ᠱᠢᠨ᠎᠎ᠡ ᠴᠠᠭ ᠦᠶ᠎ᠡ᠎ᠳ᠋ᠦ᠍ ᠭᠠᠪᠢᠶ᠎ᠠ ᠪᠠᠢᠭᠤᠯᠤᠶ᠎ᠠ > ᠶᠡᠷᠦᠩᠬᠡᠢ ᠱᠦᠵᠢ ᠎ᠶ᠋ᠢᠨ ᠶᠠᠪᠤᠵᠤ ᠦᠩᠭᠡᠷᠡᠭᠰᠡᠨ ᠮᠥᠷ ᠎ᠢ᠋ᠶ᠋ᠡᠷ

2022-05-03 21:25:24

ᠵᠣᠬᠢᠶᠠᠭ᠍ᠴᠢ᠄ ᠸᠠᠩ ᠲᠠᠨ᠎ᠠ ᠣᠩᠱᠢᠭ᠍ᠰᠠᠨ ᠣᠳᠠᠭ᠎ᠠ᠄ 3

[ᠰᠤᠨᠢᠨ ᠮᠡᠳᠡᠭᠡᠨ᠎ᠤ ᠡᠷᠭᠢᠴᠡᠭᠦᠯᠦᠯ]

2019 ᠣᠨ᠎ᠤ 7 ᠰᠠᠷ᠎ᠠ᠎ᠶ᠋ᠢᠨ 15 ᠎ᠤ ᠡᠳᠦᠷ᠎ᠦᠨ ᠦᠳᠡ᠎ᠶ᠋ᠢᠨ ᠬᠣᠢᠨ᠎ᠠ᠂ ᠶᠡᠷᠦᠩᠬᠡᠶ ᠱᠦᠵᠢ ᠰᠢ᠎ᠶ᠋ᠢᠨ ᠫᠢᠩ ᠤᠯᠠᠭᠠᠨᠬᠠᠳᠠ ᠬᠣᠲᠠ᠎ᠶ᠋ᠢᠨ ᠬᠠᠷᠠᠴᠢᠨ ᠬᠣᠱᠢᠭᠤᠨ᠎ᠤ ᠡᠮᠡᠭᠡᠯ ᠠᠭᠤᠯᠠ ᠣᠶ ᠱᠢᠭᠤᠶ᠎ᠶ᠋ᠢᠨ ᠲᠠᠯᠠᠪᠠᠶ᠎ᠳᠤ ᠬᠦᠷᠴᠦ᠍ ᠢᠷᠡᠪᠡ᠃

ᠨᠠᠷᠠ ᠲᠦᠭᠡᠨᠡᠭᠰᠡᠨ ᠠᠭᠠᠬᠢᠮ᠎ᠠ ᠬᠠᠯᠠᠭᠤᠨ ᠳ᠋ᠤ᠂ ᠶᠡᠷᠦᠩᠬᠡᠢ ᠱᠦᠵᠢ ᠰᠢ᠎ᠶ᠋ᠢᠨ ᠫᠢᠩ ᠤᠢ ᠰᠢᠭᠤᠢ ᠵᠢᠨ ᠬᠠᠮᠠᠭᠠᠯᠠᠯᠲᠠ ᠵᠢᠨ ᠨᠠᠷᠢᠨ ᠵᠦᠷᠢᠭ ᠵᠢᠡᠷ ᠱᠢᠭᠤᠢᠲᠤ ᠣᠷᠣᠨ᠎ᠳᠤ ᠤᠷᠤᠵᠤ᠂ ᠣᠶ ᠮᠣᠳᠣᠨ᠎ᠤ ᠤᠷᠭᠤᠴᠠ᠎ᠶ᠋ᠢᠨ ᠪᠠᠢᠳᠠᠯ᠎ᠢ ᠪᠠᠢᠴᠠᠭᠠᠨ ᠦᠵᠡᠬᠦ ᠵᠢᠨ ᠬᠠᠮᠲᠤ ᠶᠠᠭ ᠠᠵᠢᠯᠯᠠᠵᠤ ᠪᠠᠢᠭ᠎ᠠ ᠣᠶ ᠬᠠᠮᠠᠭᠠᠯᠠᠭ᠍ᠴᠢᠳ᠎ᠲᠠᠶ ᠲᠤᠳᠤᠨᠤ ᠪᠡᠷ ᠶᠠᠷᠢᠯᠴᠠᠵᠤ᠂ ᠲᠡᠳᠡᠨ᠎ᠦ ᠠᠵᠢᠯ᠂ ᠠᠮᠢᠳᠤᠷᠠᠯ᠂ ᠬᠡᠷ ᠪᠦᠯᠢ᠎ᠶ᠋ᠢᠨ ᠪᠠᠢᠳᠠᠯ᠎ᠢ ᠣᠢᠯᠠᠭᠠᠪᠠ᠃

ᠤᠯᠠᠨ᠎ᠢᠶᠠᠷ᠎ᠢᠶᠠᠨ ᠶᠡᠷᠦᠩᠬᠡᠢ ᠱᠦᠵᠢ᠎ᠳᠦ᠂ ᠤᠢ᠍ᠢᠷ᠎ᠠ᠎ᠶ᠋ᠢᠨ ᠵᠢᠯ᠎ᠡᠴᠡ ᠤᠢ ᠱᠢᠭᠤᠢ᠎ᠶ᠋ᠢᠨ ᠲᠠᠯᠠᠪᠠᠢ᠎ᠶ᠋ᠢᠨ ᠤᠢ ᠮᠤᠳᠤᠨ᠎ᠤ ᠬᠡᠪᠴᠢᠶᠡᠵᠢᠯ ᠵᠢᠯ ᠲᠤᠳᠤᠮ ᠨᠡᠮᠡᠭ᠌ᠳᠡᠵᠦ᠍᠂ ᠬᠡᠭᠡᠷ᠎ᠡ᠎ᠶ᠋ᠢᠨ ᠠᠮᠢᠲᠠᠨ ᠠᠷᠢᠶᠠᠲᠠᠨ ᠣᠯᠠᠱᠢᠷᠠᠨ᠂ ᠠᠮᠢ ᠠᠬᠤᠢ ᠣᠷᠴᠢᠨ ᠲᠣᠭᠣᠷᠢᠨ ᠰᠠᠢᠵᠢᠷᠠᠵᠤ᠂ ᠠᠱᠢᠭ ᠤᠷᠤᠯᠭ᠎ᠠ ᠴᠦ᠍ ᠨᠡᠮᠡᠭ᠌ᠳᠡᠯ᠎ᠡ᠂ ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠦᠨ ᠭᠡᠳᠡᠭ᠎ᠢ ᠨᠡᠩ ᠭᠦᠨᠵᠡᠭᠡᠢ ᠤᠢᠯᠠᠭᠠᠭᠰᠠᠨ ᠭᠡᠵᠦ᠍ ᠬᠡᠯᠡᠵᠡᠭᠡᠬᠦ ᠵᠢ ᠰᠤᠨᠤᠰᠤᠭᠠᠳ ᠰᠢ ᠵᠢᠨ ᠫᠢᠩ ᠮᠠᠰᠢ ᠪᠠᠶᠠᠷᠯᠠᠪᠠ᠃

ᠲᠡᠷᠡ᠂ ᠳᠤᠮᠳᠠᠳᠤ ᠤᠯᠤᠰ ᠪᠣᠯ ᠳᠡᠯᠡᠬᠡᠢ ᠳᠡᠭᠡᠷᠡᠬᠢ ᠬᠦᠮᠦᠨ᠎ᠤ ᠬᠦᠴᠦ ᠪᠡᠷ ᠤᠢᠵᠢᠭᠤᠯᠤᠯᠲᠠ ᠬᠢᠬᠦ ᠳ᠋ᠤ ᠬᠠᠮᠤᠭ᠎ᠤᠨ ᠶᠡᠬᠡ ᠬᠤᠪᠢ ᠨᠡᠮᠡᠷᠢ ᠦᠵᠡᠭᠦᠯᠦᠭ᠌ᠰᠡᠨ ᠤᠯᠤᠰ ᠮᠦᠨ᠃ ᠡᠢᠮᠦ᠍ ᠶᠡᠬᠡ ᠬᠡᠪᠴᠢᠶ᠎ᠡ᠎ᠲᠠᠢ ᠪᠦᠭᠡᠳ ᠳᠠᠰᠤᠷᠠᠯᠳᠠ ᠦᠬᠡᠢ ᠬᠦᠮᠦᠨ᠎ᠤ ᠬᠦᠴᠦ ᠪᠡᠷ ᠤᠢᠵᠢᠭᠤᠯᠤᠯᠲᠠ ᠬᠢᠬᠦ ᠵᠢ ᠭᠠᠭ᠍ᠴᠠ ᠬᠦ᠌ ᠮᠠᠨ᠎ᠤ ᠤᠯᠤᠰ᠎ᠤᠨ ᠨᠡᠢᠭᠡᠮ ᠵᠢᠷᠤᠮ᠎ᠤᠨ ᠪᠠᠢᠭᠤᠯᠤᠯ᠎ᠤᠨ ᠳᠣᠣᠷ᠎ᠠ ᠰᠠᠶᠢ ᠪᠡᠶᠡᠯᠡᠭᠦᠯᠵᠦ᠍ ᠳᠡᠢᠯᠦᠨ᠎ᠡ᠃ ᠡᠬᠡ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠨ᠂ ᠡᠨᠡ ᠬᠦ᠌ ᠨᠤᠮᠢᠨ ᠨᠣᠭᠣᠭᠠᠨ᠂ ᠡᠨᠡ ᠬᠦ᠌ ᠴᠡᠩᠭᠡᠷ ᠬᠦᠭᠡ᠂ ᠡᠨᠡ ᠬᠦ᠌ ᠴᠡᠪᠡᠷ ᠠᠷᠢᠭᠤᠨ ᠠᠭᠤᠯᠠ ᠤᠰᠤ ᠪᠠᠨ ᠰᠠᠢᠲᠤᠷ ᠬᠠᠮᠠᠭᠠᠯᠠᠵᠤ᠂ ᠠᠮᠢ ᠠᠬᠤᠢ᠎ᠶ᠋ᠢ ᠤᠷᠢᠳ ᠵᠢᠡᠷ ᠪᠤᠳᠤᠯᠬᠢᠯᠠᠬᠤ᠂ ᠪᠣᠬᠢᠷᠲᠤᠯ ᠦᠭᠡᠢ ᠬᠥᠭ᠌ᠵᠢᠭᠦᠯᠬᠦ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ ᠦᠶ᠎ᠡ᠎ᠵᠠᠯᠭᠠᠮᠵᠢᠯᠠᠨ ᠪᠤᠤᠭᠢᠶ᠎ᠠ ᠳᠠᠮᠵᠢᠭᠤᠯᠤᠨ ᠠᠵᠢᠯᠯᠠᠵᠤ᠂ ᠬᠥᠬᠡᠮᠳᠦᠭ ᠠᠭᠤᠯᠠ ᠮᠥᠩᠬᠡ ᠨᠤᠭᠤᠭᠠᠨ᠂ ᠤᠷᠤᠰᠬᠠᠯ ᠤᠰᠤ ᠦᠨᠢᠲᠡ ᠴᠡᠩᠬᠡᠭ᠂ ᠠᠭᠠᠷ ᠮᠠᠨᠳᠠᠯ ᠡᠭᠦᠷᠢᠲᠡ ᠴᠡᠯᠮᠡᠭ ᠪᠠᠢᠬᠤ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠢ ᠴᠢᠷᠮᠠᠢᠨ ᠪᠦᠲᠦᠭᠡᠨ ᠪᠠᠢᠭᠤᠯᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃


ᠤᠷᠢᠬᠠᠨ ᠬᠠᠪᠤᠷ᠎ᠤᠨ ᠲᠦᠷᠪᠡᠨ ᠰᠠᠷ᠎ᠠ᠎ᠳᠤ᠂ ᠡᠪᠡᠰᠦ ᠨᠣᠭᠣᠭ᠎ᠠ ᠬᠦᠬᠡᠷᠡᠨ᠂ ᠴᠡᠴᠡᠭ ᠬᠤᠸᠠᠷ ᠮᠢᠷᠠᠯᠵᠠᠨ ᠳᠡᠯᠭᠡᠷᠡᠵᠦ᠍᠂ ᠬᠠᠪᠤᠷ᠎ᠤᠨ ᠦᠵᠡᠮᠵᠢ ᠬᠠᠮᠤᠭ ᠳᠡᠯᠡᠬᠡᠢ ᠵᠢ ᠪᠡᠶᠡᠰᠬᠠᠨ᠎ᠠ᠃ ᠡᠢᠮᠦᠷᠬᠦᠤ ᠴᠡᠴᠡᠭ ᠬᠤᠸᠠᠷ ᠦᠡᠭᠭᠡ ᠢᠯᠭᠠᠷᠠᠨ ᠳᠡᠯᠭᠡᠷᠡᠭᠰᠡᠨ ᠰᠠᠢᠬᠠᠨ ᠴᠠᠭ ᠮᠥᠴᠡ᠎ᠳᠦ᠂ ᠤᠯᠠᠭᠠᠨᠬᠠᠳᠠ ᠬᠤᠳᠠ᠎ᠶ᠋ᠢᠨ ᠬᠠᠷᠠᠴᠢᠨ ᠬᠣᠱᠢᠭᠤᠨ᠎ᠤ ᠡᠮᠡᠭᠡᠯ ᠠᠭᠤᠯᠠ ᠤᠢ ᠱᠢᠭᠤᠢ᠎ᠶ᠋ᠢᠨ ᠲᠠᠯᠠᠪᠠᠢ᠎ᠶ᠋ᠢ ᠬᠠᠷᠠᠬᠤᠶ᠎ᠠ ᠲᠦᠮᠡᠨ ᠮᠣᠳᠣ ᠢᠭᠴᠤᠷᠠᠨ ᠤᠷᠭᠤᠭᠰᠠᠨ ᠭᠠᠢᠬᠠᠮᠱᠢᠭ᠍ᠲᠤ ᠰᠠᠢᠬᠠᠨ ᠦᠵᠡᠮᠵᠢ ᠬᠠᠷᠠᠭ᠎ᠠ ᠵᠢ ᠪᠤᠯᠢᠶᠡᠨ᠎ᠡ᠃

ᠣᠳᠣᠬᠠᠨ᠎ᠳᠤ ᠶᠠᠭ ᠬᠠᠪᠤᠷ᠎ᠤᠨ ᠤᠯᠠᠷᠢᠯ᠎ᠤᠨ ᠣᠶ ᠱᠢᠭᠤᠶ ᠵᠢᠨ ᠭᠠᠯ᠎ᠲᠦᠢᠢᠮᠡᠷ ᠢ᠋ ᠰᠡᠷᠭᠡᠢᠯᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠬᠣᠷ ᠡᠮᠡᠭᠡᠯ ᠠᠭᠤᠯᠠ ᠣᠶ ᠱᠢᠭᠤᠶ᠎ᠶ᠋ᠢᠨ ᠲᠠᠯᠠᠪᠠᠶ᠎ᠶ᠋ᠢᠨ ᠣᠶ ᠱᠢᠭᠤᠶ ᠵᠢᠨ ᠬᠠᠮᠠᠭᠠᠯᠠᠭ᠍ᠴᠢᠳ ᠤᠤᠯ᠎ᠤᠨ ᠬᠢ᠎ᠲᠡᠶ᠎ᠪᠡᠨ ᠠᠳᠠᠯᠢ ᠥᠴᠦᠬᠡᠨ ᠴᠦ᠍ ᠴᠠᠯᠠᠭᠠᠢᠷᠠᠬᠤ ᠦᠭᠡᠶ ᠠᠵᠢᠯᠯᠠᠨ᠎ᠠ᠃ ᠥᠷᠯᠥᠭᠡ᠎ᠳᠦᠩᠭᠡᠵᠦ ᠥᠦᠷ ᠴᠠᠢᠲᠠᠯ᠎ᠠ᠂ ᠣᠢ ᠱᠢᠭᠤᠶ᠎ᠶ᠋ᠢᠨ ᠲᠠᠯᠠᠪᠠᠶ᠎ᠶ᠋ᠢᠨ ᠳᠡᠳ᠋ ᠳᠠᠷᠤᠭ᠎ᠠ ᠴᠠᠢ ᠱᠤ᠌ ᠯᠢᠩ ᠨᠢᠭᠡ ᠡᠳᠦᠷ᠎ᠤᠨ ᠭᠠᠯ᠎ᠢ ᠰᠡᠷᠭᠡᠢᠯᠡᠬᠦ᠌ ᠲᠣᠭᠣᠷᠢᠨ ᠪᠠᠢᠴᠠᠭᠠᠬᠤ ᠠᠵᠢᠯ᠎ᠢᠶᠠᠨ ᠡᠬᠢᠯᠡᠭᠦᠯᠪᠡ᠃ 《ᠬᠠᠪᠤᠷ᠎ᠤᠨ ᠤᠯᠠᠷᠢᠯ᠎ᠳᠤ ᠭᠠᠯ᠎ᠢ ᠰᠡᠷᠭᠡᠢᠯᠡᠬᠦ᠌ ᠪᠣᠯ ᠮᠠᠨ᠎ᠤ ᠬᠠᠮᠤᠭ ᠭᠤᠤᠯ ᠠᠵᠢᠯ ᠮᠥᠨ᠂ ᠤᠴᠢᠷ ᠨᠢ ᠬᠠᠪᠤᠷ᠎ᠤᠨ ᠤᠯᠠᠷᠢᠯ᠎ᠳᠤ ᠬᠥᠳᠡᠭᠡ ᠲᠣᠰᠭᠣᠨ᠎ᠳᠤ ᠭᠠᠳᠠᠨ᠎ᠠ ᠭᠠᠯ ᠠᠷᠪᠢᠨ ᠬᠡᠷᠡᠭ᠌ᠯᠡᠵᠤ᠂ ᠭᠠᠵᠠᠷ ᠪᠣᠯᠭᠠᠨ᠎ᠳᠤ ᠠᠮᠤᠷ ᠲᠦᠪᠱᠢᠨ᠎ᠦ ᠳᠠᠯᠳᠠ ᠭᠡᠮ ᠨᠢᠭᠤᠭ᠍ᠳᠠᠵᠤ ᠪᠠᠢᠳᠠᠭ ᠪᠣᠯᠬᠣᠷ ᠣᠶ ᠱᠢᠭᠤᠶ ᠵᠢᠨ ᠬᠠᠮᠠᠭᠠᠯᠠᠭ᠍ᠴᠢ ᠡᠷᠬᠡᠪᠰᠢ ᠨᠠᠷᠢᠨ ᠬᠢᠨᠠᠮᠠᠭᠠᠢ ᠪᠠᠢᠴᠠᠭᠠᠨ ᠴᠠᠭ ᠲᠤᠬᠠᠢ ᠳ᠋ᠤᠨᠢ ᠠᠵᠢᠵᠦ ᠮᠡᠳᠡᠬᠦ ᠬᠡᠷᠡᠭ᠌ᠲᠡᠶ》 ᠭᠡᠵᠦ᠍ ᠴᠠᠢ ᠱᠤ᠌ ᠯᠢᠩ ᠬᠡᠯᠡᠪᠡ᠃

