ᠱᠢᠨ᠎᠎ᠡ ᠴᠠᠭ ᠦᠶ᠎ᠡ᠎ᠳ᠋ᠦ᠍ ᠭᠠᠪᠢᠶ᠎ᠠ ᠪᠠᠢᠭᠤᠯᠤᠶ᠎ᠠ > ᠮᠡᠳᠡᠭᠡᠯᠡᠯ

2022-07-24 19:54:14

ᠵᠣᠬᠢᠶᠠᠭ᠍ᠴᠢ᠄ ​ᠪᠢᠯᠢᠭᠪᠡᠭᠠᠳᠤᠷ ᠣᠩᠱᠢᠭ᠍ᠰᠠᠨ ᠣᠳᠠᠭ᠎ᠠ᠄ 3

ᠪᠥᠬᠥ᠌ ᠤᠯᠤᠰ᠎ᠤᠨ ᠪᠣᠯᠪᠠᠰᠤᠨ ᠬᠣᠲᠠ᠎ᠶ᠋ᠢ ᠪᠠᠢᠭᠤᠯᠬᠤ ᠠᠵᠢᠯ᠎ᠤᠨ ᠠᠬᠢᠴᠠ ᠭᠦᠨᠵᠡᠭᠡᠢᠷᠡᠬᠦ᠌᠎ᠶ᠋ᠢ ᠲᠠᠭᠠᠯᠳᠤᠨ᠂ ᠤᠷᠴᠢᠨ ᠲᠤᠭᠤᠷᠢᠨ ᠴᠡᠪᠡᠷ ᠴᠡᠮᠴᠡᠭᠡᠷ᠂ ᠨᠡᠢᠭᠡᠮ᠎ᠤᠨ ᠲᠤᠭᠳᠠᠯᠴᠠᠭ᠎ᠠ ᠡᠮᠬᠢ ᠵᠢᠷᠤᠮ ᠲᠠᠢ ᠪᠠᠢᠬᠤ ᠨᠢ ᠨᠢᠭᠡᠨᠳᠡ ᠲᠠᠯ᠎ᠠ ᠨᠤᠲᠤᠭ᠎ᠤᠨ ᠭᠡᠷᠡᠯᠲᠦ ᠰᠤᠪᠤᠳ ᠬᠡᠭᠳᠡᠭᠰᠡᠨ ᠱᠢᠯᠢᠩᠬᠣᠲᠠ᠎ᠶ᠋ᠢᠨ ᠪᠣᠯᠪᠠᠰᠤᠨ ᠰᠠᠢᠬᠠᠨ᠎ᠤ ᠬᠦᠰᠡᠯ ᠬᠦᠭᠡᠭᠡᠴᠡᠯᠳᠤᠯ ᠪᠤᠯᠵᠤ᠂ ᠬᠦᠮᠦᠨ ᠨᠢᠭᠡ ᠪᠦᠷᠢ ᠴᠦᠮ ᠪᠤᠯᠪᠠᠰᠤᠨ ᠰᠤᠷᠳᠠᠯ᠎ᠢ ᠡᠷᠬᠢᠮᠯᠡᠨ ᠲᠡᠭᠡᠳᠦᠯᠡᠵᠦ ᠤᠬᠠᠭᠤᠯᠤᠨ ᠰᠤᠷᠳᠠᠯᠴᠢᠯᠠᠬᠤ ᠰᠢᠯᠢᠳᠡᠭ ᠰᠠᠢᠨ ᠬᠡᠪ ᠰᠤᠷᠳᠠᠯ᠎ᠢ ᠪᠠᠳᠠᠷᠠᠭᠤᠯᠵᠤ ᠪᠠᠢᠨ᠎ᠠ᠃

ᠪᠦᠬᠦ᠌ ᠤᠯᠤᠰ᠎ᠤᠨ ᠪᠣᠯᠪᠠᠰᠤᠨ ᠬᠤᠳᠠ᠎ᠶ᠋ᠢ ᠡᠭᠦᠳᠦᠨ ᠪᠠᠢᠭᠤᠯᠬᠤ ᠎ᠰᠠᠭᠤᠷᠢ ᠪᠠᠨ ᠪᠠᠲᠤᠳᠭᠠᠬᠤ ᠎ᠶ᠋ᠢᠨ ᠲᠥᠯᠥᠭᠡ᠂ ᠱᠢᠯᠢᠩᠬᠣᠲᠠ ᠪᠣᠯᠪᠠᠰᠤᠨ ᠬᠣᠭᠣᠯᠠᠨ ᠱᠢᠷᠡᠭᠡ᠂ ᠪᠣᠯᠪᠠᠰᠤᠨ ᠵᠠᠮ ᠬᠠᠷᠢᠯᠴᠠᠭ᠎ᠠ᠂ ᠪᠣᠯᠪᠠᠰᠤᠨ᠎ᠢᠶᠠᠷ ᠨᠣᠬᠠᠢ ᠲᠡᠵᠢᠭᠡᠬᠦ᠂ ᠪᠣᠯᠪᠠᠰᠤᠨ᠎ᠢᠶᠠᠷ ᠵᠢᠭᠤᠯᠴᠢᠯᠠᠬᠤ᠂ ᠪᠣᠯᠪᠠᠰᠤᠨ᠎ᠢᠶᠠᠷ ᠡᠵᠡᠩᠨᠡᠬᠦ᠂ ᠪᠣᠯᠪᠠᠰᠤᠨ᠎ᠢᠶᠠᠷ ᠦᠢᠯᠡᠴᠢᠯᠡᠬᠦ᠌ ᠵᠡᠷᠭᠡ 12 ᠵᠦᠢᠯ᠎ᠦᠨ ᠪᠣᠯᠪᠠᠰᠤᠨ ᠠᠵᠢᠯᠯᠠᠭ᠎ᠠ᠎ᠶ᠋ᠢ ᠰᠠᠨᠠᠭᠠᠴᠢᠯᠠᠵᠤ᠂ ᠪᠣᠯᠪᠠᠰᠤᠨ ᠰᠠᠢᠬᠠᠨ ᠬᠡᠪ ᠰᠤᠷᠳᠠᠯ᠎ᠢ ᠬᠦᠮᠦᠰ᠎ᠤᠨ ᠡᠳᠦᠷ ᠲᠤᠳᠤᠮ᠎ᠤᠨ ᠦᠢᠯᠡ ᠠᠵᠢᠯᠯᠠᠭ᠎ᠠ ᠯᠤᠭ᠎ᠠ ᠠᠭᠤᠰᠤᠯᠴᠠᠭᠤᠯᠪᠠ᠃

ᠢᠯᠡᠩᠭᠤᠶ᠎ᠠ ᠡᠨᠡ ᠵᠢᠯ᠎ᠡᠴᠡ᠂ ᠱᠢᠯᠢ᠎ᠶ᠋ᠢᠨ ᠭᠣᠣᠯ ᠠᠢᠮᠠᠭ ᠪᠣᠯᠪᠠᠰᠤᠨ ᠬᠤᠳᠠ᠎ᠶ᠋ᠢ ᠡᠭᠦᠳᠦᠨ ᠪᠠᠢᠭᠤᠯᠬᠤ ᠲᠦᠪᠱᠢᠨ ᠵᠢᠠᠨ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠵᠤ᠂ ᠨᠡᠢᠭᠡᠮ ᠨᠡᠢᠳᠡ ᠵᠢᠨ ᠤᠷᠤᠯᠴᠠᠯᠭ᠎ᠠ ᠵᠢ ᠦᠷᠭᠡᠨ ᠵᠢᠠᠷ ᠲᠠᠢᠴᠢᠯᠠᠨ᠂ ᠪᠣᠯᠪᠠᠰᠤᠨ ᠬᠤᠳᠠ᠎ᠶ᠋ᠢ ᠡᠭᠦᠳᠦᠨ ᠪᠠᠢᠭᠤᠯᠬᠤ᠎ᠶ᠋ᠢ ᠪᠤᠰᠤᠳ ᠡᠯ᠎ᠡ ᠲᠦᠷᠦᠯ᠎ᠦᠨ ᠪᠣᠯᠪᠠᠰᠤᠨ᠎ᠢ ᠰᠠᠨᠠᠭᠠᠴᠢᠯᠠᠬᠰᠠᠨ ᠠᠵᠢᠯᠯᠠᠭ᠎ᠠ ᠯᠤᠭ᠎ᠠ ᠨᠢᠭᠡᠳᠦᠯᠵᠢᠭᠦᠯᠦᠨ᠂ ᠪᠦᠬᠦ ᠠᠢᠮᠠᠭ ᠲᠠᠶᠠᠭᠠᠷ ᠪᠣᠯᠪᠠᠰᠤᠨ ᠰᠠᠢᠬᠠᠨ ᠬᠡᠪ ᠰᠤᠷᠳᠠᠯ᠎ᠢ ᠲᠡᠭᠡᠳᠦᠯᠡᠬᠦ ᠠᠭᠤᠷ ᠠᠮᠢᠰᠬᠤᠯ ᠨᠡᠩ ᠪᠢᠯᠬᠠᠮ᠎ᠠ ᠪᠤᠯᠤᠬᠰᠠᠨ ᠪᠠᠢᠨ᠎ᠠ᠃

