ᠱᠢᠨ᠎᠎ᠡ ᠴᠠᠭ ᠦᠶ᠎ᠡ᠎ᠳ᠋ᠦ᠍ ᠭᠠᠪᠢᠶ᠎ᠠ ᠪᠠᠢᠭᠤᠯᠤᠶ᠎ᠠ > ᠶᠡᠷᠦᠩᠬᠡᠢ ᠱᠦᠵᠢ ᠎ᠶ᠋ᠢᠨ ᠶᠠᠪᠤᠵᠤ ᠦᠩᠭᠡᠷᠡᠭᠰᠡᠨ ᠮᠥᠷ ᠎ᠢ᠋ᠶ᠋ᠡᠷ

2022-06-25 20:20:16

ᠵᠣᠬᠢᠶᠠᠭ᠍ᠴᠢ᠄ ᠪᠠᠶᠠᠰᠭᠤᠯᠠᠩ ᠣᠩᠱᠢᠭ᠍ᠰᠠᠨ ᠣᠳᠠᠭ᠎ᠠ᠄ 3

[ᠰᠤᠨᠢᠨ ᠮᠡᠳᠡᠭᠡᠨ᠎ᠤ ᠡᠷᠭᠢᠴᠡᠭᠦᠯᠦᠯ]

2014 ᠤᠨ᠎ᠤ 1 ᠰᠠᠷ᠎ᠠ ᠵᠢᠨ 27 ᠎ᠤ᠋ ᠦᠷᠯᠦᠭᠡ᠂ ᠶᠡᠷᠦᠩᠭᠡᠢ ᠱᠦᠵᠢ ᠰᠢ ᠵᠢᠨ ᠫᠢᠩ ᠰᠢᠯᠢᠩᠬᠤᠳᠠ ᠵᠢᠨ ᠴᠤᠬᠯᠠᠭᠠᠨ ᠵᠡᠭᠡᠯᠢ ᠵᠢᠨ ᠠᠢ ᠮᠢᠨ ᠨᠡᠢᠭᠡᠮ ᠲᠤᠭᠤᠷᠢᠭ ᠲᠦ᠍ ᠬᠦᠷᠴᠦ ᠢᠷᠡᠭᠡᠳ ᠨᠡᠢᠭᠡᠮ ᠲᠤᠭᠤᠷᠢᠬ᠎ᠤᠨ ᠡᠷᠡᠬᠦᠯ ᠬᠠᠮᠠᠭᠠᠯᠠᠯ᠎ᠤᠨ ᠦᠷᠳᠡᠭᠡ᠂ ᠬᠠᠮ ᠳᠡᠯᠭᠡᠬᠦᠷ᠂ ᠠᠷᠠᠳ ᠲᠦ᠍ ᠲᠦᠬᠦᠮ ᠦᠵᠡᠬᠦᠯᠬᠦ ᠦᠢᠯᠡᠴᠢᠯᠡᠭᠡᠨ᠎ᠤ ᠶᠡᠭᠡ ᠲᠢᠩᠬᠢᠮ᠎ᠢ ᠪᠠᠢᠴᠠᠭᠠᠨ ᠦᠵᠡᠵᠤ᠂ ᠰᠠᠭᠤᠭᠠᠯᠢ ᠠᠷᠠᠳ ᠲᠠᠢ ᠳᠤᠳᠤᠨᠤᠰᠤᠬ ᠵᠢᠡᠷ ᠶᠠᠷᠢᠯᠴᠠᠵᠤ᠂ ᠨᠡᠢᠭᠡᠮ ᠲᠤᠭᠤᠷᠢᠭ᠎ᠤᠨ ᠨᠠᠮ᠎ᠤᠨ ᠵᠤᠬᠢᠶᠠᠨ ᠪᠠᠢᠭᠤᠯᠤᠯᠳᠠ ᠵᠢᠨ ᠬᠦᠴᠢᠷᠳᠡᠯᠲᠠᠢ ᠤᠯᠠᠨ᠎ᠢ ᠬᠠᠯᠠᠮᠵᠢᠯᠠᠬᠤ ᠠᠵᠢᠯ ᠪᠤᠯᠤᠨ ᠪᠠᠶᠠᠷ᠎ᠤᠨ ᠡᠳᠦᠷ᠎ᠤᠨ ᠬᠤᠭᠤᠴᠠᠭᠠᠨ᠎ᠤ ᠵᠠᠬ᠎ᠠ ᠳᠡᠯᠭᠡᠬᠦᠷ᠎ᠤᠨ ᠬᠠᠩᠭᠠᠯᠭ᠎ᠠ ᠵᠢᠨ ᠪᠠᠢᠳᠠᠯ᠎ᠢ ᠤᠢᠯᠠᠭᠠᠪᠠ᠃ ᠶᠡᠷᠦᠩᠭᠡᠢ ᠱᠦᠵᠢ᠂ ᠨᠡᠢᠭᠡᠮ ᠲᠤᠭᠤᠷᠢᠭ ᠭᠡᠳᠦᠢᠪᠡᠷ ᠪᠠᠭ᠎ᠠ ᠪᠤᠯᠪᠠᠴᠦ ᠦᠢ ᠤᠯᠠᠨ ᠠᠢᠯ ᠡᠷᠦᠭᠡ ᠵᠢ ᠬᠤᠯᠪᠤᠵᠤ ᠪᠠᠢᠳᠠᠭ᠃ ᠨᠡᠢᠭᠡᠮ ᠲᠤᠭᠤᠷᠢᠭ᠎ᠤᠨ ᠨᠠᠮ᠎ᠤᠨ ᠵᠤᠬᠢᠶᠠᠨ ᠪᠠᠢᠭᠤᠯᠤᠯᠳᠠ ᠪᠤᠯᠤᠨ ᠨᠠᠮ᠎ᠤᠨ ᠭᠡᠰᠢᠬᠦᠨ ᠺᠠᠳ᠋ᠷ ᠠᠷᠭ᠎ᠠ ᠪᠦᠬᠦᠨ᠎ᠢ ᠰᠦᠪᠡᠭᠴᠢᠯᠡᠵᠤ ᠪᠠᠢᠭᠠᠳ ᠤᠯᠠᠨ ᠲᠦᠮᠡᠨ᠎ᠤ ᠠᠮᠢᠳᠤᠷᠠᠯ ᠳ᠋ᠦ ᠤᠯᠠᠮ ᠲᠦᠬᠦᠮ ᠦᠵᠡᠬᠦᠯᠵᠤ᠂ ᠤᠯᠠᠨ ᠲᠦᠮᠡᠨ᠎ᠤ ᠬᠦᠰᠡᠯ ᠱᠠᠭᠠᠷᠳᠠᠯᠭ᠎ᠠ ᠪᠡᠨ ᠢᠯᠡᠳᠭᠡᠬᠦ ᠠᠷᠭ᠎ᠠ ᠵᠠᠮ᠎ᠢ ᠤᠯᠠᠮ ᠰᠢᠯᠤᠭᠤᠬᠠᠨ ᠪᠤᠯᠭᠠᠵᠤ᠂ ᠨᠠᠮ ᠵᠠᠰᠠᠭ᠎ᠤᠨ ᠬᠠᠢᠷ᠎ᠠ ᠬᠠᠯᠠᠮᠵᠢ ᠵᠢ ᠦᠢ ᠤᠯᠠᠨ ᠠᠢᠯ ᠡᠷᠦᠭᠡ ᠳ᠋ᠦ ᠬᠦᠷᠭᠡᠬᠦ ᠭᠡᠷᠡᠭᠲᠡᠢ ᠭᠡᠪᠡ᠃ ᠳᠡᠷᠭᠡᠨ ᠳ᠋ᠦ ᠭᠠᠷᠬᠤ ᠡᠴᠡ ᠡᠮᠦᠨ᠎ᠠ᠂ ᠶᠡᠷᠦᠩᠭᠡᠢ ᠱᠦᠵᠢ ᠨᠡᠢᠭᠡᠮ ᠲᠤᠭᠤᠷᠢᠭ᠎ᠤᠨ ᠬᠠᠷᠢᠭᠤᠴᠠᠯᠭᠠᠳᠠᠨ ᠳ᠋ᠦ᠄《ᠠᠷᠠᠳ ᠲᠦᠮᠡᠨ᠎ᠢ ᠪᠤᠳᠤᠯ ᠰᠠᠨᠠᠭᠠᠨ᠎ᠤ ᠪᠡᠨ ᠬᠠᠮᠤᠭ᠎ᠤᠨ ᠦᠨᠳᠦᠷ ᠪᠠᠢᠷᠢᠨ ᠳ᠋ᠦ ᠲᠠᠯᠪᠢᠵᠤ᠂ ᠪᠠᠢᠳᠠᠭ ᠴᠢᠳᠠᠯ ᠵᠢᠡᠷ ᠵᠢᠡᠨ ᠤᠯᠠᠨ ᠲᠦᠮᠡᠨ᠎ᠤ ᠬᠦᠴᠢᠷ ᠲᠦᠪᠡᠭ ᠲᠠᠢ ᠠᠰᠠᠭᠤᠳᠠᠯ᠎ᠢ ᠰᠢᠢᠳᠪᠤᠷᠢᠯᠡᠵᠤ ᠦᠭᠬᠦ ᠭᠡᠷᠡᠭᠲᠡᠢ》 ᠭᠡᠵᠤ ᠲᠤᠰᠬᠠᠢᠯᠠᠨ ᠵᠠᠬᠢᠵᠠᠢ᠃