ᠠᠭᠤᠯᠠᠨ ᠳᠡᠭᠡᠷ᠎ᠡ ᠲᠣᠭᠣᠷᠢᠨ ᠪᠠᠢᠴᠠᠭᠠᠵᠤ ᠪᠠᠢᠬᠤ ᠳ᠋ᠠᠭᠠᠨ᠂ ᠴᠠᠢ ᠱᠤ᠌ ᠯᠢᠩ ᠭᠠᠯ ᠰᠡᠷᠭᠡᠢᠯᠡᠬᠦ᠌ ᠶᠠᠷᠢᠯᠴᠠᠭᠤᠷ ᠮᠠᠱᠢᠨ᠎ᠢᠶᠠᠷ ᠳᠠᠮᠵᠢᠨ ᠬᠢᠨᠠᠮᠠᠭᠠᠢ ᠲᠣᠭᠣᠷᠢᠨ ᠪᠠᠢᠴᠠᠭᠠᠵᠤ᠂ ᠠᠮᠤᠷ ᠲᠦᠪᠱᠢᠨ᠎ᠦ ᠭᠡᠮ ᠰᠣᠭᠣᠭ ᠤᠷᠤᠰᠢᠬᠤ ᠪᠤᠯᠤᠯᠴᠠᠭ᠎ᠠ ᠲᠠᠢ ᠭᠠᠵᠠᠷ᠎ᠢ ᠨᠢᠭᠡ ᠴᠤ᠌ ᠠᠯᠳᠠᠯ ᠦᠭᠡᠢ ᠪᠠᠢᠴᠠᠭᠠᠬᠤ ᠵᠢ ᠪᠤᠰᠤᠳ ᠤᠢ ᠰᠢᠭᠤᠢ ᠵᠢᠨ ᠬᠠᠮᠠᠭᠠᠯᠠᠭ᠍ᠴᠢ᠎ᠳᠤ ᠴᠠᠭ ᠢᠮᠠᠭ᠍ᠲᠠ ᠰᠠᠨᠠᠭᠤᠯᠵᠤ ᠪᠠᠢᠯ᠎ᠠ᠃ 《ᠮᠠᠨ᠎ᠤ ᠡᠨᠳᠡ ᠠᠪᠴᠤ ᠬᠡᠯᠡᠪᠡᠯ ᠪᠦᠬᠦ᠌ ᠵᠢᠯ᠎ᠢᠶᠡᠷ᠎ᠢᠶᠡᠨ ᠪᠦᠷ ᠭᠠᠯ ᠰᠡᠷᠭᠡᠢᠯᠡᠬᠦ᠌ ᠬᠤᠭᠤᠴᠠᠭ᠎ᠠ ᠪᠤᠯᠬᠤ ᠶᠤᠮ᠂ ᠡᠭᠦᠨ ᠳ᠋ᠤ᠂ 9 ᠰᠠᠷ᠎ᠠ ᠨᠢ ᠭᠣᠣᠯᠳᠠᠯᠭ᠎ᠠ᠎ᠲᠠᠶ ᠭᠠᠯ ᠰᠡᠷᠭᠡᠢᠯᠡᠬᠦ᠌ ᠬᠤᠭᠤᠴᠠᠭ᠎ᠠ ᠮᠥᠨ᠂ ᠴᠠᠭᠠᠨ ᠰᠠᠷ᠎ᠠ᠂ ᠬᠠᠩᠰᠢ ᠵᠡᠷᠭᠡ ᠴᠢᠬᠤᠯᠠ ᠪᠠᠶᠠᠷ᠎ᠤᠨ ᠡᠳᠦᠷ ᠪᠣᠯᠬᠤ ᠪᠦᠷᠢ ᠠᠭᠤᠯᠠ᠎ᠶ᠋ᠢ ᠲᠣᠭᠣᠷᠢᠨ ᠪᠠᠢᠴᠠᠭᠠᠵᠤ ᠣᠶ ᠱᠢᠭᠤᠶ᠎ᠶ᠋ᠢ ᠬᠠᠮᠠᠭᠠᠯᠠᠬᠤ ᠬᠠᠷᠢᠭᠤᠴᠠᠯᠭ᠎ᠠ ᠨᠡᠩ ᠴᠤ᠌ ᠬᠦᠨᠳᠦ ᠴᠢᠬᠤᠯᠠ ᠪᠤᠯᠳᠠᠭ》 ᠭᠡᠵᠤ ᠴᠠᠢ ᠱᠤ᠌ ᠯᠢᠩ᠎ᠭᠡᠯᠡᠨ᠎ᠠ᠂ ᠠᠭᠤᠯᠠᠨ᠎ᠳᠤ ᠭᠠᠷᠴᠤ᠌ ᠲᠣᠭᠣᠷᠢᠨ ᠪᠠᠢᠴᠠᠭᠠᠬᠤ ᠪᠣᠯ ᠤᠢ ᠬᠠᠮᠠᠭᠠᠯᠠᠭ᠍ᠴᠢ᠎ᠶ᠋ᠢᠨ ᠶᠡᠷᠦᠳᠡ᠎ᠶ᠋ᠢᠨ ᠠᠵᠢᠯ ᠪᠣᠯᠤᠨ᠎ᠠ᠂ ᠠᠭᠤᠯᠠᠨ᠎ᠳᠤ ᠭᠠᠷᠪᠠᠯ ᠪᠦᠬᠦᠯᠢ ᠡᠳᠦᠷ᠎ᠢᠶᠡᠷ ᠠᠵᠢᠯᠯᠠᠬᠤ ᠨᠢ ᠴᠤ᠌ ᠡᠩ᠎ᠤᠨ ᠶᠠᠪᠤᠳᠠᠯ᠃ ᠤᠢ ᠬᠠᠮᠠᠭᠠᠯᠠᠭ᠍ᠴᠢᠳ ᠠᠭᠤᠯᠠ᠎ᠶ᠋ᠢᠨ ᠪᠠᠢᠳᠠᠯ᠂ ᠤᠢ ᠱᠢᠭᠤᠶ᠎ᠶ᠋ᠢᠨ ᠪᠠᠢᠳᠠᠯ᠎ᠢ ᠴᠠᠭ ᠲᠤᠬᠠᠶ᠎ᠳᠤᠨᠢ ᠣᠢᠯᠠᠭᠠᠬᠤ᠎ᠡᠴᠡ ᠭᠠᠳᠠᠨ᠎ᠠ ᠪᠠᠰᠠ ᠱᠢᠭᠤᠢᠲᠤ ᠣᠷᠣᠨ᠎ᠤ ᠵᠠᠮ᠎ᠢ ᠰᠠᠭᠠᠳ ᠦᠬᠡᠢ ᠨᠡᠪᠲᠡᠷᠡᠭᠦᠯᠬᠦ᠂ ᠤᠢ ᠮᠣᠳᠣᠨ᠎ᠤ ᠡᠪᠡᠳᠴᠢᠨ ᠬᠣᠷᠣᠬᠠᠶ᠎ᠶ᠋ᠢᠨ ᠬᠥᠨᠥᠭᠡᠯ᠎ᠢ ᠪᠠᠢᠴᠠᠭᠠᠬᠤ ᠪᠠ ᠰᠡᠷᠭᠡᠢᠯᠡᠨ ᠵᠠᠰᠠᠬᠤ᠂ ᠡᠷᠬᠢᠨ ᠲᠣᠭᠣᠷᠢᠨ᠎ᠤ ᠭᠠᠯ ᠰᠡᠷᠭᠡᠢᠯᠡᠬᠦ᠌ ᠤᠬᠠᠭᠤᠯᠭ᠎ᠠ ᠵᠡᠷᠭᠡ ᠠᠵᠢᠯ᠎ᠢ ᠬᠠᠷᠢᠭᠤᠴᠠᠬᠤ ᠬᠡᠷᠡᠭ᠌ᠲᠡᠶ᠃

ᠡᠮᠡᠭᠡᠯ ᠠᠭᠤᠯᠠ ᠣᠶ ᠱᠢᠭᠤᠶ᠎ᠶ᠋ᠢᠨ ᠲᠠᠯᠠᠪᠠᠶ᠎ᠶ᠋ᠢ 1962 ᠣᠨ᠎ᠳᠤ ᠡᠬᠢᠯᠡᠨ ᠪᠠᠢᠭᠤᠯᠵᠤ᠂ ᠤᠯᠠᠭᠠᠨᠬᠠᠳᠠ ᠬᠣᠲᠠ᠎ᠶ᠋ᠢᠨ ᠬᠠᠷᠠᠴᠢᠨ ᠬᠣᠱᠢᠭᠤᠨ᠎ᠤ ᠳᠤᠮᠳᠠ ᠡᠮᠦᠨᠡᠲᠦ ᠬᠡᠰᠡᠭ᠎ᠲᠦ ᠪᠠᠢᠷᠢᠯᠠᠵᠤ᠂ ᠬᠠᠮᠢᠶᠠᠷᠴᠤ᠌ ᠬᠠᠮᠠᠭᠠᠯᠠᠬᠤ᠎ᠪᠠᠷ ᠭᠣᠸ᠋ᠯ ᠪᠣᠯᠭᠠᠭ᠍ᠰᠠᠨ ᠠᠮᠢ ᠠᠬᠤᠶ᠎ᠶ᠋ᠢᠨ ᠡᠵᠡᠩᠨᠡᠯᠲᠡ᠎ᠶ᠋ᠢᠨ ᠬᠡᠯᠪᠡᠷᠢ᠎ᠶ᠋ᠢᠨ ᠣᠶ ᠱᠢᠭᠤᠶ᠎ᠶ᠋ᠢᠨ ᠲᠠᠯᠠᠪᠠᠶ ᠪᠣᠯᠤᠨ᠎ᠠ᠃ 2019 ᠣᠨ᠎ᠤ 7 ᠰᠠᠷ᠎ᠠ᠎ᠶ᠋ᠢᠨ 15᠎ᠤ ᠡᠳᠦᠷ᠎ᠦᠨ ᠦᠳᠡ᠎ᠶ᠋ᠢᠨ ᠬᠣᠢᠨ᠎ᠠ᠂ ᠶᠡᠷᠦᠩᠬᠡᠶ ᠱᠦᠵᠢ ᠰᠢ᠎ᠶ᠋ᠢᠨ ᠫᠢᠩ ᠤᠯᠠᠭᠠᠨᠬᠠᠳᠠ ᠬᠣᠲᠠ᠎ᠶ᠋ᠢᠨ ᠬᠠᠷᠠᠴᠢᠨ ᠬᠣᠱᠢᠭᠤᠨ᠎ᠤ ᠡᠮᠡᠭᠡᠯ ᠠᠭᠤᠯᠠ ᠣᠶ ᠱᠢᠭᠤᠶ᠎ᠶ᠋ᠢᠨ ᠲᠠᠯᠠᠪᠠᠶ᠎ᠳᠤ ᠬᠦᠷᠴᠦ᠍᠂ ᠱᠢᠭᠤᠢᠲᠤ ᠣᠷᠣᠨ᠎ᠳᠤ ᠤᠷᠤᠵᠤ᠂ ᠣᠶ ᠮᠣᠳᠣᠨ᠎ᠤ ᠤᠷᠭᠤᠴᠠ᠎ᠶ᠋ᠢᠨ ᠪᠠᠢᠳᠠᠯ᠎ᠢ ᠪᠠᠢᠴᠠᠭᠠᠨ ᠦᠵᠡᠬᠦ ᠵᠢᠨ ᠬᠠᠮᠲᠤ ᠶᠠᠭ ᠠᠵᠢᠯᠯᠠᠵᠤ ᠪᠠᠢᠭ᠎ᠠ ᠣᠶ ᠬᠠᠮᠠᠭᠠᠯᠠᠭ᠍ᠴᠢᠳ᠎ᠲᠠᠶ ᠲᠤᠳᠤᠨᠤ ᠪᠡᠷ ᠶᠠᠷᠢᠯᠴᠠᠵᠤ᠂ ᠲᠡᠳᠡᠨ᠎ᠦ ᠠᠵᠢᠯ᠂ ᠠᠮᠢᠳᠤᠷᠠᠯ᠂ ᠬᠡᠷ ᠪᠦᠯᠢ᠎ᠶ᠋ᠢᠨ ᠪᠠᠢᠳᠠᠯ᠎ᠢ ᠣᠢᠯᠠᠭᠠᠪᠠ᠃ ᠶᠡᠷᠦᠩᠬᠡᠢ ᠱᠦᠵᠢ᠂ ᠡᠬᠡ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠨ᠂ ᠡᠨᠡ ᠬᠦ᠌ ᠨᠤᠮᠢᠨ ᠨᠣᠭᠣᠭᠠᠨ᠂ ᠡᠨᠡ ᠬᠦ᠌ ᠴᠡᠩᠭᠡᠷ ᠬᠦᠭᠡ᠂ ᠡᠨᠡ ᠬᠦ᠌ ᠴᠡᠪᠡᠷ ᠠᠷᠢᠭᠤᠨ ᠠᠭᠤᠯᠠ ᠤᠰᠤ ᠪᠠᠨ ᠰᠠᠢᠲᠤᠷ ᠰᠠᠬᠢᠨ ᠬᠠᠮᠠᠭᠠᠯᠠᠵᠤ᠂ ᠠᠮᠢ ᠠᠬᠤᠢ᠎ᠶ᠋ᠢ ᠤᠷᠢᠳ ᠵᠢᠡᠷ ᠪᠤᠳᠤᠯᠬᠢᠯᠠᠬᠤ᠂ ᠪᠣᠬᠢᠷᠲᠤᠯ ᠦᠭᠡᠢ ᠬᠦᠭᠵᠢᠭᠦᠯᠬᠦ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ ᠦᠶ᠎ᠡ᠎ᠵᠠᠯᠭᠠᠮᠵᠢᠯᠠᠨ ᠪᠤᠤᠭᠢᠶ᠎ᠠ ᠳᠠᠮᠵᠢᠭᠤᠯᠤᠨ ᠠᠵᠢᠯᠯᠠᠵᠤ᠂ ᠬᠥᠬᠡᠮᠳᠦᠭ ᠠᠭᠤᠯᠠ ᠮᠥᠩᠬᠡ ᠨᠤᠭᠤᠭᠠᠨ᠂ ᠤᠷᠤᠰᠬᠠᠯ ᠤᠰᠤ ᠦᠨᠢᠲᠡ ᠴᠡᠩᠬᠡᠭ᠂ ᠠᠭᠠᠷ ᠮᠠᠨᠳᠠᠯ ᠡᠭᠦᠷᠢᠲᠡ ᠴᠡᠯᠮᠡᠭ ᠪᠠᠢᠬᠤ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠢ ᠴᠢᠷᠮᠠᠢᠨ ᠪᠦᠲᠦᠭᠡᠨ ᠪᠠᠢᠭᠤᠯᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃

ᠶᠡᠷᠦᠩᠬᠡᠢ ᠱᠦᠵᠢ᠎ᠶ᠋ᠢᠨ ᠵᠣᠷᠢᠭ᠍ᠵᠢᠭᠤᠯᠤᠯ ᠨᠢ ᠤᠢ ᠱᠢᠭᠤᠢ᠎ᠶ᠋ᠢᠨ ᠬᠥᠮᠦᠰ᠎ᠦᠨ ᠡᠷᠴᠢ ᠵᠣᠷᠢᠭ᠎ᠢ ᠨᠡᠩ ᠲᠡᠭᠦᠯᠳᠡᠷ ᠪᠣᠯᠭᠠᠵᠠᠢ᠃ ᠴᠥᠭᠡᠨ ᠪᠤᠰᠤ《ᠤᠢ ᠱᠢᠭᠤᠢ᠎ᠶ᠋ᠢᠨ ᠭᠤᠷᠪᠠᠳᠤᠭᠠᠷ ᠦᠶ᠎ᠡ》ᠵᠢᠨ ᠬᠢᠨ ᠬᠣᠢᠨ᠎ᠠ ᠬᠣᠢᠨ᠎ᠠ᠎ᠡᠴᠡ᠎ᠪᠠᠨ ᠡᠮᠡᠭᠡᠯ ᠠᠭᠤᠯᠠ ᠤᠢ ᠱᠢᠭᠤᠢ᠎ᠶ᠋ᠢᠨ ᠲᠠᠯᠠᠪᠠᠢ᠎ᠳᠤ ᠪᠤᠴᠠᠨ ᠢᠷᠡᠵᠦ᠍ ᠠᠵᠢᠯᠯᠠᠪᠠ᠃ ᠡᠴᠢᠭᠡ᠎ᠶ᠋ᠢᠨ᠎ᠢᠶᠡᠨ ᠱᠢᠷᠭᠠᠭᠤ ᠬᠠᠲᠠᠭᠤᠵᠢᠯᠲᠠᠢ᠎ᠪᠠᠷ ᠠᠭᠤᠯᠠ᠎ᠶ᠋ᠢ ᠲᠣᠭᠣᠷᠢᠨ ᠴᠠᠭ᠍ᠳᠠᠵᠤ ᠪᠠᠢᠬᠤ᠎ᠶ᠋ᠢ ᠬᠠᠷᠠᠵᠤ ᠥᠰᠦᠭ᠌ᠰᠡᠨ ᠸᠠᠩ ᠢᠦᠢ ᠬᠠᠨ ᠶᠡᠬᠡ ᠰᠤᠷᠭᠠᠭᠤᠯᠢ᠎ᠪᠠᠨ ᠲᠡᠭᠦᠰᠦᠭ᠌ᠰᠡᠨ᠎ᠦ ᠲᠠᠷᠠᠭ᠎ᠠ᠂ ᠡᠨᠡ ᠬᠡᠰᠡᠭ ᠤᠢ ᠱᠢᠭᠤᠢ᠎ᠶ᠋ᠢᠨ ᠲᠠᠯᠠᠪᠠᠢ᠎ᠳᠠᠭᠠᠨ ᠪᠤᠴᠠᠵᠤ᠂ ᠤᠢ ᠱᠢᠭᠤᠢ᠎ᠶ᠋ᠢᠨ ᠲᠠᠯᠠᠪᠠᠢ᠎ᠶ᠋ᠢᠨ ᠣᠢᠵᠢᠭᠤᠯᠬᠤ ᠲᠥᠯᠥᠪᠵᠢᠭᠦᠯᠭᠡ ᠲᠤᠭᠲᠠᠭᠠᠬᠤ ᠵᠢ ᠬᠠᠷᠢᠭᠤᠴᠠᠵᠠᠢ᠃ 《ᠮᠠᠨ᠎ᠤ ᠳᠡᠭᠡᠷ᠎ᠡ ᠨᠢᠭᠡ ᠦᠶ᠎ᠡ᠎ᠶ᠋ᠢᠨ ᠬᠢᠨ ᠪᠢᠳᠡᠨ᠎ᠳᠦ ᠡᠢᠮᠦ᠍ ᠰᠠᠢ᠌ᠨ ᠰᠠᠭᠤᠷᠢ᠎ᠶ᠋ᠢ ᠲᠠᠯᠪᠢᠵᠤ ᠥᠭ᠌ᠴᠡᠢ᠂ ᠮᠠᠨ᠎ᠤ ᠡᠨᠡ ᠦᠶ᠎ᠡ᠎ᠶ᠋ᠢᠨ ᠬᠢᠨ ᠡᠨᠡ ᠬᠦ᠌ ᠨᠣᠭᠣᠭᠠᠨ ᠦᠩᠭᠡ᠎ᠪᠡᠨ ᠰᠠᠢᠲᠤᠷ ᠬᠠᠮᠠᠭᠠᠯᠠᠵᠤ᠂ ᠵᠢᠯ᠎ᠡᠴᠡ ᠵᠢᠯ᠎ᠳᠦ ᠴᠢᠷᠮᠠᠢᠨ ᠠᠵᠢᠯᠯᠠᠵᠤ᠂ ᠦᠶ᠎ᠡ᠎ᠵᠠᠯᠭᠠᠮᠵᠢᠯᠠᠨ ᠪᠤᠤᠭᠢᠶ᠎ᠠ ᠳᠠᠮᠵᠢᠭᠤᠯᠤᠨ ᠠᠵᠢᠯᠯᠠᠬᠤ ᠬᠡᠷᠡᠭ᠌ᠲᠡᠢ᠃ ᠪᠢᠳᠡ ᠲᠠᠰᠤᠷᠠᠯᠳᠡ ᠦᠭᠡᠢ ᠴᠢᠷᠮᠠᠢᠵᠤ ᠪᠠᠢᠭᠠᠳ ᠡᠨᠳᠡᠬᠢ᠎ᠶ᠋ᠢ ᠨᠡᠩ ᠦᠵᠡᠰᠭᠦᠯᠡᠩᠲᠦ ᠰᠠᠢᠬᠠᠨ ᠪᠣᠯᠭᠠᠬᠤ ᠪᠠᠷ ᠴᠢᠷᠮᠠᠢᠨ᠎ᠠ》ᠭᠡᠵᠦ᠍ ᠸᠠᠩ ᠢᠦᠢ ᠬᠠᠨ ᠡᠷᠡᠰ ᠱᠢᠭᠤᠷᠬᠠᠢ᠎ᠪᠠᠷ ᠬᠡᠯᠡᠪᠡ᠃ ᠡᠳᠦᠭᠡ᠂ ᠡᠮᠡᠭᠡᠯ ᠠᠭᠤᠯᠠ ᠤᠢ ᠱᠢᠭᠤᠢ᠎ᠶ᠋ᠢᠨ ᠲᠠᠯᠠᠪᠠᠢ᠎ᠶ᠋ᠢᠨ ᠪᠠᠢᠭᠠᠯᠢ᠎ᠶ᠋ᠢᠨ ᠤᠢ᠎ᠶ᠋ᠢᠨ ᠲᠠᠯᠠᠪᠠᠢ 4.2 ᠲᠦᠮᠡᠨ ᠮᠦ᠍᠂ ᠲᠠᠷᠢᠮᠠᠯ ᠤᠢ᠎ᠶ᠋ᠢᠨ ᠲᠠᠯᠠᠪᠠᠢ 6.6 ᠲᠦᠮᠡᠨ ᠮᠦ᠍᠂ ᠤᠢ ᠱᠢᠭᠤᠢ᠎ᠶ᠋ᠢᠨ ᠤᠷᠭᠤᠭ᠎ᠠ ᠮᠣᠳᠣᠨ᠎ᠤ ᠬᠠᠳᠠᠭᠠᠯᠠᠭ᠍ᠳᠠᠴᠠ 21.3 ᠲᠦᠮᠡᠨ ᠪᠣᠰᠣᠭ᠎ᠠ ᠳᠥᠷᠪᠡᠯᠵᠢᠨ ᠮᠧᠲ᠋ᠷ᠎ᠲᠦ ᠬᠦᠷᠴᠦ᠍᠂ ᠪᠦᠬᠦ᠌ ᠲᠠᠯᠠᠪᠠᠢ᠎ᠶ᠋ᠢᠨ ᠨᠡᠢᠲᠡ᠎ᠶ᠋ᠢᠨ ᠠᠰᠠᠷᠠᠮᠵᠢ᠎ᠶ᠋ᠢᠨ ᠤᠢ᠎ᠶ᠋ᠢᠨ ᠲᠠᠯᠠᠪᠠᠢ 10 ᠲᠦᠮᠡᠨ ᠮᠦ᠍᠎ᠳᠦ ᠬᠦᠷᠴᠦ᠍᠂ ᠤᠢ ᠱᠢᠭᠤᠢ᠎ᠶ᠋ᠢᠨ ᠪᠦᠷᠬᠦᠴᠡ᠎ᠶ᠋ᠢᠨ ᠨᠤᠷᠮ᠎ᠠ 98.8% ᠳ᠋ᠤ ᠬᠦᠷᠴᠡᠢ᠃

2019 ᠣᠨ᠎ᠤ 11 ᠰᠠᠷ᠎ᠠ᠎ᠳᠤ᠂ ᠤᠢ ᠱᠢᠭᠤᠢ᠎ᠶ᠋ᠢᠨ ᠲᠠᠯᠠᠪᠠᠢ᠎ᠳᠤ ᠨᠡᠢᠲᠡ᠎ᠶ᠋ᠢᠨ ᠠᠰᠠᠷᠠᠮᠵᠢ᠎ᠶ᠋ᠢᠨ ᠤᠢ ᠬᠠᠮᠢᠶᠠᠷᠤᠭ᠍ᠴᠢ᠎ᠶ᠋ᠢ 16 ᠡᠯᠰᠡᠵᠦ᠍᠂《ᠰᠦᠯᠵᠢᠶᠡᠨ᠎ᠡᠴᠡ ᠭᠠᠳᠠᠭᠤᠷᠬᠢ》ᠭᠠᠯ ᠤᠨᠲᠠᠷᠠᠭᠠᠬᠤ ᠡᠩᠨᠡᠭᠡ᠎ᠶ᠋ᠢ ᠪᠠᠢᠭᠤᠯᠵᠤ᠂ ᠪᠠᠰᠠ 2 ᠢᠵᠢ ᠭᠠᠯ ᠰᠡᠷᠭᠡᠢᠯᠡᠬᠦ᠌ ᠠᠯᠤᠰ ᠡᠵᠡᠮᠱᠢᠯᠲᠦ ᠸᠢᠳᠢᠣ᠋ ᠤᠶᠤᠨᠲᠤ ᠬᠢᠨᠠᠨ ᠡᠵᠡᠮᠳᠡᠬᠦ᠌ ᠱᠢᠰᠲ᠋ᠧᠮ᠎ᠢ ᠤᠭ᠍ᠰᠠᠷᠠᠵᠤ᠂ ᠸᠢᠳᠢᠣ᠋᠂ ᠪᠠᠷᠠᠯᠠᠬᠤ ᠴᠠᠮᠬᠠᠭ ᠲᠠᠪᠴᠠᠩ ᠪᠣᠯᠤᠨ ᠭᠠᠵᠠᠷ ᠳᠡᠭᠡᠷᠡᠬᠢ ᠲᠣᠭᠣᠷᠢᠨ ᠴᠠᠭ᠍ᠳᠠᠬᠤ ᠵᠡᠷᠭᠡ ᠠᠷᠭ᠎ᠠ ᠪᠠᠷᠢᠯ᠎ᠢᠶᠠᠷ ᠪᠦᠬᠦ᠌ ᠡᠳᠦᠷ᠎ᠦᠨ ᠪᠠ ᠪᠣᠰᠣᠭ᠎ᠠ ᠴᠣᠭ᠍ᠴᠠᠲᠤ ᠬᠢᠨᠠᠨ ᠬᠡᠮᠵᠢᠯᠲᠡ᠎ᠶ᠋ᠢ ᠪᠡᠶᠡᠯᠡᠭᠦᠯᠵᠡᠢ᠃ ᠡᠨᠡ ᠬᠦ᠌ ᠨᠣᠭᠣᠭᠠᠨ ᠦᠩᠭᠡ᠎ᠶ᠋ᠢ ᠪᠠᠲᠤ ᠰᠠᠬᠢᠬᠤ᠎ᠶ᠋ᠢᠨ ᠲᠥᠯᠥᠭᠡ᠂ ᠪᠦᠬᠦ᠌ ᠤᠢ ᠰᠢᠭᠤᠢ ᠵᠢᠨ ᠲᠠᠯᠠᠪᠠᠢ ᠪᠠᠨ 22 ᠲᠣᠣᠷᠵᠢᠯ᠎ᠳ᠋ᠤ ᠬᠤᠪᠢᠶᠠᠷᠢᠯᠠᠵᠤ᠂ ᠲᠣᠣᠷᠵᠢᠯ᠎ᠤᠨ ᠬᠠᠮᠢᠶᠠᠷᠤᠯᠲᠠ᠎ᠶ᠋ᠢ ᠬᠡᠷᠡᠭ᠌ᠵᠢᠭᠦᠯᠵᠦ᠍᠂ 45 ᠠᠵᠢᠯᠳᠠᠨ ᠳ᠋ᠤ ᠬᠡᠰᠡᠭ ᠬᠤᠪᠢᠶᠠᠨ ᠳᠠᠭᠠᠭᠠᠴᠢᠯᠠᠭᠤᠯᠵᠤ᠂ ᠴᠢᠩᠭ᠎ᠠ ᠰᠡᠷᠭᠡᠢᠯᠡᠵᠦ᠍ ᠴᠢᠩᠭ᠎ᠠ ᠰᠠᠬᠢᠪᠠ᠃ ᠴᠠᠢ ᠱᠤ᠌ ᠯᠢᠩ᠄《ᠵᠠᠯᠠᠭᠤᠴᠤᠳ᠎ᠤᠨ ᠬᠦᠴᠦᠨ᠎ᠢ ᠲᠡᠭᠦᠯᠳᠡᠷᠵᠢᠭᠦᠯᠦᠭ᠌ᠰᠡᠨ ᠪᠠ ᠱᠢᠨᠵᠢᠯᠡᠬᠦ᠌ ᠤᠬᠠᠭᠠᠨ᠎ᠤ ᠠᠷᠭ᠎ᠠ ᠪᠠᠷᠢᠯ᠎ᠢ ᠬᠡᠷᠡᠭ᠌ᠵᠢᠭᠦᠯᠦᠭ᠌ᠰᠡᠨ ᠨᠢ ᠮᠠᠨ᠎ᠤ ᠤᠢ ᠱᠢᠭᠤᠶ᠎ᠶ᠋ᠢ ᠬᠠᠮᠠᠭᠠᠯᠠᠬᠤ ᠡᠯ᠎ᠡ ᠲᠠᠯ᠎ᠠ᠎ᠶ᠋ᠢᠨ ᠠᠵᠢᠯ᠎ᠳᠤ ᠴᠥᠮ ᠮᠠᠰᠢ ᠶᠡᠬᠡ ᠦᠢᠯᠡᠳᠦᠯ ᠦᠵᠡᠭᠦᠯᠦᠭ᠌ᠰᠡᠨ ᠶᠤᠮ》 ᠭᠡᠵᠦ ᠪᠠᠢᠯ᠎ᠠ᠃

ᠤᠷᠭᠤᠮᠠᠯ᠎ᠤᠨ ᠬᠤᠴᠢᠯᠭ᠎ᠠ ᠶ᠋ᠢ ᠨᠡᠮᠡᠭᠳᠡᠭᠦᠯᠬᠦ᠂ ᠣᠢᠵᠢᠭᠤᠯᠬᠤ ᠲᠠᠯᠠᠪᠠᠢ᠎ᠶ᠋ᠢ ᠨᠡᠮᠡᠭ᠌ᠳᠡᠭᠦᠯᠬᠦ᠂ ᠤᠢ ᠱᠢᠭᠤᠢ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ ᠲᠠᠯ᠎ᠠ ᠪᠡᠷ ᠭᠤᠷᠪᠠᠨ ᠵᠢᠯ᠎ᠦᠨ ᠲᠤᠷᠰᠢ ᠡᠮᠡᠭᠡᠯ ᠠᠭᠤᠯᠠ ᠤᠢ ᠱᠢᠭᠤᠢ᠎ᠶ᠋ᠢᠨ ᠲᠠᠯᠠᠪᠠᠢ ᠤᠷᠤᠭᠰᠢᠯᠠᠬᠤ ᠠᠯᠬᠤᠭ᠎ᠠ᠎ᠪᠠᠨ ᠶᠡᠷᠦ᠍ ᠨᠢ ᠵᠣᠭ᠍ᠰᠣᠭ᠎ᠠ ᠦᠭᠡᠢ᠃ ᠣᠳᠣ ᠣᠶ ᠱᠢᠭᠤᠶ᠎ᠶ᠋ᠢᠨ ᠲᠠᠯᠠᠪᠠᠶ᠎ᠳᠤ ᠪᠣᠷᠣ ᠭᠥᠷᠥᠭᠡᠰᠦ᠂ ᠭᠤᠷᠭᠤᠤᠯ᠂ ᠬᠡᠭᠡᠷ᠎ᠡ᠎ᠶ᠋ᠢᠨ ᠲᠠᠤᠯᠠᠢ ᠭᠠᠵᠠᠷ ᠪᠣᠯᠭᠠᠨ᠎ᠳᠤ ᠬᠠᠷᠠᠭ᠍ᠳᠠᠵᠤ᠂ ᠬᠡᠭᠡᠷ᠎ᠡ᠎ᠶ᠋ᠢᠨ ᠠᠮᠢᠲᠠᠨ᠎ᠤ ᠲᠥᠷᠥᠯ ᠵᠦᠢᠯ ᠡᠳᠦᠷ ᠢᠷᠡᠬᠦᠶ᠎ᠡ ᠣᠯᠠᠱᠢᠷᠠᠵᠤ ᠪᠠᠢᠨ᠎ᠠ᠃