ᠬᠦᠮᠦᠨ ᠪᠦᠬᠦᠨ ᠬᠦᠴᠦᠨ ᠴᠢᠳᠠᠯ ᠵᠢᠠᠨ ᠨᠡᠮᠡᠷᠢᠯᠡᠨ᠎ᠡ

ᠤᠢ᠍ᠢᠷ᠎ᠠ᠎ᠶ᠋ᠢᠨ ᠵᠢᠯ ᠳ᠋ᠤ᠂ ᠱᠢᠯᠢ ᠎ᠶ᠋ᠢᠨ ᠭᠣᠣᠯ ᠠᠢᠮᠠᠭ ᠱᠢᠯᠢᠩᠬᠣᠲᠠ ᠎ᠶ᠋ᠢᠨ ᠪᠦᠬᠦ᠌ ᠤᠯᠤᠰ ᠎ᠤᠨ ᠪᠣᠯᠪᠠᠰᠤᠨ ᠬᠤᠳᠠ᠎ᠶ᠋ᠢ ᠡᠭᠦᠳᠦᠨ ᠪᠠᠢᠭᠤᠯᠬᠤ ᠠᠵᠢᠯ᠎ᠢ ᠲᠤᠡᠭ ᠴᠢᠬᠤᠯᠠᠴᠢᠯᠠᠵᠤ᠂ ᠪᠦᠬᠦ᠌ ᠠᠢᠮᠠᠭ ᠎ᠤᠨ ᠬᠦᠴᠦᠨ ᠵᠢᠡᠨ ᠲᠠᠢ᠌ᠴᠢᠯᠠᠨ ᠡᠯ᠎ᠡ ᠵᠦᠢᠯ᠎ᠦᠨ ᠠᠵᠢᠯ᠎ᠢ ᠯᠠᠪᠳᠠᠭᠤᠨ ᠪᠥᠭᠡᠳ ᠡᠮᠬᠢ ᠵᠢᠷᠤᠮ᠎ᠲᠠᠶ ᠠᠬᠢᠭᠤᠯᠬᠤ ᠎ᠶ᠋ᠢ ᠪᠠᠲᠤᠯᠠᠵᠠᠢ᠃

ᠱᠢᠯᠢᠩᠬᠣᠲᠠ ᠵᠢᠨ ᠬᠢᠨ ᠪᠥᠬᠥ᠌ ᠤᠯᠤᠰ᠎ᠤᠨ ᠪᠣᠯᠪᠠᠰᠤᠨ ᠬᠣᠲᠠ᠎ᠶ᠋ᠢ ᠡᠭᠦᠳᠦᠨ ᠪᠠᠢᠭᠤᠯᠬᠤ ᠠᠵᠢᠯ᠎ᠢ ᠪᠥᠬᠥ᠌ ᠬᠣᠲᠠ᠎ᠶ᠋ᠢᠨ ᠵᠢᠠᠨ ᠭᠣᠸ᠋ᠯ ᠠᠵᠢᠯ᠎ᠳᠤ ᠣᠷᠣᠭᠤᠯᠵᠤ᠂ ᠪᠥᠬᠥ᠌ ᠤᠯᠤᠰ᠎ᠤᠨ ᠪᠣᠯᠪᠠᠰᠤᠨ ᠬᠣᠲᠠ ᠵᠢ ᠡᠭᠦᠳᠦᠨ ᠪᠠᠢᠭᠤᠯᠬᠤ᠂ ᠨᠡᠢᠭᠡᠮ᠎ᠦᠨ ᠪᠣᠯᠪᠠᠰᠤᠨ᠎ᠤ ᠬᠡᠮᠵᠢᠶ᠎ᠡ ᠪᠠ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠪᠣᠯᠪᠠᠰᠤᠨ᠎ᠤ ᠬᠡᠪ ᠰᠤᠷᠳᠠᠯ᠎ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠬᠦ᠌ ᠶᠡᠷᠦᠩᠬᠡᠶ ᠬᠠᠷᠠᠯᠲᠠ᠎ᠶ᠋ᠢ ᠲᠣᠳᠣᠷᠬᠠᠶ ᠳᠤᠷᠠᠳᠤᠨ ᠭᠠᠷᠭᠠᠪᠠ᠃

ᠱᠢᠯᠢᠩᠬᠣᠲᠠ᠎ᠶ᠋ᠢᠨ ᠨᠠᠮ᠎ᠤᠨ ᠬᠣᠷᠢᠶᠠᠨ᠎ᠤ ᠱᠦᠵᠢ ᠰᠦᠨ ᠵᠧᠨ ᠵᠢᠶᠠᠩ᠄ 《ᠱᠢᠯᠢᠩᠬᠣᠲᠠ᠎ᠳᠤ ᠠᠪᠴᠤ᠌ ᠬᠡᠯᠡᠪᠡᠯ᠂ ᠪᠥᠬᠥ᠌ ᠤᠯᠤᠰ᠎ᠤᠨ ᠪᠣᠯᠪᠠᠰᠤᠨ ᠬᠣᠲᠠ᠎ᠶ᠋ᠢ ᠡᠭᠦᠳᠦᠨ ᠪᠠᠢᠭᠤᠯᠬᠤ ᠨᠢ ᠎ᠳ᠋ᠡᠩ ᠭᠠᠭᠴᠠ ᠢᠷᠠᠭᠤ ᠠᠯᠳᠠᠷ᠎ᠢ ᠲᠡᠮᠡᠴᠡᠨ ᠤᠯᠬᠤ᠎ᠶ᠋ᠢᠨ ᠲᠥᠯᠥᠭᠡ ᠪᠢᠰᠢ᠂ ᠨᠠᠩ ᠴᠢᠬᠤᠯᠠ ᠨᠢ ᠡᠭᠦᠳᠦᠨ ᠪᠠᠢᠭᠤᠯᠬᠤ ᠠᠵᠢᠯ᠎ᠢᠶᠠᠷ ᠠᠵᠠ ᠲᠣᠬᠢᠶᠠᠯ ᠪᠣᠯᠭᠠᠵᠤ᠂ ᠬᠣᠲᠠ᠎ᠶ᠋ᠢᠨ ᠣᠷᠴᠢᠨ ᠲᠣᠭᠣᠷᠢᠨ᠎ᠢ ᠪᠥᠬᠥ᠌ ᠲᠠᠯ᠎ᠠ᠎ᠪᠠᠷ ᠰᠠᠢᠵᠢᠷᠠᠭᠤᠯᠤᠨ᠂ ᠬᠣᠲᠠ᠎ᠶ᠋ᠢᠨ ᠳᠡᠰ ᠲᠦᠪᠰᠢᠨ᠎ᠢ ᠳᠡᠭᠡᠭ᠌ᠰᠢᠯᠡᠭᠦᠯᠵᠦ᠍᠂ ᠲᠠᠯ᠎ᠠ ᠨᠤᠲᠤᠭ᠎ᠤᠨ ᠬᠣᠲᠠ᠎ᠪᠡᠨ ᠨᠠᠩ ᠡᠶ᠎ᠡ ᠵᠣᠬᠢᠴᠠᠩᠭᠤᠢ᠂ ᠨᠠᠩ ᠠᠮᠢᠵᠢᠷᠠᠯ᠎ᠤᠨ ᠬᠦᠴᠦᠨ᠎ᠲᠡᠶ᠂ ᠨᠠᠩ ᠥᠪᠡᠷᠮᠢᠴᠡ ᠣᠨᠴᠠᠯᠢᠭ᠎ᠲᠠᠶ ᠪᠣᠯᠭᠠᠵᠤ᠂ ᠪᠣᠯᠪᠠᠰᠤᠨ ᠬᠣᠲᠠ᠎ᠶ᠋ᠢ ᠦᠨᠡᠨ ᠬᠦ᠌ ᠠᠷᠠᠳ᠎ᠲᠤ ᠠᠱᠢᠭ ᠬᠦᠷᠲᠡᠭᠡᠬᠦ᠌ ᠢᠨᠵᠧᠨᠧᠷᠢᠩ ᠪᠣᠯᠭᠠᠨ ᠡᠭᠦᠳᠦᠨ ᠪᠠᠢᠭᠤᠯᠬᠤ ᠶᠠᠪᠤᠳᠠᠯ ᠪᠣᠯᠤᠨ᠎ᠠ》 ᠭᠡᠵᠥ ᠬᠡᠯᠡᠪᠡ᠃

ᠪᠣᠯᠪᠠᠰᠤᠨ ᠬᠤᠳᠠ᠎ᠶ᠋ᠢ ᠡᠭᠦᠳᠦᠨ ᠪᠠᠢᠭᠤᠯᠬᠤ ᠠᠵᠢᠯ᠎ᠤᠨ ᠳᠤᠮᠳᠠ᠂ ᠱᠢᠯᠢ ᠎ᠶ᠋ᠢᠨ ᠭᠣᠣᠯ ᠠᠢᠮᠠᠭ᠎ᠤᠨ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠪᠦᠬᠦ ᠬᠦᠴᠦᠨ ᠵᠢᠠᠨ ᠰᠢᠪᠬᠠᠵᠤ᠂ ᠪᠣᠳᠠᠲᠠᠢ ᠠᠷᠭ᠎ᠠ ᠬᠡᠮᠵᠢᠢ᠎ᠡ ᠲᠣᠭ᠍ᠲᠠᠭᠠᠵᠤ᠂ ᠬᠠᠷᠠᠯᠲᠠ ᠡᠭᠦᠷᠭᠡ᠎ᠪᠡᠨ ᠲᠣᠳᠣᠷᠬᠠᠢᠯᠠᠪᠠ᠃ ᠠᠢᠮᠠᠭ᠎ᠤᠨ ᠱᠠᠲᠤᠨ᠎ᠤ ᠨᠢᠭᠡᠳᠦᠯᠲᠡᠶ ᠵᠣᠬᠢᠴᠠᠭᠤᠯᠭ᠎ᠠ ᠲᠣᠬᠢᠷᠠᠭᠤᠯᠤᠯᠲᠠ ᠳᠣᠸ᠋ᠷ᠎ᠠ᠂ ᠠᠢᠮᠠᠭ ᠬᠣᠲᠠ ᠬᠣᠶᠠᠷ ᠱᠠᠲᠤᠨ᠎ᠤ ᠪᠠᠢᠭᠤᠯᠭ᠎ᠠ ᠠᠵᠤ ᠠᠬᠤᠢᠯᠠᠯ ᠠᠵᠢᠯ ᠦᠶ᠋ᠯᠡᠰ᠎ᠦᠨ ᠨᠢᠭᠡᠴᠢ ᠲᠣᠰ ᠲᠣᠰ᠎ᠤᠨ ᠳᠠᠪᠠᠭᠤᠯᠢᠭ᠎ᠢᠶᠠᠨ ᠭᠦᠶ᠋ᠴᠡᠳ ᠪᠠᠳᠠᠷᠠᠭᠤᠯᠵᠤ᠂ ᠳᠠᠭᠠᠭᠠᠴᠢᠯᠠᠨ ᠬᠣᠯᠪᠣᠭᠠᠯᠠᠵᠤ ᠬᠠᠮᠲᠤ ᠪᠠᠷ ᠪᠠᠢᠭᠤᠯᠬᠤ᠎ᠶ᠋ᠢ ᠯᠠᠪᠳᠠᠭᠤᠨ ᠪᠠᠲᠤᠲᠠᠶ ᠬᠢᠪᠡ᠃

