ᠱᠢᠨ᠎᠎ᠡ ᠴᠠᠭ ᠦᠶ᠎ᠡ᠎ᠳ᠋ᠦ᠍ ᠭᠠᠪᠢᠶ᠎ᠠ ᠪᠠᠢᠭᠤᠯᠤᠶ᠎ᠠ > ᠮᠡᠳᠡᠭᠡᠯᠡᠯ

2022-07-25 09:48:07

ᠵᠣᠬᠢᠶᠠᠭ᠍ᠴᠢ᠄ ᠭᠣᠣ ᠮᠢᠨ ᠨᠠ ᠣᠩᠱᠢᠭ᠍ᠰᠠᠨ ᠣᠳᠠᠭ᠎ᠠ᠄ 3

ᠤᠢ᠍ᠢᠷ᠎ᠠ ᠢ᠋ᠢᠨ ᠵᠢᠯ ᠡᠴᠡ ᠨᠠᠭᠠᠰᠢ᠂ ᠬᠢᠩᠭᠠᠨ ᠠᠢᠮᠠᠭ ᠪᠣᠯᠪᠠᠰᠤᠨ᠎ᠢ᠋ ᠡᠬᠦᠳᠤᠨ ᠪᠠᠢᠭᠤᠯᠬᠤ ᠢ᠋ᠢ ᠬᠥᠭ᠌ᠵᠢᠯᠲᠡ ᠢ᠋ᠢᠨ ᠶᠠᠪᠤᠴᠡ ᠪᠦᠬᠦᠨ ᠳ᠋ᠡᠬᠡᠨ ᠠᠭᠤᠰᠤᠯᠴᠠᠭᠤᠯᠵᠤ᠂ ᠭᠡᠰᠡᠭ ᠭᠠᠵᠠᠷ᠎ᠢ ᠭᠤᠶᠤᠵᠢᠭᠤᠯᠵᠤ ᠪᠠᠢᠭᠰᠠᠨ ᠡᠴᠡ ᠪᠠᠨ ᠪᠦᠬᠦᠨ᠎ᠢ ᠭᠤᠶᠤᠵᠢᠭᠤᠯᠬᠤ ᠬᠦᠷᠳᠡᠯ᠎ᠠ᠂ 《ᠣᠷᠴᠢᠨ ᠲᠣᠭᠣᠷᠢᠨ ᠭᠤᠶᠤ》 ᠡᠴᠡ《ᠠᠮᠢᠳᠤᠷᠠᠯ ᠲᠠᠪᠠᠳᠠᠢ》 ᠬᠦᠷᠳᠠᠯ᠎ᠠ ᠁ ᠪᠤᠯᠪᠠᠰᠤᠨ ᠨᠢ ᠬᠢᠩᠭᠠᠨ ᠠᠢᠮᠠᠭ ᠤ᠋ᠨ ᠵᠣᠯ ᠵᠢᠷᠭᠠᠯᠳᠤ ᠠᠮᠢᠳᠤᠷᠠᠯ ᠤ᠋ᠨ ᠬᠠᠭᠤᠳᠠᠰᠤᠨ᠎ᠳᠤ ᠬᠠᠮᠤᠭ᠎ᠤᠨ ᠲᠤᠯᠠᠭᠠᠨ ᠡᠬᠡᠯᠢᠳᠡᠢ ᠦᠨᠭᠬᠡ ᠪᠤᠳᠤᠭ᠎ᠢ ᠶᠠᠬ ᠰᠠᠶᠢᠬᠠᠨ ᠰᠢᠮᠡᠳᠬᠡᠵᠦ ᠪᠠᠢᠭ᠎ᠠ ᠠᠵᠢ᠃

ᠪᠦᠬᠦ ᠲᠠᠯ᠎ᠠ ᠪᠠᠷ ᠲᠦᠯᠦᠪᠵᠢᠬᠦᠯᠵᠤ ᠬᠤᠳᠠ᠎ᠵᠢᠨ ᠵᠠᠰᠠᠯᠳᠠ ᠪᠠᠨ ᠨᠠᠡᠭ ᠨᠠᠷᠢᠯᠢᠭᠵᠢᠭᠤᠯᠤᠯ᠎ᠠ

《ᠡᠨᠡ ᠵᠠᠮ ᠰᠠᠭᠠᠳ ᠦᠬᠡᠢ ᠨᠡᠪᠳᠡᠷᠡᠬᠦ ᠪᠤᠯᠤᠯ᠎ᠠ᠂ ᠲᠠᠷᠠᠭ᠎ᠠ ᠪᠡᠷ ᠪᠢ ᠠᠵᠢᠯᠯᠠᠬᠤ ᠪᠡᠷ ᠶᠠᠪᠤᠬᠤ ᠳ᠋ᠠᠭᠠᠨ ᠲᠤᠭᠤᠷᠢᠵᠤ ᠶᠠᠪᠤᠬᠤ ᠬᠡᠷᠡᠭ ᠦᠬᠡᠢ ᠪᠤᠯᠵᠡᠢ》᠃ ᠬᠦ ᠴᠸᠨᠭ ᠵᠠᠮ ᠪᠣᠯ ᠤᠯᠠᠭᠠᠨᠬᠣᠲᠠ ᠢ᠋ᠢᠨ ᠰᠠᠭᠤᠭᠠᠯᠢ ᠠᠷᠠᠳ ᠴᠧᠨ ᠱᠦ᠍ ᠮᠢᠩ ᠤ᠋ᠨ ᠡᠳᠦᠷ ᠪᠦᠷᠢ ᠢ᠋ᠢᠨ ᠠᠵᠢᠯ ᠳ᠋ᠠᠭᠠᠨ ᠭᠠᠷᠬᠤ᠎ᠳᠤ ᠡᠷᠭᠡᠪᠰᠢ ᠥᠩᠭᠡᠷᠡᠬᠦ᠌ ᠵᠠᠮ ᠪᠣᠯᠤᠨ᠎ᠠ᠃ ᠥᠩᠭᠡᠷᠡᠭ᠌ᠰᠡᠨ ᠳ᠋ᠤ᠂ ᠡᠨᠡ ᠬᠦ᠌ 《ᠮᠤᠬᠤᠷ ᠵᠠᠮ》 ᠨᠢ ᠲᠡᠷᠡ ᠪᠠ ᠲᠡᠬᠦᠨ᠎ᠤ ᠤᠢ᠍ᠢᠷ᠎ᠠ ᠬᠠᠪᠢ ᠢ᠋ᠢᠨ ᠰᠠᠭᠤᠭᠠᠯᠢ ᠠᠷᠠᠳ ᠤ᠋ᠨ ᠶᠠᠪᠤᠵᠤ ᠰᠠᠭᠤᠬᠤ ᠳ᠋ᠤ ᠲᠦᠢᠯ ᠤ᠋ᠨ ᠲᠦᠬᠦᠮ ᠦᠬᠡᠢ ᠪᠠᠢᠵᠠᠢ᠃ ᠤᠳᠤ ᠲᠡᠭᠦᠨ ᠤ᠋ ᠬᠦᠰᠡᠭᠡᠳ ᠤᠳᠠᠭ᠍ᠰᠠᠨ ᠠᠷᠠᠳ ᠤ᠋ᠨ ᠠᠮᠢᠳᠤᠷᠠᠯ ᠤ᠋ᠨ ᠢᠨᠵᠧᠨᠧᠷᠢᠩ ᠠᠵᠢᠯ ᠵᠢᠡᠨ ᠡᠬᠢᠯᠡᠬᠦᠯᠵᠤ᠂ ᠵᠠᠮ ᠤᠳᠠᠯ ᠦᠬᠡᠢ ᠨᠡᠪᠳᠡᠷᠡᠬᠦ ᠪᠤᠯᠤᠯ᠎ᠠ᠃