《ᠨᠠᠰᠤᠲᠠᠨ᠎ᠤ ᠨᠡᠢᠭᠡᠮ᠎ᠦᠨ ᠪᠠᠲᠤᠯᠠᠭ᠎ᠠ᠎ᠶ᠋ᠢᠨ ᠺᠠᠷᠲ ᠪᠣᠯᠤᠨ ᠪᠡᠶ᠎ᠡ᠎ᠶ᠋ᠢᠨ ᠦᠨᠡᠮᠯᠡᠯ᠎ᠦᠨ ᠬᠠᠭᠤᠯᠪᠤᠷᠢ ᠪᠠᠨ ᠠᠪᠤᠭᠠᠳ ᠢᠷᠡᠭᠡᠷᠡᠶ》᠃

《ᠤᠰᠤᠨ᠎ᠤ ᠰᠦᠶ᠋ᠳᠭᠡᠯ᠂ ᠴᠠᠬᠢᠯᠭᠠᠨ᠎ᠤ ᠰᠦᠶ᠋ᠳᠭᠡᠯ ᠵᠢᠨᠨ ᠪᠦᠷ ᠲᠤᠱᠢᠶᠠᠵᠤ ᠪᠣᠯᠤᠨ᠎ᠠ》 ᠁

ᠱᠢᠯᠢᠩᠬᠤᠳᠠ᠎ᠶ᠋ᠢᠨ ᠴᠤᠭ᠍ᠯᠠᠭᠠᠨ ᠵᠡᠭᠡᠯᠢ ᠭᠤᠳᠤᠮᠵᠢ᠎ᠶ᠋ᠢᠨ ᠠᠶ ᠮᠢᠨ ᠨᠡᠢᠭᠡᠮ ᠲᠣᠭᠣᠷᠢᠭ᠎ᠤᠨ ᠨᠠᠮ ᠪᠠ ᠣᠯᠠᠨ ᠲᠦᠮᠡᠨ᠎ᠦ ᠦᠶ᠋ᠯᠡᠴᠢᠯᠡᠭᠡᠨ᠎ᠦ ᠲᠥᠪ᠎ᠦᠨ ᠥᠷᠲᠡᠭᠡᠴᠢᠯᠡᠭ᠌ᠰᠡᠨ ᠠᠷᠠᠳ᠎ᠲᠤ ᠲᠥᠬᠥᠮ ᠦᠵᠡᠭᠦᠯᠬᠦ᠌ ᠦᠶ᠋ᠯᠡᠴᠢᠯᠡᠭᠡᠨ᠎ᠦ ᠲᠢᠩᠬᠢᠮ᠎ᠳᠦ᠂ ᠠᠰᠠᠭᠤᠨ ᠯᠠᠪᠯᠠᠬᠤ᠎ᠪᠠᠷ ᠢᠷᠡᠭ᠌ᠰᠡᠨ ᠰᠠᠭᠤᠭᠠᠯᠢ ᠠᠷᠠᠳ ᠲᠠᠰᠤᠷᠠᠯᠲᠠ ᠥᠬᠡᠶ ᠴᠤᠪᠤᠷᠠᠵᠤ᠂ ᠠᠵᠢᠯᠲᠠᠳ ᠢᠮᠠᠭ᠍ᠲᠠ ᠢᠨᠢᠶᠡᠮᠰᠦᠭ᠌ᠯᠡᠨ᠂ ᠨᠢᠭᠡᠳ ᠨᠢᠭᠡ᠎ᠪᠡᠷ ᠬᠠᠷᠢᠭᠤᠯᠵᠤ ᠪᠠᠢᠪᠠ᠃

