2022-06-14 09:27:30
5 ᠰᠠᠷ᠎ᠠ᠎ᠶ᠋ᠢᠨ ᠥᠪᠥᠷ ᠮᠣᠩᠭᠣᠯ ᠬᠡᠵᠤ ᠨᠤᠮᠢᠨ ᠨᠤᠭᠤᠭᠠᠨ᠎ᠢᠶᠡᠷ ᠬᠥᠬᠡᠷᠡᠨ ᠬᠠᠯᠢᠭᠤᠷᠠᠵᠤ᠂ ᠦᠩᠬᠡ᠎ᠶ᠋ᠢᠨ ᠴᠡᠴᠡᠭ ᠮᠢᠷᠠᠯᠵᠠᠨ ᠳᠡᠯᠭᠡᠷᠡᠬᠡᠳ ᠭᠠᠵᠠᠷ ᠪᠤᠯᠭᠠᠨ ᠳ᠋ᠤ ᠠᠮᠢᠵᠢᠷᠠᠯ᠎ᠤᠨ ᠬᠦᠴᠦᠨ᠎ᠢᠶᠡᠷ ᠪᠢᠯᠬᠠᠨ᠎ᠠ᠃ ᠵᠢᠯ᠎ᠳᠦ ᠨᠢᠭᠡ ᠤᠳᠠᠭ᠎ᠠ ᠶᠠᠪᠤᠭ᠍ᠳᠠᠳᠠᠭ ᠥᠪᠥᠷ ᠮᠣᠩᠭᠣᠯ᠎ᠤᠨ 《ᠦᠨᠳᠦᠰᠦᠲᠡᠨ᠎ᠦ ᠲᠦᠷᠦ᠍᠎ᠶ᠋ᠢᠨ ᠪᠤᠳᠤᠯᠭ᠎ᠠ᠎ᠶ᠋ᠢᠨ ᠤᠬᠠᠭᠤᠯᠭ᠎ᠠ᠎ᠶ᠋ᠢᠨ ᠰᠠᠷ᠎ᠠ ᠵᠢᠨ ᠠᠵᠢᠯᠯᠠᠭ᠎ᠠ》 ᠬᠦᠷᠴᠦ ᠢᠷᠡᠬᠦ ᠲᠠᠰᠢᠷᠠᠮ᠎ᠢᠶᠡᠷ᠂ ᠪᠦᠬᠦ᠌ ᠣᠷᠣᠨ᠎ᠤ ᠡᠯ᠎ᠡ ᠭᠠᠵᠠᠷ ᠡᠯ᠎ᠡ ᠨᠢᠭᠡᠴᠢ ᠶ᠋ᠢᠨ ᠬᠢᠨ《ᠨᠠᠮ᠎ᠤᠨ ᠦᠨᠳᠦᠰᠦᠲᠡᠨ᠎ᠦ ᠤᠨᠤᠯ ᠲᠦᠷᠦ᠍᠎ᠶ᠋ᠢᠨ ᠪᠤᠳᠤᠯᠭ᠎ᠠ᠎ᠶ᠋ᠢ ᠭᠦᠨᠵᠡᠭᠡᠢ ᠤᠬᠠᠭᠤᠯᠤᠨ ᠲᠤᠭᠤᠰᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ ᠶ᠋ᠢᠨ ᠤᠬᠠᠮᠰᠠᠷ᠎ᠢ ᠪᠠᠲᠤ ᠴᠣᠭ᠍ᠴᠠᠯᠠᠶ᠎ᠠ》 ᠬᠡᠬᠦ ᠪᠡᠷ ᠭᠣᠣᠯ ᠰᠡᠳᠦᠪ ᠪᠣᠯᠭᠠᠵᠤ᠂ ᠤᠯᠠᠨ ᠬᠡᠯᠪᠡᠷᠢ ᠶ᠋ᠢᠨ᠂ ᠪᠠᠶᠠᠯᠢᠭ ᠠᠭᠤᠯᠭ᠎ᠠ᠎ᠲᠠᠶ ᠠᠵᠢᠯᠯᠠᠭ᠎ᠠ ᠥᠷᠨᠢᠭᠦᠯᠪᠡ᠃
ᠪᠤᠭᠤᠲᠤ ᠬᠣᠲᠠ ᠬᠣᠲᠠ᠎ᠶ᠋ᠢᠨ ᠣᠯᠠᠨ ᠲᠦᠮᠡᠨ᠎ᠳᠦ《ᠦᠨᠳᠦᠰᠦᠲᠡᠨ᠎ᠦ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠬᠤ ᠭᠠᠷ ᠠᠪᠤᠯᠭ᠎ᠠ》᠂《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠲᠦᠷᠢᠮ》ᠵᠡᠷᠭᠡ ᠤᠬᠠᠭᠤᠯᠭ᠎ᠠ᠎ᠶ᠋ᠢᠨ ᠳᠡᠪᠲᠡᠷ᠎ᠢ ᠲᠠᠷᠬᠠᠭᠠᠵᠤ᠂ ᠣᠯᠠᠨ ᠲᠦᠮᠡᠨ᠎ᠢ ᠵᠣᠬᠢᠶᠠᠨ ᠪᠠᠢᠭᠤᠯᠤᠨ ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ ᠪᠠ ᠦᠨᠳᠦᠰᠦᠲᠡᠨ᠎ᠦ ᠪᠦᠯᠬᠦᠮᠳᠡᠯ᠎ᠦᠨ ᠮᠡᠳᠡᠯᠭᠡ᠎ᠶ᠋ᠢᠨ ᠤᠬᠠᠭᠤᠯᠭ᠎ᠠ᠎ᠶ᠋ᠢᠨ ᠲᠤᠭᠤᠷᠢᠨ ᠦᠵᠡᠭᠦᠯᠭᠡ᠎ᠵᠢ ᠡᠷᠬᠢᠯᠡᠪᠡ᠃

ᠪᠤᠭᠤᠲᠤ ᠵᠢᠨ ᠳᠤᠮᠳᠠᠳᠤ ᠪᠠᠭ᠎ᠠ ᠰᠤᠷᠭᠠᠭᠤᠯᠢ ᠨᠤᠭᠤᠳ 《ᠳᠤᠮᠳᠠᠳᠤ᠎ᠵᠢᠨ
ᠦᠨᠳᠦᠰᠦᠲᠡᠨ᠎ᠤ ᠬᠠᠮᠲᠤ᠎ᠵᠢᠨ ᠴᠤᠭᠴᠠᠵᠢᠨ ᠤᠬᠠᠮᠰᠠᠷ᠎ᠢ ᠪᠠᠲᠤ ᠴᠤᠴᠠᠯᠠᠬᠤ》
