2022-06-14 09:13:49
[ᠰᠤᠨᠢᠨ ᠮᠡᠳᠡᠭᠡᠨ᠎ᠤ ᠡᠷᠭᠢᠴᠡᠭᠦᠯᠦᠯ]
ᠡᠮᠡᠭᠡᠯ ᠠᠭᠤᠯᠠ ᠲᠣᠰᠭᠣᠨ᠎ᠳᠤ ᠬᠢᠲᠠᠳ᠂ ᠮᠣᠩᠭᠣᠯ᠂ ᠮᠠᠨᠵᠤ ᠵᠡᠷᠭᠡ ᠣᠯᠠᠨ ᠦᠨᠳᠦᠰᠦᠲᠡᠨ ᠲᠥᠪᠯᠡᠷᠡᠨ ᠰᠠᠭᠤᠷᠢᠱᠢᠪᠠ᠃ 2019 ᠣᠨ᠎ᠤ 7ᠰᠠᠷ᠎ᠠ᠎ᠶ᠋ᠢᠨ15᠎ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠳᠥᠷᠪᠡᠨ ᠦᠶ᠎ᠡ᠎ᠪᠡᠷ᠎ᠢᠶᠡᠨ ᠬᠠᠮᠲᠤ ᠠᠮᠢᠳᠤᠷᠠᠵᠤ ᠪᠠᠢᠭ᠎ᠠ 《ᠣᠯᠠᠨ ᠦᠨᠳᠦᠰᠦᠲᠡᠨ᠎ᠲᠡᠶ ᠬᠡᠷ ᠪᠦᠯᠢ》 ᠪᠣᠯᠬᠤ ᠲᠣᠰᠭᠣᠨ᠎ᠤ ᠠᠷᠠᠳ ᠵᠠᠩ ᠭᠦᠸᠧ ᠯᠢ᠎ᠶ᠋ᠢᠨ ᠬᠡᠷ᠎ᠲᠦ ᠬᠥᠷᠪᠡ᠃ ᠰᠢ ᠵᠢᠨ ᠫᠢᠩ᠂ ᠬᠥᠳᠡᠭᠡ ᠲᠣᠰᠭᠣᠨ ᠬᠥᠭ᠌ᠵᠢᠨ ᠮᠠᠨᠳᠤᠵᠤ᠂ ᠣᠷᠴᠢᠨ ᠲᠣᠭᠣᠷᠢᠨ ᠰᠠᠢᠵᠢᠷᠠᠵᠤ᠂ ᠬᠥᠳᠡᠭᠡ ᠲᠣᠰᠭᠣᠨ᠎ᠤ ᠠᠮᠢᠳᠤᠷᠠᠯ ᠴᠤ᠌ ᠶᠠᠪᠤᠬᠤ ᠲᠤᠳᠤᠮ ᠰᠠᠢᠵᠢᠷᠠᠵᠠᠢ᠃ ᠬᠥᠳᠡᠭᠡ ᠲᠣᠰᠭᠣᠨ᠎ᠤ ᠤᠯᠠᠨ ᠨᠡᠢᠲᠡ᠎ᠶ᠋ᠢᠨ ᠰᠠᠭᠤᠷᠢ ᠲᠥᠬᠥᠭᠡᠷᠦᠮᠵᠢ᠎ᠶ᠋ᠢ ᠦᠷᠭᠦᠯᠵᠢᠯᠡᠨ ᠲᠡᠭᠦᠯᠳᠡᠷᠵᠢᠭᠦᠯᠵᠦ᠍᠂ ᠬᠥᠳᠡᠭᠡ ᠲᠣᠰᠭᠣᠨ᠎ᠤ ᠣᠷᠣᠱᠢᠨ ᠰᠠᠭᠤᠬᠤ ᠣᠷᠴᠢᠨ ᠲᠣᠭᠣᠷᠢᠨ᠎ᠢ ᠰᠠᠢᠵᠢᠷᠠᠭᠤᠯᠵᠤ᠂ ᠬᠣᠭ ᠨᠣᠪᠰᠢ ᠪᠣᠬᠢᠷ ᠤᠰᠤ᠎ᠶ᠋ᠢ ᠵᠠᠰᠠᠬᠤ᠂ ᠵᠣᠷᠯᠣᠩ ᠢᠦᠭᠡᠷᠡᠴᠢᠯᠡᠬᠦ᠂ ᠲᠣᠰᠭᠣᠨ᠎ᠤ ᠳᠦᠷᠰᠦ ᠪᠠᠢᠳᠠᠯ᠎ᠢ ᠳᠡᠭᠡᠭ᠌ᠰᠢᠯᠡᠭᠦᠯᠬᠦ᠌᠎ᠶ᠋ᠢ ᠭᠣᠣᠯᠳᠠᠯᠭ᠎ᠠ᠎ᠲᠠᠶ ᠰᠠᠢᠲᠤᠷ ᠬᠢᠵᠦ᠍᠂ ᠬᠥᠳᠡᠭᠡ ᠲᠣᠰᠭᠣᠨ᠎ᠢ ᠨᠡᠩ ᠦᠵᠡᠰᠭᠦᠯᠡᠩᠲᠦ ᠰᠠᠢᠬᠠᠨ ᠪᠣᠯᠭᠠᠨ ᠪᠦᠳᠦᠭᠡᠨ ᠪᠠᠢᠭᠤᠯᠬᠤ ᠬᠡᠷᠡᠭ᠌ᠲᠡᠢ ᠭᠡᠵᠦ ᠵᠢᠭᠠᠵᠤ ᠭᠠᠷᠭᠠᠪᠠ᠃
