ᠱᠢᠨ᠎᠎ᠡ ᠴᠠᠭ ᠦᠶ᠎ᠡ᠎ᠳ᠋ᠦ᠍ ᠭᠠᠪᠢᠶ᠎ᠠ ᠪᠠᠢᠭᠤᠯᠤᠶ᠎ᠠ > ᠶᠡᠷᠦᠩᠬᠡᠢ ᠱᠦᠵᠢ ᠎ᠶ᠋ᠢᠨ ᠶᠠᠪᠤᠵᠤ ᠦᠩᠭᠡᠷᠡᠭᠰᠡᠨ ᠮᠥᠷ ᠎ᠢ᠋ᠶ᠋ᠡᠷ

2022-05-28 20:29:39

ᠵᠣᠬᠢᠶᠠᠭ᠍ᠴᠢ᠄ ᠬᠤᠸᠠᠩ ᠹᠦ ᠰᠢᠦ ᠯᠢᠩ ᠣᠩᠱᠢᠭ᠍ᠰᠠᠨ ᠣᠳᠠᠭ᠎ᠠ᠄ 3

[ᠰᠤᠨᠢᠨ ᠮᠡᠳᠡᠭᠡᠨ᠎ᠤ ᠡᠷᠭᠢᠴᠡᠭᠦᠯᠦᠯ]

ᠥᠪᠥᠷ ᠮᠣᠩᠭᠣᠯ᠎ᠤᠨ ᠲᠠᠯ᠎ᠠ ᠨᠤᠲᠤᠭ ᠪᠣᠯ ᠨᠡᠢᠰᠯᠡᠯ ᠪᠡᠭᠡᠵᠢᠩ ᠴᠢᠨᠠᠭ᠍ᠰᠢᠯᠠᠪᠠᠯ ᠪᠦᠬᠦᠢᠯᠡ ᠤᠮᠠᠷᠠᠲᠤ ᠣᠷᠣᠨ᠎ᠤ ᠴᠢᠬᠤᠯᠠ ᠠᠮᠢ ᠠᠬᠤᠢ᠎ᠶ᠋ᠢᠨ ᠬᠠᠯᠬᠠᠪᠴᠢ ᠪᠣᠯᠤᠨ᠎ᠠ᠂ ᠡᠨᠡ ᠬᠦ᠌ ᠲᠠᠯ᠎ᠠ ᠨᠤᠲᠤᠭ᠎ᠢ ᠰᠠᠢᠲᠤᠷ ᠬᠠᠮᠠᠭᠠᠯᠠᠬᠤ ᠪᠣᠯ ᠪᠠᠢᠯᠳᠤᠬᠤ ᠪᠤᠳᠤᠯᠭ᠎ᠠ᠎ᠶ᠋ᠢᠨ ᠠᠴᠢ ᠬᠣᠯᠪᠣᠭ᠍ᠳᠠᠯ᠎ᠲᠠᠶ ᠶᠡᠬᠡ ᠶᠠᠪᠤᠳᠠᠯ ᠶᠤᠮ᠃ 2014 ᠣᠨ᠎ᠤ 1 ᠰᠠᠷ᠎ᠠ ᠳ᠋ᠤ᠂ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠤᠨ ᠾᠧ ᠰᠢᠨ ᠶᠤᠸᠠᠨ ᠮᠸᠩ ᠼᠤᠤ ᠭᠠᠩ᠎ᠢ ᠡᠰᠡᠷᠬᠦᠴᠡᠬᠦ ᠨᠤᠭᠤᠭᠠᠷᠠᠭᠤᠯᠤᠯᠲᠠ ᠵᠢᠨ ᠬᠤᠪᠢᠴᠠᠭᠠᠳᠤ ᠬᠢᠵᠠᠭᠠᠷᠲᠤ ᠺᠤᠮᠫᠠᠨᠢ ᠳ᠋ᠤ ᠬᠦᠷᠴᠦ ᠰᠢᠨᠵᠢᠯᠡᠨ ᠪᠠᠢᠴᠠᠭᠠᠬᠤ ᠎ᠳᠠᠭᠠᠨ᠂ ᠦᠪᠦᠷ ᠮᠤᠩᠭᠤᠯ᠎ᠤᠨ ᠲᠠᠯ᠎ᠠ ᠨᠤᠲᠤᠭ᠎ᠤᠨ ᠠᠮᠢ ᠠᠬᠤᠢ ᠤᠷᠴᠢᠨ ᠲᠤᠭᠤᠷᠢᠨ᠎ᠢ ᠰᠠᠢᠲᠤᠷ ᠬᠠᠮᠠᠭᠠᠯᠠᠬᠤ ᠪᠤᠯ ᠦᠨᠳᠦᠰᠦᠲᠡᠨ ᠨᠤᠭᠦᠳ᠎ᠤᠨ ᠺᠠᠳ᠋ᠷ ᠤᠯᠠᠨ ᠲᠦᠮᠡᠨ᠎ᠤ ᠴᠢᠬᠤᠯᠠ ᠬᠠᠷᠢᠭᠤᠴᠠᠯᠭ᠎ᠠ ᠪᠤᠯᠤᠨ᠎ᠠ᠃ ᠠᠮᠢ ᠠᠬᠤᠢ᠎ᠶ᠋ᠢᠨ ᠪᠣᠯᠪᠠᠰᠤᠨ᠎ᠤ ᠳᠦᠷᠢᠮ᠎ᠦᠨ ᠪᠠᠢᠭᠤᠯᠤᠯᠲᠠ᠎ᠶ᠋ᠢ ᠢᠳᠡᠪᠬᠢᠲᠡᠢ ᠰᠦᠪᠡᠭ᠌ᠴᠢᠯᠡᠨ ᠠᠬᠢᠭᠤᠯᠵᠤ᠂ ᠦᠵᠡᠰᠭᠦᠯᠡᠩᠲᠦ ᠰᠠᠢᠬᠠᠨ ᠲᠠᠯ᠎ᠠ ᠨᠤᠲᠤᠭ᠎ᠢ ᠪᠦᠲᠦᠭᠡᠨ ᠪᠠᠢᠭᠤᠯᠬᠤ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠢ ᠪᠦᠲᠦᠭᠡᠨ ᠪᠠᠢᠭᠤᠯᠬᠤ᠎ᠳᠤ ᠱᠢᠨ᠎ᠡ ᠬᠤᠪᠢ ᠨᠡᠮᠡᠷᠢ ᠦᠵᠡᠭᠦᠯᠬᠦ᠌ ᠬᠡᠷᠡᠭ᠌ᠲᠡᠢ᠃ ᠪᠣᠬᠢᠷᠲᠤᠯ ᠦᠭᠡᠢ ᠬᠥᠭ᠌ᠵᠢᠯᠲᠡ᠎ᠶ᠋ᠢ ᠪᠡᠶᠡᠯᠡᠭᠦᠯᠬᠦ᠌ ᠳ᠋ᠤ ᠵᠠᠩᠭᠢᠯᠠᠭ᠎ᠠ ᠨᠢ ᠲᠠᠪᠴᠠᠩ᠂ ᠮᠡᠷᠭᠡᠵᠢᠯ᠂ ᠠᠷᠭ᠎ᠠ ᠪᠠᠷᠢᠯ ᠪᠠᠢᠬᠤ ᠬᠡᠷᠡᠭᠳᠡᠢ᠂ ᠪᠠᠢᠭᠠᠯᠢ᠎ᠶ᠋ᠢᠨ ᠵᠢᠮ᠎ᠡ ᠶᠣᠰᠣᠨ᠎ᠳᠤ ᠨᠡᠢᠴᠡᠭ᠌ᠰᠡᠨ᠂ ᠤᠯᠤᠰ᠎ᠤᠨ ᠪᠠᠢᠳᠠᠯ ᠭᠠᠵᠠᠷ ᠣᠷᠣᠨ᠎ᠤ ᠪᠠᠢᠳᠠᠯ᠎ᠳᠤ ᠨᠡᠢᠴᠡᠭ᠌ᠰᠡᠨ ᠨᠣᠭᠣᠭᠠᠷᠠᠭᠤᠯᠤᠯᠲᠠ᠎ᠶ᠋ᠢᠨ ᠵᠠᠮ᠎ᠢ ᠰᠦᠪᠡᠭ᠌ᠴᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃


2014 ᠣᠨ᠎ᠤ 1 ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠳ᠋ᠠᠭᠠᠨ᠂ ᠮᠸᠩ ᠼᠤᠤ᠎ᠭᠠᠩ᠎ᠢ ᠡᠰᠡᠷᠭᠦᠴᠡᠬᠦ ᠨᠤᠭᠤᠭᠠᠷᠠᠭᠤᠯᠤᠯᠲᠠ ᠵᠢᠨ ᠬᠤᠪᠢᠴᠠᠭᠠᠲᠤ ᠬᠢᠵᠠᠭᠠᠷᠲᠤ ᠺᠤᠮᠫᠠᠨᠢ ᠳ᠋ᠤ ᠬᠦᠷᠴᠦ ᠠᠵᠤ ᠠᠬᠤᠢᠯᠠᠯ᠎ᠤᠨ ᠬᠢᠨ᠎ᠤ ᠡᠪᠡᠰᠦᠨ᠎ᠦ ᠠᠵᠤ ᠦᠢᠯᠡᠰ᠎ᠢ ᠬᠥᠭ᠌ᠵᠢᠭᠦᠯᠵᠦ᠍᠂ ᠭᠠᠩ ᠬᠠᠭᠤᠷᠠᠢ ᠭᠠᠵᠠᠷ ᠣᠷᠣᠨ᠎ᠤ ᠠᠮᠢ ᠠᠬᠤᠢ᠎ᠶ᠋ᠢ ᠰᠡᠷᠭᠦᠭᠡᠬᠦ ᠪᠠ ᠠᠮᠢ ᠠᠬᠤᠢ ᠣᠷᠴᠢᠨ ᠲᠣᠭᠣᠷᠢᠨ᠎ᠤ ᠪᠦᠳᠦᠭᠡᠨ ᠪᠠᠢᠭᠤᠯᠤᠯᠲᠠ᠎ᠳᠤ ᠣᠷᠣᠯᠴᠠᠵᠤ ᠪᠠᠢᠭ᠎ᠠ ᠪᠠᠢᠳᠠᠯ᠎ᠢ ᠨᠠᠷᠢᠨ ᠣᠢᠯᠠᠭᠠᠪᠠ᠃ ᠪᠣᠷᠣ ᠪᠤᠳᠢᠭᠤᠯ᠂ ᠮᠥᠩᠬᠡ ᠨᠣᠭᠣᠭᠠᠨ ᠪᠠᠱᠠᠭ᠎ᠠ᠂ ᠰᠠᠷᠠᠨ᠎ᠠ ᠁ ᠡᠢᠮᠦ᠍ ᠣᠯᠠᠨ ᠵᠦᠶ᠋ᠯ᠎ᠦᠨ ᠬᠦᠶ᠋ᠲᠡᠨ᠎ᠳᠦ ᠲᠡᠰᠪᠦᠷᠢᠲᠡᠶ ᠭᠠᠩ᠎ᠳᠤ ᠲᠡᠰᠪᠦᠷᠢᠲᠡᠶ ᠡᠪᠡᠰᠦᠨ ᠎ᠤ ᠦᠷ᠎ᠡ᠎ᠶ᠋ᠢ ᠪᠣᠢᠵᠢᠭᠤᠯᠤᠨ ᠭᠠᠷᠭᠠᠭᠰᠠᠨ ᠪᠦᠭᠡᠳ ᠠᠩᠬ᠎ᠠ ᠠᠯᠬᠤᠮ ᠳᠡᠯᠭᠡᠷᠡᠭᠦᠯᠵᠦ᠍᠂ ᠵᠠᠷᠢᠮ ᠭᠠᠵᠠᠷ᠎ᠤᠨ ᠠᠮᠢ ᠠᠬᠤᠶ ᠣᠷᠴᠢᠨ ᠲᠣᠭᠣᠷᠢᠨ᠎ᠢ ᠰᠠᠢᠵᠢᠷᠠᠭᠤᠯᠤᠭ᠍ᠰᠠᠨ᠎ᠨᠢ ᠶᠡᠷᠦᠩᠬᠡᠢ ᠱᠦᠵᠢ ᠰᠢ ᠵᠢᠨ ᠫᠢᠩ ᠳ᠋ᠤ ᠭᠦᠨ ᠰᠠᠭᠤᠭ᠍ᠳᠠᠯ ᠦᠯᠡᠳᠡᠭᠡᠪᠡ᠃

8 ᠵᠢᠯ᠎ᠦᠨ ᠲᠤᠷᠰᠢ᠂ ᠶᠡᠷᠦᠩᠬᠡᠢ ᠱᠦᠵᠢ᠎ᠶ᠋ᠢᠨ ᠴᠢᠩ ᠰᠡᠳᠭᠢᠯ᠎ᠦᠨ ᠬᠦᠰᠡᠯ ᠨᠠᠢᠳᠠᠯᠭ᠎ᠠ ᠨᠢ ᠮᠸᠩ ᠼᠤᠤ ᠵᠢᠨ ᠪᠦᠯᠬᠦᠮ᠎ᠦᠨ ᠬᠢᠨ᠎ᠤ ᠬᠦᠴᠢᠷ᠎ᠢ ᠰᠦᠷᠦᠨ ᠤᠷᠤᠭ᠍ᠰᠢᠯᠠᠵᠤ᠂ ᠦᠷ᠎ᠡ ᠵᠢᠨ ᠦᠢᠯᠡᠰ᠎ᠤᠨ ᠰᠤᠳᠤᠯᠭᠠᠨ᠎ᠤ ᠤᠷᠤᠭᠤᠯᠤᠯᠲᠠ ᠵᠢ ᠦᠷᠭᠦᠯᠵᠢᠯᠡᠨ ᠨᠡᠮᠡᠭᠳᠡᠭᠦᠯᠬᠦ ᠵᠢ ᠤᠷᠮᠠᠰᠢᠭᠤᠯᠤᠨ ᠵᠤᠷᠢᠭᠵᠢᠭᠤᠯᠤᠭᠰᠠᠭᠠᠷ ᠢᠷᠡᠵᠡᠢ᠃ ᠠᠵᠤ ᠠᠬᠤᠢᠯᠠᠯ᠎ᠤᠨ ᠬᠢᠨ ᠰᠤᠳᠤᠯᠤᠨ ᠨᠡᠭᠡᠭᠡᠭᠰᠡᠨ ᠦᠷ᠎ᠡ ᠪᠦᠲᠦᠭᠡᠯ ᠵᠢᠡᠨ ᠠᠮᠢ ᠠᠬᠤᠢ ᠵᠢᠨ ᠤᠷᠴᠢᠨ ᠨᠦᠬᠦᠴᠡᠯ ᠨᠡᠯᠢᠶᠡᠳ ᠠᠨᠠᠢ ᠪᠠᠢᠭᠰᠠᠨ ᠨᠤᠲᠤᠭ ᠪᠡᠯᠴᠢᠭᠡᠷ᠂ ᠠᠭᠤᠷᠬᠠᠢ᠂ ᠡᠯᠡᠰᠦᠨ ᠴᠦᠯ ᠎ᠢ᠋ ᠨᠠᠷᠢᠯᠢᠭ ᠤᠨᠤᠴᠠᠲᠠᠢ ᠵᠠᠰᠠᠨ ᠰᠡᠷᠬᠦᠭᠡᠬᠦ ᠳ᠋ᠤ ᠬᠡᠷᠡᠭᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠬᠦᠭᠵᠢᠯᠲᠡ ᠵᠢᠨ ᠵᠠᠮ ᠵᠢᠡᠷ ᠠᠯᠬᠤᠮ ᠠᠯᠬᠤᠮ᠎ᠢᠶᠠᠷ ᠵᠠᠮᠨᠠᠪᠠ᠃

