ᠱᠢᠨ᠎᠎ᠡ ᠴᠠᠭ ᠦᠶ᠎ᠡ᠎ᠳ᠋ᠦ᠍ ᠭᠠᠪᠢᠶ᠎ᠠ ᠪᠠᠢᠭᠤᠯᠤᠶ᠎ᠠ > ᠶᠡᠷᠦᠩᠬᠡᠢ ᠱᠦᠵᠢ ᠎ᠶ᠋ᠢᠨ ᠶᠠᠪᠤᠵᠤ ᠦᠩᠭᠡᠷᠡᠭᠰᠡᠨ ᠮᠥᠷ ᠎ᠢ᠋ᠶ᠋ᠡᠷ

2022-05-24 09:19:33

ᠵᠣᠬᠢᠶᠠᠭ᠍ᠴᠢ᠄ ᠪᠠᠢ ᠯᠢᠶᠠᠨ ᠣᠩᠱᠢᠭ᠍ᠰᠠᠨ ᠣᠳᠠᠭ᠎ᠠ᠄ 3

[ᠰᠤᠨᠢᠨ ᠮᠡᠳᠡᠭᠡᠨ᠎ᠤ ᠡᠷᠭᠢᠴᠡᠭᠦᠯᠦᠯ]

2019 ᠣᠨ᠎ᠤ 7 ᠰᠠᠷ᠎ᠠ᠎ᠶᠢᠨ 16᠎ᠤ᠋ ᠦᠳᠡ᠎ᠶᠢᠨ ᠡᠮᠦᠨ᠎ᠡ᠂ ᠰᠢ᠎ᠶᠢᠨ ᠫᠢᠩ ᠬᠥᠬᠡᠬᠣᠲᠠ᠎ᠳᠤ ᠰᠢᠨᠵᠢᠯᠡᠨ ᠪᠠᠢᠴᠠᠭᠠᠬᠤ ᠳ᠋ᠠᠭᠠᠨ ᠡᠩ ᠲᠡᠷᠢᠭᠦᠨ᠎ᠳᠦ ᠥᠪᠥᠷ ᠮᠣᠩᠭᠣᠯ᠎ᠤᠨ ᠶᠡᠬᠡ ᠰᠤᠷᠭᠠᠭᠤᠯᠢ᠎ᠳᠤ ᠬᠦᠷᠪᠡ᠃ ᠮᠠᠨ᠎ᠤ ᠨᠠᠮ᠎ᠤᠨ ᠦᠨᠳᠦᠰᠦᠲᠡᠨ᠎ᠦ ᠭᠠᠵᠠᠷ ᠣᠷᠣᠨ᠎ᠳᠤ ᠪᠠᠢᠭᠤᠯᠤᠭᠰᠠᠨ ᠠᠩᠬᠠᠳᠠᠭ᠍ᠴᠢ ᠶᠡᠷᠦᠩᠬᠡᠢᠯᠡᠭᠰᠡᠨ ᠴᠢᠨᠠᠷᠲᠠᠢ ᠶᠡᠬᠡ ᠰᠤᠷᠭᠠᠭᠤᠯᠢ ᠪᠣᠯᠤᠭᠰᠠᠨ᠎ᠤ ᠬᠤᠪᠢ᠎ᠳᠤ᠂ ᠦᠪᠦᠷ ᠮᠤᠩᠭᠤᠯ᠎ᠤᠨ ᠶᠡᠭᠡ ᠰᠤᠷᠭᠠᠭᠤᠯᠢ ᠦᠨᠳᠦᠰᠦᠲᠡᠨ᠎ᠦ ᠭᠠᠵᠠᠷ ᠣᠷᠣᠨ᠎ᠤ ᠴᠢᠳᠠᠪᠤᠷᠢᠲᠠᠨ᠎ᠢ ᠬᠥᠮᠥᠵᠢᠭᠦᠯᠬᠦ ᠪᠠ ᠠᠵᠤ ᠠᠬᠤᠢ ᠨᠡᠢᠭᠡᠮ᠎ᠦᠨ ᠬᠥᠭᠵᠢᠯᠲᠡ᠎ᠳᠦ ᠦᠪᠡᠷᠮᠢᠴᠡ ᠬᠤᠪᠢ ᠨᠡᠮᠡᠷᠢ ᠪᠠᠨ ᠦᠵᠡᠭᠦᠯᠪᠠ᠃ ᠨᠣᠮ᠎ᠤᠨ ᠰᠠᠩ᠎ᠳᠤ᠂ ᠰᠢ᠎ᠶᠢᠨ ᠫᠢᠩ ᠰᠤᠷᠭᠠᠭᠤᠯᠢ᠎ᠶᠢᠨ ᠪᠦᠲᠦᠭᠡᠨ ᠪᠠᠢᠭᠤᠯᠤᠯᠲᠠ ᠬᠥᠭᠵᠢᠯᠲᠡ᠂ ᠵᠢᠭᠠᠨ ᠰᠤᠷᠭᠠᠯᠲᠠ ᠡᠷᠳᠡᠮ ᠰᠢᠨᠵᠢᠯᠡᠭᠡᠨ᠂ ᠴᠢᠳᠠᠪᠤᠷᠢᠲᠠᠨ᠎ᠢ ᠬᠥᠮᠥᠵᠢᠭᠦᠯᠬᠦ᠂ ᠦᠵᠡᠯ ᠰᠠᠨᠠᠭ᠎ᠠ ᠤᠯᠤᠰ ᠲᠦᠷᠦ᠎ᠶᠢᠨ ᠪᠠᠢᠭᠤᠯᠤᠯᠲᠠ ᠵᠡᠷᠭᠡ ᠠᠵᠢᠯ᠎ᠤᠨ ᠪᠠᠢᠳᠠᠯ᠎ᠤᠨ ᠲᠠᠨᠢᠯᠴᠠᠭᠤᠯᠭ᠎ᠠ᠎ᠶᠢ ᠰᠣᠨᠣᠰᠴᠤ᠂ ᠮᠣᠩᠭᠣᠯ ᠬᠡᠯᠡ ᠤᠳᠬ᠎ᠠ ᠵᠣᠬᠢᠶᠠᠯ᠎ᠤᠨ ᠲᠡᠦᠬᠡ᠎ᠶᠢᠨ ᠦᠷ᠎ᠡ ᠪᠦᠲᠦᠭᠡᠯ᠎ᠦᠨ ᠨᠣᠮ ᠪᠢᠴᠢᠭ᠌᠎ᠦᠨ ᠦᠵᠡᠭᠦᠯᠭᠡ᠎ᠶᠢ ᠪᠠᠢᠴᠠᠭᠠᠨ ᠦᠵᠡᠪᠡ᠃ ᠮᠤᠩᠭᠤᠯ ᠬᠡᠯᠡᠨ᠎ᠤ ᠰᠤᠷᠪᠤᠯᠵᠢ ᠪᠢᠴᠢᠭ ᠤ᠋ᠨ ᠦᠵᠡᠬᠦᠯᠭᠡ ᠤᠩᠰᠢᠯᠭ᠎ᠠ ᠵᠢᠨ ᠲᠠᠰᠤᠭ ᠲᠸ᠋ ᠮᠠᠰᠢ ᠤᠯᠠᠨ ᠲᠡᠦᠬᠡ ᠰᠣᠶᠣᠯ᠎ᠤᠨ ᠰᠤᠷᠪᠤᠯᠵᠢ ᠪᠢᠴᠢᠭ᠌᠎ᠢ ᠬᠣᠷᠢᠶᠠᠨ ᠬᠠᠳᠠᠭᠠᠯᠠᠵᠤ᠂ ᠮᠣᠩᠭᠣᠯ ᠦᠨᠳᠦᠰᠦᠲᠡᠨ᠎ᠦ ᠰᠣᠶᠣᠯ ᠪᠣᠯᠣᠨ ᠪᠤᠰᠤᠳ ᠦᠨᠳᠦᠰᠦᠲᠡᠨ᠎ᠦ ᠰᠣᠶᠣᠯ᠎ᠤᠨ ᠠᠭᠤᠰᠤᠯᠴᠠᠨ ᠬᠥᠭᠵᠢᠭᠰᠡᠨ ᠲᠡᠦᠬᠡ᠎ᠶᠢ ᠲᠡᠮᠳᠡᠭᠯᠡᠵᠦ ᠪᠤᠢ᠃ ᠰᠢ᠎ᠶᠢᠨ ᠫᠢᠩ ᠬᠠᠮᠢᠶ᠎ᠠ ᠪᠦᠬᠦᠢ ᠠᠵᠢᠯᠳᠠᠨ᠎ᠤ ᠲᠠᠢᠯᠪᠤᠷᠢᠯᠠᠨ ᠶᠠᠷᠢᠬᠤ ᠵᠢ ᠨᠠᠷᠢᠨ ᠬᠢᠨᠠᠮᠠᠭᠠᠢ ᠰᠤᠨᠤᠰᠬᠤ ᠵᠢᠨ ᠲᠠᠭᠠᠤ ᠰᠤᠷᠪᠤᠯᠵᠢ ᠪᠢᠴᠢᠭ᠎ᠢ ᠨᠠᠷᠢᠨ ᠨᠢᠮᠪᠠᠢ ᠯᠠᠪᠯᠠᠨ ᠦᠵᠡᠵᠦ ᠪᠢᠯᠠ᠃ ᠰᠢ᠎ᠶᠢᠨ ᠫᠢᠩ᠂ ᠮᠣᠩᠭᠣᠯ ᠰᠤᠷᠪᠤᠯᠵᠢ ᠪᠢᠴᠢᠭ᠌᠎ᠢ ᠴᠤᠭᠯᠠᠭᠤᠯᠬᠤ᠂ ᠡᠮᠬᠢᠳᠬᠡᠬᠦ᠂ ᠬᠠᠮᠠᠭᠠᠯᠠᠬᠤ ᠠᠵᠢᠯ᠎ᠢ ᠴᠢᠩᠭᠠᠳᠬᠠᠵᠤ᠂ ᠲᠡᠬᠦᠨ᠎ᠳᠦ ᠠᠭᠤᠯᠤᠭᠳᠠᠵᠤ ᠪᠠᠢᠭ᠎ᠠ ᠦᠨᠳᠦᠰᠦᠲᠡᠨ ᠎ᠦ ᠪᠦᠯᠬᠦᠮᠳᠡᠯ ᠳᠠᠪᠰᠢᠯᠲᠠ᠎ᠶᠢᠨ ᠦᠵᠡᠯ ᠰᠠᠨᠠᠭᠠᠨ᠎ᠤ ᠳᠤᠳᠤᠭᠠᠳᠤ ᠠᠭᠤᠯᠬᠤᠨ᠎ᠢ ᠠᠭᠤᠳᠠᠯᠤᠨ ᠪᠠᠳᠠᠷᠠᠭᠤᠯᠵᠤ᠂ ᠦᠨᠳᠦᠰᠦᠲᠡᠨ ᠨᠤᠭᠦᠳ᠎ᠦᠨ ᠠᠷᠠᠳ ᠲᠦᠮᠡᠨ᠎ᠤ ᠬᠠᠮᠲᠤ᠎ᠪᠠᠷ ᠪᠦᠯᠬᠦᠮᠳᠡᠨ ᠲᠡᠮᠡᠴᠡᠬᠦ᠂ ᠬᠠᠮᠲᠤ᠎ᠪᠠᠷ ᠴᠡᠴᠡᠭᠯᠡᠨ ᠬᠥᠭᠵᠢᠬᠦ᠎ᠶᠢ ᠤᠷᠮᠠᠰᠢᠭᠤᠯᠤᠨ ᠵᠣᠷᠢᠭ᠍ᠵᠢᠭᠤᠯᠬᠤ ᠬᠡᠷᠡᠭᠲᠡᠢ ᠬᠡᠵᠦ ᠴᠢᠬᠤᠯᠠᠴᠢᠯᠠᠪᠠ᠃