ᠣᠢᠷ᠎ᠠ᠎ᠶ᠋ᠢᠨ ᠵᠢᠯ᠎ᠳᠦ᠂ ᠠᠶ ᠮᠢᠨ ᠨᠡᠢᠭᠡᠮ ᠲᠣᠭᠣᠷᠢᠭ ᠤ᠋ᠨ ᠠᠷᠠᠳ᠎ᠲᠤ ᠲᠥᠬᠥᠮ ᠦᠵᠡᠭᠦᠯᠬᠦ᠌ ᠦᠶ᠋ᠯᠡᠴᠢᠯᠡᠭᠡᠨ᠎ᠦ ᠱᠢᠰᠲ᠋ᠧᠮ ᠤ᠋ᠨ ᠪᠠᠢᠭᠤᠯᠤᠯᠲᠠ᠎ᠶ᠋ᠢ ᠶᠡᠬᠡ ᠪᠡᠷ ᠠᠬᠢᠭᠤᠯᠵᠤ᠂ ᠦᠶ᠋ᠯᠡᠴᠢᠯᠡᠭᠡᠨ᠎ᠦ ᠠᠷᠭ᠎ᠠ ᠵᠠᠮ᠎ᠢ ᠲᠠᠰᠤᠷᠠᠯᠲᠠ ᠥᠬᠡᠶ ᠥᠷᠭᠡᠳᠭᠡᠨ᠂ ᠲᠦᠭᠡᠭᠡᠯ ᠤᠰᠤᠨ᠎ᠤ ᠰᠦᠶ᠋ᠳᠭᠡᠯ ᠲᠤᠱᠢᠶᠠᠬᠤ᠂ ᠨᠠᠰᠤᠲᠠᠢᠴᠤᠤᠯ᠎ᠤᠨ ᠨᠡᠢᠲᠡ᠎ᠶ᠋ᠢᠨ ᠮᠠᠱᠢᠨ ᠲᠡᠷᠭᠡᠨ᠎ᠦ ᠰᠦᠶ᠋ᠳᠭᠡᠯ ᠨᠡᠮᠡᠬᠦ᠌ ᠵᠡᠷᠭᠡ ᠠᠷᠠᠳ᠎ᠲᠤ ᠲᠥᠬᠥᠮ ᠦᠵᠡᠭᠦᠯᠬᠦ᠌ ᠲᠥᠷᠥᠯ ᠵᠦᠶ᠋ᠯ᠎ᠢ ᠣᠷᠣᠭᠤᠯᠤᠨ ᠠᠪᠴᠢᠷᠠᠵᠤ᠂ ᠪᠠᠰᠠ ᠬᠥᠳᠡᠯᠮᠦᠷᠢ᠎ᠶ᠋ᠢᠨ ᠪᠠᠲᠤᠯᠠᠭ᠎ᠠ᠎ᠶ᠋ᠢᠨ ᠦᠶ᠋ᠯᠡᠴᠢᠯᠡᠭᠡᠨ᠎ᠦ ᠲᠠᠪᠴᠠᠩ᠂ ᠤᠳᠠᠭᠠᠨ ᠴᠢᠨᠠᠷᠲᠠᠶ ᠡᠪᠡᠳᠴᠢᠨ᠎ᠦ ᠵᠠᠷᠤᠳᠠᠯ᠎ᠤᠨ ᠲᠠᠩᠰᠠ ᠲᠠᠢᠯᠬᠤ᠂ ᠡᠮᠨᠡᠯᠭᠡ᠎ᠳᠦ ᠰᠠᠭᠤᠭ᠍ᠰᠠᠨ ᠡᠮ ᠡᠮᠨᠡᠯᠭᠡ᠎ᠶ᠋ᠢᠨ ᠳᠠᠭᠠᠳᠭᠠᠯ᠎ᠤᠨ ᠲᠠᠩᠰᠠ ᠲᠠᠢᠯᠬᠤ ᠵᠡᠷᠭᠡ᠎ᠶ᠋ᠢ ᠣᠷᠣᠯᠠᠨ ᠭᠦᠶ᠋ᠴᠡᠳᠭᠡᠪᠡ᠃ ᠡᠭᠦᠨ᠎ᠦ ᠬᠠᠮᠲᠤ᠂ ᠵᠢᠯᠣᠭᠣᠳᠤᠨ ᠭᠦᠢᠴᠡᠳᠭᠡᠵᠤ ᠯᠠᠪᠯᠠᠭ᠎ᠠ ᠥᠭ᠌ᠬᠦ ᠲᠣᠭ᠍ᠲᠠᠴᠠ᠎ᠶ᠋ᠢ ᠪᠠᠢᠭᠤᠯᠵᠤ᠂ ᠣᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶ᠋ᠢ ᠴᠠᠭ ᠲᠤᠬᠠᠶ᠎ᠳᠤᠨᠢ ᠣᠢᠯᠠᠭᠠᠵᠤ᠂ ᠣᠯᠠᠨ ᠲᠦᠮᠡᠨ᠎ᠦ ᠬᠦᠴᠢᠷᠳᠡᠯ ᠪᠣᠯᠤᠨ ᠠᠰᠠᠭᠤᠳᠠᠯ᠎ᠢ ᠴᠠᠭ ᠲᠤᠬᠠᠶ᠎ᠳᠤᠨᠢ ᠱᠢᠶ᠋ᠳᠪᠦᠷᠢᠯᠡᠵᠤ ᠦᠭᠪᠠ᠃