ᠣᠳᠣᠬᠠᠨ᠎ᠳᠤ᠂ ᠠᠢᠮᠠᠭ ᠬᠣᠲᠠ ᠬᠣᠶᠠᠷ ᠱᠠᠲᠤᠨ᠎ᠤ 317 ᠪᠠᠢᠭᠤᠯᠭ᠎ᠠ ᠠᠵᠤ ᠠᠬᠤᠢᠯᠠᠯ ᠠᠵᠢᠯ ᠦᠶ᠋ᠯᠡᠰ᠎ᠦᠨ ᠨᠢᠭᠡᠴᠢ ᠡᠴᠡ ᠱᠢᠯᠢᠩᠬᠣᠲᠠ᠎ᠶ᠋ᠢᠨ 369 ᠣᠷᠣᠨ ᠰᠠᠭᠤᠴᠠ᠎ᠶ᠋ᠢᠨ ᠲᠣᠭᠣᠷᠢᠭ (ᠲᠠᠷᠠᠬᠠᠶ ᠪᠤᠲᠠᠷᠬᠠᠶ ᠠᠰᠠᠷ ᠪᠠᠢᠱᠢᠩ᠎ᠢ ᠪᠠᠭᠳᠠᠭᠠᠨ᠎ᠠ) ᠢ᠋ ᠳᠠᠭᠠᠭᠠᠴᠢᠯᠠᠨ ᠬᠠᠮᠲᠤᠷᠠᠨ ᠪᠠᠢᠭᠤᠯᠵᠤ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠂ ᠪᠠᠭ᠎ᠠ ᠲᠣᠭᠣᠷᠢᠭ᠎ᠢ ᠭᠤᠶᠤᠵᠢᠭᠤᠯᠤᠨ ᠨᠣᠭᠣᠭᠠᠷᠠᠭᠤᠯᠬᠤ᠂ ᠭᠡᠷᠡᠯᠳᠦᠭᠦᠯᠭᠡ ᠵᠢ ᠪᠦᠷᠢᠨᠰᠢᠭᠦᠯᠬᠦ᠂ ᠨᠡᠢᠭᠡᠮ ᠲᠣᠭᠣᠷᠢᠭ᠎ᠤᠨ ᠬᠠᠮᠢᠶᠠᠷᠤᠯᠲᠠ᠂ ᠰᠠᠭᠤᠷᠢ ᠲᠥᠬᠥᠭᠡᠷᠦᠮᠵᠢ ᠎ᠶ᠋ᠢᠨ ᠨᠥᠬᠥᠴᠡᠯ ᠎ᠢ ᠰᠠᠢᠵᠢᠷᠠᠭᠤᠯᠬᠤ ᠵᠡᠷᠭᠡ ᠲᠠᠯ᠎ᠠ᠎ᠪᠠᠷ ᠶᠡᠬᠡ ᠬᠡᠮᠵᠢᠶᠡᠨ᠎ᠦ ᠠᠵᠢᠯ ᠬᠢᠵᠦ᠍᠂ ᠱᠢᠯᠢᠩᠬᠣᠲᠠ ᠵᠢᠨ ᠪᠤᠯᠪᠠᠰᠤᠨ ᠬᠤᠳᠠ ᠵᠢ ᠪᠠᠢᠭᠤᠯᠬᠤ ᠠᠵᠢᠯ᠎ᠤᠨ ᠤᠷᠤᠭ᠍ᠰᠢᠲᠠᠶ ᠶᠠᠪᠤᠭ᠍ᠳᠠᠬᠤ᠎ᠳᠤ ᠪᠠᠲᠤ ᠰᠠᠭᠤᠷᠢ ᠲᠠᠯᠪᠢᠵᠤ ᠥᠭ᠌ᠭᠦᠭ᠌ᠰᠡᠨ ᠪᠠᠢᠨ᠎ᠠ᠃

ᠪᠣᠯᠪᠠᠰᠤᠨ ᠬᠤᠳᠠ᠎ᠶ᠋ᠢ ᠡᠭᠦᠳᠦᠨ ᠪᠠᠢᠭᠤᠯᠬᠤ ᠠᠵᠢᠯ ᠪᠣᠯ ᠨᠢᠭᠡ ᠵᠦᠢᠯ᠎ᠦᠨ ᠤᠯᠠᠨ ᠲᠦᠮᠡᠨᠴᠢ ᠴᠢᠨᠠᠷ᠂ ᠨᠡᠢᠭᠡᠮᠴᠢ ᠴᠢᠨᠠᠷ᠂ ᠱᠢᠰᠲ᠋ᠧᠮᠲᠦ ᠴᠢᠨᠠᠷ᠎ᠢᠶᠠᠷ ᠴᠥᠮ ᠮᠠᠰᠢ ᠴᠢᠩᠭ᠎ᠠ ᠠᠵᠢᠯ ᠪᠣᠯᠬᠤ ᠤᠴᠢᠷ᠎ᠠᠴᠠ ᠨᠡᠢᠭᠡᠮ᠎ᠦᠨ ᠡᠯ᠎ᠡ ᠡᠲᠡᠭᠡᠳ᠎ᠦᠨ ᠥᠷᠭᠡᠨ᠎ᠢᠶᠡᠷ ᠣᠷᠣᠯᠴᠠᠬᠤ᠎ᠶ᠋ᠢ ᠱᠠᠭᠠᠷᠳᠠᠳᠠᠭ᠃ ᠣᠳᠣᠬᠠᠨ᠎ᠳᠤ᠂ ᠪᠦᠬᠦ᠌ ᠠᠷᠠᠳ᠎ᠤᠨ ᠰᠠᠢ᠌ᠨ ᠳᠤᠷ᠎ᠠ᠎ᠶ᠋ᠢᠨ ᠦᠢᠯᠡᠴᠢᠯᠡᠭᠡᠨ᠎ᠦ ᠠᠵᠢᠯᠯᠠᠭ᠎ᠠ ᠨᠢ ᠨᠢᠭᠡᠨᠲᠡ ᠱᠢᠯᠢᠩᠬᠣᠲᠠ᠎ᠶ᠋ᠢᠨ ᠪᠤᠯᠪᠠᠰᠤᠨ ᠬᠤᠳᠠ ᠵᠢ ᠡᠭᠦᠳᠤᠨ ᠪᠠᠢᠭᠤᠯᠬᠤ ᠠᠵᠢᠯ᠎ᠤᠨ ᠳᠤᠮᠳᠠᠬᠢ ᠨᠢᠭᠡᠨ ᠭᠤᠢᠳᠠ ᠦᠵᠡᠮᠵᠢ ᠪᠣᠯᠤᠭ᠍ᠰᠠᠨ ᠪᠠᠢᠨ᠎ᠠ᠃ ᠣᠲᠣᠬᠠᠨ ᠪᠣᠯᠲᠠᠯ᠎ᠠ᠂ ᠱᠢᠯᠢᠩᠬᠣᠲᠠ᠎ᠶ᠋ᠢᠨ ᠳᠠᠩᠰᠠᠯᠠᠭᠤᠯᠤᠭ᠍ᠰᠠᠨ ᠰᠠᠢᠨ ᠳᠤᠷᠠᠴᠤᠳ᠎ᠤᠨ ᠡᠩᠨᠡᠭᠡ 426 ᠪᠠᠢᠵᠤ᠂ ᠰᠠᠢᠨ ᠲᠤᠷᠠᠴᠤᠳ᠎ᠤᠨ ᠬᠦᠮᠦᠨ᠎ᠤ ᠲᠤᠭ᠎ᠠ ᠨᠢ 54060 ᠪᠤᠯᠪᠠ᠃

