ᠱᠢᠨ᠎᠎ᠡ ᠴᠠᠭ ᠦᠶ᠎ᠡ᠎ᠳ᠋ᠦ᠍ ᠭᠠᠪᠢᠶ᠎ᠠ ᠪᠠᠢᠭᠤᠯᠤᠶ᠎ᠠ > ᠶᠡᠷᠦᠩᠬᠡᠢ ᠱᠦᠵᠢ ᠎ᠶ᠋ᠢᠨ ᠶᠠᠪᠤᠵᠤ ᠦᠩᠭᠡᠷᠡᠭᠰᠡᠨ ᠮᠥᠷ ᠎ᠢ᠋ᠶ᠋ᠡᠷ

2022-06-25 20:32:28

ᠵᠣᠬᠢᠶᠠᠭ᠍ᠴᠢ᠄ ᠵᠣᠣ ᠰᠢ ᠣᠩᠱᠢᠭ᠍ᠰᠠᠨ ᠣᠳᠠᠭ᠎ᠠ᠄ 3

ᠨᠡᠢᠭᠡᠮ ᠲᠣᠭᠣᠷᠢᠭ ᠪᠣᠯ ᠬᠥᠮᠦᠨ ᠲᠥᠷᠥᠯᠬᠢᠲᠡᠨ᠎ᠦ ᠠᠮᠢᠳᠤᠷᠠᠯ᠎ᠤᠨ ᠦᠨᠳᠦᠰᠦᠨ ᠨᠢᠭᠡᠴᠢ ᠮᠥᠨ᠂ ᠨᠡᠢᠭᠡᠮ ᠲᠣᠭᠣᠷᠢᠭ᠎ᠤᠨ ᠵᠠᠰᠠᠯᠲᠠ ᠪᠣᠯ ᠤᠯᠤᠰ᠎ᠤᠨ ᠵᠠᠰᠠᠯᠲᠠ᠎ᠶ᠋ᠢᠨ ᠰᠠᠭᠤᠷᠢ ᠴᠢᠯᠠᠭᠤ ᠮᠥᠨ᠃ ᠶᠡᠷᠦᠩᠬᠡᠢ ᠱᠦᠵᠢ ᠰᠢ ᠵᠢᠨ ᠫᠢᠩ᠂ 《ᠦᠨᠳᠦᠰᠦᠨ ᠱᠠᠲᠤᠨ᠎ᠤ ᠨᠡᠢᠭᠡᠮ᠎ᠦᠨ ᠵᠠᠰᠠᠯᠲᠠ᠎ᠶ᠋ᠢ ᠴᠢᠩᠭᠠᠳᠭᠠᠨ ᠱᠢᠨᠡᠴᠢᠯᠡᠵᠦ᠍᠂ ᠨᠡᠢᠭᠡᠮ᠎ᠦᠨ ᠡᠰ ᠪᠦᠬᠦᠨ᠎ᠢ ᠡᠷᠡᠭᠦᠯ ᠬᠥᠭ᠌ᠵᠢᠶᠡᠨᠲᠡᠢ ᠪᠣᠯᠭᠠᠵᠤ᠂ ᠵᠥᠷᠢᠴᠡᠯ᠎ᠢ ᠦᠨᠳᠦᠰᠦᠨ ᠱᠠᠲᠤᠨ᠎ᠳᠤ ᠠᠷᠢᠯᠭᠠᠵᠤ᠂ ᠡᠶ᠎ᠡ ᠵᠣᠬᠢᠴᠠᠩᠭᠤᠢ ᠲᠣᠭ᠍ᠲᠠᠭᠤᠨ᠎ᠢ ᠦᠨᠳᠦᠰᠦᠨ ᠱᠠᠲᠤᠨ᠎ᠳᠤ ᠡᠭᠦᠳᠦᠨ ᠪᠠᠢᠭᠤᠯᠬᠤ ᠬᠡᠷᠡᠭ᠌ᠲᠡᠢ》 ᠬᠡᠵᠥ ᠵᠢᠭᠠᠵᠥ ᠭᠠᠷᠭᠠᠪᠠ᠃

ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠭᠠᠰᠢ᠂ ᠥᠪᠥᠷ ᠮᠣᠩᠭᠣᠯ᠎ᠤᠨ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠦᠶ᠋ᠯᠡᠴᠢᠯᠡᠭᠡᠨ᠎ᠦ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠴᠦ᠍᠂ ᠵᠣᠬᠢᠶᠠᠨ ᠪᠠᠢᠭᠤᠯᠤᠯᠲᠠ᠎ᠶ᠋ᠢᠨ ᠬᠥᠳᠡᠯᠭᠡᠬᠦ᠌ ᠬᠦᠴᠦᠨ᠎ᠢ ᠬᠥᠭ᠌ᠵᠢᠭᠡᠵᠦ᠍᠂ ᠦᠶ᠋ᠯᠡᠴᠢᠯᠡᠭᠡᠨ᠎ᠦ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠨᠡᠢᠭᠡᠮ ᠲᠣᠭᠣᠷᠢᠭ᠎ᠤᠨ ᠶᠡᠷᠦᠩᠬᠡᠢᠯᠡᠭ᠌ᠰᠡᠨ ᠵᠠᠰᠠᠯᠲᠠ᠎ᠶ᠋ᠢ ᠦᠨᠡᠨ ᠬᠦ᠌ ᠠᠬᠢᠭᠤᠯᠵᠤ᠂ ᠢᠯᠠᠩᠭᠤᠶ᠎ᠠ ᠣᠯᠠᠨ ᠲᠦᠮᠡᠨ᠎ᠦ ᠠᠩᠬᠠᠷᠴᠤ᠌ ᠪᠠᠢᠭ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠦᠴᠢᠷᠳᠡᠯᠲᠡᠶ ᠣᠯᠠᠨ ᠲᠦᠮᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠠᠷᠠᠳ ᠣᠯᠠᠨ᠎ᠳᠤ ᠴᠢᠨᠠᠷ ᠰᠠᠢᠲᠠᠶ ᠠᠮᠢᠳᠤᠷᠠᠯ᠎ᠤᠨ ᠦᠶ᠋ᠯᠡᠴᠢᠯᠡᠭᠡ ᠬᠠᠩᠭᠠᠵᠤ᠂ ᠨᠡᠢᠭᠡᠮ ᠲᠣᠭᠣᠷᠢᠭ ᠡᠶ᠎ᠡ ᠵᠣᠬᠢᠴᠠᠩᠭᠤᠶ᠂ ᠣᠯᠠᠨ ᠲᠦᠮᠡᠨ ᠬᠠᠨᠤᠮᠵᠢᠲᠠᠶ ᠵᠣᠯ ᠵᠢᠷᠭᠠᠯ᠎ᠤᠨ ᠬᠠᠷᠢᠭᠤᠯᠲᠠ᠎ᠶ᠋ᠢᠨ ᠬᠠᠭᠤᠳᠠᠰᠤ᠎ᠶ᠋ᠢ ᠲᠤᠱᠢᠶᠠᠭ᠍ᠰᠠᠨ ᠪᠠᠢᠨ᠎ᠠ᠃

ᠭᠡᠷ᠎ᠲᠡᠬᠡᠨ ᠨᠠᠰᠤᠵᠢᠯ᠎ᠤᠨ ᠠᠰᠠᠷᠠᠮᠵᠢ ᠬᠦᠷᠲᠡᠵᠦ᠍ ᠥᠲᠡᠯᠦᠭᠡ ᠨᠠᠰᠤᠨ᠎ᠤ ᠠᠮᠢᠳᠤᠷᠠᠯ᠎ᠢ ᠨᠡᠩ ᠵᠣᠯ ᠵᠢᠷᠭᠠᠯ᠎ᠲᠠᠶ ᠪᠣᠯᠭᠠᠨ᠎ᠠ

ᠨᠡᠢᠭᠡᠮ ᠲᠣᠭᠣᠷᠢᠭ᠎ᠤᠨ ᠭᠡᠷ᠎ᠲᠡᠬᠡᠨ ᠨᠠᠰᠤᠵᠢᠯ᠎ᠤᠨ ᠠᠰᠠᠷᠠᠮᠵᠢ ᠬᠦᠷᠳᠡᠬᠦ ᠦᠢᠯᠡᠴᠢᠯᠡᠭᠡ ᠵᠢ ᠰᠠᠢᠲᠤᠷ ᠬᠢᠬᠦ᠌ ᠪᠣᠯ ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠵᠦ᠍ ᠪᠣᠳᠠᠲᠤ ᠶᠠᠪᠤᠳᠠᠯ ᠬᠢᠬᠦ ᠶ᠋ᠢᠨ ᠴᠢᠬᠤᠯᠠ ᠠᠭᠤᠯᠭ᠎ᠠ ᠪᠣᠯᠤᠨ᠎ᠠ᠃