ᠵᠤᠨ᠎ᠤ ᠠᠮᠠᠷᠠᠯᠲᠠ ᠵᠢᠨ ᠬᠤᠭᠤᠴᠠᠭ᠎ᠠ ᠪᠠᠢᠭᠰᠠᠨ ᠴᠤ᠌ ᠨᠣᠮ᠎ᠤᠨ ᠰᠠᠩ᠎ᠤᠨ ᠤᠩᠰᠢᠯᠭ᠎ᠠ᠎ᠶᠢᠨ ᠦᠷᠦᠬᠡ᠎ᠳ᠋ᠤ ᠴᠥᠭᠡᠨ ᠪᠤᠰᠤ ᠤᠶᠤᠳᠠᠳ ᠳᠠᠪᠳᠠᠨ ᠰᠤᠷᠤᠯᠴᠠᠵᠤ ᠪᠠᠢᠪᠠ᠃ ᠶᠡᠷᠦᠩᠬᠡᠢ ᠱᠦᠵᠢ ᠣᠷᠣᠵᠤ ᠢᠷᠡᠬᠦ᠎ᠶᠢ ᠬᠠᠷᠠᠭᠠᠳ ᠤᠯᠠᠨ᠎ᠢᠶᠠᠷ᠎ᠢᠶᠠᠨ ᠬᠦᠭᠰᠡᠨ ᠬᠦᠭᠡᠷᠴᠦ᠂ ᠲᠠᠷᠤᠢᠬᠠᠨ ᠶᠡᠷᠦᠩᠬᠡᠢ ᠱᠦᠵᠢ᠎ᠶᠢᠨ ᠳᠡᠷᠭᠡᠳᠡ ᠪᠦᠬᠡᠮᠨᠡᠷᠡᠨ ᠴᠤᠭᠯᠠᠷᠠᠵᠠᠭᠠᠪᠠ᠃ ᠰᠢ᠎ᠶᠢᠨ ᠫᠢᠩ ᠲᠡᠳᠡᠨ᠎ᠤ ᠰᠤᠷᠤᠯᠭ᠎ᠠ ᠠᠮᠢᠳᠤᠷᠠᠯ᠎ᠤᠨ ᠪᠠᠢᠳᠠᠯ᠎ᠢ ᠨᠢ ᠲᠤᠳᠤᠨᠤᠰᠤᠭ ᠵᠢᠡᠷ ᠠᠰᠠᠭᠤᠨ ᠤᠢᠯᠠᠭᠠᠪᠠ᠃ ᠲᠡᠷᠡ᠂ ᠪᠠᠭᠠᠴᠤᠳ ᠬᠦᠴᠦᠷᠬᠡᠭ ᠪᠤᠯᠪᠠᠰᠤ ᠳᠤᠮᠳᠠᠳᠤ ᠤᠯᠤᠰ ᠰᠠᠶᠢ ᠬᠦᠴᠦᠷᠬᠡᠭ ᠪᠤᠯᠤᠮᠠᠢ᠃ ᠢᠷᠡᠭᠡᠳᠦᠢ᠎ᠶᠢᠨ ᠥᠷᠢᠰᠦᠯᠳᠦᠭᠡᠨ ᠪᠣᠯ ᠵᠠᠯᠠᠭᠤᠴᠤᠳ᠎ᠤᠨ ᠥᠷᠢᠰᠦᠯᠳᠦᠭᠡᠨ ᠪᠣᠯᠣᠨ᠎ᠠ᠂ ᠥᠨᠥᠳᠥᠷ᠎ᠦᠨ ᠵᠠᠯᠠᠭᠤᠴᠤᠳ ᠪᠣᠯ ᠬᠣᠶᠠᠳᠤᠭᠠᠷ ᠵᠠᠭᠤᠨ ᠵᠢᠯ᠎ᠦᠨ ᠲᠡᠮᠡᠴᠡᠬᠦ ᠬᠠᠷᠠᠯᠲᠠ᠎ᠶᠢ ᠪᠡᠶᠡᠯᠡᠭᠦᠯᠬᠦ ᠭᠣᠣᠯᠯᠠᠭ᠍ᠴᠢ ᠬᠦᠴᠦᠨ ᠪᠠ ᠲᠤᠯᠭᠠᠭᠤᠷᠢ ᠬᠦᠴᠦᠨ ᠮᠦᠨ᠃ ᠲᠠ ᠨᠠᠷ ᠠᠯᠤᠰ᠎ᠬᠡᠳᠦ ᠵᠢᠨ ᠬᠦᠰᠡᠯ ᠵᠣᠷᠢᠯᠲᠠ ᠵᠢ ᠡᠪᠦᠷᠯᠡᠵᠦ᠂ ᠯᠠᠪᠳᠠᠭᠤᠨ ᠪᠠᠳᠤᠳᠠᠢ ᠪᠠᠢᠵᠤ᠂ ᠡᠷᠳᠡᠮ ᠮᠡᠳᠡᠯᠭᠡ᠎ᠵᠢ ᠰᠠᠢᠲᠤᠷ ᠰᠤᠷᠴᠤ ᠡᠵᠡᠮᠰᠢᠨ᠂ ᠰᠠᠭᠤᠷᠢ᠎ᠪᠠᠨ ᠪᠠᠳᠤᠳᠬᠠᠵᠤ᠂ ᠠᠪᠢᠶᠠᠰ ᠴᠢᠳᠠᠪᠤᠷᠢ᠎ᠪᠠᠨ ᠨᠡᠮᠡᠭᠳᠡᠭᠦᠯᠦᠨ᠂ ᠢᠷᠡᠭᠡᠳᠦᠢ ᠳ᠋ᠤ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠳᠤ ᠥᠪᠡᠷ᠎ᠦᠨ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠬᠦ ᠬᠡᠷᠡᠭᠲᠡᠢ ᠬᠡᠵᠦ ᠵᠢᠭᠠᠵᠤ ᠭᠠᠷᠭᠠᠪᠠ᠃