ᠰᠢᠯᠢᠡᠭᠬᠤᠳᠠ 《ᠰᠠᠷ᠎ᠠ ᠪᠦᠷᠢ ᠨᠢᠭᠡ ᠭᠣᠣᠯ ᠰᠡᠳᠦᠪ᠎ᠲᠤᠬᠢᠷᠠᠭᠤᠯᠵᠤ᠂ ᠭᠠᠷᠠᠭ ᠪᠣᠯᠭᠠᠨ ᠲᠤᠰᠬᠠᠢ ᠲᠣᠬᠢᠷᠠᠭᠤᠯᠤᠯᠲᠠ᠎ᠬᠢᠵᠦ᠂ ᠡᠳᠦᠷ ᠪᠦᠷᠢ ᠠᠵᠢᠯᠯᠠᠭ᠎ᠠ᠎ᠲᠠᠶ》 ᠪᠠᠢᠬᠤ ᠱᠠᠭᠠᠷᠳᠠᠯᠭ᠎ᠠ ᠶᠣᠰᠣᠭᠠᠷ᠂ ᠨᠠᠰᠤᠲᠠᠳ ᠵᠢᠠᠨ ᠬᠦᠨᠳᠦᠯᠡᠨ ᠨᠢᠯᠬ᠎ᠠ ᠪᠠᠨ ᠬᠠᠢᠷᠠᠯᠠᠬᠤ᠂ ᠤᠬᠠᠭᠤᠯᠤᠨ ᠲᠠᠢᠯᠪᠤᠷᠢᠯᠠᠬᠤ ᠵᠡᠷᠭᠡ 8 ᠶᠡᠬᠡ ᠭᠣᠣᠯ ᠰᠡᠳᠦᠪ᠂ 32 ᠵᠦᠢᠯ᠎ᠦᠨ ᠠᠵᠢᠯᠯᠠᠭ᠎ᠠ᠎ᠪᠠᠷ ᠭᠣᠣᠯ ᠴᠣᠭ᠍ᠴᠠ ᠪᠣᠯᠭᠠᠭ᠍ᠰᠠᠨ《ᠪᠢ ᠲᠠᠨ ᠳ᠋ᠤ ᠲᠤᠰᠠᠯᠠᠶ᠎ᠠ·ᠪᠣᠯᠪᠠᠰᠤᠨ ᠰᠠᠢᠬᠠᠨ ᠰᠢᠯᠢᠡᠭᠬᠤᠳᠠ》 ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠢᠯᠡᠳᠦᠯᠭᠡ᠎ᠶ᠋ᠢᠨ ᠰᠠᠢ᠌ᠨ ᠳᠤᠷ᠎ᠠ᠎ᠶ᠋ᠢᠨ ᠦᠢᠯᠡᠴᠢᠯᠡᠭᠡᠨ᠎ᠦ ᠲᠦᠷᠦᠯ ᠵᠦᠢᠯ᠎ᠢ ᠪᠠᠢᠭᠤᠯᠵᠤ᠂ ᠰᠠᠢ᠌ᠨ ᠳᠤᠷ᠎ᠠ᠎ᠶ᠋ᠢᠨ ᠦᠢᠯᠡᠴᠢᠯᠡᠭᠡᠨ᠎ᠦ ᠠᠵᠢᠯᠯᠠᠭ᠎ᠠ ᠵᠢ 625 ᠤᠳᠠᠭ᠎ᠠ ᠥᠷᠨᠢᠭᠦᠯᠵᠦ᠍᠂ ᠤᠳᠠᠭ᠎ᠠ ᠪᠦᠷᠢ᠎ᠶ᠋ᠢᠨ ᠠᠵᠢᠯᠯᠠᠭ᠎ᠠ᠎ᠳᠤ ᠣᠷᠣᠯᠴᠠᠭ᠍ᠰᠠᠨ ᠰᠠᠢᠨ ᠲᠤᠷᠠᠴᠤᠳ᠎ᠤᠨ ᠬᠥᠮᠦᠨ᠎ᠦ ᠲᠣᠭ᠎ᠠ 10 ᠣᠷᠴᠢᠮ ᠪᠠᠢᠵᠤ᠂ ᠰᠠᠢ᠌ᠨ ᠳᠤᠷ᠎ᠠ᠎ᠶ᠋ᠢᠨ ᠠᠵᠢᠯᠯᠠᠭ᠎ᠠ᠎ᠳ᠋ᠤ ᠣᠷᠣᠯᠴᠠᠭ᠍ᠰᠠᠨ ᠬᠥᠮᠦᠨ᠎ᠦ ᠲᠣᠭ᠎ᠠ ᠨᠢ 5900 ᠭᠠᠷᠤᠢ ᠬᠥᠮᠦᠨ ᠤᠳᠠᠭ᠎ᠠ᠎ᠳᠤ ᠬᠦᠷᠴᠦ᠍᠂ ᠠᠱᠢᠭ ᠬᠦᠷᠳᠡᠭ᠌ᠰᠡᠨ ᠤᠯᠠᠨ ᠲᠦᠮᠡᠨ 18 ᠲᠦᠮᠡ ᠭᠠᠷᠤᠢ ᠬᠥᠮᠦᠨ ᠤᠳᠠᠭ᠎ᠠ᠎ᠳᠤ ᠬᠦᠷᠴᠡᠢ᠃

ᠤᠯᠠᠨ ᠲᠦᠮᠡᠨ᠎ᠤ ᠬᠦᠴᠢᠷᠳᠡᠯ ᠲᠦᠪᠡᠭᠳᠡᠯ᠎ᠢ ᠬᠠᠪᠰᠤᠷᠤᠨ ᠰᠢᠢᠳᠪᠦᠷᠢᠯᠡᠨ᠎ᠡ

ᠤᠢᠷ᠎ᠠ ᠳ᠋ᠤ᠂ ᠱᠢᠯᠢᠩᠬᠣᠲᠠ᠎ᠶ᠋ᠢᠨ ᠬᠠᠭᠤᠴᠢᠨ ᠬᠣᠲᠠ ᠪᠠ ᠱᠢᠨ᠎ᠡ ᠲᠣᠭᠣᠷᠢᠭ᠎ᠤᠨ ᠭᠣᠣᠯ ᠵᠠᠮ ᠱᠤᠭᠤᠮ ᠪᠤᠶᠤ ᠵᠡᠭᠡᠯᠢ ᠭᠤᠳᠤᠮᠵᠢ ᠳ᠋ᠤ ᠴᠥᠮ ᠱᠢᠨ᠎ᠡ ᠬᠡᠷᠡᠰᠭᠡ ᠪᠤᠰᠭᠠᠬᠳᠠᠵᠤ᠂ ᠵᠠᠮ᠎ᠤᠨ ᠲᠡᠮᠳᠡᠭ ᠱᠤᠭᠤᠮ᠎ᠢ ᠰᠢᠨᠡᠳᠭᠡᠨ ᠵᠢᠷᠤᠭᠰᠠᠨ ᠨᠢ ᠦᠷᠭᠡᠨ ᠤᠯᠠᠨ ᠬᠤᠳᠠ᠎ᠶ᠋ᠢᠨ ᠠᠷᠠᠳ᠎ᠤᠨ ᠮᠠᠭ᠍ᠲᠠᠭᠠᠯ ᠰᠠᠢᠱᠢᠶᠠᠯ᠎ᠢ ᠤᠯᠪᠠ᠄ 《ᠦᠡᠭᠭᠡᠷᠡᠭᠰᠡᠨ ᠳ᠋ᠤ ᠵᠠᠷᠢᠮ ᠵᠢᠷᠤᠭᠠᠰᠤ ᠲᠡᠮᠳᠡᠭ ᠨᠢ ᠬᠠᠭᠤᠴᠢᠷᠠᠵᠤ ᠪᠠᠯᠠᠷᠬᠠᠢᠰᠢᠭᠰᠠᠨ ᠪᠤᠶᠤ ᠵᠤᠬᠢᠰ ᠦᠭᠡᠢ ᠭᠠᠵᠠᠷ ᠤᠷᠤᠰᠢᠵᠤ ᠪᠠᠢᠪᠠ᠂ ᠤᠳᠤ ᠰᠢᠨᠡᠳᠭᠡᠨ ᠵᠢᠷᠤᠭᠰᠠᠨ ᠵᠢᠠᠷ ᠤᠨᠴᠠ ᠵᠠᠷᠢᠮ ᠵᠠᠮ᠎ᠤᠨ ᠠᠭᠤᠯᠵᠠᠷ ᠂ ᠮᠤᠷᠤᠢᠯᠳᠠ ᠵᠢᠨ ᠬᠡᠰᠡᠭ᠎ᠢ ᠦᠡᠭᠭᠡᠷᠡᠬᠦ ᠳ᠋ᠤ ᠲᠤᠢᠯ᠎ᠤᠨ ᠲᠦᠭᠦᠮ ᠪᠤᠯᠪᠠ》 ᠬᠡᠵᠡᠬᠡᠨ᠎ᠠ᠃

ᠤᠯᠠᠨ ᠲᠦᠮᠡᠨ᠎ᠦ ᠬᠦᠷᠲᠡᠮᠵᠢ᠎ᠶ᠋ᠢᠨ ᠲᠦᠷᠦᠭ᠌ᠳᠡᠯ᠂ ᠵᠣᠯ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ᠎ᠦ ᠲᠦᠷᠦᠭ᠌ᠳᠡᠯ ᠪᠣᠯ ᠳᠠᠷᠤᠢ ᠬᠤᠳᠠ᠎ᠶ᠋ᠢᠨ ᠪᠣᠯᠪᠠᠰᠤᠨ᠎ᠤ ᠴᠢᠬᠤᠯᠠ ᠱᠢᠯᠭᠠᠭᠤᠷ ᠮᠥᠨ᠂ ᠬᠤᠳᠠ᠎ᠶ᠋ᠢᠨ ᠠᠷᠠᠳ᠎ᠲᠤ ᠠᠪᠴᠤ᠌ ᠬᠡᠯᠡᠪᠡᠯ᠂ ᠡᠳᠦᠷ ᠲᠤᠳᠤᠮ᠎ᠤᠨ ᠠᠮᠢᠳᠤᠷᠠᠯ ᠲᠤᠮᠳᠠᠬᠢ ᠵᠢᠵᠢᠭ ᠰᠠᠵᠢᠭ ᠪᠤᠯᠪᠠᠴᠤ ᠦᠨᠡᠨ ᠪᠤᠳᠠᠳᠤ ᠬᠤᠪᠢᠷᠠᠯᠲᠠ ᠨᠢ ᠲᠡᠳᠡᠨ᠎ᠳᠦ ᠵᠣᠯ ᠵᠢᠷᠭᠠᠯᠲᠤ ᠲᠦᠷᠦᠭ᠌ᠳᠡᠯ ᠤᠯᠭᠤᠳᠠᠭ ᠃