ᠨᠠᠰᠤᠵᠢᠯ᠎ᠤᠨ ᠠᠰᠠᠷᠠᠮᠵᠢ ᠵᠢᠨ ᠦᠶ᠋ᠯᠡᠴᠢᠯᠡᠭᠡ ᠨᠢ ᠬᠡᠷ ᠡᠷᠦᠬᠡ ᠪᠣᠯᠭᠠᠨ᠎ᠳᠤ ᠬᠡᠷᠡᠭ᠌ᠴᠡᠭᠡ᠎ᠲᠠᠶ᠂ ᠲᠣᠭᠣᠷᠢᠭ ᠪᠦᠬᠦᠨ ᠳ᠋ᠤ ᠬᠠᠮᠤᠷᠬᠤ ᠱᠠᠭᠠᠷᠳᠠᠯᠭ᠎ᠠ ᠳᠠᠢ ᠣᠨᠴᠠᠯᠢᠭ᠎ᠲᠤ ᠴᠢᠭ᠌ᠯᠡᠭᠦᠯᠦᠨ᠂ ᠮᠠᠨ᠎ᠤ ᠣᠷᠣᠨ ᠨᠠᠰᠤᠵᠢᠯ᠎ᠤᠨ ᠠᠰᠠᠷᠠᠮᠵᠢ ᠵᠢᠨ ᠳᠦᠬᠦᠬᠡᠷᠤᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠪᠣᠳᠠᠲᠠᠶ ᠠᠳᠭᠤᠵᠤ᠂ ᠡᠯᠪᠡᠭ ᠪᠠᠶᠠᠯᠢᠭ ᠦᠶ᠋ᠯᠡᠴᠢᠯᠡᠭᠡ ᠬᠠᠩᠭᠠᠬᠤ᠂ ᠲᠥᠷᠥ᠎ᠶ᠋ᠢᠨ ᠪᠣᠳᠣᠯᠭ᠎ᠠ᠎ᠪᠠᠷ ᠬᠥᠲᠥᠯᠥᠨ ᠳᠠᠭᠠᠭᠤᠯᠬᠤ᠂ ᠦᠶ᠋ᠯᠡᠴᠢᠯᠡᠭᠡᠨ᠎ᠦ ᠶᠠᠰᠤ ᠴᠢᠨᠠᠷ᠎ᠢ᠋ ᠳᠡᠭᠡᠭ᠌ᠰᠢᠯᠡᠭᠦᠯᠬᠦ᠌᠂ ᠵᠢᠱ᠌ᠢᠶ᠎ᠡ ᠦᠵᠡᠭᠦᠯᠦᠨ ᠬᠥᠲᠥᠯᠥᠨ ᠳᠠᠭᠠᠭᠤᠯᠬᠤ᠎ᠶ᠋ᠢ ᠴᠢᠩᠭᠠᠷᠠᠭᠤᠯᠬᠤ ᠵᠡᠷᠭᠡ ᠣᠯᠠᠨ ᠵᠦᠶ᠋ᠯ᠎ᠦᠨ ᠠᠷᠭ᠎ᠠ ᠬᠡᠮᠵᠢᠶ᠎ᠡ᠎ᠪᠡᠷ ᠳᠠᠮᠵᠢᠭᠤᠯᠤᠨ ᠨᠠᠰᠤᠲᠠᠢᠴᠤᠳ ᠲᠸ᠋ ᠣᠯᠠᠨ ᠡᠱᠢᠵᠢᠭ᠌ᠰᠡᠨ ᠬᠠᠯᠠᠭᠤᠨ ᠳᠤᠯᠠᠭᠠᠨ ᠦᠶ᠋ᠯᠡᠴᠢᠯᠡᠭᠡ ᠬᠠᠩᠭᠠᠵᠤ᠂ ᠨᠠᠰᠤᠲᠠᠢᠴᠤᠳ᠎ᠤᠨ ᠬᠦᠷᠲᠡᠮᠵᠢ ᠵᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠦ ᠲᠥᠷᠥᠭ᠌ᠳᠡᠯ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠪᠡ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ 《ᠢᠨᠲ᠋ᠧᠷ ᠰᠦᠯᠵᠢᠶ᠎ᠡ +》᠂ 《 ᠪᠠᠷᠠᠭ᠎ᠠ ᠵᠢᠨ ᠰᠦᠯᠵᠢᠶ᠎ᠡ +》᠎ᠶ᠋ᠢᠨ ᠣᠶᠤᠨᠴᠢ ᠲᠥᠬᠥᠭᠡᠷᠦᠮᠵᠢ᠎ᠶ᠋ᠢ ᠠᠭᠤᠰᠣᠯᠴᠠᠭᠤᠯᠥᠠᠠᠰᠠᠨ ᠬᠡᠷ᠎ᠲᠡᠬᠡᠨ ᠪᠠ ᠨᠡᠢᠭᠡᠮ ᠲᠣᠭᠣᠷᠢᠭ ᠲᠸ᠋ ᠨᠠᠰᠤᠵᠢᠯ᠎ᠤᠨ ᠠᠰᠠᠷᠠᠮᠵᠢ ᠬᠦᠷᠳᠡᠬᠦ ᠦᠶ᠋ᠯᠡᠴᠢᠯᠡᠭᠡᠨ᠎ᠦ ᠱᠢᠰᠲ᠋ᠧᠮ᠎ᠢ ᠠᠬᠢᠭᠤᠯᠵᠤ᠂ ᠬᠡᠷ᠎ᠲᠡᠬᠡᠨ ᠨᠠᠰᠤᠵᠢᠯ᠎ᠤᠨ ᠠᠰᠠᠷᠠᠮᠵᠢ ᠬᠦᠷᠳᠡᠬᠦ ᠨᠠᠰᠤᠲᠠᠢᠴᠤᠳ ᠎ᠤᠨ ᠰᠠᠭᠤᠷᠢ ᠮᠡᠳᠡᠭᠡ ᠵᠠᠩᠭᠢ᠎ᠶ᠋ᠢᠨ ᠮᠠᠲ᠋ᠧᠷᠢᠶᠠᠯ᠎ᠤᠨ ᠬᠥᠮᠥᠷᠭᠡ᠎ᠶ᠋ᠢ ᠪᠠᠢᠭᠤᠯᠤᠨ᠂ ᠨᠠᠰᠤᠲᠠᠢᠴᠤᠳ᠎ᠲᠤ ᠬᠣᠭᠣᠯᠠ ᠤᠮᠳᠠ᠂ ᠤᠬᠢᠶᠠᠯᠭ᠎ᠠ᠂ ᠴᠡᠪᠡᠷᠯᠡᠭᠡ᠂ ᠪᠠᠴᠢᠮ ᠪᠠᠢᠳᠠᠯ᠂ ᠡᠮᠴᠢᠯᠡᠭᠡ᠂ ᠰᠤᠪᠢᠯᠠᠯᠲᠠ ᠵᠡᠷᠭᠡ ᠲᠠᠯ᠎ᠠ ᠪᠡᠷ ᠬᠡᠷ᠎ᠲᠦᠨᠢ ᠬᠦᠷᠴᠦ᠍ ᠦᠶ᠋ᠯᠡᠴᠢᠯᠡᠭᠡ ᠬᠠᠩᠭᠠᠬᠤ᠎ᠶ᠋ᠢᠨ ᠬᠠᠮᠲᠤ᠂ ᠤᠲᠠᠰᠤ᠂ ᠬᠡᠷ᠎ᠲᠦᠨᠢ ᠬᠥᠷᠬᠥ᠌᠂ ᠠᠰᠠᠭᠤᠯᠲᠠ᠎ᠶ᠋ᠢᠨ ᠬᠠᠭᠤᠳᠠᠰᠤ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ ᠦᠶ᠋ᠯᠡᠴᠢᠯᠡᠭᠡᠨ᠎ᠦ ᠶᠠᠰᠤ ᠴᠢᠨᠠᠷ᠎ᠢ ᠠᠰᠠᠭᠤᠵᠥ ᠮᠦᠷᠳᠡᠪᠡ᠃

