ᠱᠢᠨ᠎᠎ᠡ ᠴᠠᠭ ᠦᠶ᠎ᠡ᠎ᠳ᠋ᠦ᠍ ᠭᠠᠪᠢᠶ᠎ᠠ ᠪᠠᠢᠭᠤᠯᠤᠶ᠎ᠠ > ᠶᠡᠷᠦᠩᠬᠡᠢ ᠱᠦᠵᠢ ᠎ᠶ᠋ᠢᠨ ᠶᠠᠪᠤᠵᠤ ᠦᠩᠭᠡᠷᠡᠭᠰᠡᠨ ᠮᠥᠷ ᠎ᠢ᠋ᠶ᠋ᠡᠷ

2022-05-02 20:12:55

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠰᠣᠨᠢᠨ ᠮᠡᠳᠡᠭᠡᠨ ᠎ᠦ ᠡᠷᠭᠢᠴᠡᠭᠦᠯᠦᠯ

2019 ᠣᠨ ᠤ᠋ 7 ᠰᠠᠷ᠎ᠠ ᠶ᠋ᠢᠨ 15 ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠤᠯᠠᠭᠠᠨᠬᠠᠳᠠ ᠶ᠋ᠢᠨ ᠮᠦᠽᠧᠢ ᠳ᠋ᠤ ᠬᠦᠷᠴᠦ᠍᠂ ᠬᠤᠩᠱᠠᠨ ᠰᠣᠶᠣᠯ ᠵᠡᠷᠭᠡ ᠦᠰᠦᠭ ᠪᠢᠴᠢᠭ ᠪᠤᠢ ᠪᠤᠯᠬᠤ ᠡᠴᠡ ᠡᠮᠤᠨᠡᠬᠢ ᠰᠣᠶᠣᠯ ᠤ᠋ᠨ ᠠᠭᠤᠳᠠᠯᠤᠯᠳᠠ ᠬᠠᠮᠠᠭᠠᠯᠠᠯᠳᠠ ᠵᠢᠨ ᠪᠠᠢᠳᠠᠯ ᠪᠣᠯᠤᠨ ᠬᠢᠳᠠᠨ ᠰᠣᠶᠣᠯ᠂ ᠮᠣᠩᠭᠣᠯ ᠶᠤᠸᠠᠨ ᠤ᠋ ᠰᠣᠶᠣᠯ ᠵᠡᠷᠭᠡ ᠵᠢᠨ ᠲᠡᠦᠬᠡ ᠶ᠋ᠢᠨ ᠬᠤᠪᠢᠰᠤᠯᠲᠠ ᠶ᠋ᠢ ᠣᠢᠯᠠᠭᠠᠪᠠ᠃ ᠮᠦᠽᠧᠢ ᠶ᠋ᠢᠨ ᠬᠣᠶᠠᠳᠤᠭᠠᠷ ᠳᠠᠪᠬᠤᠷᠯᠢᠭ ᠲᠦ᠍᠂ ᠶᠡᠷᠦᠩᠬᠡᠢ ᠱᠦᠵᠢ ᠡᠷᠲᠡᠨ ᠤ᠋ ᠰᠣᠩᠭᠣᠳᠠᠭ ᠦᠨᠳᠦᠰᠦᠳᠡᠨ ᠤ᠋ ᠲᠤᠤᠯᠢ 《ᠭᠡᠰᠡᠷ》 ᠬᠠᠢᠯᠠᠬᠤ ᠦᠵᠡᠬᠦᠯᠬᠡ ᠵᠢ ᠰᠣᠨᠢᠷᠬᠠᠬᠤ ᠵᠢᠨ ᠬᠠᠮᠳᠤ 《ᠬᠡᠰᠡᠷ》 ᠪᠣᠳᠠᠰ ᠤ᠋ᠨ ᠪᠤᠰᠤ ᠰᠣᠶᠣᠯ ᠤ᠋ᠨ ᠥᠪ ᠤᠯᠠᠮᠵᠢᠯᠠᠭ᠍ᠴᠢᠳ ᠲᠠᠶ ᠳᠣᠲᠣᠨᠣ ᠪᠠᠷ ᠶᠠᠷᠢᠯᠴᠠᠪᠠ᠃ ᠰᠢ ᠵᠢᠨ ᠫᠢᠩ᠂ ᠮᠠᠨ ᠤ᠋ ᠤᠯᠤᠰ ᠪᠣᠯ ᠨᠢᠭᠡᠳᠦᠭ᠌ᠰᠡᠨ ᠣᠯᠠᠨ ᠦᠨᠳᠦᠰᠦᠲᠡᠨ ᠲᠡᠶ ᠤᠯᠤᠰ ᠮᠥᠨ᠂ ᠳᠤᠮᠳᠠᠳᠤ ᠶ᠋ᠢᠨ ᠦᠨᠳᠦᠰᠦᠲᠡᠨ ᠪᠣᠯ ᠣᠯᠠᠨ ᠦᠨᠳᠦᠰᠦᠲᠡᠨ ᠤ᠋ ᠲᠠᠰᠤᠷᠠᠯᠲᠠ ᠥᠬᠡᠶ ᠶᠠᠪᠤᠭᠳᠠᠭᠤᠯᠤᠭᠰᠠᠨ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠯ ᠵᠢᠡᠷ ᠲᠠᠮᠵᠢᠨ ᠪᠦᠷᠢᠯᠳᠦᠭ᠌ᠰᠡᠨ ᠶᠤᠮ᠃ ᠳᠤᠮᠳᠠᠳᠤ ᠶ᠋ᠢᠨ ᠪᠣᠯᠪᠠᠰᠤᠨ ᠪᠣᠯ ᠡᠶ᠎ᠡ ᠨᠠᠢᠷᠲᠠᠢ ᠠᠳᠠᠯ᠎ᠠ ᠠᠳᠠᠯᠢ ᠪᠤᠰᠤ ᠪᠠᠢᠳᠠᠭ ᠤᠯᠠᠨ ᠦᠨᠳᠦᠰᠦᠲᠡᠨ ᠤ᠋ ᠰᠣᠶᠣᠯ ᠤ᠋ᠨ ᠱᠢᠮᠡᠳᠦ ᠬᠥᠷᠥᠰᠥᠨ ᠳ᠋ᠤ ᠦᠨᠳᠦᠰᠦᠯᠡᠭᠰᠡᠨ ᠥᠨᠢ ᠤᠳᠠᠭᠠᠨ ᠲᠡᠦᠬᠡ ᠲᠡᠶ᠂ ᠳᠡᠯᠡᠬᠡᠢ ᠳ᠋ᠠᠬᠢᠨ ᠳ᠋ᠤ ᠤᠳᠤ ᠪᠤᠯᠳᠠᠯ᠎ᠠ ᠲᠠᠰᠤᠷᠠᠰᠢ ᠦᠬᠡᠢ ᠬᠦᠭᠵᠢᠵᠤ ᠢᠷᠡᠭᠰᠡᠨ ᠴᠤᠷ ᠤ᠋ᠨ ᠭᠠᠭ᠍ᠴᠠ ᠪᠣᠯᠪᠠᠰᠤᠨ ᠮᠥᠨ᠃ ᠴᠥᠭᠡᠨ ᠲᠣᠭᠠᠲᠤ ᠦᠨᠳᠦᠰᠦᠲᠡᠨ ᠤ᠋ ᠰᠣᠶᠣᠯ ᠤ᠋ᠨ ᠬᠠᠮᠠᠭᠠᠯᠠᠯᠳᠠ ᠪᠠ ᠤᠯᠠᠮᠵᠢᠯᠠᠯᠳᠠ ᠶ᠋ᠢ ᠴᠢᠬᠤᠯᠠᠴᠢᠯᠠᠵᠤ᠂ 《ᠭᠡᠰᠡᠷ》 ᠮᠡᠳᠤ ᠵᠢᠨ ᠪᠣᠳᠠᠰ ᠤ᠋ᠨ ᠪᠤᠰᠤ ᠰᠣᠶᠣᠯ ᠤ᠋ᠨ ᠥᠪ ᠢ᠋ ᠳᠡᠮᠵᠢᠨ ᠲᠡᠳᠬᠦᠵᠦ᠍᠂ ᠤᠯᠠᠮᠵᠢᠯᠠᠭᠴᠢ ᠵᠢ ᠰᠠᠢᠲᠤᠷ ᠬᠥᠮᠦᠵᠢᠭᠦᠯᠵᠦ᠍᠂ ᠦᠶ᠎ᠡ ᠶ᠋ᠢᠨ ᠦᠶ᠎ᠡ ᠳ᠋ᠤ ᠤᠯᠠᠮᠵᠢᠯᠠᠬᠤ ᠬᠡᠷᠡᠭ᠌ᠲᠡᠶ᠃ ᠬᠥᠮᠦᠰ ᠢ᠋ ᠬᠥᠲᠥᠯᠥᠨ ᠵᠢᠯᠣᠭᠣᠳᠴᠤ᠌ ᠵᠥᠪ ᠲᠡᠦᠬᠡ ᠶ᠋ᠢᠨ ᠦᠵᠡᠯᠲᠡ᠂ ᠤᠯᠤᠰ ᠬᠦᠷᠦᠨ ᠤ᠋ ᠦᠵᠡᠯᠲᠡ᠂ ᠦᠨᠳᠦᠰᠦᠲᠡᠨ ᠤ᠋ ᠦᠵᠡᠯᠲᠡ᠂ ᠰᠣᠶᠣᠯ ᠤ᠋ᠨ ᠦᠵᠡᠯᠲᠡ ᠲᠡᠶ ᠪᠣᠯᠭᠠᠵᠤ᠂ ᠦᠨᠳᠦᠰᠦᠲᠡᠨ ᠨᠤᠬᠦᠳ ᠤ᠋ᠨ ᠠᠷᠠᠳ ᠲᠦᠮᠡᠨ ᠤ᠋ ᠠᠭᠤᠤ ᠶᠡᠬᠡ ᠡᠬᠡ ᠤᠯᠤᠰ ᠤ᠋ᠨ ᠵᠢᠡᠨ ᠲᠤᠬᠠᠶ ᠬᠠᠮᠲᠤ ᠶ᠋ᠢᠨ ᠲᠠᠨᠢᠯᠲᠠ᠂ ᠳᠤᠮᠳᠠᠳᠤ ᠶ᠋ᠢᠨ ᠦᠨᠳᠦᠰᠦᠲᠡᠨ ᠤ᠋ ᠲᠤᠬᠠᠶ ᠬᠠᠮᠲᠤ ᠶ᠋ᠢᠨ ᠲᠠᠨᠢᠯᠲᠠ᠂ ᠳᠤᠮᠳᠠᠳᠤ ᠤᠯᠤᠰ ᠤ᠋ᠨ ᠣᠨᠴᠠᠯᠢᠭ ᠲᠠᠶ ᠨᠡᠢᠭᠡᠮ ᠵᠢᠷᠤᠮ ᠤ᠋ᠨ ᠵᠠᠮ ᠤ᠋ᠨ ᠲᠤᠬᠠᠶ ᠬᠠᠮᠲᠤ ᠶ᠋ᠢᠨ ᠲᠠᠨᠢᠯᠲᠠ ᠶ᠋ᠢ ᠲᠠᠰᠤᠷᠠᠯᠲᠠ ᠥᠬᠡᠶ ᠪᠡᠬᠢᠵᠢᠭᠦᠯᠬᠦ᠌ ᠬᠡᠷᠡᠭ᠌ᠲᠡᠶ ᠭᠡᠵᠤ ᠵᠢᠭᠠᠵᠤ ᠭᠠᠷᠭᠠᠪᠠ᠃