ᠪᠣᠯᠪᠠᠰᠤᠨ ᠬᠤᠳᠠ᠎ᠶ᠋ᠢ ᠡᠭᠦᠳᠦᠨ ᠪᠠᠢᠭᠤᠯᠬᠤ ᠶᠠᠪᠤᠴᠠ᠎ᠳᠤ ᠱᠢᠯᠢ᠎ᠶ᠋ᠢᠨ ᠭᠣᠣᠯ ᠠᠢᠮᠠᠭ ᠤᠯᠠᠨ ᠲᠦᠮᠡᠨ᠎ᠦ ᠰᠠᠨᠠᠯ ᠰᠠᠨᠠᠭᠤᠯᠭ᠎ᠠ ᠵᠢ ᠰᠣᠨᠣᠰᠴᠤ᠌᠂ ᠳᠡᠳᠡᠨ᠎ᠦ ᠰᠠᠨᠠᠭᠠᠰᠢᠷᠠᠵᠤ ᠪᠠᠢᠭ᠎ᠠ ᠶᠠᠪᠤᠳᠠᠯ᠎ᠢ ᠱᠢᠢᠳᠪᠦᠷᠢᠯᠡᠬᠦ᠌᠎ᠶ᠋ᠢᠨ ᠲᠥᠯᠥᠭᠡ᠂《12345 + ᠳᠦᠷᠪᠡᠨ ᠦᠢᠯᠡᠴᠢᠯᠡᠭᠡᠨ᠎ᠤ ᠲᠥᠪ》 ᠎ᠤ᠋ᠠ ᠠᠵᠢᠯ᠎ᠤᠨ ᠵᠠᠭ᠍ᠪᠤᠷ᠎ᠢ ᠡᠭᠦᠳᠴᠦ᠍᠂ 《12345》 ᠵᠢ ᠤᠯᠠᠨ ᠲᠦᠮᠡᠨ᠎ᠦ ᠬᠠᠮᠤᠭ ᠡᠴᠡ ᠢᠲᠡᠭᠡᠳᠡᠭ ᠦᠢᠯᠡᠴᠢᠯᠡᠭᠡᠨ᠎ᠦ ᠬᠠᠯᠠᠮᠱᠢᠯ ᠤᠲᠠᠰᠤ ᠪᠣᠯᠭᠠᠪᠠ᠃ ᠪᠣᠳᠠᠲᠠᠶ ᠠᠵᠢᠯ᠎ᠤᠨ ᠶᠠᠪᠤᠴᠠ᠎ᠳᠤ᠂ ᠲᠣᠰ ᠠᠢᠮᠠᠭ ᠰᠦᠯᠵᠢᠶᠡᠨ ᠳᠡᠭᠡᠷ᠎ᠡ᠂ 《12345 ᠭᠠᠷ᠎ᠤᠨ ᠠᠶ᠎ᠠ᠎ᠪᠠᠷ ᠰᠡᠭᠦᠳᠡᠷᠯᠡᠬᠦ᠌》 ᠵᠢ 《ᠳᠥᠷᠪᠡᠨ ᠦᠢᠯᠡᠴᠢᠯᠡᠭᠡᠨ᠎ᠤ ᠲᠥᠪ》 ᠲᠤ᠌ ᠵᠠᠯᠭᠠᠨ ᠨᠡᠪᠲᠡᠷᠡᠭᠦᠯᠵᠦ᠂ ᠣᠯᠠᠨ ᠲᠦᠮᠡᠨ᠎ᠦ ᠲᠤᠰᠭᠠᠭ᠍ᠰᠠᠨ ᠠᠰᠠᠭᠤᠳᠠᠯ᠎ᠢ 《12345》 ᠡᠴᠡ ᠨᠢᠭᠡᠳᠦᠯᠲᠡᠶ ᠭᠥᠯᠢᠶᠡᠨ ᠠᠪᠴᠤ᠌ ᠱᠢᠶ᠋ᠳᠪᠦᠷᠢᠯᠡᠬᠦ᠌᠎ᠶ᠋ᠢᠨ ᠬᠠᠮᠲᠤ᠂ 《ᠳᠥᠷᠪᠡᠨ ᠦᠢᠯᠡᠴᠢᠯᠡᠭᠡᠨ᠎ᠤ ᠲᠥᠪ》 ᠵᠢᠴᠢ ᠡᠯ᠎ᠡ ᠬᠣᠱᠢᠭᠤ ᠱᠢᠶᠠᠨ ᠬᠣᠲᠠ(ᠲᠣᠭᠣᠷᠢᠭ) ᠶ᠋ᠢᠨ ᠬᠠᠮᠢᠶ᠎ᠠ ᠪᠥᠬᠥᠶ ᠰᠠᠯᠠᠭ᠎ᠠ ᠮᠥᠴᠢᠷ᠎ᠲᠦ ᠬᠤᠪᠢᠶᠠᠷᠢᠯᠠᠨ ᠲᠣᠮᠢᠯᠠᠵᠤ ᠭᠦᠶ᠋ᠴᠡᠳᠭᠡᠭᠦᠯᠪᠡ᠃《12345》ᠦᠢᠯᠡᠴᠢᠯᠡᠭᠡᠨ᠎ᠤ ᠤᠲᠠᠰᠤ᠎ᠶ᠋ᠢ ᠲᠤᠬᠢᠷᠠᠭᠤᠯᠤᠭᠰᠠᠨ ᠡᠴᠡ ᠨᠠᠭᠠᠰᠢ᠂ ᠱᠢᠯᠢ᠎ᠶ᠋ᠢᠨ ᠭᠣᠣᠯ ᠠᠢᠮᠠᠭ 39 ᠵᠤᠷᠪᠤᠰ ᠦᠢᠯᠡᠴᠢᠯᠡᠭᠡᠨ᠎ᠤ ᠤᠲᠠᠰᠤ ᠎ᠶ᠋ᠢ ᠨᠡᠢᠳᠭᠡᠵᠦ᠍᠂ ᠠᠵᠢᠯ᠎ᠤᠨ ᠡᠬᠦᠷᠬᠡ᠎ᠶ᠋ᠢ ᠬᠦᠯᠢᠶᠡᠨ ᠠᠪᠴᠤ᠌ ᠱᠢᠢᠳᠪᠦᠷᠢᠯᠡᠬᠦ᠌ ᠴᠠᠭ᠎ᠢ 2 ᠮᠢᠨᠦ᠋ᠲ᠎ᠦᠨ ᠳᠣᠲᠣᠷ᠎ᠠ ᠪᠠᠭᠠᠰᠭᠠᠵᠤ᠂ ᠴᠠᠭ ᠢᠮᠠᠭᠳᠠ ᠤᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶ᠋ᠢ ᠬᠦᠯᠢᠶᠡᠨ ᠠᠪᠴᠤ᠌᠂ ᠴᠠᠭ ᠲᠤᠬᠠᠢ ᠳ᠋ᠤᠨᠢ ᠵᠤᠬᠢᠰᠲᠠᠢ ᠰᠢᠢᠳᠪᠦᠷᠢᠯᠡᠵᠦ ᠦᠭᠪᠡ᠃ ᠡᠨᠡ ᠵᠢᠯ᠎ᠦᠨ ᠨᠢᠭᠡᠳᠦᠭᠡᠷ ᠤᠯᠠᠷᠢᠯ᠎ᠳᠤ᠂ 《12345》 ᠦᠢᠯᠡᠴᠢᠯᠡᠭᠡᠨ᠎ᠤ ᠤᠲᠠᠰᠤ ᠪᠡᠷ ᠠᠷᠠᠳ᠎ᠤᠨ ᠠᠮᠢᠳᠤᠷᠠᠯ᠎ᠤᠨ ᠲᠥᠷᠥᠯ᠎ᠦᠨ ᠦᠶ᠋ᠯᠡᠴᠢᠯᠡᠭᠡᠨ᠎ᠦ ᠵᠦᠶ᠋ᠯᠡᠰ᠎ᠢ ᠨᠡᠢᠲᠡ 7.1 ᠲᠦᠮᠡ ᠭᠠᠷᠤᠶ ᠭᠥᠯᠢᠶᠡᠨ ᠠᠪᠴᠤ ᠱᠢᠶ᠋ᠳᠪᠦᠷᠢᠯᠡᠵᠦ᠍᠂ 6.9 ᠲᠦᠮᠡᠨ ᠵᠦᠶ᠋ᠯᠡᠰ᠎ᠢ ᠱᠢᠶ᠋ᠳᠪᠦᠷᠢᠯᠡᠨ ᠳᠠᠭᠤᠰᠭᠠᠵᠤ᠂ ᠴᠠᠭ ᠲᠤᠬᠠᠶ᠎ᠳᠤᠨᠢ ᠱᠢᠶ᠋ᠳᠪᠦᠷᠢᠯᠡᠵᠦ᠍ ᠳᠠᠭᠤᠰᠭᠠᠭ᠍ᠰᠠᠨ ᠨᠣᠷᠮ᠎ᠠ ᠨᠢ 99.83% ᠪᠠᠢᠵᠤ᠂ ᠣᠯᠠᠨ ᠲᠦᠮᠡᠨ ᠰᠡᠳᠭᠢᠯ ᠬᠠᠨᠤᠮᠵᠢᠲᠠᠶ ᠪᠤᠯᠤᠬᠰᠠᠨ ᠨᠣᠷᠮ᠎ᠠ ᠨᠢ 99.46% ᠪᠣᠯᠵᠠᠶ᠃