ᠲᠦᠷᠦᠬᠦᠦ ᠤᠯᠠᠷᠢᠯ᠎ᠤᠨ ᠰᠡᠭᠦᠯᠴᠢ ᠪᠣᠯᠲᠠᠯ᠎ᠠ᠂ ᠪᠥᠬᠥ᠌ ᠣᠷᠣᠨ᠎ᠳᠤ ᠨᠡᠢᠲᠡ 190 ᠵᠡᠭᠡᠯᠢ ᠭᠤᠳᠤᠮᠵᠢ᠎ᠶ᠋ᠢᠨ ᠨᠠᠰᠤᠵᠢᠯ᠎ᠤᠨ ᠠᠰᠠᠷᠠᠮᠵᠢ ᠵᠢᠨ ᠦᠶ᠋ᠯᠡᠴᠢᠯᠡᠭᠡᠨ᠎ᠦ ᠲᠥᠪ᠂ 586 ᠨᠡᠢᠭᠡᠮ ᠲᠣᠭᠣᠷᠢᠭ᠎ᠤᠨ ᠨᠠᠰᠤᠵᠢᠯ᠎ᠤᠨ ᠦᠶ᠋ᠯᠡᠴᠢᠯᠡᠭᠡᠨ᠎ᠦ ᠥᠷᠲᠡᠭᠡ ᠎ᠶ᠋ᠢ ᠪᠠᠢᠭᠤᠯᠪᠠ᠃