《ᠮᠤᠬᠤᠷ ᠵᠠᠮ》 ᠢ᠋ ᠨᠡᠪᠲᠡᠷᠡᠭᠦᠯᠬᠦ᠌ ᠳ᠋ᠤ ᠵᠠᠮ ᠬᠠᠷᠢᠯᠴᠠᠭ᠎ᠠ ᠢ᠋ᠢ ᠰᠠᠭᠠᠳ ᠦᠭᠡᠢ ᠨᠡᠪᠳᠡᠷᠡᠬᠦᠯᠬᠦ ᠪᠡᠷ ᠪᠠᠷᠠᠬᠤ ᠦᠭᠡᠢ ᠨᠡᠩ ᠴᠤ᠌ ᠠᠷᠠᠳ ᠤ᠋ᠨ ᠰᠡᠳᠭᠢᠯ ᠢ᠋ ᠤᠯᠬᠤ ᠴᠢᠬᠤᠯᠠ ᠳᠠᠢ᠃ ᠣᠳᠣᠬᠠᠨ᠎ᠳᠤ᠂ ᠤᠯᠠᠭᠠᠨᠬᠣᠲᠠ 《ᠮᠤᠬᠤᠷ ᠵᠠᠮ》 ᠢ᠋ ᠵᠠᠰᠠᠬᠤ ᠠᠵᠢᠯᠯᠠᠭ᠎ᠠ ᠢ᠋ᠢ ᠪᠥᠬᠥ᠌ ᠲᠠᠯ᠎ᠠ᠎ᠪᠠᠷ ᠥᠷᠨᠢᠭᠦᠯᠵᠦ᠍᠂16552 ᠲᠦᠮᠡᠨ ᠲᠥᠭᠥᠷᠢᠭ ᠤ᠋ᠨ ᠪᠠᠯᠠ ᠣᠷᠣᠭᠤᠯᠵᠤ᠂ ᠶᠡᠷᠦᠩᠬᠡᠶ ᠣᠷᠳᠣ ᠨᠢ 11416 ᠮᠧᠲ᠋ᠷ ᠬᠦᠷᠬᠦ 14 ᠵᠤᠷᠪᠤᠰ 《ᠮᠤᠬᠤᠷ ᠵᠠᠮ》 ᠢ᠋ ᠲᠠᠰ ᠳᠡᠪᠱᠢᠭᠦᠯᠦᠨ ᠥᠭᠡᠷᠡᠴᠢᠯᠡᠬᠦ ᠪᠡᠷ ᠲᠦᠯᠦᠪᠯᠡᠵᠤ᠂ ᠪᠣᠳᠠᠲᠤ ᠠᠵᠢᠯᠯᠠᠭ᠎ᠠ᠎ᠪᠠᠷ ᠢ᠋ᠢᠡᠨ ᠣᠯᠠᠨ ᠲᠦᠮᠡᠨ ᠤ᠋ ᠬᠦᠴᠢᠷ ᠠᠰᠠᠭᠤᠳᠠᠯ ᠢ᠋ ᠰᠢᠢᠳᠪᠤᠷᠢᠯᠡᠨ ᠦᠭᠬᠦ ᠪᠡᠷ ᠪᠤᠢ᠃

ᠡᠨᠡ ᠵᠢᠯ ᠡᠴᠡ ᠨᠠᠭᠠᠰᠢ᠂ ᠤᠯᠠᠭᠠᠨᠬᠣᠲᠠ ᠨᠠᠷᠢᠯᠢᠬ᠍ᠵᠢᠭᠤᠯᠤᠭ᠍ᠰᠠᠨ ᠬᠠᠮᠢᠶᠠᠷᠤᠯᠲᠠ ᠢ᠋ᠢᠨ ᠵᠠᠭᠤᠨ ᠵᠦᠶ᠋ᠯ ᠤ᠋ᠨ ᠠᠷᠠᠳ ᠤ᠋ᠨ ᠠᠮᠢᠳᠤᠷᠠᠯ ᠤ᠋ᠨ ᠪᠣᠳᠠᠲᠤ ᠶᠠᠪᠤᠳᠠᠯ ᠢ᠋ ᠡᠬᠢᠯᠡᠭᠦᠯᠵᠦ᠍᠂ ᠬᠣᠲᠠ ᠢ᠋ᠢᠨ ᠴᠢᠨᠠᠷ ᠰᠠᠢᠲᠠᠶ ᠬᠥᠭ᠌ᠵᠢᠯᠲᠡ ᠪᠡᠷ ᠬᠠᠷᠠᠯᠲᠠ ᠪᠣᠯᠭᠠᠵᠤ᠂ ᠣᠷᠣᠨ ᠰᠠᠭᠤᠴᠠ ᠢ᠋ᠢᠨ ᠣᠷᠴᠢᠨ ᠲᠣᠭᠣᠷᠢᠨ᠎ᠤ ᠶᠠᠰᠤ ᠴᠢᠨᠠᠷ ᠢ᠋ ᠳᠡᠭᠡᠭ᠌ᠰᠢᠯᠡᠭᠦᠯᠬᠦ᠌ ᠠᠵᠢᠯᠯᠠᠭ᠎ᠠ᠂ ᠵᠠᠮ ᠬᠠᠷᠢᠯᠴᠠᠭᠠᠨ ᠤ᠋ ᠶᠠᠰᠤ ᠴᠢᠨᠠᠷ ᠢ᠋ ᠳᠡᠭᠡᠭ᠌ᠰᠢᠯᠡᠭᠦᠯᠬᠦ᠌ ᠠᠵᠢᠯᠯᠠᠭ᠎ᠠ᠂ ᠠᠮᠢ ᠠᠬᠤᠶ ᠣᠷᠴᠢᠨ ᠲᠣᠭᠣᠷᠢᠨ᠎ᠤ ᠶᠠᠰᠤ ᠴᠢᠨᠠᠷ ᠢ᠋ ᠳᠡᠭᠡᠭ᠌ᠰᠢᠯᠡᠭᠦᠯᠬᠦ᠌ ᠠᠵᠢᠯᠯᠠᠭ᠎ᠠ᠂ ᠦᠨᠳᠦᠰᠦᠨ ᠦᠶ᠋ᠯᠡᠴᠢᠯᠡᠭᠡᠨ ᠤ᠋ ᠲᠥᠬᠥᠭᠡᠷᠦᠮᠵᠢ ᠢ᠋ᠢᠨ ᠶᠠᠰᠤ ᠴᠢᠨᠠᠷ ᠢ᠋ ᠳᠡᠭᠡᠭ᠌ᠰᠢᠯᠡᠭᠦᠯᠬᠦ᠌ ᠠᠵᠢᠯᠯᠠᠭ᠎ᠠ᠂ ᠬᠣᠲᠠ ᠢ᠋ᠢᠨ ᠳᠦᠷᠢ ᠲᠥᠷᠬᠦ᠌ ᠣᠷᠴᠢᠨ ᠲᠣᠭᠣᠷᠢᠨ᠎ᠤ ᠶᠠᠰᠤ ᠴᠢᠨᠠᠷ ᠢ᠋ ᠳᠡᠭᠡᠭ᠌ᠰᠢᠯᠡᠭᠦᠯᠬᠦ᠌ ᠠᠵᠢᠯᠯᠠᠭ᠎ᠠ ᠵᠡᠷᠭᠡ 《ᠲᠠᠪᠤᠨ ᠶᠡᠬᠡ ᠠᠵᠢᠯᠯᠠᠭ᠎ᠠ》᠎ᠪᠠᠷ ᠭᠠᠷᠳᠠᠴᠠ ᠪᠣᠯᠭᠠᠵᠤ᠂ ᠬᠣᠲᠠ ᠢ᠋ᠢᠨ ᠪᠥᠲᠥᠭᠡᠨ ᠪᠠᠢᠭᠤᠯᠤᠯᠲᠠ ᠢ᠋ᠢᠨ ᠲᠦᠪᠱᠢᠨ᠂ ᠬᠣᠲᠠ ᠢ᠋ᠢᠨ ᠬᠠᠮᠢᠶᠠᠷᠤᠯᠲᠠ ᠢ᠋ᠢᠨ ᠬᠦᠷᠢᠶᠡᠨ ᠤ᠋ ᠵᠠᠰᠠᠯᠲᠠ ᠢ᠋ᠢᠨ ᠱᠢᠰᠲ᠋ᠧᠮ ᠪᠣᠯᠤᠨ ᠵᠠᠰᠠᠯᠲᠠ ᠢ᠋ᠢᠨ ᠴᠢᠳᠠᠪᠤᠷᠢ ᠢ᠋ᠢᠨ ᠣᠳᠣᠬᠢᠴᠢᠯᠠᠯᠲᠠ ᠢ᠋ᠢᠨ ᠲᠦᠪᠱᠢᠨ ᠢ᠋ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠬᠣᠲᠠ ᠢ᠋ᠢᠨ ᠲᠦᠷᠢ ᠲᠦᠷᠬᠦ ᠪᠤᠯᠤᠨ ᠶᠠᠰᠤ ᠴᠢᠨᠠᠷ᠎ᠤᠨ 《ᠬᠤᠤᠰ ᠲᠡᠭᠡᠭᠰᠢᠯᠡᠯᠳᠠ》 ᠎ᠵᠢ ᠴᠢᠷᠮᠠᠢᠨ ᠪᠠᠶᠠᠯᠠᠬᠦᠯᠵᠤ ᠪᠠᠢᠨ᠎ᠠ᠃

ᠪᠣᠯᠪᠠᠰᠤᠨ ᠢ᠋ ᠡᠭᠦᠳᠦᠨ ᠪᠠᠢᠭᠤᠯᠬᠤ ᠨᠢ ᠠᠷᠠᠳ ᠣᠯᠠᠨ᠎ᠤ 《ᠵᠣᠯ ᠵᠢᠷᠭᠠᠯ ᠤ᠋ᠨ ᠵᠢᠭᠠᠯᠲᠠ ᠲᠣᠭ᠎ᠠ》 ᠲᠠᠢ ᠬᠤᠯᠪᠤᠭᠳᠠᠳᠠᠬ᠃ ᠥᠩᠭᠡᠷᠡᠭ᠌ᠰᠡᠨ ᠨᠢᠬᠡ ᠵᠢᠯ ᠳ᠋ᠤ᠂ ᠬᠢᠩᠭᠠᠨ ᠠᠢᠮᠠᠭ᠎ᠬᠣᠲᠠ ᠢ᠋ᠢᠨ ᠶᠠᠪᠤᠳᠠᠯ ᠤ᠋ᠨ ᠰᠠᠭᠤᠷᠢ ᠲᠦᠬᠦᠬᠡᠷᠤᠮᠵᠢ ᠢ᠋ᠢᠨ ᠪᠥᠲᠥᠭᠡᠨ ᠪᠠᠢᠭᠤᠯᠤᠯᠲᠠ ᠎ᠳᠤ 13 ᠳ᠋ᠦᠩᠱᠢᠭᠤᠷ ᠲᠥᠭᠥᠷᠢᠭ ᠤ᠋ᠨ ᠪᠠᠯᠠ ᠤᠷᠤᠭᠤᠯᠵᠤ᠂ ᠲᠤᠭᠤᠷᠢᠬ ᠪᠠᠢᠭᠤᠯᠤᠭ᠍ᠰᠠᠨ ᠬᠤᠳᠠ ᠵᠢᠨ ᠨᠣᠭᠣᠭᠠᠷᠠᠭᠤᠯᠤᠯᠲᠠ ᠢ᠋ᠢᠨ ᠪᠦᠷᠬᠦᠴᠡ 36.3% ᠎ᠳ᠋ᠤ ᠬᠦᠷᠴᠦ᠍᠂ ᠬᠣᠲᠠ ᠢ᠋ᠢᠨ ᠬᠠᠮᠢᠶᠠᠷᠤᠯᠲᠠ ᠢ᠋ᠢᠨ ᠶᠡᠷᠦᠩᠬᠡᠢᠯᠡᠭ᠌ᠰᠡᠨ ᠬᠠᠤᠯᠢ ᠬᠡᠷᠡᠭ᠌ᠵᠢᠭᠦᠯᠬᠦ᠌ ᠣᠶᠤᠨᠴᠢ ᠲᠠᠪᠴᠠᠩ ᠢ᠋ ᠪᠦᠷᠬᠦᠭᠦᠯᠵᠡᠢ᠃

ᠬᠠᠮᠲᠤ ᠪᠠᠷ ᠪᠠᠢᠭᠤᠯᠤᠨ ᠬᠠᠮᠲᠤ ᠪᠠᠷ ᠡᠳ᠋ᠯᠡᠵᠤ ᠪᠤᠯᠪᠠᠰᠤᠨ ᠰᠢᠨ᠎ᠠ ᠰᠤᠷᠳᠠᠯ᠎ᠢ ᠪᠤᠢ ᠪᠤᠯᠭᠠᠯ᠎ᠠ

《 ᠮᠠᠨ᠎ᠤ 〈ᠠᠷᠠᠳ᠎ᠤᠨ ᠰᠡᠳᠬᠢᠯ ᠴᠠᠢ ᠢ᠋ᠢᠨ ᠦᠷᠦᠭᠡ〉 ᠰᠠᠭᠤᠭᠠᠯᠢ ᠠᠷᠠᠳ ᠤ᠋ᠨ ᠤᠯᠠᠨ ᠠᠰᠠᠭᠤᠳᠠᠯ ᠢ᠋ ᠱᠢᠢᠳᠪᠦᠷᠢᠯᠡᠵᠦ᠍᠂ ᠰᠠᠭᠤᠭᠠᠯᠢ ᠠᠷᠠᠳ᠎ᠲᠤ ᠤᠴᠢᠷ ᠶᠠᠪᠤᠳᠠᠯ ᠲᠣᠬᠢᠶᠠᠯᠳᠤᠪᠠᠯ ᠬᠡᠯᠡᠬᠦ᠌ ᠭᠠᠵᠠᠷ᠎ᠲᠠᠶ᠂ ᠮᠠᠷᠭᠤᠯᠳᠤᠭᠠᠨ ᠢ᠋ ᠰᠢᠢᠳᠪᠤᠷᠢᠯᠡᠬᠦ ᠭᠠᠵᠠᠷ᠎ᠲᠠᠶ ᠪᠤᠯᠭᠠᠬᠰᠠᠨ》 ᠭᠡᠵᠦ᠍ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠱᠢᠩ ᠺᠸ ᠨᠡᠢᠭᠡᠮ ᠲᠣᠭᠣᠷᠢᠭ ᠤ᠋ᠨ ᠨᠠᠮ ᠤ᠋ᠨ ᠡᠭᠦᠷ ᠤ᠋ᠨ ᠱᠦᠵᠢ ᠶᠤᠸᠠᠨ ᠱ᠌ᠢ ᠶᠢᠩ ᠬᠡᠯᠡᠨ᠎ᠠ᠃ 《ᠠᠷᠠᠳ᠎ᠤᠨ ᠰᠡᠳᠬᠢᠯ ᠴᠠᠢ ᠢ᠋ᠢᠨ ᠦᠷᠦᠭᠡ》 ᠨᠢ ᠡᠯ᠎ᠠ ᠰᠠᠭᠤᠭᠠᠯᠢ ᠠᠷᠠᠳ ᠤ᠋ᠨ ᠲᠥᠯᠥᠭᠡᠯᠡᠭ᠌ᠴᠢ ᠵᠢᠴᠢ ᠬᠣᠲᠠ ᠢ᠋ᠢᠨ ᠬᠠᠮᠢᠶᠠᠷᠤᠯᠲᠠ᠂ ᠪᠥᠲᠥᠭᠡᠨ ᠪᠠᠢᠭᠤᠯᠤᠯᠲᠠ᠂ ᠤᠰᠤᠨ ᠠᠱᠢᠭ᠍ᠯᠠᠯᠲᠠ᠂ ᠣᠷᠴᠢᠨ ᠲᠣᠭᠣᠷᠢᠨ᠎ᠤ ᠬᠠᠮᠠᠭᠠᠯᠠᠯᠲᠠ ᠵᠡᠷᠭᠡ ᠡᠯ᠎ᠠ ᠰᠠᠯᠠᠭ᠎ᠠ ᠮᠥᠴᠢᠷ ᠤ᠋ᠨ ᠬᠦᠴᠦᠨ ᠢ᠋ᠢᠡᠷ ᠪᠦᠷᠢᠯᠳᠤᠵᠤ᠂ 90% ᠡᠴᠡ ᠳᠡᠭᠡᠭ᠌ᠰᠢᠬᠢ ᠤᠴᠢᠷ ᠶᠠᠪᠤᠳᠠᠯ ᠢ᠋ 《 ᠠᠷᠠᠳ᠎ᠤᠨ ᠰᠡᠳᠬᠢᠯ ᠴᠠᠢ ᠢ᠋ᠢᠨ ᠦᠷᠦᠭᠡ》᠎ᠵᠢᠨ ᠬᠡᠷᠡᠭ ᠵᠥᠪᠯᠡᠬᠦ᠌ ᠬᠤᠷᠠᠯ ᠢ᠋ᠢᠡᠷ ᠳᠡᠮᠵᠢᠨ ᠰᠢᠢᠳᠪᠤᠷᠢᠯᠡᠵᠤ ᠪᠠᠢᠨ᠎ᠠ᠃