ᠪᠠᠷᠠᠭᠤᠨ ᠦᠵᠦᠮᠦᠴᠢᠨ ᠬᠣᠱᠢᠭᠤᠨ᠎ᠤ ᠪᠠᠯᠭᠠᠷᠭᠤᠤᠯ ᠪᠠᠯᠭᠠᠰᠤ 《ᠨᠠᠮ᠎ᠤᠨ ᠭᠡᠱᠢᠭᠦᠨ +》 ᠵᠠᠭ᠍ᠪᠤᠷ ᠎ᠢᠶᠠᠷ ᠲᠤᠰᠢᠶᠠᠯ᠎ᠳᠤ ᠪᠠᠢᠭ᠎ᠠ ᠨᠠᠮ᠎ᠤᠨ ᠭᠡᠱᠢᠭᠦᠨ᠂ ᠨᠡᠢᠭᠡᠮ ᠲᠣᠭᠣᠷᠢᠭ᠎ᠤᠨ ᠨᠠᠮ᠎ᠤᠨ ᠭᠡᠱᠢᠭᠦᠨ᠂ ᠠᠵᠢᠯ ᠡᠴᠠ᠎ᠪᠠᠨ ᠲᠠᠷᠬᠠᠯᠠᠭᠳᠠᠭᠰᠠᠨ ᠪᠠ ᠠᠵᠢᠯ᠎ᠠᠴᠠ᠎ᠪᠠᠨ ᠠᠮᠠᠷᠠᠭ᠍ᠰᠠᠨ ᠨᠠᠮ᠎ᠤᠨ ᠭᠡᠱᠢᠭᠦᠳ ᠬᠠᠮᠳᠤᠷᠠᠨ ᠨᠡᠢᠭᠡᠮ ᠲᠣᠭᠣᠷᠢᠭ᠎ᠤᠨ ᠥᠷᠭᠡᠨ ᠤᠯᠠᠨ ᠰᠠᠭᠤᠭᠠᠯᠢ ᠠᠷᠠᠳ᠎ᠢ ᠲᠠᠢ᠌ᠴᠢᠯᠠᠨ ᠬᠤᠳᠠ ᠪᠠᠯᠭᠠᠰᠤᠨ᠎ᠤ ᠪᠦᠳᠦᠭᠡᠨ ᠪᠠᠢᠭᠤᠯᠤᠯᠲᠠ ᠪᠠ ᠬᠥᠭ᠌ᠵᠢᠯᠲᠡ᠎ᠳᠦ ᠬᠠᠮᠲᠤ᠎ᠪᠠᠷ ᠣᠷᠣᠯᠴᠠᠭᠤᠯᠵᠤ᠂ ᠤᠯᠠᠨ ᠲᠦᠮᠡᠨ᠎ᠳᠦ ᠲᠤᠯᠭᠠᠷᠠᠭᠰᠠᠨ ᠬᠦᠴᠢᠷ ᠲᠦᠪᠡᠭᠳᠡᠢ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠪᠡᠯᠡ ᠮᠥᠩᠭᠥ ᠵᠣᠬᠢᠴᠠᠭᠤᠯᠬᠤ᠂ ᠵᠤᠬᠢᠰᠲᠠᠢ ᠰᠢᠢᠳᠪᠦᠷᠢᠯᠡᠬᠦ᠂ ᠦᠢᠯᠡᠴᠢᠯᠡᠭᠡ ᠬᠠᠡᠭᠭᠠᠵᠤ᠂ ᠡᠯ᠎ᠡ ᠲᠦᠷᠦᠯ᠎ᠦᠨ ᠳᠠᠪᠠᠭᠤᠯᠢᠭ ᠡᠬᠢ ᠪᠠᠶᠠᠯᠢᠭ ᠎ᠤᠨ ᠦᠨᠳᠦᠰᠦᠨ ᠱᠠᠲᠤᠨ᠎ᠳᠤ ᠬᠤᠷᠠᠮᠳᠤᠬᠤ᠎ᠶ᠋ᠢ ᠪᠦᠲᠦᠮᠵᠢᠲᠡᠶ᠎ᠪᠡᠷ ᠠᠬᠢᠭᠤᠯᠪᠠ᠃

ᠪᠠᠯᠭᠠᠷᠭᠤᠤᠯ ᠪᠠᠯᠭᠠᠰᠤᠨ᠎ᠤ ᠨᠠᠮ᠎ᠤᠨ ᠬᠣᠷᠢᠶᠠᠨ᠎ᠤ ᠱᠦᠵᠢ ᠸᠠᠩ ᡁᠢ ᠵᠢᠶ᠍ᠸ᠄《ᠪᠣᠯᠪᠠᠰᠤᠨ ᠬᠣᠲᠠ ᠪᠠᠯᠭᠠᠰᠤ᠎ᠶ᠋ᠢ ᠡᠭᠦᠳᠦᠨ ᠪᠠᠢᠭᠤᠯᠬᠤ ᠶᠠᠪᠤᠴᠠ᠎ᠳᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ〈ᠪᠡᠬᠢᠯᠡᠯᠲᠡ〉 ᠵᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠨᠠᠮ᠎ᠤᠨ ᠵᠣᠬᠢᠶᠠᠨ ᠪᠠᠢᠭᠤᠯᠤᠯᠲᠠ ᠎ᠶ᠋ᠢᠨ ᠳᠠᠪᠠᠭᠤᠯᠢᠭ᠎ᠢ ᠦᠨᠡᠨ ᠬᠦ᠌ ᠨᠡᠢᠭᠡᠮ ᠲᠣᠭᠣᠷᠢᠭ᠎ᠤᠨ ᠵᠠᠰᠠᠯᠲᠠ᠎ᠶ᠋ᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠥᠷᠭᠡᠨ ᠤᠯᠠᠨ ᠰᠠᠭᠤᠭᠠᠯᠢ ᠠᠷᠠᠳ᠎ᠤᠨ ᠬᠦᠷᠲᠡᠮᠵᠢ᠎ᠶ᠋ᠢᠨ ᠲᠦᠷᠦᠭ᠌ᠳᠡᠯ᠂ ᠵᠣᠯ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ᠎ᠦ ᠲᠦᠷᠦᠭ᠌ᠳᠡᠯ᠎ᠢ ᠲᠠᠰᠤᠷᠠᠯᠳᠡ ᠦᠭᠡᠢ ᠳᠡᠭᠡᠭ᠌ᠰᠢᠯᠡᠭᠦᠯᠦᠨ᠎ᠡ》 ᠬᠡᠵᠦ ᠬᠡᠯᠡᠪᠠ᠃

ᠠᠷᠠᠳ ᠤᠯᠠᠨ᠎ᠤ ᠵᠤᠯ ᠵᠢᠷᠭᠠᠯ᠎ᠤᠨ ᠵᠢᠭᠠᠯᠳᠠ ᠲᠤᠭ᠎ᠠ ᠵᠢ ᠲᠡᠭᠡᠭᠰᠢᠯᠡᠭᠦᠯᠦᠨ᠎ᠡ

ᠱᠢᠯᠢᠩᠬᠣᠲᠠ᠎ᠶ᠋ᠢᠨ ᠬᠤᠸᠠ ᠶᠢᠦ ᠪᠠᠭ᠎ᠠ ᠲᠣᠭᠣᠷᠢᠭ᠎ᠲᠤ ᠣᠷᠣᠪᠠᠯ ᠦᠨᠴᠦᠭ ᠪᠤᠯᠤᠡᠭ ᠪᠦᠷᠢ ᠳ᠋ᠤᠨᠢ ᠬᠢᠨᠠᠨ ᠡᠵᠡᠮᠳᠡᠬᠦ᠌ ᠲᠥᠬᠥᠭᠡᠷᠦᠮᠵᠢ ᠤᠭᠰᠠᠷᠠᠬᠳᠠᠵᠦ᠂ ᠵᠠᠮ᠎ᠨᠢ ᠲᠡᠭᠰᠢ ᠰᠢᠯᠤᠭᠤᠨ ᠮᠦᠷᠳᠡᠬᠡᠨ ᠪᠠᠰᠠ ᠦᠵᠡᠮᠵᠢ ᠭᠤᠶᠤᠬᠠᠨ ᠨᠤᠭᠤᠭᠠᠷᠠᠭᠤᠯᠤᠯᠳᠠ ᠵᠢᠨ ᠪᠦᠰᠡ ᠭᠠᠷᠭᠠᠵᠤ᠂ 30 ᠭᠠᠷᠤᠢ ᠵᠢᠯ᠎ᠤᠨ ᠲᠡᠤᠬᠡ ᠲᠠᠢ ᠡᠨᠡ ᠬᠦ᠌ ᠬᠠᠭᠤᠴᠢᠨ ᠰᠠᠭᠤᠭᠠᠯᠢ ᠲᠤᠭᠤᠷᠢᠭ ᠰᠢᠨ᠎ᠡ ᠲᠦᠷᠬᠦ ᠪᠡᠷ ᠰᠤᠯᠢᠭᠳᠠᠭᠰᠠᠨ ᠬᠠᠷᠠᠭᠳᠠᠨ᠎ᠠ᠃ ᠪᠤᠯᠪᠠᠰᠤᠨ ᠬᠤᠳᠠ ᠵᠢ ᠪᠠᠢᠭᠤᠯᠬᠤ ᠠᠵᠢᠯ᠎ᠢ ᠡᠬᠢᠯᠡᠭᠦᠯᠦᠭ᠌ᠰᠡᠨ᠎ᠡᠴᠡ ᠨᠠᠭᠠᠰᠢ᠂ ᠤᠮᠠᠷᠠᠲᠤ᠎ᠶ᠋ᠢᠨ ᠴᠢᠯᠠᠭᠤᠨ ᠲᠤᠰᠤᠨ᠎ᠤ ᠡᠷᠢᠶᠡᠨ ᠬᠤᠳᠠ᠎ᠶ᠋ᠢᠨ ᠬᠤᠪᠢᠶᠠᠷᠢ ᠺᠣᠮᠫᠠᠨᠢ ᠲᠤᠰ ᠪᠠᠭ᠎ᠠ ᠲᠣᠭᠣᠷᠢᠭ᠎ᠤᠨ ᠳᠠᠭᠠᠭᠠᠴᠢᠯᠠᠨ ᠬᠣᠯᠪᠣᠭᠠᠯᠠᠬᠤ ᠨᠢᠭᠡᠴᠢ ᠪᠣᠯᠤᠭ᠍ᠰᠠᠨ᠎ᠤ ᠬᠤᠪᠢ᠎ᠳᠤ ᠪᠠᠭ᠎ᠠ ᠲᠣᠭᠣᠷᠢᠭ᠎ᠢ ᠥᠭᠡᠷᠡᠴᠢᠯᠡᠨ ᠪᠠᠢᠭᠤᠯᠬᠤ ᠢᠨᠵᠧᠨᠧᠷᠢᠩ᠎ᠢ ᠬᠡᠷᠡᠭᠵᠢᠭᠦᠯᠵᠦ᠂ ᠨᠡᠢ᠌ᠳᠡ 800 ᠲᠦᠮᠡᠨ ᠲᠥᠭᠥᠷᠢᠭ᠎ᠦᠨ ᠪᠡᠯᠡ ᠣᠷᠣᠭᠤᠯᠤᠨ᠂ ᠪᠠᠭ᠎ᠠ ᠲᠣᠭᠣᠷᠢᠭ᠎ᠤᠨ ᠣᠷᠴᠢᠨ ᠲᠣᠭᠣᠷᠢᠨ᠎ᠢ᠎ᠶᠡᠷᠦᠩᠬᠡᠢᠯᠡᠨ ᠵᠠᠰᠠᠵᠤ᠂ ᠬᠠᠭᠤᠴᠢᠷᠬᠠᠰᠠᠨ ᠬᠣᠭᠣᠯᠠᠢ᠎ᠶ᠋ᠢ ᠰᠣᠯᠢᠵᠤ᠂ ᠪᠠᠭ᠎ᠠ ᠲᠣᠭᠣᠷᠢᠭ᠎ᠤᠨ 1700 ᠭᠠᠷᠤᠢ ᠡᠷᠦᠬᠡ ᠰᠠᠭᠤᠭᠠᠯᠢ ᠠᠷᠠᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠵᠡᠢ᠃