ᠭᠤᠤᠯ ᠰᠡᠳᠦᠪᠲᠦ ᠬᠦᠮᠦᠵᠢᠯ ᠤᠨ ᠠᠵᠢᠯᠯᠠᠭ᠎ᠠ ᠦᠷᠨᠢᠭᠦᠯᠪᠡ᠃
(ᠦᠪᠡᠷᠲᠡᠭᠡᠨ ᠵᠠᠰᠠᠬᠤ ᠤᠷᠤᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠦᠪᠯᠡᠯ ᠡᠴᠡ ᠬᠠᠨᠭᠭᠠᠪᠠ)
ᠠᠯᠠᠱᠠ ᠠᠢᠮᠠᠭ ᠡᠯ᠎ᠡ ᠱᠠᠲᠤᠨ᠎ᠤ ᠵᠠᠭᠤᠴᠢᠯᠠᠭᠤᠷ᠎ᠲᠤ《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠤ — ᠲᠠᠯ᠎ᠠ ᠨᠤᠲᠤᠭ᠎ᠤᠨ ᠬᠥᠪᠡᠭᠦᠳ ᠥᠬᠢᠳ ᠡᠬᠡ ᠤᠯᠤᠰ᠎ᠢᠶᠠᠨ ᠬᠠᠢᠷᠠᠯᠠᠵᠤ ᠳᠤᠮᠳᠠᠳᠤ᠎ᠶ᠋ᠢᠨ ᠦᠨᠳᠦᠰᠦᠲᠡᠨ ᠬᠡᠷ ᠣᠷᠣᠨ᠎ᠢᠶᠠᠨ ᠬᠠᠮᠲᠤ᠎ᠪᠠᠷ ᠴᠣᠭ᠍ᠴᠠᠯᠠᠶ᠎ᠠ》ᠵᠡᠷᠭᠡ ᠲᠤᠰᠭᠠᠶ ᠪᠤᠯᠤᠩ ᠨᠡᠭᠡᠭᠡᠵᠦ᠍᠂ ᠬᠠᠮ ᠵᠠᠭᠤᠴᠢᠯᠠᠭᠤᠷ᠂ ᠪᠥᠬᠥ᠌ ᠲᠠᠪᠴᠠᠩ᠎ᠳᠤ ᠨᠠᠮ᠎ᠤᠨ ᠦᠨᠳᠦᠰᠦᠲᠡᠨ᠎ᠦ ᠣᠨᠣᠯ ᠲᠥᠷᠥ᠎ᠶ᠋ᠢᠨ ᠪᠣᠳᠣᠯᠭ᠎ᠠ ᠪᠣᠯᠤᠨ ᠬᠠᠤᠯᠢ ᠴᠠᠭᠠᠵᠠ ᠬᠠᠤᠯᠢ ᠲᠣᠭ᠍ᠲᠠᠭᠠᠯ᠎ᠤᠨ ᠤᠬᠠᠭᠤᠯᠭ᠎ᠠ ᠬᠥᠮᠦᠵᠢᠯ᠎ᠢ ᠥᠷᠨᠢᠭᠦᠯᠵᠦ᠍᠂《ᠢᠨᠲ᠋ᠧᠷ ᠰᠦᠯᠵᠢᠶ᠎ᠡ + ᠦᠨᠳᠦᠰᠦᠲᠡᠨ᠎ᠦ ᠪᠦᠯᠬᠦᠮᠳᠡᠯ》᠎ᠤ᠋ᠨ ᠠᠵᠢᠯᠯᠠᠭ᠎ᠠ᠎ᠶ᠋ᠢ ᠠᠬᠢᠭᠤᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠬᠥᠲᠥᠯᠥᠨ ᠵᠢᠯᠣᠭᠣᠳᠴᠤ᠌ ᠬᠠᠮᠤᠭ᠎ᠤᠨ ᠭᠦᠨ ᠳᠠᠪᠬᠤᠷᠭ᠎ᠠ᠎ᠶ᠋ᠢᠨ ᠰᠣᠶᠣᠯ᠎ᠤᠨ ᠬᠠᠮᠲᠤ᠎ᠶᠢᠨ ᠲᠠᠨᠢᠯᠲᠠ᠎ᠶ᠋ᠢ ᠭᠦᠨᠵᠡᠭᠡᠶ ᠲᠠᠨᠢᠭᠤᠯᠪᠠ᠃
ᠬᠢᠩᠭᠠᠨ ᠠᠢᠮᠠᠭ᠎ᠤᠨ 835 ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠠᠬᠢᠭᠤᠯᠬᠤ ᠬᠤᠷᠠᠯ ᠤᠬᠠᠭᠤᠯᠤᠨ ᠲᠠᠢᠯᠪᠤᠷᠢᠯᠠᠬᠤ ᠬᠡᠯᠪᠡᠷᠢ᠎ᠶ᠋ᠢᠨ ᠱᠢᠨ᠎ᠡ᠎ᠶ᠋ᠢ ᠡᠭᠦᠳᠴᠦ᠍᠂ ᠵᠢᠵᠢᠭ ᠦᠯᠢᠭᠡᠷ᠎ᠢᠶᠡᠷ ᠶᠣᠰᠣ ᠶᠠᠷᠢᠬᠤ᠂ ᠤᠳᠭ᠎ᠠ ᠤᠷᠠᠯᠢᠭ᠎ᠢᠶᠠᠷ ᠶᠣᠰᠣ ᠶᠠᠷᠢᠬᠤ ᠵᠡᠷᠭᠡ ᠠᠷᠭ᠎ᠠ᠎ᠪᠠᠷ ᠤᠬᠠᠭᠤᠯᠤᠨ ᠲᠠᠢᠯᠪᠤᠷᠢᠯᠠᠵᠤ᠂ ᠤᠯᠠᠨ ᠲᠦᠮᠡᠨ᠎ᠦ ᠰᠣᠨᠣᠰᠴᠤ᠌ ᠣᠢᠯᠠᠭᠠᠬᠤ᠂ ᠦᠵᠡᠵᠦ᠍ ᠣᠢᠯᠠᠭᠠᠬᠤ᠎ᠳᠤ ᠳᠥᠭᠥᠮ ᠬᠡᠯᠪᠡᠷᠢ᠎ᠪᠡᠷ ᠨᠠᠮ᠎ᠤᠨ ᠦᠨᠳᠦᠰᠦᠲᠡᠨ᠎ᠦ ᠤᠨᠤᠯ ᠲᠦᠷᠦ᠍᠎ᠶ᠋ᠢᠨ ᠪᠤᠳᠤᠯᠭ᠎ᠠ ᠬᠠᠤᠯᠢ ᠲᠣᠭ᠍ᠲᠠᠭᠠᠯ᠎ᠢ ᠠᠷᠠᠳ ᠤᠯᠠᠨ ᠳ᠋ᠤ ᠮᠡᠳᠡᠭᠦᠯᠪᠡ᠃

