2022-04-27 09:47:56
[ᠰᠤᠨᠢᠨ ᠮᠡᠳᠡᠭᠡᠨᠤ ᠡᠷᠭᠢᠴᠡᠭᠦᠯᠦᠯ]
ᠥᠪᠥᠷ ᠮᠣᠩᠭᠣᠯ ᠬᠡᠷᠬᠢᠨ ᠲᠤᠰ ᠪᠡᠶ᠎ᠡ ᠵᠢᠨ ᠳᠠᠪᠠᠭᠤᠯᠢᠭ ᠵᠢᠡᠨ ᠪᠠᠳᠠᠷᠠᠭᠤᠯᠵᠤ ᠂ ᠠᠵᠤ ᠠᠬᠤᠢ ᠵᠢᠨ ᠬᠥᠭ᠌ᠵᠢᠯᠲᠡ ᠵᠢᠨ ᠠᠷᠭ᠎ᠠ ᠬᠡᠯᠪᠡᠷᠢ ᠵᠢ ᠬᠤᠪᠢᠷᠠᠭᠤᠯᠤᠨ᠂ ᠠᠵᠤ ᠠᠬᠤᠢ ᠵᠢᠨ ᠬᠥᠭ᠌ᠵᠢᠯᠲᠡ ᠵᠢᠨ ᠶᠠᠰᠤ ᠴᠢᠨᠠᠷ ᠪᠠ ᠲᠦᠪᠱᠢᠨ ᠢ᠋ ᠳᠡᠭᠡᠭ᠌ᠰᠢᠯᠡᠭᠦᠯᠬᠦ᠌ ᠪᠣᠯ ᠰᠢ ᠵᠢᠨ ᠫᠢᠩ ᠤ᠋ᠨ ᠲᠤᠢᠯ ᠵᠢᠡᠷ ᠠᠩᠬᠠᠷᠴᠤ᠌ ᠪᠠᠢᠭ᠎ᠠ ᠠᠰᠠᠭᠤᠳᠠᠯ ᠪᠣᠯᠤᠨ᠎ᠠ᠃ ᠲᠡᠷᠡ᠂ ᠤᠯᠠᠮᠵᠢᠯᠠᠯᠲᠤ ᠮᠠᠯ ᠠᠵᠤ ᠠᠬᠤᠢ ᠵᠢ ᠤᠳᠤ ᠦᠶ᠎ᠡ ᠵᠢᠨ ᠮᠠᠯ ᠠᠵᠤ ᠠᠬᠤᠢ ᠲᠡᠢᠰᠢ ᠬᠤᠪᠢᠷᠠᠭᠤᠯᠬᠤ ᠠᠯᠬᠤᠭ᠎ᠠ ᠪᠡᠨ ᠲᠦᠷᠭᠡᠳᠭᠡᠵᠦ᠍᠂ ᠨᠢᠭᠡ ᠪᠦᠯᠦᠭ ᠰᠠᠢ᠌ᠨ ᠠᠷᠭ᠎ᠠ ᠬᠡᠮᠵᠢᠶ᠎ᠡ ᠵᠢ ᠰᠦᠪᠡᠭ᠌ᠴᠢᠯᠡᠨ᠂ ᠮᠠᠯᠴᠢᠨ ᠲᠠᠷᠢᠶᠠᠴᠢᠨ ᠢ᠋ ᠬᠠᠪᠰᠤᠷᠤᠨ ᠠᠵᠤ ᠦᠢᠯᠡᠰ ᠤ᠋ᠨ ᠠᠱᠢᠭ ᠣᠯᠵᠠᠪᠤᠷᠢ ᠵᠢᠨ ᠦᠷ᠎ᠡ ᠠᠱᠢᠭ ᠢ᠋ ᠨᠡᠩ ᠤᠯᠠᠨ ᠬᠤᠪᠢᠶᠠᠯᠴᠠᠨ ᠡᠳ᠋ᠯᠡᠬᠦᠯᠵᠦ᠂ ᠲᠠᠭᠠᠭᠤᠯᠤᠬ᠍ᠴᠢ ᠠᠵᠤ ᠠᠬᠤᠢᠯᠠᠯ ᠵᠡᠷᠭᠡ ᠡᠵᠡᠩᠨᠡᠯᠲᠡ ᠵᠢᠨ ᠭᠣᠣᠯ ᠴᠣᠭ᠍ᠴᠠ ᠯᠤᠭ᠎ᠠ ᠠᠱᠢᠭ ᠲᠤᠰᠠ ᠵᠢᠨ ᠬᠠᠮᠲᠤ ᠵᠢᠨ ᠴᠣᠭ᠍ᠴᠠ ᠵᠢ ᠦᠨᠡᠨ ᠬᠦ᠌ ᠪᠦᠷᠢᠯᠳᠦᠭᠦᠯᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ ᠃
ᠢᠯᠢ ᠪᠦᠯᠦᠭ᠌ᠯᠡᠯ ᠪᠣᠯ ᠴᠠᠭᠠᠨ ᠢᠳᠡᠭᠡᠨ ᠤ᠋ ᠨᠡᠷᠡᠲᠦ ᠠᠵᠤ ᠠᠬᠤᠢᠯᠠᠯ ᠶᠤᠮ ᠃ 2014 ᠣᠨ ᠤ᠋ 1 ᠰᠠᠷ᠎ᠠ ᠵᠢᠨ 28 ᠤ᠋ ᠦᠳᠡ ᠵᠢᠨ ᠡᠮᠦᠨ᠎ᠡ᠂ ᠰᠢ ᠵᠢᠨ ᠫᠢᠩ ᠡᠨᠳᠡ ᠢᠷᠡᠵᠦ᠍ ᠠᠵᠤ ᠠᠬᠤᠢᠯᠠᠯ ᠤ᠋ᠨ ᠦᠢᠯᠡᠳᠪᠦᠷᠢᠯᠡᠯ ᠡᠵᠡᠩᠨᠡᠯᠲᠡ᠂ ᠢᠳᠡᠭᠡᠨ ᠤ᠋ ᠠᠮᠤᠷ ᠲᠦᠪᠱᠢᠨ ᠤ᠋ ᠪᠠᠲᠤᠯᠠᠭ᠎ᠠ ᠪᠣᠯᠤᠨ ᠪᠠᠶᠠᠷ ᠤ᠋ᠨ ᠡᠳᠦᠷ ᠤ᠋ᠨ ᠵᠠᠬ᠎ᠠ ᠳᠡᠯᠭᠡᠭᠦᠷ ᠤ᠋ᠨ ᠬᠠᠩᠭᠠᠯᠭ᠎ᠠ ᠵᠡᠷᠭᠡ ᠪᠠᠢᠳᠠᠯ ᠢ᠋ ᠨᠢ ᠣᠢᠯᠠᠭᠠᠪᠠ᠃ ᠲᠡᠷᠡ᠂ ᠠᠷᠠᠳ ᠢᠷᠭᠡᠳ ᠠᠮᠤ ᠪᠤᠳᠠᠭ᠎ᠠ ᠪᠡᠷ ᠦᠨᠳᠦᠰᠦ ᠪᠣᠯᠭᠠᠵᠤ᠂ ᠠᠮᠤ ᠪᠤᠳᠠᠭ᠎ᠠ ᠠᠮᠤᠷ ᠲᠦᠪᠱᠢᠨ ᠵᠢᠡᠷ ᠤᠷᠢᠳᠠᠯ ᠪᠤᠯᠭᠠᠳᠠᠭ᠃ ᠢᠳᠡᠭᠡᠨ ᠤ᠋ ᠠᠵᠤ ᠠᠬᠤᠢᠯᠠᠯ ᠤ᠋ᠳ ᠴᠢᠨᠠᠷᠯᠢᠭ ᠰᠠᠢᠨ ᠰᠠᠨᠠᠭ᠎ᠠ ᠠᠮᠤᠷ ᠢᠳᠡᠭᠡᠨ ᠢ᠋ ᠦᠢᠯᠡᠳᠪᠦᠷᠢᠯᠡᠵᠦ᠍᠂ ᠠᠷᠠᠳ ᠣᠯᠠᠨ ᠤ᠋ ᠢᠳᠡᠭᠡᠨ ᠤᠮᠳᠠᠭᠠᠨ ᠤ᠋ ᠠᠮᠤᠷ ᠲᠦᠪᠱᠢᠨ ᠢ᠋ ᠦᠨᠡᠨ ᠬᠦ᠌ ᠪᠠᠲᠤᠯᠠᠬᠤ ᠬᠡᠷᠡᠭ᠌ᠲᠡᠶ ᠭᠡᠵᠦ ᠴᠢᠬᠤᠯᠠᠴᠢᠯᠠᠪᠠ ᠃
4 ᠰᠠᠷ᠎ᠠ ᠵᠢᠨ ᠲᠦᠮᠡᠳ ᠤ᠋ᠨ ᠲᠠᠯ᠎ᠠ ᠳ᠋ᠦ ᠬᠦᠢᠯᠡᠰᠦ ᠴᠡᠴᠡᠭᠯᠡᠨ ᠰᠢᠪᠠᠭᠤᠳ ᠵᠢᠷᠬᠢᠨ᠎ᠠ ᠃ ᠢᠯᠢ ᠪᠦᠯᠦᠭᠯᠡᠯ ᠤ᠋ᠨ ᠣᠲᠣ ᠦᠶ᠎ᠡ ᠵᠢᠨ ᠣᠶᠤᠨᠳᠦ ᠡᠷᠡᠭᠦᠯ ᠮᠡᠨᠳᠦ᠍ ᠵᠢᠨ ᠬᠥᠨᠳᠡᠶ ᠵᠢᠨ ᠪᠥᠲᠥᠭᠡᠨ ᠪᠠᠢᠭᠤᠯᠤᠯᠲᠠ ᠬᠥᠷ ᠬᠥᠭ᠌ᠵᠢᠶᠡᠨ ᠲᠠᠢ ᠶᠠᠪᠤᠭ᠍ᠳᠠᠵᠤ᠂ ᠠᠵᠤ ᠦᠶ᠋ᠯᠡᠰ ᠤ᠋ᠨ ᠬᠡᠯᠬᠢᠶ᠎ᠡ ᠵᠢᠨ ᠡᠬᠢᠨ ᠤ᠋ ᠪᠠ ᠡᠴᠦᠰ ᠤ᠋ᠨ ᠦᠢᠯᠡᠳᠬᠦᠨ ᠤ᠋ ᠬᠠᠮᠵᠢᠯᠴᠠᠬᠤ ᠲᠥᠷᠥᠯ ᠵᠦᠶ᠋ᠯ ᠂ ᠠᠵᠤ ᠦᠶ᠋ᠯᠡᠰ ᠪᠠ ᠬᠣᠲᠠ ᠵᠢ ᠠᠭᠤᠰᠤᠯᠴᠠᠭᠤᠯᠬᠤ ᠲᠥᠷᠥᠯ ᠵᠦᠶ᠋ᠯ ᠢ᠋ ᠵᠡᠷᠭᠡ ᠪᠡᠷ ᠠᠬᠢᠭᠤᠯᠤᠨ᠎ᠠ ᠃
ᠶᠡᠷᠦᠩᠬᠡᠢ ᠱᠦᠵᠢ ᠰᠢ ᠵᠢᠨ ᠫᠢᠩ 8 ᠵᠢᠯ ᠤ᠋ᠨ ᠡᠮᠤᠨ᠎ᠠ ᠢᠯᠢ ᠪᠦᠯᠦᠭ᠌ᠯᠡᠯ ᠳ᠋ᠤ ᠪᠠᠢᠴᠠᠭᠠᠨ ᠰᠤᠳᠤᠯᠤᠯᠲᠠ ᠬᠢᠵᠦ᠍ ᠱᠢᠨᠵᠢᠯᠡᠨ ᠪᠠᠢᠴᠠᠭᠠᠭᠰᠠᠨ ᠶᠤᠮ ᠃ 8 ᠵᠢᠯ ᠤ᠋ᠨ ᠲᠤᠷᠰᠢ ᠂ ᠢᠯᠢ ᠪᠦᠯᠦᠭᠯᠡᠯ ᠤ᠋ᠨ ᠬᠢᠨ ᠶᠡᠷᠤᠩᠬᠡᠢ ᠱᠦᠵᠢ ᠵᠢᠨ ᠬᠦᠨᠳᠤ ᠨᠠᠢᠳᠠᠯᠭ᠎ᠠ ᠵᠢ ᠪᠠᠲᠤ ᠴᠡᠭᠡᠵᠢᠯᠡᠵᠦ᠍᠂ ᠰᠦ ᠵᠢᠨ ᠢᠷᠡᠯᠲᠡ ᠵᠢᠨ ᠰᠠᠭᠤᠷᠢ ᠵᠢ ᠪᠡᠬᠢᠵᠢᠭᠦᠯᠤᠨ᠂ ᠦᠶ᠋ᠯᠡᠳᠬᠦᠨ ᠤ᠋ ᠶᠠᠰᠤ ᠴᠢᠨᠠᠷ ᠢ᠋ ᠴᠢᠩᠭ᠎ᠠ ᠰᠠᠬᠢᠵᠤ ᠂ ᠱᠢᠨ᠎ᠡ ᠵᠢ ᠡᠭᠦᠳᠬᠦ᠌ ᠡᠷᠴᠢᠮ ᠢ᠋ ᠴᠢᠩᠭᠠᠷᠠᠭᠤᠯᠤᠨ᠂ ᠠᠱᠢᠭ ᠲᠤᠰᠠ ᠵᠢᠨ ᠬᠣᠯᠪᠣᠭᠠᠨ ᠤ᠋ ᠲᠣᠭ᠍ᠲᠠᠴᠠ ᠵᠢ ᠪᠠᠢᠭᠤᠯᠵᠤ ᠂ ᠳᠡᠯᠡᠭᠡᠢ ᠵᠢᠨ ᠰᠦᠨ ᠤ᠋ ᠦᠶ᠋ᠯᠡᠰ ᠲᠡᠬᠢ ᠪᠠᠢᠷᠢ ᠰᠠᠭᠤᠷᠢ ᠪᠡᠨ ᠲᠠᠰᠤᠷᠠᠯᠲᠠ ᠥᠬᠡᠶ ᠱᠢᠨᠡᠳᠭᠡᠨ ᠲᠠᠬᠡᠭᠰᠢᠯᠡᠬᠦᠯᠵᠤ᠂ ᠳᠤᠮᠳᠠᠳᠤ ᠤᠯᠤᠰ ᠤ᠋ᠨ ᠰᠦᠨ ᠤ᠋ ᠦᠶ᠋ᠯᠡᠰ ᠤ᠋ᠨ ᠡᠷᠡᠭᠦᠯ ᠬᠥᠭ᠌ᠵᠢᠯᠳᠡ ᠵᠢ ᠳᠠᠭᠠᠭᠤᠯᠤᠭ᠍ᠰᠠᠨ ᠪᠣᠳᠠᠲᠤ ᠠᠵᠢᠯᠯᠠᠭ᠎ᠠ ᠪᠡᠷᠵᠢᠡᠨ ᠶᠡᠷᠦᠩᠬᠡᠶ ᠱᠦᠵᠢ ᠳ᠋ᠤ ᠬᠠᠷᠢᠭᠤ ᠮᠡᠳᠡᠭᠦᠯᠦᠭᠰᠡᠨ ᠪᠠᠢᠨ᠎ᠠ ᠃