ᠱᠢᠯᠢᠩᠬᠣᠲᠠ 《ᠣᠯᠠᠨ ᠲᠦᠮᠡᠨ ᠎ᠦ ᠬᠦᠴᠢᠷᠳᠡᠯ ᠎ᠢ ᠱᠢᠶ᠋ᠳᠪᠦᠷᠢᠯᠡᠵᠦ᠍᠂ ᠣᠯᠠᠨ ᠲᠦᠮᠡᠨ ᠳ᠋ᠦ ᠲᠥᠬᠥᠮ ᠦᠵᠡᠭᠦᠯᠵᠦ᠍᠂ ᠣᠯᠠᠨ ᠲᠦᠮᠡᠨ᠎ᠳᠦ ᠠᠱᠢᠭ ᠬᠦᠷᠲᠡᠭᠡᠬᠦ᠌ 》 ᠶ᠋ᠢ ᠪᠤᠯᠪᠠᠰᠤᠨ ᠬᠤᠳᠠ ᠵᠢ ᠪᠠᠢᠭᠤᠯᠬᠤ ᠠᠵᠢᠯᠯᠠᠭ᠎ᠠ᠎ᠶ᠋ᠢᠨ ᠦᠨᠳᠦᠰᠦᠨ ᠪᠠᠷᠢᠮᠵᠢᠶ᠎ᠠ ᠪᠣᠯᠭᠠᠵᠤ᠂ ᠵᠢᠯ ᠪᠦᠷᠢ ᠡᠳ᠋᠎ᠦᠨ ᠵᠠᠰᠠᠭ᠎ᠤᠨ ᠵᠠᠷᠤᠯᠭ᠎ᠠ᠎ᠶ᠋ᠢᠨ ᠵᠢᠡᠨ 70% ᠡᠴᠡ ᠳᠡᠭᠡᠭ᠌ᠰᠢᠬᠢ᠎ᠶ᠋ᠢ ᠠᠷᠠᠳ᠎ᠤᠨ ᠠᠮᠢᠳᠤᠷᠠᠯ᠎ᠤᠨ ᠬᠦᠷᠢᠶᠡᠨ᠎ᠳᠦ ᠬᠡᠷᠡᠭᠯᠡᠵᠥ ᠂ ᠬᠣᠲᠠ᠎ᠶ᠋ᠢᠨ ᠵᠠᠮ ᠵᠢᠴᠢ ᠢᠵᠢ ᠪᠥᠷᠢᠳᠦᠭᠦᠯᠦᠭᠰᠡᠨ ᠲᠦᠬᠦᠭᠡᠷᠦᠮᠵᠢ᠂ ᠬᠣᠲᠠ᠎ᠶ᠋ᠢᠨ ᠶᠠᠪᠤᠳᠠᠯ᠎ᠤᠨ ᠰᠡᠯᠪᠢᠨ ᠵᠠᠰᠠᠯᠲᠠ᠂ ᠤᠰᠤ ᠬᠠᠩᠭᠠᠬᠤ ᠤᠰᠤ ᠵᠠᠯᠠᠬᠤ᠎ᠶ᠋ᠢ ᠪᠠᠲᠤᠯᠠᠬᠤ᠂ ᠴᠡᠴᠡᠷᠯᠢᠭ᠌ᠵᠢᠭᠦᠯᠦᠨ ᠨᠣᠭᠣᠭᠠᠷᠠᠭᠤᠯᠬᠤ᠂ ᠬᠠᠭᠤᠴᠢᠨ ᠰᠠᠭᠤᠭᠠᠯᠢ ᠠᠷᠠᠳ ᠎ᠤᠨ ᠲᠣᠭᠣᠷᠢᠭ᠎ᠢ ᠥᠭᠡᠷᠡᠴᠢᠯᠡᠬᠦ᠌ ᠵᠡᠷᠭᠡ ᠨᠢᠭᠡ ᠪᠦᠯᠦᠭ ᠠᠷᠠᠳ᠎ᠤᠨ ᠠᠮᠢᠳᠤᠷᠠᠯ᠎ᠳᠦ ᠬᠤᠯᠪᠤᠭᠳᠠᠭᠰᠠᠨ ᠬᠣᠲᠠ ᠎ᠶ᠋ᠢᠨ ᠪᠦᠲᠦᠬᠡᠨ ᠪᠠᠢᠭᠤᠯᠤᠯᠲᠠ᠎ᠶ᠋ᠢᠨ ᠢᠨᠵᠧᠨᠧᠷᠢᠩ᠎ᠢ ᠲᠥᠪᠯᠡᠷᠡᠭᠦᠯᠦᠨ ᠬᠡᠷᠡᠭ᠌ᠵᠢᠭᠦᠯᠪᠡ᠃

ᠣᠢᠯᠠᠭᠠᠭ᠍ᠰᠠᠨ᠎ᠢᠶᠠᠷ᠂ ᠡᠨᠡ ᠵᠢᠯ᠎ᠳᠤ ᠲᠣᠰ ᠬᠣᠲᠠ 84 ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠎ᠢ ᠥᠭᠡᠷᠡᠴᠢᠯᠡᠨ ᠪᠠᠢᠭᠤᠯᠬᠤ ᠲᠥᠷᠥᠯ ᠵᠦᠶ᠋ᠯ᠎ᠢ ᠬᠡᠷᠡᠭ᠌ᠵᠢᠭᠦᠯᠬᠦ᠌᠎ᠪᠡᠷ ᠲᠥᠯᠥᠪᠯᠡᠵᠦ᠍᠂ ᠡᠭᠦᠨ᠎ᠳᠦ 167 ᠰᠠᠭᠤᠷᠢ ᠠᠰᠠᠷ᠂ 4742 ᠡᠷᠦᠬᠡ ᠰᠠᠭᠤᠭᠠᠯᠢ ᠠᠷᠠᠳ᠎ᠲᠠᠶ ᠬᠣᠯᠪᠣᠭ᠍ᠳᠠᠵᠤ᠂ ᠪᠠᠷᠢᠯᠭ᠎ᠠ᠎ᠶ᠋ᠢᠨ ᠲᠠᠯᠠᠪᠠᠶ ᠨᠢ 47.61 ᠲᠦᠮᠡᠨ ᠲᠡᠭ᠌ᠰᠢ ᠳᠥᠷᠪᠡᠯᠵᠢᠨ ᠮᠧᠲ᠋ᠷ ᠲᠤ᠌ ᠬᠦᠷᠦᠭᠰᠡᠨ ᠪᠠᠢᠨ᠎ᠠ᠃ ᠨᠡᠢᠲᠡ 2.95 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠬᠤ᠎ᠪᠠᠷ ᠲᠦᠯᠦᠪᠵᠢᠭᠦᠯᠵᠦ᠂ ᠣᠳᠣ 884 ᠲᠦᠮᠡᠨ ᠲᠥᠭᠥᠷᠢᠭ᠎ᠦᠨ ᠪᠠᠯᠠ ᠣᠷᠣᠭᠤᠯᠵᠦ᠍᠂ 23 ᠪᠠᠭ᠎ᠠ ᠲᠣᠭᠣᠷᠢᠭ᠎ᠢ ᠥᠭᠡᠷᠡᠴᠢᠯᠡᠨ ᠪᠠᠢᠭᠤᠯᠪᠠ; ᠪᠦᠬᠦ᠌ ᠬᠤᠳᠠ᠎ᠶ᠋ᠢᠨ ᠡᠪᠳᠡᠷᠡᠵᠦ᠍ ᠬᠠᠭᠤᠴᠢᠷᠠᠭᠰᠠᠨ ᠵᠠᠮ᠎ᠤᠨ ᠭᠠᠳᠠᠷᠭᠤ᠎ᠶ᠋ᠢ 1 ᠲᠦᠮᠡᠨ ᠲᠡᠭ᠌ᠰᠢ ᠳᠥᠷᠪᠡᠯᠵᠢᠨ ᠮᠧᠲ᠋ᠷ ᠰᠡᠯᠪᠢᠨ ᠵᠠᠰᠠᠪᠠ; ᠬᠣᠲᠠ᠎ᠶ᠋ᠢᠨ ᠵᠠᠮ᠎ᠤᠨ ᠤᠰᠤᠯᠠᠯᠲᠠ᠎ᠶ᠋ᠢᠨ ᠱᠤᠭᠤᠮ᠎ᠢ 15 ᠲᠦᠮᠡᠨ ᠮᠧᠲ᠋ᠷ ᠱᠢᠶ᠋ᠳᠪᠦᠷᠢᠯᠡᠵᠦ᠍᠂ ᠰᠡᠯᠪᠢᠨ ᠵᠠᠰᠠᠭ᠍ᠰᠠᠨ ᠶᠠᠪᠠᠭᠠᠨ ᠬᠥᠮᠦᠨ᠎ᠦ ᠵᠠᠮ᠎ᠤᠨ ᠲᠠᠯᠠᠪᠠᠶ ᠪᠠᠷᠤᠭ 1.2 ᠲᠦᠮᠡᠨ ᠲᠡᠭ᠌ᠰᠢ ᠳᠥᠷᠪᠡᠯᠵᠢᠨ ᠮᠧᠲ᠋ᠷ᠎ᠲᠦ ᠬᠦᠷᠴᠡᠶ᠃