QQ图片20220502194544.png


ᠶᠠᠷᠢᠭᠰᠠᠨ ᠬᠦᠮᠦᠨ ᠄ ᠤᠯᠠᠭᠠᠨᠬᠠᠳᠠ ᠶ᠋ᠢᠨ ᠮᠦᠽᠧᠢ ᠶ᠋ᠢᠨ ᠳᠠᠷᠤᠭ᠎ᠠ ᠴᠢᠨ ᠪᠥᠸᠧ

2019 ᠣᠨ ᠤ᠋ 7 ᠰᠠᠷ᠎ᠠ ᠶ᠋ᠢᠨ 15 ᠪᠣᠯ ᠨᠠᠰᠤᠨ ᠲᠤᠷᠱᠢᠳᠠ ᠮᠠᠷᠳᠠᠭᠳᠠᠰᠢ ᠦᠬᠡᠢ ᠨᠢᠭᠡᠨ ᠡᠳᠦᠷ ᠪᠤᠯᠬᠤ ᠶᠤᠮ᠃ ᠲᠡᠷᠡ ᠡᠳᠦᠷ ᠶᠡᠷᠦᠩᠬᠡᠶ ᠱᠦᠵᠢ ᠰᠢ ᠵᠢᠨ ᠫᠢᠩ ᠤᠯᠠᠭᠠᠨᠬᠠᠳᠠ ᠶ᠋ᠢᠨ ᠮᠦᠽᠧᠶ ᠳ᠋ᠤ ᠬᠦᠷᠴᠦ᠍᠂ ᠬᠤᠩᠱᠠᠨ ᠰᠣᠶᠣᠯ ᠵᠡᠷᠭᠡ ᠦᠰᠦᠭ ᠪᠢᠴᠢᠭ ᠪᠤᠢ ᠪᠤᠯᠬᠤ ᠡᠴᠡ ᠡᠮᠤᠨᠡᠬᠢ ᠰᠣᠶᠣᠯ ᠤ᠋ᠨ ᠠᠭᠤᠳᠠᠯᠤᠯᠳᠠ ᠬᠠᠮᠠᠭᠠᠯᠠᠯᠳᠠ ᠵᠢᠨ ᠪᠠᠢᠳᠠᠯ ᠪᠣᠯᠤᠨ ᠬᠢᠳᠠᠨ ᠰᠣᠶᠣᠯ᠂ ᠮᠣᠩᠭᠣᠯ ᠶᠤᠸᠠᠨ ᠤ᠋ ᠰᠣᠶᠣᠯ ᠵᠡᠷᠭᠡ ᠵᠢᠨ ᠲᠡᠦᠬᠡ ᠶ᠋ᠢᠨ ᠬᠤᠪᠢᠰᠤᠯᠲᠠ ᠶ᠋ᠢ ᠣᠢᠯᠠᠭᠠᠭ᠍ᠰᠠᠨ ᠪᠥᠭᠡᠳ ᠴᠢᠬᠤᠯᠠ ᠵᠢᠭᠠᠪᠤᠷᠢ ᠥᠭ᠌ᠴᠠᠢ᠃ ᠪᠢᠳᠡ ᠶᠡᠷᠦᠩᠬᠡᠢ ᠱᠦᠵᠢ ᠶ᠋ᠢᠨ ᠬᠦᠰᠡᠯ ᠨᠠᠢᠳᠠᠯᠭ᠎ᠠ ᠵᠢ ᠪᠠᠳᠤ ᠴᠡᠬᠡᠵᠢᠯᠠᠵᠤ᠂ ᠦᠵᠡᠬᠦᠯᠬᠡ ᠵᠢ ᠬᠥᠮᠦᠰ ᠤ᠋ᠨ ᠪᠠᠬᠠᠷᠬᠠᠯ ᠢ᠋ ᠲᠠᠲᠠᠳᠠᠯ᠎ᠠ ᠡᠷᠬᠢᠯᠡᠨ ᠶᠠᠪᠤᠭᠳᠠᠭᠤᠯᠵᠤ᠂ ᠲᠡᠦᠬᠡ᠎ᠶ᠋ᠢᠨ ᠳᠤᠷᠠᠰᠭᠠᠯᠲᠤ ᠵᠦᠢᠯᠡᠰ ᠤ᠋ᠨ ᠦᠯᠢᠬᠡᠷ ᠢ᠋ ᠬᠥᠮᠦᠰ ᠤ᠋ᠨ ᠰᠡᠳᠭᠢᠯ ᠳ᠋ᠤ ᠭᠦᠨ ᠬᠠᠳᠠᠩᠱᠢᠭᠤᠯᠬᠤ ᠪᠡᠷ ᠬᠦᠴᠦᠯᠡᠨ ᠴᠢᠷᠮᠠᠢᠭᠰᠠᠨ ᠪᠠᠢᠨ᠎ᠠ᠃