《ᠮᠣᠩᠭᠣᠯ ᠬᠡᠯᠡ ᠰᠤᠷᠬᠤ ᠶᠠᠪᠤᠴᠠ᠎ᠳᠤ ᠪᠢ ᠴᠢᠳᠠᠬᠤ ᠦᠭᠡᠢ ᠮᠡᠳᠡᠬᠦ ᠦᠭᠡᠢ ᠵᠦᠢᠯ ᠳᠤᠬᠢᠶᠠᠯᠳᠤᠪᠠᠯ ᠮᠦᠰᠢᠶᠡᠯ ᠡᠴᠡ ᠠᠰᠠᠭᠤᠨ᠎ᠠ᠂ ᠲᠡᠷᠡ ᠬᠡᠵᠢᠶᠡᠳᠡ ᠬᠦᠯᠢᠴᠡᠩᠭᠦᠢ᠎ᠲᠠᠢᠯᠪᠤᠷᠢᠯᠠᠨ ᠦᠭᠳᠡᠭ᠂ ᠪᠢᠳᠡ ᠪᠠᠰᠠ ᠨᠠᠢ᠍ᠮᠠᠨ ᠰᠠᠷ᠎ᠠ᠎ᠶᠢᠨ ᠠᠷᠪᠠᠨ ᠲᠠᠪᠤᠨ᠎ᠤ ᠳᠡᠷᠬᠡᠯ ᠪᠠᠶᠠᠷ᠎ᠢ ᠬᠠᠮᠳᠤ ᠥᠩᠭᠡᠷᠡᠭᠡᠵᠦ᠂ ᠬᠠᠮᠲᠤ ᠪᠡᠷ ᠨᠡᠢᠭᠡᠮᠯᠢᠭ᠎ᠦᠨ ᠠᠵᠢᠯᠯᠠᠭ᠎ᠠ᠎ᠳᠤ ᠣᠷᠣᠯᠴᠠᠳᠠᠭ ᠁》 ᠭᠡᠵᠦ ᠮᠦᠰᠢᠶᠡᠯ ᠲᠠᠢ ᠶᠠᠪᠤᠯᠴᠠᠭᠰᠠᠨ ᠦᠯᠢᠭᠡᠷ ᠤᠴᠠᠷᠠᠯ᠎ᠵᠢᠡᠨ ᠶᠠᠷᠢᠬᠤ ᠪᠡᠷ ᠵᠠᠩ ᠱᠤ᠌ ᠷᠠᠨ ᠤ᠋ ᠰᠡᠳᠬᠢᠯ ᠳ᠋ᠤ᠌ ᠮᠠᠰᠢ ᠬᠠᠯᠠᠭᠤᠬᠠᠨ᠃ ᠵᠠᠩ ᠱᠤ᠌ ᠷᠠᠨ᠂ ᠮᠦᠰᠢᠶᠠᠯ ᠪᠤᠯ ᠬᠠᠪᠰᠤᠷᠤᠯᠴᠠᠭ᠎ᠠ ᠪᠠᠢᠭᠤᠯᠤᠭᠰᠠᠨ《ᠰᠠᠢᠨ ᠠᠨᠳᠠ》 ᠶᠤᠮ᠃

ᠨᠢᠳᠤᠨᠤᠨ᠎ᠤ 9 ᠰᠠᠷ᠎ᠠ᠎ᠳᠤ᠂ ᠦᠪᠦᠷ ᠮᠤᠩᠭᠤᠯ᠎ᠤᠨ ᠶᠡᠭᠡ ᠰᠤᠷᠭᠠᠭᠤᠯᠢ ᠵᠢᠨ ᠮᠣᠩᠭᠣᠯ ᠰᠤᠳᠤᠯᠤᠯ᠎ᠤᠨ ᠳᠡᠭᠡᠳᠦ ᠰᠤᠷᠭᠠᠭᠤᠯᠢ ᠵᠢᠨ ᠳᠤᠮᠳᠠᠳᠤ ᠤᠯᠤᠰ᠎ᠤᠨ ᠴᠥᠭᠡᠨ ᠲᠣᠭᠠᠲᠤ ᠦᠨᠳᠦᠰᠦᠲᠡᠨ᠎ᠦ ᠬᠡᠯᠡ ᠤᠳᠬ᠎ᠠ ᠵᠣᠬᠢᠶᠠᠯ᠎ᠤᠨ ᠲᠤᠰᠬᠠᠢ ᠮᠡᠷᠭᠡᠵᠢᠯ ᠠᠩᠬ᠎ᠠ ᠤᠳᠠᠭ᠎ᠠ ᠮᠣᠩᠭᠣᠯ ᠬᠡᠯᠡ ᠤᠳᠬ᠎ᠠ ᠵᠣᠬᠢᠶᠠᠯ᠎ᠤᠨ ᠳᠤᠰᠬᠠᠢ ᠮᠡᠷᠬᠡᠵᠢᠯ ᠤ᠋ᠨ ᠠᠩᠬᠢ ᠨᠡᠭᠡᠭᠡᠵᠡᠢ᠃ ᠰᠤᠷᠭᠠᠭᠤᠯᠢ᠎ᠡᠬᠢᠯᠡᠮᠡᠭᠴᠡ᠂ ᠪᠥᠬᠥ ᠤᠯᠤᠰ᠎ᠤᠨ 12 ᠮᠤᠵᠢ ᠣᠷᠣᠨ᠎ᠤ 25 ᠰᠣᠷᠣᠭ᠍ᠴᠢ ᠳᠡᠭᠡᠳᠦ ᠰᠤᠷᠭᠠᠭᠤᠯᠢ᠎ᠶᠢᠨ ᠲᠣᠬᠢᠷᠠᠭᠤᠯᠤᠯᠲᠠ᠎ᠪᠠᠷ ᠳᠤᠮᠳᠠᠳᠤ ᠤᠯᠤᠰ᠎ᠤᠨ ᠴᠥᠭᠡᠨ ᠲᠣᠭᠠᠲᠤ ᠦᠨᠳᠦᠰᠦᠲᠡᠨ᠎ᠦ ᠬᠡᠯᠡ ᠤᠳᠬ᠎ᠠ ᠵᠣᠬᠢᠶᠠᠯ᠎ᠤᠨ ᠲᠤᠰᠬᠠᠢ ᠮᠡᠷᠭᠡᠵᠢᠯ᠎ᠦᠨ ᠰᠠᠭᠤᠷᠢᠨ ᠠᠩᠭᠢ᠎ᠲᠠᠢ 《ᠠᠨᠠᠷ· ᠠᠨᠳᠠ》 ᠬᠠᠪᠰᠤᠷᠤᠯᠴᠠᠭ᠎ᠠ ᠪᠠᠢᠭᠤᠯᠤᠭᠰᠠᠨ ᠠᠩᠭᠢ ᠪᠤᠯᠵᠠᠢ᠃

