2022-04-30 20:11:01
[ᠰᠤᠨᠢᠨ ᠮᠡᠳᠡᠭᠡᠨ᠎ᠤ ᠡᠷᠭᠢᠴᠡᠭᠦᠯᠦᠯ]
2019 ᠣᠨ᠎ᠤ 7 ᠰᠠᠷ᠎ᠠ᠎ᠶ᠋ᠢᠨ 15 ᠤ᠋ ᠡᠳᠦᠷ᠂ ᠶᠡᠷᠦᠩᠬᠡᠢ ᠱᠦᠵᠢ ᠰᠢ᠎ᠶ᠋ᠢᠨ ᠫᠢᠩ ᠤᠯᠠᠭᠠᠨᠬᠠᠳᠠ ᠬᠤᠳᠠ ᠵᠢᠨ ᠰᠦᠩᠱᠠᠨ ᠲᠣᠭᠣᠷᠢᠭ᠎ᠤᠨ ᠬᠢᠩᠭᠠᠨ ᠵᠡᠭᠡᠯᠢ ᠭᠤᠳᠤᠮᠵᠢ᠎ᠶ᠋ᠢᠨ ᠯᠢᠨ ᠬᠤᠸᠠᠩ ᠵᠢᠶᠠ ᠶᠤᠸᠠᠨ ᠨᠡᠢᠭᠡᠮ ᠲᠣᠭᠣᠷᠢᠭ᠎ᠲᠤ ᠬᠦᠷᠴᠦ ᠰᠢᠨᠵᠢᠯᠡᠨ ᠪᠠᠢᠴᠠᠭᠠᠪᠠ᠃ ᠲᠡᠷᠡ ᠨᠡᠢᠭᠡᠮ ᠲᠣᠭᠣᠷᠢᠭ᠎ᠤᠨ ᠨᠠᠮ ᠪᠠ ᠤᠯᠠᠨ ᠲᠦᠮᠡᠨ᠎ᠦ ᠦᠢᠯᠡᠴᠢᠯᠡᠭᠡᠨ᠎ᠦ ᠲᠥᠪ᠎ᠲᠦ ᠬᠦᠷᠴᠦ᠍᠂ ᠨᠡᠢᠭᠡᠮ ᠲᠣᠭᠣᠷᠢᠭ᠎ᠤᠨ ᠦᠨᠳᠦᠰᠦᠨ ᠱᠠᠲᠤᠨ ᠤ ᠨᠠᠮ᠎ᠤᠨ ᠪᠠᠢᠭᠤᠯᠤᠯᠲᠠ᠂ ᠦᠨᠳᠦᠰᠦᠲᠡᠨ᠎ᠦ ᠪᠦᠯᠬᠦᠮᠳᠡᠯ ᠠᠭᠤᠰᠤᠯᠴᠠᠯᠵᠡᠷᠭᠡ ᠲᠠᠯ᠎ᠠ ᠵᠢᠨ ᠪᠠᠢᠳᠠᠯ᠎ᠢ ᠠᠰᠠᠭᠤᠨ ᠯᠠᠪᠯᠠᠵᠤ᠂ ᠴᠥᠭᠡᠨ ᠲᠣᠭᠠᠲᠤ ᠦᠨᠳᠦᠰᠦᠲᠡᠨ᠎ᠦ ᠬᠤᠪᠴᠠᠰᠤ ᠵᠠᠰᠠᠯ᠂ ᠡᠳ᠋ᠯᠡᠯ ᠬᠡᠷᠡᠭ᠌ᠰᠡᠯ᠎ᠦᠨ ᠦᠵᠡᠭᠦᠯᠭᠡ᠎ᠶ᠋ᠢ ᠲᠤᠭᠤᠷᠢᠠ ᠦᠵᠡᠵᠦ᠍᠂ ᠬᠡᠦᠬᠡᠳ᠎ᠤᠳ ᠪᠤᠯᠤᠨ ᠨᠡᠢᠭᠡᠮ ᠲᠣᠭᠣᠷᠢᠭ ᠤᠨ ᠰᠠᠭᠤᠭᠠᠯᠢ ᠠᠷᠠᠳ᠎ᠲᠠᠶ ᠳᠣᠲᠣᠨᠣ᠎ᠪᠠᠷ ᠶᠠᠷᠢᠯᠴᠠᠵᠠᠢ᠃ ᠶᠡᠷᠦᠩᠬᠡᠶ ᠱᠦᠵᠢ᠂ ᠨᠡᠢᠭᠡᠮ ᠲᠣᠭᠣᠷᠢᠭ ᠪᠣᠯ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠠᠮᠲᠤ᠎ᠶ᠋ᠢᠨ ᠬᠡᠷ ᠪᠦᠯᠢ ᠮᠥᠨ᠂ ᠦᠨᠳᠦᠰᠦᠲᠡᠨ᠎ᠨᠦᠭᠦᠳ ᠨᠢᠭᠲᠠᠷᠠᠨ ᠪᠦᠯᠬᠦᠮᠳᠡᠵᠦ ᠨᠢᠭᠡ ᠬᠡᠷ᠎ᠦᠨ ᠬᠥᠮᠦᠨ ᠮᠡᠲᠦ ᠲᠤᠳᠤᠨᠤᠰᠤᠭ ᠪᠤᠯᠬᠤ ᠬᠡᠷᠡᠭᠲᠡᠢ᠃ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢ ᠡᠭᠦᠳᠦᠨ ᠪᠠᠢᠭᠤᠯᠬᠤ ᠠᠵᠢᠯᠯᠠᠭ᠎ᠠ ᠵᠢ ᠨᠡᠢᠭᠡᠮ ᠲᠣᠭᠣᠷᠢᠭ᠎ᠲᠤ ᠤᠷᠤᠭᠤᠯᠬᠤ ᠠᠵᠢᠯ᠎ᠢ ᠭᠦᠨᠵᠡᠭᠡᠢ ᠠᠬᠢᠭᠤᠯᠵᠤ᠂ ᠨᠡᠢᠭᠡᠮ ᠲᠣᠭᠣᠷᠢᠭ᠎ᠢ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠰᠠᠬᠢᠨ ᠪᠠᠷᠠᠯᠠᠵᠦ᠍ ᠬᠠᠷᠢᠯᠴᠠᠨ ᠬᠠᠪᠰᠤᠷᠤᠯᠴᠠᠬᠤ ᠶᠡᠬᠡ ᠬᠡᠷ ᠪᠦᠯᠢ ᠪᠣᠯᠭᠠᠨ ᠪᠠᠢᠭᠤᠯᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠠᠵᠠ ᠵᠢᠷᠭᠠᠯ ᠲᠠᠢ ᠠᠵᠢᠯᠯᠠᠵᠤ ᠠᠮᠢᠳᠤᠷᠠᠬᠤ ᠰᠠᠢ᠌ᠨ ᠰᠠᠢᠬᠠᠨ ᠨᠡᠢᠭᠡᠮ ᠲᠣᠭᠣᠷᠢᠭ᠎ᠤᠨ ᠣᠷᠴᠢᠨ ᠲᠣᠭᠣᠷᠢᠨ᠎ᠢ ᠢᠳᠡᠪᠬᠢᠲᠡᠢ ᠪᠦᠷᠢᠯᠳᠦᠭᠦᠯᠬᠦ ᠬᠡᠷᠡᠭ᠌ᠲᠡᠢ ᠭᠡᠵᠦ ᠴᠢᠬᠤᠯᠠᠴᠢᠯᠠᠪᠠ᠃