ᠠᠮᠢ ᠠᠬᠤᠶ ᠰᠠᠢᠵᠢᠷᠠᠭ᠍ᠰᠠᠨ ᠡᠴᠡ ᠡᠨᠳᠡ ᠵᠢᠭᠤᠯᠴᠢᠯᠠᠬᠤ᠎ᠪᠠᠷ ᠢᠷᠡᠭ᠌ᠰᠡᠨ ᠬᠥᠮᠦᠨ ᠴᠦ᠍ ᠣᠯᠠᠱᠢᠷᠠᠵᠠᠶ᠃ ᠨᠢᠭᠡ ᠡᠳᠦᠷ᠎ᠤᠨ ᠦᠳᠡ᠎ᠶ᠋ᠢᠨ ᠡᠮᠦᠨ᠎ᠡ᠂ ᠡᠨᠳᠡ ᠬᠡᠳᠦᠨ ᠪᠦᠯᠦᠭ ᠵᠢᠭᠤᠯᠴᠢᠯᠠᠭᠴᠢᠳ ᠰᠠᠭᠠᠳᠠᠪᠠ᠃ ᠲᠡᠳᠡ ᠨᠠᠷᠢᠨ ᠵᠥᠷᠢᠭ᠎ᠢᠶᠠᠷ ᠣᠶ ᠱᠢᠭᠤᠶ᠎ᠶ᠋ᠢᠨ ᠲᠠᠯᠠᠪᠠᠶ᠎ᠶ᠋ᠢᠨ ᠭᠦᠨ᠎ᠳᠡᠬᠢ ᠨᠢᠭᠡᠨ ᠲᠡᠭᠰᠢ ᠨᠠᠮ ᠭᠠᠵᠠᠷ᠎ᠲᠤ ᠬᠦᠷᠴᠡᠶ᠃ ᠡᠨᠡ ᠬᠦ᠌ ᠲᠡᠭ᠌ᠰᠢ ᠨᠠᠮ ᠭᠠᠵᠠᠷ᠎ᠲᠤ ᠨᠢᠭᠡ ᠫᠠᠢᠰᠠ ᠪᠤᠰᠭᠠᠵᠠᠢ᠂ ᠳᠡᠭᠡᠷ᠎ᠡ ᠨᠢ ᠰᠡᠳᠭᠢᠯ ᠳ᠋ᠦ ᠳᠤᠯᠠᠭᠠᠬᠠᠨ ᠨᠢᠭᠡᠨ ᠭᠡᠷᠡᠯ ᠵᠢᠷᠤᠭ ᠲᠤᠳᠤᠷᠠᠨ᠎ᠠ᠄ 2019 ᠣᠨ᠎ᠤ 7 ᠰᠠᠷ᠎ᠠ᠎ᠶ᠋ᠢᠨ 15᠎ᠤ ᠡᠳᠦᠷ᠂ ᠶᠡᠷᠦᠩᠬᠡᠢ ᠱᠦᠵᠢ ᠰᠢ᠎ᠶ᠋ᠢᠨ ᠫᠢᠩ ᠤᠢ ᠱᠢᠭᠤᠢ᠎ᠶ᠋ᠢᠨ ᠲᠠᠯᠠᠪᠠᠢ᠎ᠳᠤ ᠤᠢ ᠬᠠᠮᠠᠭᠠᠯᠠᠭ᠍ᠴᠢᠳ᠎ᠲᠠᠶ ᠳᠣᠲᠣᠨᠣᠰᠣᠭ᠎ᠢᠶᠠᠷ ᠶᠠᠷᠢᠯᠴᠠᠵᠤ ᠪᠠᠢᠭ᠎ᠠ ᠵᠢᠷᠤᠭ ᠳᠦᠷᠰᠦ ᠪᠤᠢ᠃ ᠶᠡᠷᠦᠩᠬᠡᠢ ᠱᠦᠵᠢ᠎ᠶ᠋ᠢᠨ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠲᠤᠬᠠᠢ ᠡᠷᠬᠢᠮ ᠨᠠᠨᠳᠢᠨ ᠬᠦᠰᠡᠯ ᠨᠠᠢᠳᠠᠯᠭ᠎ᠠ ᠭᠡᠷᠡᠯ ᠵᠢᠷᠤᠭ᠎ᠤᠨ ᠬᠣᠶᠠᠷ ᠲᠠᠯ᠎ᠠ᠎ᠳᠤ ᠣᠨᠴᠠᠭᠠᠢ ᠢᠯᠡ ᠬᠠᠷᠠᠭ᠍ᠳᠠᠨ᠎ᠠ᠃ ᠶᠡᠷᠦᠩᠬᠡᠢ ᠱᠦᠵᠢ᠎ᠶ᠋ᠢᠨ ᠶᠠᠪᠤᠵᠤ ᠥᠩᠭᠡᠷᠡᠭ᠌ᠰᠡᠨ ᠡᠨᠡ ᠬᠦ᠌ ᠤᠢ ᠱᠢᠭᠤᠢ ᠵᠢᠨ ᠳᠤᠮᠳᠠᠭᠤᠷᠬᠢ ᠨᠠᠷᠢᠨ ᠵᠥᠷᠢᠭ ᠨᠢ ᠨᠢᠭᠡᠨᠲᠡ ᠬᠤᠪᠢᠰᠭᠠᠯᠳᠤ ᠬᠥᠮᠦᠵᠢᠯ᠎ᠦᠨ ᠰᠠᠭᠤᠷᠢᠨ ᠪᠣᠯᠵᠠᠢ᠃

ᠵᠢᠭᠤᠯᠴᠢᠯᠠᠭᠴᠢᠳ ᠠᠭᠤᠯᠠᠨ᠎ᠤ ᠴᠡᠪᠡᠷ ᠠᠭᠠᠷ᠎ᠢ ᠠᠮᠢᠰᠭᠤᠯᠯᠠᠵᠤ᠂ ᠡᠨᠳᠡ ᠵᠣᠭ᠍ᠰᠣᠨ ᠭᠡᠷᠡᠯ ᠵᠢᠷᠤᠭ ᠲᠠᠲᠠᠵᠤ ᠳᠤᠷᠠᠰᠭᠠᠯ ᠦᠯᠡᠳᠡᠭᠡᠨ᠎ᠡ᠃ ᠴᠠᠢ ᠱᠤ᠌ ᠯᠢᠩ ᠡᠨᠡ ᠬᠦ᠌ ᠰᠠᠭᠤᠷᠢᠨ᠎ᠤ ᠲᠠᠢᠯᠪᠤᠷᠢᠯᠠᠭ᠍ᠴᠢ ᠪᠣᠯᠤᠭ᠍ᠰᠠᠨ᠎ᠤ ᠬᠤᠪᠢ᠎ᠳᠤ᠂ ᠨᠠᠭᠠᠰᠢ ᠴᠠᠭᠠᠰᠢ ᠶᠠᠪᠤᠵᠤ ᠪᠠᠢᠭ᠎ᠠ ᠤᠯᠠᠨ ᠲᠦᠮᠡᠨ᠎ᠳᠦ ᠤᠢ ᠱᠢᠭᠤᠢ᠎ᠶ᠋ᠢ ᠬᠠᠮᠠᠭᠠᠯᠠᠵᠤ ᠭᠠᠯ᠎ᠢ ᠰᠡᠷᠭᠡᠢᠯᠡᠬᠦ᠌ ᠮᠡᠳᠡᠯᠭᠡ᠎ᠶ᠋ᠢ ᠤᠬᠠᠭᠤᠯᠬᠤ ᠪᠡᠷ ᠪᠠᠷᠠᠬᠤ ᠦᠭᠡᠢ ᠪᠠᠰᠠ ᠶᠡᠷᠦᠩᠬᠡᠢ ᠱᠦᠵᠢ᠎ᠶ᠋ᠢᠨ ᠲᠤᠬᠠᠢ᠎ᠶ᠋ᠢᠨ ᠦᠶ᠎ᠡ᠎ᠳᠦ ᠤᠢ ᠬᠠᠮᠠᠭᠠᠯᠠᠭ᠍ᠴᠢᠳ᠎ᠲᠠᠶ ᠳᠣᠲᠣᠨᠣᠰᠣᠭ᠎ᠢᠶᠠᠷ ᠶᠠᠷᠢᠯᠴᠠᠵᠤ ᠪᠠᠢᠭ᠍ᠰᠠᠨ ᠪᠠᠢᠳᠠᠯ᠎ᠢ ᠲᠡᠳᠡᠨ᠎ᠳᠦ ᠡᠷᠭᠢᠴᠡᠭᠦᠯᠤᠨ ᠶᠠᠷᠢᠵᠤ ᠥᠭ᠌ᠲᠡᠭ᠃ ᠣᠯᠠᠨ᠎ᠢᠶᠠᠷ᠎ᠢᠶᠠᠨ ᠰᠣᠨᠣᠰᠤᠭᠠᠳ ᠶᠡᠬᠡᠳᠡ ᠵᠣᠷᠢᠭ᠍ᠵᠢᠨ᠎ᠠ᠃ 2019 ᠣᠨ᠎ᠡᠴᠡ ᠤᠳᠤ ᠪᠣᠯᠲᠠᠯ᠎ᠠ᠂ ᠡᠨᠳᠡ ᠢᠷᠡᠵᠦ᠍ ᠲᠣᠭᠣᠷᠢᠨ ᠦᠵᠡᠭ᠌ᠰᠡᠨ ᠪᠠ ᠬᠤᠪᠢᠰᠬᠠᠯᠳᠤ ᠬᠦᠮᠦᠵᠢᠯ᠎ᠤᠨ ᠱᠤᠭᠤᠮ᠎ᠢᠶᠠᠷ ᠶᠠᠪᠤᠭ᠍ᠰᠠᠨ ᠵᠢᠭᠤᠯᠴᠢᠯᠠᠭᠴᠢ 30 ᠲᠦᠮᠡᠨ ᠬᠥᠮᠦᠨ ᠤᠳᠠᠭ᠎ᠠ ᠳ᠋ᠤ ᠬᠦᠷᠪᠡ᠃