《ᠠᠨᠠᠷ·ᠠᠨᠳᠠ》 ᠭᠡᠵᠦ 《ᠠᠨᠠᠷ᠎ᠤᠨ ᠦᠷ᠎ᠡ ᠰᠢᠭ᠌ ᠨᠢᠭ᠍ᠲᠠᠷᠠᠨ ᠪᠦᠯᠬᠦᠮᠳᠡᠭᠰᠡᠨ ᠰᠠᠢᠨ ᠨᠠᠢᠵᠠ》 ᠵᠢᠨ ᠪᠡᠯᠭᠡᠳᠡᠯ ᠶᠤᠮ᠂ 《ᠠᠨᠠᠷ·ᠠᠨᠳᠠ》ᠣᠯᠠᠨ ᠦᠨᠳᠦᠰᠦᠲᠡᠨ᠎ᠦ ᠰᠤᠷᠤᠭ᠍ᠴᠢᠳ᠎ᠤᠨ ᠠᠭᠤᠰᠤᠯᠴᠠᠨ ᠦᠰᠦᠨ ᠪᠣᠢᠵᠢᠬᠤ ᠨᠡᠢᠭᠡᠮ ᠲᠣᠭᠣᠷᠢᠭ᠋᠎ᠤᠨ ᠬᠥᠮᠥᠨ ᠬᠥᠮᠥᠵᠢᠭᠦᠯᠬᠦ ᠲᠥᠷᠥᠯ ᠵᠦᠢᠯ᠎ᠦᠨ ᠥᠷᠨᠢᠭᠦᠨ ᠬᠥᠭᠵᠢᠯᠲᠡ ᠪᠣᠯ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠦᠨᠳᠦᠰᠦᠲᠡᠨ᠎ᠦ ᠪᠦᠯᠬᠦᠮᠳᠡᠯ᠎ᠦᠨ ᠬᠥᠮᠦᠵᠢᠯ᠎ᠢ ᠴᠢᠩᠭᠠᠳᠬᠠᠵᠤ᠂ ᠦᠨᠳᠦᠰᠦᠲᠡᠨ᠎ᠨᠦᠭᠦᠳ᠎ᠦᠨ ᠪᠠᠭ᠍ᠰᠢ ᠰᠤᠷᠤᠭ᠍ᠴᠢᠳ᠎ᠢ ᠬᠥᠲᠥᠯᠥᠨ ᠵᠢᠯᠤᠭᠣᠳᠴᠤ ᠬᠠᠮᠲᠤ᠎ᠪᠠᠷ ᠦᠰᠦᠨ ᠪᠣᠢᠵᠢᠵᠤ᠂ ᠬᠠᠮᠲᠤ᠎ᠪᠠᠷ ᠪᠦᠯᠬᠦᠮᠳᠡᠨ ᠲᠡᠮᠡᠴᠡᠵᠦ ᠪᠠᠢᠭ᠎ᠠ ᠵᠢᠨ ᠠᠮᠢᠳᠤᠯᠢᠭ ᠭᠡᠷᠡᠴᠢᠯᠡᠯ ᠪᠣᠯᠬᠤ ᠶᠤᠮ᠃

ᠤ᠌ᠭ ᠰᠠᠨᠠᠭ᠎ᠠ ᠬᠦᠰᠡᠯ ᠨᠠᠶ᠋ᠢᠳᠠᠯᠭ᠎ᠠ᠃

《ᠮᠣᠩᠭᠣᠯ ᠰᠤᠷᠪᠤᠯᠵᠢ ᠪᠢᠴᠢᠭ᠌᠎ᠢ ᠴᠤᠭᠯᠠᠭᠤᠯᠬᠤ᠂ ᠡᠮᠬᠢᠳᠬᠡᠬᠦ᠂ ᠬᠠᠮᠠᠭᠠᠯᠠᠬᠤ᠎ᠶᠢ ᠴᠢᠩᠭᠠᠳᠬᠠᠵᠤ᠂ ᠲᠡᠬᠦᠨ᠎ᠳᠦ ᠠᠭᠤᠯᠤᠭᠳᠠᠵᠤ ᠪᠠᠢᠭ᠎ᠠ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢᠨ ᠦᠵᠡᠯ ᠰᠠᠨᠠᠭᠠᠨ᠎ᠤ ᠳᠤᠳᠤᠭᠠᠳᠤ ᠠᠭᠤᠯᠬᠤᠨ᠎ᠢ ᠠᠭᠤᠳᠠᠯᠤᠨ ᠪᠠᠳᠠᠷᠠᠭᠤᠯᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ᠎ᠶᠢ ᠤᠷᠮᠠᠰᠢᠭᠤᠯᠤᠨ ᠵᠣᠷᠢᠭ᠍ᠵᠢᠭᠤᠯᠬᠤ ᠬᠡᠷᠡᠭᠲᠡᠢ》᠃

《ᠬᠠᠮᠳᠤ ᠨᠦᠬᠦᠳ ᠨᠠᠷ ᠠᠯᠤᠰ ᠬᠡᠳᠦ᠎ᠶᠢᠨ ᠵᠣᠷᠢᠯᠲᠠ᠎ᠵᠢ ᠡᠪᠦᠷᠯᠡᠵᠦ᠂ ᠯᠠᠪᠳᠠᠭᠤᠨ ᠪᠠᠲᠤᠲᠠᠢ ᠪᠠᠢᠵᠤ᠂ ᠡᠷᠳᠡᠮ ᠮᠡᠳᠡᠯᠭᠡ ᠵᠢ ᠰᠠᠢᠲᠤᠷ ᠰᠤᠷᠴᠤ ᠡᠵᠡᠮᠰᠢᠨ᠂ ᠰᠠᠭᠤᠷᠢ᠎ᠪᠠᠨ ᠪᠠᠳᠤᠳᠬᠠᠵᠤ᠂ ᠠᠪᠢᠶᠠᠰ ᠴᠢᠳᠠᠪᠤᠷᠢ᠎ᠪᠠᠨ ᠨᠡᠮᠡᠭᠳᠡᠭᠦᠯᠦᠨ᠂ ᠢᠷᠡᠭᠡᠳᠦᠢ ᠳ᠋ᠤ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠳᠤ ᠥᠪᠡᠷ᠎ᠦᠨ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠬᠦ ᠬᠡᠷᠡᠭᠲᠡᠢ 》᠃

ᠭᠦᠨ ᠵᠤᠵᠠᠭᠠᠨ ᠬᠠᠢᠷ᠎ᠠ ᠰᠡᠳᠬᠢᠯᠭᠡ᠎ᠲᠠᠢ ᠦᠭᠡ ᠪᠣᠯᠭᠠᠨ᠎ᠳᠤᠨᠢ ᠶᠡᠷᠦᠩᠬᠡᠢ ᠱᠦᠵᠢ ᠰᠢ᠎ᠶᠢᠨ ᠫᠢᠩ ᠤ᠋ᠨ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠦᠨᠳᠦᠰᠦᠲᠡᠨ᠎ᠨᠦᠭᠦᠳ᠎ᠦᠨ ᠪᠠᠭ᠍ᠰᠢ ᠰᠤᠷᠤᠭ᠍ᠴᠢᠳ᠎ᠤ᠋ᠨ ᠲᠤᠬᠠᠢ ᠳᠣᠲᠣᠨᠣ᠌ ᠬᠠᠯᠠᠮᠵᠢᠯᠠᠯ ᠪᠠ ᠴᠢᠩ ᠰᠡᠳᠬᠢᠯ᠎ᠦᠨ ᠬᠦᠰᠡᠯ ᠨᠠᠶ᠋ᠢᠳᠠᠯᠭ᠎ᠠ ᠰᠢᠩᠭᠡᠵᠦ᠂ ᠡᠨᠡ ᠬᠦ᠌ ᠥᠨᠢ ᠤᠳᠠᠭᠠᠨ ᠲᠡᠦᠬᠡ᠎ᠲᠠᠢ ᠤᠮᠠᠷᠠᠲᠤ ᠬᠢᠯᠢ᠎ᠶᠢᠨ ᠶᠡᠬᠡ ᠰᠤᠷᠭᠠᠭᠤᠯᠢ᠎ᠳᠤ ᠤᠷᠤᠭᠰᠢᠯᠠᠯᠲᠠ᠎ᠶᠢᠨ ᠴᠢᠭᠯᠡᠯ᠎ᠢ ᠵᠢᠭᠠᠵᠤ᠂ ᠬᠦᠴᠦᠷᠬᠡᠭ ᠶᠡᠬᠡ ᠬᠥᠳᠡᠯᠭᠡᠭᠦ ᠬᠦᠴᠦᠨ᠎ᠢ ᠨᠡᠮᠡᠷᠢᠯᠡᠭᠰᠡᠨ ᠪᠠᠢᠨ᠎ᠠ᠃

