ᠱᠢᠨ᠎᠎ᠡ ᠴᠠᠭ ᠦᠶ᠎ᠡ᠎ᠳ᠋ᠦ᠍ ᠭᠠᠪᠢᠶ᠎ᠠ ᠪᠠᠢᠭᠤᠯᠤᠶ᠎ᠠ > ᠮᠡᠳᠡᠭᠡᠯᠡᠯ

2022-08-09 16:55:23

ᠵᠣᠬᠢᠶᠠᠭ᠍ᠴᠢ᠄ ᠸᠠᠩ ᠢᠦᠶ ᠵᠦᠸᠸ ᠴᠢᠮᠡᠭᠡᠯᠡᠭ᠌ᠴᠢ ᠵᠠᠩ ᠱᠢᠶᠤᠤ ᠶᠠᠨ ᠮᠠ ᠯᠢ ᠵᠢᠶᠦ᠋ᠨ ᠣᠩᠱᠢᠭ᠍ᠰᠠᠨ ᠣᠳᠠᠭ᠎ᠠ᠄ 3

《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠵᠢᠡᠷ ᠥᠪᠥᠷ ᠮᠣᠩᠭᠣᠯ ᠵᠢᠡᠨ ᠮᠠᠨᠳᠤᠭᠤᠯᠬᠤ》 ᠲᠥᠷᠥᠯ ᠵᠦᠶ᠋ᠯ ᠤ᠋ᠨ ᠪᠠᠯᠠ ᠮᠥᠩᠭᠥ᠌ 5000 ᠲᠦᠮᠡᠨ ᠲᠥᠭᠥᠷᠢᠭ ᠂《ᠳᠤᠩᠬᠠᠭ ᠨᠡᠢᠳᠡᠯᠡᠨ ᠮᠠᠩᠯᠠᠢᠯᠠᠭᠴᠢ ᠡᠯᠰᠡᠬᠦ》ᠲᠥᠷᠥᠯ ᠵᠦᠶ᠋ᠯ ᠤ᠋ᠨ ᠪᠠᠯᠠ ᠮᠥᠩᠭᠥ᠌ 4522 ᠲᠦᠮᠡᠨ ᠲᠥᠭᠥᠷᠢᠭ ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠴᠢᠬᠤᠯᠠ ᠶᠡᠬᠡ ᠲᠤᠰᠭᠠᠶ ᠪᠠᠯᠠ ᠮᠥᠩᠭᠥ᠌ 4000 ᠲᠦᠮᠡᠨ ᠲᠥᠭᠥᠷᠢᠭ ᠂ ᠬᠡᠷᠡᠭ᠌ᠯᠡᠭᠡᠨ ᠤ᠋ ᠮᠡᠷᠭᠡᠵᠢᠯ ᠤ᠋ᠨ ᠰᠤᠳᠤᠯᠭᠠᠨ ᠪᠠ ᠨᠡᠭᠡᠭᠡᠨ ᠬᠥᠭ᠌ᠵᠢᠭᠦᠯᠦᠯᠲᠡ ᠢ᠋ᠢᠨ ᠪᠠᠯᠠ ᠮᠥᠩᠭᠥ᠌ 3296 ᠲᠦᠮᠡᠨ ᠲᠥᠭᠥᠷᠢᠭ ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠢ᠋ᠢ ᠡᠭᠦᠳᠬᠦ᠌ ᠱᠠᠩᠨᠠᠯ ᠨᠥᠬᠥᠪᠥᠷᠢ ᠢ᠋ᠢᠨ ᠪᠠᠯᠠ ᠮᠥᠩᠭᠥ᠌ 1645 ᠲᠦᠮᠡᠨ ᠲᠥᠭᠥᠷᠢᠭ ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠦᠷ᠎ᠡ ᠪᠦᠲᠦᠭᠡᠯ ᠢ᠋ ᠤᠯᠠᠷᠢᠭᠤᠯᠬᠤ ᠪᠠᠯᠠ ᠮᠥᠩᠭᠥ᠌ 1475 ᠲᠦᠮᠡᠨ ᠲᠥᠭᠥᠷᠢᠭ ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠴᠢᠳᠠᠪᠤᠷᠢᠲᠠᠨ ᠬᠢᠭᠡᠳ ᠬᠠᠮᠲᠤᠷᠠᠯᠴᠠᠭᠠᠨ ᠤ᠋ ᠪᠠᠯᠠ ᠮᠥᠩᠭᠥ᠌ 1190 ᠲᠦᠮᠡᠨ ᠲᠥᠭᠥᠷᠢᠭ ᠁ ᠣᠢᠷ᠎ᠠ ᠢ᠋ᠢᠨ ᠡᠳᠦᠷ ᠤ᠋ᠳ ᠲᠦ᠍ ᠣᠷᠳᠣᠰ ᠬᠣᠲᠠ ᠬᠤᠷᠳᠤᠴᠠ ᠪᠡᠨ ᠲᠦᠷᠭᠡᠳᠭᠡᠨ ᠨᠢᠭᠡ ᠪᠦᠯᠦᠭ 《ᠪᠡᠯᠡ ᠮᠥᠩᠭᠥ᠌》 ᠲᠤᠬᠢᠷᠠᠭᠤᠯᠵᠤ ᠂ ᠠᠵᠤ ᠠᠬᠤᠢᠯᠠᠯ ᠤ᠋ᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠢ᠋ᠢ ᠡᠭᠦᠳᠬᠦ᠌ ᠳ᠋ᠤ《ᠴᠠᠭ ᠤ᠋ᠨ ᠬᠤᠷ᠎ᠠ》ᠪᠠᠭᠤᠯᠭᠠᠭᠰᠠᠨ ᠪᠠᠢᠨ᠎ᠠ ᠃

ᠡᠨᠡ ᠵᠢᠯ ᠤ᠋ᠨ ᠳᠡᠭᠡᠷ᠎ᠡ ᠬᠠᠭᠠᠰ ᠵᠢᠯ ᠳ᠋ᠤ ᠂ ᠣᠷᠳᠣᠰ ᠬᠣᠲᠠ ᠠᠵᠤ ᠠᠬᠤᠢᠯᠠᠯ ᠳ᠋ᠤ ᠠᠱᠢᠭ ᠬᠦᠷᠲᠡᠭᠡᠬᠦ᠌ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠲᠤᠰᠭᠠᠶ ᠪᠠᠯᠠ ᠮᠥᠩᠭᠥ ᠢ᠋ᠢ 21128 ᠲᠦᠮᠡᠨ ᠲᠥᠭᠥᠷᠢᠭ ᠪᠠᠭᠤᠯᠭᠠᠵᠤ ᠂ ᠨᠡᠢᠲᠡ 262 ᠲᠥᠷᠥᠯ ᠵᠦᠶ᠋ᠯ ᠢ᠋ ᠲᠤᠰᠠᠯᠠᠨ ᠱᠠᠩᠨᠠᠵᠤ ᠂ 146 ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠱᠢᠨ᠎ᠡ ᠢ᠋ᠢ ᠡᠭᠦᠳᠬᠦ᠌ ᠭᠤᠤᠯ ᠴᠣᠭ᠍ᠴᠠ ᠳ᠋ᠤ ᠠᠱᠢᠭ ᠬᠦᠷᠲᠡᠭᠡᠪᠡ ᠂ ᠡᠭᠦᠨ ᠳ᠋ᠤ 108 ᠠᠵᠤ ᠠᠬᠤᠢᠯᠠᠯ ᠤ᠋ᠨ ᠨᠢᠭᠡᠴᠢ ᠂ 38 ᠠᠵᠤ ᠠᠬᠤᠢᠯᠠᠯ ᠤ᠋ᠨ ᠪᠤᠰᠤ ᠨᠢᠭᠡᠴᠢ ᠪᠣᠶ ᠃

ᠤᠷᠳᠤᠰ ᠬᠤᠳᠠ ᠡᠨᠡ ᠵᠢᠯ ᠡᠨᠧᠷᠭᠢ ᠢ᠋ᠢᠨ ᠠᠵᠤ ᠦᠢᠯᠡᠰ ᠂ ᠱᠢᠨ᠎ᠡ ᠪᠡᠷ ᠮᠠᠨᠳᠤᠭ᠍ᠰᠠᠨ ᠠᠵᠤ ᠦᠢᠯᠡᠰ ᠂ ᠤᠳᠤ ᠦᠶ᠎ᠡ ᠢ᠋ᠢᠨ ᠦᠢᠯᠡᠴᠢᠯᠡᠭᠡᠨ ᠤ᠋ ᠦᠢᠯᠡᠰ ᠵᠢᠡᠷ ᠤᠳᠤᠷᠢᠳᠤᠮᠵᠢ ᠪᠣᠯᠭᠠᠨ ᠂ ᠠᠵᠤ ᠦᠢᠯᠡᠰ ᠤ᠋ᠨ ᠪᠦᠯᠦᠭ᠌ᠵᠢᠯ ᠢ᠋ ᠪᠣᠢᠵᠢᠭᠤᠯᠬᠤ ᠠᠵᠢᠯᠯᠠᠭ᠎ᠠ ᠢ᠋ᠢ ᠠᠬᠢᠭᠤᠯᠵᠤ ᠂ 18 ᠠᠵᠤ ᠦᠢᠯᠡᠰ ᠤ᠋ᠨ ᠬᠡᠯᠬᠢᠢ᠎ᠡ ᠢ᠋ᠢ ᠭᠣᠣᠯᠳᠠᠯᠭ᠎ᠠ ᠲᠠᠶ ᠴᠣᠭ᠍ᠴᠠᠯᠠᠪᠠ ᠃ ᠪᠠᠰᠠ ᠪᠦᠲᠦᠴᠡ ᠢ᠋ᠢᠨ ᠬᠡᠯᠪᠡᠷᠢ ᠢ᠋ᠢ ᠬᠤᠪᠢᠷᠠᠭᠤᠯᠬᠤ ᠂ ᠬᠦᠴᠦᠨ ᠢ᠋ᠢᠡᠨ ᠲᠦᠪᠯᠡᠷᠡᠭᠦᠯᠦᠨ ᠠᠵᠤ ᠦᠶ᠋ᠯᠡᠰ ᠢ᠋ ᠲᠠᠰ ᠳᠡᠪᠰᠢᠭᠦᠯᠬᠦ ᠂ ᠦᠷ᠎ᠡ ᠠᠱᠢᠭ ᠢ᠋ ᠬᠤᠷᠠᠮᠳᠤᠭᠤᠯᠵᠤ ᠬᠡᠯᠬᠢᠶ᠎ᠡ ᠢ᠋ᠢ ᠤᠷᠲᠤᠳᠭᠠᠬᠤ ᠳ᠋ᠤ ᠠᠩᠬᠠᠷᠤᠯ ᠵᠢᠡᠨ ᠲᠥᠪᠯᠡᠷᠡᠭᠦᠯᠵᠦ᠍ ᠂ 《ᠴᠢᠳᠠᠪᠤᠷᠢᠲᠠᠨ ᠴᠤᠭᠯᠠᠭᠰᠠᠨ ᠣᠷᠳᠣᠰ》ᠤ᠋ᠨ ᠪᠠᠢᠯᠳᠤᠬᠤ ᠪᠣᠳᠣᠯᠭ᠎ᠠ ᠪᠤᠯᠤᠨ《ᠱᠢᠨ᠎ᠡ ᠢ᠋ᠢ ᠡᠭᠦᠳᠬᠦ ᠪᠡᠷ ᠬᠥᠳᠡᠯᠭᠡᠭᠦᠷ ᠪᠣᠯᠭᠠᠬᠤ ᠬᠥᠭ᠌ᠵᠢᠯᠲᠡ》ᠢ᠋ᠢᠨ ᠪᠠᠢᠯᠳᠤᠬᠤ ᠪᠣᠳᠣᠯᠭ᠎ᠠ ᠢ᠋ᠢ《ᠬᠤᠤᠰ ᠨᠢᠭᠡᠳᠦᠭᠡᠷ ᠲᠤᠭᠠᠳᠤ ᠢᠨᠵᠧᠨᠧᠷᠢᠩ》ᠪᠣᠯᠭᠠᠨ ᠠᠳᠭᠤᠵᠤ ᠂ ᠠᠵᠤ ᠦᠶ᠋ᠯᠡᠰ ᠤ᠋ᠨ ᠡᠯᠧᠮᠧᠨ᠋ᠲ ᠤ᠋ᠨ ᠲᠠᠲᠠᠬᠤ ᠬᠦᠴᠦᠨ ᠪᠠ ᠬᠥᠭ᠌ᠵᠢᠯᠲᠡ ᠢ᠋ᠢᠨ ᠣᠷᠴᠢᠨ ᠲᠣᠭᠣᠷᠢᠨ ᠤ᠋ ᠰᠣᠷᠢᠨᠵᠢᠨ ᠬᠦᠴᠦᠨ ᠢ᠋ ᠪᠥᠬᠥ᠌ ᠲᠠᠯ᠎ᠠ ᠪᠠᠷ ᠴᠢᠩᠭᠠᠷᠠᠭᠤᠯᠵᠤ ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠢ᠋ᠢ ᠡᠭᠦᠳᠬᠦ᠌ ᠪᠠ ᠴᠢᠳᠠᠪᠤᠷᠢᠲᠠᠨ ᠢ᠋ ᠬᠥᠮᠦᠵᠢᠭᠦᠯᠬᠦ᠌ ᠶᠠᠪᠤᠳᠠᠯ ᠢ᠋ ᠢᠮᠠᠭ᠍ᠲᠠ ᠠᠵᠤ ᠦᠶ᠋ᠯᠡᠰ ᠤ᠋ᠨ ᠪᠠᠢᠷᠢᠱᠢᠭᠤᠯᠤᠯᠲᠠ ᠢ᠋ᠢᠨ ᠲᠦᠷᠦᠭᠦᠨ ᠳ᠋ᠤ ᠲᠠᠯᠪᠢᠪᠠ ᠃

ᠣᠷᠳᠣᠰ ᠬᠣᠲᠠ《ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠵᠢᠡᠷ ᠥᠪᠥᠷ ᠮᠣᠩᠭᠣᠯ ᠵᠢᠡᠨ ᠮᠠᠨᠳᠤᠭᠤᠯᠬᠤ》 ᠠᠵᠢᠯᠯᠠᠭ᠎ᠠ ᠪᠠ 《ᠴᠢᠳᠠᠪᠤᠷᠢᠲᠠᠨ ᠴᠤᠭᠯᠠᠭᠰᠠᠨ ᠣᠷᠳᠣᠰ》 ᠤ᠋ᠨ ᠪᠠᠢᠯᠳᠤᠬᠤ ᠪᠣᠳᠣᠯᠭ᠎ᠠ ᠢ᠋ᠢ ᠨᠠᠢᠳᠠᠪᠤᠷᠢᠵᠢᠭᠤᠯᠬᠤ ᠲᠣᠭᠣᠷᠢᠨ ᠳ᠋ᠤ ᠂ ᠳᠡᠭᠡᠳᠦ ᠱᠢᠨ᠎ᠡ ᠮᠡᠷᠭᠡᠵᠢᠯ ᠤ᠋ᠨ ᠠᠵᠤ ᠦᠢᠯᠡᠰ ᠤ᠋ᠨ ᠨᠡᠭᠡᠭᠡᠯᠲᠡ ᠢ᠋ᠢᠨ ᠣᠷᠣᠨ ᠂ ᠨᠡᠭᠦᠷᠡᠰᠦᠲᠥ᠋ᠷᠥᠭ᠌ᠴᠢ ᠦᠯᠦ ᠭᠠᠳᠠᠭᠰᠢᠯᠠᠭᠤᠯᠬᠤ ᠠᠵᠤ ᠦᠢᠯᠡᠰ ᠤ᠋ᠨ ᠬᠦᠷᠢᠶᠡᠯᠡᠩ ᠂ ᠨᠡᠭᠦᠷᠡᠰᠦᠲᠥ᠋ᠷᠥᠭ᠌ᠴᠢ ᠢ᠋ᠢ ᠰᠠᠭᠠᠷᠮᠠᠭ᠍ᠵᠢᠭᠤᠯᠬᠤ ᠰᠤᠳᠤᠯᠭᠠᠨ ᠤ᠋ ᠬᠦᠷᠢᠶᠡᠯᠡᠩ ᠤ᠋ᠨ ᠭᠤᠷᠪᠠᠨ ᠶᠡᠬᠡ《ᠴᠢᠳᠠᠪᠤᠷᠢᠲᠠᠨ ᠢ᠋ ᠴᠤᠭᠯᠠᠭᠤᠯᠬᠤ ᠲᠠᠪᠴᠠᠩ》 ᠢ᠋ ᠪᠠᠢᠭᠤᠯᠵᠤ ᠂ ᠪᠠᠢᠯᠳᠤᠬᠤ ᠪᠣᠳᠣᠯᠭ᠎ᠠ ᠢ᠋ᠢᠨ ᠴᠢᠨᠠᠷᠲᠠᠶ ᠱᠢᠨ᠎ᠡ ᠪᠡᠷ ᠮᠠᠨᠳᠤᠭᠰᠠᠨ ᠠᠵᠤ ᠦᠶ᠋ᠯᠡᠰ ᠲᠦ᠍ ᠠᠩᠬᠠᠷᠤᠯ ᠵᠢᠡᠨ ᠲᠥᠪᠯᠡᠷᠡᠭᠦᠯᠤᠨ ᠂ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠬᠤ ᠪᠠ ᠴᠢᠳᠠᠪᠤᠷᠢᠲᠠᠨ ᠤᠷᠢᠵᠤ ᠣᠶᠤᠨ ᠤᠬᠠᠭᠠᠨ ᠣᠷᠣᠭᠤᠯᠬᠤ ᠢ᠋ᠢ ᠨᠢᠭᠡ ᠴᠣᠭ᠍ᠴᠠᠵᠢᠭᠤᠯᠤᠨ ᠠᠬᠢᠭᠤᠯᠬᠤ ᠢ᠋ᠢ ᠪᠠᠷᠢᠮᠲᠠᠯᠠᠵᠤ ᠂ ᠤᠯᠤᠰ ᠤ᠋ᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠬᠡᠯᠪᠡᠷᠢ ᠢ᠋ᠢᠨ ᠳᠤᠮᠳᠠ ᠪᠠᠭ᠎ᠠ ᠠᠵᠤ ᠠᠬᠤᠢᠯᠠᠯ ᠂ ᠳᠡᠭᠡᠳᠦ ᠱᠢᠨ᠎ᠡ ᠮᠡᠷᠭᠡᠵᠢᠯ ᠤ᠋ᠨ ᠠᠵᠤ ᠠᠬᠤᠢᠯᠠᠯ ᠢ᠋ ᠪᠣᠢᠵᠢᠭᠤᠯᠬᠤ《ᠬᠣᠣᠰ ᠳᠠᠬᠢᠨ ᠵᠢᠡᠷ ᠨᠡᠮᠡᠭ᠌ᠳᠡᠭᠦᠯᠬᠦ᠌》ᠲᠥᠯᠥᠪᠯᠡᠭᠡ ᠢ᠋ᠢ ᠰᠢᠨ᠎ᠠ ᠵᠢ ᠡᠭᠦᠳᠦᠨ ᠬᠡᠷᠡᠭᠵᠢᠭᠦᠯᠵᠤ ᠂ ᠲᠠᠭᠠᠭᠤᠯᠤᠭᠴᠢ ᠠᠵᠤ ᠠᠬᠤᠢᠯᠠᠯ᠎ᠬᠦᠲᠦᠯᠦᠨ ᠳᠠᠭᠠᠭᠤᠯᠤᠭᠰᠠᠨ ᠂ ᠳᠡᠭᠡᠳᠦ ᠱᠢᠨ᠎ᠡ ᠮᠡᠷᠭᠡᠵᠢᠯ ᠤ᠋ᠨ ᠠᠵᠤ ᠠᠬᠤᠢᠯᠠᠯ ᠲᠤᠯᠭᠠᠭᠤᠷᠢᠯᠠᠭᠰᠠᠨ ᠂《ᠲᠤᠰᠬᠠᠢᠵᠢᠭᠰᠠᠨ ᠨᠠᠷᠢᠯᠢᠭᠵᠢᠭᠰᠠᠨ ᠣᠨᠴᠠᠯᠢᠭ ᠲᠠᠢ ᠱᠢᠨ᠎ᠡ》ᠳᠤᠮᠳᠠ ᠪᠠᠭ᠎ᠠ ᠠᠵᠤ ᠠᠬᠤᠢᠯᠠᠯ ᠢᠵᠢ ᠪᠦᠷᠢᠳᠦᠭᠰᠡᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠱᠢᠨ᠎ᠡ ᠢ᠋ᠢ ᠡᠭᠦᠳᠬᠦ᠌ ᠠᠵᠤ ᠠᠬᠤᠢᠯᠠᠯ ᠤ᠋ᠨ ᠪᠦᠯᠦᠭᠵᠢᠯ ᠢ᠋ ᠪᠤᠢ ᠪᠤᠯᠭᠠᠵᠤ ᠂ ᠳᠡᠭᠡᠳᠦ ᠱᠢᠨ᠎ᠡ ᠮᠡᠷᠭᠡᠵᠢᠯ ᠤ᠋ᠨ 170 ᠠᠵᠤ ᠠᠬᠤᠢᠯᠠᠯ ᠢ᠋ ᠮᠠᠭᠠᠳᠯᠠᠨ ᠲᠣᠭ᠍ᠲᠠᠭᠠᠵᠤ ᠂ ᠠᠵᠤ ᠦᠶ᠋ᠯᠡᠰ ᠤ᠋ᠨ ᠱᠢᠨ᠎ᠡ ᠢ᠋ᠢ ᠡᠭᠦᠳᠦᠨ ᠦᠶ᠋ᠯᠡᠰ ᠪᠤᠰᠬᠠᠬᠤ ᠴᠢᠳᠠᠪᠤᠷᠢᠲᠠᠨ ᠤ᠋ ᠪᠦᠯᠬᠦᠮ ᠢ᠋ ᠨᠡᠢᠲᠡ 116 ᠪᠣᠢᠵᠢᠭᠤᠯᠵᠤ ᠂ ᠱᠢᠨ᠎ᠡ ᠢ᠋ᠢ ᠡᠭᠦᠳᠴᠦ᠍ ᠦᠢᠯᠡᠰ ᠪᠤᠰᠭᠠᠬᠤ ᠴᠢᠳᠠᠪᠤᠷᠢᠲᠠᠨ ᠢ᠋ 2600 ᠭᠠᠷᠤᠢ ᠴᠤᠭ᠍ᠯᠠᠷᠠᠭᠤᠯᠵᠤ ᠂《ᠲᠥᠷᠥᠯ ᠵᠦᠶ᠋ᠯ + ᠴᠢᠳᠠᠪᠤᠷᠢᠲᠠᠨ》ᠤ᠋ ᠴᠢᠨᠠᠷᠯᠢᠭ ᠰᠠᠢᠨ ᠣᠷᠴᠢᠯ ᠬᠡᠯᠬᠢᠶ᠎ᠡ ᠢ᠋ᠢ ᠪᠠᠢᠭᠤᠯᠪᠠ ᠃

ᠤᠷᠳᠤᠰ ᠬᠤᠳᠠ ᠦᠵᠦ᠍ ᠲᠥᠯᠥᠪᠯᠡᠭᠡ ᠡᠴᠡ ᠭᠠᠷᠳᠠᠬᠤ ᠢ᠋ᠢ ᠪᠠᠷᠢᠮᠲᠠᠯᠠᠨ ᠂《ᠴᠢᠳᠠᠪᠤᠷᠢᠲᠠᠨ ᠤ᠋ ᠱᠢᠨ᠎ᠡ ᠲᠦᠷᠦ᠍ ᠢ᠋ᠢᠨ ᠪᠤᠳᠤᠯᠭ᠎ᠠ ᠵᠢᠨ 30 ᠵᠤᠷᠪᠤᠰ》ᠢ᠋ ᠬᠦᠴᠦᠯᠡᠨ ᠠᠬᠢᠭᠤᠯᠵᠤ ᠂ ᠴᠢᠳᠠᠪᠤᠷᠢᠲᠠᠨ ᠢ᠋ ᠣᠷᠣᠭᠤᠯᠤᠨ ᠠᠪᠴᠢᠷᠠᠬᠤ ᠂ ᠴᠢᠳᠠᠪᠤᠷᠢᠲᠠᠨ ᠢ᠋ ᠬᠥᠮᠦᠵᠢᠭᠦᠯᠬᠦ᠌ ᠂ ᠴᠢᠳᠠᠪᠤᠷᠢᠲᠠᠨ ᠢ᠋ ᠬᠡᠷᠡᠭ᠌ᠯᠡᠬᠦ᠌ ᠂ ᠴᠢᠳᠠᠪᠤᠷᠢᠲᠠᠨ ᠢ᠋ ᠦᠯᠡᠳᠡᠭᠡᠬᠦ᠌ ᠂ ᠴᠢᠳᠠᠪᠤᠷᠢᠲᠠᠨ ᠢ᠋ ᠬᠠᠢᠷᠠᠯᠠᠬᠤ《ᠨᠢᠬᠡ ᠬᠦᠯᠬᠡ ᠱᠢᠳᠠᠷ᠎ᠠ》ᠢ᠋ᠢ ᠰᠠᠢᠲᠤᠷ ᠲᠠᠯᠪᠢᠵᠤ ᠂ ᠴᠢᠳᠠᠪᠤᠷᠢᠲᠠᠨ ᠤ᠋ ᠬᠥᠭ᠌ᠵᠢᠯᠲᠡ ᠢ᠋ᠢᠨ ᠲᠦᠷᠦ᠍ ᠢ᠋ᠢᠨ ᠪᠤᠳᠤᠯᠭ᠎ᠠ ᠢ᠋ᠢᠨ ᠱᠢᠰᠲᠸᠮ ᠢ᠋ ᠳᠠᠰᠤᠷᠠᠯᠳᠠ ᠦᠭᠡᠢ ᠳᠡᠰ ᠳᠡᠪᠱᠢᠭᠦᠯᠪᠠ ᠃ ᠵᠢᠯ ᠪᠦᠷᠢ ᠠᠳᠠᠭ ᠲᠠᠭᠠᠨ 1 ᠳ᠋ᠦᠩᠱᠢᠭᠤᠷ ᠲᠥᠭᠥᠷᠢᠭ ᠣᠷᠣᠭᠤᠯᠵᠤ ᠂ ᠭᠡᠷ ᠬᠤᠳᠠᠯᠳᠤᠨ ᠠᠪᠬᠤ ᠨᠥᠬᠥᠪᠥᠷᠢ ᠂ ᠠᠮᠢᠳᠤᠷᠠᠯ ᠤ᠋ᠨ ᠨᠥᠬᠥᠪᠥᠷᠢ ᠂ ᠱᠠᠩᠨᠠᠵᠤ ᠲᠤᠰᠠᠯᠠᠬᠤ ᠪᠡᠯᠡ ᠮᠥᠩᠭᠥ᠌ ᠵᠡᠷᠭᠡ ᠲᠠᠯ᠎ᠠ ᠪᠡᠷ ᠱᠢᠨ᠎ᠡ ᠪᠡᠷ ᠣᠷᠣᠭᠤᠯᠤᠨ ᠠᠪᠴᠢᠷᠠᠭᠰᠠᠨ ᠳᠡᠭᠡᠳᠦ ᠳᠡᠰ ᠤ᠋ᠨ ᠳᠡᠭᠡᠳᠦ ᠮᠡᠷᠭᠡᠵᠢᠯ ᠤ᠋ᠨ ᠴᠢᠳᠠᠪᠤᠷᠢᠲᠠᠨ ᠳ᠋ᠤ ᠬᠠᠮᠤᠭ ᠤ᠋ᠨ ᠥᠨᠳᠥᠷ ᠲᠡᠬᠡᠨ 200 ᠲᠦᠮᠡᠨ ᠲᠥᠭᠥᠷᠢᠭ ᠤ᠋ᠨ ᠪᠡᠯᠡ ᠮᠥᠩᠭᠥ ᠢ᠋ᠢᠨ ᠳᠡᠮᠵᠢᠯᠭᠡ ᠤᠯᠭᠤᠵᠤ ᠂ ᠲᠦᠷᠭᠡᠨ ᠬᠦᠷᠭᠡᠭ᠌ᠴᠢ ᠂ ᠲᠣᠬᠢᠷᠠᠭᠤᠯᠤᠨ ᠬᠦᠷᠭᠡᠭ᠌ᠴᠢ ᠂ ᠨᠠᠰᠤᠵᠢᠯ ᠤ᠋ᠨ ᠠᠰᠠᠷᠠᠭ᠍ᠴᠢ ᠵᠡᠷᠭᠡ ᠱᠢᠨ᠎ᠡ ᠪᠡᠷ ᠪᠤᠶ ᠪᠣᠯᠤᠭ᠍ᠰᠠᠨ ᠠᠵᠢᠯ ᠮᠡᠷᠭᠡᠵᠢᠯ ᠢ᠋ ᠠᠵᠢᠯ ᠮᠡᠷᠭᠡᠵᠢᠯ ᠤ᠋ᠨ ᠤᠷ᠎ᠠ ᠴᠢᠳᠠᠪᠤᠷᠢ ᠢ᠋ᠢᠨ ᠵᠡᠷᠭᠡ ᠳᠡᠰ ᠢ᠋ ᠮᠠᠭᠠᠳᠯᠠᠨ ᠲᠤᠭᠲᠠᠭᠠᠬᠤ ᠬᠡᠪᠴᠢᠶᠡᠨ ᠳ᠋ᠤ ᠣᠷᠣᠭᠤᠯᠬᠤ ᠢ᠋ᠢ ᠰᠦᠪᠡᠭ᠌ᠴᠢᠯᠡᠵᠡᠢ ᠃