8 ᠵᠢᠯ᠎ᠦᠨ ᠲᠤᠷᠰᠢ᠂ ᠮᠧᠩ ᠼᠤᠤ ᠪᠦᠯᠦᠭᠯᠡᠯ ᠺᠤᠮᠫᠠᠨᠢ ᠰᠢᠨᠵᠢᠯᠡᠬᠦ ᠤᠬᠠᠭᠠᠨ᠎ᠤ ᠰᠤᠳᠤᠯᠭᠠᠨ᠎ᠤ ᠤᠷᠤᠭᠤᠯᠤᠯᠲᠠ ᠵᠢᠨ ᠬᠠᠷᠢᠴᠠᠯ᠎ᠢ ᠲᠠᠰᠤᠷᠠᠯᠲᠠ ᠦᠭᠡᠢ ᠨᠡᠮᠡᠭᠳᠡᠭᠦᠯᠵᠦ᠂ ᠨᠤᠲᠤᠭ᠎ᠤᠨ ᠡᠪᠡᠰᠦᠨ᠎ᠤ ᠦᠷ᠎ᠡ ᠵᠢᠨ ᠡᠬᠢ ᠪᠠᠶᠠᠯᠢᠭ᠎ᠢ ᠴᠤᠭᠯᠠᠭᠤᠯᠤᠨ ᠠᠰᠢᠭᠯᠠᠬᠤ ᠪᠠ ᠠᠮᠢ ᠠᠬᠤᠢ ᠵᠢ ᠵᠠᠰᠠᠨ ᠰᠡᠷᠭᠦᠭᠡᠬᠦ ᠮᠡᠷᠭᠡᠵᠢᠯ᠎ᠢ ᠰᠠᠢᠵᠢᠷᠠᠭᠤᠯᠬᠤ ᠵᠢᠴᠢ ᠬᠡᠷᠡᠭᠯᠡᠭᠡᠨ᠎ᠤ ᠲᠠᠯ᠎ᠠ ᠪᠡᠷ ᠰᠤᠳᠤᠯᠤᠨ ᠨᠡᠭᠡᠭᠡᠬᠦ ᠬᠦᠴᠦᠨ ᠵᠢᠡᠨ ᠦᠷᠭᠦᠯᠵᠢᠯᠡᠨ ᠴᠢᠩᠭᠠᠳᠬᠠᠵᠤ᠂ ᠠᠯᠢ ᠤᠯᠠᠨ ᠰᠢᠨ᠎ᠡ ᠵᠢ ᠡᠭᠦᠳᠦᠭᠰᠡᠨ ᠴᠢᠨᠠᠷᠲᠠᠢ ᠦᠷ᠎ᠡ ᠪᠦᠲᠦᠭᠡᠯ ᠤᠯᠪᠠ᠃ ᠣᠯᠠᠨ ᠤᠯᠤᠰ᠎ᠤᠨ ᠬᠢᠷᠢ ᠲᠦᠪᠰᠢᠨ ᠪᠦᠬᠦᠢ ᠤᠨᠴᠠᠯᠢᠭᠲᠤ ᠨᠤᠲᠤᠭ᠎ᠤᠨ ᠤᠷᠭᠤᠮᠠᠯ᠎ᠤᠨ ᠦᠷ᠎ᠡ ᠡᠳ᠋᠎ᠦᠨ ᠡᠬᠢ ᠪᠠᠶᠠᠯᠢᠭ᠎ᠤᠨ ᠬᠥᠮᠥᠷᠭᠡ᠎ᠶ᠋ᠢ ᠪᠠᠢᠭᠤᠯᠵᠤ᠂ ᠠᠳᠠᠯᠢ ᠪᠤᠰᠤ ᠭᠠᠵᠠᠷ ᠵᠦᠢ᠂ ᠠᠮᠢ ᠠᠬᠤᠢ ᠵᠢᠨ ᠨᠦᠬᠦᠴᠡᠯ ᠳ᠋ᠤ ᠲᠤᠬᠢᠷᠠᠬᠤ18 ᠦᠷ᠎ᠡ᠎ᠶ᠋ᠢᠨ ᠦᠶ᠋ᠯᠡᠰ᠎ᠦᠨ ᠰᠤᠳᠤᠯᠭᠠᠨ᠎ᠤ ᠬᠦᠷᠢᠶᠡᠯᠡᠩ᠎ᠢ ᠪᠠᠢᠭᠤᠯᠵᠤ᠂ ᠦᠷ᠎ᠡ ᠡᠳ᠋᠎ᠦᠨ ᠡᠬᠢ ᠪᠠᠶᠠᠯᠢᠭ᠎ᠢ 4.8 ᠲᠦᠮᠡᠨ ᠬᠤᠪᠢ᠂ ᠦᠯᠢᠬᠡᠷ ᠬᠡᠪ᠎ᠢ 12 ᠲᠦᠮᠡᠨ ᠬᠤᠪᠢ᠂ ᠬᠥᠷᠥᠰᠥ᠍ ᠱᠢᠷᠣᠶ᠎ᠶ᠋ᠢ 140 ᠲᠦᠮᠡᠨ ᠬᠤᠪᠢ ᠴᠤᠭ᠍ᠯᠠᠭᠤᠯᠪᠠ᠃ ᠨᠤᠲᠤᠭ᠎ᠤᠨ ᠤᠷᠭᠤᠮᠠᠯ᠎ᠤᠨ ᠦᠷ᠎ᠡ ᠡᠳ᠋᠎ᠦᠨ ᠡᠬᠢ ᠪᠠᠶᠠᠯᠢᠭ᠎ᠤᠨ ᠬᠥᠮᠥᠷᠭᠡ᠎ᠳᠦ ᠲᠦᠱᠢᠭ᠌ᠯᠡᠨ᠂ ᠥᠪᠡᠷᠮᠢᠴᠡ ᠣᠨᠴᠠᠯᠢᠭ ᠪᠦᠬᠦᠢ ᠨᠤᠲᠤᠭ᠎ᠤᠨ ᠤᠷᠭᠤᠮᠠᠯ᠎ᠤᠨ ᠦᠷ᠎ᠡ ᠡᠳ᠋᠎ᠦᠨ ᠡᠬᠢ ᠪᠠᠶᠠᠯᠢᠭ᠎ᠢ ᠬᠠᠮᠠᠭᠠᠯᠠᠬᠤ ᠪᠠ ᠠᠱᠢᠭ᠍ᠯᠠᠬᠤ ᠵᠢ ᠲᠠᠰᠤᠷᠠᠯᠲᠠ ᠦᠭᠡᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠤᠳᠤᠮᠯᠠᠯ᠎ᠤᠨ ᠡᠭᠦᠯᠳᠡᠷ ᠪᠤᠢᠵᠢᠭᠤᠯᠬᠤ ᠰᠤᠳᠤᠯᠭᠠᠨ᠎ᠢ ᠭᠦᠨᠵᠡᠭᠡᠢ ᠦᠷᠨᠢᠭᠦᠯᠵᠦ᠂ ᠭᠠᠩ ᠳ᠋ᠤ ᠲᠡᠰᠪᠦᠷᠢᠳᠡᠢ᠂ ᠬᠦᠢᠲᠡᠨ᠎ᠳᠦ ᠲᠡᠰᠪᠦᠷᠢᠲᠡᠶ᠂ ᠭᠢᠰᠭᠢᠯᠡᠬᠦ᠌᠎ᠳᠦ ᠳᠠᠭᠠᠭᠠᠮᠠᠭᠠᠶ᠂ ᠡᠮ᠎ᠳᠦ ᠬᠡᠷᠡᠭ᠌ᠯᠡᠵᠦ᠍ ᠪᠣᠯᠬᠤᠢᠴᠠ ᠤᠷᠭᠤᠮᠠᠯ ᠎ᠤᠨ ᠡᠭᠦᠯᠳᠡᠷ᠎ᠢ 25 ᠬᠢᠨᠠᠨ ᠲᠣᠭ᠍ᠲᠠᠭᠠᠵᠠᠢ᠃ ᠡᠭᠦᠨ ᠳ᠋ᠤ 6 ᠵᠦᠢᠯ ᠨᠢ ᠤᠯᠤᠰ᠎ᠤᠨ ᠤᠷᠭᠤᠮᠠᠯ᠎ᠤᠨ ᠰᠢᠨ᠎ᠡ ᠡᠭᠦᠯᠳᠡᠷ᠎ᠤᠨ ᠡᠷᠬᠡ ᠵᠢ ᠤᠯᠵᠤ᠂ 6 ᠡᠭᠦᠯᠳᠡᠷ ᠨᠢ 《ᠴᠠᠩ ᠧ ᠲᠠᠪᠤᠳᠤᠭᠠᠷ》᠎ᠤᠨ ᠰᠠᠨᠰᠠᠷ᠎ᠲᠤ ᠪᠤᠢᠵᠢᠭᠤᠯᠬᠤ ᠦᠷ᠎ᠡ ᠳ᠋ᠤ ᠤᠷᠤᠵᠤ᠂ 6 ᠡᠪᠡᠰᠦᠨ ᠦᠷ᠎ᠡ ᠵᠢ ᠨᠢ ᠬᠤᠪᠢᠯᠭᠠᠨ ᠤᠩᠭᠤᠴᠠ ᠠᠷᠪᠠᠨ ᠭᠤᠷᠪᠠᠳᠤᠭᠠᠷ᠎ᠲᠤ ᠠᠴᠢᠶᠠᠯᠠᠵᠤ ᠰᠠᠨᠰᠠᠷ᠎ᠲᠤ ᠭᠠᠷᠭᠠᠵᠤ ᠭᠧᠨ᠎ᠤ ᠬᠤᠪᠢᠰᠤᠯᠲᠠ ᠡᠬᠦᠰᠭᠡᠵᠦ᠂ ᠰᠢᠨ᠎ᠡ ᠡᠭᠦᠯᠳᠡᠷ᠎ᠢ ᠰᠤᠩᠭᠤᠨ ᠪᠤᠢᠵᠢᠭᠤᠯᠬᠤ ᠳ᠋ᠤ ᠰᠠᠭᠤᠷᠢ ᠲᠠᠯᠪᠢᠭᠰᠠᠨ ᠪᠠᠢᠨ᠎ᠠ᠃ ᠡᠨᠡ ᠨᠢ ᠤᠯᠤᠰ᠎ᠤᠨ ᠡᠪᠡᠰᠦᠨ᠎ᠤ ᠦᠷ᠎ᠡ᠎ᠶ᠋ᠢᠨ ᠦᠢᠯᠡᠰ᠎ᠦᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠢ ᠪᠡᠯᠡᠳᠭᠡᠨ ᠪᠠᠢᠭᠤᠯᠬᠤ᠎ᠶ᠋ᠢ ᠪᠦᠲᠦᠮᠵᠢᠲᠡᠢ ᠠᠬᠢᠭᠤᠯᠪᠠ᠃