ᠬᠢᠨᠭᠭᠠᠨ ᠠᠢᠮᠠᠭ᠎ᠤᠨ 《ᠠᠨᠠᠷ᠎ᠤᠨ ᠬᠢᠴᠢᠶᠡᠯ᠎ᠤᠨ ᠲᠠᠡᠭ᠌ᠭᠢᠮ》᠃
(ᠦᠪᠡᠷᠲᠡᠭᠡᠨ ᠵᠠᠰᠠᠬᠤ ᠤᠷᠤᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠦᠪᠯᠡᠯ ᠡᠴᠡ ᠬᠠᠨᠭᠭᠠᠪᠠ)
ᠥᠪᠥᠷ ᠮᠣᠩᠭᠣᠯ ᠪᠣᠯ ᠮᠠᠨ᠎ᠤ ᠤᠯᠤᠰ᠎ᠤᠨ ᠬᠠᠮᠤᠭ᠎ᠤᠨ ᠡᠷᠲᠡ ᠪᠠᠢᠭᠤᠯᠤᠭ᠍ᠳᠠᠭ᠍ᠰᠠᠨ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ ᠮᠥᠨ᠂ ᠨᠠᠮ᠎ᠤᠨ ᠦᠨᠳᠦᠰᠦᠲᠡᠨ᠎ᠦ ᠣᠷᠣᠨ ᠤ ᠥᠪᠡᠷᠲᠡᠭᠡᠨ ᠵᠠᠰᠠᠬᠤ ᠪᠠᠢᠭᠤᠯᠤᠯ᠎ᠤᠨ ᠡᠭᠦᠰᠦᠯᠲᠡ᠎ᠶ᠋ᠢᠨ ᠭᠠᠵᠠᠷ ᠮᠥᠨ᠂ ᠦᠨᠳᠦᠰᠦᠲᠡᠨ᠎ᠦ ᠪᠦᠯᠬᠦᠮᠳᠡᠯ᠎ᠢ ᠠᠬᠢᠭᠤᠯᠬᠤ ᠲᠠᠯ᠎ᠠ᠎ᠪᠠᠷ ᠢᠷᠠᠭᠤ ᠠᠯᠳᠠᠷᠲᠤ ᠤᠯᠠᠮᠵᠢᠯᠠᠯ᠎ᠲᠠᠶ᠂ ᠣᠷᠳᠣ ᠬᠤᠭᠤᠴᠠᠭᠠᠨ᠎ᠤ ᠲᠤᠷᠰᠢ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠤ᠋ ᠡᠷᠬᠢᠮ ᠳᠡᠭᠡᠳᠦ ᠢᠷᠠᠭᠤ ᠠᠯᠳᠠᠷ᠎ᠢ ᠬᠦᠷᠳᠡᠭᠰᠡᠭᠡᠷ ᠢᠷᠡᠭᠰᠡᠨ ᠶᠤᠮ᠃
《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》ᠪᠣᠯᠤᠭ᠍ᠰᠠᠨ᠎ᠤ ᠬᠤᠪᠢ᠎ᠳᠤ᠂ ᠥᠪᠥᠷ ᠮᠣᠩᠭᠣᠯ ᠶᠡᠬᠡ ᠲᠠᠯ᠎ᠠ᠎ᠶ᠋ᠢ ᠡᠷᠬᠢᠮᠯᠡᠵᠦ᠍᠂ ᠡᠭᠦᠷᠭᠡ ᠬᠠᠷᠢᠭᠤᠴᠠᠯᠭ᠎ᠠ ᠡᠭᠦᠷᠭᠡᠯᠡᠵᠦ᠍᠂ ᠤᠯᠤᠰ ᠣᠷᠣᠨ᠎ᠤ ᠨᠢᠭᠡᠳᠦᠯ᠂ ᠦᠨᠳᠦᠰᠦᠲᠡᠨ᠎ᠦ ᠪᠦᠯᠬᠦᠮᠳᠡᠯ᠎ᠢ ᠬᠠᠮᠠᠭᠠᠯᠠᠬᠤ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠤᠬᠠᠮᠰᠠᠷ᠎ᠡᠴᠡ᠎ᠪᠠᠨ ᠡᠭᠦᠷᠭᠡᠯᠡᠵᠦ᠍᠂ ᠰᠠᠢᠲᠤᠷ ᠭᠦᠶ᠋ᠴᠡᠳᠭᠡᠵᠦ᠍᠂ ᠦᠨᠳᠦᠰᠦᠲᠡᠨ᠎ᠦ ᠪᠦᠯᠬᠦᠮᠳᠡᠯ᠎ᠦᠨ ᠶᠡᠬᠡ ᠲᠠᠯ᠎ᠠ᠎ᠶ᠋ᠢ ᠦᠷᠭᠦᠯᠵᠢᠯᠡᠨ ᠪᠡᠬᠢᠵᠢᠭᠦᠯᠦᠨ ᠬᠥᠭ᠌ᠵᠢᠭᠦᠯᠪᠡ᠃
ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠪᠣᠯ ᠦᠨᠳᠦᠰᠦᠲᠡᠨ᠎ᠦ ᠪᠦᠯᠬᠦᠮᠳᠡᠯ᠎ᠦᠨ ᠦᠨᠳᠦᠰᠦ ᠮᠥᠨ᠃ ᠤᠢ᠍ᠢᠷ᠎ᠠ᠎ᠶ᠋ᠢᠨ ᠵᠢᠯ᠎ᠡᠴᠡ᠂ ᠥᠪᠥᠷ ᠮᠣᠩᠭᠣᠯ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠬᠥᠮᠦᠵᠢᠯ᠎ᠢ ᠦᠷᠭᠦᠯᠵᠢᠯᠡᠨ ᠭᠦᠨᠵᠡᠭᠡᠢᠷᠡᠭᠦᠯᠵᠦ᠍᠂ ᠤᠬᠠᠭᠤᠯᠵᠤ ᠬᠦᠳᠦᠯᠥᠨ ᠳᠠᠭᠠᠭᠤᠯᠬᠤ ᠲᠠᠯ᠎ᠠ᠎ᠪᠠᠷ ᠠᠷᠭ᠎ᠠ ᠤᠬᠠᠭᠠᠨ ᠭᠠᠷᠭᠠᠵᠤ᠂ ᠬᠥᠭ᠌ᠵᠢᠯᠲᠡ᠎ᠳᠦ ᠬᠦᠴᠦᠨ ᠨᠡᠮᠡᠷᠢᠯᠡᠬᠦ᠌ ᠲᠠᠯ᠎ᠠ᠎ᠪᠠᠷ ᠪᠣᠳᠠᠲᠤ ᠦᠷ᠎ᠡ ᠪᠦᠲᠦᠮᠵᠢ ᠣᠯᠵᠤ᠂ ᠪᠠᠲᠤᠯᠠᠭ᠎ᠠ᠎ᠶ᠋ᠢ ᠴᠢᠩᠭᠠᠳᠭᠠᠬᠤ ᠲᠠᠯ᠎ᠠ᠎ᠪᠠᠷ ᠦᠨᠡᠨ ᠪᠣᠳᠠᠲᠠᠢ ᠪᠠᠢᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠨᠢ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠰᠡᠳᠭᠢᠯ᠎ᠳᠦ ᠭᠦᠨ ᠬᠠᠳᠠᠩᠱᠢᠵᠠᠢ᠃
ᠪᠦᠬᠦ᠌ ᠣᠷᠣᠨ᠎ᠤ ᠡᠯ᠎ᠡ ᠭᠠᠵᠠᠷ ᠡᠯ᠎ᠡ ᠨᠢᠭᠡᠴᠢ᠎ᠶ᠋ᠢᠨ ᠬᠢᠨ ᠨᠠᠮ᠎ᠤᠨ ᠦᠨᠳᠦᠰᠦᠲᠡᠨ᠎ᠦ ᠲᠦᠷᠦ᠍᠎ᠶ᠋ᠢᠨ ᠪᠤᠳᠤᠯᠭ᠎ᠠ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠦᠯᠢᠭᠡᠷ ᠵᠡᠷᠭᠡ ᠭᠣᠣᠯ ᠰᠡᠳᠦᠪᠲᠦ ᠤᠬᠠᠭᠤᠯᠤᠨ ᠲᠠᠢᠯᠪᠤᠷᠢᠯᠠᠯᠲᠠ᠎ᠶ᠋ᠢ ᠥᠷᠭᠡᠨ᠎ᠢᠶᠡᠷ ᠥᠷᠨᠢᠭᠦᠯᠪᠡ; ᠡᠯ᠎ᠡ ᠱᠠᠲᠤᠨ᠎ᠤ ᠵᠠᠭᠤᠴᠢᠯᠠᠭᠤᠷ᠎ᠤᠨ ᠬᠢᠨ ᠵᠢᠯ ᠲᠤᠷᠰᠢ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ》 ᠬᠣᠯᠪᠣᠭ᠍ᠳᠠᠯ ᠪᠦᠬᠦᠢ ᠲᠤᠰᠭᠠᠶ ᠪᠤᠯᠤᠩ ᠢ ᠨᠡᠭᠡᠭᠡᠪᠡ; ᠡᠯ᠎ᠡ ᠶᠡᠬᠡ ᠳᠤᠮᠳᠠᠳᠤ ᠪᠠᠭ᠎ᠠ ᠰᠤᠷᠭᠠᠭᠤᠯᠢ ᠡᠯ᠎ᠡ ᠲᠥᠷᠥᠯ᠎ᠦᠨ《ᠳᠤᠮᠳᠠᠳᠤ ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ》 ᠭᠤᠤᠯ ᠰᠡᠳᠦᠪᠲᠦ ᠬᠥᠮᠦᠵᠢᠯ᠎ᠦᠨ ᠠᠵᠢᠯᠯᠠᠭ᠎ᠠ᠎ᠶ᠋ᠢ ᠦᠷᠭᠦᠯᠵᠢᠯᠡᠨ ᠥᠷᠨᠢᠭᠦᠯᠪᠡ; ᠮᠠᠯᠵᠢᠬᠤ ᠲᠠᠷᠢᠶᠠᠯᠠᠬᠤ ᠣᠷᠣᠨ᠎ᠳᠤ᠂ ᠵᠡᠭᠡᠯᠢ ᠭᠤᠳᠤᠮᠵᠢ᠎ᠳᠤ᠂ ᠥᠪᠥᠷ ᠮᠤᠨᠭᠭᠤᠯ᠎ᠤᠨ ᠡᠯ᠎ᠡ ᠭᠠᠵᠠᠷ ᠲᠤ᠌ ᠪᠦᠷ ᠢᠯᠡ ᠲᠣᠳᠣ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠤᠬᠠᠭᠤᠯᠭ᠎ᠠ᠎ᠶ᠋ᠢᠨ ᠤᠷᠢᠶ᠎ᠠ ᠯᠣᠽᠦ᠋ᠩ ᠳᠡᠯᠭᠡᠭᠳᠡᠨ ᠬᠠᠷᠠᠭᠳᠠᠵᠤ ᠪᠤᠢ ᠁ ᠥᠪᠥᠷ ᠮᠣᠩᠭᠣᠯ ᠢᠯᠡ ᠲᠣᠳᠣ᠂ ᠪᠦᠲᠦᠮᠵᠢᠲᠡᠢ ᠠᠷᠭ᠎ᠠ᠎ᠪᠡᠷ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠬᠦᠴᠦᠯᠡᠨ ᠠᠬᠢᠭᠤᠯᠵᠤ ᠪᠤᠢ᠃