ᠡᠨᠡ ᠵᠢᠯ ᠤᠷᠳᠤᠰ ᠬᠤᠳᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠲᠤᠰᠭᠠᠢ ᠲᠥᠷᠥᠯ ᠤ᠋ᠨ ᠪᠡᠯᠡ ᠮᠥᠩᠭᠥ᠌ ᠢ᠋ᠢ 9.79 ᠳ᠋ᠦᠩᠱᠢᠭᠤᠷ ᠲᠥᠭᠥᠷᠢᠭ ᠲᠣᠬᠢᠷᠠᠭᠤᠯᠵᠤ ᠂ ᠨᠢᠳᠤᠨᠤᠨ ᠤ᠋ ᠬᠢ ᠡᠴᠡ 31.9% ᠪᠡᠷ ᠨᠡᠮᠡᠭ᠌ᠳᠡᠪᠠ ᠃ ᠰᠢᠨ᠎ᠠ ᠪᠡᠷ ᠳᠡᠭᠡᠳᠦ ᠵᠡᠷᠭᠡ ᠢ᠋ᠢᠨ ᠮᠡᠷᠭᠡᠵᠢᠯ ᠤ᠋ᠨ ᠴᠣᠯᠠ ᠲᠠᠢ 68 ᠴᠢᠳᠠᠪᠤᠷᠢᠲᠠᠨ ᠪᠠ 389 ᠠᠰᠫᠢᠷᠠᠨᠲ ᠢ᠋ ᠤᠷᠢᠨ ᠣᠷᠣᠭᠤᠯᠪᠠ ᠃ ᠪᠠᠰᠠ ᠨᠢᠭᠡ ᠪᠦᠯᠦᠭ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠦᠷ᠎ᠡ ᠪᠦᠲᠦᠭᠡᠯ ᠢ᠋ ᠲᠤᠷᠱᠢᠯᠲᠠ ᠢ᠋ᠢᠨ ᠲᠠᠰᠤᠭ ᠡᠴᠡ ᠦᠢᠯᠡᠳᠪᠦᠷᠢᠯᠡᠯ ᠤ᠋ᠨ ᠱᠤᠭᠤᠮ ᠬᠦᠷᠲᠡᠯ᠎ᠡ ᠨᠠᠢᠳᠠᠪᠤᠷᠢᠵᠢᠭᠤᠯᠵᠤ ᠂ ᠨᠢᠭᠡ ᠪᠦᠯᠦᠭ ᠱᠢᠯᠢᠳᠡᠭ ᠴᠢᠳᠠᠪᠤᠷᠢᠲᠠᠨ ᠱᠢᠨ᠎ᠡ ᠢ᠋ᠢ ᠡᠭᠦᠳᠬᠦ᠌ ᠳᠤᠮᠳᠠ ᠤᠷᠳᠤᠰ ᠤ᠋ᠨ ᠲᠦᠷᠢ ᠲᠥᠷᠬᠦ᠌ ᠢ᠋ᠢ ᠱᠤᠭᠤᠭᠰᠠᠨ ᠪᠠᠢᠨ᠎ᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面