ᠱᠢᠨ᠎᠎ᠡ ᠴᠠᠭ ᠦᠶ᠎ᠡ᠎ᠳ᠋ᠦ᠍ ᠭᠠᠪᠢᠶ᠎ᠠ ᠪᠠᠢᠭᠤᠯᠤᠶ᠎ᠠ > ᠶᠡᠷᠦᠩᠬᠡᠢ ᠱᠦᠵᠢ ᠎ᠶ᠋ᠢᠨ ᠶᠠᠪᠤᠵᠤ ᠦᠩᠭᠡᠷᠡᠭᠰᠡᠨ ᠮᠥᠷ ᠎ᠢ᠋ᠶ᠋ᠡᠷ

2022-05-27 10:10:46

ᠵᠣᠬᠢᠶᠠᠭ᠍ᠴᠢ᠄ ᠠᠨᠠᠷ ᠣᠩᠱᠢᠭ᠍ᠰᠠᠨ ᠣᠳᠠᠭ᠎ᠠ᠄ 3

[ᠰᠤᠨᠢᠨ ᠮᠡᠳᠡᠭᠡᠨ᠎ᠤ ᠡᠷᠭᠢᠴᠡᠭᠦᠯᠦᠯ]

2019 ᠤᠨ ᠤ᠋ 7 ᠰᠠᠷ᠎ᠠ ᠶ᠋ᠢᠨ 16 ᠤ᠋ ᠦᠳᠡ ᠶ᠋ᠢᠨ ᠡᠮᠦᠨ᠎ᠡ᠂ ᠶᠡᠷᠦᠡᠭᠬᠡᠢ ᠱᠥᠵᠢ ᠰᠢ ᠵᠢᠨ ᠫᠢᠩ ᠦᠪᠦᠷ ᠮᠤᠩᠭᠤᠯ ᠤ᠋ᠨ ᠦᠪᠡᠷᠲᠡᠭᠡᠨ ᠵᠠᠰᠠᠬᠤ ᠣᠷᠣᠨ ᠤ᠋ ᠪᠠᠢᠭᠠᠯᠢ ᠶ᠋ᠢᠨ ᠡᠬᠢ ᠪᠠᠶᠠᠯᠢᠭ ᠤ᠋ᠨ ᠲᠢᠩᠬᠢᠮ ᠳ᠋ᠦ ᠬᠦᠷᠴᠦ᠍᠂ ᠪᠠᠢᠭᠠᠯᠢ ᠶ᠋ᠢᠨ ᠡᠬᠢ ᠪᠠᠶᠠᠯᠢᠭ ᠤ᠋ᠨ ᠲᠢᠩᠬᠢᠮ ᠤ᠋ᠨ《ᠤᠭ ᠰᠠᠨᠠᠭ᠎ᠠ ᠪᠠᠨ ᠦᠯᠦ᠍ ᠮᠠᠷᠲᠠᠵᠤ ᠡᠭᠦᠷᠭᠡ ᠬᠠᠷᠢᠭᠣᠴᠠᠯᠭ᠎ᠠ ᠪᠠᠨ ᠪᠠᠲᠤ ᠴᠡᠭᠡᠵᠢᠯᠡᠬᠦ᠌》 ᠭᠣᠣᠯ ᠰᠡᠳᠦᠪᠲᠤ ᠬᠦᠮᠦᠵᠢᠯ ᠢ᠋ ᠦᠷᠨᠢᠭᠦᠯᠵᠦ᠍ ᠪᠠᠢᠬᠤ ᠲᠣᠬᠠᠢ ᠪᠠᠢᠴᠠᠭᠠᠨ ᠰᠣᠳᠣᠯᠵᠤ ᠵᠢᠭᠠᠨ ᠵᠢᠯᠤᠭᠤᠳᠪᠠ᠃ ᠲᠡᠷᠡ ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠦᠴᠢᠷ ᠤ᠋ᠨ ᠬᠢᠨ ᠭᠣᠣᠯ ᠰᠡᠳᠦᠪᠲᠤ ᠬᠦᠮᠦᠵᠢᠯ ᠢ᠋ ᠦᠷᠨᠢᠭᠦᠯᠬᠦ᠌ ᠶᠠᠪᠣᠴᠠ ᠳ᠋ᠠᠭᠠᠨ《ᠳᠦᠷᠪᠡ ᠵᠢ ᠪᠣᠲᠠᠲᠠᠢᠵᠢᠭᠤᠯᠬᠤ》 ᠵᠢ ᠠᠩᠬᠠᠷᠬᠤ ᠬᠡᠷᠡᠭᠲᠡᠢ᠄ ᠨᠢᠭᠡ ᠳ᠋ᠦ᠂ ᠦᠵᠡᠯ ᠰᠠᠨᠠᠭ᠎ᠠ ᠲᠠᠨᠢᠯᠲᠠ ᠪᠠᠨ ᠪᠣᠲᠠᠲᠠᠢᠵᠢᠭᠤᠯᠵᠤ᠂ ᠰᠣᠷᠣᠯᠴᠠᠯᠭ᠎ᠠ ᠵᠢ ᠢᠮᠠᠭᠲᠠ ᠲᠣᠭᠣᠱᠢᠯᠠᠭᠤᠯᠤᠨ᠂ ᠭᠣᠣᠯ ᠰᠡᠳᠦᠪᠲᠤ ᠬᠦᠮᠦᠵᠢᠯ ᠤ᠋ᠨ ᠴᠢᠬᠤᠯᠠ ᠶᠡᠬᠡ ᠣᠳᠭ᠎ᠠ ᠠᠭᠤᠯᠭ᠎ᠠ ᠶ᠋ᠢᠨ ᠲᠣᠬᠠᠢ ᠲᠠᠨᠢᠯᠲᠠ ᠪᠠᠨ ᠲᠠᠰᠣᠷᠠᠯᠲᠠ ᠦᠭᠡᠢ ᠭᠦᠨᠵᠡᠭᠡᠢᠷᠡᠭᠦᠯᠵᠦ᠍ ᠂ ᠨᠠᠮ ᠤ᠋ᠨ ᠤᠭ ᠰᠠᠨᠠᠭ᠎ᠠ ᠪᠣᠯᠣᠨ ᠡᠭᠦᠷᠭᠡ ᠬᠠᠷᠢᠭᠤᠴᠠᠯᠭ᠎ᠠ ᠶ᠋ᠢᠨ ᠲᠣᠬᠠᠢ ᠲᠠᠨᠢᠯᠲᠠ ᠪᠠᠨ ᠭᠦᠨᠵᠡᠭᠡᠢᠷᠡᠭᠦᠯᠵᠦ᠍᠂ ᠨᠠᠮ ᠳ᠋ᠤ ᠲᠣᠯᠭᠠᠷᠠᠵᠤ ᠪᠠᠢᠬᠤ ᠠᠶᠤᠯ ᠲᠦᠭᠱᠢᠭᠦᠷᠢ ᠶ᠋ᠢᠨ ᠱᠢᠯᠭᠠᠯᠲᠠ ᠶ᠋ᠢᠨ ᠲᠣᠬᠠᠢ ᠲᠠᠨᠢᠯᠲᠠ ᠪᠠᠨ ᠭᠦᠨᠵᠡᠭᠡᠢᠷᠡᠭᠦᠯᠬᠦ᠌ ᠬᠡᠷᠡᠭᠲᠡᠢ᠃ ᠰᠣᠷᠣᠯᠴᠠᠬᠤ ᠳ᠋ᠠᠭᠠᠨ ᠬᠡᠯᠪᠡᠷᠢᠴᠢ ᠦᠵᠡᠯ ᠢ᠋ ᠠᠪᠴᠤ᠌ ᠪᠣᠯᠬᠤ ᠦᠭᠡᠢ᠂ ᠠᠪᠣᠨ ᠳᠣᠣᠷ᠎ᠠ ᠨᠢ ᠠᠮᠵᠢᠯᠲᠠ ᠤᠯᠬᠤ ᠪᠡᠷ ᠶᠠᠭᠠᠷᠠᠵᠤ ᠪᠤᠯᠬᠤ ᠦᠭᠡᠢ᠂ ᠣᠳᠠᠭ᠎ᠠ ᠪᠦᠷᠢ ᠱᠢᠨ᠎ᠡ ᠲᠠᠪᠰᠢᠯᠳᠠ ᠲᠠᠢ ᠱᠢᠨ᠎ᠡ ᠣᠢᠯᠠᠭᠠᠯᠲᠠ ᠲᠠᠢ ᠪᠠᠢᠬᠤ ᠂ ᠣᠳᠠᠭᠠᠨ ᠡᠳᠦᠷ ᠵᠣᠵᠠᠭᠠᠨ ᠬᠤᠨᠤᠭ ᠵᠢᠡᠷ ᠬᠣᠷᠠᠮᠳᠣᠭᠤᠯᠬᠤ ᠬᠡᠷᠡᠭᠲᠡᠢ᠃ ᠪᠣᠲᠠᠲᠠᠢ ᠲᠠᠢ ᠣᠶᠠᠯᠳᠣᠭᠣᠯᠣᠨ ᠰᠣᠷᠣᠯᠴᠠᠬᠤ ᠵᠢ ᠴᠢᠩᠭᠠᠳᠭᠠᠵᠤ᠂ ᠠᠮᠢ ᠠᠬᠤᠢ ᠶ᠋ᠢᠨ ᠪᠣᠯᠪᠠᠰᠣᠨ ᠤ᠋ ᠪᠠᠢᠭᠤᠯᠤᠯᠲᠠ ᠶ᠋ᠢᠨ ᠴᠢᠬᠤᠯᠠ ᠴᠢᠨᠠᠷ ᠤ᠋ᠨ ᠲᠣᠬᠠᠢ ᠣᠢᠯᠠᠭᠠᠯᠲᠠ ᠪᠠᠨ ᠭᠦᠨᠵᠡᠭᠡᠢᠷᠡᠭᠦᠯᠦᠨ᠂ ᠨᠠᠮ ᠤ᠋ᠨ ᠲᠦᠪ ᠬᠣᠷᠢᠶᠠᠨ ᠤ᠋ ᠦᠪᠦᠷ ᠮᠤᠩᠭᠤᠯ ᠤ᠋ᠨ ᠪᠠᠢᠯᠳᠣᠬᠤ ᠪᠣᠳᠣᠯᠭ᠎ᠠ ᠶ᠋ᠢᠨ ᠪᠠᠢᠷᠢ ᠲᠣᠭᠲᠠᠭᠠᠯᠲᠠ ᠶ᠋ᠢᠨ ᠲᠣᠬᠠᠢ ᠣᠢᠯᠠᠭᠠᠯᠲᠠ ᠪᠠᠨ ᠭᠦᠨᠵᠡᠭᠡᠢᠷᠡᠭᠦᠯᠵᠦ᠍᠂ ᠲᠣᠰ ᠪᠡᠶ᠎ᠡ ᠶ᠋ᠢᠨ ᠲᠣᠱᠢᠶᠠᠯ ᠬᠠᠷᠢᠭᠤᠴᠠᠯᠭ᠎ᠠ ᠶ᠋ᠢᠨ ᠲᠣᠬᠠᠢ ᠣᠢᠯᠠᠭᠠᠯᠲᠠ ᠪᠠᠨ ᠭᠦᠨᠵᠡᠭᠡᠢᠷᠡᠭᠦᠯᠬᠦ᠌ ᠬᠡᠷᠡᠭᠲᠡᠢ᠃ ᠬᠣᠶᠠᠷ ᠲᠤ᠌᠂ ᠠᠰᠠᠭᠤᠳᠠᠯ ᠢ᠋ ᠪᠠᠢᠴᠠᠭᠠᠨ ᠰᠢᠨᠵᠢᠬᠦ ᠵᠢ ᠪᠣᠲᠠᠲᠠᠢᠵᠢᠭᠤᠯᠵᠤ᠂ ᠭᠦᠨᠵᠡᠭᠡᠢ ᠪᠠᠢᠴᠠᠭᠠᠨ ᠰᠣᠳᠣᠯᠣᠯᠲᠠ ᠬᠢᠵᠦ᠍᠂ ᠠᠰᠠᠭᠤᠳᠠᠯ ᠢ᠋ ᠡᠷᠢᠨ ᠣᠯᠵᠤ᠂ ᠤᠨᠤᠪᠴᠢᠲᠠᠢ ᠡᠷᠢᠵᠦ ᠤᠯᠵᠤ᠂ ᠦᠨᠳᠦᠰᠦ ᠱᠢᠯᠲᠠᠭᠠᠨ ᠢ᠋ ᠨᠢ ᠭᠦᠨᠵᠡᠭᠡᠢ ᠮᠠᠯᠲᠠᠨ᠂ ᠴᠢᠷᠮᠠᠢᠬᠤ ᠴᠢᠭᠯᠡᠯ ᠪᠠ ᠬᠠᠯᠠᠨ ᠰᠠᠢᠵᠢᠷᠠᠭᠤᠯᠬᠤ ᠠᠷᠭ᠎ᠠ ᠠᠪᠴᠠᠯ ᠶ᠋ᠢᠡᠨ ᠳᠣᠲᠣᠷᠬᠠᠢᠯᠠᠬᠤ ᠬᠡᠷᠡᠭᠲᠡᠢ᠃ ᠭᠣᠷᠪᠠ ᠳ᠋ᠤ᠂ ᠴᠡᠭᠴᠡᠯᠡᠨ ᠰᠠᠢᠵᠢᠷᠠᠭᠤᠯᠵᠤ ᠨᠠᠢᠳᠠᠪᠣᠷᠢᠵᠢᠭᠤᠯᠬᠤ ᠵᠢ ᠪᠣᠲᠠᠲᠠᠢᠵᠢᠭᠤᠯᠵᠤ᠂ ᠡᠪᠡᠳᠴᠢᠨ ᠳ᠋ᠤᠨᠢ ᠲᠠᠭᠠᠷᠠᠭᠤᠯᠤᠨ ᠡᠮ ᠦᠭᠴᠦ᠍᠂ ᠲᠡᠭᠦᠯᠳᠡᠷᠵᠢᠭᠦᠯᠬᠦ᠌ ᠴᠢᠬᠤᠯᠠᠲᠠᠢ ᠪᠠᠢᠭᠤᠯᠤᠮᠵᠢ ᠲᠣᠭᠲᠠᠴᠠ ᠵᠢ ᠲᠡᠭᠦᠯᠲᠡᠷᠵᠢᠭᠦᠯᠦᠨ᠂ ᠬᠣᠷᠢᠭᠯᠠᠬᠤ ᠴᠢᠬᠤᠯᠠᠲᠠᠢ ᠠᠯᠳᠠᠰᠢ ᠵᠢ ᠰᠠᠢᠳᠣᠷ ᠬᠣᠷᠢᠭᠯᠠᠵᠤ ᠂ ᠱᠢᠭᠦᠮᠵᠢᠯᠡᠬᠦ᠌ ᠶᠣᠰᠣᠲᠠᠢ ᠵᠢ ᠨᠢ ᠨᠠᠷᠢᠨ ᠬᠢᠨᠠᠮᠠᠭᠠᠢ ᠱᠢᠭᠦᠮᠵᠢᠯᠡᠨ᠂ ᠱᠢᠢᠳᠪᠦᠷᠢᠯᠡᠬᠦ᠌ ᠶᠣᠰᠣᠲᠠᠢ ᠵᠢ ᠨᠢ ᠲᠦᠪ ᠴᠢᠩᠭ᠎ᠠ ᠪᠡᠷ ᠱᠢᠢᠳᠪᠦᠷᠢᠯᠡᠬᠦ᠌ ᠬᠡᠷᠡᠭᠲᠡᠢ ᠃ ᠪᠣᠲᠠᠳᠣ ᠠᠰᠠᠭᠣᠳᠠᠯ ᠢ᠋ ᠰᠢᠢᠳᠪᠦᠷᠢᠯᠡᠭᠰᠡᠨ ᠦᠷ᠎ᠡ ᠪᠦᠲᠦᠮᠵᠢ ᠪᠡᠷ ᠬᠡᠮᠵᠢᠭᠦᠷ ᠪᠠᠷᠢᠮᠵᠢᠶ᠎ᠠ ᠪᠣᠯᠭᠠᠨ᠂ ᠠᠰᠠᠭᠤᠳᠠᠯ ᠢ᠋ ᠢᠯᠡᠷᠡᠭᠦᠯᠪᠡᠯ ᠳᠠᠷᠤᠢ ᠳ᠋ᠣᠨᠢ ᠴᠡᠭᠴᠡᠯᠡᠨ ᠰᠠᠢᠵᠢᠷᠠᠭᠤᠯᠬᠤ ᠬᠡᠷᠡᠭᠲᠡᠢ᠂ ᠠᠯᠭᠣᠷᠯᠠᠵᠤ ᠪᠣᠯᠬᠤ ᠦᠭᠡᠢ᠂ ᠬᠣᠳᠠᠯ ᠬᠠᠭᠤᠷᠮᠠᠭ ᠵᠢᠡᠷ ᠠᠷᠭᠠᠴᠠᠭᠠᠵᠤ ᠪᠣᠯᠬᠤ ᠦᠭᠡᠢ᠃ ᠳᠦᠷᠪᠡ ᠳ᠋ᠦ᠂ ᠵᠣᠬᠢᠶᠠᠨ ᠪᠠᠢᠭᠤᠯᠤᠯᠲᠠ ᠶ᠋ᠢᠨ ᠣᠳᠣᠷᠢᠳᠣᠯᠭ᠎ᠠ ᠪᠠᠨ ᠪᠣᠲᠠᠲᠠᠢᠵᠢᠭᠤᠯᠵᠤ᠂ ᠭᠣᠣᠯ ᠣᠳᠣᠷᠢᠳᠣᠯᠭ᠎ᠠ ᠲᠦᠷᠦᠭᠦᠯᠡᠨ ᠰᠣᠷᠣᠯᠴᠠᠬᠤ᠂ ᠲᠦᠷᠦᠭᠦᠯᠡᠨ ᠪᠠᠢᠴᠠᠭᠠᠨ ᠰᠣᠳᠣᠯᠣᠯᠲᠠ ᠬᠢᠬᠦ᠌᠂ ᠲᠦᠷᠦᠭᠦᠯᠡᠨ ᠠᠰᠠᠭᠤᠳᠠᠯ ᠢ᠋ ᠪᠠᠢᠴᠠᠭᠠᠨ ᠱᠢᠨᠵᠢᠬᠦ᠌᠂ ᠲᠦᠷᠦᠭᠦᠯᠡᠨ ᠴᠡᠭᠴᠡᠯᠡᠨ ᠰᠠᠢᠵᠢᠷᠠᠭᠤᠯᠵᠤ ᠨᠠᠢᠳᠠᠪᠣᠷᠢᠵᠢᠭᠤᠯᠬᠤ ᠵᠢ ᠭᠦᠢᠴᠡᠳᠭᠡᠵᠦ᠍᠂ ᠦᠯᠢᠭᠡᠷ ᠳᠠᠭᠣᠷᠢᠶᠠᠯ ᠤ᠋ᠨ ᠦᠢᠯᠡᠳᠦᠯ ᠶ᠋ᠢᠡᠨ ᠪᠠᠳᠠᠷᠠᠭᠤᠯᠬᠤ ᠬᠡᠷᠡᠭᠲᠡᠢ᠃ ᠨᠠᠮ ᠤ᠋ᠨ ᠲᠦᠪ ᠬᠣᠷᠢᠶᠠᠨ ᠤ᠋ ᠲᠣᠬᠢᠷᠠᠭᠤᠯᠤᠯᠲᠠ ᠪᠠᠢᠷᠢᠯᠠᠭᠤᠯᠤᠯᠲᠠ ᠪᠡᠷ ᠬᠠᠷᠭᠤᠭᠤᠯᠵᠤ ᠪᠠᠷᠢᠮᠵᠢᠶᠠᠯᠠᠬᠤ ᠶ᠋ᠢᠨ ᠬᠠᠮᠲᠤ᠌᠂ ᠪᠤᠲᠠᠲᠤ ᠪᠠᠢᠳᠠᠯ ᠲᠠᠢ ᠪᠠᠨ ᠣᠶᠠᠯᠳᠣᠭᠣᠯᠣᠨ ᠠᠷᠭ᠎ᠠ ᠪᠠᠷᠢᠯ ᠠᠷᠭ᠎ᠠ ᠬᠡᠯᠪᠡᠷᠢ ᠪᠠᠨ ᠪᠠᠶᠠᠯᠢᠭᠵᠢᠭᠤᠯᠬᠤ ᠬᠡᠷᠡᠭᠲᠡᠢ᠃ ᠨᠠᠮ ᠤ᠋ᠨ ᠲᠣᠳᠣᠭᠠᠲᠣ ᠶ᠋ᠢᠨ ᠬᠠᠥᠯᠢ ᠴᠠᠭᠠᠵᠠ ᠳᠦᠷᠢᠮ ᠲᠣᠭᠲᠠᠭᠠᠯ ᠪᠠᠭ᠎ᠠ ᠪᠤᠰᠤ ᠪᠠᠢᠳᠠᠭ ᠪᠣᠯᠪᠠᠴᠤ᠌ ᠭᠣᠣᠯ ᠠᠰᠠᠭᠤᠳᠠᠯ ᠨᠢ ᠬᠡᠷᠡᠭᠵᠢᠭᠦᠯᠦᠯᠲᠡ ᠬᠦᠴᠦᠨ ᠲᠠᠢ ᠪᠢᠰᠢ ᠪᠠᠢᠬᠤ ᠳ᠋ᠤ ᠪᠤᠢ᠂ ᠵᠠᠷᠢᠮ ᠨᠢ ᠬᠡᠷᠡᠭᠵᠢᠭᠦᠯᠬᠦ᠌ ᠴᠢᠳᠠᠪᠣᠷᠢ ᠪᠡᠷ ᠲᠣᠲᠠᠮᠠᠭ᠂ ᠵᠠᠷᠢᠮ ᠨᠢ ᠬᠡᠷᠡᠭᠵᠢᠭᠦᠯᠬᠦ ᠵᠣᠷᠢᠭ ᠵᠢᠡᠷ ᠲᠣᠲᠠᠮᠠᠭ ᠪᠠᠢᠨ᠎ᠠ ᠃ ᠬᠠᠥᠯᠢ ᠴᠠᠭᠠᠵᠠ ᠳᠦᠷᠢᠮ ᠲᠣᠭᠲᠠᠭᠠᠯ ᠤ᠋ᠨ ᠬᠡᠷᠡᠭᠵᠢᠭᠦᠯᠦᠯᠲᠡ ᠵᠢ ᠴᠢᠩᠭᠠᠳᠭᠠᠵᠤ᠂ ᠲᠣᠲᠠᠭᠤ ᠳᠣᠷᠭᠤᠨ ᠲᠠᠯᠪᠢᠵᠤ ᠪᠤᠯᠬᠤ ᠦᠭᠡᠢ ᠭᠡᠵᠦ᠍ ᠴᠢᠬᠤᠯᠠᠴᠢᠯᠠᠪᠠ ᠃