ᠣᠯᠠᠨ ᠵᠢᠯ᠎ᠦᠨ ᠬᠤᠷᠠᠮᠳᠤᠭᠤᠯᠤᠯ᠎ᠢᠶᠠᠷ ᠳᠡᠮᠵᠢᠨ᠂ ᠮᠧᠩ ᠼᠤᠤ ᠪᠦᠯᠦᠭᠯᠡᠯ ᠺᠤᠮᠫᠠᠨᠢ ᠨᠢᠭᠡᠨᠲᠡ ᠦᠷ᠎ᠡ ᠡᠳ᠋᠎ᠦᠨ ᠡᠬᠢ ᠪᠠᠶᠠᠯᠢᠭ᠎ᠢ 《ᠬᠠᠮᠠᠭᠠᠯᠠᠬᠤ ᠪᠣᠢᠵᠢᠭᠤᠯᠬᠤ ᠦᠷᠡᠵᠢᠭᠦᠯᠬᠦ᠌ ᠳᠡᠯᠭᠡᠷᠡᠭᠦᠯᠬᠦ᠌》 ᠵᠢ ᠨᠢᠭᠡ ᠴᠣᠭ᠍ᠴᠠᠵᠢᠭᠤᠯᠤᠭ᠍ᠰᠠᠨ ᠬᠡᠷᠡᠭ᠌ᠯᠡᠭᠡᠨ᠎ᠦ ᠱᠢᠰᠲ᠋ᠧᠮ᠎ᠢ ᠠᠮᠵᠢᠯᠲᠠ᠎ᠲᠠᠶ ᠪᠠᠢᠭᠤᠯᠵᠤ᠂ ᠪᠥᠬᠥ᠌ ᠤᠯᠤᠰ᠎ᠲᠤ 25 ᠲᠦᠮᠡᠨ ᠮᠥ᠍ ᠡᠪᠡᠰᠦᠨ ᠦᠷ᠎ᠡ ᠲᠡᠭᠦᠵᠦ ᠲᠠᠷᠢᠬᠤ ᠲᠠᠷᠢᠶ᠎ᠠ ᠭᠠᠷᠭᠠᠵᠤ᠂ 200 ᠵᠦᠶ᠋ᠯ᠎ᠦᠨ ᠨᠤᠲᠤᠭ᠎ᠤᠨ ᠤᠷᠭᠤᠮᠠᠯ᠎ᠢ ᠪᠤᠢᠵᠢᠭᠤᠯᠵᠤ᠂ ᠡᠯ᠎ᠡ ᠲᠥᠷᠥᠯ᠎ᠦᠨ ᠠᠮᠢ ᠠᠬᠤᠶ ᠵᠢᠨ ᠰᠡᠷᠬᠦᠭᠡᠯᠳᠡ᠎ᠳᠦ ᠠᠰᠢᠬᠯᠠᠭᠤᠯᠪᠠ᠃ ᠡᠪᠡᠰᠦᠨ᠎ᠦ ᠡᠭᠦᠯᠳᠡᠷ᠎ᠤᠨ ᠱᠢᠨ᠎ᠡ᠎ᠶ᠋ᠢ ᠡᠭᠦᠳᠬᠦ᠌᠂ ᠮᠠᠲ᠋ᠧᠷᠢᠶᠠᠯ᠎ᠤᠨ ᠱᠢᠨ᠎ᠡ᠎ᠶ᠋ᠢ ᠡᠭᠦᠳᠬᠦ᠌᠂ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠂ ᠠᠭᠤᠯᠤᠭᠳᠠᠬᠤᠨ᠎ᠤ ᠱᠢᠨ᠎ᠡ᠎ᠶ᠋ᠢ ᠡᠭᠦᠳᠬᠦ᠌᠂ ᠲᠣᠭ᠍ᠲᠠᠴᠠ ᠵᠢᠨ ᠱᠢᠨ᠎ᠡ᠎ᠶ᠋ᠢ ᠡᠭᠦᠳᠬᠦ᠌᠎ᠪᠡᠷ ᠳᠠᠮᠵᠢᠭᠤᠯᠤᠨ᠂ ᠤᠷᠢᠳ ᠵᠢᠡᠷ ᠱᠢᠨᠵᠢᠯᠡᠬᠦ᠌ ᠤᠬᠠᠭᠠᠨ᠎ᠤ ᠰᠤᠳᠤᠯᠭᠠᠨ ᠬᠢᠵᠦ᠍ ᠳᠠᠷᠠᠭ᠎ᠠ᠎ᠨᠢ ᠵᠠᠰᠠᠨ ᠰᠡᠷᠭᠦᠭᠡᠬᠦ᠌᠂ ᠰᠤᠳᠤᠯᠬᠤ᠎ᠶ᠋ᠢᠨ ᠳᠠᠭᠠᠤ ᠦᠶ᠋ᠯᠡᠳᠦᠯᠭᠡᠵᠢᠭᠦᠯᠬᠦ᠌᠎ᠶ᠋ᠢ ᠪᠠᠷᠢᠮᠲᠠᠯᠠᠵᠤ᠂ ᠦᠶ᠋ᠯᠡᠳᠦᠯᠭᠡ᠎ᠶ᠋ᠢᠨ ᠳᠤᠮᠳᠠ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠮᠧᠩ ᠼᠤᠤ ᠪᠦᠯᠦᠭᠯᠡᠯ ᠺᠤᠮᠫᠠᠨᠢ ᠵᠢᠨ ᠠᠯᠢ ᠣᠯᠠᠨ ᠭᠤᠤᠯᠯᠠᠬᠤ ᠮᠡᠷᠭᠡᠵᠢᠯ᠎ᠦᠨ ᠱᠢᠰᠲ᠋ᠧᠮ᠎ᠢ ᠪᠠᠢᠭᠤᠯᠪᠠ᠃ ᠡᠭᠦᠨ᠎ᠦ ᠬᠠᠮᠲᠤ᠂ ᠵᠠᠰᠠᠨ ᠰᠡᠷᠭᠦᠭᠡᠭᠰᠡᠨ ᠲᠤᠷᠰᠢᠯᠭ᠎ᠠ ᠪᠠᠨ ᠳ᠋ᠦᠩᠨᠡᠵᠦ᠂ ᠠᠵᠤ ᠠᠬᠤᠢᠯᠠᠯ᠎ᠤᠨ ᠪᠠᠷᠢᠮᠵᠢᠶ᠎ᠠ᠎ᠶ᠋ᠢ 300 ᠭᠠᠷᠤᠶ ᠨᠠᠢᠷᠠᠭᠤᠯᠤᠨ ᠲᠣᠭ᠍ᠲᠠᠭᠠᠵᠤ᠂ ᠤᠯᠤᠰ᠂ ᠠᠵᠢᠯ ᠲᠥᠷᠥᠯ᠂ ᠣᠷᠣᠨ ᠨᠤᠲᠤᠭ᠂ ᠪᠦᠯᠬᠦᠮ ᠨᠡᠢᠲᠡ᠎ᠶ᠋ᠢᠨ ᠪᠠᠷᠢᠮᠵᠢᠶ᠎ᠠ ᠵᠢ 81ᠲᠤᠭᠲᠠᠭᠠᠵᠤ᠂ 49 ᠵᠦᠶ᠋ᠯ᠎ᠢ ᠨᠢ ᠨᠢᠭᠡᠨᠲᠡ ᠨᠡᠢᠲᠡᠯᠡᠪᠡ; ᠨᠡᠢᠲᠡ 555 ᠵᠦᠶ᠋ᠯ᠎ᠦᠨ ᠲᠤᠰᠭᠠᠶ ᠠᠱᠢᠭ᠎ᠤᠨ ᠡᠷᠭᠡ ᠵᠢ ᠭᠤᠶᠤᠴᠢᠯᠠᠵᠤ᠂ 272 ᠵᠦᠶ᠋ᠯ᠎ᠦᠨ ᠲᠤᠰᠭᠠᠶ ᠠᠱᠢᠭ᠎ᠤᠨ ᠡᠷᠭᠡ ᠵᠢ ᠣᠯᠤᠭ᠍ᠰᠠᠨ ᠪᠥᠭᠡᠳ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠬᠡᠷᠡᠭᠯᠡᠭᠡᠨ᠎ᠢ ᠠᠭᠤᠰᠤᠯᠴᠠᠭᠤᠯᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠦᠶ᠋ᠯᠡᠳᠪᠦᠷᠢᠯᠡᠯ᠎ᠦᠨ ᠬᠦᠴᠦᠨ ᠪᠣᠯᠭᠠᠨ ᠤᠯᠠᠷᠢᠭᠤᠯᠬᠤ᠎ᠶ᠋ᠢ ᠠᠬᠢᠭᠤᠯᠪᠠ᠃