ᠤᠯᠠᠭᠠᠨᠮᠥ᠋ᠴᠢᠷ᠎ᠦᠨ ᠲᠣᠭ᠍ᠯᠠᠯᠲᠠ ᠪᠤᠯᠪᠠᠰᠤᠷᠠᠬᠤ ᠲᠢᠩᠬᠢᠮ ᠪᠠᠶᠠᠷ ᠬᠦᠷ ᠵᠢᠡᠷ ᠪᠢᠯᠬᠠᠨ᠂ ᠢᠷᠠᠭᠤ ᠡᠭᠡᠰᠢᠭ ᠴᠤᠤᠷᠢᠶᠠᠳᠤᠨ᠂ ᠨᠡᠢᠭᠡᠮ ᠲᠤᠭᠤᠷᠢᠭ᠎ᠤᠨ ᠤᠯᠠᠨ ᠲᠦᠮᠡᠨ ᠤᠯᠠᠭᠠᠨᠮᠦ᠋ᠴᠢᠷ᠎ᠤᠨ ᠭᠡᠰᠢᠭᠦᠳ᠎ᠤᠨ ᠵᠢᠯᠤᠭᠤᠳᠤᠯᠭ᠎ᠠ ᠪᠡᠷ ᠳᠠᠭᠤᠯᠠᠨ ᠪᠦᠵᠢᠭᠯᠡᠵᠡᠭᠡᠨᠡ᠃ ᠶᠡᠷᠦᠩᠬᠡᠢ ᠱᠦᠵᠢ᠎ᠶ᠋ᠢᠨ ᠬᠦᠷᠴᠦ᠍ ᠢᠷᠡᠭ᠌ᠰᠡᠨ᠎ᠢ ᠦᠵᠡᠭᠡᠳ᠂ ᠤᠯᠠᠨ᠎ᠢᠶᠠᠷ᠎ᠢᠶᠠᠨ ᠪᠠᠶᠠᠷᠲᠠᠢ᠎ᠪᠠᠷ ᠬᠦᠷᠢᠶᠡᠯᠡᠨ ᠢᠷᠡᠵᠦ᠍᠂ ᠰᠠᠮᠪᠠᠢ ᠬᠠᠳᠠᠭ᠎ᠢᠶᠠᠨ ᠡᠷᠭᠦᠪᠠ᠃ ᠶᠡᠷᠦᠩᠬᠡᠢ ᠱᠦᠵᠢ᠂ ᠤᠯᠠᠭᠠᠨᠮᠥ᠋ᠴᠢᠷ ᠨᠢ ᠠᠮᠢᠳᠤᠷᠠᠯ ᠪᠠ ᠤᠯᠠᠨ ᠲᠦᠮᠡᠨ᠎ᠲᠡᠶ ᠣᠢᠷᠠᠲᠤᠵᠤ᠂ ᠤᠯᠠᠨ᠎ᠤ ᠬᠦᠷᠢᠶᠡᠯᠡᠯ᠎ᠢ ᠮᠠᠰᠢ ᠤᠯᠵᠤ ᠪᠠᠢᠨ᠎ᠠ᠂ ᠤᠯᠠᠨ ᠲᠦᠮᠡᠨ ᠦᠵᠡᠵᠦ᠍ ᠰᠣᠨᠣᠰᠭᠤ ᠳᠤᠷᠠᠲᠠᠢ ᠪᠠᠢᠨ᠎ᠠ᠂ ᠡᠭᠦᠷᠢᠲᠡ ᠴᠠᠭ᠎ᠠᠴᠠ ᠬᠤᠵᠢᠭᠳᠠᠬᠤ ᠦᠭᠡᠢ ᠶᠤᠮ᠃ ᠱᠢᠨ᠎ᠡ ᠴᠠᠭ ᠦᠶ᠎ᠡ᠎ᠳᠦ ᠤᠶᠤᠨ᠎ᠤ ᠪᠣᠯᠪᠠᠰᠤᠨ᠎ᠤ ᠪᠠᠢᠭᠤᠯᠤᠯᠲᠠ᠎ᠶ᠋ᠢ ᠴᠢᠩᠭᠠᠳᠭᠠᠬᠤ᠎ᠳᠤ᠂ ᠤᠳᠭ᠎ᠠ ᠤᠷᠠᠯᠢᠭ᠎ᠨᠢ ᠠᠷᠠᠳ ᠲᠦᠮᠡᠨ᠎ᠳᠦ ᠦᠢᠯᠡᠴᠢᠯᠡᠬᠦ᠂ ᠨᠡᠢᠭᠡᠮ ᠵᠢᠷᠤᠮᠳᠤ ᠦᠢᠯᠡᠴᠢᠯᠡᠬᠦ᠌ ᠴᠢᠭ᠌ᠯᠡᠯ᠎ᠢ ᠪᠠᠷᠢᠮᠲᠠᠯᠠᠵᠤ᠂ ᠦᠨᠳᠦᠰᠦᠨ ᠱᠠᠲᠤᠨ᠎ᠤ ᠤᠯᠠᠨ ᠲᠦᠮᠡᠨ᠎ᠳᠤ ᠱᠢᠭᠤᠳ ᠦᠢᠯᠡᠴᠢᠯᠡᠬᠦ᠌ ᠤᠳᠭ᠎ᠠ ᠤᠷᠠᠯᠢᠭ᠎ᠤᠨ ᠠᠵᠢᠯᠯᠠᠭ᠎ᠠ ᠶ᠋ᠢ ᠢᠳᠡᠪᠬᠢᠲᠡᠢ ᠲᠡᠮᠵᠢᠵᠦ ᠲᠦᠭᠡᠮᠡᠯᠵᠢᠭᠦᠯᠬᠦ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃
ᠬᠦᠷ ᠬᠦᠭᠵᠢᠶᠡᠨ᠎ᠲᠠᠶ ᠶᠠᠩᠭᠠᠷ ᠪᠥᠵᠢᠭ᠂ ᠢᠷᠠᠭᠤ ᠰᠤᠨᠤᠰᠬᠤᠯᠠᠩᠳᠤ ᠲᠡᠭᠤᠤ ᠬᠦᠭᠵᠢᠮ᠂ ᠢᠳᠡᠷᠡᠭᠦᠨ ᠰᠠᠢᠬᠠᠨ ᠤᠷᠠᠨ ᠪᠢᠴᠢᠯᠭᠡ᠂ ᠠᠮᠢᠳᠤᠯᠢᠭ ᠤᠷᠠᠨ ᠭᠠᠷ ᠤᠷᠠᠯᠠᠯ ᠁ ᠤᠯᠠᠭᠠᠨᠬᠠᠳᠠ ᠬᠤᠳᠠ᠎ᠶ᠋ᠢᠨ ᠰᠦᠩᠱᠠᠨ ᠲᠣᠭᠣᠷᠢᠭ᠎ᠤᠨ ᠬᠢᠩᠭᠠᠨ ᠵᠡᠭᠡᠯᠢ ᠭᠤᠳᠤᠮᠵᠢ᠎ᠶ᠋ᠢᠨ ᠯᠢᠨ ᠬᠤᠸᠠᠩ ᠵᠢᠶᠠ ᠶᠤᠸᠠᠨ ᠨᠡᠢᠭᠡᠮ ᠲᠣᠭᠣᠷᠢᠭ᠎ᠲᠤ᠌᠂ ᠡᠯᠪᠡᠭ ᠪᠠᠶᠠᠯᠢᠭ᠂ ᠤᠯᠠᠨ ᠬᠡᠯᠪᠡᠷᠢᠮᠠᠶᠢᠭ ᠤ᠋ᠠ ᠰᠣᠶᠣᠯ᠎ᠤᠨ ᠠᠵᠢᠯᠯᠠᠭ᠎ᠠ ᠰᠠᠭᠤᠭᠠᠯᠢ ᠠᠷᠠᠳ᠎ᠤᠨ ᠠᠮᠢᠳᠤᠷᠠᠯ᠎ᠳᠤ ᠬᠠᠯᠠᠭᠤᠠ ᠲᠤᠳᠤᠨᠤ ᠨᠡᠮᠡᠷᠢᠯᠡᠨ᠎ᠡ᠃
ᠯᠢᠨ ᠬᠤᠸᠠᠩ ᠵᠢᠶᠠ ᠶᠤᠸᠠᠨ ᠨᠡᠢᠭᠡᠮ ᠲᠣᠭᠣᠷᠢᠭ ᠮᠣᠩᠭᠣᠯ᠂ ᠮᠠᠨᠵᠤ᠂ ᠬᠣᠲᠣᠩ᠂ ᠵᠤᠸᠠᠩ ᠵᠡᠷᠭᠡ 12 ᠴᠥᠭᠡᠨ ᠲᠣᠭᠠᠲᠤ ᠦᠨᠳᠦᠰᠦᠲᠡᠨ᠎ᠢᠶᠡᠷ ᠪᠦᠷᠢᠯᠳᠦᠵᠦ᠂ ᠴᠥᠭᠡᠨ ᠲᠣᠭᠠᠲᠤ ᠦᠨᠳᠦᠰᠦᠲᠡᠨ᠎ᠦ ᠰᠠᠭᠤᠭᠠᠯᠢ ᠠᠷᠠᠳ 4000 ᠭᠠᠷᠤᠢ ᠪᠠᠢᠵᠤ᠂ ᠨᠡᠢᠲᠡᠯᠢᠭ ᠴᠢᠨᠠᠷᠲᠠᠢ ᠣᠯᠠᠨ ᠦᠨᠳᠦᠰᠦᠲᠡᠨ ᠠᠭᠤᠰᠤᠯᠴᠠᠨ ᠰᠠᠭᠤᠷᠢᠱᠢᠭ᠍ᠰᠠᠨ ᠨᠡᠢᠭᠡᠮ ᠲᠣᠭᠣᠷᠢᠭ ᠪᠣᠯᠤᠨ᠎ᠠ᠃ ᠨᠡᠢᠭᠡᠮ ᠲᠣᠭᠣᠷᠢᠭ᠎ᠤᠨ ᠤᠯᠠᠨ ᠲᠦᠮᠡᠨ᠎ᠦ ᠵᠣᠯ ᠵᠢᠷᠭᠠᠯ᠎ᠤᠨ ᠲᠦᠷᠦᠭ᠌ᠳᠡᠯ ᠪᠣᠯᠤᠨ ᠬᠠᠨᠤᠮᠵᠢ᠎ᠶ᠋ᠢᠨ ᠬᠡᠮᠵᠢᠶ᠎ᠡ᠎ᠶ᠋ᠢ ᠳᠡᠭᠡᠭ᠌ᠰᠢᠯᠡᠭᠦᠯᠬᠦ᠌᠎ᠳᠦ《ᠦᠨᠳᠦᠰᠦᠲᠡᠨ ᠨᠤᠭᠦᠳ ᠨᠢᠭᠲᠠᠷᠠᠨ ᠪᠦᠯᠬᠦᠮᠳᠡᠵᠦ ᠨᠢᠭᠡ ᠭᠡᠷ᠎ᠦᠨ ᠬᠥᠮᠦᠨ ᠮᠡᠲᠦ ᠪᠤᠯᠬᠤ》ᠨᠡᠢᠭᠡᠮ ᠲᠣᠭᠣᠷᠢᠭ᠎ᠤᠨ ᠣᠷᠴᠢᠨ ᠲᠣᠭᠣᠷᠢᠨ᠎ᠢ ᠪᠤᠢ ᠪᠣᠯᠭᠠᠬᠤ ᠨᠢ ᠲᠤᠢᠯ᠎ᠤᠨ ᠴᠢᠬᠤᠯᠠ ᠶᠤᠮ᠃
2019 ᠣᠨ᠎ᠤ 7 ᠰᠠᠷ᠎ᠠ᠎ᠶ᠋ᠢᠨ 15 ᠤ᠋ ᠡᠳᠦᠷ᠂ ᠯᠢᠨ ᠬᠤᠸᠠᠩ ᠵᠢᠶᠠ ᠶᠤᠸᠠᠨ ᠨᠡᠢᠭᠡᠮ ᠲᠣᠭᠣᠷᠢᠭ ᠨᠢᠭᠡᠨ ᠡᠷᠬᠢᠮ ᠬᠦᠨᠳᠦᠲᠦ ᠵᠣᠴᠢᠨ ᠵᠢᠡᠨ ᠤᠭ᠍ᠲᠤᠯ᠎ᠠ ᠃
— ᠶᠡᠷᠦᠩᠬᠡᠢ ᠱᠦᠵᠢ ᠰᠢ᠎ᠶ᠋ᠢᠨ ᠫᠢᠩ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠳ᠋ᠠᠭᠠᠨ ᠡᠩ ᠲᠡᠷᠢᠭᠦᠨ ᠳ᠋ᠤ ᠯᠢᠨ ᠬᠤᠸᠠᠩ ᠵᠢᠶᠠ ᠶᠤᠸᠠᠨ ᠨᠡᠢᠭᠡᠮ ᠲᠣᠭᠣᠷᠢᠭ ᠳᠦ᠍ ᠬᠦᠷᠴᠦ ᠢᠷᠡᠪᠡ᠃ ᠲᠡᠷᠡ ᠨᠡᠢᠭᠡᠮ ᠲᠣᠭᠣᠷᠢᠭ᠎ᠤᠨ ᠨᠠᠮ ᠪᠠ ᠤᠯᠠᠨ ᠲᠦᠮᠡᠨ᠎ᠦ ᠦᠢᠯᠡᠴᠢᠯᠡᠭᠡᠨ᠎ᠦ ᠲᠥᠪ᠎ᠲᠦ ᠬᠦᠷᠴᠦ᠍᠂ ᠨᠡᠢᠭᠡᠮ ᠲᠣᠭᠣᠷᠢᠭ᠎ᠤᠨ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠂ ᠦᠨᠳᠦᠰᠦᠲᠡᠨ᠎ᠦ ᠪᠦᠯᠬᠦᠮᠳᠡᠯ ᠠᠭᠤᠰᠤᠯᠴᠠᠯᠵᠡᠷᠭᠡ ᠲᠠᠯ᠎ᠠ ᠵᠢᠨ ᠪᠠᠢᠳᠠᠯ᠎ᠢ ᠠᠰᠠᠭᠤᠨ ᠯᠠᠪᠯᠠᠵᠤ᠂ ᠴᠥᠭᠡᠨ ᠲᠣᠭᠠᠲᠤ ᠦᠨᠳᠦᠰᠦᠲᠡᠨ᠎ᠦ ᠬᠤᠪᠴᠠᠰᠤ ᠵᠠᠰᠠᠯ᠂ ᠡᠳ᠋ᠯᠡᠯ ᠬᠡᠷᠡᠭ᠌ᠰᠡᠯ᠎ᠦᠨ ᠦᠵᠡᠭᠦᠯᠭᠡ᠎ᠶ᠋ᠢ ᠲᠤᠭᠤᠷᠢᠠ ᠦᠵᠡᠵᠦ᠍᠂ ᠬᠡᠦᠬᠡᠳ᠎ᠤᠳ ᠪᠤᠯᠤᠨ ᠨᠡᠢᠭᠡᠮ ᠲᠣᠭᠣᠷᠢᠭ᠎ᠤᠨ ᠰᠠᠭᠤᠭᠠᠯᠢ ᠠᠷᠠᠳ᠎ᠲᠠᠶ ᠳᠣᠲᠣᠨᠣ᠎ᠪᠠᠷ ᠶᠠᠷᠢᠯᠴᠠᠵᠠᠢ᠃
ᠶᠡᠷᠦᠩᠬᠡᠶ ᠱᠦᠵᠢ᠄《ᠨᠡᠢᠭᠡᠮ ᠲᠣᠭᠣᠷᠢᠭ ᠪᠣᠯ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠠᠮᠲᠤ᠎ᠶ᠋ᠢᠨ ᠬᠡᠷ ᠪᠦᠯᠢ ᠮᠥᠨ᠂ ᠦᠨᠳᠦᠰᠦᠲᠡᠨ᠎ᠨᠦᠭᠦᠳ ᠨᠢᠭᠲᠠᠷᠠᠨ ᠪᠦᠯᠬᠦᠮᠳᠡᠵᠦ ᠨᠢᠭᠡ ᠬᠡᠷ᠎ᠦᠨ ᠬᠥᠮᠦᠨ ᠮᠡᠲᠦ ᠪᠤᠯᠬᠤ ᠬᠡᠷᠡᠭᠲᠡᠢ᠃ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢ ᠡᠭᠦᠳᠦᠨ ᠪᠠᠢᠭᠤᠯᠬᠤ ᠠᠵᠢᠯᠯᠠᠭ᠎ᠠ ᠵᠢ ᠨᠡᠢᠭᠡᠮ ᠲᠣᠭᠣᠷᠢᠭ᠎ᠲᠤ ᠤᠷᠤᠭᠤᠯᠬᠤ ᠠᠵᠢᠯ᠎ᠢ ᠭᠦᠨᠵᠡᠭᠡᠢ ᠠᠬᠢᠭᠤᠯᠵᠤ᠂ ᠨᠡᠢᠭᠡᠮ ᠲᠣᠭᠣᠷᠢᠭ᠎ᠢ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠰᠠᠬᠢᠨ ᠪᠠᠷᠠᠯᠠᠵᠦ᠍ ᠬᠠᠷᠢᠯᠴᠠᠨ ᠬᠠᠪᠰᠤᠷᠤᠯᠴᠠᠬᠤ ᠶᠡᠬᠡ ᠬᠡᠷ ᠪᠦᠯᠢ ᠪᠣᠯᠭᠠᠨ ᠪᠠᠢᠭᠤᠯᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠠᠵᠠ ᠵᠢᠷᠭᠠᠯ ᠲᠠᠢ ᠠᠵᠢᠯᠯᠠᠵᠤ ᠠᠮᠢᠳᠤᠷᠠᠬᠤ ᠰᠠᠢ᠌ᠨ ᠰᠠᠢᠬᠠᠨ ᠨᠡᠢᠭᠡᠮ ᠲᠣᠭᠣᠷᠢᠭ᠎ᠤᠨ ᠣᠷᠴᠢᠨ ᠲᠣᠭᠣᠷᠢᠨ᠎ᠢ ᠢᠳᠡᠪᠬᠢᠲᠡᠢ ᠪᠦᠷᠢᠯᠳᠦᠭᠦᠯᠬᠦ ᠬᠡᠷᠡᠭ᠌ᠲᠡᠢ》 ᠭᠡᠵᠦ ᠴᠢᠬᠤᠯᠠᠴᠢᠯᠠᠪᠠ᠃
ᠳᠣᠲᠣᠨᠣ ᠬᠠᠯᠠᠮᠵᠢᠯᠠᠯ ᠨᠢ ᠠᠷᠠᠳ᠎ᠦᠨ ᠰᠡᠳᠭᠢᠯ᠎ᠢ ᠳᠤᠯᠠᠭᠠᠴᠠᠭᠤᠯᠤᠨ᠎ᠠ; ᠬᠦᠰᠡᠯ ᠨᠠᠢᠳᠠᠯᠭ᠎ᠠ ᠨᠢ ᠲᠡᠮᠡᠴᠡᠯ᠎ᠤᠨ ᠵᠤᠷᠢᠭ᠎ᠢ ᠡᠷᠴᠢᠯᠡᠨ᠎ᠡ᠃ 3 ᠵᠢᠯ᠎ᠦᠨ ᠳᠠᠷᠠᠭ᠎ᠠ᠂ ᠯᠢᠨ ᠬᠤᠸᠠᠩ ᠵᠢᠶᠠ ᠶᠤᠸᠠᠨ ᠨᠡᠢᠭᠡᠮ ᠲᠣᠭᠣᠷᠢᠭ᠎ᠤᠨ ᠨᠠᠮ᠎ᠤᠨ ᠬᠣᠷᠢᠶ᠎ᠠ ᠭᠡᠷ᠎ᠪᠦᠯᠢ ᠵᠢᠨ ᠣᠢᠯᠠᠭᠠᠭ᠍ᠳᠠᠬᠤᠨ᠂ ᠭᠡᠷ ᠪᠦᠯᠢ ᠵᠢᠨ ᠬᠠᠯᠠᠮᠵᠢᠯᠠᠯ᠂ ᠭᠡᠷ ᠪᠦᠯᠢ ᠵᠢᠨ ᠬᠠᠢᠷ᠎ᠠ ᠬᠠᠯᠠᠮᠵᠢ᠎ᠪᠠᠷ ᠨᠡᠢᠭᠡᠮ ᠲᠣᠭᠣᠷᠢᠭ᠎ᠤᠨ ᠴᠥᠭᠡᠨ ᠲᠣᠭᠠᠲᠤ ᠦᠨᠳᠦᠰᠦᠲᠡᠨ᠎ᠦ ᠤᠯᠠᠨ ᠲᠦᠮᠡᠨ᠎ᠳᠦ ᠬᠠᠨᠳᠤᠭᠤᠯᠤᠨ《ᠭᠡᠷ ᠪᠦᠯᠢ》 ᠵᠢᠨ ᠦᠢᠯᠡᠴᠢᠯᠡᠭᠡ ᠥᠷᠨᠢᠭᠦᠯᠵᠦ᠍᠂ ᠦᠨᠳᠦᠰᠦᠲᠡᠨ ᠨᠤᠭᠦᠳ᠎ᠦᠨ ᠰᠠᠭᠤᠭᠠᠯᠢ ᠠᠷᠠᠳ᠎ᠤᠨ ᠡᠨᠡ ᠬᠦ᠌ ᠶᠡᠬᠡ ᠭᠡᠷ ᠪᠦᠯᠢ᠎ᠳᠡᠬᠢ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ᠎ᠶ᠋ᠢ ᠠᠬᠢᠭᠤᠯᠵᠠᠢ᠃
ᠯᠢᠨ ᠬᠤᠸᠠᠩ ᠵᠢᠶᠠ ᠶᠤᠸᠠᠨ ᠨᠡᠢᠭᠡᠮ ᠲᠣᠭᠣᠷᠢᠭ᠎ᠲᠤ ᠬᠦᠷᠬᠦ᠌᠎ᠳᠦ᠂ ᠤᠯᠠᠭᠠᠨᠮᠥ᠋ᠴᠢᠷ᠎ᠦᠨ ᠪᠣᠯᠪᠠᠰᠤᠷᠠᠯ᠎ᠤᠨ ᠲᠢᠩᠬᠢᠮ᠎ᠤᠨ ᠪᠠᠶᠠᠷ ᠬᠦᠷ᠎ᠲᠡᠶ ᠪᠥᠵᠢᠭ᠂ ᠦᠨᠳᠦᠰᠦᠲᠡᠨ᠎ᠦ ᠠᠭᠤᠰᠤᠯᠴᠠᠯ᠎ᠤᠨ ᠵᠢᠵᠢᠭ ᠬᠢᠴᠢᠶᠡᠯ᠎ᠦᠨ ᠱᠢᠷᠡᠭᠡ ᠳ᠋ᠡᠬᠢ ᠬᠦᠷ ᠬᠦᠭᠵᠢᠶᠡᠨ᠎ᠲᠡᠶ ᠶᠠᠷᠢᠶ᠎ᠠ᠂ ᠦᠨᠳᠦᠰᠦᠲᠡᠨ᠎ᠦ ᠭᠠᠷ ᠤᠷᠠᠯᠠᠯ᠎ᠤᠨ ᠬᠠᠳᠭᠤᠮᠠᠯ᠎ᠤᠨ ᠠᠩᠬᠢ᠎ᠶ᠋ᠢᠨ ᠠᠮᠢᠳᠤ ᠳᠦᠷᠰᠦᠯᠢᠭ ᠪᠦᠲᠦᠭᠡᠯ᠎ᠦᠳ᠎ᠤᠨ ᠠᠯᠢ ᠨᠢ ᠴᠤ᠌ ᠭᠡᠰᠡᠨ ᠡᠨᠡ ᠬᠦ᠌ ᠶᠡᠬᠡ ᠭᠡᠷ ᠪᠦᠯᠢ᠎ᠶ᠋ᠢᠨ ᠬᠠᠯᠠᠭᠤᠨ ᠳᠤᠯᠠᠭᠠᠨ ᠪᠠ ᠡᠶ᠎ᠡ ᠵᠣᠬᠢᠴᠠᠩᠭᠤᠢ᠎ᠶ᠋ᠢ ᠬᠦᠦᠷᠨᠢᠨ᠎ᠡ᠃
2019 ᠣᠨ᠎ᠳᠤ ᠯᠢᠨ ᠬᠤᠸᠠᠩ ᠵᠢᠶᠠ ᠶᠤᠸᠠᠨ ᠨᠡᠢᠭᠡᠮ ᠲᠣᠭᠣᠷᠢᠭ ᠦᠨᠳᠦᠰᠦᠲᠡᠨ᠎ᠦ ᠠᠭᠤᠰᠤᠯᠴᠠᠯ ᠤᠨ ᠵᠢᠵᠢᠭ ᠬᠢᠴᠢᠶᠡᠯ᠎ᠢ ᠨᠡᠭᠡᠭᠡᠭ᠌ᠰᠡᠨ᠎ᠡᠴᠡ ᠨᠠᠭᠠᠰᠢ᠂ ᠭᠠᠷᠠᠭ᠎ᠤᠨ ᠰᠡᠭᠦᠯᠴᠢ ᠪᠣᠯᠤᠭᠰᠠᠭᠠᠷ ᠵᠠᠩ ᡁᠢ ᠴᠤᠤᠵᠡᠷᠭᠡ 7 ᠰᠠᠢ᠌ᠨ ᠳᠤᠷ᠎ᠠ᠎ᠶ᠋ᠢᠨ ᠦᠢᠯᠡᠴᠢᠯᠡᠭᠴᠢ ᠵᠤᠷᠰᠢᠯ ᠶᠤᠰᠤᠭᠠᠷ ᠡᠨᠳᠡ ᠢᠷᠡᠵᠦ᠍᠂ ᠬᠠᠮᠲᠤ ᠳ᠋ᠠᠭᠠᠨ ᠨᠢᠭᠡ ᠳᠠᠭᠤᠤ ᠳᠠᠭᠤᠯᠠᠬᠤ᠂ ᠦᠨᠳᠦᠰᠦᠲᠡᠨ᠎ᠦ ᠦᠯᠢᠭᠡᠷ᠎ᠦᠨ ᠴᠤᠪᠤᠷᠠᠯ᠂ ᠭᠠᠷ ᠤᠷᠠᠯᠠᠯ᠎ᠤᠨ ᠪᠦᠲᠦᠭᠡᠯᠴᠢ ᠰᠡᠳᠭᠢᠮᠵᠢ ᠵᠡᠷᠭᠡ ᠬᠢᠴᠢᠶᠡᠯ᠎ᠢ ᠰᠦᠢᠳᠭᠡᠯ ᠬᠤᠷᠢᠶᠠᠬᠤ ᠦᠭᠡᠢ ᠬᠢᠴᠢᠶᠡᠯᠯᠡᠬᠦ ᠳ᠋ᠤ᠂ ᠰᠤᠷᠤᠭ᠍ᠴᠢ᠎ᠶ᠋ᠢᠨ ᠲᠣᠭ᠎ᠠ 800 ᠭᠠᠷᠤᠢ ᠬᠥᠮᠦᠨ ᠤᠳᠠᠭ᠎ᠠ᠎ᠳᠤ ᠬᠦᠷᠴᠡᠢ᠃