ᠰᠢ ᠵᠢᠨ ᠫᠢᠩ ᠪᠠᠰᠠ ᠪᠠᠢᠭᠠᠯᠢ ᠶ᠋ᠢᠨ ᠡᠬᠢ ᠪᠠᠶᠠᠯᠢᠭ ᠤ᠋ᠨ ᠵᠠᠰᠠᠭ ᠤ᠋ᠨ ᠶᠠᠪᠣᠳᠠᠯ ᠤ᠋ᠨ ᠶᠡᠬᠡ ᠲᠢᠩᠬᠢᠮ ᠳ᠋ᠦ ᠬᠦᠷᠴᠦ᠍᠂ ᠠᠵᠢᠯᠲᠠᠳ ᠪᠣᠯᠣᠨ ᠶᠠᠪᠣᠳᠠᠯ ᠭᠦᠢᠴᠡᠳᠭᠡᠵᠦ᠍ ᠪᠠᠢᠭᠰᠠᠨ ᠣᠯᠠᠨ ᠲᠦᠮᠡᠨ ᠲᠠᠢ ᠶᠠᠷᠢᠯᠴᠠᠵᠤ᠂ ᠭᠣᠣᠯ ᠰᠡᠳᠦᠪᠲᠤ ᠬᠦᠮᠦᠵᠢᠯ ᠦᠷᠨᠢᠭᠦᠯᠵᠦ᠍ ᠪᠠᠢᠭ᠎ᠠ ᠪᠠᠢᠳᠠᠯ ᠪᠣᠯᠣᠨ ᠳᠦᠭᠦᠮ ᠲᠦᠲᠡ ᠦᠨᠳᠦᠷ ᠦᠷ᠎ᠡ ᠪᠦᠲᠦᠮᠵᠢᠲᠡᠢ ᠵᠠᠰᠠᠭ ᠤ᠋ᠨ ᠶᠠᠪᠣᠳᠠᠯ ᠤ᠋ᠨ ᠦᠢᠯᠡᠴᠢᠯᠡᠭᠡ ᠶ᠋ᠢ ᠨᠠᠢᠳᠠᠪᠣᠷᠢᠵᠢᠭᠤᠯᠵᠤ ᠪᠠᠢᠭ᠎ᠠ ᠪᠠᠢᠳᠠᠯ ᠵᠡᠷᠭᠡ ᠶ᠋ᠢ ᠣᠢᠯᠠᠭᠠᠪᠠ᠃ ᠰᠢ ᠵᠢᠨ ᠫᠢᠩ᠂ ᠣᠯᠠᠨ ᠲᠦᠮᠡᠨᠴᠢ ᠦᠵᠡᠯᠲᠡ ᠪᠣᠯᠣᠨ ᠣᠯᠠᠨ ᠲᠦᠮᠡᠨᠴᠢ ᠱᠣᠭᠣᠮ ᠢ᠋ ᠠᠵᠢᠯ ᠤ᠋ᠨ ᠡᠯ᠎ᠡ ᠭᠤᠭ᠍ᠴᠤᠭ᠎ᠠ ᠪᠠ ᠪᠣᠲᠠᠲᠠᠢ ᠠᠵᠢᠯᠯᠠᠭ᠎ᠠ ᠳ᠋ᠠᠭᠠᠨ ᠨᠠᠢᠳᠠᠪᠣᠷᠢᠵᠢᠭᠤᠯᠵᠤ ᠂ ᠣᠯᠠᠨ ᠲᠦᠮᠡᠨ ᠢ᠋ ᠶᠠᠪᠣᠳᠠᠯ ᠭᠦᠢᠴᠡᠳᠭᠡᠬᠦ᠌ ᠳ᠋ᠦ ᠨᠡᠩ ᠲᠦᠭᠦᠮ᠂ ᠨᠡᠩ ᠬᠠᠨᠣᠮᠵᠢᠲᠠᠢ ᠪᠣᠯᠭᠠᠬᠤ ᠬᠡᠷᠡᠭ᠌ᠲᠡᠢ᠃ ᠦᠨᠳᠦᠷ ᠦᠷ᠎ᠡ ᠪᠦᠲᠦᠮᠵᠢᠲᠡᠢ ᠪᠡᠷ ᠠᠷᠠᠳ ᠲᠦ᠍ ᠲᠦᠭᠦᠮ ᠦᠵᠡᠭᠦᠯᠬᠦ᠌ ᠦᠢᠯᠡᠴᠢᠯᠡᠭᠡ ᠬᠠᠩᠭᠠᠬᠤ ᠶ᠋ᠢ ᠠᠬᠢᠭᠤᠯᠬᠤ ᠶ᠋ᠢᠨ ᠬᠠᠮᠲᠤ᠂ ᠡᠯ᠎ᠡ ᠲᠠᠯ᠎ᠠ ᠪᠡᠷ ᠪᠦᠷᠢᠨ ᠭᠦᠢᠴᠡᠳ ᠪᠤᠳᠤᠯᠬᠢᠯᠠᠵᠤ᠂ ᠨᠡᠡᠭ ᠴᠢᠯᠦᠭᠡᠲᠡᠢ ᠪᠤᠯᠭᠠᠨ᠂ ᠵᠠᠬ᠎ᠠ ᠳᠡᠯᠭᠡᠭᠦᠷ ᠲᠦ᠍ ᠬᠠᠨᠳᠤᠭᠤᠯᠬᠤ ᠳᠤᠲᠤᠮ ᠬᠢᠨᠠᠯᠲᠠ ᠬᠠᠮᠢᠶᠠᠷᠤᠯᠲᠠ ᠪᠠᠨ ᠨᠡᠡᠭ ᠴᠢᠡᠭᠭᠠᠳᠬᠠᠵᠤ᠂ ᠬᠠᠤᠯᠢ ᠶᠤᠰᠤᠭᠠᠷ ᠲᠤᠭᠲᠠᠭᠠᠯ ᠶᠤᠰᠤᠭᠠᠷ ᠴᠢᠡᠭᠭ᠎ᠠ ᠬᠠᠮᠢᠶᠠᠷᠤᠨ ᠴᠢᠡᠭᠭ᠎ᠠ ᠬᠢᠨᠠᠯᠲᠠ ᠲᠠᠯᠪᠢᠵᠤ᠂ ᠢᠯᠵᠠᠷᠠᠨ ᠳᠤᠷᠤᠢᠲᠠᠬᠤ ᠵᠢ ᠴᠢᠡᠭᠭ᠎ᠠ ᠰᠡᠷᠭᠡᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ ᠃