ᠠᠶ ᠮᠢᠨ ᠨᠡᠢᠭᠡᠮ ᠲᠣᠭᠣᠷᠢᠭ ᠤ᠋ᠨ ᠬᠢᠨ ᠰᠠᠭᠤᠭᠠᠯᠢ ᠠᠷᠠᠳ᠎ᠤᠨ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠪᠠ ᠣᠯᠠᠨ ᠶᠠᠩᠵᠤ᠎ᠶ᠋ᠢᠨ ᠦᠶ᠋ᠯᠡᠴᠢᠯᠡᠭᠡᠨ᠎ᠦ ᠬᠡᠷᠡᠭ᠌ᠴᠡᠭᠡ ᠱᠠᠭᠠᠷᠳᠠᠯᠭ᠎ᠠ᠎ᠶ᠋ᠢ ᠲᠠᠰᠤᠷᠠᠯᠲᠠ ᠤᠢ᠍ᠭᠡᠢ ᠬᠠᠩᠭᠠᠵᠤ᠂ ᠨᠡᠢᠭᠡᠮ ᠲᠣᠭᠣᠷᠢᠭ᠎ᠤᠨ ᠰᠠᠭᠤᠭᠠᠯᠢ ᠠᠷᠠᠳ᠎ᠤᠨ ᠰᠠᠢᠨ ᠦᠨᠡᠯᠡᠯᠲᠡ᠎ᠶ᠋ᠢ ᠣᠯᠤᠭ᠍ᠰᠠᠨ ᠪᠠᠢᠨ᠎ᠠ᠃ ᠬᠤᠪᠢᠷᠠᠯᠲᠠ᠎ᠶ᠋ᠢ ᠶᠠᠷᠢᠬᠤ᠎ᠳᠤ ᠰᠠᠭᠤᠭᠠᠯᠢ ᠠᠷᠠᠳ ᠳ᠋ᠦᠩ ᠰᠦᠩ ᠱᠠᠨ ᠭᠦᠨ ᠲᠦᠷᠦᠭ᠌ᠳᠡᠯ᠎ᠲᠡᠶ ᠪᠠᠢᠯ᠎ᠠ᠃ ᠲᠡᠷᠡ᠂ ᠨᠡᠢᠭᠡᠮ ᠲᠣᠭᠣᠷᠢᠭ᠎ᠤᠨ ᠦᠢᠯᠡᠴᠢᠯᠡᠭᠡ᠎ᠳᠦ ᠮᠠᠰᠢ ᠬᠠᠨᠤᠮᠵᠢᠲᠠᠶ ᠪᠠᠢᠨ᠎ᠠ᠃ ᠲᠣᠭᠣᠷᠢᠭ ᠡᠴᠡ ᠭᠠᠷᠬᠤ ᠦᠭᠡᠢ ᠪᠡᠷ ᠠᠷᠠᠳ᠎ᠲᠤ ᠳᠥᠭᠥᠮ ᠦᠵᠡᠭᠦᠯᠬᠦ᠌ ᠬᠠᠮ ᠳᠡᠯᠭᠡᠭᠦᠷ ᠪᠤᠢ᠂ ᠬᠡᠷᠡᠭ ᠡᠷᠬᠢᠯᠡᠬᠦ᠌ ᠲᠢᠩᠬᠢᠮ᠎ᠳᠦ ᠪᠠᠷᠤᠭ ᠠᠯᠢᠪᠠ ᠤᠴᠢᠷ᠎ᠢ ᠪᠦᠷ ᠬᠢᠵᠦ᠍ ᠳᠡᠢᠯᠦᠨ᠎ᠡ᠃ ᠬᠢᠵᠢᠭ᠎ᠦᠨ ᠪᠠᠢᠳᠠᠯ ᠬᠦᠨᠳᠦ ᠨᠣᠴᠢᠲᠠᠶ ᠪᠢᠰᠢ ᠦᠶ᠎ᠡ᠎ᠳᠦ᠂ ᠪᠢᠳᠡ ᠪᠠᠰᠠ ᠡᠨᠳᠠ ᠫᠢᠩᠫᠠᠩ ᠪᠥᠮᠪᠥᠭᠡ᠂ ᠴᠢᠴᠢᠭᠦᠷ ᠪᠥᠮᠪᠥᠭᠡ᠂ ᠬᠢᠲᠠᠳ ᠱᠢᠲᠠᠷ᠎ᠠ ᠨᠠᠭᠠᠳᠴᠤ᠌ ᠪᠣᠯᠤᠨ᠎ᠠ᠂ ᠠᠮᠢᠳᠤᠷᠠᠯ᠎ᠤᠨ ᠨᠥᠬᠥᠴᠡᠯ ᠶᠠᠪᠤᠬᠤ ᠲᠤᠲᠤᠮ ᠰᠠᠢᠵᠢᠷᠠᠵᠤ ᠪᠠᠢᠨ᠎ᠠ ᠬᠡᠵᠤ ᠬᠡᠯᠡᠪᠡ᠃

ᠣᠢᠷ᠎ᠠ᠎ᠶ᠋ᠢᠨ ᠵᠢᠯ᠎ᠡᠴᠡ ᠨᠠᠭᠠᠰᠢ᠂ ᠰᠠᠭᠤᠭᠠᠯᠢ ᠠᠷᠠᠳ᠎ᠲᠤ ᠨᠠᠩ ᠴᠢᠨᠠᠷ ᠰᠠᠢᠲᠠᠶ ᠳᠥᠭᠥᠮ ᠳᠥᠲᠡ ᠦᠶ᠋ᠯᠡᠴᠢᠯᠡᠭᠡ ᠬᠠᠩᠭᠠᠬᠤ᠎ᠶ᠋ᠢᠨ ᠲᠥᠯᠥᠭᠡ᠂ ᠠᠶ ᠮᠢᠨ ᠨᠡᠢᠭᠡᠮ ᠲᠣᠭᠣᠷᠢᠭ ᠤ᠋ᠨ ᠬᠢᠨ ᠢᠳᠡᠪᠬᠢᠲᠡᠶ ᠵᠣᠬᠢᠴᠠᠭᠤᠯᠵᠤ᠂ 2017 ᠣᠨ᠎ᠤ 7 ᠰᠠᠷ᠎ᠠ᠎ᠳᠤ ᠱᠢᠯᠢᠩᠬᠣᠲᠠ ᠣᠷᠣᠨ᠎ᠤ ᠬᠠᠮᠤᠭ᠎ᠤᠨ ᠲᠣᠮᠣ ᠳ᠋ᠸᠺᠯᠤᠨ ᠬᠡᠯᠬᠢᠶ᠎ᠡ ᠬᠠᠮ ᠳᠡᠯᠭᠡᠭᠦᠷ᠎ᠢ ᠣᠷᠣᠭᠤᠯᠤᠨ ᠠᠪᠴᠢᠷᠠᠪᠠ᠃ ᠤᠤᠯ᠎ᠤᠨ ᠬᠤᠪᠢ᠎ᠶ᠋ᠢᠨ ᠡᠵᠡᠩᠨᠡᠯᠲᠡ᠎ᠶ᠋ᠢᠨ ᠡᠷᠦᠬᠡ ᠪᠠᠢᠭ᠍ᠰᠠᠨ᠎ᠡᠴᠡ᠎ᠪᠠᠨ ᠬᠡᠯᠬᠢᠶᠡᠲᠦ ᠬᠠᠮ ᠳᠡᠯᠭᠡᠭᠦᠷ ᠬᠦᠷᠲᠡᠯ᠎ᠡ᠂ ᠲᠠᠸᠠᠷ᠎ᠤᠨ ᠲᠥᠷᠥᠯ ᠵᠦᠶ᠋ᠯ ᠨᠢ ᠬᠠᠮᠤᠭ᠎ᠤᠨ ᠠᠩᠬᠠᠨ᠎ᠤ 300 ᠵᠦᠶ᠋ᠯ ᠪᠠᠢᠭ᠍ᠰᠠᠨ᠎ᠡᠴᠡ᠎ᠪᠠᠨ ᠣᠲᠣ 1700 ᠭᠠᠷᠤᠶ ᠵᠦᠶ᠋ᠯ ᠪᠣᠯᠵᠣ ᠥᠷᠭᠡᠵᠢᠨ᠂ ᠠᠮᠤ ᠪᠤᠳᠠᠭ᠎ᠠ ᠲᠣᠰᠣ᠂ ᠭᠤᠸᠠ ᠵᠢᠮᠢᠰ ᠢᠳᠡᠱᠢᠨ ᠨᠣᠭᠣᠭ᠎ᠠ᠂ ᠲᠣᠭᠣᠭ᠎ᠠ ᠱᠢᠨᠠᠭ᠎ᠠ ᠰᠠᠪᠠ ᠵᠡᠷᠭᠡ ᠡᠳᠦᠷ ᠲᠤᠲᠤᠮ᠎ᠤᠨ ᠠᠮᠢᠳᠤᠷᠠᠯ᠎ᠤᠨ ᠬᠡᠷᠡᠭ᠌ᠯᠡᠭᠡᠨ᠎ᠦ ᠵᠦᠶ᠋ᠯ ᠴᠥᠮ ᠪᠦᠷᠢᠨ ᠪᠠᠢᠵᠤ᠂ ᠰᠠᠭᠤᠭᠠᠯᠢ ᠠᠷᠠᠳ᠎ᠤᠨ ᠬᠤᠳᠠᠯᠳᠤᠨ ᠠᠪᠬᠤ᠎ᠳᠤ ᠮᠠᠰᠢ ᠲᠥᠬᠥᠮ ᠪᠣᠯᠭᠠᠪᠠ᠃