《8 ᠵᠢᠯ ᠤ᠋ᠨ ᠡᠮᠦᠨᠡᠬᠢ ᠲᠠᠢ ᠬᠠᠷᠢᠴᠠᠭᠤᠯᠪᠠᠯ ᠡᠳᠡᠭᠡᠷ ᠲᠣᠨᠣᠭ᠍ᠯᠠᠯ ᠨᠡᠩ ᠳᠠᠪᠱᠢᠩᠭᠤᠢ ᠪᠣᠯᠵᠠᠢ》 ᠭᠡᠵᠦ᠍ ᠰᠦ᠍ ᠴᠦᠨ ᠯᠢᠩ ᠬᠡᠯᠡᠨ᠎ᠡ᠃ 2014 ᠣᠨ ᠤ᠋ 1 ᠰᠠᠷ᠎ᠠ ᠵᠢᠨ 28 ᠤ᠋ ᠡᠳᠦᠷ᠂ ᠢᠯᠢ ᠪᠦᠯᠦᠭᠯᠡᠯ ᠤ᠋ᠨ ᠱᠢᠩᠭᠡᠨ ᠰᠦ ᠵᠢᠨ ᠵᠢᠨᠴᠤᠸᠠᠨ ᠦᠶ᠋ᠯᠡᠳᠪᠦᠷᠢ ᠵᠢᠨ ᠭᠤᠷᠪᠠᠳᠤᠭᠠᠷ ᠦᠶ᠋ᠯᠡᠳᠪᠦᠷᠢ ᠵᠢᠨ ᠲᠠᠰᠤᠭ ᠤ᠋ᠨ ᠮᠡᠷᠭᠡᠵᠢᠯ ᠤ᠋ᠨ ᠭᠠᠵᠠᠷ ᠤ᠋ᠨ ᠱᠢᠯᠭᠠᠨ ᠪᠠᠢᠴᠠᠭᠠᠯᠲᠠ ᠵᠢᠨ ᠭᠤᠤᠯᠯᠠᠨ ᠬᠠᠮᠢᠶᠠᠷᠤᠭ᠍ᠴᠢ ᠰᠦ᠍ ᠴᠦᠨ ᠯᠢᠩ ᠳ᠋ᠤ ᠠᠪᠴᠤ᠌ ᠬᠡᠯᠡᠪᠡᠯ ᠮᠠᠷᠲᠠᠭ᠍ᠳᠠᠰᠢ ᠥᠬᠡᠶ ᠨᠢᠭᠡᠨ ᠡᠳᠦᠷ ᠪᠤᠯᠬᠤ ᠶᠤᠮ ᠃
ᠡᠨᠡ ᠡᠳᠦᠷ ᠂ ᠲᠡᠷᠡ ᠭᠣᠣᠯ ᠲᠠᠢᠯᠪᠤᠷᠢᠯᠠᠭ᠍ᠴᠢ ᠵᠢᠨ ᠬᠤᠪᠢ ᠪᠡᠷ ᠢᠯᠢ ᠱᠢᠨ᠎ᠡ ᠠᠵᠤ ᠦᠢᠯᠡᠳᠪᠦᠷᠢ ᠵᠢᠨ ᠬᠦᠷᠢᠶᠡᠯᠡᠩ ᠳ᠋ᠤ ᠱᠢᠨᠵᠢᠯᠡᠨ ᠪᠠᠢᠴᠠᠭᠠᠬᠤ ᠪᠡᠷ ᠢᠷᠡᠭ᠌ᠰᠡᠨ ᠶᠡᠷᠦᠩᠬᠡᠢ ᠱᠦᠵᠢ ᠰᠢ ᠵᠢᠨ ᠫᠢᠩ ᠳ᠋ᠤ ᠢᠯᠢ ᠵᠢᠨ ᠦᠢᠯᠡᠳᠬᠦᠨ ᠤ᠋ ᠶᠠᠰᠤ ᠴᠢᠨᠠᠷ ᠢ᠋ ᠬᠠᠮᠢᠶᠠᠷᠤᠨ ᠡᠵᠡᠮᠳᠡᠬᠦ᠌ ᠶᠠᠪᠤᠴᠠ ᠵᠢ ᠲᠠᠨᠢᠯᠴᠠᠭᠤᠯᠪᠠ᠃ ᠱᠢᠨᠵᠢᠯᠡᠨ ᠪᠠᠢᠴᠠᠭᠠᠬᠤ ᠳᠤᠮᠳᠠ᠂ ᠶᠡᠷᠦᠩᠬᠡᠢ ᠱᠦᠵᠢ ᠢᠯᠢ ᠵᠢᠨ ᠦᠢᠯᠡᠳᠬᠦᠨ ᠤ᠋ ᠶᠠᠰᠤ ᠴᠢᠨᠠᠷ ᠤ᠋ᠨ ᠪᠣᠭᠣᠮᠲᠠ ᠵᠢ ᠰᠠᠢᠲᠤᠷ ᠰᠠᠬᠢᠵᠤ᠂ ᠬᠡᠷᠡᠭ᠌ᠯᠡᠭ᠌ᠴᠢᠳ ᠤ᠋ᠨ ᠢᠳᠡᠭᠡᠨ ᠤᠮᠳᠠᠭᠠᠨ ᠤ᠋ ᠠᠮᠤᠷ ᠲᠦᠪᠱᠢᠨ ᠢ᠋ ᠪᠠᠲᠤᠯᠠᠬᠤ ᠬᠡᠷᠡᠭ᠌ᠲᠡᠢ ᠭᠡᠵᠦ᠍ ᠵᠠᠬᠢᠵᠠᠢ᠃
《8 ᠵᠢᠯ ᠤ᠋ᠨ ᠲᠤᠷᠰᠢ᠂ ᠪᠢ ᠪᠦᠯᠬᠦᠮ ᠤ᠋ᠨ ᠭᠡᠱᠢᠭᠦᠳ ᠲᠠᠢ ᠪᠡᠨ ᠬᠠᠮᠲᠤ ᠬᠡᠷᠡᠭ᠌ᠯᠡᠭ᠌ᠴᠢᠳ ᠤ᠋ᠨ ᠢᠳᠡᠭᠡᠨ ᠤᠮᠳᠠᠭᠠᠨ ᠤ᠋ ᠠᠮᠤᠷ ᠲᠦᠪᠱᠢᠨ ᠢ᠋ ᠪᠠᠲᠤᠯᠠᠬᠤ ᠵᠢ ᠨᠠᠰᠤᠨ ᠳᠤᠷᠰᠢᠳᠠ ᠦᠢᠯᠡᠳᠦᠯᠭᠡᠵᠢᠬᠦᠯᠬᠦ ᠢᠷᠠᠭᠤ ᠠᠯᠳᠠᠷᠲᠤ ᠡᠭᠦᠷᠭᠡ ᠪᠠᠨ ᠪᠣᠯᠭᠠᠪᠠ! 》ᠭᠡᠵᠦ᠍ ᠰᠦ᠍ ᠴᠦᠨ ᠯᠢᠩ ᠬᠡᠯᠡᠨ᠎ᠠ᠃
8 ᠵᠢᠯ ᠤ᠋ᠨ ᠲᠤᠷᠰᠢ᠂ ᠢᠯᠢ ᠪᠦᠯᠦᠭᠯᠡᠯ ᠤ᠋ᠨ ᠬᠢᠨ ᠶᠡᠷᠦᠩᠬᠡᠶ ᠱᠦᠵᠢ ᠵᠢᠨ ᠬᠦᠨᠳᠤ ᠨᠠᠢᠳᠠᠯᠭ᠎ᠠ ᠵᠢ ᠢᠮᠠᠭ᠍ᠲᠠ ᠪᠠᠲᠤ ᠴᠡᠭᠡᠵᠢᠯᠡᠵᠦ᠍᠂ 《ᠢᠯᠢ ᠪᠣᠯ ᠳᠠᠷᠤᠶ ᠶᠠᠰᠤ ᠴᠢᠨᠠᠷ》 ᠢ᠋ ᠠᠵᠤ ᠠᠬᠤᠢᠯᠠᠯ ᠤ᠋ᠨ ᠵᠢᠡᠨ ᠵᠢᠷᠤᠮᠯᠠᠯ ᠪᠣᠯᠭᠠᠨ᠂ ᠶᠠᠰᠤ ᠴᠢᠨᠠᠷ ᠢ᠋ ᠠᠮᠢ ᠨᠠᠰᠤ ᠪᠡᠨ ᠮᠡᠳᠦ ᠦᠵᠡᠵᠦ᠂ 100% ᠵᠢᠨ ᠠᠮᠤᠷ ᠲᠦᠪᠱᠢᠨ᠂ 100% ᠵᠢᠨ ᠠᠷᠢᠭᠤᠨ ᠴᠡᠪᠡᠷ ᠴᠠᠭᠠᠨ ᠢᠳᠡᠭᠡᠨ ᠦᠶ᠋ᠯᠡᠳᠪᠦᠷᠢᠯᠡᠬᠦ᠌ ᠪᠡᠷ ᠴᠢᠷᠮᠠᠢᠭ᠍ᠰᠠᠭᠠᠷ ᠢᠷᠡᠵᠡᠶ᠃ ᠱᠢᠯᠭᠠᠨ ᠪᠠᠢᠴᠠᠭᠠᠬᠤ ᠲᠦᠷᠢᠮ ᠲᠣᠭ᠍ᠲᠠᠭᠠᠯ ᠤ᠋ᠨ ᠲᠠᠯ᠎ᠠ ᠪᠡᠷ ᠢᠯᠢ ᠪᠦᠯᠦᠭᠯᠡᠯ ᠠᠵᠢᠯ ᠲᠥᠷᠥᠯ ᠤ᠋ᠨ ᠳᠣᠲᠣᠷ᠎ᠠ ᠪᠡᠨ ᠨᠡᠷ᠎ᠡ ᠠᠯᠳᠠᠷᠱᠢᠭ᠍ᠰᠠᠨ 《3 ᠱᠤᠭᠤᠮ》 ᠢ᠋ ᠪᠠᠢᠭᠤᠯᠪᠠ᠂ ᠲᠤᠬᠠᠢᠯᠠᠪᠠᠯ ᠤᠯᠤᠰ ᠤ᠋ᠨ ᠪᠠᠷᠢᠮᠵᠢᠶ᠎ᠠ ᠱᠤᠭᠤᠮ ᠤ᠋ᠨ ᠰᠠᠭᠤᠷᠢᠨ ᠳᠡᠭᠡᠷ᠎ᠡ ᠲᠠᠬᠢᠨ 50% ᠪᠡᠷ ᠳᠡᠭᠡᠭ᠌ᠰᠢᠯᠡᠭᠦᠯᠵᠦ᠍ ᠂ ᠠᠵᠤ ᠠᠬᠤᠢᠯᠠᠯ ᠤ᠋ᠨ ᠵᠢᠡᠨ ᠪᠠᠷᠢᠮᠵᠢᠶ᠎ᠠ ᠱᠤᠭᠤᠮ ᠢ᠋ ᠲᠣᠭ᠍ᠲᠠᠭᠠᠪᠠ; ᠠᠵᠤ ᠠᠬᠤᠢᠯᠠᠯ ᠤ᠋ᠨ ᠪᠠᠷᠢᠮᠵᠢᠶ᠎ᠠ ᠱᠤᠭᠤᠮ ᠤ᠋ᠨ ᠰᠠᠭᠤᠷᠢᠨ ᠳᠡᠭᠡᠷ᠎ᠡ ᠪᠠᠰᠠ 20% ᠪᠡᠷ ᠳᠡᠭᠡᠭ᠌ᠰᠢᠯᠡᠭᠦᠯᠵᠦ᠍ ᠂ ᠳᠣᠲᠣᠭᠠᠳᠤ ᠡᠵᠡᠮᠳᠡᠯ ᠤ᠋ᠨ ᠱᠤᠭᠤᠮ ᠢ᠋ ᠲᠣᠭ᠍ᠲᠠᠭᠠᠪᠠ᠃ ᠡᠨᠡ 《3 ᠱᠤᠭᠤᠮ》 ᠪᠡᠷ ᠲᠠᠮᠵᠢᠨ ᠢᠳᠡᠭᠡᠨ ᠤ᠋ ᠠᠮᠤᠷ ᠲᠦᠪᠱᠢᠨ ᠳᠤᠮᠳᠠᠬᠢ ᠠᠶᠤᠯ ᠲᠦᠭ᠌ᠰᠢᠭᠦᠷᠢ ᠵᠢᠨ ᠡᠯᠧᠮᠧᠨ᠋ᠲ ᠢ᠋ ᠪᠠᠲᠤ ᠡᠵᠡᠮᠳᠡᠵᠠᠢ᠃ ᠬᠠᠲᠠᠭᠤ ᠲᠣᠨᠣᠭᠯᠠᠯ ᠲᠦᠭᠦᠭᠡᠷᠦᠮᠵᠢ ᠵᠢᠨ ᠲᠠᠯ᠎ᠠ ᠪᠡᠷ ᠣᠷᠣᠭᠤᠯᠤᠯᠲᠠ ᠪᠡᠨ ᠦᠷᠭᠦᠯᠵᠢᠯᠡᠨ ᠨᠡᠮᠡᠭ᠌ᠳᠡᠭᠦᠯᠵᠦ᠍᠂ 2020 ᠣᠨ ᠪᠣᠯᠲᠠᠯ᠎ᠠ ᠱᠢᠯᠭᠠᠨ ᠪᠠᠢᠴᠠᠭᠠᠬᠤ ᠲᠥᠬᠥᠭᠡᠷᠦᠮᠵᠢ ᠳ᠋ᠡᠬᠡᠨ ᠨᠡᠢᠲᠡ 7.84 ᠳ᠋ᠦᠩᠱᠢᠭᠤᠷ ᠲᠥᠭᠥᠷᠢᠭ ᠤ᠋ᠨ ᠪᠠᠯᠠ ᠣᠷᠣᠭᠤᠯᠪᠠ᠃
《ᠤᠯᠠᠮᠵᠢᠯᠠᠯᠲᠤ ᠮᠠᠯ ᠠᠵᠤ ᠠᠬᠤᠶ ᠵᠢ ᠣᠲᠣ ᠦᠶ᠎ᠡ ᠵᠢᠨ ᠮᠠᠯ ᠠᠵᠤ ᠠᠬᠤᠶ ᠲᠡᠢᠰᠢ ᠬᠤᠪᠢᠷᠠᠭᠤᠯᠬᠤ ᠠᠯᠬᠤᠭ᠎ᠠ ᠪᠡᠨ ᠲᠦᠷᠭᠡᠳᠭᠡᠵᠦ᠍᠂ ᠨᠢᠭᠡ ᠪᠦᠯᠦᠭ ᠰᠠᠢᠨ ᠠᠷᠭ᠎ᠠ ᠬᠡᠮᠵᠢᠶ᠎ᠡ ᠵᠢ ᠰᠦᠪᠡᠭ᠌ᠴᠢᠯᠡᠨ᠂ ᠮᠠᠯᠴᠢᠨ ᠲᠠᠷᠢᠶᠠᠴᠢᠨ ᠢ᠋ ᠬᠠᠪᠰᠤᠷᠤᠨ ᠠᠵᠤ ᠦᠶ᠋ᠯᠡᠰ ᠤ᠋ᠨ ᠠᠱᠢᠭ ᠣᠯᠵᠠᠪᠤᠷᠢ ᠵᠢᠨ ᠦᠷ᠎ᠡ ᠠᠱᠢᠭ ᠢ᠋ ᠨᠠᠩ ᠣᠯᠠᠨ ᠬᠤᠪᠢᠶᠠᠯᠴᠠᠨ ᠡᠳ᠋ᠯᠡᠭᠦᠯᠵᠦ᠍᠂ ᠳᠠᠭᠠᠭᠤᠯᠤᠭ᠍ᠴᠢ ᠠᠵᠤ ᠠᠬᠤᠢᠯᠠᠯ ᠵᠡᠷᠭᠡ ᠡᠵᠡᠩᠨᠡᠯᠲᠡ ᠵᠢᠨ ᠭᠤᠤᠯ ᠴᠣᠭ᠍ᠴᠠ ᠯᠤᠭ᠎ᠠ ᠠᠱᠢᠭ ᠲᠤᠰᠠ ᠵᠢᠨ ᠬᠠᠮᠲᠤ ᠵᠢᠨ ᠴᠣᠭ᠍ᠴᠠ ᠵᠢ ᠦᠨᠡᠨ ᠬᠦ᠌ ᠪᠦᠷᠢᠯᠳᠦᠭᠦᠯᠬᠦ᠌ ᠬᠡᠷᠡᠭ᠌ᠲᠡᠶ》᠃
ᠶᠡᠷᠦᠩᠬᠡᠶ ᠱᠦᠵᠢ ᠰᠢ ᠵᠢᠨ ᠫᠢᠩ ᠤ᠋ᠨ ᠵᠢᠭᠠᠪᠤᠷᠢ ᠵᠢᠨ ᠵᠣᠷᠢᠭ ᠰᠠᠨᠠᠭ᠎ᠠ ᠵᠢ ᠨᠠᠢᠳᠠᠪᠤᠷᠢᠵᠢᠭᠤᠯᠬᠤ ᠵᠢᠨ ᠲᠥᠯᠥᠭᠡ᠂ ᠢᠯᠢ ᠪᠦᠯᠦᠭ᠌ᠯᠡᠯ ᠡᠩ ᠲᠡᠷᠢᠭᠦᠨ ᠳ᠋ᠤ ᠠᠵᠢᠯ ᠲᠥᠷᠥᠯ ᠤ᠋ᠨ ᠳᠣᠲᠣᠷ᠎ᠠ ᠪᠡᠨ 《7 ᠬᠣᠯᠪᠣᠭᠠᠯᠠᠯ》 ᠢ᠋ ᠡᠭᠦᠳᠦᠨ ᠪᠠᠢᠭᠤᠯᠵᠤ᠂ ᠮᠡᠷᠭᠡᠵᠢᠯ ᠢ᠋ ᠬᠣᠯᠪᠣᠯᠳᠤᠭᠤᠯᠬᠤ᠂ ᠮᠥᠩᠭᠥᠨ ᠭᠦᠶ᠋ᠯᠭᠡᠭᠡᠨ ᠢ᠋ ᠬᠣᠯᠪᠣᠯᠳᠤᠭᠤᠯᠬᠤ ᠂ ᠠᠵᠤ ᠦᠶ᠋ᠯᠡᠰ ᠢ᠋ ᠬᠣᠯᠪᠣᠯᠳᠤᠭᠤᠯᠬᠤ᠂ ᠠᠶᠤᠯ ᠲᠦᠭ᠌ᠰᠢᠭᠦᠷᠢ ᠵᠢ ᠬᠣᠯᠪᠣᠯᠳᠤᠭᠤᠯᠬᠤ᠂ ᠰᠦᠯ ᠰᠠᠢᠲᠠᠶ ᠥᠨᠳᠥᠷ ᠤᠨᠠᠯᠲᠠ ᠲᠠᠶ ᠡᠪᠡᠰᠦ ᠪᠣᠷᠳᠣᠭ᠎ᠠ ᠵᠢ ᠬᠣᠯᠪᠣᠯᠳᠤᠭᠤᠯᠬᠤ᠂ ᠰᠠᠭᠠᠯᠢ ᠵᠢᠨ ᠦᠨᠢᠶᠡᠨ ᠤ᠋ ᠴᠢᠨᠠᠷ ᠴᠢᠨᠰᠠᠭ᠎ᠠ ᠵᠢ ᠲᠠᠰ ᠳᠡᠪᠱᠢᠭᠦᠯᠬᠦ᠌ ᠵᠢ ᠬᠣᠯᠪᠣᠯᠳᠤᠭᠤᠯᠬᠤ᠂ ᠪᠥᠬᠥ᠌ ᠲᠠᠯ᠎ᠠ ᠵᠢᠨ ᠳᠣᠲᠣᠨᠣ ᠦᠶ᠋ᠯᠡᠴᠢᠯᠡᠭᠡ ᠵᠢ ᠬᠣᠯᠪᠣᠯᠳᠤᠭᠤᠯᠬᠤ ᠪᠡᠷ ᠳᠠᠮᠵᠢᠨ ᠪᠦᠬᠦᠢᠯᠡ ᠠᠵᠤ ᠦᠶ᠋ᠯᠡᠰ ᠤ᠋ᠨ ᠬᠡᠯᠬᠢᠶ᠎ᠡ ᠵᠢᠨ ᠬᠠᠮᠲᠤ ᠪᠡᠷ ᠠᠱᠢᠭ ᠭᠥᠷᠳᠡᠵᠦ᠍ ᠬᠠᠮᠳᠤ ᠪᠡᠷ ᠬᠥᠭ᠌ᠵᠢᠬᠦ᠌ ᠵᠢ ᠳᠠᠢᠴᠢᠯᠠᠭ᠍ᠰᠠᠨ ᠪᠠᠢᠨ᠎ᠠ ᠃