ᠡᠨᠡ ᠬᠣᠶᠠᠷ ᠵᠢᠯ᠂ ᠪᠢᠳᠡ ᠮᠦᠽᠧᠢ ᠶ᠋ᠢᠨ ᠳᠣᠲᠣᠨ᠎ᠠ ᠭᠠᠳᠠᠨᠠᠬᠢ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠦᠵᠡᠬᠦᠯᠬᠡ ᠵᠢ ᠵᠠᠯᠭᠠᠭ᠎ᠠ ᠪᠡᠷ ᠡᠷᠬᠢᠯᠡᠨ ᠶᠠᠪᠤᠭᠳᠠᠭᠤᠯᠵᠤ᠂ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠠᠷᠤ ᠳ᠋ᠠᠬᠢ ᠦᠯᠢᠭᠡᠷ ᠢ᠋ ᠬᠦᠨᠵᠡᠬᠡᠢ ᠠᠭᠤᠳᠠᠯᠤᠨ ᠳᠤᠳᠤᠷᠠᠭᠤᠯᠪᠠ᠃

2019 ᠣᠨ ᠤ᠋ 10 ᠰᠠᠷ᠎ᠠ ᠳ᠋ᠤ᠂ ᠪᠢᠳᠠ ᠱᠢᠤᠢ᠍ᠢᠵᠸᠤ ᠵᠢᠨ ᠮᠦᠽᠧᠢ ᠵᠢᠨ ᠬᠢᠨ ᠢ᠋ ᠤᠷᠢᠵᠦ᠂ 《ᠶᠡᠬᠡ ᠬᠠᠨ ᠤᠯᠤᠰ ᠤ᠋ᠨ ᠴᠦ ᠸᠠᠩ — ᠱᠢᠤᠢ᠍ᠢᠵᠸᠤ ᠳ᠋ᠡᠬᠢ ᠬᠠᠨ ᠤᠯᠤᠰ ᠤ᠋ᠨ ᠦᠶ᠎ᠡ ᠶ᠋ᠢᠨ ᠴᠦ ᠤᠯᠤᠰ ᠤ᠋ᠨ ᠰᠤᠳᠤᠨ ᠰᠣᠩᠭᠤᠳᠠᠭ ᠲᠡᠦᠬᠡ ᠶ᠋ᠢᠨ ᠳᠤᠷᠠᠰᠭᠠᠯᠲᠤ ᠵᠦᠢᠯᠡᠰ ᠤ᠋ᠨ ᠦᠵᠡᠭᠦᠯᠭᠡ》 ᠵᠢ ᠤᠯᠠᠭᠠᠨᠬᠠᠳᠠ ᠳ᠋ᠤ ᠭᠠᠷᠭᠠᠵᠦ᠂ ᠠᠯᠳᠠ ᠬᠠᠰ ᠤ᠋ᠨ ᠳᠡᠪᠡᠯ ᠵᠢᠡᠷ ᠲᠥᠯᠥᠭᠡᠯᠡᠭᠦᠯᠦᠭ᠌ᠰᠡᠨ ᠬᠠᠨ ᠤᠯᠤᠰ ᠤ᠋ᠨ ᠦᠶ᠎ᠡ ᠵᠢᠨ ᠴᠦ ᠤᠯᠤᠰ ᠤ᠋ᠨ ᠰᠣᠶᠣᠯ ᠢ᠋ ᠤᠯᠠᠨ ᠳ᠋ᠤ ᠦᠵᠡᠬᠦᠯᠦᠭᠰᠡᠨ ᠪᠠᠢᠨ᠎ᠠ᠃

2020 ᠣᠨ ᠤ᠋ 1 ᠰᠠᠷ᠎ᠠ ᠳ᠋ᠤ᠂ ᠪᠢᠳᠡ 《ᠱᠢᠶᠠ ᠤᠯᠤᠰ ᠤ᠋ᠨ ᠹᠦ᠋ ᠵᠢᠶᠦ᠋ᠨ — ᠦ᠋ ᠸᠧᠶ ᠶ᠋ᠢᠨ ᠪᠠᠷᠠᠭᠤᠨ ᠱᠢᠶᠠ ᠤᠯᠤᠰ ᠤ᠋ᠨ ᠰᠣᠳᠣᠨ ᠰᠤᠩᠭᠤᠳᠠᠭ ᠲᠡᠦᠬᠡ᠎ᠶ᠋ᠢᠨ ᠳᠤᠷᠠᠰᠭᠠᠯᠲᠤ ᠵᠦᠢᠯᠡᠰ ᠤ᠋ᠨ ᠦᠵᠡᠭᠦᠯᠭᠡ》 ᠶ᠋ᠢ ᠤᠯᠠᠭᠠᠨᠬᠠᠳᠠ ᠶ᠋ᠢᠨ ᠮᠦᠽᠧᠶ ᠳ᠋ᠤ ᠡᠷᠬᠢᠯᠡᠵᠦ᠂ ᠤᠯᠠᠭᠠᠨᠬᠠᠳᠠ ᠶ᠋ᠢᠨ ᠦᠵᠡᠭ᠌ᠴᠢᠳ ᠲᠦ᠍ ᠲᠡᠦᠬᠡᠨ ᠳᠡᠭᠡᠷᠡᠬᠢ ᠯᠢᠶᠣᠤ ᠬᠦᠷᠦᠨ ᠤ᠋ ᠦᠶ᠎ᠡ ᠵᠢᠨ᠎ᠪᠠᠷᠠᠭᠤᠨ ᠱᠢᠶᠠ ᠤᠯᠤᠰ ᠤ᠋ᠨ ᠲᠡᠦᠬᠡ ᠶ᠋ᠢᠨ ᠲᠣᠢᠮᠣ ᠪᠠᠢᠳᠠᠯ ᠢ᠋ ᠦᠵᠡᠭᠦᠯᠵᠠᠢ᠃

2020 ᠣᠨ ᠤ᠋ 7 ᠰᠠᠷ᠎ᠠ ᠳ᠋ᠤ᠂ ᠶᠡᠷᠦᠩᠬᠡᠶ ᠱᠦᠵᠢ ᠰᠢ ᠵᠢᠨ ᠫᠢᠩ ᠤ᠋ᠨ ᠤᠯᠠᠭᠠᠨᠬᠠᠳᠠ ᠶ᠋ᠢᠨ ᠮᠦᠽᠧᠶ ᠳ᠋ᠤ ᠱᠢᠨᠵᠢᠯᠡᠨ ᠪᠠᠢᠴᠠᠭᠠᠭ᠍ᠰᠠᠨ ᠨᠢᠭᠡ ᠵᠢᠯ ᠤ᠋ᠨ ᠣᠶ ᠶ᠋ᠢ ᠳᠤᠷᠠᠰᠭᠠᠬᠤ ᠶ᠋ᠢᠨ ᠲᠥᠯᠥᠭᠡ᠂ 《ᠡᠮᠦᠨᠡᠲᠦ ᠲᠠᠩᠭᠢᠰ ᠤ᠋ᠨ ᠬᠦᠮᠦᠨ ᠰᠤᠶᠤᠯ ᠤ᠋ᠨ ᠲᠡᠦᠬᠡ ᠶ᠋ᠢᠨ ᠦᠵᠡᠭᠦᠯᠭᠡ》 ᠵᠢ ᠲᠦᠮᠡᠨ ᠭᠠᠵᠠᠷ ᠤ᠋ᠨ ᠲᠡᠷᠳᠡᠬᠡᠬᠢ ᠬᠠᠢᠨᠠᠨ ᠡᠴᠡ ᠤᠯᠠᠭᠠᠨᠬᠠᠳᠠ ᠳ᠋ᠤ ᠠᠪᠴᠢᠷᠡᠨ ᠳᠡᠯᠭᠡᠨ ᠦᠵᠡᠭᠦᠯᠵᠦ᠍᠂ ᠲᠠᠯ᠎ᠠ ᠨᠤᠲᠤᠭ ᠤ᠋ᠨ ᠠᠷᠠᠳ ᠲᠦᠮᠡᠨ ᠳ᠋ᠤ ᠲᠡᠯᠡᠶ ᠲᠠᠩᠭᠢᠰ ᠤ᠋ᠨ ᠰᠣᠶᠣᠯ ᠪᠠ ᠡᠮᠦᠨᠡᠲᠦ ᠤᠷᠤᠨ ᠤ᠋ ᠥᠩᠭᠡ ᠦᠵᠡᠮᠵᠢ ᠶ᠋ᠢ ᠤᠢᠯᠠᠭᠠᠭᠤᠯᠪᠠ᠃