ᠡᠨᠡ ᠦᠶ᠎ᠡ᠎ᠳᠦ᠂ ᠬᠠᠵᠠᠭᠤ᠎ᠳᠠᠬᠢ ᠤᠯᠠᠭᠠᠨᠮᠥ᠋ᠴᠢᠷ᠎ᠦᠨ ᠲᠤᠭᠯᠠᠯᠲᠠ ᠪᠤᠯᠪᠠᠰᠤᠷᠠᠬᠤ ᠲᠢᠩᠬᠢᠮ᠎ᠳᠦ ᠪᠠᠶᠠᠷ ᠬᠦᠷ ᠵᠢᠡᠷ ᠪᠢᠯᠬᠠᠨ ᠢᠷᠠᠭᠤ ᠡᠭᠡᠰᠢᠭ ᠴᠤᠤᠷᠢᠶᠠᠳᠤᠨ᠂ ᠬᠢᠩᠭᠠᠨᠤᠯᠠᠭᠠᠨᠮᠥ᠋ᠴᠢᠷᠦᠨ ᠭᠡᠱᠢᠭᠦᠳ ᠱᠢᠨ᠎ᠡ ᠳᠠᠭᠤᠤ ᠪᠥᠵᠢᠭ《ᠴᠡᠷᠢᠭ ᠠᠷᠠᠳ ᠪᠦᠯᠬᠦᠮᠳᠡᠨ ᠨᠢᠭᠡ ᠭᠡᠷ᠎ᠦᠨ ᠬᠥᠮᠦᠨ ᠮᠡᠲᠦ ᠲᠤᠳᠤᠨᠤ》ᠵᠢ ᠪᠣᠯᠪᠠᠰᠤᠷᠠᠵᠤ᠂ ᠪᠦᠵᠢᠭ᠎ᠤᠨ ᠬᠥᠳᠡᠯᠭᠡᠭᠡᠨ᠎ᠢ ᠨᠠᠷᠢᠨ ᠨᠢᠭᠲᠠ ᠲᠥᠰᠦᠪᠯᠡᠵᠦ᠍᠂ ᠨᠠᠷᠢᠨ ᠵᠦᠢᠯᠡᠰ ᠪᠦᠬᠦᠨ᠎ᠢ ᠨᠠᠷᠢᠨ ᠬᠢᠨᠠᠮᠠᠭᠠᠢ ᠲᠡᠭᠦᠯᠳᠡᠷᠵᠢᠭᠦᠯᠵᠦ᠍᠂ ᠤᠯᠠᠨ ᠲᠦᠮᠡᠨ᠎ᠳᠦ ᠨᠡᠩ ᠰᠠᠢᠬᠠᠠ ᠪᠦᠲᠦᠭᠡᠯ ᠵᠢᠡᠨ ᠦᠵᠡᠭᠦᠯᠬᠦ᠌᠎ᠶ᠋ᠢᠨ ᠲᠥᠯᠥᠭᠡ ᠴᠢᠷᠮᠠᠢᠨ᠎ᠠ᠃
ᠶᠡᠷᠦᠩᠬᠡᠢ ᠱᠦᠵᠢ ᠰᠢ᠎ᠶ᠋ᠢᠨ ᠫᠢᠩ ᠯᠢᠨ ᠬᠤᠸᠠᠩ ᠵᠢᠶᠠ ᠶᠤᠸᠠᠨ ᠨᠡᠢᠭᠡᠮ ᠲᠣᠭᠣᠷᠢᠭ᠎ᠲᠤ᠂ ᠬᠢᠩᠭᠠᠨ ᠤᠯᠠᠭᠠᠨᠮᠥ᠋ᠴᠢᠷ᠎ᠦᠨ ᠭᠡᠱᠢᠭᠦᠳ᠎ᠦᠨ ᠲᠣᠭ᠍ᠯᠠᠯᠲᠠ᠎ᠶ᠋ᠢ ᠰᠣᠨᠢᠷᠬᠠᠵᠤ᠂ ᠲᠡᠳᠡᠨ ᠲᠠᠢ ᠳᠣᠲᠣᠨᠣ ᠶᠠᠷᠢᠯᠴᠠᠵᠤ᠂ 《ᠤᠯᠠᠭᠠᠨᠮᠥ᠋ᠴᠢᠷ ᠨᠢ ᠠᠮᠢᠳᠤᠷᠠᠯ ᠪᠠ ᠤᠯᠠᠨ ᠲᠦᠮᠡᠨ᠎ᠲᠡᠶ ᠣᠢᠷᠠᠲᠤᠵᠤ᠂ ᠤᠯᠠᠭᠠᠨᠮᠦᠢ᠍ᠴᠢᠷᠤᠨ ᠲᠤᠭᠯᠠᠯᠳᠠ᠎ᠶᠢ ᠤᠯᠠᠨ ᠲᠦᠮᠡᠨ ᠦᠵᠡᠵᠦ᠍ ᠰᠣᠨᠣᠰᠭᠤ ᠳᠤᠷᠠᠲᠠᠢ ᠪᠠᠢᠨ᠎ᠠ᠂ ᠡᠭᠦᠷᠢᠲᠡ ᠴᠠᠭ᠎ᠠᠴᠠ ᠬᠤᠵᠢᠭᠳᠠᠬᠤ ᠦᠭᠡᠢ ᠶᠤᠮ᠃ ᠱᠢᠨ᠎ᠡ ᠴᠠᠭ ᠦᠶ᠎ᠡ ᠳᠦ ᠤᠶᠤᠨ᠎ᠤ ᠪᠣᠯᠪᠠᠰᠤᠨ᠎ᠤ ᠪᠠᠢᠭᠤᠯᠤᠯᠲᠠ᠎ᠶ᠋ᠢ ᠴᠢᠩᠭᠠᠳᠭᠠᠬᠤ᠎ᠳᠤ᠂ ᠤᠳᠭ᠎ᠠ ᠤᠷᠠᠯᠢᠭ᠎ᠨᠢ ᠠᠷᠠᠳ ᠲᠦᠮᠡᠨ᠎ᠳᠦ ᠦᠢᠯᠡᠴᠢᠯᠡᠬᠦ᠂ ᠨᠡᠢᠭᠡᠮ ᠵᠢᠷᠤᠮᠳᠤ ᠦᠢᠯᠡᠴᠢᠯᠡᠬᠦ᠌ ᠴᠢᠭ᠌ᠯᠡᠯ᠎ᠢ ᠪᠠᠷᠢᠮᠲᠠᠯᠠᠵᠤ᠂ ᠦᠨᠳᠦᠰᠦᠨ ᠱᠠᠲᠤᠨ᠎ᠤ ᠤᠯᠠᠨ ᠲᠦᠮᠡᠨ᠎ᠳᠤ ᠱᠢᠭᠤᠳ ᠦᠢᠯᠡᠴᠢᠯᠡᠬᠦ᠌ ᠤᠳᠭ᠎ᠠ ᠤᠷᠠᠯᠢᠭ᠎ᠤᠨ ᠠᠵᠢᠯᠯᠠᠭ᠎ᠠ᠎ᠶ᠋ᠢ ᠢᠳᠡᠪᠬᠢᠲᠡᠢ ᠲᠡᠮᠵᠢᠵᠦ ᠲᠦᠭᠡᠮᠡᠯᠵᠢᠭᠦᠯᠬᠦ ᠬᠡᠷᠡᠭ᠌ᠲᠡᠢ》ᠭᠡᠵᠦ᠍ ᠵᠢᠭᠠᠵᠤ ᠭᠠᠷᠭᠠᠪᠠ᠃ ᠃
ᠨᠠᠨᠳᠢᠨ ᠰᠤᠷᠭᠠᠯ ᠨᠢ ᠴᠢᠬᠢᠨ᠎ᠳᠦ ᠬᠠᠳᠠᠩᠱᠢᠪᠠ᠃ ᠬᠢᠩᠭᠠᠨ ᠤᠯᠠᠭᠠᠨᠮᠥ᠋ᠴᠢᠷ᠎ᠦᠨ ᠭᠡᠱᠢᠭᠦᠳ ᠶᠡᠷᠦᠩᠬᠡᠢ ᠱᠦᠵᠢ ᠰᠢ᠎ᠶ᠋ᠢᠨ ᠫᠢᠩ᠎ᠤᠨ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠣᠯᠠᠨ ᠲᠦᠮᠡᠨ᠎ᠦ ᠳᠤᠮᠳᠠ᠎ᠠᠴᠠ ᠠᠪᠴᠤ᠌ ᠣᠯᠠᠨ ᠲᠦᠮᠡᠨ᠎ᠦ ᠳᠤᠮᠳᠠ ᠬᠡᠷᠡᠭ᠌ᠵᠢᠭᠦᠯᠬᠦ᠌ ᠬᠥᠭ᠌ᠵᠢᠯᠲᠡ᠎ᠶ᠋ᠢᠨ ᠰᠡᠳᠭᠢᠴᠡ᠎ᠶ᠋ᠢ ᠪᠠᠷᠢᠮᠲᠠᠯᠠᠵᠤ᠂ ᠲᠠᠰᠤᠷᠠᠯᠲᠠ ᠦᠭᠡᠢ ᠬᠥᠭ᠌ᠵᠢᠨ ᠪᠤᠵᠠᠭᠠᠢᠷᠠᠵᠤ᠂ 3 ᠤᠷᠠᠯᠢᠭ᠎ᠤᠨ ᠵᠢᠯᠤᠭᠤᠳᠤᠬ᠍ᠴᠢ ᠤᠷᠢᠵᠤ᠂ ᠤᠤᠯ ᠤᠨ19 ᠬᠥᠮᠦᠨ ᠲᠡᠢ ᠪᠠᠢᠭ᠍ᠰᠠᠨ᠎ᠠᠴᠠ᠎ᠪᠠᠨ 40 ᠭᠠᠷᠤᠢ ᠬᠥᠮᠦᠨ ᠲᠡᠢ ᠪᠤᠯᠵᠤ᠂ ᠥᠪᠡᠷ᠎ᠢᠶᠡᠨ ᠨᠠᠢᠷᠠᠭᠤᠯᠵᠤ ᠥᠪᠡᠷ᠎ᠢᠶᠡᠨ ᠵᠢᠯᠣᠭᠣᠳᠴᠤ᠌ ᠥᠪᠡᠷ᠎ᠢᠶᠡᠨ ᠲᠣᠭ᠍ᠯᠠᠭ᠍ᠰᠠᠨ ᠪᠦᠲᠦᠭᠡᠯ14 ᠪᠦᠳᠦᠬᠡᠵᠥ᠂ ᠬᠤᠳᠠ ᠲᠣᠭᠣᠷᠢᠭ ᠬᠣᠶᠠᠷ ᠱᠠᠲᠤᠨ᠎ᠤ ᠲᠤᠮᠤ ᠬᠡᠯᠪᠡᠷᠢ᠎ᠶ᠋ᠢᠨ ᠨᠡᠢᠲᠡ᠎ᠶ᠋ᠢᠨ ᠠᠰᠠᠷᠠᠮᠵᠢ᠎ᠶ᠋ᠢᠨ ᠲᠣᠭ᠍ᠯᠠᠯᠲᠠ ᠵᠢᠴᠢ ᠡᠯ᠎ᠡ ᠨᠡᠢᠭᠡᠮ ᠲᠣᠭᠣᠷᠢᠭ ᠲᠤ᠌ 30 ᠭᠠᠷᠤᠢ ᠤᠳᠠᠭ᠎ᠠ ᠲᠣᠭᠣᠷᠢᠨ ᠲᠣᠭ᠍ᠯᠠᠯᠲᠠ ᠭᠠᠷᠭᠠᠵᠤ᠂ ᠠᠭᠠᠵᠢᠮ᠎ᠢᠶᠠᠷ ᠬᠢᠩᠭᠠᠨ ᠵᠡᠭᠡᠯᠢ ᠭᠤᠳᠤᠮᠵᠢ᠎ᠶ᠋ᠢᠨ ᠨᠠᠮ᠎ᠤᠨ ᠴᠢᠭ᠌ᠯᠡᠯᠲᠡ ᠲᠦᠷᠦ᠍᠎ᠶ᠋ᠢᠨ ᠪᠤᠳᠤᠯᠭ᠎ᠠ᠎ᠶ᠋ᠢ ᠤᠬᠠᠭᠤᠯᠬᠤ᠂ ᠦᠨᠳᠦᠰᠦᠲᠡᠨ᠎ᠦ ᠪᠦᠯᠬᠦᠮᠳᠡᠯ᠎ᠢ ᠠᠬᠢᠭᠤᠯᠬᠤ᠂ ᠱᠢᠯᠢᠳᠡᠭ ᠰᠣᠶᠣᠯ᠎ᠢ ᠤᠯᠠᠮᠵᠢᠯᠠᠨ ᠪᠠᠳᠠᠷᠠᠭᠤᠯᠬᠤ᠂ ᠨᠡᠢᠭᠡᠮ᠎ᠦᠨ ᠪᠣᠯᠪᠠᠰᠤᠨ ᠬᠡᠪ ᠰᠤᠷᠲᠠᠯ᠎ᠢ ᠪᠣᠢᠵᠢᠭᠤᠯᠬᠤ ᠤᠨᠴᠠᠯᠢᠭ᠍ᠳᠤ ᠲᠦᠷᠦᠯ ᠲᠡᠮᠳᠡᠭ ᠪᠣᠯᠤᠭ᠍ᠰᠠᠨ ᠪᠠᠢᠨ᠎ᠠ᠃
ᠦᠨᠳᠦᠰᠦᠲᠡᠨ᠎ᠦ ᠱᠢᠯᠢᠳᠡᠭ ᠰᠣᠶᠣᠯ᠎ᠢ ᠨᠡᠩ ᠰᠠᠢᠲᠤᠷ ᠤᠯᠠᠮᠵᠢᠯᠠᠨ ᠵᠠᠯᠭᠠᠮᠵᠢᠯᠠᠵᠤ᠂ ᠦᠨᠳᠦᠰᠦᠲᠡᠨ ᠨᠤᠭᠦᠳ᠎ᠦᠨ ᠰᠠᠭᠤᠭᠠᠯᠢ ᠠᠷᠠᠳ᠎ᠤᠨ ᠤᠶᠤᠨ᠎ᠤ ᠠᠮᠢᠳᠤᠷᠠᠯ᠎ᠢ ᠪᠠᠶᠠᠯᠢᠭ᠍ᠵᠢᠭᠤᠯᠬᠤ᠎ᠶ᠋ᠢᠨ ᠲᠥᠯᠥᠭᠡ ᠯᠢᠨ ᠬᠤᠸᠠᠩ ᠵᠢᠶᠠ ᠶᠤᠸᠠᠨ ᠨᠡᠢᠭᠡᠮ ᠲᠣᠭᠣᠷᠢᠭ᠎ᠤᠨ ᠬᠢᠨ ᠪᠠᠰᠠ ᠮᠣᠩᠭᠣᠯ ᠬᠢᠲᠠᠳ ᠬᠣᠣᠰ ᠬᠡᠯᠡᠨ᠎ᠦ ᠤᠷᠠᠨ ᠪᠢᠴᠢᠯᠭᠡ᠎ᠶ᠋ᠢᠨ ᠠᠩᠬᠢ᠂ ᠦᠨᠳᠦᠰᠦᠲᠡᠨ᠎ᠦ ᠤᠷ᠎ᠠ ᠮᠡᠷᠭᠡᠵᠢᠯ᠎ᠦᠨ ᠤᠯᠠᠮᠵᠢᠯᠠᠯ᠎ᠤᠨ ᠠᠩᠬᠢ ᠵᠡᠷᠭᠡ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠰᠠᠭᠤᠭᠠᠯᠢ ᠠᠷᠠᠳ᠎ᠤᠨ《ᠨᠡᠢᠭᠡᠮ ᠲᠣᠭᠣᠷᠢᠭ ᠪᠣᠯ ᠮᠢᠨᠦ᠍ ᠭᠡᠷ᠂ ᠪᠦᠳᠦᠬᠡᠨ ᠪᠠᠢᠭᠤᠯᠤᠯᠲᠠ᠎ᠨᠢ ᠤᠯᠠᠨ᠎ᠢ ᠲᠦᠱᠢᠭ᠌ᠯᠡᠨ᠎ᠡ》ᠭᠡᠬᠦ᠌ ᠲᠠᠨᠢᠯᠲᠠ᠎ᠶ᠋ᠢ ᠳᠠᠰᠤᠷᠠᠯᠳᠠ ᠦᠬᠡᠢ ᠴᠢᠩᠭᠠᠳᠭᠠᠵᠠᠢ᠃
ᠯᠢᠨ ᠬᠤᠸᠠᠩ ᠵᠢᠶᠠ ᠶᠤᠸᠠᠨ ᠨᠡᠢᠭᠡᠮ ᠲᠣᠭᠣᠷᠢᠭ᠎ᠤᠨ ᠦᠨᠳᠦᠰᠦᠲᠡᠨ᠎ᠦ ᠭᠠᠷ ᠤᠷᠠᠯᠠᠯ᠎ᠤᠨ ᠨᠡᠬᠡᠮᠡᠯ ᠬᠠᠳᠭᠤᠮᠠᠯ᠎ᠤᠨ ᠠᠩᠬᠢ᠎ᠳᠤ᠂ ᠤᠷᠠᠯᠠᠨ ᠬᠠᠳᠬᠤᠵᠤ ᠵᠤᠬᠢᠶᠠᠭᠰᠠᠨ ᠬᠥᠭᠡᠷᠦᠬᠦᠨ ᠴᠤᠪᠤᠭᠤ ᠪᠢᠩ ᠳ᠋ᠦᠨ ᠳ᠋ᠦᠨ᠂ ᠱᠢᠤᠸᠠᠢ ᠷᠦᠩ ᠷᠦᠩ ᠨᠢ ᠬᠥᠮᠦᠰ᠎ᠦᠨ ᠠᠩᠬᠠᠷᠤᠯ᠎ᠢ ᠲᠠᠲᠠᠨ᠎ᠠ᠃ ᠤᠷᠠᠯᠠᠨ ᠪᠦᠲᠦᠭᠡᠭᠴᠢ ᠵᠢᠨ ᠨᠢᠭᠡ ᠪᠣᠯᠤᠭ᠍ᠰᠠᠨ ᠯᠢᠦ ᠬᠦᠢ ᠱᠢᠶᠠ ᠬᠠᠵᠠᠭᠤ᠎ᠳ᠋ᠤ ᠨᠢ ᠨᠡᠢᠭᠡᠮ ᠲᠤᠭᠤᠷᠢᠭ᠎ᠤᠨ ᠡᠭᠡᠴᠢ ᠳᠡᠭᠦᠦ᠍᠎ᠨᠡᠷ ᠲᠠᠭᠠᠨ ᠨᠡᠬᠡᠮᠡᠯ᠎ᠦᠨ ᠤᠷ᠎ᠠ ᠮᠡᠷᠭᠡᠵᠢᠯ᠎ᠢ ᠨᠠᠷᠢᠠ ᠨᠢᠮᠪᠠᠢ ᠵᠢᠭᠠᠵᠥ ᠤᠯᠠᠮᠵᠢᠯᠠᠨ᠎ᠠ᠃