ᠮᠡᠷᠭᠡᠵᠢᠯ ᠤ᠋ᠨ ᠬᠣᠯᠪᠣᠭᠠᠨ ᠤ᠋ ᠲᠣᠭ᠍ᠲᠠᠴᠠ ᠵᠢ ᠬᠡᠷᠡᠭ᠌ᠵᠢᠭᠦᠯᠬᠦ᠌ᠪᠡᠷ ᠳᠡᠮᠵᠢᠨ ᠢᠯᠢ ᠪᠦᠯᠦᠭᠯᠡᠯ ᠲᠠᠢ ᠬᠠᠮᠲᠤᠷᠠᠨ ᠠᠵᠢᠯᠯᠠᠭ᠍ᠰᠠᠨ ᠮᠠᠯᠵᠢᠯ ᠤ᠋ᠨ ᠲᠠᠯᠠᠪᠠᠶ ᠵᠢᠨ ᠰᠠᠭᠠᠯᠢ ᠵᠢᠨ ᠦᠨᠢᠶᠡᠨ ᠤ᠋ ᠡᠳᠦᠷ ᠤ᠋ᠨ ᠳᠤᠮᠳᠠᠴᠢ ᠰᠦᠵᠢᠨ ᠭᠠᠷᠤᠯᠲᠠ 2016 ᠣᠨ ᠳ᠋ᠦ 25.89 ᠺᠢᠯᠣᠭ᠌ᠷᠠᠮ ᠪᠠᠢᠭ᠍ᠰᠠᠨ ᠡᠴᠡ ᠪᠡᠨ 2020 ᠣᠨ ᠪᠣᠯᠬᠤ ᠳ᠋ᠦ 29.96 ᠺᠢᠯᠣᠭ᠌ᠷᠠᠮ ᠪᠣᠯᠵᠦ ᠳᠡᠭᠡᠭᠰᠢᠯᠡᠨ᠂ ᠳᠡᠭᠡᠭ᠌ᠰᠢᠯᠡᠭ᠌ᠰᠡᠨ ᠬᠡᠮᠵᠢᠶ᠎ᠡ ᠨᠢ 4 ᠺᠢᠯᠣᠭ᠌ᠷᠠᠮ ᠢ᠋ ᠳᠠᠪᠠᠵᠤ ᠂ ᠺᠢᠯᠣᠭ᠌ᠷᠠᠮ ᠪᠦᠷᠢ ᠵᠢᠨ ᠦᠨᠢᠶᠡᠨ ᠰᠦᠵᠢᠨ ᠲᠡᠵᠢᠭᠡᠪᠤᠷᠢ ᠵᠢᠨ ᠥᠪᠡᠷ ᠤ᠋ᠨ ᠥᠷᠲᠡᠭ 0.49 ᠲᠥᠭᠥᠷᠢᠭ ᠪᠠᠭᠤᠷᠠᠪᠠ ᠃ ᠡᠨᠡ ᠨᠢ ᠬᠤᠷᠰᠢᠨ ᠠᠵᠢᠯᠯᠠᠬᠤ ᠲᠡᠵᠢᠭᠡᠪᠤᠷᠢ ᠵᠢᠨ ᠡᠷᠦᠬᠡ ᠵᠢ ᠬᠠᠪᠰᠤᠷᠤᠨ ᠣᠷᠣᠯᠭ᠎ᠠ ᠵᠢ ᠨᠢ 50 ᠳ᠋ᠦᠩᠱᠢᠭᠤᠷ ᠭᠠᠷᠤᠶ ᠲᠥᠭᠥᠷᠢᠭ ᠨᠡᠮᠡᠭ᠌ᠳᠡᠭᠦᠯᠦᠭ᠌ᠰᠡᠨ ᠠᠵᠢ ᠃
《ᠮᠠᠯᠵᠢᠯ ᠤ᠋ᠨ ᠲᠠᠯᠠᠪᠠᠶ ᠵᠢᠨ ᠬᠡᠯᠪᠡᠷᠢ ᠪᠡᠨ ᠬᠤᠪᠢᠷᠠᠭᠤᠯᠬᠤ ᠡᠬᠢᠨ ᠤ᠋ ᠬᠤᠭᠤᠴᠠᠭᠠᠨ ᠳ᠋ᠦ ᠢᠯᠢ ᠪᠦᠯᠦᠭᠯᠡᠯ 500 ᠲᠦᠮᠡᠨ ᠲᠥᠭᠥᠷᠢᠭ ᠤ᠋ᠨ ᠪᠠᠯᠠ ᠮᠥᠩᠭᠥ ᠬᠠᠩᠭᠠᠵᠦ᠂ ᠮᠢᠨᠦ᠍ ᠪᠠᠴᠢᠮ ᠬᠡᠷᠡᠭᠴᠡᠭᠡᠵᠢ ᠱᠢᠶ᠋ᠳᠪᠦᠷᠢᠯᠡᠭᠰᠠᠨ ᠶᠤᠮ》 ᠭᠡᠵᠦ᠍ ᠪᠠᠶᠠᠨᠨᠠᠭᠤᠷ ᠬᠤᠳᠠ ᠵᠢᠨ ᠵᠢᠶᠦ᠋ᠨ ᠹᠸᠩ ᠮᠠᠯᠵᠢᠯ ᠤ᠋ᠨ ᠲᠠᠯᠠᠪᠠᠢ ᠵᠢᠨ ᠡᠵᠡᠨ ᠪᠢᠶᠠᠨ ᠵᠢᠶᠦ᠋ᠨ ᠹᠸᠩ ᠬᠡᠯᠡᠨ᠎ᠠ ᠃ ᠡᠭᠦᠨ ᠤ᠋ ᠳᠠᠷᠠᠭ᠎ᠠ ᠂ ᠵᠢᠶᠦ᠋ᠨ ᠹᠸᠩ ᠮᠠᠯᠵᠢᠯ ᠤ᠋ᠨ ᠲᠠᠯᠠᠪᠠᠶ ᠵᠢ ᠲᠠᠰ ᠳᠡᠪᠱᠢᠭᠦᠯᠦᠨ ᠬᠥᠭ᠌ᠵᠢᠭᠦᠯᠬᠦ᠌ ᠶᠠᠪᠤᠴᠠ ᠳ᠋ᠦ ᠢᠯᠢ ᠪᠦᠯᠦᠭᠯᠡᠯ ᠨᠡᠢᠲᠡ 9215 ᠲᠦᠮᠡᠨ ᠲᠥᠭᠥᠷᠢᠭ ᠤ᠋ᠨ ᠪᠠᠯᠠ ᠬᠤᠷᠠᠮᠳᠤᠭᠤᠯᠭ᠎ᠠ ᠵᠢᠨ ᠳᠡᠮᠵᠢᠯᠭᠡ ᠬᠠᠩᠭᠠᠪᠠ ᠃