ᠮᠠᠨ᠎ᠤ ᠨᠠᠮ᠎ᠤᠨ ᠦᠨᠳᠦᠰᠦᠲᠡᠨ᠎ᠦ ᠭᠠᠵᠠᠷ ᠣᠷᠣᠨ᠎ᠳᠤ ᠪᠠᠢᠭᠤᠯᠤᠭᠰᠠᠨ ᠠᠩᠬᠠᠳᠠᠭ᠍ᠴᠢ ᠶᠡᠷᠦᠩᠬᠡᠢᠯᠡᠭᠰᠡᠨ ᠴᠢᠨᠠᠷᠲᠠᠢ ᠶᠡᠬᠡ ᠰᠤᠷᠭᠠᠭᠤᠯᠢ ᠪᠣᠯᠤᠭᠰᠠᠨ᠎ᠤ ᠬᠤᠪᠢ᠎ᠳᠤ᠂ ᠥᠪᠥᠷ ᠮᠣᠩᠭᠣᠯ᠎ᠤᠨ ᠶᠡᠬᠡ ᠰᠤᠷᠭᠠᠭᠤᠯᠢ ᠢᠮᠠᠭᠲᠠ ᠦᠨᠳᠦᠰᠦᠲᠡᠨ᠎ᠦ ᠪᠦᠯᠬᠦᠮᠳᠡᠯ᠎ᠢᠶᠡᠷ ᠠᠮᠢᠨ ᠰᠤᠳᠠᠰᠤ ᠪᠣᠯᠭᠠᠵᠤ᠂ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢᠨ ᠬᠥᠮᠦᠵᠢᠯ᠎ᠢ ᠰᠤᠷᠭᠠᠭᠤᠯᠢ ᠡᠷᠬᠢᠯᠡᠵᠤ ᠰᠤᠷᠭᠠᠭᠤᠯᠢ᠎ᠶᠢ ᠵᠠᠰᠠᠬᠤ᠂ ᠪᠢᠴᠢᠭ᠌ ᠵᠢᠭᠠᠵᠤ ᠬᠥᠮᠥᠨ ᠬᠥᠮᠥᠵᠢᠭᠦᠯᠬᠦ ᠪᠦᠬᠦ ᠶᠠᠪᠤᠴᠠ᠎ᠳᠤ ᠲᠤᠭᠤᠰᠢᠯᠠᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠦᠨᠳᠦᠰᠦᠲᠡᠨ᠎ᠦ ᠪᠦᠯᠬᠦᠮᠳᠡᠯ᠎ᠦᠨ ᠬᠥᠮᠦᠵᠢᠯ᠎ᠦᠨ ᠡᠭᠦᠷᠭᠡ ᠬᠠᠷᠢᠭᠤᠴᠠᠯᠭ᠎ᠠ᠎ᠶᠢ ᠦᠢᠯᠡᠳᠦᠯᠭᠡᠵᠢᠭᠦᠯᠵᠦ᠂ ᠥᠷᠭᠡᠨ ᠤᠯᠠᠨ ᠪᠠᠭ᠍ᠰᠢ ᠰᠤᠷᠤᠭ᠍ᠴᠢᠳ᠎ᠢ ᠬᠥᠲᠥᠯᠥᠨ ᠳᠠᠭᠠᠭᠤᠯᠵᠤ ᠬᠤᠪᠢ ᠬᠥᠮᠥᠨ᠎ᠦ ᠬᠦᠰᠡᠯᠡᠩ ᠪᠣᠯᠣᠨ ᠬᠥᠭᠡᠭᠡᠴᠡᠯᠳᠦᠯ᠎ᠢ ᠤᠯᠤᠰ ᠪᠣᠯᠣᠨ ᠠᠵᠢᠯ ᠦᠢᠯᠡᠰ᠎ᠲᠦ ᠠᠭᠤᠰᠤᠯᠴᠠᠭᠤᠯᠵᠠᠢ᠃

ᠡᠨᠡ ᠬᠦ᠌ ᠬᠤᠭᠤᠴᠠᠭᠠᠨ᠎ᠳᠤ᠂ ᠰᠤᠷᠭᠠᠭᠤᠯᠢ ᠨᠢ ᠮᠣᠩᠭᠣᠯ ᠰᠤᠷᠪᠤᠯᠵᠢ ᠪᠢᠴᠢᠭ᠌᠎ᠢ ᠡᠮᠬᠢᠯᠡᠵᠦ ᠠᠭᠤᠳᠠᠯᠬᠤ ᠲᠠᠯ᠎ᠠ᠎ᠪᠠᠷ ᠲᠠᠰᠤᠷᠠᠯᠲᠠ ᠦᠭᠡᠢ ᠠᠬᠢᠯᠳᠠ ᠲᠠᠢ ᠪᠤᠯᠵᠠᠢ᠃ ᠤᠯᠤᠰ᠎ᠤᠨ ᠨᠡᠢᠭᠡᠮ᠎ᠦᠨ ᠰᠢᠨᠵᠢᠯᠡᠬᠦ ᠤᠬᠠᠭᠠᠨ᠎ᠤ ᠰᠠᠭᠤᠷᠢ ᠮᠥᠩᠭᠥᠨ᠎ᠦ ᠴᠢᠬᠤᠯᠠ ᠶᠡᠬᠡ ᠭᠣᠣᠯᠳᠠᠯᠭ᠎ᠠ᠎ᠲᠠᠢ ᠲᠥᠷᠥᠯ ᠵᠦᠢᠯ 《ᠬᠤᠭᠤᠷ᠎ᠤᠨ ᠥᠯᠢᠭᠡᠷ (300 ᠪᠦᠯᠦᠭ) ᠤ᠋ᠨ ᠡᠮᠬᠢᠳᠬᠡᠯ ᠪᠠ ᠰᠤᠳᠤᠯᠭᠠᠨ》᠂ 《ᠬᠠᠰᠪᠤᠤ ᠬᠢᠭᠡᠳ ᠤᠯᠠᠭᠠᠨ ᠠᠰᠠᠷ᠎ᠤᠨ ᠵᠡᠬᠦᠳᠤᠨ ᠤ᠋ ᠰᠤᠳᠤᠯᠤᠯ》 ᠰᠤᠳᠤᠯᠭᠠᠨ᠎ᠵᠢᠡᠨ ᠪᠡᠶᠡᠯᠡᠬᠦᠯᠵᠦ ᠬᠢᠨᠠᠨ ᠰᠢᠯᠭᠠᠯᠲᠠ᠎ᠵᠢ ᠦᠩᠬᠡᠷᠡᠭᠡᠭᠰᠡᠨ ᠪᠠᠢᠨ᠎ᠠ᠃《ᠳᠤᠮᠳᠠᠳᠤ ᠤᠯᠤᠰ᠎ᠤᠨ ᠡᠷᠲᠡᠨ᠎ᠦ ᠤᠮᠠᠷᠠᠲᠤ᠎ᠶᠢᠨ ᠦᠨᠳᠦᠰᠦᠲᠡᠨ᠎ᠦ ᠲᠡᠦᠬᠡ》 (10 ᠪᠣᠳᠢ ᠳᠡᠪᠲᠡᠷ) 《ᠲᠠᠷᠢᠶᠠᠯᠠᠩ ᠮᠠᠯ ᠠᠵᠤ ᠠᠬᠤᠢ᠎ᠶᠢᠨ ᠠᠭᠤᠰᠤᠯᠴᠠᠯ᠄ ᠤᠯᠠᠨ ᠬᠠᠷᠠᠭᠠᠰᠤ ᠡᠴᠡ ᠪᠠᠢᠯᠳᠤᠭᠠᠨᠲᠤ ᠤᠯᠤᠰ᠎ᠤᠨ ᠴᠢᠨ ᠬᠠᠨ ᠤ᠋ ᠦᠶ᠎ᠡ᠎ᠶᠢᠨ ᠤᠮᠠᠷᠠᠲᠤ᠎ᠶᠢᠨ ᠤᠷᠳᠤ ᠴᠠᠭᠠᠨ ᠬᠡᠷᠡᠮ ᠢ᠋ ᠰᠢᠨᠵᠢᠬᠦ ᠨᠢ》 ᠵᠡᠷᠭᠡ ᠨᠢᠭᠡ ᠪᠦᠯᠦᠭ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠦᠲᠦᠭᠡᠯ ᠨᠡᠢᠲᠡᠯᠡᠭᠳᠡᠵᠦ᠂ ᠠᠳᠠᠯᠢ ᠪᠤᠰᠤ ᠬᠠᠷᠠᠭᠠᠰᠤ ᠡᠴᠡ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠬᠥᠭᠵᠢᠯᠲᠡ᠎ᠶᠢᠨ ᠲᠡᠦᠬᠡᠨ ᠳᠡᠭᠡᠷᠡᠬᠢ ᠭᠦᠨ ᠵᠤᠵᠠᠭᠠᠨ ᠳᠤᠷᠠᠰᠤᠮᠵᠢ᠎ᠶᠢ ᠰᠡᠷᠭᠦᠭᠡᠵᠦ᠂ ᠪᠦᠯᠬᠦᠮᠳᠡᠨ ᠲᠡᠮᠡᠴᠡᠵᠦ᠂ ᠠᠭᠤᠰᠤᠯᠴᠠᠨ ᠬᠥᠭᠵᠢᠭᠰᠡᠨ ᠲᠡᠦᠬᠡ᠎ᠶᠢ ᠭᠡᠷᠡᠴᠢᠯᠡᠵᠡᠢ᠃