ᠠᠭᠤᠯᠠᠨ ᠳᠡᠭᠡᠷ᠎ᠡ ᠤᠢ ᠮᠣᠳᠣ ᠬᠥᠬᠡᠷᠡᠨ ᠨᠣᠭᠣᠭᠠᠷᠠᠵᠤ᠂ ᠠᠭᠤᠯᠠᠨ ᠳᠣᠣᠷᠠᠬᠢ ᠡᠮᠡᠭᠡᠯ ᠠᠭᠤᠯᠠ ᠲᠣᠰᠭᠣᠨ᠎ᠤ 16 ᠲᠠᠷᠢᠶᠠᠴᠢᠨ ᠠᠢᠯ᠎ᠤᠨ ᠵᠢᠭᠤᠯᠴᠢᠯᠠᠯ᠎ᠤᠨ ᠬᠦᠷᠢᠶᠡᠨ᠎ᠳᠦ ᠵᠢᠭᠤᠯᠴᠢᠯᠠᠬᠤ ᠪᠡᠷ ᠢᠷᠡᠭᠰᠡᠨ ᠬᠦᠮᠦᠰ᠎ᠤᠨ ᠲᠣᠭ᠎ᠠ ᠲᠠᠰᠤᠷᠠᠯᠳᠡ ᠦᠭᠡᠢ ᠣᠯᠠᠱᠢᠷᠠᠵᠤ᠂ ᠵᠢᠯ ᠪᠦᠷᠢ 6 ᠲᠦᠮᠡ ᠭᠠᠷᠤᠢ ᠬᠥᠮᠦᠨ ᠤᠳᠠᠭ᠎ᠠ ᠵᠢᠨ ᠵᠢᠭᠤᠯᠴᠢᠯᠠᠭᠴᠢ᠎ᠶᠢ ᠬᠦᠯᠢᠶᠡᠨ ᠵᠤᠴᠢᠯᠠᠵᠤ ᠪᠠᠢᠨ᠎ᠠ᠃ ᠲᠣᠰᠭᠣᠨ᠎ᠤ ᠠᠷᠠᠳ ᠮᠥᠭᠥ᠌ ᠲᠡᠭᠦᠬᠦ᠌᠂ ᠱᠢᠳ ᠲᠡᠭᠦᠬᠦ᠌᠂ ᠨᠠᠷᠠᠰᠤᠨ ᠮᠤᠳᠤᠨ᠎ᠤ ᠦᠷ᠎ᠡ ᠲᠡᠭᠦᠬᠦ᠌ ᠵᠡᠷᠭᠡ ᠪᠡᠷ ᠳᠠᠮᠵᠢᠨ᠂ ᠬᠥᠮᠦᠨ ᠳᠤᠮᠳᠠᠴᠢ᠎ᠶ᠋ᠢᠨ ᠣᠷᠣᠯᠭ᠎ᠠ 2000 ᠭᠠᠷᠤᠶ ᠲᠥᠭᠥᠷᠢᠭ ᠨᠡᠮᠡᠭ᠌ᠳᠡᠪᠡ᠃ ᠡᠮᠡᠭᠡᠯ ᠠᠭᠤᠯᠠ ᠣᠶ ᠱᠢᠭᠤᠶ᠎ᠶ᠋ᠢᠨ ᠲᠠᠯᠠᠪᠠᠶ᠎ᠶ᠋ᠢᠨ ᠳᠠᠷᠤᠭ᠎ᠠ ᠴᠦ᠍ ᠭᠤᠸᠠᠩ ᠮᠢᠩ᠄ 《ᠱᠢᠳ᠂ ᠮᠥᠭᠥ᠎ᠶ᠋ᠢ ᠪᠠᠭ᠍ᠲᠠᠭᠠᠭ᠍ᠰᠠᠨ ᠣᠶ᠎ᠶ᠋ᠢᠨ ᠲᠤᠳᠤᠷᠠᠬᠢ ᠠᠵᠤ ᠠᠬᠤᠶ ᠨᠢ ᠴᠥᠮ ᠤᠷᠭᠤᠮᠠᠯ᠎ᠤᠨ ᠬᠤᠴᠢᠯᠭ᠎ᠠ ᠰᠠᠢᠵᠢᠷᠠᠭ᠍ᠰᠠᠨ᠎ᠡᠴᠡ ᠪᠣᠯᠵᠠᠶ᠂ ᠣᠲᠣ ᠵᠢᠭᠤᠯᠴᠢᠯᠠᠬᠤ᠎ᠪᠠᠷ ᠢᠷᠡᠬᠦ ᠬᠥᠮᠦᠨ ᠣᠯᠠᠱᠢᠷᠠᠵᠤ᠂ ᠬᠡᠭᠡᠷ᠎ᠡ᠎ᠶ᠋ᠢᠨ ᠨᠣᠭᠣᠭ᠎ᠠ ᠬᠤᠳᠠᠯᠳᠤᠬᠤ᠎ᠳᠤ ᠵᠣᠪᠠᠬᠤ ᠥᠬᠡᠶ᠂ ᠬᠡᠭᠡᠷ᠎ᠡ᠎ᠶ᠋ᠢᠨ ᠭᠠᠷᠤᠯᠲᠠ ᠴᠤ᠌ ᠣᠨᠴᠠᠭᠠᠶ ᠠᠷᠪᠢᠨ ᠪᠣᠯᠵᠣ᠂ ᠠᠷᠠᠳ ᠢᠷᠭᠡᠳ ᠦᠨᠡᠨ ᠬᠦ᠌ ᠠᠱᠢᠭ ᠭᠥᠷᠳᠡᠭ᠌ᠰᠡᠨ ᠪᠠᠢᠨ᠎ᠠ᠂ ᠡᠨᠡ ᠨᠢ ᠳᠠᠷᠤᠶ ᠣᠶ ᠮᠣᠳᠣ᠎ᠶ᠋ᠢ ᠦᠨᠡᠨ ᠬᠦ᠌ ᠠᠯᠲᠠ ᠮᠥᠩᠭᠥᠨ ᠠᠭᠤᠯᠠ ᠪᠣᠯᠭᠠᠭ᠍ᠰᠠᠨ ᠶᠠᠪᠤᠳᠠᠯ ᠪᠣᠯᠤᠨ᠎ᠠ》 ᠭᠡᠪᠡ ᠃

ᠥᠩᠭᠡᠷᠡᠭ᠌ᠰᠡᠨ᠎ᠳᠦ ᠡᠮᠡᠭᠡᠯ ᠠᠭᠤᠯᠠ ᠲᠣᠰᠭᠣᠨ᠎ᠤ ᠬᠥᠷᠥᠰᠥ᠍ ᠱᠢᠷᠣᠢ᠎ᠶ᠋ᠢᠨ ᠢᠳᠡᠭ᠌ᠳᠡᠯ ᠬᠦᠨᠳᠦ ᠨᠣᠴᠢᠲᠠᠢ ᠪᠠᠢᠵᠤ᠂ ᠠᠮᠢ ᠠᠬᠤᠢ᠎ᠶ᠋ᠢᠨ ᠣᠷᠴᠢᠨ ᠲᠣᠭᠣᠷᠢᠨ ᠮᠠᠭᠤᠳᠠᠭ᠍ᠰᠠᠨ ᠶᠠᠳᠠᠭᠤ ᠬᠦᠴᠢᠷᠳᠡᠯᠲᠡᠢ ᠲᠣᠰᠭᠣᠨ ᠪᠠᠢᠵᠤ᠂ ᠪᠣᠷᠣᠭᠠᠨ᠎ᠲᠠᠶ ᠡᠳᠦᠷ ᠲᠣᠬᠢᠶᠠᠯᠳᠤᠮᠠᠭ᠍ᠴᠠ ᠵᠡᠭᠡᠯᠢ ᠳᠦᠭᠦᠷᠡᠩ ᠱᠢᠪᠠᠷ ᠪᠠᠯᠴᠢᠭ᠎ᠲᠠᠶ ᠪᠠᠢᠭ᠍ᠰᠠᠨ᠎ᠢ ᠲᠣᠰᠭᠣᠨ᠎ᠤ ᠠᠷᠠᠳ ᠯᠢ ᠢ ᠲᠣᠳᠣᠷᠬᠠᠢ ᠴᠡᠭᠡᠵᠢᠯᠡᠵᠦ ᠪᠤᠢ᠃《ᠣᠳᠣ ᠠᠳᠠᠯᠢ ᠦᠭᠡᠶ ᠪᠣᠯᠵᠠᠶ᠂ ᠠᠭᠤᠯᠠ ᠳᠦᠭᠦᠷᠡᠩ ᠮᠣᠳᠣ ᠤᠷᠭᠤᠵᠤ᠂ ᠬᠦᠷᠦᠰᠦ ᠱᠢᠷᠣᠶ᠎ᠶ᠋ᠢᠨ ᠢᠳᠡᠭ᠌ᠳᠡᠯ ᠪᠠᠭᠠᠰᠤᠨ᠂ ᠨᠤᠲᠤᠭ ᠤᠰᠤ ᠭᠣᠶᠣᠵᠢᠵᠦ᠂ ᠭᠡᠷ᠎ᠡᠴᠡ ᠪᠠᠨ ᠭᠠᠷᠬᠤ ᠦᠭᠡᠢ ᠪᠡᠷ ᠵᠢᠭᠤᠯᠴᠢᠯᠠᠯ᠎ᠤᠨ ᠤᠷᠤᠯᠭ᠎ᠠ ᠲᠠᠢ ᠪᠤᠯᠪᠠ》ᠭᠡᠵᠤ ᠡᠳᠡᠭᠡᠷ ᠵᠢᠯ᠎ᠦᠳ᠎ᠦᠨ ᠬᠤᠪᠢᠷᠠᠯᠲᠠ᠎ᠶ᠋ᠢ ᠶᠠᠷᠢᠬᠤ᠎ᠳᠤ ᠯᠢ ᠢ ᠭᠦᠨ ᠲᠥᠷᠥᠭ᠌ᠳᠡᠯ᠎ᠲᠡᠶ ᠪᠠᠢᠯ᠎ᠠ᠃