QQ图片20220502194456.png

ᠪᠢᠴᠢᠬᠠᠨ ᠲᠠᠢᠯᠪᠤᠷᠢᠯᠠᠭ᠍ᠴᠢ ᠶ᠋ᠢᠨ ᠪᠣᠯᠪᠠᠰᠤᠷᠠᠯ ᠤ᠋ᠨ ᠠᠩᠭᠢ ᠵᠢᠨ ᠬᠢᠨ ᠰᠣᠷᠢᠯᠲᠠ ᠬᠢᠵᠦ᠍ ᠪᠠᠢᠭ᠎ᠠ ᠨᠢ


QQ图片20220502194503.png


ᠵᠢᠭᠤᠯᠴᠢᠯᠠᠭᠰᠠᠳ ᠤᠯᠠᠭᠠᠨᠬᠠᠳᠠ ᠶ᠋ᠢᠨ ᠮᠦᠽᠧᠶ ᠳ᠋ᠤ ᠲᠣᠭᠣᠷᠢᠨ ᠦᠵᠡᠵᠦ᠍ ᠪᠠᠢᠭ᠎ᠠ ᠨᠢ


QQ图片20220502194509.png


ᠤᠯᠠᠭᠠᠨᠬᠠᠳᠠ ᠶ᠋ᠢᠨ ᠮᠦᠽᠧᠶ ᠶ᠋ᠢᠨ ᠨᠢᠭᠡ ᠥᠨᠴᠥᠭ


QQ图片20220502194535.png


ᠵᠢᠭᠤᠯᠴᠢᠯᠠᠭᠰᠠᠳ ᠲᠠᠢᠯᠪᠤᠷᠢᠯᠠᠯᠳᠠ ᠶ᠋ᠢ ᠬᠢᠨᠠᠮᠠᠭᠠᠶ ᠰᠣᠨᠣᠰᠤᠨ᠎ᠠ


QQ图片20220502194526.png


ᠰᠤᠷᠭᠠᠭᠤᠯᠢ ᠯᠤᠭ᠎ᠠ ᠶ᠋ᠢᠨ ᠰᠣᠯᠢᠯᠴᠠᠭ᠎ᠠ ᠬᠠᠮᠲᠤᠷᠠᠯᠴᠠᠭ᠎ᠠ


QQ图片20220502194516.png


ᠰᠣᠶᠣᠯ ᠤ᠋ᠨ ᠦᠵᠡᠬᠦᠯᠬᠡ

2021 ᠣᠨ ᠤ᠋ ᠡᠬᠢ ᠪᠡᠷ᠂ ᠪᠢᠳᠡ ᠵᠧᠵᠢᠶᠠᠩ ᠤ᠋ᠨ ᠮᠦᠽᠧᠢ ᠲᠡᠶ ᠬᠠᠮᠲᠤᠷᠠᠨ ᠮᠤᠵᠢ ᠠᠯᠤᠰᠯᠠᠭ᠍ᠰᠠᠨ ᠶᠡᠬᠡ ᠬᠡᠪᠴᠢᠶᠡᠨ ᠤ᠋ ᠦᠵᠡᠰᠬᠦᠯᠡᠩ᠎ᠪᠤᠯᠬᠤ 《ᠦᠩᠬᠡᠳᠦ ᠬᠠᠰ ᠬᠤᠤᠰᠯᠠᠨ ᠭᠢᠯᠠᠯᠵᠠᠨ᠎ᠠ — ᠬᠤᠩᠱᠠᠨ᠂ ᠯᠢᠶᠠᠩ ᠵᠦ᠍ ᠵᠢᠨ ᠰᠣᠶᠣᠯ ᠤ᠋ᠨ ᠦᠵᠡᠬᠦᠯᠬᠡ》 ᠵᠢ ᠡᠷᠬᠢᠯᠡᠵᠦ᠍᠂ ᠬᠤᠩᠱᠠᠨ ᠪᠤᠯᠤᠨ ᠯᠢᠶᠠᠩ ᠵᠦ᠍ ᠵᠢᠨ ᠰᠣᠶᠣᠯ ᠲᠡᠦᠬᠡ ᠶ᠋ᠢᠨ 100 ᠭᠠᠷᠤᠢ ᠬᠤᠪᠢ ᠳᠤᠷᠠᠰᠭᠠᠯᠲᠤ ᠵᠦᠢᠯᠡᠰ ᠤ᠋ᠨ ᠬᠠᠷᠢᠴᠠᠭᠤᠯᠤᠭ᠍ᠰᠠᠨ ᠦᠵᠡᠬᠦᠯᠬᠡ ᠪᠡᠷ ᠲᠠᠮᠵᠢᠨ᠂ ᠦᠵᠡᠭ᠌ᠴᠢᠳ ᠲᠦ᠍ ᠦᠰᠦᠭ ᠪᠢᠴᠢᠭ ᠪᠤᠢ ᠪᠤᠯᠬᠤ ᠡᠴᠡ ᠡᠮᠤᠨᠡᠬᠢ ᠡᠮᠦᠨᠡᠲᠦ ᠤᠮᠠᠷᠠᠲᠤ ᠶ᠋ᠢᠨ ᠰᠣᠶᠣᠯ ᠤ᠋ᠨ ᠬᠥᠭ᠌ᠵᠢᠯᠲᠡ ᠶ᠋ᠢᠨ ᠬᠡᠮᠵᠢᠶ᠎ᠡ ᠶ᠋ᠢ ᠦᠨᠡᠨ ᠪᠤᠳᠠᠳᠠᠢ ᠤᠢ᠍ᠢᠯᠠᠭᠠᠭᠤᠯᠬᠤ ᠵᠢᠨ ᠬᠠᠮᠲᠤ᠂ ᠳᠤᠮᠳᠠᠳᠤ ᠶ᠋ᠢᠨ ᠰᠣᠶᠣᠯ ᠤ᠋ᠨ ᠤᠯᠠᠨ ᠡᠱᠢᠵᠢᠵᠤ ᠨᠢᠭᠡ ᠴᠤᠬ᠍ᠴᠠᠵᠢᠬ᠍ᠰᠡᠨ ᠪᠠᠢᠷᠢᠱᠢᠯ ᠤ᠋ᠨ ᠪᠦᠷᠢᠯᠳᠦᠭ᠌ᠰᠡᠨ ᠶᠠᠪᠤᠴᠠ ᠶ᠋ᠢ ᠮᠡᠳᠡᠷᠡᠭᠦᠯᠦᠭᠰᠡᠨ ᠪᠠᠢᠨ᠎ᠠ᠃

ᠤᠯᠠᠭᠠᠨᠬᠠᠳᠠ ᠶ᠋ᠢᠨ ᠮᠦᠽᠧᠶ ᠨᠢ ᠤᠯᠠᠭᠠᠨᠬᠠᠳᠠ ᠶ᠋ᠢᠨ ᠲᠡᠦᠬᠡ ᠶ᠋ᠢ ᠤᠯᠠᠮᠵᠢᠯᠠᠨ ᠵᠠᠯᠭᠠᠮᠵᠢᠯᠠᠬᠤ ᠬᠦᠨᠳᠦ ᠡᠭᠦᠷᠭᠡ ᠶ᠋ᠢ ᠡᠭᠦᠷᠭᠡᠯᠡᠵᠦ᠍᠂ ᠶᠡᠬᠡ ᠬᠡᠮᠵᠢᠶᠡᠨ ᠤ᠋ ᠲᠡᠦᠬᠡ ᠶ᠋ᠢᠨ ᠳᠤᠷᠠᠰᠭᠠᠯᠲᠤ ᠵᠦᠶ᠋ᠯ ᠢ᠋ ᠵᠠᠰᠠᠵᠤ ᠰᠡᠷᠭᠦᠭᠡᠬᠦ᠌ ᠵᠡᠷᠭᠡ ᠬᠡᠪ ᠤ᠋ᠨ ᠠᠵᠢᠯ ᠢ᠋ ᠡᠭᠦᠷᠭᠡᠯᠡᠵᠦ᠍ ᠪᠠᠢᠳᠠᠭ᠃ ᠡᠨᠡ ᠬᠣᠶᠠᠷ ᠵᠢᠯ ᠪᠢᠳᠡ ᠮᠦᠽᠧᠶ ᠳ᠋ᠤ ᠬᠠᠳᠠᠭᠠᠯᠠᠭᠳᠠᠵᠤ ᠪᠠᠢᠭ᠎ᠠ ᠬᠣᠪᠣᠷ ᠨᠠᠨᠳᠢᠨ ᠲᠡᠦᠬᠡ ᠶ᠋ᠢᠨ ᠳᠤᠷᠠᠰᠭᠠᠯᠲᠤ ᠵᠦᠶ᠋ᠯᠡᠰ ᠢ᠋ ᠵᠠᠰᠠᠵᠤ ᠰᠡᠷᠭᠦᠭᠡᠬᠦ᠌ ᠠᠵᠢᠯ ᠢ᠋ ᠡᠬᠢᠯᠡᠭᠦᠯᠪᠡ᠃