ᠲᠦᠷᠦᠭᠦᠬᠡᠨ᠂ ᠱᠢᠯᠢᠩᠬᠤᠳᠠ ᠵᠢᠨ ᠰᠠᠭᠤᠭᠠᠯᠢ ᠠᠷᠠᠳ ᠮᠠ ᠠᠪᠤᠭᠠᠶ ᠠᠶ ᠮᠢᠨ ᠨᠡᠢᠭᠡᠮ ᠲᠣᠭᠣᠷᠢᠭ᠎ᠲᠤ ᠬᠦᠷᠴᠦ᠍ ᠨᠡᠢᠭᠡᠮ᠎ᠦᠨ ᠳᠠᠭᠠᠳᠭᠠᠯ᠎ᠢ ᠪᠤᠴᠠᠭᠠᠨ ᠦᠭᠬᠦ ᠲᠤᠬᠠᠢᠯᠠᠭ᠍ᠰᠠᠨ ᠠᠵᠢᠯ᠎ᠢ ᠭᠦᠶ᠋ᠴᠡᠳᠭᠡᠬᠦ᠌᠎ᠳᠦ᠂ ᠨᠡᠢᠭᠡᠮ ᠲᠣᠭᠣᠷᠢᠭ᠎ᠤᠨ ᠠᠵᠢᠯᠲᠠᠳ ᠲᠡᠭᠦᠨ᠎ᠳᠦ ᠬᠦᠯᠢᠴᠡᠩᠭᠦᠶ᠎ᠪᠡᠷ ᠬᠠᠷᠢᠭᠤᠯᠲᠠ ᠥᠭ᠌ᠴᠦ᠂ ᠨᠠᠷᠢᠨ ᠬᠢᠨᠠᠮᠠᠭᠠᠶ ᠬᠥᠲᠥᠯᠥᠨ ᠵᠢᠯᠣᠭᠣᠳᠴᠤ᠌᠂ ᠯᠠᠪᠯᠠᠯᠲᠠ᠎ᠶ᠋ᠢᠨ ᠬᠡᠪ ᠵᠠᠭ᠍ᠪᠤᠷ ᠬᠠᠩᠭᠠᠭ᠍ᠰᠠᠨ ᠪᠥᠭᠡᠳ 《ᠰᠠᠢᠨ ᠮᠠᠭᠤ ᠦᠨᠡᠯᠡᠯᠲᠡ》 ᠎ᠶ᠋ᠢᠨ ᠱᠢᠰᠲ᠋ᠧᠮ᠎ᠢᠶᠡᠷ ᠲᠡᠭᠦᠨ᠎ᠢ ᠬᠠᠪᠰᠤᠷᠤᠨ ᠱᠢᠶ᠋ᠳᠪᠦᠷᠢᠯᠡᠵᠦ᠍ ᠥᠭ᠌ᠪᠡ᠃ ᠪᠤᠴᠠᠭᠠᠨ ᠦᠭᠬᠦ ᠨᠥᠬᠥᠪᠥᠷᠢ ᠮᠥᠩᠭᠥ᠎ᠪᠡᠨ ᠠᠪᠤᠬᠰᠠᠨ ᠤ᠋ ᠳᠠᠷᠠᠭ᠎ᠠ᠂ ᠲᠡᠷᠡ ᠨᠡᠢᠭᠡᠮ ᠲᠣᠭᠣᠷᠢᠭ᠎ᠤᠨ ᠠᠵᠢᠯᠲᠠᠨ᠎ᠤ ᠥᠨᠳᠥᠷ ᠪᠦᠲᠦᠮᠵᠢᠲᠡᠶ᠂ ᠬᠠᠯᠠᠭᠤᠨ ᠳᠤᠯᠠᠭᠠᠨ ᠦᠶ᠋ᠯᠡᠴᠢᠯᠡᠭᠡ᠎ᠳᠦ ᠮᠠᠰᠢ ᠬᠠᠨᠤᠮᠵᠢᠲᠠᠶ ᠪᠠᠢᠵᠤ᠂ 《ᠰᠠᠢᠨ ᠮᠠᠭᠤ ᠦᠨᠡᠯᠡᠯᠲᠡ》 ᠎ᠶ᠋ᠢᠨ ᠱᠢᠰᠲ᠋ᠧᠮ᠎ᠢᠶᠡᠷ ᠳᠡᠮᠵᠢᠨ ᠰᠠᠢᠨ ᠦᠨᠡᠯᠡᠭᠡ ᠦᠭᠭᠦᠯ᠎ᠡ᠃

ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠵᠢᠨ ᠰᠠᠢ᠌ᠨ ᠡᠰᠡᠬᠦ᠌᠎ᠶ᠋ᠢ ᠤᠯᠠᠨ ᠲᠦᠮᠡᠨ ᠤ᠋ ᠦᠨᠡᠯᠠᠯᠳᠠ ᠪᠡᠷ ᠬᠡᠮᠵᠢᠶᠡᠷᠢᠯᠡᠨ᠎ᠡ᠃ ᠨᠢᠳᠤᠨᠤᠨ᠎ᠤ 7 ᠰᠠᠷ᠎ᠠ᠎ᠳᠤ᠂ ᠱᠢᠯᠢᠩᠬᠤᠳᠠ᠎ᠶ᠋ᠢᠨ ᠠᠷᠠᠳ᠎ᠲᠤ ᠲᠥᠬᠥᠮ ᠦᠵᠡᠭᠦᠯᠬᠦ᠌ ᠦᠶ᠋ᠯᠡᠴᠢᠯᠡᠭᠡᠨ᠎ᠦ ᠲᠢᠩᠬᠢᠮ 《ᠰᠠᠢᠨ ᠮᠠᠭᠤ ᠦᠨᠡᠯᠡᠯᠲᠡ》᠎ᠶ᠋ᠢᠨ ᠱᠢᠰᠲ᠋ᠧᠮ᠎ᠢ ᠨᠢᠭᠡᠳᠦᠯᠲᠡᠶ ᠤᠭ᠍ᠰᠠᠷᠠᠪᠠ᠃ ᠱᠢᠰᠲ᠋ᠧᠮ ᠤᠭ᠍ᠰᠠᠷᠠᠭ᠍ᠰᠠᠨ᠎ᠤ ᠳᠠᠷᠠᠭ᠎ᠠ᠂ ᠦᠶ᠋ᠯᠡᠴᠢᠯᠡᠭᠡᠨ᠎ᠦ ᠲᠢᠩᠬᠢᠮ᠎ᠦᠨ ᠠᠵᠢᠯ ᠶᠠᠪᠤᠳᠠᠯ ᠭᠦᠶ᠋ᠴᠡᠳᠭᠡᠬᠦ᠌ ᠣᠷᠴᠢᠨ ᠨᠥᠬᠥᠴᠡᠯ᠎ᠢ ᠪᠦᠲᠦᠮᠵᠢᠲᠡᠶ ᠰᠠᠢᠵᠢᠷᠠᠭᠤᠯᠵᠤ᠂ ᠠᠵᠢᠯᠲᠠᠨ᠎ᠤ ᠠᠵᠢᠯ ᠶᠠᠪᠤᠳᠠᠯ ᠭᠦᠶ᠋ᠴᠡᠳᠭᠡᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠭ᠌ᠰᠡᠨ ᠪᠥᠭᠡᠳ ᠰᠠᠭᠤᠭᠠᠯᠢ ᠠᠷᠠᠳ᠎ᠤᠨ ᠦᠶ᠋ᠯᠡᠴᠢᠯᠡᠭᠡᠨ᠎ᠦ ᠪᠡᠶᠡᠴᠢ ᠣᠢᠯᠠᠭᠠᠯᠲᠠ ᠶ᠋ᠢ ᠴᠤ᠌ ᠳᠡᠭᠡᠭ᠌ᠰᠢᠯᠡᠭᠦᠯᠵᠡᠶ᠃ ᠮᠠ ᠠᠪᠤᠭᠠᠶ᠎ᠶ᠋ᠢᠨ ᠬᠡᠯᠡᠬᠦ᠌᠎ᠪᠡᠷ᠂ ᠨᠡᠢᠭᠡᠮ ᠲᠣᠭᠣᠷᠢᠭ᠎ᠤᠨ ᠦᠶ᠋ᠯᠡᠴᠢᠯᠡᠭᠡ ᠶᠠᠪᠤᠬᠤ ᠲᠤᠲᠤᠮ ᠰᠠᠢᠵᠢᠷᠠᠵᠤ᠂ ᠤᠰᠤᠨ᠎ᠤ ᠰᠦᠶ᠋ᠳᠭᠡᠯ᠂ ᠨᠠᠰᠤᠵᠢᠯ᠎ᠤᠨ ᠠᠰᠠᠷᠠᠮᠵᠢ᠎ᠶ᠋ᠢᠨ ᠳᠠᠭᠠᠳᠭᠠᠯ᠂ ᠨᠡᠢᠭᠡᠮ᠎ᠦᠨ ᠳᠠᠭᠠᠳᠭᠠᠯ᠂ ᠨᠡᠢᠲᠡ᠎ᠶ᠋ᠢᠨ ᠮᠠᠱᠢᠨ ᠲᠡᠷᠭᠡᠨ᠎ᠦ ᠺᠠᠷᠲ ᠤ᠋ᠨ ᠰᠤᠢᠳᠬᠡᠯ ᠢ᠋ ᠴᠥᠮ ᠲᠤᠰᠢᠶᠠᠵᠤ ᠪᠤᠯᠤᠨ᠎ᠠ᠂ ᠣᠲᠣ ᠪᠠᠰᠠ 《ᠰᠠᠢᠨ ᠮᠠᠭᠤ ᠦᠨᠡᠯᠡᠯᠲᠡ》 ᠵᠢᠨ ᠱᠢᠰᠲ᠋ᠧᠮ᠎ᠲᠡᠶ ᠪᠣᠯᠵᠠᠶ᠂ ᠡᠨᠡ ᠨᠢ ᠦᠨᠡᠬᠡᠷ ᠮᠠᠨ᠎ᠤ ᠣᠯᠠᠨ ᠲᠦᠮᠡᠨ᠎ᠦ ᠵᠢᠵᠢᠭ ᠶᠠᠪᠤᠳᠠᠯ ᠨᠢᠭᠡᠪᠦᠷᠢ᠎ᠶ᠋ᠢ ᠶᠡᠬᠡ ᠶᠠᠪᠤᠳᠠᠯ ᠪᠣᠯᠭᠠᠨ ᠱᠢᠶ᠋ᠳᠪᠦᠷᠢᠯᠡᠵᠦ᠍ ᠪᠠᠢᠨ᠎ᠠ᠃ ᠪᠦᠷᠢᠨ ᠲᠡᠭᠦᠯᠳᠡᠷ ᠰᠠᠭᠤᠷᠢ ᠲᠥᠬᠥᠭᠡᠷᠦᠮᠵᠢ᠂ ᠣᠷᠣᠱᠢᠨ ᠰᠠᠭᠤᠷᠢᠱᠢᠬᠤ ᠭᠤᠶᠤ ᠰᠠᠢᠬᠠᠨ ᠣᠷᠴᠢᠨ ᠲᠣᠭᠣᠷᠢᠨ᠂ ᠠᠷᠠᠳ᠎ᠲᠤ ᠲᠦᠬᠦᠮ ᠦᠵᠡᠭᠦᠯᠬᠦ᠌ ᠥᠨᠳᠥᠷ ᠪᠦᠲᠦᠮᠵᠢᠲᠡᠢ ᠱᠢᠯᠢᠳᠡᠭ ᠦᠢᠯᠡᠴᠢᠯᠡᠭᠡ ᠨᠢ ᠡᠨᠳᠡ ᠠᠮᠢᠳᠤᠷᠠᠵᠤ ᠪᠠᠢᠭ᠎ᠠ ᠰᠠᠭᠤᠭᠠᠯᠢ ᠠᠷᠠᠳ᠎ᠢ ᠬᠤᠪᠢ ᠲᠠᠬᠢᠨ ᠵᠣᠯ ᠵᠢᠷᠭᠠᠯ᠎ᠲᠠᠶ ᠰᠠᠨᠠᠭ᠍ᠳᠠᠭᠤᠯᠤᠨ᠎ᠠ ᠬᠡᠵᠡᠢ᠃ ᠠᠢ ᠮᠢᠨ ᠨᠡᠢᠭᠡᠮ ᠲᠣᠭᠣᠷᠢᠭ᠎ᠲᠤ᠂ 《ᠠᠷᠠᠳ ᠲᠦᠮᠡᠨ᠎ᠢ ᠰᠡᠳᠭᠢᠯ ᠵᠢᠷᠦᠬᠡᠨ᠎ᠦ᠎ᠪᠡᠨ ᠬᠠᠮᠤᠭ᠎ᠤᠨ ᠳᠡᠭᠡᠳᠦ ᠪᠠᠢᠷᠢᠨ᠎ᠳᠤ ᠲᠠᠯᠪᠢᠵᠤ᠂ ᠪᠦᠬᠦ᠌ ᠬᠦᠴᠦᠨ᠎ᠢᠶᠡᠷ᠎ᠢᠶᠡᠨ ᠤᠯᠠᠨ ᠲᠦᠮᠡᠨ᠎ᠦ ᠬᠦᠴᠢᠷ ᠵᠣᠪᠠᠭᠤᠷᠢ᠎ᠶ᠋ᠢ ᠱᠢᠢᠳᠪᠦᠷᠢᠯᠡᠵᠦ᠍ ᠥᠭ᠌ᠬᠦ ᠬᠡᠷᠡᠭ᠌ᠲᠡᠢ》 ᠭᠡᠬᠦ᠌ ᠬᠡᠳᠦᠨ ᠲᠤᠮᠤ ᠦᠰᠦᠭ ᠣᠨᠴᠠ ᠢᠯᠡ ᠬᠠᠷᠠᠭ᠍ᠳᠠᠨ᠎ᠠ᠂ ᠡᠳᠡᠭᠡᠷ ᠦᠰᠦᠭ ᠨᠢ ᠠᠢ ᠮᠢᠨ ᠨᠡᠢᠭᠡᠮ ᠲᠣᠭᠣᠷᠢᠭ᠎ᠤᠨ ᠬᠡᠷᠡᠮ ᠳᠡᠭᠡᠷ᠎ᠡ ᠰᠡᠢᠯᠦᠭ᠌ᠳᠡᠵᠦ᠍᠂ ᠨᠡᠢᠭᠡᠮ ᠲᠣᠭᠣᠷᠢᠭ᠎ᠤᠨ ᠠᠵᠢᠯᠳᠠᠨ᠎ᠤ ᠠᠵᠢᠯ᠎ᠤᠨ ᠨᠠᠷᠢᠨ ᠵᠦᠢᠯᠡᠰ ᠪᠣᠯᠭᠠᠨ᠎ᠳᠤ ᠭᠦᠨ᠎ᠡ ᠠᠭᠤᠰᠤᠯᠴᠠᠪᠠ᠃