ᠠᠮᠢ ᠠᠬᠤᠢ ᠰᠠᠢᠵᠢᠷᠠᠬᠤ ᠵᠢ ᠲᠠᠭᠠᠯᠳᠤᠨ ᠲᠣᠰᠭᠣᠨ᠎ᠤ ᠬᠡᠭᠡᠷ᠎ᠡ ᠵᠢᠨ ᠦᠵᠦᠮ᠎ᠦᠨ ᠠᠵᠤ ᠦᠢᠯᠡᠰ ᠴᠦ᠍ ᠬᠥᠭ᠌ᠵᠢᠪᠡ᠃ ᠡᠮᠡᠭᠡᠯ ᠠᠭᠤᠯᠠ ᠲᠣᠰᠭᠣᠨ᠎ᠤ ᠬᠡᠭᠡᠷ᠎ᠡ ᠵᠢᠨ ᠦᠵᠦᠮ᠎ᠦᠨ ᠲᠠᠷᠢᠮᠠᠯ᠎ᠤᠨ ᠲᠠᠯᠠᠪᠠᠢ 2016 ᠣᠨ᠎ᠳᠤ 2000 ᠮᠦ᠍ ᠪᠠᠢᠭ᠍ᠰᠠᠨ᠎ᠡᠴᠡ᠎ᠪᠠᠨ ᠨᠡᠮᠡᠭ᠌ᠳᠡᠭᠡᠳ ᠤᠳᠤ᠎ᠶ᠋ᠢᠨ 3500 ᠮᠦ᠍ ᠪᠤᠯᠵᠤ᠂ ᠠᠷᠠᠳ ᠤᠯᠠᠨ᠎ᠤ ᠠᠮᠢᠳᠤᠷᠠᠯ ᠴᠤ᠌ ᠡᠳᠦᠷ ᠢᠷᠡᠬᠦᠶ᠎ᠡ ᠰᠠᠢᠵᠢᠷᠠᠵᠠᠢ᠃《ᠮᠠᠨ᠎ᠤ ᠡᠮᠡᠭᠡᠯ ᠠᠭᠤᠯᠠᠨ᠎ᠤ ᠠᠮᠢ ᠠᠬᠤᠢ ᠰᠠᠢᠵᠢᠷᠠᠵᠤ᠂ ᠬᠡᠭᠡᠷ᠎ᠡ ᠵᠢᠨ ᠦᠵᠦᠮ᠎ᠦᠨ ᠭᠠᠷᠤᠯᠲᠠ ᠴᠤ᠌ ᠵᠢᠯ᠎ᠡᠴᠡ ᠵᠢᠯ᠎ᠳᠦ ᠨᠡᠮᠡᠭ᠌ᠳᠡᠵᠦ᠍ ᠪᠠᠢᠨ᠎ᠠ᠂ ᠨᠢᠳᠤᠨᠤᠨ ᠪᠢ 4 ᠮᠦ᠍ ᠦᠵᠦᠮ ᠲᠠᠷᠢᠭᠠᠳ 1.2 ᠲᠦᠮᠡ ᠭᠠᠷᠤᠢ ᠲᠥᠭᠥᠷᠢᠭ᠎ᠤᠨ ᠤᠷᠤᠯᠭ᠎ᠠ ᠤᠯᠵᠠᠢ》 ᠭᠡᠵᠦ᠍ ᠲᠣᠰᠭᠣᠨ᠎ᠤ ᠠᠷᠠᠳ ᠵᠠᠩ ᠭᠦᠸᠧ ᠯᠢ ᠪᠠᠶᠠᠷ ᠲᠠᠢ ᠶᠠᠷᠢᠨ᠎ᠠ᠃

ᠡᠨᠡ ᠵᠢᠯ ᠬᠠᠷᠠᠴᠢᠨ ᠬᠣᠱᠢᠭᠤᠨ᠎ᠤ ᠬᠢᠨ ᠡᠮᠡᠭᠡᠯ ᠠᠭᠤᠯᠠ ᠤᠯᠤᠰ᠎ᠤᠨ ᠣᠶ ᠱᠢᠭᠤᠶ᠎ᠶ᠋ᠢᠨ ᠴᠡᠴᠡᠷᠯᠢᠭ᠎ᠢ ᠤᠯᠠᠭᠠᠨᠬᠠᠳᠠ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠠᠮᠠᠷᠠᠯᠲᠠ᠎ᠶ᠋ᠢᠨ ᠡᠳᠦᠷ ᠲᠤ᠌ ᠰᠡᠯᠡᠭᠦᠴᠡᠨ ᠲᠤᠭᠤᠷᠢᠬᠤ ᠭᠠᠵᠠᠷ ᠪᠠ ᠵᠠᠯᠠᠭᠤᠴᠤᠳ ᠪᠠᠭᠠᠴᠤᠳ᠎ᠲᠤ᠌ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠰᠤᠷᠭᠠᠨ ᠬᠥᠮᠦᠵᠢᠯ᠎ᠦᠨ ᠰᠠᠭᠤᠷᠢᠨ ᠪᠣᠯᠭᠠᠨ ᠪᠠᠢᠭᠤᠯᠵᠤ᠂ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠦᠷ᠎ᠡ ᠪᠦᠲᠦᠭᠡᠯ᠎ᠢ ᠨᠠᠩ ᠣᠯᠠᠨ ᠠᠷᠠᠳ ᠲᠤ᠌ ᠠᠱᠢᠭ ᠬᠦᠷᠲᠡᠭᠡᠬᠦ᠌᠎ᠪᠡᠷ ᠲᠥᠯᠥᠪᠯᠡᠵᠦ᠍ ᠪᠣᠶ᠃

《ᠪᠢᠳᠡ ᠶᠡᠷᠦᠩᠬᠡᠢ ᠱᠦᠵᠢ᠎ᠶ᠋ᠢᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠦᠶ᠎ᠡ᠎ᠶ᠋ᠢᠨ ᠦᠶ᠎ᠡ᠎ᠳᠡᠭᠡᠨ ᠴᠢᠷᠮᠠᠢᠨ ᠠᠵᠢᠯᠯᠠᠵᠤ᠂ ᠡᠨᠡ ᠬᠦ᠌ ᠨᠤᠮᠢᠨ ᠨᠣᠭᠣᠭᠠᠨ᠂ ᠡᠨᠡ ᠬᠦ᠌ ᠴᠡᠩᠭᠡᠷ ᠬᠦᠭᠡ᠂ ᠡᠨᠡ ᠬᠦ᠌ ᠴᠡᠪᠡᠷ ᠠᠷᠢᠭᠤᠨ ᠠᠭᠤᠯᠠ ᠤᠰᠤ ᠪᠠᠨ ᠰᠠᠢᠲᠤᠷ ᠰᠠᠬᠢᠨ ᠬᠠᠮᠠᠭᠠᠯᠠᠨ᠎ᠠ》 ᠭᠡᠵᠤ ᠴᠠᠢ ᠱᠤ᠌ ᠯᠢᠩ ᠬᠡᠯᠡᠨ᠎ᠡ᠃


QQ图片20220503205005.png


ᠡᠮᠡᠭᠡᠯ ᠠᠭᠤᠯᠠ᠎ᠶᠢᠨ ᠦᠵᠦᠮ ᠪᠤᠯᠪᠠᠰᠤᠷᠠᠪᠠ


QQ图片20220503205017.png


ᠴᠠᠢ ᠱᠤ᠌ ᠯᠢᠨᠭ ᠤᠯᠠᠨ ᠲᠦᠮᠡᠨ᠎ᠳᠤ ᠤᠢ ᠰᠢᠭᠤᠢ᠎ᠶᠢᠨ ᠲᠠᠯᠠᠪᠠᠢ᠎ᠶᠢᠨ ᠪᠠᠢᠳᠠᠯ᠎ᠢ ᠲᠠᠨᠢᠯᠴᠠᠭᠤᠯᠵᠤ ᠪᠠᠢᠭ᠎ᠠ ᠨᠢ


QQ图片20220503212108.png


ᠬᠤᠷᠤᠬᠠᠢ ᠰᠢᠪᠡᠵᠢ ᠪᠠᠷᠢᠬᠤ ᠲᠥᠬᠦᠭᠡᠷᠦᠮᠵᠢ᠎ᠪᠡᠷ ᠤᠢ ᠮᠤᠳᠤ ᠵᠢ ᠬᠠᠮᠠᠭᠠᠯᠠᠵᠤ ᠪᠠᠢᠭ᠎ᠠ ᠨᠢ


QQ图片20220503214631.png


ᠠᠮᠢᠵᠢᠷᠠᠯ ᠤ᠋ᠨ ᠬᠦᠴᠤᠨ ᠪᠢᠯᠬᠠᠭᠰᠠᠨ ᠡᠮᠡᠭᠡᠯ ᠠᠭᠤᠯᠠ ᠤᠢ ᠰᠢᠭᠤᠢ᠎ᠶᠢᠨ ᠲᠠᠯᠠᠪᠠᠢ


QQ图片20220503214640.png


ᠤᠢ ᠰᠢᠭᠤᠢ ᠬᠠᠮᠠᠭᠠᠯᠠᠭᠴᠢ ᠠᠯᠤᠰ ᠡᠵᠡᠮᠰᠢᠯᠲᠦ ᠸᠢᠳᠢᠤ᠋ ᠤᠶᠤᠨᠴᠢ ᠬᠢᠨᠠᠨ ᠡᠵᠡᠮᠳᠡᠬᠦ ᠰᠢᠰᠲᠸᠮ᠎ᠢ ᠠᠰᠢᠭᠯᠠᠨ ᠠᠭᠤᠯᠠᠨ ᠳᠡᠭᠡᠷᠡᠬᠢ ᠪᠠᠢᠳᠠᠯ᠎ᠢ ᠪᠠᠢᠴᠠᠭᠠᠨ ᠦᠵᠡᠵᠦ ᠪᠠᠢᠭ᠎ᠠ ᠨᠢ


QQ图片20220503214648.png


ᠡᠮᠡᠭᠡᠯ ᠠᠭᠤᠯᠠ᠎ᠶᠢᠨ ᠨᠠᠮᠤᠷ᠎ᠤᠨ ᠦᠵᠡᠮᠵᠢ


QQ图片20220503214700.png


ᠡᠮᠡᠭᠡᠯ ᠠᠭᠤᠯᠠ᠎ᠶᠢᠨ ᠠᠯᠤᠰ ᠎ᠤᠨ ᠦᠵᠡᠮᠵᠢ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面