ᠪᠦᠬᠦ᠌ ᠠᠷᠠᠳ᠎ᠢᠶᠠᠷ᠎ᠢᠶᠠᠨ ᠣᠷᠣᠯᠴᠠᠵᠤ ᠨᠡᠩ ᠤᠯᠠᠨ ᠰᠠᠭᠤᠭᠠᠯᠢ ᠠᠷᠠᠳ᠎ᠤᠨ ᠬᠠᠷᠢᠴᠠᠭ᠎ᠠ᠎ᠶ᠋ᠢ ᠨᠡᠩ ᠡᠶ᠎ᠡ ᠵᠣᠬᠢᠴᠠᠩᠭᠤᠢ ᠪᠣᠯᠭᠠᠨ᠎ᠠ

ᠠᠰᠠᠷ᠎ᠤᠨ ᠭᠤᠳᠤᠮᠵᠢ᠎ᠳᠤ ᠡᠯᠳᠡᠪ ᠶᠠᠭᠤᠮ᠎ᠠ ᠣᠪᠣᠭᠠᠯᠠᠵᠤ ᠪᠠᠢᠬᠤ᠎ᠶ᠋ᠢ ᠦᠵᠡᠭᠡᠳ᠂ ᠤᠷᠳᠤᠰ ᠬᠤᠳᠠ᠎ᠶ᠋ᠢᠨ ᠬᠢᠶ᠎ᠠ ᠪᠠᠭ᠍ᠰᠢ ᠲᠣᠭᠣᠷᠢᠭ᠎ᠤᠨ ᠴᠢᠩ ᠴᠦᠨ ᠱᠠᠨ ᠵᠡᠭᠡᠯᠢ ᠭᠤᠳᠤᠮᠵᠢ᠎ᠶ᠋ᠢᠨ ᠼᠠᠢ ᠹᠦ᠋ ᠸᠸᠨ ᠶᠤᠸᠠᠨ ᠰᠠᠭᠤᠭᠠᠯᠢ ᠠᠷᠠᠳ᠎ᠤᠨ ᠳᠤᠭᠤᠷᠢᠭ᠎ᠤᠨ ᠯᠢᠦ ᠽᠢ ᠶᠠᠨ ᠭᠠᠷ ᠤᠲᠠᠰᠤ᠎ᠪᠠᠨ ᠭᠠᠷᠭᠠᠵᠤ᠂ ᠬᠡᠷᠡᠮ ᠳᠡᠭᠡᠷ᠎ᠡ ᠨᠠᠭᠠᠭ᠍ᠰᠠᠨ ᠬᠣᠶᠠᠷ ᠬᠡᠮᠵᠢᠯᠳᠦ ᠺᠣᠳ᠋᠎ᠢ ᠱᠢᠷᠪᠢᠵᠦ᠍᠂ ᠲᠤᠬᠠᠢ᠎ᠶ᠋ᠢᠨ ᠲᠠᠯᠠᠪᠠᠢ᠎ᠶ᠋ᠢᠨ ᠬᠡᠷᠡᠯ ᠵᠢᠷᠤᠭ᠎ᠢ ᠳᠠᠮᠵᠢᠭᠤᠯᠪᠠ᠃