《ᠶᠡᠷᠦᠩᠬᠡᠢ ᠱᠦᠵᠢ ᠰᠢ ᠵᠢᠨ ᠫᠢᠩ᠂ ᠠᠷᠠᠳ ᠲᠦᠮᠡᠨ᠎ᠢ ᠰᠡᠳᠭᠢᠯ ᠵᠢᠷᠦᠬᠡᠨ᠎ᠳ᠋ᠡᠬᠡᠨ ᠳᠡᠬᠡᠳᠤᠯᠡᠵᠥ᠂ ᠪᠦᠬᠦ᠌ ᠬᠦᠴᠦ᠍᠎ᠪᠡᠷ᠎ᠢᠶᠡᠨ ᠤᠯᠠᠨ ᠲᠦᠮᠡᠨ᠎ᠦ ᠬᠦᠴᠢᠷ ᠵᠣᠪᠠᠭᠤᠷᠢ᠎ᠶ᠋ᠢ ᠱᠢᠢᠳᠪᠦᠷᠢᠯᠡᠵᠦ᠍ ᠥᠭ᠌ᠬᠦ ᠬᠡᠷᠡᠭ᠌ᠲᠡᠢ ᠭᠡᠵᠦ᠍ ᠪᠢᠳᠡᠨ᠎ᠳᠦ ᠵᠠᠬᠢᠪᠠ᠃ ᠡᠨᠡ ᠪᠣᠯ ᠮᠠᠨ᠎ᠤ ᠨᠡᠢᠭᠡᠮ ᠲᠣᠭᠣᠷᠢᠭ᠎ᠤᠨ ᠠᠵᠢᠯᠲᠠᠨ ᠤ᠋ ᠬᠢᠴᠢᠶᠡᠰᠦ᠂ ᠮᠥᠨ ᠴᠦ᠍ ᠮᠠᠨ᠎ᠤ ᠲᠡᠮᠡᠴᠡᠬᠦ᠌ ᠬᠠᠷᠠᠯᠲᠠ ᠪᠣᠯᠤᠨ᠎ᠠ》᠃ ᠠᠶ ᠮᠢᠨ ᠨᠡᠢᠭᠡᠮ ᠲᠣᠭᠣᠷᠢᠭ᠎ᠤᠨ ᠨᠠᠮ᠎ᠤᠨ ᠬᠣᠷᠢᠶᠠᠨ᠎ᠤ ᠱᠦᠵᠢ᠂ ᠡᠷᠬᠢᠯᠡᠭ᠌ᠴᠢ ᠯᠢ ᠵᠢᠶᠠ᠄ 《ᠪᠢᠳᠡ ᠬᠠᠮᠤᠭ᠎ᠤᠨ ᠦᠨᠳᠦᠰᠦᠨ ᠱᠠᠲᠤᠨ᠎ᠤ ᠣᠯᠠᠨ ᠲᠦᠮᠡᠨ᠎ᠦ ᠠᠵᠢᠯᠲᠠᠨ ᠪᠣᠯᠤᠭ᠍ᠰᠠᠨ᠎ᠤ ᠬᠤᠪᠢ᠎ᠳᠤ᠂ ᠡᠷᠬᠡᠪᠰᠢ ᠶᠡᠷᠦᠩᠬᠡᠶ ᠱᠦᠵᠢ᠎ᠶ᠋ᠢᠨ ᠴᠢᠩ ᠰᠡᠳᠭᠢᠯ᠎ᠦᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠠᠭᠤᠤ ᠶᠡᠬᠡ ᠡᠬᠡ ᠤᠯᠤᠰ᠎ᠤᠨ᠎ᠢᠶᠠᠨ ᠠᠭᠤᠯᠠ ᠤᠰᠤ᠎ᠶ᠋ᠢ ᠤᠷᠠᠨ ᠵᠢᠷᠤᠭ ᠮᠡᠲᠦ ᠵᠢᠷᠤᠭ᠍ᠯᠠᠬᠤ ᠶ᠋ᠢᠨ ᠲᠥᠯᠥᠭᠡ ᠴᠢᠷᠮᠠᠢᠨ ᠲᠡᠮᠡᠴᠡᠬᠦ᠌ ᠬᠡᠷᠡᠭ᠌ᠲᠡᠶ! 》 ᠬᠡᠵᠤ ᠬᠡᠯᠡᠪᠡ᠃