ᠡᠭᠦᠨ ᠡᠴᠡ ᠭᠠᠳᠠᠨ᠎ᠠ᠂ ᠪᠦᠯᠬᠦᠮ ᠨᠡᠢᠲᠡ ᠨᠢ ᠪᠠᠰᠠ ᠤᠨᠴᠠᠯᠢᠭᠲᠤ ᠦᠷ᠎ᠡ᠎ᠶ᠋ᠢᠨ ᠦᠢᠯᠡᠰ ᠪᠣᠯᠤᠨ ᠲᠣᠭᠠᠴᠢᠯᠠᠭ᠍ᠰᠠᠨ ᠮᠡᠷᠭᠡᠵᠢᠯ᠎ᠢ ᠠᠱᠢᠭ᠍ᠯᠠᠨ ᠤᠨᠴᠠᠯᠢᠭᠲᠤ ᠠᠵᠤ ᠦᠢᠯᠡᠰ᠎ᠤᠨ ᠲᠦᠷᠭᠡᠨ ᠬᠦᠭᠵᠢᠯᠲᠡ ᠵᠢ ᠠᠬᠢᠭᠤᠯᠵᠤ᠂ ᠠᠮᠢ ᠠᠬᠤᠢ᠎ᠶ᠋ᠢᠨ ᠨᠡᠮᠡᠯᠲᠡ ᠦᠷᠳᠡᠭ᠎ᠢ ᠲᠠᠰᠤᠷᠠᠯᠳᠠ ᠦᠭᠡᠢ ᠳᠡᠭᠡᠭ᠌ᠰᠢᠯᠡᠭᠦᠯᠪᠡ᠃ ᠤᠳᠤᠬᠠᠨ ᠳ᠋ᠤ᠂ ᠣᠶᠤᠨᠴᠢᠯᠠᠭ᠍ᠰᠠᠨ ᠠᠮᠢ ᠠᠬᠤᠶ᠎ᠶ᠋ᠢᠨ ᠠᠵᠤ ᠦᠶ᠋ᠯᠡᠰ᠎ᠦᠨ ᠲᠣᠮᠣ ᠳ᠋ᠠᠢᠲ᠋ᠠ᠎ᠶ᠋ᠢᠨ ᠲᠠᠪᠴᠠᠩ᠎ᠢ ᠪᠠᠢᠭᠤᠯᠵᠤ᠂ ᠠᠮᠢ ᠠᠬᠤᠶ᠎ᠶ᠋ᠢᠨ ᠮᠡᠳᠡᠭᠡ ᠵᠠᠩᠭᠢ᠎ᠶ᠋ᠢᠨ ᠳ᠋ᠠᠢᠲ᠋ᠠᠵᠢᠯᠲᠠ᠂ ᠲᠣᠭᠠᠴᠢᠯᠠᠯᠲᠠ᠎ᠶ᠋ᠢ ᠪᠡᠶᠡᠯᠡᠭᠦᠯᠵᠦ᠍᠂ ᠣᠶᠤᠨᠴᠢ ᠪᠥᠭᠡᠳ ᠥᠨᠳᠥᠷ ᠪᠦᠲᠦᠮᠵᠢᠲᠡᠶ ᠠᠮᠢ ᠠᠬᠤᠶ ᠵᠢ ᠰᠡᠷᠭᠦᠭᠡᠬᠦ ᠠᠷᠭ᠎ᠠ ᠬᠡᠯᠪᠡᠷᠢ ᠵᠢ ᠠᠮᠵᠢᠯᠲᠠ᠎ᠲᠠᠶ ᠰᠦᠪᠡᠭ᠌ᠴᠢᠯᠡᠨ ᠭᠠᠷᠭᠠᠵᠤ᠂ ᠠᠮᠢ ᠠᠬᠤᠶ᠎ᠵᠢ ᠰᠡᠷᠬᠦᠭᠡᠬᠦ᠂ ᠮᠠᠯ ᠪᠡᠯᠴᠢᠭᠡᠷ᠎ᠦᠨ ᠲᠡᠩᠴᠡᠭᠦᠷᠢ ᠵᠢ ᠪᠠᠲᠤᠯᠠᠬᠤ᠂ ᠣᠨᠴᠠᠯᠢᠭ᠍ᠲᠤ ᠲᠠᠷᠢᠶᠠᠯᠠᠩ ᠎ᠤᠨ ᠪᠦᠲᠦᠭᠡᠭ᠌ᠳᠡᠬᠦᠨ ᠵᠡᠷᠭᠡ ᠬᠦᠷᠢᠶ᠎ᠡ ᠴᠠᠷᠠᠭᠠᠨ᠎ᠳᠡᠬᠢ ᠦᠷ᠎ᠡ ᠰᠣᠩᠭᠣᠬᠤ᠂ ᠦᠷ᠎ᠡ ᠬᠡᠷᠡᠭ᠌ᠯᠡᠬᠦ᠌ ᠬᠦᠴᠢᠷᠲᠡᠢ ᠠᠰᠠᠭᠤᠳᠠᠯ᠎ᠢ ᠰᠢᠢᠳᠪᠦᠷᠢᠯᠡᠭᠰᠡᠨ ᠪᠠᠢᠨ᠎ᠠ᠃

ᠳᠡᠯᠭᠡᠷ ᠵᠤᠨ᠎ᠤ ᠴᠡᠯᠡᠭᠡᠷ ᠲᠠᠯ᠎ᠠ ᠡᠪᠡᠰᠦ ᠨᠣᠭᠣᠭ᠎ᠠ ᠬᠥᠬᠡᠷᠡᠨ᠂ ᠬᠤᠸᠠᠷ ᠴᠡᠴᠡᠭ ᠮᠢᠷᠠᠯᠵᠠᠵᠤ᠂ ᠬᠤᠳᠠ᠎ᠶ᠋ᠢᠨ ᠠᠷᠠᠳ᠂ ᠵᠢᠭᠤᠯᠴᠢᠯᠠᠭ᠍ᠰᠠᠳ᠎ᠤᠨ ᠪᠠᠬᠠᠷᠬᠠᠯ᠎ᠢ ᠲᠠᠳᠠᠨ᠎ᠠ᠃ ᠥᠩᠭᠡᠷᠡᠭ᠌ᠰᠡᠨ᠎ᠳᠦ᠂ ᠬᠥᠮᠦᠨ᠎ᠦ ᠠᠵᠢᠯᠯᠠᠭ᠎ᠠ ᠪᠤᠶᠤ ᠪᠠᠢᠭᠠᠯᠢ᠎ᠶ᠋ᠢᠨ ᠱᠢᠯᠲᠠᠭᠠᠨ᠎ᠠᠴᠠ ᠪᠣᠯᠵᠣ᠂ ᠴᠡᠯᠡᠭᠡᠷ ᠲᠠᠯ᠎ᠠ ᠵᠢᠨ ᠠᠮᠢ ᠠᠬᠤᠶ ᠨᠢᠭᠡ ᠦᠶ᠎ᠡ ᠮᠠᠭᠤᠳᠠᠵᠤ ᠴᠦᠯᠯᠡᠷᠭᠡᠭᠵᠢᠭᠰᠡᠨ ᠶᠤᠮ᠃ 2012 ᠣᠨ᠎ᠳᠤ᠂ ᠮᠸᠩ ᠼᠤᠤ ᠪᠦᠯᠦᠭᠯᠡᠯ ᠺᠤᠮᠫᠠᠨᠢ ᠵᠢᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠦᠯᠬᠦᠮ᠎ᠦᠨ ᠬᠢᠨ ᠡᠨᠳᠡᠬᠢ ᠤᠰᠤ᠂ ᠬᠥᠷᠥᠰᠥ᠍᠂ ᠠᠭᠠᠷ᠂ ᠤᠷᠭᠤᠮᠠᠯ᠂ ᠠᠮᠢᠲᠠᠨ᠂ ᠮᠢᠺᠷᠣᠪ᠎ᠤᠨ ᠠᠮᠢ ᠠᠬᠤᠶ᠎ᠶ᠋ᠢᠨ ᠲᠣᠭ᠎ᠠ ᠪᠠᠷᠢᠮᠲᠠ᠎ᠳᠤ ᠵᠠᠳᠠᠯᠤᠯᠲᠠ ᠬᠢᠵᠦ᠍᠂ ᠶᠡᠷᠦᠩᠬᠡᠢᠯᠡᠨ ᠵᠠᠰᠠᠬᠤ ᠲᠥᠰᠦᠯ ᠲᠤᠭᠳᠠᠭᠠᠭᠰᠠᠨ ᠪᠦᠭᠡᠳ ᠬᠣᠶᠠᠷ ᠵᠢᠯ᠎ᠦᠨ ᠬᠤᠭᠤᠴᠠᠭ᠎ᠠ ᠵᠢ ᠬᠡᠷᠡᠭᠰᠡᠵᠦ ᠤᠷᠭᠤᠮᠠᠯ᠎ᠤᠨ ᠪᠦᠷᠬᠦᠴᠡ ᠵᠢᠨ ᠪᠦᠳᠦᠴᠡ ᠵᠢ ᠲᠠᠬᠢᠨ ᠴᠤᠭᠴᠠᠯᠠᠪᠠ᠃ ᠰᠡᠷᠭᠦᠭᠡᠭᠰᠡᠨ᠎ᠤ ᠳᠠᠷᠠᠭᠠᠬᠢ ᠨᠤᠲᠤᠭ ᠪᠡᠯᠴᠢᠭᠡᠷ᠎ᠤᠨ ᠾᠧᠺᠲ᠋ᠠᠷ ᠪᠦᠷᠢ ᠵᠢᠨ ᠵᠢᠯ᠎ᠦᠨ ᠬᠦᠴᠢᠯᠲᠥ᠋ᠷᠥᠭ᠌ᠴᠢ ᠢᠯᠭᠠᠷᠠᠭᠤᠯᠬᠤ ᠬᠡᠮᠵᠢᠶ᠎ᠡ ᠨᠢ ᠪᠠᠷᠤᠭ 2800 ᠺᠢᠯᠣᠭ᠌ᠷᠠᠮ ᠪᠤᠯᠪᠠ᠃ 2020 ᠣᠨ᠎ᠳᠤ ᠴᠡᠯᠡᠭᠡᠷ ᠲᠠᠯ᠎ᠠ ᠲᠦᠷᠦᠭᠦᠦ ᠪᠦᠯᠦᠭ᠎ᠤᠨ ᠤᠯᠤᠰ᠎ᠤᠨ ᠲᠠᠯ᠎ᠠ ᠨᠤᠲᠤᠭ᠎ᠤᠨ ᠪᠠᠢᠭᠠᠯᠢ᠎ᠶ᠋ᠢᠨ ᠴᠡᠴᠡᠷᠯᠢᠭ ᠪᠤᠯᠵᠤ᠂ ᠠᠮᠢ ᠠᠬᠤᠢ᠎ᠶ᠋ᠢᠨ ᠰᠠᠢᠵᠢᠷᠠᠯᠲᠠ ᠨᠢ ᠪᠦᠬᠦᠢᠯᠡ ᠲᠠᠯᠠᠨ ᠬᠠᠷ᠎ᠠ ᠠᠭᠤᠯᠠ᠎ᠶ᠋ᠢᠨ ᠡᠮᠦᠨ᠎ᠡ ᠪᠡᠯ ᠳᠠᠭᠠᠤ ᠭᠠᠵᠠᠷ ᠣᠷᠣᠨ᠎ᠤ ᠠᠮᠢ ᠠᠬᠤᠢ ᠠᠭᠤᠷ ᠠᠮᠢᠰᠭᠤᠯ᠂ ᠦᠢᠯᠡᠳᠪᠦᠷᠢᠯᠡᠯ᠎ᠦᠨ ᠠᠷᠭ᠎ᠠ ᠬᠡᠯᠪᠡᠷᠢ᠂ ᠠᠮᠢᠳᠤᠷᠠᠯ᠎ᠤᠨ ᠳᠠᠳᠭᠠᠯ᠂ ᠭᠠᠵᠠᠷ ᠱᠢᠷᠣᠢ᠎ᠶ᠋ᠢᠨ ᠠᠱᠢᠭ᠍ᠯᠠᠯᠲᠠ᠎ᠶ᠋ᠢ ᠯᠤᠲᠤ ᠶᠡᠬᠡ ᠬᠤᠪᠢᠷᠠᠯᠲᠠ᠎ᠲᠠᠶ ᠪᠣᠯᠭᠠᠪᠠ᠃

ᠱᠢᠯᠢ᠎ᠶ᠋ᠢᠨ ᠭᠤᠤᠯ᠎ᠤᠨ ᠤᠯᠠᠭᠠᠶ ᠵᠢᠨ ᠲᠠᠯ᠎ᠠ ᠨᠤᠲᠤᠭ ᠳᠡᠭᠡᠷ᠎ᠡ ᠵᠠᠭᠤᠨ᠎ᠤ ᠶᠡᠷᠡᠭᠡᠳ ᠣᠨ᠎ᠤ ᠳᠤᠮᠳᠠᠴᠢ᠎ᠠᠴᠠ ᠬᠣᠢᠰᠢ ᠮᠠᠭᠤᠳᠠᠬᠤ᠂ ᠡᠯᠡᠰᠦᠷᠬᠡᠭ᠌ᠵᠢᠬᠦ᠌᠂ ᠬᠤᠵᠢᠷᠱᠢᠬᠤ ᠪᠠᠢᠳᠠᠯ᠎ᠲᠠᠶ ᠪᠣᠯᠪᠠ᠃ 2014 ᠣᠨ᠎ᠳᠤ᠂ ᠮᠸᠩ ᠼᠤᠤ ᠪᠦᠯᠦᠭᠯᠡᠯ ᠺᠤᠮᠫᠠᠨᠢ ᠲᠤᠬᠠᠶ᠎ᠶ᠋ᠢᠨ ᠭᠠᠵᠠᠷ᠎ᠲᠤ ᠨᠤᠲᠤᠭ ᠪᠡᠯᠴᠢᠭᠡᠷ᠎ᠦᠨ ᠠᠮᠢ ᠠᠬᠤᠶ᠎ᠶ᠋ᠢᠨ ᠱᠢᠰᠲ᠋ᠧᠮ᠎ᠦᠨ ᠰᠤᠳᠤᠯᠭᠠᠨ᠎ᠤ ᠬᠦᠷᠢᠶᠡᠯᠡᠩ ᠪᠠᠢᠭᠤᠯᠵᠤ᠂ ᠲᠤᠬᠠᠶ᠎ᠶ᠋ᠢᠨ ᠭᠠᠵᠠᠷ᠎ᠤᠨ ᠠᠮᠢ ᠠᠬᠤᠶ᠎ᠶ᠋ᠢᠨ ᠣᠷᠴᠢᠨ ᠲᠣᠭᠣᠷᠢᠨ᠎ᠢ ᠪᠠᠢᠴᠠᠭᠠᠨ ᠬᠡᠮᠵᠢᠵᠦ᠍᠂ ᠠᠳᠠᠯᠢ ᠪᠤᠰᠤ ᠭᠠᠵᠠᠷ᠎ᠤᠨ ᠪᠠᠢᠴᠠ ᠪᠠ ᠮᠠᠭᠤᠳᠠᠭ᠍ᠰᠠᠨ ᠬᠡᠮᠵᠢᠶ᠎ᠡ᠎ᠶ᠋ᠢ ᠦᠨᠳᠦᠰᠦᠯᠡᠵᠦ᠍᠂ ᠬᠠᠨᠳᠤᠯᠭᠠᠲᠤ ᠴᠢᠨᠠᠷᠲᠠᠶ ᠱᠢᠶ᠋ᠳᠪᠦᠷᠢᠯᠡᠬᠦ᠌ ᠲᠥᠰᠦᠯ ᠭᠠᠷᠭᠠᠪᠠ᠃ ᠶᠡᠷᠦᠩᠬᠡᠢᠯᠡᠭ᠌ᠰᠡᠨ ᠮᠡᠷᠭᠡᠵᠢᠯ᠎ᠦᠨ ᠠᠷᠭ᠎ᠠ ᠪᠡᠷ ᠠᠯᠢ ᠤᠯᠠᠨ ᠠᠮᠢ ᠠᠬᠤᠶ᠎ᠶ᠋ᠢᠨ ᠵᠠᠰᠠᠯᠳᠠ ᠵᠢᠨ ᠲᠥᠷᠥᠯ ᠵᠦᠢᠯ᠎ᠢ ᠥᠷᠨᠢᠭᠦᠯᠦᠨ᠂ 3 ᠲᠦᠮᠡᠨ ᠮᠦ᠍ ᠰᠢᠬᠠᠮ ᠡᠯᠡᠰᠦᠷᠬᠡᠭ᠌ᠵᠢᠭ᠌ᠰᠡᠨ ᠨᠤᠳᠤᠭ ᠪᠡᠯᠴᠢᠭᠡᠷ᠎ᠢ ᠵᠠᠰᠠᠵᠤ᠂ ᠤᠷᠭᠤᠮᠠᠯ᠎ᠤᠨ ᠪᠦᠷᠬᠦᠴᠡ᠎ᠶ᠋ᠢ 40%—60% ᠳ᠋ᠦ ᠬᠦᠷᠦᠬᠦᠯᠵᠡᠢ᠃ ᠤᠯᠠᠭᠠᠶ ᠵᠢᠨ ᠲᠠᠯ᠎ᠠ ᠨᠤᠲᠤᠭ᠎ᠤᠨ ᠠᠮᠢ ᠠᠬᠤᠶ᠎ᠶ᠋ᠢᠨ ᠰᠡᠷᠭᠦᠯᠳᠡ ᠨᠢ ᠴᠦᠯᠯᠡᠷᠭᠡᠭ᠌ᠵᠢᠯ᠎ᠢ ᠬᠣᠷᠢᠭ᠍ᠯᠠᠭ᠍ᠰᠠᠨ᠎ᠢᠶᠠᠷ ᠪᠠᠷᠠᠬᠤ ᠥᠬᠡᠶ᠂ ᠲᠤᠬᠠᠶ᠎ᠶ᠋ᠢᠨ ᠭᠠᠵᠠᠷ᠎ᠤᠨ ᠠᠮᠢ ᠠᠬᠤᠶ ᠣᠷᠴᠢᠨ ᠲᠣᠭᠣᠷᠢᠨ᠎ᠢ ᠦᠷᠭᠦᠯᠵᠢᠯᠡᠨ ᠰᠠᠢᠵᠢᠷᠠᠭᠤᠯᠵᠤ᠂ ᠣᠲᠣ ᠦᠶ᠎ᠡ᠎ᠶ᠋ᠢᠨ ᠪᠡᠯᠴᠢᠭᠡᠷ ᠮᠠᠯ ᠠᠵᠤ ᠠᠬᠤᠶ᠂ ᠵᠢᠭᠤᠯᠴᠢᠯᠠᠯ᠎ᠤᠨ ᠦᠶ᠋ᠯᠡᠰ᠎ᠦᠨ ᠬᠥᠭ᠌ᠵᠢᠯᠲᠡ᠎ᠳᠦ ᠣᠨᠴᠠᠭᠠᠶ ᠨᠥᠬᠥᠴᠡᠯ ᠬᠠᠩᠭᠠᠭ᠍ᠰᠠᠨ ᠪᠠᠢᠨ᠎ᠠ᠃

