ ᠡᠯ᠎ᠡ ᠬᠣᠱᠢᠭᠤ ᠱᠢᠶᠠᠨ ᠲᠣᠭᠣᠷᠢᠭ᠎ᠨᠢ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠎ᠢ ᠥᠭᠡᠷᠡᠴᠢᠯᠡᠨ ᠰᠢᠨᠡᠳᠭᠡᠬᠦ᠎ᠪᠠᠷ ᠳᠠᠮᠵᠢᠭᠤᠯᠤᠨ᠂ ᠰᠠᠭᠤᠭᠠᠯᠢ ᠠᠷᠠᠳ᠎ᠤᠨ ᠲᠣᠭᠣᠷᠢᠭ᠎ᠤᠨ ᠤᠤᠯ ᠤᠨ ᠲᠦᠷᠰᠦ ᠪᠠᠢᠳᠠᠯ᠎ᠤᠨ《ᠪᠤᠵᠠᠷ ᠡᠮᠬᠢ ᠲᠢᠭᠯᠢᠮ ᠦᠬᠡᠢ ᠪᠠᠷᠤᠭ᠍ᠲᠠᠶ》᠂ ᠦᠶ᠋ᠯᠡᠴᠢᠯᠡᠭᠡᠨ᠎ᠦ ᠲᠥᠬᠦᠭᠡᠷᠦᠮᠵᠢ《ᠬᠠᠭᠤᠴᠢᠷᠠᠵᠦ ᠡᠪᠳᠡᠷᠡᠭᠰᠡᠨ》᠂ ᠢᠵᠢ ᠪᠥᠷᠢᠳᠦᠬᠦᠯᠦᠭ᠌ᠰᠡᠨ ᠵᠢᠡᠷ ᠬᠦᠷᠦᠯᠴᠡᠬᠦ ᠦᠬᠡᠢ ᠪᠠᠢᠬᠤ ᠠᠰᠠᠭᠤᠳᠠᠯ᠎ᠢ ᠱᠢᠶ᠋ᠳᠪᠦᠷᠢᠯᠡᠵᠦ᠍᠂ 《ᠤᠰᠤ ᠵᠢ ᠭᠠᠳᠠᠭᠰᠢᠯᠠᠭᠤᠯᠬᠤ ᠰᠢᠯᠤᠭᠤᠨ᠂ ᠢᠯᠴᠢ ᠬᠠᠩᠭᠠᠬᠤ ᠨᠢ ᠰᠠᠢᠨ᠂ ᠣᠷᠴᠢᠨ ᠲᠣᠭᠣᠷᠢᠨ᠎ᠨᠢ ᠭᠣᠶᠣ ᠰᠠᠢᠬᠠᠨ᠂ ᠬᠠᠮᠢᠶᠠᠷᠤᠯᠲᠠ᠎ᠨᠢ ᠱᠢᠯᠢᠳᠡᠭ》ᠪᠠᠢᠬᠤ ᠬᠠᠷᠠᠯᠲᠠ᠎ᠶ᠋ᠢ ᠦᠨᠡᠨ ᠬᠦ᠌ ᠪᠡᠶᠡᠯᠡᠭᠦᠯᠪᠡ᠃ ᠪᠠᠢᠱᠢᠩ ᠭᠡᠷ᠎ᠦᠨ ᠲᠣᠭᠣᠷᠢᠭ᠂ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ ᠤᠨ ᠦᠩᠭᠡ ᠵᠢᠰᠦ᠎ᠨᠢ ᠳᠠᠬᠢᠨ᠎ᠢᠶᠠᠷ ᠨᠡᠮᠡᠭ᠌ᠳᠡᠵᠦ᠍᠂ ᠬᠣᠲᠠ᠎ᠶ᠋ᠢᠨ ᠲᠣᠭᠣᠷᠢᠭ᠎ᠤᠨ ᠲᠠᠲᠠᠬᠤ ᠬᠦᠴᠦᠨ᠎ᠨᠢ ᠳᠣᠪᠣᠢᠮ᠎ᠠ ᠪᠣᠯᠵᠤ᠂ ᠪᠣᠯᠪᠠᠰᠤᠨ ᠬᠣᠲᠠ᠎ᠶ᠋ᠢ ᠡᠭᠦᠳᠦᠨ ᠪᠠᠢᠭᠤᠯᠵᠤ ᠣᠯᠠᠨ ᠲᠦᠮᠡᠨ᠎ᠳᠦ ᠪᠣᠳᠠᠲᠤ ᠠᠱᠢᠭ ᠬᠦᠷᠲᠡᠭᠡᠪᠡ᠃
ᠪᠣᠯᠪᠠᠰᠤᠨ ᠬᠤᠳᠠ᠎ᠶ᠋ᠢ ᠡᠭᠦᠳᠦᠨ ᠪᠠᠢᠭᠤᠯᠬᠤ ᠨᠢ ᠵᠥᠪᠬᠡᠨ ᠨᠢᠭᠡ ᠵᠦᠢᠯ᠎ᠦᠨ ᠢᠷᠠᠭᠤ ᠠᠯᠳᠠᠷ᠎ᠢ ᠲᠡᠮᠡᠴᠡᠨ ᠣᠯᠵᠤ᠂ ᠱᠠᠩᠨᠠᠯ᠎ᠤᠨ ᠮᠧᠳᠠᠯ ᠤᠯᠬᠤ ᠲᠠᠳᠦᠢ ᠶᠠᠪᠤᠳᠠᠯ ᠪᠢᠰᠢ᠂ ᠬᠠᠷᠢᠨ ᠨᠢᠭᠡ ᠵᠦᠢᠯ᠎ᠦᠨ ᠱᠢᠰᠲ᠋ᠧᠮᠲᠦ ᠴᠢᠨᠠᠷᠲᠠᠢ᠂ ᠪᠦᠬᠦ᠌ ᠲᠠᠯ᠎ᠠ᠎ᠶ᠋ᠢᠨ ᠴᠢᠨᠠᠷᠲᠠᠢ ᠠᠵᠢᠯ ᠮᠥᠨ᠂ ᠬᠤᠳᠠ ᠶ᠋ᠢᠨ ᠠᠭᠤᠯᠬᠤᠨ᠎ᠢ ᠦᠨᠡᠨ ᠬᠦ᠌ ᠪᠠᠶᠠᠯᠢᠭ᠍ᠵᠢᠭᠤᠯᠵᠤ᠂ ᠬᠤᠳᠠ᠎ᠶ᠋ᠢᠨ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠦᠨ᠂ ᠬᠤᠳᠠ᠎ᠶ᠋ᠢᠨ ᠴᠢᠳᠠᠮᠵᠢ᠎ᠶ᠋ᠢ ᠲᠡᠭᠦᠯᠳᠡᠷᠵᠢᠭᠦᠯᠵᠦ᠍᠂ ᠬᠤᠳᠠ᠎ᠶ᠋ᠢᠨ ᠲᠦᠷᠢ ᠲᠥᠷᠬᠦ᠌ ᠶ᠋ᠢ ᠭᠤᠶᠤᠵᠢᠭᠤᠯᠬᠤ ᠶᠠᠪᠤᠳᠠᠯ ᠮᠥᠨ᠃ ᠪᠤᠯᠪᠠᠰᠤᠨ ᠬᠤᠳᠠ ᠵᠢ ᠡᠭᠦᠳᠦᠨ ᠪᠠᠢᠭᠤᠯᠬᠤ᠎ᠪᠠᠷ ᠳᠠᠮᠵᠢᠭᠤᠯᠤᠨ᠂ ᠬᠤᠳᠠ᠎ᠶ᠋ᠢᠨ ᠣᠷᠴᠢᠨ ᠨᠥᠬᠥᠴᠡᠯ᠎ᠢ ᠰᠠᠢᠵᠢᠷᠠᠭᠤᠯᠵᠤ᠂ ᠳᠤᠲᠠᠭᠤᠳᠠᠯ᠎ᠢ ᠨᠥᠬᠥᠪᠥᠷᠢᠯᠡᠨ᠂ ᠤᠯᠠᠨ ᠲᠦᠮᠡᠨ᠎ᠦ ᠠᠮᠢᠳᠤᠷᠠᠯ᠎ᠤᠨ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠵᠦ᠍᠂ ᠬᠤᠳᠠ ᠶ᠋ᠢᠨ ᠶᠡᠷᠦᠩᠬᠡᠢᠯᠡᠭ᠌ᠰᠡᠨ ᠬᠥᠭ᠌ᠵᠢᠯᠲᠡ᠎ᠶ᠋ᠢᠨ ᠪᠣᠳᠠᠲᠤ ᠬᠦᠴᠦᠨ᠎ᠢ ᠳᠡᠭᠡᠭ᠌ᠰᠢᠯᠡᠭᠦᠯᠦᠨ᠂ ᠠᠷᠠᠳ ᠤᠯᠠᠨ᠎ᠢ ᠨᠡᠩ ᠵᠣᠯ ᠵᠢᠷᠭᠠᠯ᠎ᠲᠠᠶ᠂ ᠨᠡᠢᠭᠡᠮ᠎ᠢ ᠨᠡᠩ ᠡᠶ᠎ᠡ ᠵᠣᠬᠢᠴᠠᠯ ᠲᠠᠶ ᠪᠣᠯᠭᠠᠬᠤ ᠬᠡᠷᠡᠭ᠌ᠲᠡᠢ᠃
ᠡᠨᠡ ᠬᠦ᠌ ᠠᠤᠭ᠎ᠠ ᠬᠠᠷᠠᠯᠲᠠ ᠵᠢ ᠴᠢᠭᠯᠡᠵᠤ᠂ ᠪᠠᠶᠠᠨᠨᠠᠭᠤᠷ ᠬᠤᠳᠠ ᠱᠢᠨ᠎ᠡ ᠳᠦᠷᠰᠦ ᠪᠠᠢᠳᠠᠯ ᠢᠶᠠᠷ ᠬᠤᠳᠠ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠠᠬᠢᠭᠤᠯᠵᠤ᠂ ᠪᠣᠯᠪᠠᠰᠤᠨ᠎ᠤ ᠴᠡᠴᠡᠭᠡᠰ᠎ᠢ ᠪᠠᠶᠠᠨᠨᠠᠭᠤᠷ᠎ᠤᠨ ᠵᠡᠭᠡᠯᠢ ᠭᠤᠳᠤᠮᠵᠢ ᠪᠦᠬᠦᠨ᠎ᠳᠤ ᠳᠡᠯᠭᠡᠷᠡᠭᠦᠯᠵᠦ᠍᠂ ᠪᠣᠯᠪᠠᠰᠤᠨ᠎ᠤ ᠦᠷ᠎ᠡ ᠪᠦᠲᠦᠭᠡᠯ᠎ᠢ ᠲᠦᠭ ᠲᠦᠮᠡᠨ ᠠᠢᠯ ᠡᠷᠦᠬᠡ᠎ᠳᠦ ᠬᠦᠷᠲᠡᠭᠡᠵᠦ᠍᠂ ᠪᠣᠷᠣᠲᠣᠬᠣᠢ᠎ᠶ᠋ᠢᠨ ᠡᠬᠡ ᠭᠠᠵᠠᠷ ᠲᠤ ᠴᠠᠭ ᠦᠶ᠎ᠡ᠎ᠶ᠋ᠢᠨ ᠭᠡᠷᠡᠯ ᠭᠢᠯᠪᠠᠭ᠎ᠠ᠎ᠶ᠋ᠢ ᠰᠠᠴᠤᠷᠠᠭᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