ᠬᠥᠪᠡᠭᠡᠲᠦ ᠱᠢᠷ᠎ᠠ ᠬᠣᠱᠢᠭᠤ《ᠤᠳᠤᠷᠢᠳᠤᠯᠭ᠎ᠠ ᠡᠴᠡ ᠬᠠᠮᠢᠶᠠᠷᠬᠤ》ᠠᠵᠢᠯ᠎ᠤᠨ ᠲᠣᠭ᠍ᠲᠠᠴᠠ᠎ᠶ᠋ᠢ ᠪᠠᠢᠭᠤᠯᠵᠤ᠂ ᠲᠤᠰ ᠬᠣᠱᠢᠭᠤᠨ᠎ᠤ ᠵᠠᠰᠠᠭ᠎ᠤᠨ ᠣᠷᠳᠣᠨ᠎ᠤ ᠰᠠᠭᠤᠭ᠎ᠠ ᠱᠢᠨᠡᠪᠤᠯᠠᠭ ᠪᠠᠯᠭᠠᠰᠤ᠎ᠶ᠋ᠢ 13 ᠵᠡᠭᠡᠯᠢ᠂ 6 ᠬᠡᠰᠡᠭ᠂ 35 ᠲᠣᠭᠣᠷᠢᠭ ᠪᠣᠯᠭᠠᠨ ᠬᠤᠪᠢᠶᠠᠵᠤ᠂ ᠭᠠᠵᠠᠷ᠎ᠤᠨ ᠲᠠᠰ᠎ᠤᠨ ᠤᠳᠤᠷᠢᠳᠤᠯᠭ᠎ᠠ ᠡᠴᠡ ᠵᠡᠭᠡᠯᠢ᠎ᠶ᠋ᠢᠨ ᠳᠠᠷᠤᠭ᠎ᠠ᠂ ᠵᠠᠮ᠎ᠤᠨ ᠳᠠᠷᠤᠭ᠎ᠠ᠎ᠶ᠋ᠢᠨ ᠲᠤᠱᠢᠶᠠᠯ᠎ᠢ ᠡᠭᠦᠷᠭᠡᠯᠡᠵᠦ᠍᠂ ᠪᠠᠯᠭᠠᠰᠤᠨ᠎ᠤ ᠤᠳᠤᠷᠢᠳᠭᠤ ᠪᠠᠭ᠎ᠤᠨ ᠪᠦᠷᠢᠯᠳᠦᠬᠦᠨ᠎ᠡᠴᠡ ᠬᠡᠰᠡᠭ᠎ᠦᠨ ᠳᠠᠷᠤᠭ᠎ᠠ᠎ᠶ᠋ᠢᠨ ᠲᠤᠱᠢᠶᠠᠯ᠎ᠢ ᠬᠠᠷᠢᠭᠤᠴᠠᠵᠤ᠂ ᠡᠯ᠎ᠡ ᠳᠠᠭᠠᠭᠠᠴᠢᠯᠠᠨ ᠬᠣᠯᠪᠣᠭᠠᠯᠠᠭ᠍ᠰᠠᠨ ᠨᠢᠭᠡᠴᠢ᠎ᠡᠴᠡ ᠲᠣᠭᠣᠷᠢᠭ᠎ᠤᠨ ᠳᠠᠷᠤᠭ᠎ᠠ᠎ᠶ᠋ᠢᠨ ᠲᠤᠱᠢᠶᠠᠯ᠎ᠢ ᠡᠭᠦᠷᠭᠡᠯᠡᠵᠦ᠍᠂ ᠣᠶᠤᠨ᠎ᠤ ᠪᠣᠯᠪᠠᠰᠤᠨ᠎ᠢ ᠡᠭᠦᠳᠦᠨ ᠪᠠᠢᠭᠤᠯᠬᠤ ᠪᠣᠳᠠᠲᠠᠶ ᠡᠭᠦᠷᠭᠡ᠎ᠶ᠋ᠢᠨ ᠨᠠᠷᠢᠨ ᠲᠠᠩᠰᠠ᠎ᠶ᠋ᠢ ᠲᠤᠬᠠᠢ ᠵᠢᠨ ᠪᠠᠢᠭᠤᠯᠭ᠎ᠠ ᠨᠢᠭᠡᠴᠢ᠂ ᠪᠣᠳᠠᠲᠠᠶ ᠬᠥᠮᠦᠨ᠎ᠳᠦ ᠨᠠᠢᠳᠠᠪᠤᠷᠢᠵᠢᠭᠤᠯᠤᠨ᠂ ᠴᠠᠭ᠎ᠤᠨ ᠬᠦᠰᠦᠨᠦᠭ᠌᠂ ᠴᠤᠪᠤᠷᠠᠯ ᠎ᠤᠨ ᠵᠢᠷᠤᠭ᠎ᠢ ᠲᠣᠳᠣᠷᠬᠠᠢᠯᠠᠪᠠ᠃

《ᠵᠠᠮ᠎ᠤᠨ ᠳᠠᠷᠤᠭ᠎ᠠ᠎ᠶ᠋ᠢᠨ ᠳᠦᠷᠢᠮ》᠂《ᠬᠡᠰᠡᠭ᠎ᠦᠨ ᠳᠠᠷᠤᠭ᠎ᠠ᠎ᠶ᠋ᠢᠨ ᠳᠦᠷᠢᠮ》᠂《ᠲᠣᠭᠣᠷᠢᠭ᠎ᠤᠨ ᠳᠠᠷᠤᠭ᠎ᠠ᠎ᠶ᠋ᠢᠨ ᠳᠦᠷᠢᠮ》᠎ᠢ᠋ ᠬᠡᠷᠡᠭ᠌ᠵᠢᠭᠦᠯᠬᠦ᠌᠎ᠪᠡᠷ ᠳᠠᠮᠵᠢᠭᠤᠯᠤᠨ᠂ ᠬᠦᠪᠡᠭᠡᠲᠦ ᠰᠢᠷ᠎ᠠ ᠬᠤᠰᠢᠭᠤ ᠬᠣᠱᠢᠭᠤᠨ᠎ᠤ ᠡᠯ᠎ᠡ ᠰᠠᠯᠠᠭ᠎ᠠ ᠮᠥᠴᠢᠷ ᠨᠢᠭᠡᠴᠢ ᠬᠣᠯᠪᠣᠭᠠᠯᠠᠨ ᠬᠥᠳᠡᠯᠦᠯᠴᠡᠵᠦ᠍᠂ ᠤᠯᠠᠨ ᠲᠦᠮᠡᠨ᠎ᠤ ᠤᠷᠤᠯᠴᠠᠯᠭ᠎ᠠ᠎ᠶ᠋ᠢ ᠭᠦᠢᠴᠡᠳ ᠪᠠᠳᠠᠷᠠᠭᠤᠯᠵᠤ᠂ ᠬᠣᠱᠢᠭᠤᠨ᠎ᠤ ᠪᠠᠠ ᠰᠠᠭᠤᠷᠢ ᠲᠥᠬᠥᠭᠡᠷᠦᠮᠵᠢ᠎ᠶ᠋ᠢᠨ ᠳᠦᠷᠰᠦ ᠪᠠᠢᠳᠠᠯ᠎ᠢ ᠦᠨᠡᠨ ᠬᠦ᠌ ᠬᠤᠪᠢᠷᠠᠭᠤᠯᠵᠤ᠂ ᠠᠷᠠᠳ ᠣᠯᠠᠨ᠎ᠳᠤ ᠠᠵᠤ ᠲᠦᠷᠦᠬᠦ ᠳ᠋ᠤ ᠲᠤᠬᠢᠷᠠᠮᠵᠢᠳᠠᠢ ᠣᠷᠴᠢᠨ ᠲᠣᠭᠣᠷᠢᠨ ᠎ᠢ ᠡᠭᠦᠳᠦᠨ ᠥᠭ᠌ᠴᠦ᠂ ᠲᠡᠳᠡᠨ᠎ᠳᠦ ᠣᠶᠤᠨ᠎ᠤ ᠪᠣᠯᠪᠠᠰᠤᠨ᠎ᠤ ᠪᠠᠢᠭᠤᠯᠤᠯᠲᠠ ᠎ᠶ᠋ᠢᠨ ᠦᠷ᠎ᠡ ᠪᠦᠲᠦᠮᠵᠢ ᠪᠠ ᠬᠤᠪᠢᠷᠠᠯᠲᠠ᠎ᠶ᠋ᠢ ᠦᠨᠡᠨ ᠬᠦ᠌ ᠮᠡᠳᠡᠷᠡᠭᠦᠯᠵᠦ᠍᠂ ᠠᠷᠠᠳ ᠣᠯᠠᠨ᠎ᠤ ᠵᠣᠯ ᠵᠢᠷᠭᠠᠯ᠎ᠤᠨ ᠵᠢᠭᠠᠯᠲᠠ ᠲᠣᠭ᠎ᠠ᠎ᠶ᠋ᠢ ᠦᠨᠡᠨ ᠬᠦ᠌ ᠳᠡᠭᠡᠭ᠌ᠰᠢᠯᠡᠭᠦᠯᠵᠦ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面