《ᠤᠳᠠᠭᠠᠨ ᠡᠳᠦᠷ ᠵᠤᠵᠠᠭᠠᠨ ᠬᠣᠨᠣᠭ ᠤ᠋ᠨ ᠰᠤᠷᠤᠯᠴᠠᠯᠭ᠎ᠠ ᠪᠡᠷ ᠳᠠᠮᠵᠢᠨ᠂ ᠪᠢ ᠨᠠᠮ ᠤ᠋ᠨ ᠲᠥᠪ ᠬᠤᠷᠢᠶ᠎ᠠ ᠡᠴᠡ ᠥᠪᠥᠷ ᠮᠣᠩᠭᠣᠯ ᠳ᠋ᠤ ᠲᠤᠭᠲᠠᠭᠠᠵᠤ ᠦᠭᠭᠦᠭᠰᠡᠨ ᠪᠠᠢᠯᠳᠤᠬᠤ ᠪᠤᠳᠤᠯᠭ᠎ᠠ ᠶ᠋ᠢᠨ ᠪᠠᠢᠷᠢ ᠲᠤᠭᠲᠠᠭᠠᠯᠲᠠ ᠳ᠋ᠦ ᠪᠦᠬᠦ᠌ ᠲᠠᠯ᠎ᠠ ᠶ᠋ᠢᠨ ᠲᠠᠨᠢᠯᠲᠠ ᠲᠠᠢ ᠪᠤᠯᠵᠠᠢ᠂ ᠡᠨᠡ ᠨᠢ ᠰᠢ ᠵᠢᠨ ᠫᠢᠩ ᠤ᠋ᠨ ᠠᠮᠢ ᠠᠬᠤᠢ ᠶ᠋ᠢᠨ ᠪᠣᠯᠪᠠᠰᠤᠨ ᠤ᠋ ᠦᠵᠡᠯ ᠰᠠᠨᠠᠭ᠎ᠠ ᠵᠢᠨ ᠲᠤᠬᠠᠢ ᠣᠢᠯᠠᠭᠠᠯᠲᠠ ᠵᠢ ᠤᠯᠠᠮ ᠭᠦᠨᠵᠡᠭᠡᠢᠷᠡᠬᠦᠯᠪᠡ᠃ ᠪᠢᠳᠡ ᠰᠤᠷᠤᠯᠴᠠᠯᠭ᠎ᠠ ᠵᠢ ᠤᠷᠤᠭᠰᠢᠯᠠᠯᠲᠠ ᠶ᠋ᠢᠨ ᠬᠥᠳᠡᠯᠭᠡᠬᠦ᠌ ᠬᠦᠴᠦᠨ ᠪᠣᠯᠭᠠᠵᠤ᠂ ᠰᠤᠷᠤᠯᠴᠠᠯᠭ᠎ᠠ ᠶ᠋ᠢᠨ ᠳᠤᠮᠳᠠ ᠤᠯᠤᠰ ᠲᠦᠷᠦ᠍ ᠶ᠋ᠢᠨ ᠵᠤᠭᠰᠤᠴᠠ ᠪᠠᠨ ᠲᠠᠰᠤᠷᠠᠯᠳᠠ ᠦᠬᠡᠢ ᠳᠡᠭᠡᠭᠰᠢᠯᠡᠬᠦᠯᠵᠤ ᠪᠠᠢᠨ᠎ᠠ》 ᠭᠡᠵᠦ ᠥᠪᠡᠷᠲᠡᠭᠡᠨ ᠵᠠᠰᠠᠬᠤ ᠣᠷᠣᠨ ᠤ᠋ ᠪᠠᠢᠭᠠᠯᠢ ᠶ᠋ᠢᠨ ᠡᠬᠢ ᠪᠠᠶᠠᠯᠢᠭ ᠤ᠋ᠨ ᠲᠢᠩᠬᠢᠮ ᠤ᠋ᠨ ᠤᠯᠤᠰ ᠤ᠋ᠨ ᠭᠠᠵᠠᠷ ᠰᠢᠷᠤᠢ ᠣᠷᠣᠨ ᠵᠠᠶ ᠶ᠋ᠢᠨ ᠲᠥᠯᠥᠪᠵᠢᠭᠦᠯᠭᠡ ᠶ᠋ᠢᠨ ᠲᠣᠪᠴᠢᠶ᠎ᠠ ᠶ᠋ᠢᠨ ᠬᠣᠶᠠᠳᠤᠭᠠᠷ ᠳᠡᠰ ᠤ᠋ᠨ ᠡᠷᠬᠢᠯᠡᠭᠴᠢ ᠭᠡᠰᠢᠭᠦᠴᠢ ᠸᠸᠨ ᠲᠤᠤ ᠶᠠᠷᠢᠨ᠎ᠠ ᠃