ᠤᠯᠠᠭᠠᠨᠬᠠᠳᠠ ᠵᠢᠨ ᠺᠠᠳ᠋ᠷ ᠣᠯᠠᠨ ᠲᠦᠮᠡᠨ᠎ᠦ 10 ᠲᠥᠯᠥᠭᠡᠯᠡᠭ᠌ᠴᠢ ᠪᠠᠰᠠ ᠬᠦᠷᠦᠯᠴᠡᠡ ᠢᠷᠡᠪᠠ᠂ ᠶᠡᠷᠦᠩᠬᠡᠶ ᠱᠦᠵᠢ ᠲᠡᠳᠡᠨ᠎ᠲᠡᠶ ᠬᠠᠮᠳᠤ ᠰᠠᠭᠤᠯᠴᠠᠨ ᠶᠠᠷᠢᠯᠴᠠᠵᠤ ᠪᠤᠳᠤᠯ ᠰᠡᠳᠬᠢᠯ᠎ᠢᠶᠠᠨ ᠰᠣᠯᠢᠯᠴᠠᠪᠠ᠃ ᠣᠯᠠᠨ᠎ᠢᠶᠠᠷ᠎ᠢᠶᠠᠨ ᠢᠳᠡᠪᠬᠢᠲᠡᠶ᠎ᠪᠡᠷ ᠦᠬᠡ ᠬᠡᠯᠡᠵᠤ᠂ ᠲᠣᠰᠭᠣᠨ᠎ᠳᠤ ᠭᠠᠷᠤᠭ᠍ᠰᠠᠨ ᠱᠢᠨ᠎ᠡ ᠬᠤᠪᠢᠷᠠᠯᠲᠠ᠎ᠪᠠᠨ ᠶᠡᠷᠦᠩᠬᠡᠶ ᠱᠦᠵᠢ᠎ᠳᠦ ᠬᠠᠷᠢᠭᠤ ᠮᠡᠳᠡᠭᠦᠯᠪᠡ᠃ ᠰᠢ ᠵᠢᠨ ᠫᠢᠩ᠂ ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ 70 ᠵᠢᠯ ᠦᠨ ᠲᠤᠷᠰᠢ᠂ ᠮᠠᠨ᠎ᠤ ᠤᠯᠤᠰ᠎ᠤᠨ ᠬᠤᠳᠠ ᠬᠥᠳᠡᠭᠡ᠎ᠶ᠋ᠢᠨ ᠳᠦᠷᠰᠦ ᠪᠠᠢᠳᠠᠯ᠎ᠳᠤ ᠲᠩᠷᠢ ᠭᠠᠵᠠᠷ᠎ᠢ ᠳᠣᠩᠰᠣᠯᠭᠠᠬᠰᠠᠨ ᠬᠤᠪᠢᠷᠠᠯᠲᠠ ᠭᠠᠷᠴᠤ᠌᠂ ᠤᠯᠠᠨ ᠲᠦᠮᠡᠨ᠎ᠦ ᠠᠮᠢᠳᠤᠷᠠᠯ ᠡᠳᠦᠷ ᠡᠴᠡ ᠡᠳᠦᠷ ᠰᠠᠢᠵᠢᠷᠠᠪᠠ᠂ ᠡᠨᠡ ᠨᠢ ᠪᠢᠳᠡᠨ᠎ᠦ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠵᠠᠮ᠎ᠢᠶᠠᠷ ᠵᠠᠮᠨᠠᠬᠤ ᠨᠢ ᠵᠥᠪ ᠪᠣᠯᠬᠤ᠎ᠶ᠋ᠢ ᠭᠦᠢᠴᠡᠳ ᠭᠡᠷᠡᠴᠢᠯᠡᠪᠡ᠃ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌᠎ᠳᠦ ᠨᠢᠭᠡ ᠦᠨᠳᠦᠰᠦᠲᠡᠨ᠎ᠢ ᠴᠦ᠍ ᠣᠷᠬᠢᠭ᠍ᠳᠠᠭᠤᠯᠵᠤ ᠪᠣᠯᠬᠤ ᠦᠭᠡᠢ; ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠳᠦ ᠨᠢᠭᠡ ᠦᠨᠳᠦᠰᠦᠲᠡᠨ᠎ᠢ ᠴᠦ᠍ ᠣᠷᠬᠢᠭ᠍ᠳᠠᠭᠤᠯᠵᠤ ᠪᠣᠯᠬᠤ ᠦᠭᠡᠢ᠃ ᠦᠨᠳᠦᠰᠦᠲᠡᠨ᠎ᠦ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ ᠪᠣᠯ ᠮᠠᠨ᠎ᠤ ᠤᠯᠤᠰ᠎ᠤᠨ ᠦᠨᠳᠦᠰᠦᠨ ᠤᠯᠤᠰ ᠲᠦᠷᠦ᠍᠎ᠶ᠋ᠢᠨ ᠪᠠᠢᠭᠤᠯᠤᠯ ᠮᠥᠨ᠂ ᠦᠨᠳᠦᠰᠦᠲᠡᠨ᠎ᠦ ᠣᠷᠣᠨ ᠤ ᠥᠪᠡᠷᠲᠡᠭᠡᠨ ᠵᠠᠰᠠᠬᠤ ᠤᠨᠤᠯ ᠪᠠ ᠦᠢᠯᠡᠳᠦᠯᠭᠡ᠎ᠶ᠋ᠢᠨ ᠲᠤᠷᠱᠢᠯᠭ᠎ᠠ᠎ᠶ᠋ᠢ ᠬᠢᠨᠠᠮᠠᠭᠠᠢ ᠳ᠋ᠦᠩᠨᠡᠵᠦ᠍᠂ ᠡᠨᠡ ᠬᠦ᠌ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠍᠂ ᠦᠨᠳᠦᠰᠦᠲᠡᠨ᠎ᠦ ᠪᠦᠯᠬᠦᠮᠳᠡᠯ ᠠᠭᠤᠰᠤᠯᠴᠠᠯ᠎ᠢ ᠠᠬᠢᠭᠤᠯᠤᠨ᠂ ᠦᠨᠳᠦᠰᠦᠲᠡᠨ᠎ᠨᠦᠭᠦᠳ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠬᠦ᠌᠎ᠶ᠋ᠢ ᠠᠬᠢᠭᠤᠯᠬᠤ ᠬᠡᠷᠡᠭ᠌ᠲᠡᠢ ᠭᠡᠵᠦ ᠵᠢᠭᠠᠵᠤ ᠭᠠᠷᠭᠠᠪᠠ᠃

ᠡᠮᠡᠭᠡᠯ ᠠᠭᠤᠯᠠ ᠲᠤᠰᠬᠤᠨ᠎ᠤ ᠦᠵᠡᠮᠵᠢ᠃
(ᠤᠯᠠᠭᠠᠨᠬᠠᠳᠠ᠎ᠵᠢᠨ ᠡᠳᠦᠷ᠎ᠤᠨ ᠰᠤᠨᠢᠨ ᠡᠴᠡ ᠬᠠᠨᠭᠭᠠᠪᠠ)
ᠬᠦᠬᠡᠮᠳᠦᠭ ᠠᠭᠤᠯᠠ ᠪᠡᠷ ᠬᠦᠷᠢᠶᠡᠯᠡᠭᠳᠡᠭᠰᠡᠨ ᠵᠤᠨ᠎ᠤ ᠡᠬᠢᠨ᠎ᠤ ᠬᠠᠷᠠᠴᠢᠨ ᠬᠣᠱᠢᠭᠤᠨ ᠤ ᠭᠤᠤᠯ᠎ᠤᠨ ᠡᠮᠦᠨ᠎ᠡ ᠵᠡᠭᠡᠯᠢ᠎ᠶ᠋ᠢᠨ ᠡᠮᠡᠭᠡᠯ ᠠᠭᠤᠯᠠ ᠲᠣᠰᠭᠣᠨ ᠳ᠋ᠤ ᠡᠪᠡᠰᠦ ᠮᠣᠳᠣ ᠢᠬᠴᠤᠷᠠᠨ ᠨᠣᠭᠣᠭᠠᠷᠠᠵᠤ ᠵᠦᠢᠯ᠎ᠤᠨ ᠴᠡᠴᠡᠭᠡᠰ ᠦᠩᠬᠡ ᠢᠯᠭᠠᠷᠠᠨ ᠲᠡᠯᠬᠡᠷᠡᠨ᠎ᠡ᠃
ᠲᠤᠰᠬᠤᠨ᠎ᠤ ᠲᠤᠮᠳᠠᠭᠤᠷ ᠰᠤᠨᠤᠯᠵᠠᠬᠰᠠᠨ ᠴᠡᠪᠡᠷ ᠲᠡᠭ᠌ᠰᠢᠬᠡᠨ ᠱᠦᠢᠨᠢ ᠵᠠᠮ᠎ᠢ ᠳᠠᠭᠠᠵᠤ ᠶᠠᠪᠤᠪᠠᠯ᠂ ᠵᠠᠩ ᠭᠦᠸᠧ ᠯᠢ᠎ᠶ᠋ᠢᠨ ᠭᠡᠷ᠎ᠢ ᠠᠮᠠᠷᠬᠠᠨ ᠡᠷᠢᠵᠦ ᠤᠯᠤᠨ᠎ᠠ᠂ᠲᠡᠭᠦᠨ᠎ᠤ ᠭᠡᠷ᠎ᠤᠨ ᠡᠭᠦᠳᠡᠨ᠎ᠳᠦ 《ᠦᠨᠳᠦᠰᠦᠲᠡᠨ᠎ᠦ ᠪᠦᠯᠬᠦᠮᠳᠡᠯ᠎ᠦᠨ ᠭᠡᠷ ᠪᠦᠯᠢ》᠂ 《ᠬᠠᠮᠤᠭ᠎ᠤᠨ ᠭᠤᠶᠤ ᠭᠡᠷ ᠪᠦᠯᠢ》᠂ 《ᠦᠵᠡᠰᠭᠦᠯᠡᠩᠲᠦ ᠰᠠᠢᠬᠠᠨ ᠭᠡᠷ ᠪᠦᠯᠢ᠎ᠶ᠋ᠢᠨ ᠵᠢᠱ᠌ᠢᠶ᠎ᠡ ᠦᠵᠡᠭᠦᠯᠬᠦ᠌ ᠡᠷᠦᠬᠡ》᠂ 《ᠢᠷᠠᠭᠤ ᠠᠯᠳᠠᠷᠲᠤ ᠭᠡᠷ ᠪᠦᠯᠢ》 ᠵᠡᠷᠭᠡ ᠢᠷᠠᠭᠤ ᠠᠯᠳᠠᠷ᠎ᠤᠨ ᠦᠨᠡᠮᠯᠡᠯ᠎ᠢ ᠡᠯᠭᠦᠵᠦ᠂ ᠡᠨᠡ ᠬᠦ᠌ ᠭᠡᠷ ᠪᠦᠯᠢ᠎ᠶ᠋ᠢᠨ ᠪᠤᠰᠤᠳ ᠡᠴᠡ ᠤᠨᠴᠠᠭᠠᠢ ᠵᠢ ᠢᠯᠡᠷᠡᠭᠦᠯᠦᠨ᠎ᠠ᠃
《ᠮᠠᠨ᠎ᠤ ᠬᠡᠷ ᠳᠥᠷᠪᠡᠨ ᠦᠶ᠎ᠡ᠎ᠪᠡᠷ᠎ᠢᠶᠡᠨ ᠬᠠᠮᠲᠤ ᠠᠮᠢᠳᠤᠷᠠᠵᠤ᠂ ᠣᠲᠣ ᠨᠡᠢᠲᠡ 11 ᠬᠥᠮᠦᠨ ᠠᠮᠠ᠎ᠲᠠᠶ᠂ ᠮᠣᠩᠭᠣᠯ᠂ ᠮᠠᠨᠵᠤ᠂ ᠬᠢᠲᠠᠳ ᠭᠤᠷᠪᠠᠨ ᠦᠨᠳᠦᠰᠦᠳᠠᠨ᠎ᠢᠶᠡᠷ ᠪᠦᠷᠢᠯᠳᠦᠭᠰᠡᠨ ᠶᠤᠮ᠂ ᠶᠡᠷᠦᠩᠬᠡᠶ ᠱᠦᠵᠢ ᠰᠢ ᠵᠢᠨ ᠫᠢᠩ ᠮᠠᠨ᠎ᠤ ᠨᠢᠭᠡ ᠬᠡᠷ᠎ᠦᠨ᠎ᠬᠢᠨ ᠡᠶ᠎ᠡ ᠨᠠᠢᠷᠲᠠᠶ᠎ᠪᠠᠷ ᠬᠠᠮᠲᠤ ᠠᠮᠢᠳᠤᠷᠠᠵᠤ ᠪᠠᠢᠬᠤ᠎ᠶ᠋ᠢ ᠮᠠᠭ᠍ᠲᠠᠨ ᠰᠠᠢᠱᠢᠶᠠᠪᠠ》 ᠭᠡᠵᠦ᠍ ᠵᠠᠩ ᠭᠦᠸᠧ ᠯᠢ ᠬᠡᠯᠡᠨ᠎ᠠ᠃
《ᠮᠢᠨᠦ ᠡᠵᠢ᠂ ᠮᠠᠨ᠎ᠤ ᠡᠷ᠎ᠡ ᠡᠮ᠎ᠡ ᠬᠣᠶᠠᠭᠤᠯᠠ᠂ ᠬᠣᠶᠠᠷ ᠬᠦᠦ ᠪᠤᠯ ᠮᠠᠨᠵᠤ ᠦᠨᠳᠦᠰᠦᠲᠡᠨ᠂ ᠶᠡᠬᠡ ᠬᠦᠦ ᠪᠡᠷᠢ ᠪᠣᠯᠤᠨ ᠬᠣᠶᠠᠷ ᠣᠮᠪᠣᠯᠣ ᠬᠢᠲᠠᠳ ᠦᠨᠳᠦᠰᠦᠲᠡᠨ᠂ ᠬᠣᠶᠠᠳᠤᠭᠠᠷ ᠬᠦᠦ ᠪᠡᠷᠢ ᠪᠣᠯᠤᠨ ᠬᠣᠶᠠᠷ ᠣᠮᠪᠣᠯᠣ ᠥᠬᠢᠨ ᠮᠣᠩᠭᠣᠯ ᠦᠨᠳᠦᠰᠦᠲᠡᠨ ᠪᠣᠯᠤᠨ᠎ᠠ᠂ ᠪᠢᠳᠠ ᠨᠢᠭᠡ ᠬᠡᠷ᠎ᠢᠶᠡᠷ᠎ᠢᠶᠡᠨ ᠬᠠᠮᠲᠤ ᠠᠮᠢᠳᠤᠷᠠᠵᠤ᠂ ᠬᠠᠮᠲᠤ ᠢᠳᠡᠵᠦ᠍ ᠬᠠᠮᠲᠤ ᠰᠠᠭᠤᠵᠤ᠂ ᠬᠠᠷᠢᠯᠴᠠᠨ ᠬᠠᠢᠷᠠᠯᠠᠵᠤ᠂ ᠶᠠᠭ ᠶᠡᠷᠦᠩᠬᠡᠶ ᠱᠦᠵᠢ᠎ᠵᠢᠨ ᠬᠡᠯᠡᠭ᠌ᠰᠡᠨ ᠱᠢᠭ〈ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠪᠡ〉》 ᠭᠡᠵᠦ ᠵᠠᠩ ᠭᠦᠸᠧ ᠯᠢ ᠲᠠᠨᠢᠯᠴᠠᠭᠤᠯᠪᠠ᠃