ᠡᠯᠪᠡᠭ ᠪᠠᠶᠠᠯᠢᠭ ᠲᠡᠦᠬᠡ ᠰᠣᠶᠣᠯ ᠤ᠋ᠨ ᠥᠪ ᠪᠣᠯ ᠤᠯᠠᠭᠠᠨᠬᠠᠳᠠ ᠶ᠋ᠢᠨ ᠰᠢᠵᠢᠷ ᠠᠯᠳᠠᠨ ᠨᠡᠷ᠎ᠡ ᠶ᠋ᠢᠨ ᠬᠠᠭᠤᠳᠠᠰᠤ ᠮᠥᠨ᠃ ᠡᠲᠡᠭᠡᠷ ᠬᠣᠪᠣᠷ ᠨᠠᠨᠳᠢᠨ ᠲᠡᠦᠬᠡ ᠶ᠋ᠢᠨ ᠥᠪ ᠬᠥᠷᠥᠩᠭᠡ ᠶ᠋ᠢ ᠦᠨᠢ ᠡᠬᠦᠷᠢᠳᠡ ᠦᠪᠯᠡᠬᠦ ᠶ᠋ᠢᠨ ᠲᠥᠯᠥᠭᠡ᠂ ᠪᠢᠳᠡ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠬᠥᠮᠥᠷᠭᠡ ᠶ᠋ᠢᠨ ᠭᠠᠯ ᠰᠡᠷᠭᠡᠢᠯᠡᠬᠦ᠌ ᠱᠢᠰᠲ᠋ᠧᠮ ᠳ᠋ᠤ ᠥᠭᠡᠷᠡᠴᠢᠯᠡᠯᠲᠡ ᠬᠢᠵᠦ᠍᠂ ᠱᠢᠯᠵᠢᠭᠦᠯᠵᠦ᠍ ᠪᠣᠯᠬᠤ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠤᠷᠢᠳᠴᠢᠯᠠᠨ ᠰᠡᠷᠭᠡᠢᠯᠡᠬᠦ᠌ ᠴᠢᠨᠠᠷᠲᠠᠶ ᠬᠠᠮᠠᠭᠠᠯᠠᠯᠲᠠ ᠶ᠋ᠢᠨ ᠲᠥᠷᠥᠯ ᠵᠦᠶ᠋ᠯ ᠢ᠋ ᠡᠬᠢᠯᠡᠬᠦᠯᠦᠨ᠂ ᠠᠶᠤᠯ ᠲᠦᠭ᠌ᠰᠢᠭᠦᠷᠢ ᠶ᠋ᠢ ᠤᠷᠢᠳᠴᠢᠯᠠᠨ ᠡᠵᠡᠮᠳᠡᠬᠦ᠌ ᠠᠯᠢ ᠤᠯᠠᠨ ᠲᠣᠭ᠍ᠲᠠᠴᠠ ᠶ᠋ᠢ ᠪᠦᠷᠢᠯᠳᠦᠭᠦᠯᠵᠦ᠍᠂ ᠤᠯᠠᠭᠠᠨᠬᠠᠳᠠ ᠶ᠋ᠢᠨ ᠮᠦᠽᠧᠢ ᠳ᠋ᠤ ᠬᠠᠳᠠᠭᠠᠯᠠᠭᠳᠠᠵᠤ ᠪᠠᠢᠭ᠎ᠠ ᠲᠡᠦᠬᠡ ᠶ᠋ᠢᠨ ᠳᠤᠷᠠᠰᠭᠠᠯᠲᠤ ᠵᠦᠢᠯᠡᠰ ᠢ᠋ ᠰᠡᠷᠭᠡᠢᠯᠡᠯᠳᠡ ᠵᠢᠨ ᠴᠢᠨᠠᠷᠲᠠᠢ ᠪᠡᠷ ᠬᠠᠮᠠᠭᠠᠯᠠᠬᠤ ᠲᠦᠪᠱᠢᠨ ᠢ᠋ ᠶᠡᠬᠡ ᠪᠡᠷ ᠳᠡᠭᠡᠭ᠌ᠰᠢᠯᠡᠭᠦᠯᠵᠠᠢ᠃

