ᠱᠢᠨ᠎᠎ᠡ ᠴᠠᠭ ᠦᠶ᠎ᠡ᠎ᠳ᠋ᠦ᠍ ᠭᠠᠪᠢᠶ᠎ᠠ ᠪᠠᠢᠭᠤᠯᠤᠶ᠎ᠠ > ᠮᠡᠳᠡᠭᠡᠯᠡᠯ

2022-10-10 14:23:10

ᠵᠣᠬᠢᠶᠠᠭ᠍ᠴᠢ᠄ ᠵᠧᠩ ᠱᠢᠤᠸᠠᠢ ᠯᠢᠶᠠᠩ ᠣᠩᠱᠢᠭ᠍ᠰᠠᠨ ᠣᠳᠠᠭ᠎ᠠ᠄ 3

ᠪᠦᠬᠦ᠌ ᠪᠥᠮᠪᠥᠷᠴᠡᠭ᠎ᠦᠨ ᠠᠮᠢᠲᠠᠨ᠎ᠤ ᠸᠠᠺᠼᠢᠨ᠎ᠤ ᠠᠵᠢᠯ ᠲᠦᠷᠦᠯ᠎ᠦᠨ ᠠᠩᠬᠠᠳᠠᠭ᠍ᠴᠢ ᠤᠶᠤᠨᠴᠢ ᠦᠢᠯᠡᠳᠬᠡᠯ ᠎ᠢ ᠪᠦᠬᠦ ᠲᠠᠯ᠎ᠠ ᠪᠡᠷ ᠪᠠᠶᠡᠯᠡᠭᠦᠯᠦᠭᠰᠡᠨ ᠠᠮᠢᠳᠤ ᠪᠣᠳᠠᠰ᠎ᠤᠨ ᠠᠵᠤ ᠦᠢᠯᠡᠰ᠎ᠦᠨ ᠬᠦᠷᠢᠶᠡᠯᠡᠩ ᠲᠣᠭᠣᠷᠢᠭ᠎ᠢ ᠪᠠᠢᠭᠤᠯᠪᠠ; ᠪᠣᠶ ᠪᠥᠬᠥᠶ ᠸᠠᠺᠼᠢᠨ᠎ᠤ ᠦᠶ᠋ᠯᠡᠳᠬᠦᠨ᠎ᠦ ᠶᠠᠰᠤ ᠴᠢᠨᠠᠷ᠎ᠨᠢ ᠴᠥᠮ ᠣᠯᠠᠨ ᠤᠯᠤᠰ᠎ᠤᠨ ᠪᠠᠷᠢᠮᠵᠢᠶ᠎ᠠ᠎ᠳᠤ ᠬᠦᠷᠪᠠ; ᠪᠥᠬᠥ᠌ ᠪᠥᠮᠪᠥᠷᠴᠡᠭ᠎ᠦᠨ ᠬᠡᠪᠴᠢᠶ᠎ᠡ᠎ᠪᠡᠷ ᠬᠠᠮᠤᠭ ᠶᠡᠬᠡ ᠠᠮᠢᠲᠠᠨ᠎ᠤ ᠸᠠᠺᠼᠢᠨ ᠦᠶ᠋ᠯᠡᠳᠪᠦᠷᠢᠯᠡᠬᠦ᠌ ᠰᠠᠭᠤᠷᠢᠨ ᠪᠤᠯᠪᠠ; ᠮᠠᠯ᠎ᠳᠤ ᠬᠡᠷᠡᠭ᠌ᠯᠡᠬᠦ᠌ ᠸᠠᠺᠼᠢᠨ᠎ᠤ ᠤᠯᠤᠰ᠎ᠤᠨ ᠢᠨᠵᠧᠨᠧᠷᠢᠩ᠎ᠦᠨ ᠲᠤᠷᠱᠢᠯᠲᠠ᠎ᠶ᠋ᠢᠨ ᠲᠠᠰᠤᠭ᠂ ᠤᠯᠤᠰ᠎ᠤᠨ ᠳᠡᠭᠡᠳᠦ ᠲᠠᠰ᠎ᠤᠨ ᠠᠮᠢᠳᠤ ᠪᠣᠳᠠᠰ᠎ᠤᠨ ᠠᠮᠤᠷ ᠲᠦᠪᠱᠢᠨ ᠲᠤᠷᠰᠢᠯᠲᠠ᠎ᠶᠢᠨ ᠲᠠᠰᠤᠭ ᠪᠤᠯᠪᠠ; ᠡᠨᠧᠷᠭᠢ ᠠᠷᠪᠢᠯᠠᠨ ᠭᠠᠳᠠᠭ᠍ᠰᠢᠯᠠᠭᠤᠯᠤᠯᠳᠠ᠎ᠶ᠋ᠢ ᠪᠠᠭᠠᠰᠭᠠᠵᠤ ᠪᠣᠬᠢᠷᠲᠤᠯ ᠦᠭᠡᠢ ᠦᠢᠯᠡᠳᠪᠦᠷᠢᠯᠡᠵᠦ ᠂ ᠤᠰᠤ᠂ ᠴᠠᠬᠢᠯᠭᠠᠨ᠂ ᠴᠢᠶᠢᠦ᠎ᠶᠢᠨ ᠨᠢᠭᠡᠴᠢ ᠡᠨᠧᠷᠭᠢ᠎ᠶ᠋ᠢᠨ ᠬᠣᠷᠣᠭ᠍ᠳᠠᠭᠤᠯᠤᠯ᠎ᠢ 50% ᠪᠡᠷ ᠪᠠᠭᠤᠷᠠᠭᠤᠯᠪᠠ; ᠢᠨᠲ᠋ᠸᠷ ᠰᠦᠯᠵᠢᠶᠡᠨ᠎ᠦ ᠵᠣᠬᠢᠶᠠᠮᠠᠯ ᠤᠶᠤᠨᠴᠢ ᠴᠢᠳᠠᠪᠤᠷᠢ᠎ᠶ᠋ᠢᠨ ᠮᠡᠷᠭᠡᠵᠢᠯ᠎ᠳᠦ ᠲᠦᠱᠢᠭ᠌ᠯᠡᠨ᠂ ᠬᠢᠵᠢᠭ᠎ᠢ ᠰᠡᠷᠭᠡᠢᠯᠡᠨ ᠡᠵᠡᠮᠳᠡᠬᠦ᠂ ᠣᠨᠣᠱᠢᠯᠠᠵᠤ ᠱᠢᠯᠭᠠᠨ ᠪᠠᠢᠴᠠᠭᠠᠬᠤ᠂ ᠮᠠᠯ᠎ᠤᠨ ᠠᠱᠢᠭ ᠱᠢᠮ᠎ᠡ ᠲᠠᠷᠢᠶᠠᠯᠠᠩ ᠎ᠤᠨ ᠪᠦᠲᠦᠭᠡᠭ᠌ᠳᠡᠬᠦᠨ᠎ᠦ ᠢᠳᠡᠭᠡᠨ᠎ᠦ ᠠᠮᠤᠷ ᠲᠦᠪᠱᠢᠨ᠎ᠢ ᠮᠥᠷᠳᠡᠬᠦ ᠲᠤᠮᠤ ᠳ᠋ᠠᠢᠲ᠋ᠠ᠎ᠶ᠋ᠢᠨ ᠲᠠᠪᠴᠠᠩ᠎ᠢ ᠪᠠᠢᠭᠤᠯᠪᠠ ᠁

8 ᠰᠠᠷ᠎ᠠ᠎ᠶ᠋ᠢᠨ 26᠎ᠤ᠋ ᠡᠳᠦᠷ ᠰᠤᠷᠪᠤᠯᠵᠢᠯᠠᠭ᠍ᠴᠢ ᠵᠢᠨ ᠢᠦᠶ ᠠᠮᠢᠳᠤ ᠪᠣᠳᠠᠰ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠤ ᠦᠢᠯᠡᠰ᠎ᠦᠨ ᠬᠦᠷᠢᠶᠡᠯᠡᠩ᠎ᠳᠦ ᠬᠦᠷᠬᠦᠯᠠᠷ ᠰᠤᠳᠤᠯᠤᠨ ᠨᠡᠭᠡᠭᠡᠬᠦ᠌ ᠲᠥᠪ᠎ᠦᠨ ᠬᠢᠨᠢ ᠠᠰᠠᠷ᠎ᠤᠨ ᠡᠭᠦᠳᠡ᠎ᠵᠢᠨ ᠱᠢᠯ ᠨᠢ ᠲᠣᠯᠢ ᠮᠡᠲᠦ ᠪᠠᠢᠭ᠎ᠠ ᠵᠢ ᠬᠠᠷᠠᠭᠠᠳ ᠮᠠᠰᠢ ᠭᠠᠢᠬᠠᠰᠢᠷᠠᠯ᠎ᠠ᠃