ᠡᠨᠡ ᠬᠦ᠌ ᠤᠷᠠᠨ ᠬᠠᠳᠭᠤᠮᠠᠯ᠎ᠤᠨ ᠠᠩᠭᠢ᠎ᠶ᠋ᠢᠨ ᠲᠤᠬᠠᠶ ᠶᠠᠷᠢᠬᠤᠯᠠᠷ ᠯᠢᠦ ᠬᠦᠶ ᠱᠢᠶᠠ᠄《ᠬᠠᠳᠭᠤᠮᠠᠯ ᠤᠨ ᠠᠩᠭᠢ ᠨᠢ ᠨᠡᠢᠭᠡᠮ ᠲᠣᠭᠣᠷᠢᠭ᠎ᠤᠨ ᠰᠠᠭᠤᠭᠠᠯᠢ ᠠᠷᠠᠳ᠎ᠲᠤ ᠬᠠᠷᠢᠯᠴᠠᠨ ᠣᠢᠯᠠᠭᠠᠯᠴᠠᠬᠤ ᠲᠠᠪᠴᠠᠩ ᠪᠠᠢᠭᠤᠯᠵᠤ ᠥᠭ᠌ᠭᠦᠭ᠌ᠰᠡᠨᠪᠦᠭᠡᠳ ᠨᠡᠢᠭᠡᠮ ᠲᠣᠭᠣᠷᠢᠭ᠎ᠤᠨ ᠡᠭᠡᠴᠢ ᠳᠡᠭᠦᠤᠨᠡᠷᠲᠦ ᠨᠡᠬᠡᠮᠡᠯ᠂ ᠬᠠᠳᠭᠤᠮᠠᠯ᠂ ᠭᠠᠷ ᠤᠷᠠᠯᠠᠯ ᠵᠡᠷᠭᠡ ᠤᠷ᠎ᠠ ᠮᠡᠷᠭᠡᠵᠢᠯ᠎ᠢ ᠵᠢᠭᠠᠵᠤ᠂ ᠬᠤᠷᠤᠭᠤᠨ ᠦᠵᠦᠭᠦᠷ᠎ᠦᠨ ᠰᠣᠶᠣᠯ᠎ᠢ ᠤᠯᠠᠮᠵᠢᠯᠠᠵᠤ ᠥᠭ᠌ᠭᠦᠭ᠌ᠰᠡᠨ ᠶᠤᠮ》 ᠭᠡᠵᠦ᠍ ᠪᠠᠶᠠᠷᠯᠠᠨ᠎ᠠ᠃
ᠨᠡᠬᠡᠮᠡᠯ ᠬᠠᠳᠬᠤᠮᠠᠯ᠎ᠦᠨ ᠠᠩᠬᠢ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠬᠤ᠎ᠶ᠋ᠢᠨ ᠲᠥᠯᠥᠭᠡ ᠯᠢᠨ ᠬᠤᠸᠠᠩ ᠵᠢᠶᠠ ᠶᠤᠸᠠᠨ ᠨᠡᠢᠭᠡᠮ ᠲᠣᠭᠣᠷᠢᠭ᠎ᠤᠨ ᠬᠢᠨ ᠪᠠᠭ᠍ᠰᠢ᠎ᠶ᠋ᠢᠨ ᠪᠣᠯᠪᠠᠰᠤᠷᠠᠯ᠂ ᠮᠠᠲ᠋ᠧᠷᠢᠶᠠᠯ ᠬᠤᠳᠠᠯᠳᠤᠨ ᠠᠪᠬᠤ᠂ ᠲᠠᠯᠠᠪᠤᠷ ᠵᠡᠷᠭᠡ ᠦᠢᠯᠡᠴᠢᠯᠡᠭᠡ᠎ᠶ᠋ᠢ ᠢᠳᠡᠪᠬᠢᠲᠡᠢ ᠬᠠᠩᠭᠠᠵᠤ᠂ ᠰᠠᠭᠤᠭᠠᠯᠢ ᠠᠷᠠᠳ ᠲᠠᠮᠠᠬᠢᠨ ᠬᠠᠪᠲᠠᠭ᠎ᠠ᠂ ᠪᠥᠵᠢᠭ᠎ᠦᠨ ᠭᠤᠲᠤᠯ᠂ ᠵᠤᠨ᠎ᠤ ᠮᠠᠯᠠᠭᠠᠢ ᠤᠷᠠᠯᠠᠬᠤ ᠵᠡᠷᠭᠡ ᠤᠷ᠎ᠠ ᠮᠡᠷᠭᠡᠵᠢᠯ᠎ᠢ ᠰᠤᠷᠴᠤ᠌᠂ ᠤᠷᠢᠳ ᠬᠣᠵᠢᠳ《ᠲᠠᠯ᠎ᠠ ᠨᠤᠲᠤᠭ᠎ᠤᠨ ᠬᠥᠪᠡᠭᠦᠳ ᠥᠬᠢᠳ ᠨᠠᠮ᠎ᠢᠶᠠᠨ ᠲᠠᠭᠠᠬᠤ》᠂《ᠦᠨᠳᠦᠰᠦᠲᠡᠨ ᠨᠤᠭᠦᠳ ᠪᠦᠯᠬᠦᠮᠳᠡᠨ ᠨᠢᠭᠡ ᠭᠡᠷ ᠪᠦᠯᠢ ᠵᠢᠨ ᠬᠢᠨ ᠮᠡᠳᠦ ᠲᠤᠳᠤᠨᠤᠰᠤᠭ》 ᠵᠡᠷᠭᠡ ᠪᠦᠲᠦᠭᠡᠯ᠎ᠢ ᠤᠷᠠᠯᠠᠠ ᠪᠦᠲᠦᠭᠡᠵᠦ᠍᠂ ᠦᠨᠳᠦᠰᠦᠲᠡᠨ᠎ᠦ ᠤᠷ᠎ᠠ ᠮᠡᠷᠭᠡᠵᠢᠯ᠎ᠢ ᠤᠯᠠᠮᠵᠢᠯᠠᠭ᠍ᠴᠢ 5 ᠬᠥᠮᠦᠨ ᠪᠠᠢᠭ᠍ᠰᠠᠨ᠎ᠠᠴᠠ᠎ᠪᠠᠨ19 ᠬᠥᠮᠦᠨ ᠪᠤᠯᠵᠠᠢ᠃
《ᠰᠠᠭᠤᠭᠠᠯᠢ ᠠᠷᠠᠳ᠎ᠲᠤ ᠬᠠᠨᠳᠤᠬᠤ᠎ᠳᠠᠭᠠᠨ ᠭᠡᠷ᠎ᠦᠨ ᠬᠥᠮᠦᠠᠲᠡᠶᠪᠡᠨ ᠠᠳᠠᠯᠢ᠎ᠪᠠᠷ ᠬᠠᠨᠳᠤᠬᠤ ᠬᠡᠷᠡᠭ᠌ᠲᠡᠶ᠂ ᠢᠩᠭᠢᠪᠡᠯ ᠰᠠᠶᠢ ᠰᠠᠭᠤᠭᠠᠯᠢ ᠠᠷᠠᠳ᠎ᠲᠤ ᠮᠡᠳᠡᠷᠡᠭ᠌ᠳᠡᠵᠦ᠍ ᠴᠢᠳᠠᠨ᠎ᠠ᠂ ᠡᠨᠡ ᠪᠣᠯ ᠮᠢᠨᠦ᠍ ᠨᠡᠢᠭᠡᠮ ᠲᠣᠭᠣᠷᠢᠭ᠎ᠤᠨ ᠠᠵᠢᠯ ᠢ᠋ ᠤᠯᠠᠠ ᠵᠢᠯ ᠬᠢᠭᠰᠡᠡ ᠬᠠᠮᠤᠭ ᠭᠦᠨᠵᠡᠭᠡᠶ ᠣᠢᠯᠠᠭᠠᠯᠲᠠ》᠃ ᠶᠡᠷᠦᠩᠬᠡᠢ ᠱᠦᠵᠢ ᠰᠢ᠎ᠶ᠋ᠢᠨ ᠫᠢᠩ᠎ᠤᠨ ᠳᠤᠷᠠᠳᠤᠭᠰᠠᠨ《ᠦᠨᠳᠦᠰᠦᠲᠡᠨ᠎ᠨᠦᠭᠦᠳ ᠪᠦᠯᠬᠦᠮᠳᠡᠨ ᠨᠢᠭᠡ ᠭᠡᠷ᠎ᠪᠦᠯᠢ ᠵᠢᠨ ᠬᠢᠨ ᠮᠡᠲᠦ ᠲᠤᠳᠤᠨᠤᠰᠤᠭ》ᠬᠦᠰᠡᠯ ᠡᠷᠡᠮᠡᠯᠵᠡᠯ ᠪᠠ ᠬᠦᠨᠳᠦ ᠨᠠᠢᠳᠠᠯᠭ᠎ᠠ ᠨᠢ ᠨᠡᠢᠭᠡᠮ ᠲᠣᠭᠣᠷᠢᠭ᠎ᠤᠨ ᠨᠠᠮ᠎ᠤᠨ ᠬᠣᠷᠢᠶ᠎ᠠ᠎ᠶ᠋ᠢᠨ ᠱᠦᠵᠢ ᠦ᠋ ᠱᠢᠶᠤᠤ ᠬᠤᠸᠠ ᠵᠢᠨ ᠨᠡᠢᠭᠡᠮ ᠲᠣᠭᠣᠷᠢᠭ᠎ᠤᠨ ᠠᠵᠢᠯ᠎ᠤᠨ《ᠭᠡᠷ ᠪᠦᠯᠢ》 ᠵᠢᠨ ᠦᠢᠯᠡᠴᠢᠯᠡᠭᠡᠨ᠎ᠦ ᠣᠢᠯᠠᠭᠠᠭ᠍ᠳᠠᠬᠤᠨ᠎ᠢ ᠨᠡᠩ ᠴᠢᠩᠭᠠᠷᠠᠭᠤᠯᠪᠠ᠃