ᠬᠤᠳᠠ ᠢ᠋ᠢᠨ ᠪᠣᠯᠪᠠᠰᠤᠨ᠎ᠤ ᠬᠦᠭᠵᠢᠯᠳᠡ ᠨᠢ ᠪᠦᠬᠦ᠌ ᠠᠷᠠᠳ᠎ᠤ᠋ᠨ ᠬᠠᠮᠳᠤ ᠢ᠋ᠢᠨ ᠪᠠᠢᠭᠤᠯᠤᠯᠳᠡ ᠡᠴᠡ ᠰᠠᠯᠵᠤ ᠴᠢᠳᠠᠰᠢ ᠦᠭᠡᠢ᠃ ᠡᠨᠡ ᠵᠢᠯ ᠡᠴᠡ ᠨᠠᠭᠠᠰᠢ᠂ ᠬᠢᠩᠭᠠᠨ ᠠᠢᠮᠠᠭ 《ᠪᠣᠯᠪᠠᠰᠤᠨ ᠢ᠋ ᠡᠭᠦᠳᠦᠨ ᠪᠠᠢᠭᠤᠯᠬᠤ ᠳ᠋ᠤ ᠤᠯᠠᠨ ᠲᠦᠮᠡᠨ᠎ᠳᠤ ᠲᠦᠰᠢᠭᠯᠡᠨ᠎ᠠ》 ᠭᠡᠬᠦ᠌ ᠰᠠᠷ᠎ᠠ ᠪᠦᠷᠢ ᠨᠢᠬᠡᠨ ᠭᠣᠣᠯ ᠰᠡᠳᠦᠪᠲᠦ ᠱᠢᠷᠢᠰ ᠤᠯᠠᠨ ᠲᠦᠮᠡᠨᠴᠢ ᠴᠢᠨᠠᠷᠲᠠᠢ ᠤᠶᠤᠨ᠎ᠤ ᠪᠣᠯᠪᠠᠰᠤᠨ ᠢ᠋ ᠡᠭᠦᠳᠦᠨ ᠪᠠᠢᠭᠤᠯᠬᠤ ᠠᠵᠢᠯᠯᠠᠭ᠎ᠠ ᠢ᠋ᠢ ᠭᠦᠨᠵᠡᠭᠡᠢ ᠥᠷᠨᠢᠭᠦᠯᠵᠦ᠍᠂ ᠥᠷᠭᠡᠨ ᠤᠯᠠᠨ ᠺᠠᠳ᠋ᠷ ᠤᠯᠠᠨ ᠲᠦᠮᠡᠨ ᠢ᠋ ᠢᠳᠡᠪᠬᠢᠲᠡᠢ ᠳᠠᠢ᠌ᠴᠢᠯᠠᠨ ᠪᠣᠯᠪᠠᠰᠤᠨ ᠢ᠋ ᠡᠭᠦᠳᠦᠨ ᠪᠠᠢᠭᠤᠯᠬᠤ ᠠᠵᠢᠯᠯᠠᠭ᠎ᠠ᠎ᠳᠤ ᠣᠷᠣᠯᠴᠠᠭᠤᠯᠵᠤ᠂ ᠪᠣᠯᠪᠠᠰᠤᠨ ᠦᠢᠯᠡ ᠠᠵᠢᠯᠯᠠᠭ᠎ᠠ ᠢ᠋ᠢᠨ ᠳᠠᠳᠭᠠᠯ᠎ᠲᠠᠶ ᠪᠤᠯᠭᠠᠵᠡᠢ᠃ ᠡᠭᠦᠨ ᠤ᠋ ᠬᠠᠮᠳᠤ᠂ ᠡᠯ᠎ᠡ ᠭᠠᠴᠠᠭ᠎ᠠ ᠲᠣᠰᠭᠣᠨ᠂ ᠰᠤᠮᠤ ᠱᠢᠶᠠᠩ ᠪᠠᠯᠭᠠᠰᠤ ᠱᠠᠳᠤ ᠳᠠᠷᠠᠭᠠᠯᠠᠨ ᠮᠠᠯ ᠠᠵᠤ ᠠᠬᠤᠢ ᠲᠠᠷᠢᠶᠠᠯᠠᠨᠭ᠌ ᠮᠠᠯᠴᠢᠨ ᠲᠠᠷᠢᠶᠠᠴᠢᠨ ᠮᠠᠯᠵᠢᠬᠤ ᠲᠠᠷᠢᠶᠠᠯᠠᠬᠤ ᠤᠷᠤᠨ᠂ ᠨᠡᠢᠭᠡᠮ ᠤ᠋ᠨ ᠵᠠᠰᠠᠯᠲᠠ ᠢ᠋ᠢᠨ ᠠᠵᠢᠯ ᠤ᠋ᠨ ᠦᠢᠯᠡᠴᠢᠯᠡᠭᠡᠨ ᠤ᠋ ᠠᠷᠭ᠎ᠠ ᠬᠡᠯᠪᠡᠷᠢ ᠢ᠋ᠢᠨ ᠱᠢᠨ᠎ᠡ ᠢ᠋ᠢ ᠡᠭᠦᠳᠬᠦ᠌ ᠠᠵᠢᠯ᠎ᠢ ᠥᠷᠨᠢᠭᠦᠯᠵᠦ᠍᠂ ᠮᠠᠯᠴᠢᠨ ᠲᠠᠷᠢᠶᠠᠴᠢᠨ ᠤ᠋ ᠰᠤᠶᠤᠯ ᠤ᠋ᠨ ᠠᠮᠢᠳᠤᠷᠠᠯ ᠢ᠋ ᠪᠠᠶᠠᠯᠢᠭᠵᠢᠭᠤᠯᠪᠠ᠃