ᠺᠣᠮᠫᠠᠨᠢ᠎ᠶ᠋ᠢᠨ ᠬᠠᠩᠭᠠᠯᠭ᠎ᠠ᠎ᠶ᠋ᠢᠨ ᠬᠡᠯᠬᠢᠶ᠎ᠡ᠎ᠶ᠋ᠢ ᠱᠢᠯᠢᠳᠡᠭ᠌ᠵᠢᠭᠦᠯᠬᠦ ᠬᠡᠯᠲᠡᠰ᠎ᠦᠨ ᠶᠡᠷᠦᠩᠬᠡᠶ ᠬᠢᠨᠠᠭ᠍ᠴᠢ ᠸᠠᠩ ᠱᠢᠤᠸᠠᠢ ᠵᠢᠶᠦ᠋ᠨ ᠄《ᠡᠭᠦᠳᠡ ᠴᠣᠩᠬᠣᠨ᠎ᠳᠤ ᠨᠢᠭᠡ ᠳᠠᠪᠬᠤᠷᠭ᠎ᠠ ᠪᠦᠷᠬᠦᠭᠦᠯ ᠥᠩᠭᠡᠯᠡᠪᠡᠯ ᠬᠦᠷᠢᠨ᠎ᠦ ᠭᠠᠳᠠᠨᠠᠬᠢ ᠲᠤᠶᠠᠭ᠎ᠠ᠎ᠶ᠋ᠢ ᠬᠣᠷᠢᠭ᠍ᠯᠠᠵᠤ ᠲᠠᠢᠯᠤᠨ᠎ᠠ᠃ ᠨᠢᠭᠡ ᠲᠣᠭᠣᠰᠭ᠎ᠠ ᠨᠢᠭᠡ ᠸᠠᠭᠠᠷ᠎ᠤᠨ ᠬᠣᠭᠣᠷᠣᠨᠳᠣ ᠳᠤᠯᠠᠭᠠᠨ᠎ᠢ ᠬᠠᠳᠠᠭᠠᠯᠠᠬᠤ ᠡᠯᠧᠮᠧᠨ᠋ᠲ᠎ᠢ ᠨᠡᠮᠡᠪᠡᠯ᠂ ᠭᠠᠳᠠᠷ ᠬᠡᠷᠡᠮ᠎ᠦᠨ ᠳᠤᠯᠠᠭᠠᠨ᠎ᠤ ᠬᠠᠮᠠᠭᠠᠯᠠᠯᠲᠠ ᠬᠢᠬᠦ ᠦᠭᠡᠢ ᠴᠥ᠍ ᠡᠪᠦᠯ ᠳᠤᠯᠠᠭᠠᠨ ᠵᠤᠨ ᠰᠡᠷᠢᠭᠦᠨ ᠪᠠᠢᠬᠤ᠎ᠶ᠋ᠢ ᠪᠠᠲᠤᠯᠠᠵᠤ ᠴᠢᠳᠠᠨ᠎ᠠ᠃ ᠦᠢᠯᠡᠳᠪᠦᠷᠢ᠎ᠶ᠋ᠢᠨ ᠲᠠᠰᠤᠭ᠂ ᠦᠢᠯᠡᠳᠪᠦᠷᠢᠯᠡᠯ᠎ᠦᠨ ᠱᠤᠭᠤᠮ᠎ᠤᠨ ᠪᠠᠢᠷᠢᠱᠢᠯᠠᠭᠤᠯᠲᠠ ᠪᠠᠨ ᠠᠪᠴᠠᠯᠳᠤᠩᠭᠤᠶ᠂ ᠵᠦᠶ ᠵᠣᠬᠢᠰᠲᠠᠶ ᠪᠠᠢᠯᠭᠠᠵᠤ᠂ ᠲᠦᠭᠦᠬᠡᠶ ᠮᠠᠲ᠋ᠧᠷᠢᠶᠠᠯ ᠲᠤᠰᠠᠯᠠᠬᠤ ᠮᠠᠲ᠋ᠧᠷᠢᠶᠠᠯ᠎ᠢ ᠲᠠᠯᠠᠪᠠᠶ᠎ᠳᠤ ᠣᠷᠣᠭᠤᠯᠬᠤ᠂ ᠱᠢᠯᠭᠠᠨ ᠪᠠᠢᠴᠠᠭᠠᠬᠤ᠂ ᠬᠡᠷᠡᠭ᠌ᠯᠡᠬᠦ᠌᠂ ᠳᠠᠬᠢᠭᠠᠳ ᠪᠦᠲᠦᠭᠡᠭ᠌ᠳᠡᠬᠦᠨ ᠦᠢᠯᠡᠳᠴᠦ ᠪᠠᠷᠠᠭ᠎ᠠ ᠶᠠᠪᠤᠭᠤᠯᠬᠤ ᠬᠦᠷᠲᠡᠯ᠎ᠡ ᠵᠠᠯᠭᠠᠯᠳᠤᠭᠤᠯᠤᠨ᠂ ᠱᠢᠨᠵᠢᠯᠡᠬᠦ᠌ ᠤᠬᠠᠭᠠᠨᠴᠢ ᠮᠦᠷᠳᠡᠭᠡᠨ ᠰᠢᠭᠤᠳ ᠰᠢᠯᠦᠭᠤᠨ ᠪᠤᠯᠭᠠᠵᠠᠢ᠂ ᠡᠳᠡᠭᠡᠷ ᠨᠢ 〈 ᠪᠣᠬᠢᠷᠲᠤᠯ ᠦᠭᠡᠶ ᠦᠢᠯᠡᠳᠪᠦᠷᠢ〉 ᠎ᠶ᠋ᠢ ᠡᠭᠦᠳᠦᠨ ᠪᠠᠢᠭᠤᠯᠤᠭ᠍ᠰᠠᠨ ᠡᠴᠡ ᠪᠤᠯᠵᠠᠢ》 ᠭᠡᠵᠤ ᠲᠤᠬᠠᠶ᠎ᠶ᠋ᠢᠨ ᠲᠠᠯᠠᠪᠤᠷ᠎ᠲᠤ ᠨᠠᠷᠢᠨ ᠲᠠᠢᠯᠪᠤᠷᠢᠯᠡᠵᠤ ᠦᠭᠬᠦᠯ᠎ᠠ᠃

2021ᠣᠨ᠎ᠳᠤ᠂ ᠠᠵᠢᠯ ᠲᠦᠷᠦᠯ᠎ᠦᠨ ᠲᠡᠷᠢᠭᠦᠨ᠎ᠦ ᠤᠶᠤᠨᠴᠢ ᠲᠦᠪᠱᠢᠨ ᠪᠣᠯᠤᠨ ᠱᠢᠯᠢᠳᠡᠭ ᠤᠶᠤᠨᠴᠢ ᠠᠬᠤᠢ ᠲᠠᠯᠠᠪᠠᠢ᠎ᠶᠢᠨ ᠬᠡᠷᠡᠭ᠌ᠯᠡᠭᠡᠨ᠎ᠦ ᠴᠢᠳᠠᠮᠵᠢ᠎ᠪᠠᠷ᠎ᠢᠶᠠᠨ ᠵᠢᠨ ᠢᠦᠢ ᠠᠮᠢᠳᠤ ᠪᠣᠳᠠᠰ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠤ ᠦᠢᠯᠡᠰ᠎ᠦᠨ ᠬᠦᠷᠢᠶᠡᠯᠡᠩ ᠨᠢ ᠬᠣᠣᠰ ᠢᠷᠠᠭᠤ ᠠᠯᠳᠠᠷ᠎ᠢ ᠬᠦᠷᠳᠡᠵᠠᠢ — ᠤᠯᠤᠰ᠎ᠤᠨ ᠲᠡᠰ᠎ᠤᠨ《ᠣᠶᠤᠨᠴᠢ ᠦᠢᠯᠡᠳᠪᠦᠷᠢᠯᠡᠯ᠎ᠤᠨ ᠵᠢᠱ᠌ᠢᠢ᠎ᠡ ᠦᠵᠡᠭᠦᠯᠬᠦ᠌ ᠦᠢᠯᠡᠳᠪᠦᠷᠢ》 ᠵᠢᠨ ᠴᠣᠯᠠ᠂ ᠤᠯᠤᠰ᠎ᠤᠨ ᠲᠡᠰ᠎ᠤᠨ《ᠪᠣᠬᠢᠷᠲᠤᠯ ᠦᠭᠡᠢ ᠦᠢᠯᠡᠳᠪᠦᠷᠢᠯᠡᠯ᠎ᠤᠨ ᠵᠢᠱ᠌ᠢᠢ᠎ᠡ ᠦᠵᠡᠭᠦᠯᠬᠦ᠌ ᠨᠢᠭᠡᠴᠢ》 ᠪᠡᠷ ᠲᠤᠳᠤᠷᠠᠵᠤ᠂ ᠠᠵᠤ ᠦᠢᠯᠡᠰ ᠨᠢ《ᠤᠯᠠᠮᠵᠢᠯᠠᠯᠳᠦ ᠦᠢᠯᠡᠳᠬᠡᠯ》 ᠡᠴᠡ ᠪᠠᠨ 《ᠤᠶᠤᠨᠴᠢ ᠦᠢᠯᠡᠳᠬᠡᠯ》 ᠲᠠᠢᠰᠢ ᠤᠷᠤᠭ᠍ᠰᠢᠯᠠᠬᠤ᠎ᠳᠤ ᠬᠦᠴᠦᠨ ᠨᠡᠮᠡᠷᠢᠯᠡᠵᠡᠢ᠃