ᠡᠭᠦᠨ᠎ᠦ ᠬᠠᠮᠳᠤ᠂ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠲᠤᠰᠬᠠᠢ ᠲᠥᠷᠥᠯ《ᠵᠡᠭᠦᠨ ᠬᠣᠢᠲᠤ ᠠᠽᠢᠶ᠎ᠠ᠎ᠶᠢᠨ ᠬᠡᠯᠡᠨ᠎ᠦ ᠡᠬᠢ ᠪᠠᠶᠠᠯᠢᠭ᠋᠎ᠤᠨ ᠳᠤᠭᠠᠴᠢᠯᠠᠭᠰᠠᠨ ᠲᠠᠪᠴᠠᠩ》ᠤ᠋ᠨ ᠪᠠᠢᠭᠤᠯᠤᠯᠲᠠ᠎ᠶᠢᠨ ᠲᠥᠷᠥᠯ ᠵᠦᠢᠯ᠎ᠦᠨ ᠡᠯ᠎ᠡ ᠵᠦᠢᠯ᠎ᠦᠨ ᠰᠤᠳᠤᠯᠭᠠᠨ᠎ᠤ ᠡᠭᠦᠷᠭᠡ᠎ᠶᠢ ᠦᠨᠳᠦᠰᠦᠨ᠎ᠳᠡᠭᠡᠨ ᠪᠡᠶᠡᠯᠡᠭᠦᠯᠵᠦ᠂ 《ᠮᠣᠩᠭᠣᠯ ᠬᠡᠯᠡᠨ᠎ᠦ ᠡᠷᠲᠡᠨ᠎ᠦ ᠨᠣᠮ ᠪᠢᠴᠢᠭ ᠰᠤᠷᠪᠤᠯᠵᠢ ᠪᠢᠴᠢᠭ ᠢ᠋ ᠳᠤᠭᠠᠴᠢᠯᠠᠭᠤᠯᠬᠤ ᠢᠨᠵᠧᠨᠧᠷᠢᠩ》 ᠤ᠋ᠨ ᠲᠥᠷᠥᠯ ᠵᠦᠢᠯ᠎ᠢ ᠵᠢᠩᠬᠢᠨᠢ᠎ᠪᠡᠷ ᠡᠬᠢᠯᠡᠭᠦᠯᠪᠡ᠂ ᠡᠨᠡ ᠬᠣᠶᠠᠷ ᠥᠪᠡᠷᠮᠢᠴᠡ ᠣᠨᠴᠠᠯᠢᠭ᠋᠎ᠲᠠᠢ ᠥᠨᠳᠥᠷ ᠬᠢᠷᠢ ᠲᠦᠪᠰᠢᠨ ᠪᠦᠬᠦᠢ ᠰᠢᠨᠵᠢᠯᠡᠬᠦ ᠤᠬᠠᠭᠠᠨ᠎ᠤ ᠰᠤᠳᠤᠯᠭᠠᠨ᠎ᠤ ᠲᠠᠪᠴᠠᠩ᠎ᠤᠨ ᠪᠠᠢᠭᠤᠯᠤᠯᠲᠠ ᠨᠢ ᠮᠣᠩᠭᠣᠯ ᠬᠡᠯᠡᠨ᠎ᠦ ᠡᠷᠲᠡᠨ᠎ᠦ ᠨᠣᠮ ᠪᠢᠴᠢᠭ᠌᠎ᠢ ᠠᠪᠤᠷᠠᠬᠤ᠂ ᠬᠠᠮᠠᠭᠠᠯᠠᠬᠤ᠂ ᠤᠯᠠᠮᠵᠢᠯᠠᠬᠤ᠂ ᠨᠡᠭᠡᠭᠡᠨ ᠬᠥᠭᠵᠢᠭᠦᠯᠬᠦ ᠪᠠ ᠠᠰᠢᠭ᠍ᠯᠠᠬᠤ᠎ᠳᠤ ᠴᠢᠬᠤᠯᠠ ᠲᠤᠯᠭᠠᠭᠤᠷᠢᠯᠠᠯ ᠬᠠᠩᠭᠠᠬᠤ ᠪᠤᠯᠤᠨ᠎ᠠ ᠃

2020 ᠣᠨ᠎ᠳᠤ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ《ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠤ ᠴᠤᠭᠴᠠᠯᠠᠬᠤ ᠰᠤᠳᠤᠯᠭᠠᠨ᠎ᠤ ᠰᠠᠭᠤᠷᠢᠨ》ᠢ᠋ ᠤᠯᠤᠰ᠎ᠤᠨ ᠳᠥᠷᠪᠡᠨ ᠶᠠᠮᠤᠨ ᠬᠣᠷᠢᠶ᠎ᠠ᠎ᠶᠢᠨ ᠵᠥᠪᠰᠢᠶᠡᠷᠡᠯ᠎ᠢᠶᠡᠷ ᠪᠠᠢᠭᠤᠯᠪᠠ᠃ ᠴᠢᠬᠤᠯᠠ ᠡᠭᠦᠷᠭᠡ᠎ᠶᠢ ᠡᠭᠦᠷᠭᠡᠯᠡᠵᠦ ᠪᠠᠢᠭ᠎ᠠ ᠤᠯᠤᠰ᠎ᠤᠨ ᠰᠠᠭᠤᠷᠢᠨ ᠭᠠᠵᠠᠷ ᠪᠣᠯᠤᠭᠰᠠᠨ᠎ᠤ ᠬᠤᠪᠢ᠎ᠳᠤ᠂ ᠰᠤᠷᠭᠠᠭᠤᠯᠢ ᠨᠢ ᠰᠤᠷᠭᠠᠭᠤᠯᠢ᠎ᠶᠢᠨ ᠳᠣᠲᠣᠨ᠎ᠠ ᠭᠠᠳᠠᠨᠠᠬᠢ ᠰᠢᠯᠢᠳᠡᠭ ᠡᠬᠢ ᠪᠠᠶᠠᠯᠢᠭ ᠢ᠋ ᠨᠡᠢᠳᠬᠡᠵᠦ᠂ ᠮᠠᠷᠺᠰ᠎ᠤᠨ ᠦᠵᠡᠯ᠎ᠦᠨ ᠣᠨᠣᠯ᠎ᠤᠨ ᠰᠢᠨᠵᠢᠯᠡᠭᠡᠨ᠎ᠦ ᠰᠠᠯᠠᠭ᠎ᠠ ᠪᠠ ᠤᠭᠰᠠᠭᠠᠳᠠᠨ ᠵᠦᠢ᠂ ᠳᠤᠮᠳᠠᠳᠤ ᠤᠯᠤᠰ᠎ᠤᠨ ᠬᠡᠯᠡ ᠤᠳᠬ᠎ᠠ ᠵᠣᠬᠢᠶᠠᠯ᠂ ᠳᠤᠮᠳᠠᠳᠤ ᠤᠯᠤᠰ᠎ᠤᠨ ᠲᠡᠦᠬᠡ ᠵᠡᠷᠭᠡ ᠰᠢᠨᠵᠢᠯᠡᠭᠡᠨ᠎ᠦ ᠪᠦᠯᠦᠭᠵᠢᠯ᠎ᠤᠨ ᠪᠠᠢᠭᠤᠯᠤᠯᠲᠠ᠎ᠶᠢ ᠪᠦᠬᠦᠯᠢ ᠴᠣᠭᠴᠠ᠎ᠪᠠᠷ ᠨᠢ ᠠᠬᠢᠭᠤᠯᠵᠤ᠂ ᠠᠵᠤ ᠠᠬᠤᠢ᠂ ᠬᠠᠤᠯᠢ ᠴᠠᠭᠠᠵᠠ᠂ ᠬᠠᠮᠢᠶᠠᠷᠤᠯᠲᠠ ᠵᠡᠷᠭᠡ ᠰᠢᠨᠵᠢᠯᠡᠭᠡᠨ᠎ᠦ ᠬᠦᠷᠢᠶᠡᠨ᠎ᠳᠦ ᠬᠠᠮᠵᠢᠯᠴᠠᠨ ᠬᠠᠮᠲᠤ᠎ᠪᠠᠷ ᠬᠥᠭᠵᠢᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠦᠵᠡᠯ ᠤᠬᠠᠮᠰᠠᠷ᠎ᠤᠨ ᠰᠤᠳᠤᠯᠭᠠᠨ᠎ᠤ ᠲᠠᠪᠠᠯᠳᠠᠳᠤ ᠮᠠᠶᠢᠭ᠋᠎ᠤᠨ ᠬᠥᠭᠵᠢᠯᠲᠡ᠎ᠶᠢ ᠠᠬᠢᠭᠤᠯᠵᠤ ᠪᠠᠢᠭ᠎ᠠ ᠶᠤᠮ᠃