ᠣᠢᠷ᠎ᠠ ᠢ᠋ᠢᠨ ᠵᠢᠯ ᠡᠴᠡ ᠨᠠᠭᠠᠰᠢ᠂ ᠬᠢᠩᠭᠠᠨ ᠠᠢᠮᠠᠭ ᠡᠴᠡ 《ᠳᠤᠮᠳᠠᠳᠤ ᠤᠯᠤᠰ ᠤ᠋ᠨ ᠰᠠᠢᠨ ᠬᠥᠮᠦᠨ》 7᠂ 《ᠥᠪᠥᠷ ᠮᠣᠩᠭᠣᠯ ᠤ᠋ᠨ ᠰᠠᠢᠨ ᠬᠥᠮᠦᠨ》 75᠂ ᠪᠥᠬᠥ᠌ ᠤᠯᠤᠰ ᠤ᠋ᠨ ᠶᠣᠰᠣ ᠰᠤᠷᠲᠠᠬᠤᠨ᠎ᠤ ᠵᠢᠱ᠌ᠢᠶᠡᠴᠢ 1᠂ ᠪᠥᠬᠥ᠌ ᠣᠷᠣᠨ᠎ᠤ ᠶᠣᠰᠣ ᠰᠤᠷᠲᠠᠬᠤᠨ᠎ᠤ ᠵᠢᠱ᠌ᠢᠶᠡᠴᠢ 9᠂ ᠪᠥᠬᠥ᠌ ᠤᠯᠤᠰ ᠤ᠋ᠨ ᠪᠣᠯᠪᠠᠰᠤᠨ ᠬᠡᠷ ᠪᠦᠯᠢ 2 ᠴᠣᠯᠭᠣᠷᠠᠨ ᠭᠠᠷᠪᠠ᠃ ᠤᠯᠠᠭᠠᠨᠬᠣᠲᠠ ᠢ᠋ᠢᠨ ᠢᠯᠠᠯᠲᠠ ᠪᠠᠯᠭᠠᠰᠤᠨ᠎ᠤ ᠢᠯᠠᠯᠲᠠ ᠭᠠᠴᠠᠭ᠎ᠠ ᠵᠡᠷᠭᠡ 8 ᠲᠣᠰᠭᠣᠨ ᠪᠠᠯᠭᠠᠰᠤ 《ᠪᠦᠬᠦ᠌ ᠤᠯᠤᠰ᠎ᠤ᠋ᠨ ᠪᠣᠯᠪᠠᠰᠤᠨ ᠲᠣᠰᠭᠣᠨ ᠪᠠᠯᠭᠠᠰᠤ》 ᠢ᠋ᠢᠨ ᠢᠷᠠᠭᠤ ᠠᠯᠳᠠᠷ ᠢ᠋ ᠬᠦᠷᠲᠡᠵᠦ᠍᠂ ᠬᠢᠩᠭᠠᠨ ᠠᠢᠮᠠᠭ ᠤ᠋ᠨ ᠭᠠᠯ᠎ᠢ ᠰᠡᠷᠬᠡᠢᠯᠡᠵᠤ ᠭᠠᠯ ᠤᠨᠲᠠᠷᠠᠭᠠᠬᠤ ᠰᠠᠯᠪᠤᠷᠢ ᠠᠩᠭᠢ ᠵᠡᠷᠭᠡ 14 ᠨᠢᠬᠡᠴᠢ 《ᠪᠦᠬᠦ᠌ ᠤᠯᠤᠰ᠎ᠤ᠋ᠨ ᠪᠣᠯᠪᠠᠰᠤᠨ ᠨᠢᠬᠡᠴᠢ》 ᠪᠡᠷ ᠦᠨᠡᠯᠡᠭ᠌ᠳᠡᠵᠦ᠍᠂ ᠤᠯᠠᠭᠠᠨᠬᠣᠲᠠ ᠢ᠋ᠢᠨ ᠮᠣᠩᠭᠣᠯ ᠪᠠᠭ᠎ᠠ ᠰᠤᠷᠭᠠᠭᠤᠯᠢ 《ᠪᠦᠬᠦ᠌ ᠤᠯᠤᠰ ᠤ᠋ᠨ ᠪᠣᠯᠪᠠᠰᠤᠨ ᠰᠤᠷᠭᠠᠭᠤᠯᠢ》 ᠢ᠋ᠢᠨ ᠢᠷᠠᠭᠤ ᠠᠯᠳᠠᠷ ᠢ᠋ ᠬᠦᠷᠲᠡᠪᠡ᠃ ᠡᠳᠡᠭᠡᠷ ᠳᠡᠷᠭᠡᠳᠡᠬᠢ ᠰᠠᠢ᠌ᠨ ᠬᠥᠮᠦᠨ᠂ ᠶᠣᠰᠣ ᠰᠤᠷᠲᠠᠬᠤᠨ᠎ᠤ ᠵᠢᠱ᠌ᠢᠶᠡᠴᠢ᠂ ᠪᠣᠯᠪᠠᠰᠤᠨ ᠭᠡᠷ ᠪᠦᠯᠢ ᠢ᠋ᠢᠨ ᠦᠢᠯᠡ ᠠᠵᠢᠯᠯᠠᠭ᠎ᠠ ᠪᠠ ᠵᠣᠷᠢᠭ ᠰᠠᠨᠠᠭ᠎ᠠ ᠨᠢ ᠪᠣᠯᠪᠠᠰᠤᠨ᠎ᠤ ᠬᠦᠴᠦᠨ ᠢ᠋ ᠨᠢᠭ᠍ᠲᠠᠷᠠᠭᠤᠯᠤᠭᠰᠠᠨ ᠪᠠᠢᠨ᠎ᠠ᠃