ᠲᠦᠨᠭᠯᠢᠶᠤᠤ ᠬᠤᠲᠠ᠎ᠵᠢᠨ《ᠦᠨᠳᠦᠰᠦᠲᠡᠨ᠎ᠤ ᠲᠦᠷᠦ᠎ᠵᠢᠨ
ᠪᠤᠳᠤᠯᠭ᠎ᠠ ᠵᠢᠨ ᠤᠬᠠᠭᠤᠯᠭ᠎ᠠ ᠵᠢᠨ ᠰᠠᠷ᠎ᠠ》 ᠵᠢᠨ
ᠠᠵᠢᠯᠯᠠᠭ᠎ᠠ ᠵᠢᠨ ᠡᠬᠢᠯᠡᠯᠲᠡ ᠵᠢᠨ ᠶᠤᠰᠤᠯᠠᠯ᠃
(ᠦᠪᠡᠷᠲᠡᠭᠡᠨ ᠵᠠᠰᠠᠬᠤ ᠤᠷᠤᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠦᠪᠯᠡᠯ ᠡᠴᠡ ᠬᠠᠨᠭᠭᠠᠪᠠ)
ᠰᠣᠶᠣᠯ᠎ᠤᠨ ᠬᠠᠮᠲᠤ᠎ᠶ᠋ᠢᠨ ᠲᠠᠨᠢᠯᠲᠠ ᠪᠣᠯ ᠬᠠᠮᠤᠭ᠎ᠤᠨ ᠭᠦᠨ ᠳᠠᠪᠬᠤᠷᠭ᠎ᠠ᠎ᠶ᠋ᠢᠨ ᠬᠠᠮᠲᠤ ᠶ᠋ᠢᠨ ᠲᠠᠨᠢᠯᠲᠠ ᠮᠥᠨ᠂ ᠦᠨᠳᠦᠰᠦᠲᠡᠨ᠎ᠦ ᠪᠦᠯᠬᠦᠮᠳᠡᠯ᠎ᠦᠨ ᠦᠨᠳᠦᠰᠦ᠂ ᠦᠨᠳᠦᠰᠦᠲᠡᠨ᠎ᠦ ᠡᠶ᠎ᠡ ᠨᠠᠢᠷᠠᠮᠳᠠᠯ᠎ᠤᠨ ᠰᠦᠭ ᠰᠦᠨᠡᠰᠦ ᠮᠥᠨ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠣᠣᠯ ᠱᠤᠭᠤᠮ᠎ᠤᠨ ᠲᠣᠭᠣᠷᠢᠨ ᠳᠤ᠂ ᠥᠪᠥᠷ ᠮᠣᠩᠭᠣᠯ ᠳᠤᠮᠳᠠᠳᠤ᠎ᠶ᠋ᠢᠨ ᠰᠣᠶᠣᠯ᠎ᠢᠶᠠᠷ ᠦᠨᠳᠦᠰᠦᠲᠡᠨ᠎ᠦ ᠪᠦᠯᠬᠦᠮᠳᠡᠯ᠎ᠢ ᠤᠮᠳᠠᠯᠠᠬᠤ᠎ᠶ᠋ᠢ ᠪᠠᠷᠢᠮᠲᠠᠯᠠᠵᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠬᠥᠭ᠌ᠵᠢᠭᠦᠯᠬᠦ᠌ ᠢᠨᠵᠧᠨᠧᠷᠢᠩ᠎ᠢ ᠭᠦᠨᠵᠡᠭᠡᠢ ᠬᠡᠷᠡᠭ᠌ᠵᠢᠭᠦᠯᠪᠡ᠃
ᠳᠤᠮᠳᠠᠳᠤ᠎ᠶ᠋ᠢᠨ ᠰᠣᠶᠣᠯ᠎ᠤᠨ ᠲᠡᠮᠳᠡᠭ ᠪᠣᠯᠤᠨ ᠳᠤᠮᠳᠠᠳᠤ᠎ᠶ᠋ᠢᠨ ᠰᠣᠶᠣᠯ᠎ᠤᠨ ᠲᠦᠷᠢ ᠲᠥᠷᠬᠦ᠌᠎ᠶ᠋ᠢ ᠤᠯᠠᠮᠵᠢᠯᠠᠨ ᠳᠡᠯᠭᠡᠷᠡᠭᠦᠯᠬᠦ᠌᠎ᠪᠡᠷ ᠳᠠᠮᠵᠢᠭᠤᠯᠵᠤ᠂ 《ᠭᠤᠷᠪᠠᠨ ᠰᠠᠯᠵᠤ ᠴᠢᠳᠠᠬᠤ ᠦᠭᠡᠢ》᠂ 《ᠲᠠᠪᠤᠨ ᠬᠠᠮᠲᠤ᠎ᠶ᠋ᠢᠨ ᠲᠠᠨᠢᠯᠲᠠ》 ᠵᠢᠨ ᠦᠵᠡᠯ ᠰᠠᠨᠠᠭ᠎ᠠ ᠪᠣᠯᠤᠨ 《ᠲᠦᠷᠪᠡ᠎ᠶ᠋ᠢ ᠬᠠᠮᠲᠤ ᠪᠠᠷ ᠡᠳ᠋ᠯᠡᠬᠦ᠌》ᠤᠢ᠍ᠢᠯᠠᠭᠠᠭ᠍ᠳᠠᠬᠤᠨ᠎ᠢ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠰᠡᠳᠭᠢᠯ᠎ᠳᠦ ᠭᠦᠨ ᠬᠠᠳᠠᠩᠱᠢᠭᠤᠯᠪᠠ᠃