《ᠲᠣᠭᠠᠴᠢᠯᠠᠭ᠍ᠰᠠᠨ ᠦᠷ᠎ᠡ᠎ᠶ᠋ᠢᠨ ᠦᠶ᠋ᠯᠡᠰ᠎ᠦᠨ ᠲᠣᠮᠣ ᠳ᠋ᠠᠢᠲ᠋ᠠ᠎ᠶ᠋ᠢᠨ ᠲᠠᠪᠴᠠᠩ》᠎ᠢ᠋ ᠨᠡᠭᠡᠭᠡᠨ ᠠᠰᠢᠭᠯᠠᠵᠤ᠂ ᠲᠣᠭᠠᠴᠢᠯᠠᠭ᠍ᠰᠠᠨ ᠮᠡᠷᠭᠡᠵᠢᠯ᠎ᠢᠶᠡᠷ ᠣᠷᠣᠨ ᠪᠦᠰᠡ᠎ᠶ᠋ᠢᠨ ᠤᠰᠤ ᠬᠥᠷᠥᠰᠥ᠍ ᠠᠭᠠᠷ᠎ᠤᠨ ᠵᠢᠭᠠᠯᠳᠠ ᠲᠣᠭ᠎ᠠ᠎ᠳᠤ ᠵᠠᠳᠠᠯᠤᠯᠲᠠ ᠬᠢᠵᠦ᠍᠂ ᠡᠭᠦᠯᠳᠡᠷ᠂ ᠲᠣᠭ᠎ᠠ ᠬᠡᠮᠵᠢᠶ᠎ᠡ᠂ ᠶᠠᠰᠤ ᠴᠢᠨᠠᠷ᠂ ᠲᠠᠷᠢᠵᠤ ᠤᠷᠭᠤᠭᠤᠯᠬᠤ ᠬᠠᠮᠢᠶᠠᠷᠤᠯᠲᠠ᠂ ᠡᠪᠡᠳᠴᠢᠨ ᠬᠢᠵᠢᠭ᠎ᠢ ᠰᠡᠷᠭᠡᠢᠯᠡᠬᠦ᠌᠂ ᠤᠨᠠᠯᠲᠠ ᠵᠢ ᠬᠡᠮᠵᠢᠬᠦ ᠬᠤᠷᠢᠶᠠᠬᠤ ᠵᠡᠷᠭᠡ᠎ᠨᠢ《ᠪᠥᠬᠥ᠌ ᠤᠯᠤᠰ᠎ᠤᠨ ᠦᠷ᠎ᠡ᠎ᠶ᠋ᠢᠨ ᠦᠶ᠋ᠯᠡᠰ᠎ᠦᠨ ᠲᠣᠭᠠᠴᠢᠯᠠᠭ᠍ᠰᠠᠨ ᠰᠦᠯᠵᠢᠶ᠎ᠡ》᠂《ᠪᠥᠬᠥ᠌ ᠤᠯᠤᠰ᠎ᠤᠨ ᠲᠠᠷᠢᠶᠠᠯᠠᠩ᠎ᠤᠨ ᠲᠣᠭᠠᠴᠢᠯᠠᠭ᠍ᠰᠠᠨ ᠦᠶ᠋ᠯᠡᠴᠢᠯᠡᠭᠡᠨ᠎ᠦ ᠲᠠᠪᠴᠠᠩ》᠎ᠢ᠋ ᠪᠦᠷᠢᠯᠳᠦᠭᠦᠯᠵᠦ᠍᠂ ᠲᠠᠷᠢᠶᠠᠯᠠᠩ᠎ᠤᠨ ᠲᠣᠭᠠᠴᠢᠯᠠᠭ᠍ᠰᠠᠨ ᠬᠥᠭ᠌ᠵᠢᠯᠲᠡ᠎ᠳᠦ ᠵᠢᠯᠣᠭᠣᠳᠣᠯᠭ᠎ᠠ ᠦᠶ᠋ᠯᠡᠴᠢᠯᠡᠭᠡ ᠬᠠᠩᠭᠠᠵᠤ ᠪᠤᠢ᠃

ᠮᠸᠩ ᠼᠤᠤ ᠪᠦᠯᠦᠭᠯᠡᠯ ᠺᠤᠮᠫᠠᠨᠢ 2017 ᠣᠨ᠎ᠳᠤ 《ᠤᠯᠤᠰ᠎ᠤᠨ ᠮᠡᠳᠡᠯᠭᠡ᠎ᠶ᠋ᠢᠨ ᠦᠮᠴᠢᠯᠡᠯ᠎ᠤᠨ ᠡᠷᠬᠡ᠎ᠶ᠋ᠢᠨ ᠳᠠᠪᠠᠭᠤᠯᠢᠭ ᠠᠵᠤ ᠠᠬᠤᠢᠯᠠᠯ》ᠵᠢᠡᠷ ᠪᠠᠳᠤᠯᠠᠭᠳᠠᠪᠠ; 2019 ᠣᠨ᠎ᠳᠤ ᠮᠡᠳᠡᠯᠭᠡ᠎ᠶ᠋ᠢᠨ ᠦᠮᠴᠢᠯᠡᠯ᠎ᠤᠨ ᠡᠷᠬᠡ᠎ᠶ᠋ᠢᠨ ᠬᠠᠮᠢᠶᠠᠷᠤᠯᠲᠠ᠎ᠶ᠋ᠢᠨ ᠱᠢᠰᠲ᠋ᠧᠮ᠎ᠤᠨ ᠭᠡᠷᠡᠴᠢᠯᠡᠭᠡ ᠵᠢ ᠦᠩᠭᠡᠷᠡᠭᠡᠵᠦ᠂ ᠠᠵᠤ ᠠᠬᠤᠢᠯᠠᠯ᠎ᠤᠨ ᠮᠡᠳᠡᠯᠭᠡ᠎ᠶ᠋ᠢᠨ ᠦᠮᠴᠢᠯᠡᠯ᠎ᠤᠨ ᠡᠷᠬᠡ᠎ᠶ᠋ᠢᠨ ᠡᠭᠦᠳᠦᠨ ᠪᠦᠲᠦᠭᠡᠬᠦ᠌᠂ ᠬᠠᠮᠠᠭᠠᠯᠠᠬᠤ᠂ ᠬᠡᠷᠡᠭ᠌ᠯᠡᠬᠦ᠌ ᠪᠠ ᠲᠦᠭ᠌ᠰᠢᠭᠦᠷᠢ᠎ᠶ᠋ᠢ ᠰᠡᠷᠭᠡᠢᠯᠡᠬᠦ ᠱᠢᠰᠲ᠋ᠧᠮᠵᠢᠭ᠌ᠰᠡᠨ ᠬᠠᠮᠢᠶᠠᠷᠤᠯᠲᠠ᠎ᠶ᠋ᠢᠨ ᠵᠠᠭ᠍ᠪᠤᠷ᠎ᠢ ᠪᠥᠬᠥ᠌ ᠲᠠᠯ᠎ᠠ᠎ᠪᠠᠷ ᠡᠬᠢᠯᠡᠭᠦᠯᠵᠦ᠍᠂ ᠦᠶ᠋ᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ᠎ᠢ ᠭᠦᠨᠵᠡᠭᠡᠶ ᠠᠭᠤᠰᠤᠯᠴᠠᠭᠤᠯᠬᠤ᠎ᠶ᠋ᠢ ᠠᠬᠢᠭᠤᠯᠵᠤ᠂ ᠠᠵᠤ ᠠᠬᠤᠢᠯᠠᠯ᠎ᠤᠨ ᠭᠤᠤᠯᠯᠠᠬᠤ ᠬᠦᠴᠦᠨ ᠪᠠ ᠥᠷᠢᠰᠦᠯᠳᠦᠬᠦ᠌ ᠬᠦᠴᠦᠨ᠎ᠵᠢᠡᠨ ᠤᠯᠠᠮ ᠴᠢᠨᠠᠭᠰᠢᠲᠠ ᠴᠢᠩᠭᠠᠷᠠᠭᠤᠯᠪᠠ᠃