2014 ᠣᠨ ᠡᠴᠡ ᠣᠲᠣ ᠪᠣᠯᠲᠠᠯ᠎ᠠ᠂ ᠢᠯᠢ ᠪᠦᠯᠦᠭᠯᠡᠯ ᠡᠴᠡ ᠮᠠᠯᠵᠢᠯ ᠤ᠋ᠨ ᠲᠠᠯᠠᠪᠠᠢ ᠳ᠋ᠤ ᠨᠡᠢᠳᠡ 263.38 ᠳ᠋ᠦᠩᠱᠢᠭᠤᠷ ᠲᠥᠭᠥᠷᠢᠭ ᠤ᠋ᠨ ᠪᠠᠯᠠ ᠬᠤᠷᠠᠮᠳᠤᠭᠤᠯᠭ᠎ᠠ ᠵᠢᠨ ᠳᠡᠮᠵᠢᠯᠭᠡ ᠬᠠᠩᠭᠠᠪᠠ; 2022 ᠣᠨ ᠤ᠋ 1 ᠰᠠᠷ᠎ᠠ ᠵᠢᠨ 31 ᠤ᠋ ᠡᠳᠦᠷ ᠪᠣᠯᠲᠠᠯ᠎ᠠ᠂ ᠠᠵᠤ ᠦᠶ᠋ᠯᠡᠰ ᠤ᠋ᠨ ᠬᠡᠯᠬᠢᠶ᠎ᠡ ᠵᠢᠨ ᠡᠬᠢᠨ ᠤ᠋ ᠪᠠ ᠡᠴᠦᠰ ᠤ᠋ᠨ ᠦᠢᠯᠡᠳᠬᠦᠨ ᠤ᠋ 8784 ᠬᠠᠮᠲᠤᠷᠠᠯᠴᠠᠭᠠᠨ ᠤ᠋ ᠬᠠᠨᠢᠲᠠᠨ ᠳ᠋ᠦ ᠮᠥᠩᠭᠥᠨ ᠭᠦᠶ᠋ᠯᠭᠡᠭᠡᠨ ᠤ᠋ ᠳᠡᠮᠵᠢᠯᠭᠡ ᠬᠠᠩᠭᠠᠵᠤ᠂ ᠨᠡᠢᠲᠡ 958.02 ᠳ᠋ᠦᠩᠱᠢᠭᠤᠷ ᠲᠥᠭᠥᠷᠢᠭ ᠤ᠋ᠨ ᠪᠠᠯᠠ ᠬᠤᠷᠠᠮᠳᠤᠭᠤᠯᠭᠠᠵᠢᠨ ᠳᠡᠮᠵᠢᠯᠭᠡ ᠬᠠᠩᠭᠠᠭᠰᠠᠨ ᠪᠠᠢᠨ᠎ᠠ ᠃
《8 ᠵᠢᠯ ᠥᠩᠭᠡᠷᠡᠴᠢᠬᠡᠯ᠎ᠡ᠂ ᠬᠡᠪᠡᠴᠦ ᠶᠡᠷᠦᠩᠬᠡᠢ ᠱᠦᠵᠢ ᠰᠢ ᠵᠢᠨ ᠫᠢᠩ ᠤ᠋ᠨ ᠵᠠᠬᠢᠶ᠎ᠠ ᠴᠢᠬᠢᠨ ᠳ᠋ᠤ ᠬᠠᠳᠠᠩᠱᠢᠭ᠍ᠰᠠᠭᠠᠷ᠃ ᠪᠢᠳᠡ 〈7 ᠬᠣᠯᠪᠣᠭᠠᠯᠠᠯ〉 ᠵᠢᠡᠷ ᠳᠠᠮᠵᠢᠨ ᠡᠬᠢᠨ ᠤ᠋ ᠪᠠ ᠡᠴᠦᠰ ᠤ᠋ᠨ ᠦᠢᠯᠡᠳᠬᠦᠨ ᠤ᠋ ᠬᠠᠮᠲᠤᠷᠠᠯᠴᠠᠭᠠᠨ ᠤ᠋ ᠠᠵᠤ ᠠᠬᠤᠢᠯᠠᠯ ᠲᠠᠶ ᠬᠤᠷᠰᠢᠨ ᠬᠥᠭ᠌ᠵᠢᠬᠦ᠌᠂ ᠠᠱᠢᠭ ᠲᠤᠰᠠ ᠵᠢ ᠬᠠᠮᠲᠤ ᠪᠡᠷ ᠡᠳ᠋ᠯᠡᠬᠦ᠌ ᠵᠢ ᠪᠡᠶᠡᠯᠡᠭᠦᠯᠵᠦ᠍᠂ ᠠᠵᠢᠯ ᠲᠦᠷᠦᠯ ᠤ᠋ᠨ ᠦᠷᠭᠦᠯᠵᠢᠯᠡᠬᠦ᠌ ᠬᠥᠭ᠌ᠵᠢᠯᠲᠡ ᠳ᠋ᠤ ᠪᠠᠲᠤ ᠰᠠᠭᠤᠷᠢ ᠵᠢ ᠲᠠᠯᠪᠢᠪᠠ》ᠭᠡᠵᠦ ᠢᠯᠢ ᠪᠦᠯᠦᠭ᠌ᠯᠡᠯ ᠤ᠋ᠨ ᠬᠦᠢᠴᠡᠳᠬᠡᠭᠴᠢ ᠶᠡᠷᠦᠩᠬᠡᠢ ᠲᠠᠭᠠᠭᠠᠮᠠᠯ ᠵᠠᠩ ᠵᠢᠶᠠᠨ ᠴᠢᠦ ᠰᠤᠷᠪᠤᠯᠵᠢᠯᠠᠭ᠍ᠴᠢ ᠳ᠋ᠦ ᠬᠡᠯᠡᠯ᠎ᠠ᠃
ᠢᠯᠢ ᠪᠦᠯᠦᠭᠯᠡᠯ ᠤ᠋ᠨ ᠬᠠᠮᠲᠤᠷᠠᠯᠴᠠᠭᠠᠨ ᠤ᠋ ᠬᠠᠨᠢᠲᠠᠨ 5 ᠶᠡᠬᠡ ᠲᠢᠪ ᠲᠦ᠍ ᠲᠦᠭᠡᠵᠦ᠍᠂ 33 ᠤᠯᠤᠰ ᠲᠦ᠍ ᠲᠠᠷᠬᠠᠵᠤ ᠪᠠᠢᠨ᠎ᠠ᠃ ᠣᠳᠣᠬᠠᠨ ᠳ᠋ᠦ ᠢᠯᠢ ᠪᠦᠯᠦᠭᠯᠡᠯ ᠤ᠋ᠨ ᠬᠠᠷᠢᠶᠠᠨ ᠳ᠋ᠠᠬᠢ ᠱᠢᠩᠭᠡᠨ ᠰᠦ᠂ ᠰᠦᠨ ᠲᠠᠯᠬ᠎ᠠ᠂ ᠡᠭᠡᠳᠡᠭ᠌ᠰᠡᠨ ᠰᠦ ᠵᠡᠷᠭᠡ ᠦᠶ᠋ᠯᠡᠳᠬᠦᠨ ᠨᠢᠭᠡᠨᠲᠡ ᠪᠥᠬᠥ᠌ ᠳᠡᠯᠡᠬᠡᠶ ᠵᠢᠨ 60 ᠭᠠᠷᠤᠶ ᠤᠯᠤᠰ ᠪᠠ ᠭᠠᠵᠠᠷ ᠣᠷᠣᠨ ᠤ᠋ ᠵᠠᠬ᠎ᠠ ᠳᠡᠯᠭᠡᠭᠦᠷ ᠲᠦ᠍ ᠭᠠᠷᠴᠠᠶ᠃
ᠢᠯᠢ ᠪᠦᠯᠦᠭᠯᠡᠯ ᠨᠢᠭᠡᠨᠲᠡ ᠳᠡᠯᠡᠭᠡᠢ ᠵᠢᠨ ᠰᠦ ᠵᠢᠨ ᠦᠢᠯᠡᠰ ᠤ᠋ᠨ ᠲᠠᠪᠤᠨ ᠬᠦᠴᠦᠷᠬᠡᠭ ᠲᠦ᠍ ᠵᠢᠭᠰᠠᠭᠠᠭᠳᠠᠵᠦ᠂ 8 ᠵᠢᠯ ᠳᠠᠷᠠᠭᠠᠯᠠᠨ ᠠᠽᠢᠶ᠎ᠠ ᠲᠢᠪ ᠤ᠋ᠨ ᠰᠦ ᠵᠢᠨ ᠦᠢᠯᠡᠰ ᠤ᠋ᠨ ᠨᠢᠭᠡᠳᠦᠭᠡᠷ ᠲᠦ᠍ ᠤᠷᠤᠪᠠ ᠃
᠁
ᠡᠷᠴᠢ ᠵᠤᠷᠢᠭ ᠢ᠋ ᠬᠦᠪᠴᠢᠯᠡᠭᠰᠡᠨ ᠬᠦᠨᠳᠤ ᠨᠠᠢᠳᠠᠯᠭ᠎ᠠ᠂ ᠡᠷᠡᠮᠡᠬᠡᠢᠯᠡᠨ ᠤᠷᠤᠭᠰᠢᠯᠠᠭᠰᠠᠨ ᠨᠠᠢ᠍ᠮᠠᠨ ᠵᠢᠯ ᠃
《ᠶᠡᠷᠦᠩᠬᠡᠢ ᠱᠦᠵᠢ ᠰᠢ ᠵᠢᠨ ᠫᠢᠩ ᠰᠠᠨᠠᠭ᠎ᠠ ᠠᠮᠤᠷ ᠪᠠᠢᠭᠠᠷᠠᠢ᠂ ᠪᠢᠳᠡ ᠬᠦᠨᠳᠤ ᠨᠠᠢᠳᠠᠯᠭ᠎ᠠ ᠵᠢ ᠪᠠᠲᠤ ᠴᠡᠭᠡᠵᠢᠯᠡᠵᠦ᠍᠂ ᠤᠯᠤᠰ ᠤ᠋ᠨ ᠳᠣᠲᠣᠭᠠᠳᠤ ᠭᠠᠳᠠᠭᠠᠳᠤ ᠵᠢᠨ ᠬᠡᠷᠡᠭ᠌ᠯᠡᠭ᠌ᠴᠢᠳ ᠲᠦ᠍ ᠦᠷᠭᠦᠯᠵᠢᠯᠡᠨ ᠠᠮᠤᠷ ᠲᠦᠪᠱᠢᠨ ᠠᠷᠢᠭᠤᠨ ᠴᠡᠪᠡᠷ ᠴᠠᠭᠠᠨ ᠢᠳᠡᠭᠡᠨ ᠬᠠᠩᠭᠠᠵᠤ ᠂ ᠠᠵᠢᠯ ᠨᠢᠬᠡᠳᠡᠳ ᠢ᠋ ᠳᠠᠭᠠᠭᠤᠯᠤᠨ ᠡᠷᠡᠭᠦᠯ ᠵᠢᠡᠷ ᠬᠥᠭ᠌ᠵᠢᠬᠦ᠌ ᠵᠢᠨ ᠬᠠᠮᠲᠤ 〈ᠳᠡᠯᠡᠭᠡᠢ ᠵᠢᠨ ᠰᠦ ᠵᠢᠨ ᠦᠢᠯᠡᠰ ᠤ᠋ᠨ ᠭᠤᠷᠪᠠᠨ ᠬᠦᠴᠦᠷᠬᠡᠭ〉 ᠤ᠋ᠨ ᠳᠤᠮᠳᠠ ᠬᠤᠭᠤᠴᠠᠭᠠᠨ ᠤ᠋ ᠪᠠᠢᠯᠳᠤᠬᠤ ᠪᠤᠳᠤᠯᠭ᠎ᠠ ᠵᠢᠨ ᠬᠠᠷᠠᠯᠲᠠ ᠪᠣᠯᠤᠨ 〈ᠳᠡᠯᠡᠭᠡᠢ ᠵᠢᠨ ᠰᠦ ᠵᠢᠨ ᠦᠢᠯᠡᠰ ᠤ᠋ᠨ ᠨᠢᠭᠡᠳᠦᠭᠡᠷ〉 ᠤ᠋ᠨ ᠤᠷᠳᠤ ᠬᠤᠭᠤᠴᠠᠭᠠᠨ ᠤ᠋ ᠪᠠᠢᠯᠳᠤᠬᠤ ᠪᠤᠳᠤᠯᠭ᠎ᠠ ᠵᠢᠨ ᠬᠠᠷᠠᠯᠲᠠ ᠲᠡᠢᠰᠢ ᠪᠠᠨ ᠯᠠᠪᠳᠠᠭᠤᠨ ᠵᠢᠡᠷ ᠤᠷᠤᠭ᠍ᠰᠢᠯᠠᠨᠠ》 ᠭᠡᠵᠦ᠍ ᠵᠠᠩ ᠵᠢᠶᠠᠨ ᠴᠢᠦ ᠢᠳᠡᠬᠡᠯ ᠲᠠᠬᠦᠯᠳᠡᠷ ᠬᠡᠯᠡᠨ᠎ᠠ ᠃

ᠮᠠᠰᠢᠨ ᠬᠦᠮᠦᠨ ᠵᠢᠡᠷ ᠠᠵᠢᠯᠯᠠᠭᠤᠯᠤᠨ᠎ᠠ

ᠶᠠᠰᠤ ᠴᠢᠨᠠᠷ ᠢ᠋ ᠰᠢᠯᠭᠠᠨ ᠪᠠᠢᠴᠠᠭᠠᠨ᠎ᠠ

ᠰᠦ ᠰᠠᠭᠠᠨ᠎ᠠ

ᠪᠤᠭᠤᠮᠳᠠ ᠵᠢ ᠴᠢᠩᠭ᠎ᠠ ᠰᠠᠬᠢᠨ᠎ᠠ

ᠡᠮᠬᠢ ᠵᠢᠷᠤᠮ ᠲᠠᠢ ᠠᠵᠢᠯᠯᠠᠨ᠎ᠠ

ᠢᠯᠢ ᠪᠦᠯᠦᠭᠯᠡᠯ ᠤ᠋ᠨ ᠨᠢᠩᠱᠢᠶᠠ ᠳ᠋ᠡᠬᠢ ᠦᠶ᠋ᠯᠡᠳᠪᠦᠷᠢ ᠵᠢᠨ ᠭᠠᠳᠠᠷ ᠦᠵᠡᠮᠵᠢ

ᠦᠢᠯᠡᠳᠪᠦᠷᠢᠯᠡᠯ ᠤ᠋ᠨ ᠱᠤᠭᠤᠮ
(ᠬᠡᠷᠡᠯ ᠵᠢᠷᠤᠭ ᠤ᠋ᠳ ᠢ᠋ ᠢᠯᠢ ᠪᠦᠯᠦᠭᠯᠡᠯ ᠬᠠᠩᠭᠠᠪᠠ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