ᠥᠪᠥᠷ ᠮᠣᠩᠭᠣᠯ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠦᠷᠭᠦᠯᠵᠢᠯᠡᠨ ᠶᠡᠬᠡᠪᠡᠷ ᠳᠡᠯᠭᠡᠷᠡᠭᠦᠯᠦᠨ ᠲᠦᠭᠡᠮᠡᠯᠵᠢᠭᠦᠯᠵᠦ᠍᠂ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ《ᠳᠡᠯᠭᠡᠷᠡᠭᠦᠯᠪᠡᠰᠦ ᠵᠣᠬᠢᠬᠤ᠎ᠶ᠋ᠢ᠎ᠨᠢ ᠪᠦᠬᠦᠨ᠎ᠢ ᠳᠡᠯᠭᠡᠷᠡᠭᠦᠯᠵᠦ᠍》᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢᠶᠡᠷ ᠠᠰᠠᠷᠠᠨ ᠬᠥᠮᠦᠵᠢᠭᠦᠯᠬᠦ᠌ ᠰᠤᠷᠭᠠᠨ ᠬᠥᠮᠦᠵᠢᠯ᠎ᠢ ᠬᠡᠦᠬᠡᠳ᠎ᠦᠨ ᠴᠡᠴᠡᠷᠯᠢᠭ᠎ᠲᠦ ᠨᠡᠢᠳᠡᠮ ᠬᠡᠷᠡᠭ᠌ᠵᠢᠭᠦᠯᠵᠦ᠍᠂ ᠬᠣᠲᠠ᠎ᠶ᠋ᠢᠨ ᠦᠭᠡ ᠬᠡᠯᠡ ᠥᠰᠥᠭ ᠪᠢᠴᠢᠭ᠎ᠦᠨ ᠳᠦᠷᠢᠮᠵᠢᠭᠦᠯᠦᠯᠲᠡ᠎ᠶ᠋ᠢ ᠦᠨᠡᠯᠡᠨ ᠵᠢᠱ᠌ᠢᠬᠦ᠌ ᠠᠵᠢᠯ᠎ᠢ ᠶᠡᠷᠦᠩᠬᠡᠶ᠎ᠳᠡᠭᠡᠨ ᠪᠡᠶᠡᠯᠡᠭᠦᠯᠪᠡ᠃ ᠣᠯᠠᠨ ᠵᠢᠯ᠎ᠦᠨ ᠲᠤᠷᠰᠢ᠂ ᠥᠪᠥᠷ ᠮᠣᠩᠭᠣᠯ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠠᠵᠢᠯ᠎ᠢ ᠭᠦᠨ ᠭᠦᠨᠵᠡᠭᠡᠶ ᠤᠳᠠᠭᠠᠨ ᠳᠠᠭᠠᠭᠠᠮᠠᠭᠠᠶ ᠥᠷᠨᠢᠭᠦᠯᠵᠦ᠍᠂ ᠬᠠᠷᠢᠯᠴᠠᠨ ᠠᠭᠤᠰᠤᠯᠴᠠᠭᠤᠯᠬᠤ ᠮᠠᠶᠢᠭ᠎ᠤᠨ ᠨᠡᠢᠭᠡᠮ᠎ᠦᠨ ᠪᠦᠲᠦᠴᠡ ᠪᠠ ᠨᠡᠢᠭᠡᠮ ᠲᠣᠭᠣᠷᠢᠭ᠎ᠤᠨ ᠣᠷᠴᠢᠨ ᠲᠣᠭᠣᠷᠢᠨ᠎ᠤ ᠪᠥᠲᠥᠭᠡᠨ ᠪᠠᠢᠭᠤᠯᠤᠯᠲᠠ᠎ᠶ᠋ᠢ ᠭᠦᠨᠵᠡᠭᠡᠢᠷᠡᠭᠦᠯᠦᠨ᠂ ᠦᠨᠳᠦᠰᠦᠲᠡᠨ᠎ᠨᠦᠭᠦᠳ᠎ᠦᠨ ᠡᠶ᠎ᠡ ᠨᠠᠢᠷ ᠲᠠᠶ᠎ᠪᠠᠷ ᠬᠠᠮᠲᠤ ᠣᠷᠣᠱᠢᠬᠤ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠬᠤ᠂ ᠡᠶ᠎ᠡ ᠵᠣᠬᠢᠴᠠᠩᠭᠤᠶ᠎ᠪᠠᠷ ᠬᠥᠭ᠌ᠵᠢᠬᠦ᠌᠎ᠶ᠋ᠢ ᠠᠬᠢᠭᠤᠯᠵᠤ᠂ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠪᠡ᠃
ᠲᠦᠷᠦᠭᠦᠬᠡᠨ᠂ ᠬᠥᠬᠡᠬᠣᠲᠠ᠎ᠶ᠋ᠢᠨ ᠢᠦᠢᠴᠢᠤᠸᠠᠨ ᠲᠣᠭᠣᠷᠢᠭ᠎ᠤᠨ ᠴᠢᠩ ᠴᠢᠤᠸᠠᠨ ᠵᠡᠭᠡᠯᠢ᠎ᠶ᠋ᠢᠨ ᠨᠡᠢᠭᠡᠮ ᠲᠣᠭᠣᠷᠢᠭ 《ᠳᠤᠮᠳᠠᠳᠤ᠎ᠶ᠋ᠢᠨ ᠦᠨᠳᠦᠰᠦᠲᠡᠨ ᠨᠢᠭᠡ ᠭᠡᠷ ᠪᠦᠯᠢ ᠮᠡᠲᠦ ᠳᠣᠲᠣᠨᠣ》 ᠵᠠᠯᠠᠭᠤᠴᠤᠳ᠎ᠤᠨ ᠨᠥᠬᠥᠷᠯᠡᠯ᠎ᠦᠨ ᠠᠵᠢᠯᠯᠠᠭ᠎ᠠ᠎ᠶ᠋ᠢ ᠵᠣᠬᠢᠶᠠᠨ ᠪᠠᠢᠭᠤᠯᠵᠤ᠂ ᠮᠣᠩᠭᠣᠯ ᠦᠨᠳᠦᠰᠦᠲᠡᠨ᠂ ᠬᠣᠲᠣᠩ ᠦᠨᠳᠦᠰᠦᠲᠡᠨ᠂ ᠰᠣᠯᠣᠩᠭᠣᠰ ᠦᠨᠳᠦᠰᠦᠲᠡᠨ᠂ ᠬᠢᠲᠠᠳ ᠦᠨᠳᠦᠰᠦᠲᠡᠨ ᠵᠡᠷᠭᠡ ᠦᠨᠳᠦᠰᠦᠲᠡᠨ᠎ᠨᠦᠭᠦᠳ᠎ᠦᠨ ᠭᠠᠭ᠍ᠴᠠ ᠪᠡᠶ᠎ᠡ ᠵᠠᠯᠠᠭᠤᠴᠤᠳ ᠡᠨᠡ ᠬᠦ᠌ ᠠᠵᠢᠯᠯᠠᠭ᠎ᠠ᠎ᠪᠠᠷ ᠲᠠᠮᠵᠢᠨ ᠬᠠᠷᠢᠯᠴᠠᠨ ᠲᠠᠨᠢᠯᠴᠠᠵᠤ᠂ ᠨᠠᠢᠵᠠᠯᠠᠵᠤ ᠨᠥᠬᠥᠷᠯᠡᠬᠦ᠌᠎ᠶ᠋ᠢᠨ ᠬᠠᠮᠲᠤ ᠦᠨᠳᠦᠰᠦᠲᠡᠨ᠎ᠨᠦᠭᠦᠳ᠎ᠦᠨ ᠬᠣᠭᠣᠷᠣᠨᠳᠣᠬᠢ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠪᠠ᠃