2019 ᠣᠨ ᠤ᠋ 7 ᠰᠠᠷ᠎ᠠ ᠶ᠋ᠢᠨ 16 ᠤ᠋ ᠦᠳᠡ ᠶ᠋ᠢᠨ ᠡᠮᠦᠨ᠎ᠡ᠂ ᠶᠡᠷᠦᠩᠬᠡᠶ ᠱᠦᠵᠢ ᠰᠢ ᠵᠢᠨ ᠫᠢᠩ ᠥᠪᠡᠷᠲᠡᠭᠡᠨ ᠵᠠᠰᠠᠬᠤ ᠣᠷᠣᠨ ᠤ᠋ ᠪᠠᠢᠭᠠᠯᠢ ᠶ᠋ᠢᠨ ᠡᠬᠢ ᠪᠠᠶᠠᠯᠢᠭ ᠤ᠋ᠨ ᠲᠢᠩᠬᠢᠮ ᠳ᠋ᠦ ᠬᠦᠷᠴᠦ᠍᠂ ᠪᠠᠢᠭᠠᠯᠢ ᠶ᠋ᠢᠨ ᠡᠬᠢ ᠪᠠᠶᠠᠯᠢᠭ ᠤ᠋ᠨ ᠲᠢᠩᠬᠢᠮ ᠤ᠋ᠨ《ᠣᠭ ᠰᠠᠨᠠᠭ᠎ᠠ ᠪᠠᠨ ᠥᠯᠥ᠍ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ᠌》 ᠭᠤᠤᠯ ᠰᠡᠳᠦᠪᠲᠦ ᠬᠥᠮᠦᠵᠢᠯ ᠥᠷᠨᠢᠭᠦᠯᠵᠦ᠍ ᠪᠠᠢᠬᠤ ᠲᠤᠬᠠᠢ ᠪᠠᠢᠴᠠᠭᠠᠨ ᠰᠤᠳᠤᠯᠵᠤ ᠵᠢᠭᠠᠨ ᠵᠢᠯᠣᠭᠣᠳᠪᠠ᠃ 《ᠥᠪᠡᠷᠲᠡᠭᠡᠨ ᠵᠠᠰᠠᠬᠤ ᠣᠷᠣᠨ ᠤ᠋ ᠪᠠᠢᠭᠠᠯᠢ ᠶ᠋ᠢᠨ ᠡᠬᠢ ᠪᠠᠶᠠᠯᠢᠭ ᠤ᠋ᠨ ᠲᠢᠩᠬᠢᠮ ᠶᠡᠷᠦᠩᠬᠡᠶ ᠱᠦᠵᠢ ᠶ᠋ᠢᠨ ᠬᠦᠰᠡᠯ ᠨᠠᠢᠳᠠᠯᠭ᠎ᠠ ᠵᠢ ᠪᠠᠲᠤ ᠴᠡᠭᠡᠵᠢᠯᠡᠵᠦ᠍᠂〈ᠳᠥᠷᠪᠡ ᠵᠢ ᠪᠣᠳᠠᠲᠠᠢᠵᠢᠭᠤᠯᠬᠤ〉ᠵᠢ ᠨᠠᠮ ᠤ᠋ᠨ ᠪᠠᠢᠭᠤᠯᠤᠯᠲᠠ ᠵᠢ ᠰᠠᠢᠲᠤᠷ ᠠᠳᠭᠤᠬᠤ ᠪᠠ 〈ᠬᠣᠶᠠᠷ ᠢ᠋ ᠨᠢᠭᠡᠲᠦᠯᠲᠡᠢ ᠪᠠᠢᠯᠭᠠᠬᠤ〉ᠡᠭᠦᠷᠭᠡ ᠬᠠᠷᠢᠭᠤᠴᠠᠯᠭ᠎ᠠ ᠪᠠᠨ ᠰᠠᠢᠲᠤᠷ ᠭᠦᠢᠴᠡᠳᠬᠡᠬᠦ ᠶ᠋ᠢᠨ ᠵᠣᠷᠢᠯᠲᠠ ᠪᠠ ᠲᠤᠰᠤᠯᠲᠠ ᠪᠤᠯᠭᠠᠨ᠂ ᠠᠮᠢ ᠠᠬᠤᠶ ᠶ᠋ᠢᠨ ᠪᠣᠯᠪᠠᠰᠤᠨ ᠤ᠋ ᠪᠠᠢᠭᠤᠯᠤᠯᠲᠠ ᠵᠢ ᠠᠬᠢᠭᠤᠯᠬᠤ᠂ 〈ᠲᠠᠯᠪᠢᠬᠤ ᠬᠠᠮᠢᠶᠠᠷᠬᠤ ᠦᠢᠯᠡᠴᠢᠯᠡᠬᠦ〉 ᠥᠭᠡᠷᠡᠴᠢᠯᠡᠯᠲᠡ ᠵᠢ ᠭᠦᠨᠵᠡᠭᠡᠢᠷᠡᠭᠦᠯᠬᠦ᠌᠂ ᠭᠠᠵᠠᠷ ᠰᠢᠷᠤᠢ ᠪᠠ ᠠᠭᠤᠷᠬᠠᠶ ᠶ᠋ᠢᠨ ᠦᠢᠯᠡᠰ ᠤ᠋ᠨ ᠬᠦᠷᠢᠶᠡᠨ ᠳ᠋ᠡᠬᠢ ᠡᠮᠬᠢ ᠲᠢᠭᠯᠢᠮ ᠢ᠋ ᠲᠥᠪᠯᠡᠷᠡᠭᠦᠯᠦᠨ ᠴᠡᠭᠴᠡᠯᠡᠨ ᠵᠠᠰᠠᠬᠤ ᠵᠡᠷᠭᠡ ᠠᠵᠢᠯ ᠳ᠋ᠤ ᠢᠯᠡᠳᠲᠡ ᠦᠷ᠎ᠡ ᠪᠦᠲᠦᠮᠵᠢ ᠤᠯᠪᠠ》 ᠭᠡᠵᠦ ᠥᠪᠡᠷᠲᠡᠭᠡᠨ ᠵᠠᠰᠠᠬᠤ ᠣᠷᠣᠨ ᠤ᠋ ᠪᠠᠢᠭᠠᠯᠢ ᠶ᠋ᠢᠨ ᠡᠬᠢ ᠪᠠᠶᠠᠯᠢᠭ ᠤ᠋ᠨ ᠲᠢᠩᠬᠢᠮ ᠤ᠋ᠨ ᠪᠠᠢᠭᠤᠯᠭ᠎ᠠ ᠶ᠋ᠢᠨ ᠰᠠᠬᠢᠯᠭ᠎ᠠ ᠪᠠᠲᠤ ᠪᠠᠢᠴᠠᠭᠠᠬᠤ ᠬᠣᠷᠢᠶᠠᠨ ᠤ᠋ ᠬᠠᠷᠢᠭᠤᠴᠠᠯᠭᠠᠲᠠᠨ ᠵᠠᠩ ᡁᠢ ᠴᠢᠩ ᠲᠠᠨᠢᠯᠴᠠᠭᠤᠯᠤᠨ᠎ᠠ ᠃

2021 ᠣᠨ ᠳ᠋ᠤ ᠂ ᠥᠪᠡᠷᠲᠡᠭᠡᠨ ᠵᠠᠰᠠᠬᠤ ᠣᠷᠣᠨ ᠤ᠋ ᠪᠠᠢᠭᠠᠯᠢ ᠶ᠋ᠢᠨ ᠡᠬᠢ ᠪᠠᠶᠠᠯᠢᠭ ᠤ᠋ᠨ ᠲᠢᠩᠬᠢᠮ 《ᠣᠭ ᠰᠠᠨᠠᠭ᠎ᠠ ᠪᠠᠨ ᠥᠯᠥ᠍ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ᠌》 ᠭᠤᠤᠯ ᠰᠡᠳᠦᠪᠲᠦ ᠬᠥᠮᠦᠵᠢᠯ ᠵᠢᠡᠷ ᠲᠣᠯᠢ ᠪᠣᠯᠭᠠᠨ᠂ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠢ᠋ ᠭᠦᠨᠵᠡᠭᠡᠶ ᠠᠬᠢᠭᠤᠯᠵᠤ᠂ 《ᠨᠠᠮ ᠤ᠋ᠨ ᠲᠡᠦᠬᠡ ᠶ᠋ᠢ ᠰᠤᠷᠤᠯᠴᠠᠬᠤ᠂ ᠦᠵᠡᠯ ᠰᠠᠨᠠᠭ᠎ᠠ ᠶ᠋ᠢ ᠣᠢᠯᠠᠭᠠᠬᠤ᠂ ᠪᠣᠳᠠᠲᠤ ᠶᠠᠪᠤᠳᠠᠯ ᠬᠢᠬᠦ᠌ ᠂ ᠱᠢᠨ᠎ᠡ ᠪᠠᠢᠳᠠᠯ ᠢ᠋ ᠡᠭᠦᠳᠬᠦ᠌》 ᠬᠠᠷᠠᠯᠲᠠ ᠱᠠᠭᠠᠷᠳᠠᠯᠭ᠎ᠠ ᠶ᠋ᠢ ᠢᠮᠠᠭ᠍ᠲᠠ ᠲᠤᠭᠤᠱᠢᠯᠠᠭᠤᠯᠪᠠ᠃