ᠤᠯᠤᠰ ᠤ᠋ᠨ ᠨᠢᠭᠡᠳᠦᠭᠡᠷ ᠳᠡᠰ ᠤ᠋ᠨ ᠮᠦᠽᠧᠶ ᠪᠣᠯᠤᠭ᠍ᠰᠠᠨ ᠤᠯᠠᠭᠠᠨᠬᠠᠳᠠ ᠶ᠋ᠢᠨ ᠮᠦᠽᠧᠶ ᠨᠢ ᠰᠣᠶᠣᠯ ᠤ᠋ᠨ ᠡᠭᠦᠳᠦᠯᠲᠡ ᠶ᠋ᠢᠨ ᠲᠠᠯ᠎ᠠ ᠪᠠᠷ ᠬᠤᠰᠢᠭᠤᠷᠠᠵᠦ ᠶᠠᠪᠤᠨ᠎ᠠ᠃ ᠡᠨᠡ ᠬᠣᠶᠠᠷ ᠵᠢᠯ ᠪᠢᠳᠡ ᠮᠦᠽᠧᠶ ᠳ᠋ᠤ ᠬᠠᠳᠠᠭᠠᠯᠠᠭᠳᠠᠵᠤ ᠪᠠᠢᠭ᠎ᠠ ᠲᠡᠦᠬᠡ ᠶ᠋ᠢᠨ ᠳᠤᠷᠠᠰᠭᠠᠯᠲᠤ ᠵᠦᠶ᠋ᠯᠡᠰ ᠵᠢᠡᠷ ᠦᠯᠢᠭᠡᠷ ᠪᠣᠯᠭᠠᠨ ᠬᠠᠰ ᠯᠤᠤ᠂ ᠶᠠᠭᠠᠨ ᠥᠩᠭᠡᠲᠦ ᠡᠯᠳᠡᠪ ᠡᠷᠳᠡᠨᠢ᠂ ᠪᠤᠳᠤᠭ᠍ᠲᠤ ᠵᠢᠷᠤᠭ ᠬᠡ ᠤᠭᠠᠯᠵᠠ ᠵᠡᠷᠭᠡ ᠨᠡᠢᠲᠡ 30 ᠭᠠᠷᠤᠶ ᠵᠦᠶ᠋ᠯ ᠤ᠋ᠨ ᠰᠣᠶᠣᠯ ᠤ᠋ᠨ ᠡᠭᠦᠳᠦᠯᠲᠡ ᠶ᠋ᠢᠨ ᠦᠶ᠋ᠯᠡᠳᠬᠦᠨ ᠢ᠋ ᠵᠢᠷᠤᠵᠤ ᠲᠥᠯᠥᠪᠯᠡᠨ ᠭᠠᠷᠭᠠᠵᠤ᠂ ᠤᠯᠠᠭᠠᠨᠬᠠᠳᠠ ᠶ᠋ᠢᠨ ᠲᠡᠦᠬᠡ ᠵᠢᠴᠢ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠠᠷᠤ ᠳ᠋ᠠᠬᠢ ᠥᠯᠢᠭᠡᠷ ᠢ᠋ ᠤᠯᠠᠨ ᠳ᠋ᠤ ᠬᠦᠥᠷᠨᠢᠵᠡᠢ᠃

ᠶᠡᠷᠦᠩᠬᠡᠢ ᠱᠦᠵᠢ ᠰᠢ ᠵᠢᠨ ᠫᠢᠩ ᠡᠨᠳᠡ ᠱᠢᠨᠵᠢᠯᠡᠨ ᠪᠠᠢᠴᠠᠭᠠᠭ᠍ᠰᠠᠨ ᠤ᠋ ᠳᠠᠷᠠᠭᠠᠬᠢ ᠬᠣᠶᠠᠷ ᠵᠢᠯ ᠭᠠᠷᠤᠢ ᠶ᠋ᠢᠨ ᠲᠤᠷᠰᠢ᠂ ᠤᠯᠠᠭᠠᠨᠬᠠᠳᠠ ᠶ᠋ᠢᠨ ᠮᠦᠽᠧᠶ ᠵᠢᠨ ᠡᠯ᠎ᠡ ᠵᠦᠢᠯ ᠤ᠋ᠨ ᠲᠤᠬᠠᠢᠯᠠᠭ᠍ᠰᠠᠨ ᠠᠵᠢᠯ ᠴᠦᠮ ᠲᠤᠪᠤᠢ᠌ᠮ᠎ᠠ ᠠᠮᠵᠢᠯᠲᠠ ᠣᠯᠵᠤ᠂ ᠦᠵᠡᠭᠦᠯᠭᠡ ᠶ᠋ᠢᠨ ᠠᠷᠭ᠎ᠠ ᠬᠡᠯᠪᠡᠷᠢ ᠨᠡᠩ ᠪᠠᠶᠠᠯᠢᠭ᠍ᠵᠢᠨ᠂ ᠨᠡᠢᠭᠡᠮ ᠤ᠋ᠨ ᠰᠤᠷᠭᠠᠨ ᠬᠥᠮᠦᠵᠢᠯ ᠤ᠋ᠨ ᠠᠷᠭ᠎ᠠ ᠬᠡᠯᠪᠡᠷᠢ ᠲᠠᠰᠤᠷᠠᠯᠳᠡ ᠦᠭᠡᠢ ᠱᠢᠨᠡᠳᠦᠨ ᠬᠤᠪᠢᠷᠠᠵᠦ᠂ ᠲᠡᠦᠬᠡ ᠶ᠋ᠢᠨ ᠳᠤᠷᠠᠰᠭᠠᠯᠲᠤ ᠵᠦᠢᠯᠡᠰ ᠢ᠋ ᠬᠠᠮᠠᠭᠠᠯᠠᠬᠤ ᠰᠤᠳᠤᠯᠭᠠᠨ ᠤ᠋ ᠴᠢᠳᠠᠪᠤᠷᠢ ᠠᠯᠬᠤᠮ ᠠᠯᠬᠤᠮ ᠵᠢᠡᠷ ᠴᠢᠩᠭᠠᠷᠠᠵᠤ᠂ ᠰᠣᠶᠣᠯ ᠲᠡᠥᠬᠡ ᠵᠢᠨ ᠲᠤᠷᠠᠰᠬᠠᠯᠳᠦ ᠵᠦᠢᠯᠡᠰ ᠪᠠ ᠮᠦᠽᠧᠶ ᠵᠢᠨ ᠦᠢᠯᠡᠰ ᠤ᠋ᠨ ᠬᠥᠭ᠌ᠵᠢᠯᠲᠡ ᠳ᠋ᠤ ᠬᠦᠴᠦᠨ ᠴᠢᠳᠠᠯ ᠵᠢᠡᠨ ᠡᠷᠭᠦᠭᠰᠡᠨ ᠶᠤᠮ᠃

( ᠰᠤᠷᠪᠤᠯᠵᠢᠯᠠᠭ᠍ᠴᠢ ᠸᠧᠶ ᠨᠠ ᠡᠮᠬᠢᠯᠡᠪᠡ )

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面