2005 ᠣᠨ᠎ᠤ 3 ᠰᠠᠷ᠎ᠠ᠎ᠳᠤ᠂ ᠥᠪᠥᠷ ᠮᠣᠩᠭᠣᠯ᠎ᠤᠨ ᠴᠤᠸᠠᠩ ᠸᠧᠢ ᠤᠶᠤᠨᠴᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶᠢᠨ ᠤᠤᠯ ᠺᠤᠮᠫᠠᠨᠢ ᠴᠤᠸᠠᠩ ᠸᠧᠢ ᠡᠯᠧᠺᠲ᠋ᠷᠣᠨ(ᠥᠪᠥᠷ ᠮᠣᠩᠭᠣᠯ)᠎ᠬᠢᠵᠠᠭᠠᠷᠲᠤ ᠺᠣᠮᠫᠠᠨᠢ ᠨᠢ ᠬᠥᠬᠡᠬᠣᠲᠠ᠎ᠳᠤ ᠨᠤᠳᠤᠭᠰᠢᠵᠤ᠂ 2006 ᠣᠨ᠎ᠤ 9 ᠰᠠᠷ᠎ᠠ᠎ᠳᠤ ᠪᠠᠷᠢᠯᠭ᠎ᠠ ᠳᠠᠭᠤᠰᠤᠨ ᠠᠱᠢᠭ᠍ᠯᠠᠯᠲᠠ᠎ᠳᠤ ᠣᠷᠣᠵᠤ᠂ ᠴᠤᠸᠠᠩ ᠸᠧᠢ ᠪᠦᠯᠦᠭ᠌ᠯᠡᠯ᠎ᠦᠨ ᠤᠮᠠᠷᠠᠲᠤ ᠤᠷᠤᠨ᠎ᠳᠠᠬᠢ ᠴᠢᠬᠤᠯᠠ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠦᠢᠯᠡᠳᠪᠦᠷᠢᠯᠡᠯ᠎ᠦᠨ ᠰᠠᠭᠤᠷᠢᠨ ᠪᠣᠯᠵᠠᠢ᠃

2018 ᠣᠨ᠎ᠳᠤ᠂ ᠬᠥᠬᠡᠬᠣᠲᠠ᠎ᠶ᠋ᠢᠨ ᠠᠵᠤ ᠠᠬᠤᠶ ᠮᠡᠷᠭᠡᠵᠢᠯ᠎ᠦᠨ ᠨᠡᠭᠡᠭᠡᠯᠲᠡ᠎ᠶ᠋ᠢᠨ ᠲᠣᠭᠣᠷᠢᠭ᠎ᠤᠨ ᠰᠠᠷᠠᠴᠢᠨ ᠠᠵᠤ ᠦᠶ᠋ᠯᠡᠳᠪᠦᠷᠢ᠎ᠶ᠋ᠢᠨ ᠲᠣᠭᠣᠷᠢᠭ᠎ᠲᠤ᠂ ᠴᠤᠸᠠᠩ ᠸᠧᠶ ᠪᠦᠯᠦᠭ᠌ᠯᠡᠯ ᠨᠢ ᠥᠪᠥᠷ ᠮᠣᠩᠭᠣᠯ᠎ᠤᠨ ᠴᠤᠸᠠᠩ ᠸᠧᠶ ᠤᠶᠤᠨᠴᠢ ᠬᠡᠷ᠎ᠦᠨ ᠴᠠᠬᠢᠯᠭᠠᠨ ᠬᠡᠷᠡᠭ᠌ᠰᠡᠯ᠎ᠦᠨ ᠠᠵᠤ ᠦᠶ᠋ᠯᠡᠰ᠎ᠦᠨ ᠬᠦᠷᠢᠶᠡᠯᠡᠩ᠎ᠦᠨ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠶ᠋ᠯ᠎ᠢᠶᠡᠨ ᠵᠢᠩᠬᠢᠨᠢ᠎ᠪᠡᠷ ᠡᠬᠢᠯᠡᠭᠦᠯᠵᠡᠢ᠃

ᠡᠨᠳᠡ᠂ ᠵᠠᠬ᠎ᠠ ᠳᠡᠯᠭᠡᠭᠦᠷ ᠳᠡᠭᠡᠷᠡᠬᠢ ᠬᠠᠮᠤᠭ᠎ᠤᠨ ᠳᠡᠭᠡᠳᠦ ᠳᠠᠰ᠎ᠦᠨAIOT ᠤᠶᠤᠨᠴᠢ ᠲᠧᠯᠸᠢᠰ᠂ 5G+8Kᠲᠧᠯᠸᠢᠰ᠂ MINI LED ᠲᠧᠯᠸᠢᠰ᠎ᠢ ᠴᠥᠮ ᠦᠶ᠋ᠯᠡᠳᠪᠦᠷᠢᠯᠡᠵᠦ᠍ ᠴᠢᠳᠠᠬᠤ ᠪᠥᠭᠡᠳ ᠵᠢᠯ᠎ᠳᠦ 200 ᠲᠦᠮᠡᠨ ᠰᠠᠤᠷᠢ ᠪᠦᠬᠦᠯᠢ ᠴᠤᠬᠴᠠᠳᠦ ᠮᠠᠱᠢᠨ ᠦᠶ᠋ᠯᠡᠳᠪᠦᠷᠢᠯᠡᠬᠦ᠌ ᠴᠢᠳᠠᠪᠤᠷᠢ᠎ᠲᠠᠢ ᠦᠶ᠋ᠯᠡᠳᠪᠦᠷᠢᠯᠡᠯ᠎ᠦᠨ ᠬᠠᠷᠠᠯᠲᠠ᠎ᠶ᠋ᠢ ᠪᠡᠶᠡᠯᠡᠭᠦᠯᠤᠨ᠎ᠠ᠃ ᠡᠭᠦᠨ᠎ᠦ ᠬᠠᠮᠲᠤ᠂ ᠬᠣᠶᠠᠷ ᠵᠦᠶ᠋ᠯ᠎ᠦᠨ ᠪᠦᠷᠢᠨ ᠠᠦ᠋ᠲ᠋ᠣ᠋ ᠨᠠᠭᠠᠬᠤ ᠢᠯᠳᠠᠰᠦ ᠦᠶ᠋ᠯᠡᠳᠪᠦᠷᠢᠯᠡᠬᠦ᠌ ᠲᠥᠬᠥᠭᠡᠷᠦᠮᠵᠢ᠂ ᠬᠣᠶᠠᠷ ᠵᠤᠷᠪᠤᠰ ᠪᠦᠷᠢᠨ ᠠᠦ᠋ᠲ᠋ᠣ᠋ ᠳᠡᠭᠡᠳᠦ ᠬᠤᠷᠳᠤᠴᠠᠲᠤ ᠮᠠᠱᠢᠨ᠎ᠤ ᠴᠠᠭᠢᠮ᠎ᠤᠨ ᠦᠶ᠋ᠯᠡᠳᠪᠦᠷᠢᠯᠡᠯ᠎ᠦᠨ ᠱᠤᠭᠤᠮ᠎ᠢ ᠳᠣᠭᠢᠷᠠᠭᠤᠯᠵᠤ ᠂ ᠲᠧᠯᠸᠢᠰ᠎ᠦᠨ《ᠴᠠᠭᠢᠮ》ᠳᠣᠬᠢᠶᠠᠨ᠎ᠤ ᠭᠣᠸ᠋ᠯ ᠬᠠᠪᠲᠠᠰᠤ᠎ᠶ᠋ᠢᠨ ᠥᠪᠡᠷ᠎ᠢ᠎ᠪᠡᠨ ᠬᠠᠩᠭᠠᠬᠤ ᠴᠢᠳᠠᠪᠤᠷᠢ᠎ᠶ᠋ᠢ ᠪᠦᠷᠢᠯᠳᠦᠭᠦᠯᠵᠠᠢ᠃