ᠥᠪᠡᠷᠲᠡᠭᠡᠨ ᠵᠠᠰᠠᠬᠤ ᠣᠷᠣᠨ ᠤ᠋ ᠪᠠᠢᠭᠠᠯᠢ ᠶ᠋ᠢᠨ ᠡᠬᠢ ᠪᠠᠶᠠᠯᠢᠭ ᠤ᠋ᠨ ᠱᠢᠰᠲᠧᠮ ᠤ᠋ᠨ ᠬᠢᠨ ᠭᠠᠵᠠᠷ ᠨᠤᠳᠤᠭ ᠬᠡᠷᠡᠭ᠌ᠯᠡᠬᠦ᠌ ᠶ᠋ᠢ ᠬᠢᠨᠠᠨ ᠵᠥᠪᠱᠢᠶᠡᠷᠡᠬᠦ᠌ ᠴᠢᠬᠤᠯᠠ ᠪᠢᠴᠢᠭ ᠮᠠᠲᠸᠷᠢᠶᠠᠯ ᠢ᠋ ᠤᠯᠠᠮ ᠨᠢᠭᠡ ᠠᠯᠬᠤᠮ ᠵᠢᠷᠤᠮᠵᠢᠭᠤᠯᠬᠤ ᠪᠠᠷ ᠲᠠᠮᠵᠢᠨ ᠪᠥᠳᠥᠭᠡᠨ ᠪᠠᠢᠭᠤᠯᠤᠯᠲᠠ ᠳ᠋ᠦ ᠬᠡᠷᠡᠭ᠌ᠯᠡᠬᠦ᠌ ᠭᠠᠵᠠᠷ ᠢ᠋ ᠬᠢᠨᠠᠨ ᠵᠥᠪᠱᠢᠶᠡᠷᠡᠬᠦ᠌ ᠴᠠᠭ ᠢ᠋ 15 ᠠᠵᠢᠯᠯᠠᠬᠤ ᠡᠳᠦᠷ ᠪᠠᠢᠭ᠍ᠰᠠᠨ ᠡᠴᠡ 12 ᠠᠵᠢᠯᠯᠠᠬᠤ ᠡᠳᠦᠷ ᠪᠣᠯᠲᠠᠯ᠎ᠠ ᠪᠤᠭᠤᠨᠢᠰᠬᠠᠪᠠ ; ᠪᠦᠬᠦ᠌ ᠣᠷᠣᠨ ᠤ᠋《ᠦᠨᠡᠮᠯᠡᠯ ᠠᠪᠬᠤ ᠳ᠋ᠦ ᠬᠦᠴᠢᠷ》 ᠠᠰᠠᠭᠤᠳᠠᠯ ᠳ᠋ᠦ ᠬᠣᠯᠪᠣᠭ᠍ᠳᠠᠭ᠍ᠰᠠᠨ 120 ᠭᠠᠷᠤᠶ ᠲᠦᠮᠡᠨ ᠢᠵᠢ ᠣᠷᠣᠨ ᠰᠠᠭᠤᠴᠠ ᠶ᠋ᠢᠨ ᠠᠰᠠᠭᠤᠳᠠᠯ ᠢ᠋ ᠬᠦᠴᠦᠯᠡᠨ ᠰᠢᠢᠳᠪᠤᠷᠢᠯᠡᠵᠤ᠂ ᠭᠦᠢᠴᠡᠳᠭᠡᠬᠦ ᠶᠤᠰᠤᠲᠠᠢ ᠭᠦᠢᠴᠡᠳᠭᠡᠵᠦ ᠳᠡᠢᠯᠬᠦ ᠭᠦᠢᠴᠡᠳᠭᠡᠬᠦ ᠪᠡᠷ ᠭᠤᠶᠤᠴᠢᠯᠠᠭᠰᠠᠨ ᠪᠦᠬᠦᠨ ᠢ᠋ ᠭᠦᠢᠴᠡᠳᠭᠡᠬᠦ ᠵᠢ ᠦᠨᠳᠦᠰᠦᠨ ᠳ᠋ᠡᠭᠡᠨ ᠪᠡᠶᠡᠯᠡᠭᠦᠯᠪᠡ ; ᠬᠥᠬᠡᠬᠣᠲᠠ᠂ ᠪᠤᠭᠤᠲᠤ ᠂ ᠦᠬᠠᠶ ᠂ ᠤᠯᠠᠭᠠᠨᠬᠠᠳᠠ᠂ ᠣᠷᠳᠣᠰ ᠂ ᠪᠠᠶᠠᠨᠨᠠᠭᠤᠷ ᠵᠡᠷᠭᠡ ᠣᠯᠠᠨ ᠠᠢᠮᠠᠭ ᠬᠣᠲᠠ ᠶ᠋ᠢᠨ ᠱᠢᠨ᠎ᠡ ᠪᠡᠷ ᠪᠠᠢᠭᠤᠯᠤᠭ᠍ᠰᠠᠨ ᠬᠤᠳᠠᠯᠳᠤᠭᠠᠨ ᠤ᠋ ᠬᠡᠷ ᠪᠠᠢᠱᠢᠩ ᠤ᠋ᠨ ᠲᠥᠷᠥᠯ ᠵᠦᠶ᠋ᠯ ᠳ᠋ᠦ《ᠬᠡᠷ ᠵᠢᠡᠨ ᠲᠤᠱᠢᠶᠠᠭᠰᠠᠨ ᠳᠠᠷᠤᠶ ᠳ᠋ᠤᠨᠢ ᠦᠨᠡᠮᠯᠡᠯ ᠤᠯᠭᠤᠬᠤ》ᠲᠤᠷᠱᠢᠯᠲᠠ ᠵᠢᠨ ᠠᠵᠢᠯ ᠨᠢᠭᠡᠨᠲᠡ ᠪᠣᠳᠠᠲᠤ ᠦᠷ᠎ᠡ ᠪᠦᠲᠦᠮᠵᠢ ᠣᠯᠵᠤ᠂ ᠰᠠᠭᠤᠭᠠᠯᠢ ᠠᠷᠠᠳ ᠢ᠋ ᠰᠠᠨᠠᠭ᠎ᠠ ᠠᠮᠤᠷ ᠪᠣᠯᠭᠠᠪᠠ᠃ ᠱᠢᠨ᠎ᠡ ᠶ᠋ᠢ ᠡᠭᠦᠳᠬᠦ᠌ ᠪᠡᠷ ᠬᠥᠭ᠌ᠵᠢᠯᠲᠡ ᠶ᠋ᠢ ᠬᠦᠳᠦᠯᠦᠨ ᠳᠠᠭᠠᠭᠤᠯᠵᠤ᠂ ᠦᠢᠯᠡᠴᠢᠯᠡᠭᠡ ᠡᠭᠦᠷᠢᠳᠡ ᠳᠠᠭᠤᠰᠤᠰᠢ ᠦᠭᠡᠢ᠃ ᠡᠨᠡ ᠪᠣᠯ ᠥᠪᠡᠷᠲᠡᠭᠡᠨ ᠵᠠᠰᠠᠬᠤ ᠣᠷᠣᠨ ᠤ᠋ ᠪᠠᠢᠭᠠᠯᠢ ᠶ᠋ᠢᠨ ᠡᠬᠢ ᠪᠠᠶᠠᠯᠢᠭ ᠤ᠋ᠨ ᠱᠢᠰᠲᠸᠮ ᠤ᠋ᠨ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠢ᠋ ᠭᠦᠨᠵᠡᠭᠡᠢᠷᠡᠭᠦᠯᠦᠨ ᠪᠣᠳᠠᠲᠠᠢᠵᠢᠭᠤᠯᠬᠤ ᠶ᠋ᠢ ᠠᠬᠢᠭᠤᠯᠤᠭ᠍ᠰᠠᠨ ᠤ᠋ ᠬᠤᠷᠢᠶᠠᠩᠭᠤᠢ ᠳᠦᠷᠰᠦ ᠪᠣᠯᠤᠨ᠎ᠠ ᠃

ᠪᠣᠳᠠᠲᠤ ᠪᠠᠢᠳᠠᠯ ᠲᠠᠶ ᠪᠠᠨ ᠤᠶᠠᠯᠳᠤᠭᠤᠯᠤᠨ ᠰᠤᠷᠤᠯᠴᠠᠯᠭ᠎ᠠ ᠵᠢ ᠴᠢᠡᠭᠭᠠᠳᠬᠠᠵᠤ᠂ ᠠᠮᠢ ᠠᠬᠤᠢ ᠶ᠋ᠢᠨ ᠪᠣᠯᠪᠠᠰᠤᠨ ᠤ᠋ ᠪᠠᠢᠭᠤᠯᠤᠯᠲᠠ ᠶ᠋ᠢᠨ ᠴᠢᠬᠤᠯᠠ ᠴᠢᠨᠠᠷ ᠤ᠋ᠨ ᠲᠤᠬᠠᠢ ᠣᠢᠯᠠᠭᠠᠯᠲᠠ ᠪᠠᠨ ᠭᠦᠨᠵᠡᠭᠡᠢᠷᠡᠭᠦᠯᠤᠨ᠂ ᠨᠠᠮ ᠤ᠋ᠨ ᠲᠥᠪ ᠬᠣᠷᠢᠶᠠᠨ ᠤ᠋ ᠥᠪᠥᠷ ᠮᠣᠩᠭᠣᠯ ᠤ᠋ᠨ ᠪᠠᠢᠯᠳᠤᠬᠤ ᠪᠤᠳᠤᠯᠭ᠎ᠠ ᠶ᠋ᠢᠨ ᠪᠠᠢᠷᠢ ᠲᠣᠭ᠍ᠲᠠᠭᠠᠯᠲᠠ ᠶ᠋ᠢᠨ ᠲᠤᠬᠠᠢ ᠣᠢᠯᠠᠭᠠᠯᠲᠠ ᠪᠠᠨ ᠭᠦᠨᠵᠡᠭᠡᠢᠷᠡᠭᠦᠯᠵᠦ᠂ ᠲᠤᠰ ᠪᠡᠶ᠎ᠡ ᠶ᠋ᠢᠨ ᠲᠤᠱᠢᠶᠠᠯ ᠬᠠᠷᠢᠭᠤᠴᠠᠯᠭ᠎ᠠ ᠶ᠋ᠢᠨ ᠲᠤᠬᠠᠢ ᠣᠢᠯᠠᠭᠠᠯᠲᠠ ᠪᠠᠨ ᠭᠦᠨᠵᠡᠭᠡᠢᠷᠡᠭᠦᠯᠦᠨ᠎ᠡ᠃ ᠬᠣᠶᠠᠷ ᠵᠢᠯ ᠭᠠᠷᠤᠶ ᠶ᠋ᠢᠨ ᠲᠤᠷᠰᠢ᠂ ᠥᠪᠡᠷᠲᠡᠭᠡᠨ ᠵᠠᠰᠠᠬᠤ ᠣᠷᠣᠨ ᠤ᠋ ᠪᠠᠢᠭᠠᠯᠢ ᠶ᠋ᠢᠨ ᠡᠬᠢ ᠪᠠᠶᠠᠯᠢᠭ ᠤ᠋ᠨ ᠲᠢᠩᠬᠢᠮ ᠬᠦᠰᠡᠯ ᠨᠠᠢᠳᠠᠯᠭ᠎ᠠ ᠶ᠋ᠢ ᠪᠠᠲᠤ ᠴᠡᠭᠡᠵᠢᠯᠡᠨ᠂ 《ᠭᠤᠷᠪᠠᠨ ᠣᠢᠯᠠᠭᠠᠯᠲᠠ》 ᠶ᠋ᠢᠨ ᠲᠤᠬᠠᠶ ᠣᠢᠯᠠᠭᠠᠯᠲᠠ ᠪᠠᠨ ᠲᠠᠰᠤᠷᠠᠯᠲᠠ ᠥᠬᠡᠶ ᠭᠦᠨᠵᠡᠭᠡᠢᠷᠡᠭᠦᠯᠵᠦ᠍᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠶ᠋ᠢᠨ ᠪᠠᠢᠯᠳᠤᠬᠤ ᠪᠣᠳᠣᠯᠭ᠎ᠠ ᠶ᠋ᠢᠨ ᠪᠠᠢᠷᠢ ᠲᠣᠭ᠍ᠲᠠᠭᠠᠯᠲᠠ ᠶ᠋ᠢᠨ ᠲᠣᠭᠣᠷᠢᠨ ᠳ᠋ᠤ᠂ 《ᠬᠣᠶᠠᠷ ᠢ᠋ ᠨᠢᠭᠡᠲᠦᠯᠲᠡᠢ ᠪᠠᠢᠯᠭᠠᠬᠤ》 ᠡᠭᠦᠷᠭᠡ ᠬᠠᠷᠢᠭᠤᠴᠠᠯᠭ᠎ᠠ ᠪᠠᠨ ᠪᠥᠬᠥ᠌ ᠲᠠᠯ᠎ᠠ ᠪᠠᠷ ᠰᠠᠢᠲᠤᠷ ᠭᠦᠶ᠋ᠴᠡᠳᠭᠡᠵᠦ᠍᠂ ᠠᠮᠢ ᠠᠬᠤᠶ ᠶ᠋ᠢᠨ ᠪᠣᠯᠪᠠᠰᠤᠨ ᠤ᠋ ᠪᠠᠢᠭᠤᠯᠤᠯᠲᠠ ᠶ᠋ᠢᠨ ᠪᠠᠢᠯᠳᠤᠬᠤ ᠪᠣᠳᠣᠯᠭ᠎ᠠ ᠶ᠋ᠢᠨ ᠲᠣᠭ᠍ᠲᠠᠯ ᠬᠦᠴᠦᠨ ᠢ᠋ ᠢᠮᠠᠭ᠍ᠲᠠ ᠪᠠᠲᠤᠯᠠᠨ᠂ ᠪᠠᠢᠭᠠᠯᠢ ᠶ᠋ᠢᠨ ᠡᠬᠢ ᠪᠠᠶᠠᠯᠢᠭ ᠤ᠋ᠨ ᠠᠵᠢᠯ ᠢ᠋ ᠰᠠᠢᠲᠤᠷ ᠬᠢᠵᠦ᠍᠂ ᠠᠮᠢ ᠠᠬᠤᠶ ᠶ᠋ᠢᠨ ᠪᠣᠯᠪᠠᠰᠤᠨ ᠤ᠋ ᠪᠠᠢᠭᠤᠯᠤᠯᠲᠠ ᠶ᠋ᠢ ᠴᠢᠩᠭᠠᠳᠭᠠᠪᠠ᠃