QQ截图20220625202609.jpg


ᠨᠡᠢᠭᠡᠮ ᠲᠤᠭᠤᠷᠢᠭ᠎ᠡᠴᠡ ᠭᠠᠷᠬᠤ ᠦᠭᠡᠢ᠎ᠪᠡᠷ ᠡᠯ᠎ᠡ ᠵᠦᠢᠯ᠎ᠤᠨ ᠰᠦᠢᠳᠭᠡᠯ᠎ᠢᠶᠡᠨ ᠲᠤᠰᠢᠶᠠᠵᠤ ᠪᠤᠯᠤᠨ᠎ᠠ


QQ截图20220625202620.jpg


ᠠᠢ ᠮᠢᠨ ᠨᠡᠢᠭᠡᠮ ᠲᠤᠭᠤᠷᠢᠭ᠎ᠤᠨ ᠬᠠᠮ ᠳᠡᠯᠭᠡᠭᠦᠷ


QQ图片20220625192959.png


ᠡᠵᠡᠨ ᠬᠤᠷᠤᠭ᠎ᠠ ᠬᠤᠰᠢᠭᠤᠨ᠎ᠤ ᠠᠯᠲᠠᠨᠰᠢᠷᠡᠭᠡᠳᠤ ᠪᠠᠯᠭᠠᠰᠤ᠎ᠶᠢᠨ ᠰᠢᠨ ᠪᠸᠢ ᠨᠡᠢᠭᠡᠮ ᠲᠤᠭᠤᠷᠢᠭ᠎ᠤᠨ ᠯᠢ ᠰᠢᠦ ᠶᠢᠩ ᠭᠠᠷ ᠤᠷᠠᠯᠠᠯ᠎ᠤᠨ ᠪᠤᠯᠪᠠᠰᠤᠷᠠᠯ ᠬᠦᠷᠲᠡᠨ᠎ᠡ


QQ图片20220625193009.png


ᠠᠢ ᠮᠢᠨ ᠨᠡᠢᠭᠡᠮ ᠲᠤᠭᠤᠷᠢᠭ᠎ᠤᠨ ᠨᠠᠮ᠎ᠤᠨ ᠬᠤᠷᠢᠶᠠᠨ᠎ᠤ ᠱᠦᠵᠢ᠂ ᠡᠷᠬᠢᠯᠡᠭᠴᠢ ᠯᠢ ᠵᠢᠶᠠ ᠰᠠᠭᠤᠭᠠᠯᠢ ᠠᠷᠠᠳ᠎ᠤᠨ ᠡᠷᠡᠭᠦᠯ ᠮᠡᠨᠳᠦ᠎ᠶᠢᠨ ᠳᠠᠨᠭᠰᠠ᠎ᠵᠢ ᠲᠠᠨᠢᠯᠴᠠᠭᠤᠯᠤᠨ᠎ᠠ


QQ图片20220625193022.png


ᠳ᠋ᠦᠩᠱᠸᠩ ᠲᠤᠭᠤᠷᠢᠭ ᠎ᠦᠨ ᠬᠠᠨᠳᠠᠢ ᠎ᠶ᠋ᠢᠨ ᠰᠦᠮ᠎ᠡ ᠪᠠᠯᠭᠠᠰᠤ᠎ᠶᠢᠨ ᠲᠢᠶᠠᠨ ᠶᠤᠸᠠᠨ ᠨᠡᠢᠭᠡᠮ ᠲᠤᠭᠤᠷᠢᠭ᠎ᠤᠨ ᠵᠠᠩ ᠰᠢᠦ ᠶᠢᠩ ᠭᠠᠷ ᠤᠷᠠᠯᠠᠯ᠎ᠤᠨ ᠪᠦᠲᠦᠭᠡᠯ ᠬᠢᠵᠦ ᠪᠠᠢᠨ᠎ᠠ


QQ图片20220625193032.png


ᠨᠡᠢᠭᠡᠮ ᠲᠤᠭᠤᠷᠢᠭ᠎ᠤᠨ ᠠᠵᠢᠯᠲᠠᠨ ᠭᠠᠷ ᠤᠷᠠᠯᠠᠯ᠎ᠤᠨ ᠪᠦᠲᠦᠭᠡᠯ᠎ᠢᠶᠡᠨ ᠪᠡᠯᠡᠭᠯᠡᠨ᠎ᠡ


QQ图片20220625193040.png


ᠠᠢ ᠮᠢᠨ ᠨᠡᠢᠭᠡᠮ ᠲᠤᠭᠤᠷᠢᠭ᠎ᠤᠨ ᠬᠥᠳᠡᠯᠭᠡᠭᠡᠨ᠎ᠤ ᠲᠠᠰᠤᠭ


QQ图片20220625193049.png


ᠬᠢᠶ᠎ᠠ ᠪᠠᠭᠰᠢ ᠲᠤᠭᠤᠷᠢᠭ᠎ᠤᠨ ᠳᠠᠷᠬᠠᠨ ᠨᠡᠢᠭᠡᠮ ᠲᠤᠭᠤᠷᠢᠭ᠎ᠤᠨ ᠰᠠᠭᠤᠭᠠᠯᠢ ᠠᠷᠠᠳ ᠡᠮᠴᠢᠯᠡᠭᠡ ᠬᠦᠷᠲᠡᠨ᠎ᠡ


QQ图片20220625193059.png


ᠭᠠᠷ ᠤᠷᠠᠯᠠᠯ᠎ᠤᠨ ᠪᠦᠲᠦᠭᠡᠯ᠎ᠢᠶᠡᠨ ᠲᠠᠨᠢᠯᠴᠠᠭᠤᠯᠤᠨ᠎ᠠ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面