ᠨᠡᠢᠭᠡᠮ ᠲᠣᠭᠣᠷᠢᠭ᠎ᠤᠨ ᠨᠠᠮ᠎ᠤᠨ ᠬᠣᠷᠢᠶ᠎ᠠ ᠪᠣᠯᠤᠨ ᠰᠠᠭᠤᠭᠠᠯᠢ ᠠᠷᠠᠳ᠎ᠤᠨ ᠬᠠᠮᠲᠤ᠎ᠶ᠋ᠢᠨ ᠴᠢᠷᠮᠠᠢᠯᠭ᠎ᠠ ᠪᠠᠷ᠂ ᠯᠢᠨ ᠬᠤᠸᠠᠩ ᠵᠢᠶᠠ ᠶᠤᠸᠠᠨ ᠨᠡᠢᠭᠡᠮ ᠲᠣᠭᠣᠷᠢᠭ ᠤᠷᠢᠳ ᠬᠣᠵᠢᠳ ᠪᠦᠬᠦ᠌ ᠤᠯᠤᠰ᠎ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠤᠨ ᠵᠠᠭᠤᠨ ᠬᠦᠴᠦᠷᠬᠡᠭ ᠨᠡᠢᠭᠡᠮ ᠲᠣᠭᠣᠷᠢᠭ᠂ ᠤᠯᠠᠭᠠᠨᠬᠠᠳᠠ ᠬᠤᠳᠠ᠎ᠶ᠋ᠢᠨ ᠪᠣᠯᠪᠠᠰᠤᠨ ᠨᠡᠢᠭᠡᠮ ᠲᠣᠭᠣᠷᠢᠭ᠂ ᠪᠦᠬᠦ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠵᠢᠱ᠌ᠢᠢ᠎ᠡ ᠦᠵᠡᠭᠦᠯᠬᠦ᠌ ᠨᠡᠢᠭᠡᠮ ᠲᠣᠭᠣᠷᠢᠭ ᠵᠡᠷᠭᠡ ᠢᠷᠠᠭᠤ ᠠᠯᠳᠠᠷ᠎ᠢ ᠬᠦᠷᠳᠡᠵᠡᠢ᠃ ᠨᠡᠢᠭᠡᠮ ᠲᠣᠭᠣᠷᠢᠭ ᠨᠢ ᠡᠯ᠎ᠡ ᠦᠨᠳᠦᠰᠦᠲᠡᠨ᠎ᠦ ᠰᠠᠭᠤᠭᠠᠯᠢ ᠠᠷᠠᠳ᠎ᠤᠨ ᠰᠣᠶᠣᠯ᠎ᠤᠨ ᠲᠠᠯ᠎ᠠ ᠪᠠᠷ ᠬᠠᠷᠢᠯᠴᠠᠨ ᠰᠣᠯᠢᠯᠴᠠᠬᠤ᠂ ᠬᠠᠢᠷ᠎ᠠ ᠰᠡᠳᠭᠢᠯᠭᠡ᠎ᠶ᠋ᠢᠨ ᠲᠠᠯ᠎ᠠ᠎ᠪᠠᠷ ᠬᠠᠷᠢᠯᠴᠠᠨ ᠮᠡᠳᠡᠷᠡᠬᠦ᠌᠂ ᠠᠮᠢᠳᠤᠷᠠᠯ ᠤᠨ ᠲᠠᠯ᠎ᠠ ᠪᠠᠷ ᠬᠠᠷᠢᠯᠴᠠᠨ ᠠᠭᠤᠰᠤᠯᠴᠠᠬᠤ ᠬᠥᠭᠥᠷᠭᠡ ᠪᠣᠯᠤᠭ᠍ᠰᠠᠨ ᠪᠠᠢᠨ᠎ᠠ᠃

ᠯᠢᠨ ᠬᠤᠸᠠᠩ ᠵᠢᠶᠠ ᠶᠤᠸᠠᠨ ᠨᠡᠢᠭᠡᠮ ᠲᠣᠭᠣᠷᠢᠭ᠎ᠤᠨ ᠨᠠᠮ ᠪᠠ ᠣᠯᠠᠨ ᠲᠦᠮᠡᠨ᠎ᠦ ᠦᠶ᠋ᠯᠡᠴᠢᠯᠡᠭᠡᠨ᠎ᠦ ᠲᠥᠪ᠃

ᠬᠠᠮᠲᠤ᠎ᠪᠠᠷ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠦᠨ ᠣᠢ᠎ᠶ᠋ᠢ ᠪᠡᠯᠭᠡᠯᠡᠨ᠎ᠡ᠃
( ᠤᠯᠠᠭᠠᠨᠬᠠᠳᠠ᠎ᠶ᠋ᠢᠨ ᠡᠳᠦᠷ᠎ᠦᠨ ᠰᠣᠨᠢᠨ ᠡᠴᠡ ᠬᠠᠩᠭᠠᠪᠠ )

《 ᠦᠨᠳᠦᠰᠦᠲᠡᠨ᠎ᠦ ᠪᠦᠯᠬᠦᠮᠳᠡᠯ ᠪᠣᠯ ᠨᠢᠭᠡ ᠭᠡᠷ᠎ᠦᠨ ᠬᠥᠮᠦᠨ 》 ᠪᠦᠳᠦᠭᠡᠯ᠃

ᠬᠢᠩᠭᠠᠨ᠎ᠤ ᠤᠯᠠᠭᠠᠨᠮᠥ᠋ᠴᠢᠷ ᠨᠡᠢᠭᠡᠮ ᠲᠣᠭᠣᠷᠢᠭ᠎ᠲᠤ ᠲᠣᠭᠣᠷᠢᠨ ᠲᠣᠭ᠍ᠯᠠᠯᠲᠠ ᠭᠠᠷᠭᠠᠵᠤ ᠪᠠᠢᠨ᠎ᠠ᠃

ᠨᠡᠢᠭᠡᠮ ᠲᠣᠭᠣᠷᠢᠭ᠎ᠤᠨ ᠰᠠᠭᠤᠭᠠᠯᠢ ᠠᠷᠠᠳ ᠲᠠᠭᠠᠯᠠᠮᠵᠢᠲᠠᠶ ᠲᠣᠭᠣᠷᠢᠭ᠎ᠲᠤ ᠰᠡᠷᠢᠭᠦᠴᠡᠨ ᠵᠣᠭᠣᠭ᠍ᠳᠠᠨᠠ᠃

ᠬᠢᠩᠭᠠᠨ᠎ᠤ ᠤᠯᠠᠭᠠᠨᠮᠥ᠋ᠴᠢᠷ᠎ᠦᠨ ᠭᠡᠱᠢᠭᠦᠳ ᠲᠣᠭ᠍ᠯᠠᠯᠲᠠ ᠪᠣᠯᠪᠠᠰᠤᠷᠠᠵᠤ ᠪᠠᠢᠨ᠎ᠠ᠃

ᠪᠢᠴᠢᠬᠠᠨ ᠨᠠᠢᠵᠠ ᠨᠠᠷ᠎ᠤᠨ ᠴᠠᠭᠠᠰᠤᠨ ᠬᠠᠢᠴᠢᠯᠠᠮᠠᠯ᠎ᠤᠨ ᠪᠦᠲᠦᠭᠡᠯ᠃
( ᠤᠯᠠᠭᠠᠨᠬᠠᠳᠠ ᠶ᠋ᠢᠨ ᠡᠳᠦᠷ᠎ᠦᠨ ᠰᠣᠨᠢᠨ ᠡᠴᠡ ᠬᠠᠩᠭᠠᠪᠠ )

ᠨᠡᠢᠭᠡᠮ ᠲᠣᠭᠣᠷᠢᠭ᠎ᠤᠨ ᠬᠡᠦᠬᠡᠳ ᠳᠠᠭᠤᠤ᠎ᠶᠢᠨ ᠬᠢᠴᠢᠶᠡᠯ ᠣᠷᠣᠨ᠎ᠠ᠃
( ᠤᠯᠠᠭᠠᠨᠬᠠᠳᠠ᠎ᠶ᠋ᠢᠨ ᠡᠳᠦᠷ᠎ᠦᠨ ᠰᠣᠨᠢᠨ ᠡᠴᠡ ᠬᠠᠩᠭᠠᠪᠠ )

ᠯᠢᠦ ᠬᠦᠢ ᠱᠢᠶᠠ (ᠵᠡᠭᠦᠨᠳᠡᠬᠢ) ᠰᠠᠭᠤᠭᠠᠯᠢ ᠠᠷᠠᠳ ᠲᠠᠶ ᠬᠠᠮᠲᠤ ᠪᠢᠩ ᠳ᠋ᠦᠨ
ᠳ᠋ᠦᠨ ᠰᠢᠤᠸᠠᠢ ᠷᠦᠩ ᠷᠦᠩ ᠬᠢᠵᠦ ᠪᠠᠢᠭ᠎ᠠ ᠨᠢ᠃

ᠦᠨᠳᠦᠰᠦᠲᠡᠨ᠎ᠦ ᠠᠭᠤᠰᠤᠯᠴᠠᠯ᠎ᠤᠨ ᠵᠢᠵᠢᠭ ᠬᠢᠴᠢᠶᠡᠯ ᠃
( ᠤᠯᠠᠭᠠᠨᠬᠠᠳᠠ ᠡᠳᠦᠷ᠎ᠦᠨ ᠰᠣᠨᠢᠨ ᠡᠴᠡ ᠬᠠᠩᠭᠠᠪᠠ )
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