ᠪᠥᠬᠥ᠌ ᠣᠷᠣᠨ᠎ᠤ ᠡᠯ᠎ᠡ ᠭᠠᠵᠠᠷ ᠡᠯ᠎ᠡ ᠨᠢᠭᠡᠴᠢ᠎ᠶ᠋ᠢᠨ ᠬᠢᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠠᠵᠢᠯᠯᠠᠭ᠎ᠠ᠎ᠶ᠋ᠢᠨ ᠠᠭᠤᠯᠭ᠎ᠠ ᠪᠠ ᠬᠡᠯᠪᠡᠷᠢ᠎ᠶ᠋ᠢ ᠲᠠᠰᠤᠷᠠᠯᠲᠠ ᠥᠬᠡᠶ ᠪᠠᠶᠠᠯᠢᠭ᠍ᠵᠢᠭᠤᠯᠤᠨ ᠥᠷᠭᠡᠳᠭᠡᠵᠦ᠍᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ ᠵᠢᠨ ᠡᠭᠦᠳᠦᠨ ᠪᠠᠢᠭᠤᠯᠬᠤ ᠠᠵᠢᠯᠯᠠᠭ᠎ᠠ᠎ᠶ᠋ᠢ ᠪᠠᠢᠭᠤᠯᠭ᠎ᠠ᠂ ᠠᠵᠤ ᠠᠬᠤᠢᠯᠠᠯ᠂ ᠰᠤᠮᠤ ᠱᠢᠶᠠᠩ ᠪᠠᠯᠭᠠᠰᠤ᠂ ᠰᠤᠷᠭᠠᠭᠤᠯᠢ᠂ ᠨᠡᠢᠭᠡᠮ ᠲᠣᠭᠣᠷᠢᠭ᠂ ᠱᠠᠱᠢᠨ ᠰᠤᠷᠲᠠᠬᠤᠨ᠎ᠤ ᠠᠵᠢᠯᠯᠠᠭ᠎ᠠ ᠵᠢᠨ ᠲᠠᠯᠠᠪᠤᠷ᠂ ᠴᠡᠷᠢᠭ ᠠᠩᠭᠢ᠂ ᠰᠦᠯᠵᠢᠶ᠎ᠡ᠎ᠳᠦ ᠣᠷᠣᠭᠤᠯᠬᠤ᠎ᠶ᠋ᠢ ᠶᠡᠬᠡ ᠪᠡᠷ ᠠᠬᠢᠭᠤᠯᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ ᠵᠢᠨ ᠡᠭᠦᠳᠦᠨ ᠪᠠᠢᠭᠤᠯᠬᠤ ᠠᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠵᠤ᠂ ᠦᠷᠭᠦᠯᠵᠢᠯᠡᠨ ᠰᠠᠢᠵᠢᠷᠠᠭᠤᠯᠵᠤ᠂ ᠥᠨᠳᠥᠷ ᠬᠢᠷᠢ ᠪᠦᠳᠦᠮᠵᠢ ᠲᠠᠢ ᠬᠠᠷᠢᠭᠤᠯᠲᠠ᠎ᠶ᠋ᠢᠨ ᠬᠠᠭᠤᠳᠠᠰᠤ ᠲᠤᠱᠢᠶᠠᠵᠠᠶ᠃
ᠣᠳᠣᠬᠠᠨ ᠪᠣᠯᠲᠠᠯ᠎ᠠ᠂ ᠪᠥᠬᠥ᠌ ᠣᠷᠣᠨ᠎ᠤ 69 ᠭᠠᠵᠠᠷ ᠣᠷᠣᠨ ᠪᠠ ᠨᠢᠭᠡᠴᠢ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠵᠢᠨ ᠡᠭᠦᠳᠦᠨ ᠪᠠᠢᠭᠤᠯᠬᠤ ᠵᠢᠱ᠌ᠢᠶ᠎ᠡ ᠦᠵᠡᠭᠦᠯᠬᠦ᠌ ᠣᠷᠣᠨ᠎ᠢᠶᠠᠷ ᠦᠨᠡᠯᠡᠭ᠌ᠳᠡᠵᠦ᠍᠂ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ 215 ᠵᠢᠱ᠌ᠢᠶᠡᠴᠢ ᠬᠠᠮᠲᠤ᠂ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ 234 ᠵᠢᠱ᠌ᠢᠶᠡᠴᠢ ᠬᠤᠪᠢ ᠬᠥᠮᠦᠨ ᠡᠯ᠎ᠡ ᠦᠨᠳᠦᠰᠦᠲᠡᠨ᠎ᠦ ᠣᠯᠠᠨ ᠲᠦᠮᠡᠨ᠎ᠦ ᠳᠠᠭᠤᠷᠢᠶᠠᠯ ᠪᠣᠯᠵᠠᠶ᠃