ᠰᠤᠷᠭᠠᠭᠤᠯᠢ ᠪᠣᠯ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ ᠭᠣᠣᠯ ᠵᠢᠭ᠍ᠰᠠᠭᠠᠯ᠎ᠤᠨ ᠭᠠᠵᠠᠷ ᠮᠥᠨ᠃ ᠦᠵᠡᠯ ᠰᠠᠨᠠᠭ᠎ᠠ ᠤᠯᠤᠰ ᠲᠥᠷᠥ᠍᠎ᠶᠢᠨ ᠬᠢᠴᠢᠶᠡᠯ᠎ᠦᠨ ᠭᠣᠣᠯ ᠠᠷᠭ᠎ᠠ ᠵᠠᠮ ᠪᠠ ᠭᠣᠣᠯ ᠵᠢᠭ᠍ᠰᠠᠭᠠᠯ᠎ᠤᠨ ᠭᠠᠵᠠᠷ᠎ᠤᠨ ᠦᠢᠯᠡᠳᠦᠯ᠎ᠢ ᠪᠠᠳᠠᠷᠠᠭᠤᠯᠵᠤ᠂《ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠲᠠᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠲᠣᠢᠮᠣᠴᠢᠯᠠᠯ》᠂ 《ᠶᠡᠷᠦᠩᠬᠡᠢ ᠱᠦᠵᠢ ᠰᠢ᠎ᠶᠢᠨ ᠫᠢᠩ᠎ᠤᠨ ᠰᠤᠷᠭᠠᠨ ᠬᠥᠮᠦᠵᠢᠯ᠎ᠦᠨ ᠥᠭᠦᠯᠡᠯᠲᠡ᠎ᠶᠢᠨ ᠲᠠᠢᠯᠤᠮᠵᠢ》᠂《ᠰᠢ᠎ᠶᠢᠨ ᠫᠢᠩ᠎ᠤᠨ ᠬᠠᠤᠯᠢᠵᠢᠯ ᠤ᠋ᠨ ᠦᠵᠡᠯ ᠰᠠᠨᠠᠭᠠᠨ᠎ᠤ ᠲᠠᠢᠯᠤᠮᠵᠢ》ᠵᠡᠷᠭᠡ᠎ᠶᠢ ᠶᠡᠷᠦᠩᠬᠡᠢᠯᠡᠭᠰᠡᠨ ᠮᠡᠳᠡᠯᠭᠡ᠎ᠶᠢᠨ ᠰᠤᠷᠭᠠᠨ ᠬᠥᠮᠦᠵᠢᠯ᠎ᠦᠨ ᠰᠣᠩᠭᠣᠨ ᠰᠤᠷᠬᠤ ᠬᠢᠴᠢᠶᠡᠯ᠎ᠦᠨ ᠰᠢᠰᠲᠧᠮ᠎ᠳᠦ ᠣᠷᠣᠭᠤᠯᠵᠤ᠂ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠭᠣᠣᠯᠯᠠᠭᠤᠯᠤᠭᠰᠠᠨ ᠦᠵᠡᠯ ᠰᠠᠨᠠᠭ᠎ᠠ ᠤᠯᠤᠰ ᠲᠥᠷᠥ᠍᠎ᠶᠢᠨ ᠬᠢᠴᠢᠶᠡᠯ᠎ᠦᠨ ᠪᠦᠯᠦᠭᠵᠢᠯ ᠢ᠋ ᠪᠠᠢᠭᠤᠯᠪᠠ᠃ ᠪᠠᠰᠠ ᠪᠦᠬᠦ ᠣᠷᠣᠨ᠎ᠳᠤ《ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ》ᠬᠢᠴᠢᠶᠡᠯ᠎ᠢ ᠲᠦᠷᠦᠬᠦᠯᠡᠨ ᠨᠡᠭᠡᠭᠡᠵᠦ᠂ ᠨᠠᠮ᠎ᠤᠨ ᠦᠨᠳᠦᠰᠦᠲᠡᠨ᠎ᠦ ᠤᠨᠤᠯ ᠪᠣᠯᠣᠨ ᠴᠢᠭᠯᠡᠯᠲᠡ ᠲᠦᠷᠦ᠎ᠶᠢᠨ ᠪᠣᠳᠣᠯᠭ᠎ᠠ᠎ᠶᠢ ᠦᠨᠳᠦᠰᠦᠨ ᠠᠩᠭᠢ᠎ᠶᠢᠨ ᠰᠤᠷᠤᠭ᠍ᠴᠢᠳ᠎ᠤᠨ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ᠎ᠳᠦ ᠣᠷᠭᠠᠨᠢᠭ᠋᠎ᠢᠶᠠᠷ ᠠᠭᠤᠰᠤᠯᠴᠠᠭᠤᠯᠵᠠᠢ ᠃