ᠪᠣᠯᠪᠠᠰᠤᠨ᠎ᠤ ᠦᠶ᠋ᠯᠡᠳᠦᠯᠭᠡ ᠣᠯᠠᠨ ᠲᠦᠮᠡᠨ ᠤ᠋ ᠵᠣᠯ ᠵᠢᠷᠭᠠᠯ ᠢ᠋ ᠨᠡᠮᠡᠭ᠌ᠳᠡᠭᠦᠯᠦᠨ᠎ᠡ

《ᠰᠠᠢᠨ ᠲᠤᠷᠠᠴᠤᠳ ᠰᠠᠷ᠎ᠠ ᠪᠤᠯᠭᠠᠨ ᠪᠢᠳᠡᠨ ᠤ᠋ ᠦᠢᠷ᠎ᠡ ᠬᠠᠪᠢ ᠢ᠋ᠢᠨ ᠨᠠᠰᠤᠳᠠᠢᠴᠤᠳ᠎ᠤᠨ ᠦᠰᠦ ᠎ᠵᠢ ᠨᠢ ᠵᠠᠰᠠᠨ ᠦᠭᠴᠤ᠂ ᠪᠢᠳᠡ ᠨᠢᠬᠡ ᠮᠦᠨᠭᠬᠦ ᠴᠸ᠋ ᠵᠠᠷᠤᠴᠠᠭᠤᠯᠬᠤ ᠦᠬᠡᠢ᠂ ᠬᠡᠷ ᠡᠴᠡ ᠪᠠᠨ ᠴᠤ᠌ ᠭᠠᠷᠬᠤ ᠴᠢᠬᠤᠯᠠ ᠦᠬᠡᠢ᠂ ᠠᠮᠢᠳᠤᠷᠠᠯ ᠤ᠋ᠨ ᠵᠢᠵᠢᠭ ᠰᠠᠵᠢᠭ ᠤᠴᠢᠷ ᠲᠦ᠍ ᠰᠠᠢᠨ ᠲᠤᠷᠠᠴᠤᠳ ᠮᠠᠰᠢ ᠶᠡᠬᠡ ᠲᠦᠬᠦᠮ ᠦᠵᠡᠬᠦᠯᠵᠤ ᠪᠠᠢᠨ᠎ᠠ᠂ ᠪᠢ ᠴᠢᠨᠭ ᠰᠡᠳᠬᠢᠯ ᠡᠴᠡ ᠪᠡᠨ ᠲᠠᠯᠠᠷᠬᠠᠵᠤ ᠪᠠᠢᠨ᠎ᠠ》 ᠭᠡᠵᠦ᠍ ᠵᠠᠯᠠᠢᠳ ᠬᠣᠱᠢᠭᠤᠨ᠎ᠤ ᠲᠦᠩ ᠬᠠᠢ ᠵᠠᠮ ᠨᠡᠢᠭᠡᠮ ᠲᠣᠭᠣᠷᠢᠭ ᠤ᠋ᠨ ᠰᠠᠭᠤᠭᠠᠯᠢ ᠠᠷᠠᠳ ᠭᠤᠤ ᠴᠠᠩ ᠵᠦᠩ ᠬᠡᠯᠡᠨ᠎ᠠ ᠃