ᠦᠨᠳᠦᠰᠦᠲᠡᠨ᠎ᠦ ᠪᠦᠯᠬᠦᠮᠳᠡᠯ ᠪᠣᠯ ᠬᠥᠭ᠌ᠵᠢᠯᠲᠡ ᠲᠠᠪᠱᠢᠯᠳᠠ᠎ᠶ᠋ᠢᠨ ᠰᠠᠭᠤᠷᠢ ᠮᠥᠨ᠂ ᠬᠥᠭ᠌ᠵᠢᠯᠲᠡ ᠴᠦ᠍ ᠦᠨᠳᠦᠰᠦᠲᠡᠨ᠎ᠦ ᠪᠦᠯᠬᠦᠮᠳᠡᠯ᠎ᠢ ᠠᠬᠢᠭᠤᠯᠬᠤ ᠠᠯᠳᠠᠨ ᠲᠦᠯᠬᠢᠭᠦᠷ ᠮᠥᠨ᠃ ᠥᠪᠥᠷ ᠮᠣᠩᠭᠣᠯ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠬᠦᠯᠬᠦ ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ ᠢᠶᠠᠷ ᠡᠷᠡᠰ ᠭᠤᠢᠪᠢᠰᠢ ᠥᠬᠡᠶ ᠵᠠᠮᠨᠠᠵᠤ᠂ ᠦᠨᠳᠦᠰᠦᠲᠡᠨ᠎ᠨᠦᠭᠦᠳ᠎ᠦᠨ ᠬᠠᠮᠲᠤ᠎ᠪᠠᠷ ᠨᠡᠢᠭᠡᠮ ᠵᠢᠷᠤᠮ᠎ᠤᠨ ᠣᠳᠣᠬᠢᠴᠢᠯᠠᠯᠲᠠ ᠳᠠᠢᠰᠢ ᠤᠷᠤᠭ᠍ᠰᠢᠯᠠᠬᠤ ᠪᠣᠳᠠᠰ᠎ᠤᠨ ᠰᠠᠭᠤᠷᠢ᠎ᠶ᠋ᠢ ᠲᠠᠰᠤᠷᠠᠯᠲᠠ ᠥᠬᠡᠶ ᠪᠡᠬᠢᠵᠢᠭᠦᠯᠵᠦ᠍᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠦ ᠲᠥᠷᠥᠭ᠌ᠳᠡᠯᠲᠠᠰᠤᠷᠠᠯᠲᠠ ᠥᠬᠡᠶ ᠨᠡᠮᠡᠭ᠌ᠳᠡᠪᠡ᠃
ᠶᠡᠷᠦᠩᠬᠡᠢ ᠱᠦᠵᠢ ᠰᠢ ᠵᠢᠨ ᠫᠢᠩ᠂ ᠥᠪᠥᠷ ᠮᠣᠩᠭᠣᠯ᠎ᠤᠨ ᠥᠨᠥᠳᠦᠷ ᠪᠣᠯ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠠᠮᠲᠤ᠎ᠪᠠᠷ ᠲᠡᠮᠡᠴᠡᠭ᠌ᠰᠡᠨ᠎ᠦ ᠦᠷ᠎ᠡ ᠳ᠋ᠦᠩ ᠮᠥᠨ᠂ ᠥᠪᠥᠷ ᠮᠣᠩᠭᠣᠯ᠎ᠤᠨ ᠮᠠᠷᠭᠠᠰᠢ ᠮᠥᠨ ᠬᠦ᠌ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠪᠦᠯᠬᠦᠮᠳᠡᠨ ᠲᠡᠮᠡᠴᠡᠬᠦ᠌᠎ᠶ᠋ᠢ ᠱᠠᠭᠠᠷᠳᠠᠵᠤ ᠪᠤᠢ ᠬᠡᠵᠤ ᠴᠢᠬᠤᠯᠠᠴᠢᠯᠠᠪᠠ᠃ ᠥᠪᠥᠷ ᠮᠣᠩᠭᠣᠯ᠎ᠤᠨ 2400ᠲᠦᠮᠡᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠦᠷᠭᠦᠯᠵᠢᠯᠡᠨ ᠪᠦᠯᠬᠦᠮᠳᠡᠨ ᠲᠡᠮᠡᠴᠡᠵᠦ᠍᠂ ᠬᠠᠮᠲᠤ᠎ᠪᠠᠷ ᠴᠡᠴᠡᠭ᠌ᠯᠡᠨ ᠬᠥᠭ᠌ᠵᠢᠵᠦ᠍᠂ ᠦᠨᠳᠦᠰᠦᠲᠡᠨ᠎ᠦ ᠪᠦᠯᠬᠦᠮᠳᠡᠯ᠎ᠦᠨ ᠴᠡᠴᠡᠭᠡᠰ᠎ᠢ ᠤᠮᠠᠷᠠᠲᠤ᠎ᠶ᠋ᠢᠨ ᠡᠬᠡ ᠭᠠᠵᠠᠷ᠎ᠲᠤ ᠥᠨᠢᠳᠡ ᠪᠠᠳᠠᠷᠠᠨ ᠳᠡᠯᠭᠡᠷᠡᠭᠦᠯᠦᠨ᠎ᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