ᠶᠡᠷᠦᠩᠬᠡᠶ ᠱᠦᠵᠢ᠎ᠵᠢ ᠳᠤᠷᠠᠳᠬᠤ᠎ᠳᠤ᠂ ᠵᠠᠩ ᠭᠦᠸᠧ ᠯᠢ ᠡᠷ᠎ᠡ ᠡᠮ᠎ᠡ ᠬᠣᠶᠠᠭᠤᠯᠠ ᠶ᠋ᠢᠨ ᠰᠡᠳᠭᠢᠯ᠎ᠳᠦ ᠲᠤᠩ ᠵᠤᠯ ᠵᠢᠷᠭᠠᠯ ᠲᠠᠢ ᠰᠠᠨᠠᠬᠳᠠᠬᠤ ᠶᠤᠮ᠃ ᠲᠡᠭᠦᠨ᠎ᠦ ᠤᠨᠲᠠᠬᠤ ᠦᠷᠦᠭᠡ ᠪᠣᠯᠤᠨ ᠵᠣᠴᠢᠨ᠎ᠤ ᠦᠷᠦᠭᠡ᠎ᠶ᠋ᠢᠨ ᠬᠤᠭᠤᠷᠤᠨᠳᠤᠬᠢ ᠬᠠᠮᠤᠭ᠎ᠤᠨ ᠢᠯᠠ ᠭᠠᠵᠠᠷ ᠲᠤ᠌᠂ ᠶᠡᠷᠦᠩᠬᠡᠢ ᠱᠦᠵᠢ ᠰᠢ ᠵᠢᠨ ᠫᠢᠩ᠎ᠦᠨ ᠵᠠᠩ ᠭᠦᠸᠧ ᠯᠢ᠎ᠶ᠋ᠢᠨ ᠭᠡᠷ᠎ᠦᠨ ᠬᠥᠮᠦᠰ᠎ᠲᠡᠶ ᠬᠠᠮᠲᠤ ᠰᠡᠬᠦᠳᠡᠷᠯᠡᠭᠰᠡᠨ ᠬᠡᠷᠡᠯ ᠵᠢᠷᠤᠭ᠎ᠢ ᠡᠯᠭᠦᠵᠦ᠍ ᠪᠠᠢᠳᠠᠭ᠃
2019 ᠣᠨ᠎ᠤ 7 ᠰᠠᠷ᠎ᠠ᠎ᠶ᠋ᠢᠨ 15᠎ᠤ᠋ ᠡᠳᠦᠷ ᠪᠣᠯ ᠵᠠᠩ ᠭᠦᠸᠧ ᠯᠢ᠎ᠶ᠋ᠢᠨ ᠬᠡᠷ ᠪᠦᠯᠢ᠎ᠶ᠋ᠢᠨ ᠬᠠᠮᠤᠭ᠎ᠤᠨ ᠪᠠᠶᠠᠷ ᠲᠠᠶ᠂ ᠬᠠᠮᠤᠭ᠎ᠤᠨ ᠰᠡᠳᠭᠢᠯ ᠲᠤᠬᠳᠤᠯᠤᠬᠰᠠᠨ᠂ ᠬᠠᠮᠤᠭ᠎ᠤᠨ ᠮᠠᠷᠲᠠᠭ᠍ᠳᠠᠰᠢ ᠥᠬᠡᠶ ᠡᠳᠦᠷ ᠪᠣᠯᠤᠨ᠎ᠠ᠃ ᠡᠨᠡ ᠡᠳᠦᠷ᠂ ᠶᠡᠷᠦᠩᠬᠡᠢ ᠱᠦᠵᠢ ᠲᠡᠳᠡᠨ᠎ᠦ ᠭᠡᠷ᠎ᠲᠦ ᠬᠦᠷᠴᠦ᠍᠂ ᠣᠷᠣᠯᠭ᠎ᠠ᠎ᠶ᠋ᠢ ᠨᠢ ᠠᠰᠠᠭᠤᠵᠤ᠂ ᠰᠤᠯᠠ ᠵᠣᠭᠣᠭ ᠳᠡᠯᠭᠡᠵᠦ᠍᠂ ᠬᠦᠷᠢᠶ᠎ᠡ ᠬᠠᠱᠢᠶ᠎ᠠ᠂ ᠵᠣᠴᠢᠨ᠎ᠤ ᠲᠢᠩᠬᠢᠮ᠂ ᠤᠨᠲᠠᠬᠤ ᠦᠷᠦᠭᠡ᠂ ᠲᠣᠭᠣᠭᠠᠨ ᠭᠡᠷ᠂ ᠵᠣᠷᠯᠣᠩ ᠵᠡᠷᠭᠡ ᠵᠢ ᠪᠠᠢᠴᠠᠭᠠᠨ ᠦᠵᠡᠵᠦ᠍᠂ ᠵᠠᠩ ᠭᠦᠸᠧ ᠯᠢ᠎ᠶ᠋ᠢᠨ ᠭᠡᠷ ᠪᠦᠯᠢ ᠵᠢᠴᠢ ᠲᠤᠬᠠᠢ᠎ᠶ᠋ᠢᠨ ᠭᠠᠵᠠᠷ᠎ᠤᠨ ᠺᠠᠳ᠋ᠷ ᠤᠯᠠᠨ ᠲᠦᠮᠡᠨ᠎ᠦ ᠲᠥᠯᠥᠭᠡᠯᠡᠭ᠌ᠴᠢᠳ᠎ᠲᠡᠶ ᠳᠣᠲᠣᠨᠣ᠎ᠪᠠᠷ ᠶᠠᠷᠢᠯᠴᠠᠪᠠ᠃ ᠶᠡᠷᠦᠩᠬᠡᠢ ᠱᠦᠵᠢ ᠶ᠋ᠢᠨ ᠬᠥᠳᠡᠭᠡ ᠲᠣᠰᠭᠣᠨ᠎ᠤ ᠬᠥᠮᠦᠰ᠎ᠦᠨ ᠣᠷᠣᠱᠢᠨ ᠰᠠᠭᠤᠷᠢᠱᠢᠬᠤ ᠣᠷᠴᠢᠨ ᠲᠣᠭᠣᠷᠢᠨ᠎ᠢ ᠰᠠᠢᠵᠢᠷᠠᠭᠤᠯᠬᠤ᠂ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ᠎ᠢ ᠪᠦᠳᠦᠭᠡᠨ ᠪᠠᠢᠭᠤᠯᠬᠤ ᠬᠦᠰᠡᠯ ᠡᠷᠡᠮᠡᠯᠵᠡᠯ ᠨᠢ ᠶᠠᠭ ᠰᠡᠬᠦᠢᠨ ᠰᠦᠨᠳᠡᠷᠯᠡᠭ᠌ᠰᠡᠨ ᠡᠮᠡᠭᠡᠯ ᠠᠭᠤᠯᠠ ᠮᠡᠲᠦ᠂ ᠬᠥᠮᠦᠰ᠎ᠲᠦ ᠬᠦᠴᠦᠨ ᠴᠢᠳᠠᠯ ᠣᠯᠭᠣᠵᠤ᠂ ᠬᠥᠮᠦᠰ᠎ᠢ ᠤᠷᠮᠠᠱᠢᠭᠤᠯᠤᠨ ᠤᠷᠤᠭ᠍ᠰᠢᠯᠠᠭᠤᠯᠤᠨ᠎ᠠ᠃

ᠵᠠᠩ ᠭᠦᠸᠸ ᠯᠢ ᠲᠡᠷᠭᠡ ᠪᠠᠨ ᠠᠷᠴᠢᠵᠤ ᠪᠠᠢᠭ᠎ᠠ ᠨᠢ᠃
( ᠸᠠᠩ ᠲᠠᠨ᠎ᠠ ᠰᠡᠭᠦᠳᠡᠷᠯᠡᠪᠡ )
ᠭᠤᠷᠪᠠᠨ ᠵᠢᠯ ᠭᠠᠷᠤᠶ᠎ᠶ᠋ᠢᠨ ᠲᠤᠷᠰᠢ᠂ ᠵᠠᠩ ᠭᠦᠸᠧ ᠯᠢ᠎ᠶ᠋ᠢᠨ ᠭᠡᠷ᠎ᠲᠤ ᠪᠠᠶᠠᠷ᠎ᠤᠨ ᠶᠠᠪᠤᠳᠠᠯ ᠤᠯᠠᠨ᠃《ᠪᠢ ᠣᠮᠪᠣᠯᠣ ᠥᠬᠢᠨ᠎ᠲᠠᠢ ᠪᠤᠯᠵᠠᠢ᠂ ᠪᠠᠰᠠ ᠡᠨᠧᠷᠭᠢ ᠠᠷᠪᠢᠯᠠᠵᠤ ᠣᠷᠴᠢᠨ ᠲᠣᠭᠣᠷᠢᠨ᠎ᠢ ᠬᠠᠮᠠᠭᠠᠯᠠᠬᠤ ᠴᠠᠬᠢᠯᠭᠠᠨ ᠬᠥᠳᠡᠯᠭᠡᠭᠦᠷᠲᠦ ᠮᠠᠱᠢᠨ ᠲᠡᠷᠭᠡ ᠬᠤᠳᠠᠯᠳᠤᠨ ᠠᠪᠴᠤ᠌᠂ ᠣᠷᠣᠯᠭ᠎ᠠ ᠴᠦ᠍ ᠨᠡᠮᠡᠭ᠌ᠳᠡᠪᠡ᠂ 7 ᠮᠥ᠍ ᠲᠠᠷᠢᠶᠠᠨ ᠭᠠᠵᠠᠷ᠎ᠤᠨ ᠣᠷᠣᠯᠭ᠎ᠠ᠎ᠡᠴᠡ ᠭᠠᠳᠠᠨ᠎ᠠ ᠪᠠᠰᠠ ᠨᠤᠲᠤᠭ᠎ᠤᠨ ᠭᠠᠷᠤᠯᠲᠠ ᠬᠤᠳᠠᠯᠳᠤᠭ᠍ᠰᠠᠨ ᠪᠠ ᠠᠷᠰᠠᠷ ᠠᠵᠢᠯ ᠬᠢᠭ᠌ᠰᠡᠨ ᠵᠣᠭᠣᠰ᠎ᠢ ᠨᠡᠮᠡᠪᠡᠯ᠂ ᠨᠢᠭᠡ ᠵᠢᠯ᠎ᠳᠤ ᠳᠣᠯᠣᠭ᠎ᠠ ᠨᠠᠶ᠋ᠮᠠᠨ ᠲᠦᠮᠡᠨ ᠲᠥᠭᠥᠷᠢᠭ᠎ᠦᠨ ᠣᠷᠣᠯᠭ᠎ᠠ᠎ᠲᠠᠶ ᠪᠣᠯᠵᠠᠶ》 ᠭᠡᠵᠦ ᠵᠠᠩ ᠭᠦᠸᠧ ᠯᠢᠪᠠᠶᠠᠷᠲᠠᠢᠬᠠᠨ ᠬᠡᠯᠡᠨ᠎ᠡ᠃
ᠵᠠᠩ ᠭᠦᠸᠧ ᠯᠢ᠎ᠶ᠋ᠢᠨ ᠬᠢᠨ᠎ᠤ ᠠᠮᠢᠳᠤᠷᠠᠵᠤ ᠪᠠᠢᠭ᠎ᠠ ᠡᠮᠡᠭᠡᠯ ᠠᠭᠤᠯᠠ ᠲᠣᠰᠭᠣᠨ ᠯᠠᠪᠳᠠᠭᠤᠨ ᠪᠠᠲᠤᠲᠠᠢ᠎ᠪᠠᠷ ᠡᠷᠡᠮᠡᠬᠡᠢᠯᠡᠨ ᠤᠷᠤᠭ᠍ᠰᠢᠯᠠᠵᠤ᠂ ᠶᠠᠳᠠᠭᠤ ᠬᠦᠴᠢᠷᠳᠡᠯᠲᠡᠢ ᠠᠭᠤᠯᠠᠨ ᠭᠤᠤ ᠪᠠᠢᠭ᠍ᠰᠠᠨ᠎ᠡᠴᠡ᠎ᠪᠠᠨ ᠬᠥᠭ᠌ᠵᠢᠭᠡᠳ ᠪᠦᠬᠦ᠌ ᠤᠯᠤᠰ᠎ᠤᠨ ᠪᠣᠯᠪᠠᠰᠤᠨ ᠲᠣᠰᠭᠣᠨ ᠪᠠᠯᠭᠠᠰᠤ᠂ ᠪᠦᠬᠦ᠌ ᠤᠯᠤᠰ᠎ᠤᠨ ᠬᠥᠳᠡᠭᠡ ᠲᠣᠰᠭᠣᠨ᠎ᠤ ᠵᠠᠰᠠᠯᠲᠠ᠎ᠶ᠋ᠢᠨ ᠵᠢᠱ᠌ᠢᠢ᠎ᠡ ᠦᠵᠡᠭᠦᠯᠬᠦ᠌ ᠲᠣᠰᠭᠣᠨ᠂ ᠪᠦᠬᠦ᠌ ᠤᠯᠤᠰ᠎ᠤᠨ ᠤᠢ ᠱᠢᠭᠤᠢᠲᠤ ᠬᠥᠳᠡᠭᠡ ᠲᠣᠰᠭᠣᠨ᠂ ᠪᠦᠬᠦ᠌ ᠤᠯᠤᠰ᠎ᠤᠨ ᠵᠢᠭᠤᠯᠴᠢᠯᠠᠯ᠎ᠤᠨ ᠦᠢᠯᠡᠰ᠎ᠤᠨ ᠰᠦᠯᠵᠢᠶᠡᠨ᠎ᠦ ᠬᠠᠯᠠᠮᠰᠢᠯ ᠲᠣᠰᠭᠣᠨ ᠪᠤᠯᠵᠥ᠍᠂ ᠪᠤᠢ ᠪᠦᠬᠦᠢ ᠲᠠᠩᠰᠠᠯᠠᠵᠥ᠍ ᠺᠠᠷᠲ᠋ᠯᠠᠭ᠍ᠰᠠᠨ ᠶᠠᠳᠠᠭᠤ ᠬᠦᠴᠢᠷᠳᠡᠯᠲᠡᠢ ᠤᠯᠠᠨ ᠲᠦᠮᠡᠨ᠎ᠢ ᠶᠠᠳᠠᠭᠤ᠎ᠡᠴᠡ ᠠᠩᠭᠢᠵᠢᠷᠠᠭᠤᠯᠪᠠ᠃ ᠡᠮᠡᠭᠡᠯ ᠠᠭᠤᠯᠠ ᠲᠣᠰᠭᠣᠨ᠎ᠤ ᠨᠠᠮ᠎ᠤᠨ ᠡᠭᠦᠷ᠎ᠦᠨ ᠱᠦᠵᠢ᠂ ᠲᠣᠰᠭᠣᠨ᠎ᠤ ᠵᠥᠪᠯᠡᠯ᠎ᠦᠨ ᠡᠷᠬᠢᠯᠡᠭ᠌ᠴᠢ ᠯᠢᠦ ᠶᠧ ᠶᠠᠩ᠂ ᠲᠣᠰᠭᠣᠨ᠎ᠤ ᠬᠣᠶᠠᠷ ᠵᠥᠪᠯᠡᠯ᠎ᠦᠨ ᠤᠳᠤᠷᠢᠳᠭᠤ ᠪᠠᠭ ᠲᠦᠷᠦᠯ ᠵᠦᠢᠯ᠎ᠢ ᠨᠠᠷᠢᠨ ᠬᠢᠨᠠᠮᠠᠭᠠᠢ ᠲᠥᠯᠥᠪᠵᠢᠭᠦᠯᠵᠦ᠍᠂ ᠲᠤᠰᠭᠠᠢ ᠬᠤᠷᠱᠢᠶ᠎ᠠ᠂ ᠰᠣᠶᠣᠯ ᠵᠢᠭᠤᠯᠴᠢᠯᠠᠯ᠎ᠤᠨ ᠺᠣᠮᠫᠠᠨᠢ ᠪᠠᠢᠭᠤᠯᠵᠤ᠂ ᠬᠤᠪᠢᠰᠭᠠᠯ᠎ᠤᠨ ᠬᠥᠮᠦᠵᠢᠯ᠎ᠦᠨ ᠰᠠᠭᠤᠷᠢᠨ᠎ᠢ ᠪᠠᠢᠭᠤᠯᠵᠤ᠂ ᠲᠠᠷᠢᠶᠠᠴᠢᠨ ᠠᠢᠯ᠎ᠤᠨ ᠵᠢᠭᠤᠯᠴᠢᠯᠠᠯ᠎ᠤᠨ ᠦᠢᠯᠡᠰ ᠪᠣᠯᠤᠨ ᠢᠷᠭᠡᠳ᠎ᠤᠨ ᠰᠠᠭᠤᠷᠢᠰᠢᠯᠢ ᠬᠥᠭ᠌ᠵᠢᠭᠦᠯᠵᠦ᠍᠂ ᠲᠤᠰᠭᠠᠢ ᠡᠵᠡᠩᠨᠡᠯᠲᠡ᠎ᠶ᠋ᠢᠨ ᠪᠦᠯᠬᠦᠮ᠎ᠢ ᠤᠷᠢᠵᠤ ᠵᠢᠭᠤᠯᠴᠢᠯᠠᠯ᠎ᠤᠨ ᠠᠵᠤ ᠦᠢᠯᠡᠰ᠎ᠢ ᠬᠥᠭ᠌ᠵᠢᠭᠦᠯᠵᠦ᠍᠂ ᠲᠣᠰᠭᠣᠨ᠎ᠤ ᠲᠠᠷᠢᠶᠠᠴᠢᠨ ᠠᠢᠯ᠎ᠤᠨ ᠵᠢᠭᠤᠯᠴᠢᠯᠠᠯ᠎ᠤᠨ ᠦᠢᠯᠡᠰ᠂ ᠦᠵᠦᠮ᠎ᠤᠨ ᠠᠷᠢᠬᠢᠨ᠎ᠤ ᠠᠵᠤ ᠦᠢᠯᠡᠰ ᠵᠡᠷᠭᠡ ᠲᠣᠰᠭᠣᠨ᠎ᠤ ᠬᠠᠮᠲᠤ᠎ᠶ᠋ᠢᠨ ᠠᠵᠤ ᠠᠬᠤᠢ ᠲᠠᠰᠤᠷᠠᠯᠳᠠ ᠦᠭᠡᠢ ᠪᠤᠵᠠᠭᠠᠢᠷᠠᠪᠠ; ᠪᠠᠰᠠ 410 ᠮᠥ᠍ ᠭᠠᠵᠠᠷ ᠱᠢᠷᠣᠶ᠎ᠵᠢᠨ ᠡᠵᠡᠨᠭᠨᠡᠯᠲᠡ ᠵᠢᠨ ᠡᠷᠬᠡ᠎ᠶ᠋ᠢ ᠬᠦᠢᠯᠭᠡᠭᠡᠵᠤ ᠣᠶ ᠱᠢᠭᠤᠶ ᠵᠢᠮᠢᠰ᠎ᠦᠨ ᠠᠵᠤ ᠦᠶ᠋ᠯᠡᠰ᠎ᠢ ᠬᠥᠭ᠌ᠵᠢᠭᠦᠯᠵᠦ᠍᠂ ᠤᠰᠤᠨ ᠠᠱᠢᠭ᠍ᠯᠠᠯᠲᠠ᠎ᠶ᠋ᠢᠨ ᠲᠥᠷᠥᠯ ᠵᠦᠶ᠋ᠯ᠎ᠦᠨ ᠠᠭᠤᠯᠠᠨ ᠦᠵᠦᠮ᠎ᠦᠨ ᠤᠰᠤᠯᠠᠯᠲᠠ᠎ᠶ᠋ᠢ ᠪᠠᠲᠤᠯᠠᠪᠠ; ᠬᠣᠭ ᠨᠣᠪᠰᠢ᠎ᠶ᠋ᠢ ᠲᠥᠷᠥᠯ ᠬᠤᠪᠢᠶᠠᠬᠤ᠂ ᠵᠣᠷᠯᠣᠩᠢᠦᠭᠡᠷᠡᠴᠢᠯᠡᠬᠦ ᠪᠠ ᠲᠣᠰᠭᠣᠨ᠎ᠤ ᠳᠦᠷᠢ ᠲᠥᠷᠬᠦ᠌᠎ᠶ᠋ᠢ ᠳᠡᠭᠡᠭ᠌ᠰᠢᠯᠡᠭᠦᠯᠬᠦ᠌ ᠢᠨᠵᠧᠨᠧᠷᠢᠩ᠎ᠢ ᠴᠦ᠍ ᠦᠷᠭᠦᠯᠵᠢᠯᠡᠨ ᠬᠡᠷᠡᠭ᠌ᠵᠢᠭᠦᠯᠵᠦ᠍ ᠪᠠᠢᠨ᠎ᠠ ᠭᠡᠵᠦ᠍ ᠲᠠᠨᠢᠯᠴᠠᠭᠤᠯᠪᠠ᠃

ᠵᠠᠩ ᠭᠦᠸᠸ ᠯᠢ ᠵᠢᠮᠢᠰ ᠲᠡᠭᠦᠵᠦ ᠪᠠᠢᠭ᠎ᠠ ᠨᠢ᠃
(ᠤᠯᠠᠭᠠᠨᠬᠠᠳᠠ᠎ᠵᠢᠨ ᠡᠳᠦᠷ᠎ᠤᠨ ᠰᠤᠨᠢᠨ ᠡᠴᠡ ᠬᠠᠨᠭᠭᠠᠪᠠ)
《ᠲᠣᠰᠭᠣᠨ᠎ᠤ ᠣᠷᠴᠢᠨ ᠲᠣᠭᠣᠷᠢᠨ ᠰᠠᠢᠵᠢᠷᠠᠵᠤ᠂ ᠠᠷᠠᠳ ᠤᠯᠠᠨ᠎ᠤ ᠣᠷᠣᠯᠭ᠎ᠠ ᠨᠡᠮᠡᠭ᠌ᠳᠡᠵᠦ᠍᠂ ᠬᠥᠷᠰᠢ ᠵᠡᠷᠭᠡᠯᠡᠳᠡᠭᠡ᠎ᠶ᠋ᠢᠨ ᠬᠠᠷᠢᠴᠠᠭ᠎ᠠ ᠨᠡᠩ ᠡᠶ᠎ᠡ ᠵᠣᠬᠢᠴᠠᠩᠭᠤᠢ ᠪᠤᠯᠵᠤ᠂ ᠪᠢᠳᠡᠨ᠎ᠦ ᠠᠮᠢᠳᠤᠷᠠᠯ ᠶᠠᠪᠤᠬᠤ ᠲᠤᠳᠤᠮ ᠥᠭᠡᠳᠡᠯᠡᠵᠦ᠍ ᠪᠠᠢᠨ᠎ᠠ》 ᠭᠡᠵᠦ ᠵᠠᠩ ᠭᠦᠸᠧ ᠯᠢ ᠡᠷ᠎ᠡ ᠡᠮ᠎ᠡ ᠬᠣᠶᠠᠭᠤᠯᠠ ᠵᠢᠨ ᠴᠢᠷᠠᠢ ᠳ᠋ᠤ ᠵᠤᠯ ᠵᠢᠷᠭᠠᠯ᠎ᠤᠨ ᠢᠨᠢᠶᠡᠳᠤ ᠲᠣᠳᠣᠷᠠᠵᠤ ᠪᠠᠢᠯ᠎ᠠ᠃

ᠵᠠᠩ ᠭᠦᠸᠸ ᠯᠢ ᠡᠷ᠎ᠡ ᠡᠮ᠎ᠡ ᠬᠤᠶᠠᠭᠤᠯᠠ᠃
(ᠤᠯᠠᠭᠠᠨᠬᠠᠳᠠ᠎ᠵᠢᠨ ᠡᠳᠦᠷ᠎ᠤᠨ ᠰᠤᠨᠢᠨ ᠡᠴᠡ ᠬᠠᠨᠭᠭᠠᠪᠠ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