ᠤᠳᠤ᠂ ᠮᠸᠩ ᠼᠤᠤ ᠪᠦᠯᠦᠭᠯᠡᠯ ᠺᠤᠮᠫᠠᠨᠢ ᠡᠪᠡᠰᠦᠨ᠎ᠦ ᠦᠶ᠋ᠯᠡᠰ᠎ᠦᠨ ᠮᠡᠳᠡᠯᠭᠡ᠎ᠶ᠋ᠢᠨ ᠦᠮᠴᠢᠯᠡᠯ᠎ᠤᠨ ᠡᠷᠬᠡ᠎ᠶ᠋ᠢᠨ ᠡᠵᠡᠩᠨᠡᠯᠲᠡ ᠎ᠶ᠋ᠢᠨ ᠲᠥᠪ᠎ᠤᠨ ᠪᠠᠢᠭᠤᠯᠤᠯᠳᠠ᠎ᠶ᠋ᠢ ᠢᠳᠡᠪᠬᠢᠲᠡᠶ ᠠᠬᠢᠭᠤᠯᠵᠤ ᠪᠠᠢᠨ᠎ᠠ᠂ ᠢᠷᠡᠭᠡᠳᠦᠶ᠎ᠳᠦ ᠳᠡᠭᠡᠳᠦ ᠰᠤᠷᠭᠠᠭᠤᠯᠢ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ ᠲᠠᠢ ᠬᠠᠮᠲᠤᠷᠠᠨ ᠨᠥᠯᠥᠭᠡᠯᠡᠬᠦ᠌ ᠬᠦᠴᠦᠨ ᠲᠠᠢ᠂ ᠥᠷᠢᠰᠥᠯᠳᠦᠬᠦ᠌ ᠬᠦᠴᠦᠨ ᠲᠠᠢ ᠡᠪᠡᠰᠦᠨ᠎ᠦ ᠠᠵᠤ ᠦᠶ᠋ᠯᠡᠰ᠎ᠦᠨ ᠱᠢᠨ᠎ᠡ᠎ᠶ᠋ᠢ ᠡᠭᠦᠳᠬᠦ᠌ ᠠᠵᠤ ᠦᠶ᠋ᠯᠡᠰ᠎ᠦᠨ ᠬᠡᠯᠬᠢᠶ᠎ᠡ ᠵᠢ ᠡᠭᠦᠳᠦᠨ ᠪᠠᠢᠭᠤᠯᠵᠤ᠂ ᠡᠪᠡᠰᠦᠨ᠎ᠦ ᠠᠵᠤ ᠦᠢᠯᠡᠰ᠎ᠦᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠵᠠᠩᠭᠢᠯᠠᠭ᠎ᠠ᠎ᠶ᠋ᠢᠨ ᠮᠡᠷᠭᠡᠵᠢᠯ᠂ ᠭᠤᠤᠯᠯᠠᠬᠤ ᠦᠷ᠎ᠡ ᠪᠦᠲᠦᠭᠡᠯ᠎ᠢ ᠤᠯᠠᠷᠢᠭᠤᠯᠬᠤ ᠰᠠᠭᠤᠷᠢᠨ ᠵᠢᠴᠢ ᠠᠵᠤ ᠠᠬᠤᠢᠯᠠᠯ᠎ᠤᠨ ᠨᠡᠪᠴᠢᠭᠦᠯᠬᠦ᠌ ᠲᠠᠪᠴᠠᠩ᠎ᠢ ᠴᠤᠭᠴᠠᠯᠠᠵᠤ᠂ ᠡᠪᠡᠰᠦᠨ᠎ᠦ ᠠᠵᠤ ᠦᠢᠯᠡᠰ᠎ᠦᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠵᠠᠬ᠎ᠠ ᠳᠡᠯᠭᠡᠭᠦᠷᠴᠢᠯᠡᠬᠦ᠌ ᠠᠷᠭ᠎ᠠ ᠵᠠᠮ᠎ᠢ ᠨᠡᠪᠲᠡᠷᠡᠭᠦᠯᠦᠨ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠢᠶᠡᠷ ᠠᠵᠤ ᠠᠬᠤᠢᠯᠠᠯ᠎ᠤᠨ ᠬᠥᠭ᠌ᠵᠢᠯᠳᠡ ᠳ᠋ᠤ ᠬᠦᠴᠦᠨ ᠨᠡᠮᠡᠷᠢᠯᠡᠨ᠎ᠡ᠃


QQ截图20220528205124.jpg


ᠡᠪᠡᠰᠦᠨ᠎ᠤ ᠲᠤᠭᠠᠴᠢᠯᠠᠭᠰᠠᠨ ᠵᠢᠯᠤᠭᠤᠳᠬᠤ ᠲᠦᠪ


1.jpg


ᠬᠦᠷᠦᠰᠦᠨ᠎ᠤ ᠦᠯᠢᠭᠡᠷ ᠶᠠᠩᠵᠤ ᠵᠢ ᠰᠢᠯᠭᠠᠨ ᠪᠠᠢᠴᠠᠭᠠᠨ᠎ᠠ


QQ图片20220528203326.png


ᠦᠷ᠎ᠡ ᠡᠳ᠋᠎ᠤᠨ ᠡᠬᠢ ᠪᠠᠶᠠᠯᠢᠭ᠎ᠤᠨ ᠬᠦᠮᠦᠷᠭᠡ


QQ图片20220528203335.png


ᠦᠷ᠎ᠡ ᠵᠢᠨ ᠦᠢᠯᠡᠰ᠎ᠤᠨ ᠲᠦᠪ


QQ图片20220528203344.png


ᠶᠠᠪᠠᠭᠠᠨ ᠵᠦᠯᠬᠡ ᠨᠢ ᠤᠯᠠᠨ ᠤᠯᠤᠰ᠎ᠤᠨ ᠬᠤᠯᠪᠤᠭᠠᠲᠤ ᠪᠠᠢᠭᠤᠯᠭ᠎ᠠ ᠵᠢᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠵᠤᠬᠢᠶᠠᠨ ᠪᠠᠢᠭᠤᠯᠤᠯᠲᠠ ᠵᠢᠨ ᠬᠠᠮᠤᠭ᠎ᠤᠨ ᠰᠢᠯᠢᠳᠡᠭ ᠡᠭᠦᠳᠦᠯᠲᠡ ᠵᠢᠨ ᠱᠠᠩᠨᠠᠯ᠎ᠢ ᠬᠦᠷᠲᠡᠪᠡ


QQ图片20220528203355.png


ᠦᠷ᠎ᠡ ᠵᠢᠨ ᠦᠢᠯᠡᠰ᠎ᠤᠨ ᠲᠦᠪ᠎ᠤᠨ ᠭᠠᠳᠠᠷ ᠦᠵᠡᠮᠵᠢ


2.jpg


ᠠᠦ᠋ᠲ᠋ᠤᠴᠢᠯᠠᠭᠰᠠᠨ ᠦᠷ᠎ᠡ ᠴᠢᠬᠢ ᠵᠢᠨ ᠦᠢᠯᠡᠳᠪᠦᠷᠢᠯᠡᠯ᠎ᠤᠨ ᠱᠤᠭᠤᠮ


QQ图片20220528203415.png


ᠬᠦᠷᠦᠰᠦᠨ᠎ᠤ ᠡᠬᠢ ᠪᠠᠶᠠᠯᠢᠭ᠎ᠤᠨ ᠬᠦᠮᠦᠷᠭᠡ


QQ图片20220528203427.png


ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠦᠯᠬᠦᠮ


QQ图片20220528203436.png


ᠶᠠᠪᠠᠭᠠᠨ ᠵᠦᠯᠭᠡ ᠬᠡᠤᠬᠡᠤᠨ᠎ᠤᠨ ᠪᠠᠬᠠᠷᠬᠠᠯ᠎ᠢ ᠲᠠᠳᠠᠨ᠎ᠠ


QQ图片20220528203405.png


ᠠᠮᠢ ᠠᠬᠤᠢ ᠵᠢ ᠰᠡᠷᠭᠦᠭᠡᠭᠰᠡᠨ᠎ᠤ ᠳᠠᠷᠠᠭᠠᠬᠢ ᠴᠡᠯᠡᠭᠡᠷ ᠲᠠᠯ᠎ᠠ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面