ᠣᠢᠷ᠎ᠠ ᠢ᠋ᠢᠨ ᠵᠢᠯ ᠤ᠋ᠨ ᠲᠤᠷᠰᠢ᠂ ᠬᠢᠩᠭᠠᠨ ᠠᠢᠮᠠᠭ ᠱᠢᠨ᠎ᠡ ᠴᠠᠭ ᠦᠶ᠎ᠡ ᠢ᠋ᠢᠨ ᠪᠣᠯᠪᠠᠰᠤᠨ᠎ᠤ ᠦᠶ᠋ᠯᠡᠳᠦᠯᠭᠡ ᠢ᠋ᠢᠨ ᠲᠥᠪ ᠤ᠋ᠨ ᠲᠤᠷᠱᠢᠯᠲᠠ ᠢ᠋ᠢᠨ ᠴᠡᠭ ᠤ᠋ᠨ ᠠᠵᠢᠯ ᠢ᠋ ᠯᠠᠪᠳᠠᠭᠤᠨ ᠪᠠᠲᠤᠲᠠᠶ ᠠᠬᠢᠭᠤᠯᠵᠤ᠂ ᠬᠢᠩᠭᠠᠨ ᠠᠢᠮᠠᠭ ᠤ᠋ᠨ ᠬᠥᠭ᠌ᠵᠢᠯᠲᠡ ᠢ᠋ᠢᠨ ᠪᠣᠳᠠᠲᠤ ᠪᠠᠢᠳᠠᠯ ᠳ᠋ᠤ ᠨᠡᠢᠴᠡᠭ᠌ᠰᠡᠨ ᠪᠣᠯᠪᠠᠰᠤᠨ᠎ᠤ ᠦᠶ᠋ᠯᠡᠳᠦᠯᠭᠡ ᠢ᠋ᠢᠨ ᠱᠢᠨ᠎ᠡ ᠵᠠᠮ ᠢ᠋ ᠲᠠᠰᠤᠷᠠᠯᠲᠠ ᠥᠬᠡᠶ ᠬᠠᠢᠨ ᠰᠦᠪᠡᠭ᠌ᠴᠢᠯᠡᠪᠡ᠃ ᠤᠯᠠᠭᠠᠨᠬᠣᠲᠠ ᠢ᠋ᠢᠨ ᠾᠧ ᠫᠢᠩ ᠵᠡᠭᠡᠯᠢ ᠭᠤᠳᠤᠮᠵᠢ ᠢ᠋ᠢᠨ ᠨᠠᠮ ᠤ᠋ᠨ ᠠᠵᠢᠯᠯᠠᠬᠤ ᠬᠣᠷᠢᠶᠠᠨ᠎ᠤ ᠱᠦᠵᠢ᠂ ᠱᠢᠨ᠎ᠡ ᠴᠠᠭ ᠦᠶ᠎ᠡ ᠢ᠋ᠢᠨ ᠪᠣᠯᠪᠠᠰᠤᠨ᠎ᠤ ᠦᠢᠯᠡᠳᠦᠯᠭᠡ ᠢ᠋ᠢᠨ ᠭᠠᠵᠠᠷ ᠤ᠋ᠨ ᠳᠠᠷᠤᠭ᠎ᠠ ᠵᠠᠩ ᠴᠢᠤᠸᠠᠨ᠎ᠤ ᠲᠠᠨᠢᠯᠴᠠᠭᠤᠯᠤᠬᠰᠠᠨ ᠵᠢᠡᠷ᠂ ᠤᠯᠠᠭᠠᠨᠬᠣᠲᠠ ᠢ᠋ᠢᠨ ᠾᠧ ᠫᠢᠩ ᠵᠡᠭᠡᠯᠢ ᠢ᠋ᠢᠨ ᠱᠢᠨ᠎ᠡ ᠴᠠᠭ ᠦᠶ᠎ᠡ ᠢ᠋ᠢᠨ ᠪᠣᠯᠪᠠᠰᠤᠨ᠎ᠤ ᠦᠢᠯᠡᠳᠦᠯᠭᠡ ᠢ᠋ᠢᠨ ᠭᠠᠵᠠᠷ ᠤ᠋ᠨ ᠬᠠᠷᠢᠶ᠎ᠠ ᠣᠷᠣᠨ᠎ᠤ ᠨᠢᠭᠡᠴᠢ ᠂ ᠳᠠᠭᠠᠭᠠᠴᠢᠯᠠᠨ ᠬᠠᠷᠢᠯᠴᠠᠬᠤ ᠨᠢᠭᠡᠴᠢ ᠵᠡᠷᠭᠡ 124 ᠨᠢᠭᠡᠴᠢ ᠢ᠋ᠢ ᠨᠡᠢᠳᠭᠡᠵᠤ᠂ ᠾᠧ ᠫᠢᠩ ᠵᠡᠭᠡᠯᠢ ᠢ᠋ᠢᠨ ᠬᠤᠪᠢᠰᠬᠠᠯ ᠤ᠋ᠨ ᠵᠥᠪᠯᠡᠬᠦ᠌ ᠵᠥᠪᠯᠡᠯ ᠢ᠋ ᠪᠠᠢᠭᠤᠯᠵᠤ᠂ 《ᠠᠨᠠᠷ》 ᠦᠨᠳᠦᠰᠦᠨ ᠱᠠᠲᠤᠨ᠎ᠤ ᠵᠠᠰᠠᠯᠲᠠ ᠢ᠋ᠢᠨ ᠬᠣᠯᠪᠣᠭᠠᠨ᠎ᠤ ᠲᠠᠪᠴᠠᠩ ᠢ᠋ ᠪᠠᠢᠭᠤᠯᠤᠬᠰᠠᠨ ᠠᠵᠢ᠃

ᠤᠳᠤ᠂ ᠬᠢᠩᠭᠠᠨ ᠠᠢᠮᠠᠭ ᠤ᠋ᠨ ᠡᠨᠡ ᠬᠦ᠌ ᠬᠤᠪᠢᠰᠭᠠᠯ ᠤ᠋ᠨ ᠱᠢᠮᠡᠯᠢᠭ ᠬᠥᠷᠥᠰᠥᠨ ᠳᠡᠭᠡᠷ᠎ᠡ᠂ 4000 ᠭᠠᠷᠤᠢ ᠰᠠᠢ᠌ᠨ ᠳᠤᠷ᠎ᠠ ᠢ᠋ᠢᠨ ᠦᠢᠯᠡᠴᠢᠯᠡᠭᠡᠨ ᠤ᠋ ᠡᠩᠨᠡᠭᠡ᠂ 15.6 ᠲᠦᠮᠡᠨ ᠰᠠᠢ᠌ᠨ ᠳᠤᠷᠠᠴᠤᠳ ᠪᠣᠯᠪᠠᠰᠤᠨ᠎ᠤ ᠦᠢᠯᠡᠳᠦᠯᠭᠡ ᠢ᠋ᠢᠨ ᠡᠮᠦᠨ᠎ᠡ ᠹᠷᠣᠨᠲ᠎ᠲᠤ ᠤᠷᠳᠤ ᠬᠤᠭᠤᠴᠠᠭ᠎ᠠ᠎ᠪᠠᠷ ᠭᠠᠪᠰᠢᠭᠠᠢᠯᠠᠨ ᠠᠵᠢᠯᠯᠠᠵᠤ᠂ ᠰᠠᠢᠨ ᠰᠠᠢᠬᠠᠨ ᠪᠤᠯᠪᠠᠰᠤᠨ ᠤᠢᠯᠡ ᠠᠵᠢᠯᠯᠠᠭ᠎ᠠ ᠪᠡᠷ ᠢ᠋ᠢᠡᠨ ᠢᠳᠡᠪᠬᠢ ᠬᠦᠴᠦᠨ ᠢ᠋ ᠨᠠᠮᠠᠷᠢᠯᠠᠵᠤ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面