17 ᠵᠢᠯ᠎ᠦᠨ ᠬᠥᠭ᠌ᠵᠢᠯᠲᠡ ᠪᠠ ᠬᠣᠶᠠᠷ ᠤᠳᠠᠭᠠᠨ᠎ᠤ ᠮᠡᠷᠭᠡᠵᠢᠯ᠎ᠦᠨ ᠥᠭᠡᠷᠡᠴᠢᠯᠡᠯᠲᠡ᠎ᠪᠡᠷ ᠳᠡᠮᠵᠢᠨ᠂ ᠲᠤᠰ ᠺᠣᠮᠫᠠᠨᠢ ᠨᠢ CRT ᠳᠦᠷᠰᠦ ᠲᠣᠳᠣᠷᠠᠭᠤᠯᠬᠤ ᠲᠧᠯᠸᠢᠰ᠎ᠡᠴᠡ ᠪᠠᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠵᠦ᠍᠂ ᠤᠶᠤᠨᠴᠢ LED ᠱᠢᠩᠭᠡᠨ ᠲᠠᠯᠠᠰᠲᠤ ᠲᠧᠯᠸᠢᠰ᠎ᠢ ᠰᠤᠳᠤᠯᠤᠨ ᠨᠡᠭᠡᠭᠡᠵᠦ᠍ ᠦᠶ᠋ᠯᠡᠳᠪᠦᠷᠢᠯᠡᠬᠦ᠌ ᠪᠠ ᠦᠶ᠋ᠯᠡᠳᠬᠦ᠌ ᠪᠣᠯᠵᠠᠢ᠃

2022 ᠣᠨ᠎ᠤ 6 ᠰᠠᠷ᠎ᠠ ᠪᠣᠯᠲᠠᠯ᠎ᠠ᠂ ᠦᠶ᠋ᠯᠡᠳᠬᠦᠨ᠎ᠦ ᠥᠷᠲᠡᠭ ᠨᠢ ᠨᠡᠢᠲᠡ 370.29 ᠳ᠋ᠦᠩᠱᠢᠭᠤᠷ ᠲᠥᠭᠥᠷᠢᠭ᠎ᠲᠦ ᠬᠦᠷᠴᠦ᠍᠂ ᠲᠤᠱᠢᠶᠠᠭ᠍ᠰᠠᠨ ᠭᠠᠢᠯᠢ ᠨᠢ ᠨᠡᠢᠲᠡ 15.43 ᠳ᠋ᠦᠩᠱᠢᠭᠤᠷ ᠲᠥᠭᠥᠷᠢᠭ᠎ᠲᠦ ᠬᠦᠷᠴᠦ᠍᠂ ᠲᠧᠯᠸᠢᠰ ᠦᠢᠯᠡᠳᠪᠦᠷᠢᠯᠡᠬᠦ ᠬᠡᠮᠵᠢᠶ᠎ᠠ ᠨᠢ ᠨᠡᠢᠲᠡ 1885.42 ᠲᠦᠮᠡ᠎ᠳᠦ ᠬᠦᠷᠴᠡᠶ᠃

《ᠡᠨᠡ ᠵᠢᠯ᠂ ᠬᠢᠵᠢᠭ᠎ᠦᠨ ᠪᠠᠢᠳᠠᠯ᠎ᠤᠨ ᠵᠠᠬ᠎ᠠ ᠳᠡᠯᠭᠡᠭᠦᠷ᠎ᠦᠨ ᠪᠣᠷᠣᠯᠠᠭᠤᠯᠭ᠎ᠠ᠎ᠶ᠋ᠢᠨ ᠬᠡᠮᠵᠢᠶ᠎ᠡ ᠪᠣᠯᠤᠨ ᠡᠳ᠋ ᠪᠠᠷᠠᠭᠠᠨ᠎ᠤ ᠭᠦᠢᠯᠭᠡᠭᠡ᠎ᠳᠦ ᠦᠵᠡᠭᠦᠯᠬᠦ᠌ ᠨᠥᠯᠥᠭᠡ᠎ᠶ᠋ᠢ ᠢᠯᠠᠨ ᠳᠠᠪᠠᠵᠤ᠂ ᠨᠡᠢᠲᠡ 51.4 ᠲᠦᠮᠡᠨ ᠲᠧᠯᠸᠢᠰ ᠦᠢᠯᠡᠳᠪᠦᠷᠢᠯᠡᠵᠦ᠍᠂ ᠦᠢᠯᠡᠳᠬᠦᠨ᠎ᠦ ᠥᠷᠲᠡᠭ 6.96 ᠳ᠋ᠦᠩᠱᠢᠭᠤᠷ᠎ᠲᠤ ᠬᠦᠷᠴᠦ᠍ ᠂ ᠦᠢᠯᠡᠳᠬᠦᠨ᠎ᠦ ᠬᠡᠮᠵᠢᠶ᠎ᠡ ᠪᠣᠯᠤᠨ ᠦᠢᠯᠡᠳᠬᠦᠨ᠎ᠦ ᠥᠷᠲᠡᠭ ᠨᠢ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠡᠴᠡ ᠴᠥᠮ ᠨᠡᠯᠢᠶᠡᠳ ᠶᠡᠬᠡ ᠬᠡᠮᠵᠢᠶ᠎ᠡ᠎ᠪᠡᠷ ᠳᠡᠭᠡᠭ᠌ᠰᠢᠯᠡᠵᠠᠢ》 ᠭᠡᠵᠦ ᠥᠪᠥᠷ ᠮᠣᠩᠭᠣᠯ᠎ᠤᠨ ᠴᠤᠸᠠᠩ ᠸᠧᠢ ᠤᠶᠤᠨᠴᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠶᠡᠷᠦᠩᠬᠡᠢ ᠳᠠᠭᠠᠭᠠᠮᠠᠯ᠎ᠤᠨ ᠲᠤᠰᠠᠯᠠᠭ᠍ᠴᠢ ᠭᠦᠸᠧ ᠫᠸᠩ ᠰᠢ ᠰᠤᠷᠪᠤᠯᠵᠢᠯᠠᠭ᠍ᠴᠢ᠎ᠳᠤ ᠬᠡᠯᠠᠯ᠎ᠠ᠃

《ᠤᠯᠠᠮᠵᠢᠯᠠᠯᠳᠦ ᠦᠢᠯᠡᠳᠬᠡᠯ》 ᠡᠴᠡ ᠪᠠᠨ 《ᠤᠶᠤᠨᠴᠢ ᠦᠢᠯᠡᠳᠬᠡᠯ》 ᠲᠠᠢᠰᠢ ᠬᠤᠪᠢᠷᠠᠭᠤᠯᠬᠤ ᠪᠣᠯ ᠬᠥᠬᠡᠬᠣᠲᠠ᠎ᠶ᠋ᠢᠨ ᠠᠵᠤ ᠠᠬᠤᠢ᠎ᠶ᠋ᠢᠨ ᠨᠡᠮᠡᠭ᠌ᠳᠡᠯ᠎ᠦᠨ《ᠴᠢᠨᠠᠷ ᠰᠠᠢᠲᠠᠢ ᠬᠥᠭ᠌ᠵᠢᠯᠲᠡ》 ᠵᠢ ᠪᠡᠶᠡᠯᠡᠭᠦᠯᠬᠦ᠌ ᠱᠢᠨ᠎ᠡ ᠳᠠᠪᠠᠯᠲᠠ ᠪᠣᠯᠤᠭᠰᠠᠨ ᠠᠵᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面