QQ截图20220524092739.png


ᠵᠤᠤ ᠵᠢᠶᠦᠢ᠍ᠨ ᠹᠸᠡᠭ ᠫᠷᠤᠹᠸᠰᠰᠤᠷ ᠎ᠤᠨ ᠪᠦᠯᠬᠦᠮ


QQ截图20220524092748.png


ᠬᠤ᠌ ᠸᠸᠢ ᠫᠷᠤᠹᠸᠰᠰᠤᠷ ᠎ᠤᠨ ᠪᠦᠯᠬᠦᠮ ᠲᠤᠷᠰᠢᠯᠳᠠ ᠬᠢᠵᠤ ᠪᠠᠢᠭ᠎ᠠ ᠨᠢ


QQ截图20220524092757.png


ᠯᠢ ᠭᠤᠸᠠᠡᠭ ᠫᠸᠡᠭ ᠫᠷᠤᠹᠸᠰᠰᠤᠷ ᠎ᠤᠨ ᠪᠦᠯᠬᠦᠮ


QQ截图20220524092810.png


ᠲᠤᠯᠢ ᠨᠠᠭᠤᠷ ᠎ᠤᠨ ᠦᠵᠡᠮᠵᠢ


QQ截图20220524092854.png


ᠬᠦᠯ ᠪᠦᠮᠪᠤᠬᠡ ᠵᠢᠨ ᠤᠷᠤᠯᠳᠤᠭᠠᠨ


QQ截图20220524092836.png


2021 ᠤᠨ ᠎ᠤ ᠰᠢᠨ᠎ᠠ ᠰᠤᠷᠤᠭᠴᠢᠳ᠎ᠤᠨ ᠨᠦᠬᠦᠷᠯᠡᠯ


QQ截图20220524092825.png


ᠰᠠᠢᠨ ᠠᠨᠳᠠ


《ᠰᠤᠷᠤᠭ᠍ᠴᠢᠳ᠎ᠤᠨ ᠤᠨᠤᠯ ᠰᠤᠷᠤᠯᠴᠠᠯᠭ᠎ᠠ᠎ᠶᠢᠨ ᠬᠥᠩᠭᠡᠨ ᠮᠣᠷᠢᠲᠤ ᠴᠡᠷᠢᠭ》ᠪᠤᠯ ᠰᠤᠷᠭᠠᠭᠤᠯᠢ᠎ᠶᠢᠨ ᠬᠢᠨ᠎ᠤ ᠤᠨᠤᠯ᠎ᠤᠨ ᠤᠬᠠᠭᠤᠯᠭ᠎ᠠ ᠬᠥᠮᠦᠵᠢᠯ᠎ᠢ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ᠎ᠦᠨ ᠵᠢᠭᠠᠨ ᠰᠤᠷᠭᠠᠯᠲᠠ᠎ᠶᠢᠨ ᠭᠣᠣᠯ ᠠᠷᠭ᠎ᠠ ᠵᠠᠮ ᠭᠣᠣᠯ ᠵᠢᠭ᠍ᠰᠠᠭᠠᠯ᠎ᠤᠨ ᠭᠠᠵᠠᠷ᠎ᠲᠤ ᠪᠦᠬᠦ ᠲᠠᠯ᠎ᠠ᠎ᠪᠠᠷ ᠠᠭᠤᠰᠤᠯᠴᠠᠭᠤᠯᠵᠤ ᠪᠦᠬᠦᠢ ᠦᠢᠯᠡᠳᠦᠯᠭᠡ᠎ᠶᠢᠨ ᠰᠦᠪᠡᠭᠴᠢᠯᠡᠯᠲᠡ ᠪᠣᠯᠣᠨ᠎ᠠ᠃ 《ᠤᠬᠠᠭᠤᠯᠤᠨ ᠲᠠᠢᠯᠪᠤᠷᠢᠯᠠᠬᠤ ᠬᠦᠩᠭᠡᠨ ᠮᠣᠷᠢᠲᠤ ᠴᠡᠷᠢᠭ》 ᠨᠢ ᠰᠢᠯᠦᠭ ᠲᠠᠭᠤᠤ ᠤᠶᠠᠩᠭᠠᠯᠠᠬᠤ᠂ ᠪᠢᠴᠢᠯ ᠬᠢᠴᠢᠶᠡᠯ᠎ᠦᠨ ᠲᠠᠩᠬᠢᠮ ᠨᠡᠭᠡᠭᠡᠬᠦ᠂ ᠦᠯᠢᠭᠡᠷ ᠬᠤᠪᠢᠶᠠᠯᠴᠠᠬᠤ ᠵᠡᠷᠭᠡ ᠬᠡᠯᠪᠡᠷᠢ᠎ᠪᠡᠷ ᠰᠢᠨ᠎ᠡ ᠴᠠᠭ ᠦᠶ᠎ᠡ᠎ᠶᠢᠨ ᠨᠠᠮ᠎ᠤᠨ ᠤᠨᠤᠯ᠎ᠤᠨ ᠭᠡᠷᠡᠯ ᠭᠢᠯᠪᠠᠭ᠎ᠠ᠎ᠶᠢ ᠵᠠᠯᠠᠭᠤᠴᠤᠳ ᠲᠤ᠌ ᠤᠬᠠᠭᠤᠯᠵᠤ ᠪᠠᠢᠳᠠᠭ᠃ ᠡᠭᠦᠨ᠎ᠦ ᠬᠠᠮᠲᠤ᠂ 7 ᠬᠢᠴᠢᠶᠡᠯ ᠲᠦᠷᠦᠯ᠎ᠤᠨ ᠦᠵᠡᠯ ᠰᠠᠨᠠᠭ᠎ᠠ ᠤᠯᠤᠰ ᠲᠦᠷᠦ᠎ᠶᠢᠨ ᠵᠢᠱ᠌ᠢᠶ᠎ᠡ ᠦᠵᠡᠭᠦᠯᠬᠦ ᠳᠡᠭᠡᠳᠦ ᠰᠤᠷᠭᠠᠭᠤᠯᠢ᠂ 263 ᠬᠢᠴᠢᠶᠡᠯ ᠲᠦᠷᠦᠯ᠎ᠦᠨ ᠦᠵᠡᠯ ᠰᠠᠨᠠᠭ᠎ᠠ ᠤᠯᠤᠰ ᠲᠦᠷᠦ᠎ᠶᠢᠨ ᠵᠢᠱ᠌ᠢᠶ᠎ᠡ ᠦᠵᠡᠭᠦᠯᠬᠦ ᠬᠢᠴᠢᠶᠡᠯ ᠪᠠ ᠬᠢᠴᠢᠶᠡᠯ ᠲᠦᠷᠦᠯ᠎ᠤᠨ ᠦᠵᠡᠯ ᠰᠠᠨᠠᠭ᠎ᠠ ᠤᠯᠤᠰ ᠲᠦᠷᠦ᠎ᠶᠢᠨ ᠵᠢᠭᠠᠨ ᠰᠤᠷᠭᠠᠯᠲᠠ᠎ᠶᠢᠨ ᠰᠤᠳᠤᠯᠭᠠᠨ᠎ᠤ ᠲᠥᠪ᠎ᠦᠨ ᠪᠠᠢᠭᠤᠯᠤᠯᠲᠠ᠎ᠶᠢ ᠠᠬᠢᠭᠤᠯᠵᠤ᠂ ᠪᠦᠬᠦᠨ᠎ᠢ ᠬᠠᠮᠤᠷᠤᠭᠰᠠᠨ᠂ ᠪᠦᠬᠦ ᠲᠦᠷᠦᠯ ᠬᠡᠯᠪᠡᠷᠢ ᠵᠢᠨ᠂ ᠬᠠᠷᠢᠯᠴᠠᠨ ᠲᠤᠯᠭᠠᠭᠤᠷᠢᠯᠠᠭᠰᠠᠨ ᠬᠢᠴᠢᠶᠡᠯ ᠲᠦᠷᠦᠯ ᠤ᠋ᠨ ᠦᠵᠡᠯ ᠰᠠᠨᠠᠭ᠎ᠠ ᠤᠯᠤᠰ ᠲᠦᠷᠦ᠎ᠶᠢᠨ ᠰᠢᠰᠲᠧᠮ᠎ᠢ ᠪᠠᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠬᠥᠮᠥᠰ᠎ᠦᠨ ᠰᠡᠳᠬᠢᠯ᠎ᠳᠦ ᠭᠦᠨ ᠦᠨᠳᠦᠰᠦᠯᠡᠭᠦᠯᠬᠦ᠎ᠶᠢ ᠠᠬᠢᠭᠤᠯᠤᠨ᠎ᠠ᠃

ᠠᠨᠠᠷ᠎ᠤᠨ ᠴᠡᠴᠡᠭ ᠪᠠᠳᠠᠷᠠᠨ ᠲᠡᠯᠭᠡᠷᠡᠵᠦ᠂ ᠪᠢᠴᠢᠭ᠌᠎ᠦᠨ ᠦᠨᠦᠷ ᠬᠦᠷᠢᠶ᠎ᠡ ᠲᠦᠬᠦᠷᠡᠩ ᠬᠠᠩᠬᠤᠯᠤᠨ᠎ᠠ᠃ 《ᠬᠤᠤᠰ ᠵᠠᠭᠤᠨ ᠵᠢᠯ》ᠤ᠋ᠨ ᠳᠡᠦᠬᠡᠨ ᠠᠭᠤᠯᠵᠠᠷ᠎ᠲᠡᠭᠡᠷ᠎ᠡ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠦᠨᠳᠦᠰᠦᠲᠡᠨ᠎ᠨᠦᠭᠦᠳ᠎ᠦᠨ ᠪᠠᠭ᠍ᠰᠢ ᠰᠤᠷᠤᠭ᠍ᠴᠢᠳ ᠴᠤᠭ ᠪᠠᠳᠠᠷᠠᠩᠭᠤᠢ ᠲᠦᠷᠰᠦ ᠪᠠᠢᠳᠠᠯ ᠵᠢᠡᠷ ᠡᠷᠡᠮᠡᠬᠡᠢᠯᠡᠨ ᠤᠷᠤᠭᠰᠢᠯᠠᠵᠤ᠂ ᠯᠤᠲᠤ ᠶᠡᠬᠡ ᠬᠦᠴᠦᠨ ᠴᠢᠳᠠᠯ᠎ᠢ ᠨᠢᠭᠳᠠᠷᠠᠭᠤᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ ᠰᠡᠳᠬᠢᠯ ᠬᠥᠳᠡᠯᠭᠡᠮ᠎ᠡ ᠦᠵᠡᠮᠵᠢ᠎ᠶᠢᠨ ᠵᠢᠷᠤᠭ᠎ᠢ ᠵᠢᠷᠤᠭᠯᠠᠨ᠎ᠠ !

(ᠬᠡᠷᠡᠯ ᠵᠢᠷᠤᠭ ᠤ᠋ᠤᠨ᠎ᠢ ᠦᠪᠤᠷ ᠮᠤᠨᠭᠭᠤᠯ ᠎ᠤᠨ ᠶᠡᠬᠡ ᠰᠤᠷᠭᠠᠭᠤᠯᠢ ᠬᠠᠨᠭᠭᠠᠪᠠ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面