ᠥᠪᠥᠷ ᠮᠣᠩᠭᠣᠯ ᠠᠮᠢ ᠠᠬᠤᠶ ᠶ᠋ᠢᠨ ᠬᠠᠮᠠᠭᠠᠯᠠᠯᠲᠠ ᠶ᠋ᠢᠨ ᠬᠤᠷᠢᠭ᠎ᠠ ᠱᠤᠭᠤᠮ᠂ ᠦᠨᠳᠦᠰᠦᠨ ᠲᠠᠷᠢᠶᠠᠨ ᠭᠠᠵᠠᠷ ᠤ᠋ᠨ ᠬᠠᠮᠠᠭᠠᠯᠠᠯᠲᠠ ᠶ᠋ᠢᠨ ᠬᠤᠷᠢᠭ᠎ᠠ ᠱᠤᠭᠤᠮ᠂ ᠬᠣᠲᠠ ᠪᠠᠯᠭᠠᠰᠤᠨ ᠤ᠋ ᠨᠡᠭᠡᠭᠡᠨ ᠬᠥᠭ᠌ᠵᠢᠭᠦᠯᠬᠦ᠌ ᠵᠠᠭᠠᠭ ᠱᠤᠭᠤᠮ ᠢ᠋ ᠰᠠᠢᠲᠤᠷ ᠵᠢᠷᠤᠵᠤ᠂《ᠭᠤᠷᠪᠠᠨ ᠣᠷᠣᠨ ᠭᠤᠷᠪᠠᠨ ᠱᠤᠭᠤᠮ》 ᠢ᠋ ᠦᠨᠡᠨ ᠬᠦ᠌ ᠠᠵᠤ ᠠᠬᠤᠶ ᠶ᠋ᠢᠨ ᠪᠦᠲᠦᠴᠡ ᠵᠢ ᠲᠤᠬᠢᠷᠠᠭᠤᠯᠬᠤ᠂ ᠠᠵᠤ ᠦᠶ᠋ᠯᠡᠰ ᠤ᠋ᠨ ᠬᠥᠭ᠌ᠵᠢᠯᠲᠡ ᠶ᠋ᠢ ᠲᠥᠯᠥᠪᠵᠢᠭᠦᠯᠬᠦ᠂ ᠬᠣᠲᠠ ᠪᠠᠯᠭᠠᠰᠤᠵᠢᠯᠲᠠ ᠶ᠋ᠢ ᠠᠬᠢᠭᠤᠯᠬᠤ ᠶ᠋ᠢᠨ ᠳᠠᠪᠠᠵᠤ ᠪᠣᠯᠤᠰᠢ ᠥᠬᠡᠶ ᠬᠤᠷᠢᠭ᠎ᠠ ᠱᠤᠭᠤᠮ ᠪᠤᠯᠭᠠᠪᠠ; ᠨᠤᠲᠤᠭ ᠪᠡᠯᠴᠢᠬᠡᠷ᠂ ᠣᠢ ᠱᠢᠭᠤᠢ᠂ ᠭᠣᠣᠯ ᠮᠥᠷᠡᠨ ᠨᠠᠭᠤᠷ ᠪᠦᠷᠢᠳᠦ᠂ ᠨᠤᠭᠤ ᠭᠠᠵᠠᠷ ᠢ᠋ ᠰᠠᠢᠲᠤᠷ ᠬᠠᠮᠠᠭᠠᠯᠠᠵᠤ᠂ ᠥᠪᠥᠷ ᠮᠣᠩᠭᠣᠯ ᠤ᠋ᠨ ᠪᠣᠬᠢᠷᠲᠤᠯ ᠦᠭᠡᠢ ᠵᠢᠨ ᠲᠠᠪᠠᠭᠤᠯᠢᠭ ᠪᠠ ᠠᠮᠢ ᠠᠬᠤᠢ ᠶ᠋ᠢᠨ ᠥᠷᠲᠡᠭ ᠢ᠋ ᠢᠯᠡᠷᠡᠭᠦᠯᠦᠨ᠂ ᠬᠥᠭ᠌ᠵᠢᠯᠲᠡ ᠪᠠ ᠠᠮᠤᠷ ᠲᠦᠪᠱᠢᠨ ᠢ᠋ ᠨᠢᠭᠡᠳᠦᠯᠲᠡᠢ᠎ᠲᠥᠯᠥᠪᠵᠢᠭᠦᠯᠦᠨ ᠰᠦᠪᠡᠭ᠌ᠴᠢᠯᠡᠵᠦ᠍ ᠂ ᠠᠵᠤ ᠦᠢᠯᠡᠰ ᠤ᠋ᠨ ᠪᠠᠢᠷᠢᠱᠢᠭᠤᠯᠤᠯᠲᠠ ᠪᠠ ᠠᠮᠢ ᠠᠬᠤᠢ ᠶ᠋ᠢᠨ ᠰᠡᠷᠭᠦᠭᠡᠯᠲᠡ ᠶ᠋ᠢ ᠵᠣᠬᠢᠴᠠᠭᠤᠯᠪᠠ ; ᠠᠮᠢ ᠠᠬᠤᠶ ᠶ᠋ᠢ ᠤᠷᠢᠳ ᠵᠢᠡᠷ ᠪᠣᠳᠣᠯᠬᠢᠯᠠᠬᠤ ᠪᠣᠬᠢᠷᠲᠤᠯ ᠥᠬᠡᠶ ᠬᠦᠭᠵᠢᠯᠲᠡ ᠶ᠋ᠢ ᠠᠬᠢᠭᠤᠯᠬᠤ ᠵᠢ ᠪᠠᠷᠢᠮᠲᠠᠯᠠᠵᠤ ᠂ ᠨᠢᠳᠦᠨ ᠴᠡᠴᠡᠭᠡᠶ ᠪᠡᠨ ᠬᠠᠮᠠᠭᠠᠯᠠᠬᠤ ᠱᠢᠭ᠋ ᠵᠢᠡᠷ ᠪᠠᠢᠭᠠᠯᠢ ᠪᠠ ᠠᠮᠢ ᠠᠬᠤᠶ ᠣᠷᠴᠢᠨ ᠲᠣᠭᠣᠷᠢᠨ ᠢ᠋ ᠬᠠᠮᠠᠭᠠᠯᠠᠵᠤ᠂ ᠥᠨᠥᠳᠦᠷ ᠤ᠋ᠨ ᠥᠪᠥᠷ ᠮᠣᠩᠭᠣᠯ ᠤ᠋ᠨ ᠡᠬᠡ ᠭᠠᠵᠠᠷ ᠲᠦ᠍ ᠤᠷᠭᠤᠮᠠᠯ ᠤ᠋ᠨ ᠬᠤᠴᠢᠯᠭ᠎ᠠ ᠵᠤᠵᠠᠭᠠᠷᠠᠵᠤ᠂ ᠠᠭᠠᠷ ᠲᠩᠷᠢ ᠨᠠᠩ ᠴᠡᠯᠮᠡᠭᠰᠢᠨ᠂ ᠭᠤᠤᠯ ᠮᠥᠷᠡᠨ ᠨᠠᠩ ᠲᠤᠡᠭᠭᠠᠯᠠᠭᠰᠢᠯ᠎ᠠ ᠁

ᠡᠬᠦᠷᠬᠡ ᠬᠠᠷᠢᠭᠤᠴᠠᠯᠭ᠎ᠠ ᠦᠨᠢᠳᠡ ᠵᠢᠨ ᠦᠢᠯᠡᠰ᠎ᠢ ᠮᠠᠨᠳᠤᠭᠤᠯᠵᠤ᠂ ᠤᠭ ᠰᠠᠨᠠᠭ᠎ᠠ ᠤᠷᠤᠭᠰᠢᠯᠠᠯᠳᠠ ᠵᠢᠨ ᠵᠠᠮ ᠎ᠢ ᠬᠡᠢᠬᠦᠯᠦᠨ᠎ᠠ᠃ ᠲᠠᠷᠠᠭᠠᠴᠢ ᠶ᠋ᠢᠨ ᠠᠯᠬᠤᠮ ᠳ᠋ᠤ᠂ ᠥᠪᠡᠷᠲᠡᠭᠡᠨ ᠵᠠᠰᠠᠬᠤ ᠣᠷᠣᠨ ᠤ᠋ ᠪᠠᠢᠭᠠᠯᠢ ᠶ᠋ᠢᠨ ᠡᠬᠢ ᠪᠠᠶᠠᠯᠢᠭ ᠤ᠋ᠨ ᠱᠢᠰᠲ᠋ᠧᠮ ᠤ᠋ᠨ᠎ᠬᠢᠨ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠤ᠋ᠨ ᠦᠷ᠎ᠡ ᠪᠦᠲᠦᠭᠡᠯ ᠢ᠋ ᠦᠷᠭᠦᠯᠵᠢᠯᠡᠨ ᠪᠡᠬᠢᠵᠢᠭᠦᠯᠦᠨ ᠥᠷᠭᠡᠳᠭᠡᠵᠦ᠍᠂ ᠰᠡᠳᠭᠢᠯ ᠵᠢᠡᠨ ᠨᠢᠭᠡᠳᠭᠡᠨ ᠬᠦᠴᠦ᠍ ᠪᠡᠨ ᠬᠠᠮᠲᠤᠳᠬᠠᠨ᠂ ᠢᠳᠡᠷᠡᠭᠦᠨ ᠠᠯᠬᠤᠭ᠎ᠠ ᠪᠡᠷ ᠤᠷᠤᠭ᠍ᠰᠢᠯᠠᠵᠤ ᠂ ᠡᠬᠡ ᠤᠯᠤᠰ ᠤ᠋ᠨ ᠤᠮᠠᠷᠠᠲᠤ ᠶ᠋ᠢᠨ ᠴᠢᠬᠤᠯᠠ ᠠᠮᠢ ᠠᠬᠤᠶ ᠶ᠋ᠢᠨ ᠠᠮᠤᠷ ᠲᠦᠪᠱᠢᠨ ᠤ᠋ ᠬᠠᠯᠬᠠᠪᠴᠢ ᠶ᠋ᠢ ᠪᠠᠲᠤ ᠴᠣᠭ᠍ᠴᠠᠯᠠᠬᠤ ᠳ᠋ᠤ ᠨᠠᠩ ᠶᠡᠬᠡ ᠬᠤᠪᠢ ᠨᠡᠮᠡᠷᠢ ᠦᠵᠡᠭᠦᠯᠬᠦ ᠪᠤᠯᠤᠨ᠎ᠠ ᠃


QQ图片20220527094021.png


ᠬᠥᠬᠡᠬᠣᠲᠠ ᠶ᠋ᠢᠨ ᠦᠯᠦ ᠬᠦᠳᠡᠯᠬᠦ ᠬᠥᠷᠥᠩᠭᠡ ᠵᠢᠨ ᠳᠠᠩᠰᠠᠯᠠᠯᠳᠠ ᠵᠢᠨ ᠲᠥᠪ


QQ图片20220527094058.png


《ᠨᠠᠮ ᠤ᠋ᠨ ᠭᠡᠰᠢᠭᠦᠨ ᠪᠤᠯᠤᠭᠰᠠᠨ ᠢᠷᠠᠭᠤ ᠠᠯᠲᠠᠷ ᠲᠠᠢ 50 ᠵᠢᠯ》 ᠤ᠋ᠨ ᠳᠤᠷᠠᠰᠬᠠᠯ ᠤ᠋ᠨ ᠲᠡᠮᠳᠡᠭ ᠣᠯᠭᠣᠨ᠎ᠠ᠃


QQ图片20220527094110.png


ᠬᠥᠬᠡᠬᠣᠲᠠ ᠶ᠋ᠢᠨ ᠭᠡᠷ ᠭᠠᠵᠠᠷ ᠤ᠋ᠨ ᠬᠥᠷᠥᠩᠭᠡ ᠶ᠋ᠢᠨ ᠲᠡᠦᠬᠡᠨ ᠦᠯᠡᠳᠡᠭᠳᠡᠯ ᠠᠰᠠᠭᠤᠳᠠᠯ ᠤ᠋ᠨ ᠥᠯᠥ᠍ ᠬᠥᠳᠡᠯᠬᠦ᠌ ᠬᠥᠷᠥᠩᠭᠡ ᠵᠢ ᠳᠠᠩᠰᠠᠯᠠᠨ ᠰᠢᠢᠳᠪᠦᠷᠢᠯᠡᠬᠦ ᠴᠤᠡᠭᠬᠤᠪᠴᠢ


QQ图片20220527094315.png


ᠰᠢᠨ᠎ᠡ ᠪᠠᠷᠭᠤ ᠪᠠᠷᠠᠭᠤᠨ ᠬᠤᠰᠢᠭᠤᠨ ᠤ᠋ ᠦᠨᠡᠭᠡᠲᠦ ᠠᠭᠤᠯᠠ ᠶ᠋ᠢᠨ ᠵᠡᠰ ᠮᠤᠯᠢᠪᠳᠧᠨ ᠶ᠋ᠢᠨ ᠠᠭᠤᠷᠬᠠᠶ


QQ图片20220527094400.png


ᠨᠠᠮ ᠤ᠋ᠨ ᠭᠡᠰᠢᠭᠦᠳ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠲᠡᠦᠬᠡ ᠶ᠋ᠢᠨ ᠦᠵᠡᠭᠦᠯᠭᠡ ᠵᠢ ᠲᠣᠭᠣᠷᠢᠨ ᠦᠵᠡᠵᠤ ᠪᠠᠢᠭ᠎ᠠ ᠨᠢ ᠃


QQ图片20220527094344.png


ᠨᠠᠮ ᠳ᠋ᠤ ᠣᠷᠣᠬᠤ ᠢᠳᠡᠪᠬᠢᠲᠡᠳ ᠳᠠᠭᠠᠭᠠᠴᠢᠯᠠᠨ ᠬᠣᠯᠪᠣᠭᠠᠯᠠᠭᠰᠠᠨ ᠨᠡᠢᠭᠡᠮ ᠲᠣᠭᠣᠷᠢᠭ ᠲᠦ᠍ ᠬᠦᠷᠴᠦ᠍ ᠰᠠᠢᠨ ᠳᠤᠷ᠎ᠠ ᠶ᠋ᠢᠨ ᠦᠢᠯᠡᠴᠢᠯᠡᠭᠡ ᠦᠷᠨᠢᠭᠦᠯᠤᠨ᠎ᠠ ᠃


QQ图片20220527094332.png


ᠰᠢᠨ᠎ᠡ ᠪᠠᠷᠭᠤ ᠪᠠᠷᠠᠭᠤᠨ ᠬᠤᠰᠢᠭᠤᠨ ᠤ᠋ ᠦᠨᠡᠭᠡᠲᠦ ᠠᠭᠤᠯᠠ ᠶ᠋ᠢᠨ ᠠᠭᠤᠷᠬᠠᠶ ᠶ᠋ᠢᠨ ᠭᠠᠵᠠᠷ ᠲᠡᠬᠢ ᠰᠢᠯᠢᠮᠳᠡᠭ ᠤ᠋ᠨ ᠲᠠᠷᠢᠶ᠎ᠠ᠃


(ᠬᠡᠷᠡᠯ ᠵᠢᠷᠤᠭ ᠤ᠋ᠳ ᠢ᠋ ᠥᠪᠡᠷᠲᠡᠭᠡᠨ ᠵᠠᠰᠠᠬᠤ ᠣᠷᠣᠨ ᠤ᠋ ᠪᠠᠢᠭᠠᠯᠢ ᠶ᠋ᠢᠨ ᠡᠬᠢ ᠪᠠᠶᠠᠯᠢᠭ ᠤ᠋ᠨ ᠲᠢᠩᠬᠢᠮ ᠡᠴᠡ ᠬᠠᠩᠭᠠᠪᠠ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面