ᠲᠡᠷᠡ᠄ 《ᠪᠢ ᠡᠨᠡ ᠭᠡᠷ᠎ᠦᠨ ᠭᠠᠳᠠᠨᠠᠬᠢ ᠺᠣᠳ᠋᠎ᠢ ᠰᠢᠷᠪᠢᠨ᠂ ᠰᠦᠯᠵᠢᠶᠡᠨ ᠳᠡᠭᠡᠷ᠎ᠡ ᠲᠤᠰᠬᠠᠪᠠᠯ ᠠᠰᠠᠭᠤᠳᠠᠯ ᠤᠳᠠᠯ ᠦᠭᠡᠢ ᠱᠢᠶ᠋ᠳᠪᠦᠷᠢᠯᠡᠭ᠌ᠳᠡᠨ᠎ᠡ᠃ ᠨᠡᠢᠭᠡᠮ ᠲᠣᠭᠣᠷᠢᠭ᠎ᠤᠨ ᠡᠷᠡᠭᠦᠯ ᠬᠠᠮᠠᠭᠠᠯᠠᠯ᠎ᠳᠤ ᠣᠯᠠᠨ᠎ᠢᠶᠠᠷ᠎ᠢᠶᠠᠨ ᠬᠢᠨᠠᠯᠲᠠ ᠲᠠᠯᠪᠢᠵᠤ᠂ ᠵᠠᠰᠠᠯᠲᠠ᠎ᠶ᠋ᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠬᠦ ᠬᠡᠷᠡᠭᠳᠡᠢ》 ᠬᠡᠪᠡ᠃

ᠣᠢᠷ᠎ᠠ᠎ᠶ᠋ᠢᠨ ᠵᠢᠯ᠎ᠦᠨ ᠲᠤᠷᠰᠢ᠂ ᠮᠠᠨ᠎ᠤ ᠣᠷᠣᠨ᠎ᠤ ᠡᠯ᠎ᠡ ᠭᠠᠵᠠᠷ᠎ᠤᠨ ᠨᠡᠢᠭᠡᠮ ᠲᠣᠭᠣᠷᠢᠭ᠎ᠨᠢ ᠣᠯᠠᠨ ᠲᠦᠮᠡᠨ᠎ᠦ ᠬᠡᠷᠡᠭ᠌ᠴᠡᠭᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠱᠢᠨ᠎ᠡ᠎ᠶ᠋ᠢ ᠡᠭᠦᠳᠬᠦ᠌ ᠰᠡᠳᠭᠢᠬᠦᠶ᠎ᠪᠡᠷ ᠦᠶ᠋ᠯᠡᠴᠢᠯᠡᠭᠡᠨ᠎ᠦ ᠡᠴᠤᠰ᠎ᠤᠨ ᠨᠢᠬᠡ ᠮᠸᠲᠷ᠎ᠢ ᠨᠡᠪᠲᠡᠷᠡᠭᠦᠯᠵᠦ᠍᠂ ᠰᠢᠨ᠎ᠡ ᠵᠢ ᠡᠬᠦᠳᠦᠨ ᠬᠣᠯᠪᠣᠭᠠᠯᠠᠨ ᠬᠥᠳᠡᠯᠦᠯᠴᠡᠵᠥ᠂᠎ᠬᠠᠮᠲᠤ᠎ᠪᠠᠷ ᠪᠠᠢᠭᠤᠯᠵᠤ ᠬᠠᠮᠲᠤ᠎ᠪᠠᠷ ᠵᠠᠰᠠᠵᠤ ᠬᠠᠮᠲᠤ᠎ᠪᠠᠷ ᠡᠳ᠋ᠯᠡᠵᠦ᠍᠂ ᠣᠢᠯᠠᠭᠠᠭ᠍ᠳᠠᠬᠤᠨ ᠱᠢᠨ᠎ᠡ᠂ ᠦᠶ᠋ᠯᠡᠴᠢᠯᠡᠭᠡ ᠱᠢᠯᠢᠳᠡᠭ᠂ ᠰᠠᠭᠤᠷᠢ ᠪᠠᠲᠤ ᠵᠠᠰᠠᠯᠲᠠ᠎ᠶ᠋ᠢᠨ ᠱᠢᠨ᠎ᠡ ᠠᠷᠭ᠎ᠠ ᠵᠠᠮ᠎ᠢ ᠬᠠᠢᠨ ᠰᠦᠪᠡᠭ᠌ᠴᠢᠯᠡᠵᠦ᠍ ᠭᠠᠷᠭᠠᠪᠠ᠃

ᠡᠭᠦᠨ᠎ᠦ ᠬᠠᠮᠲᠤ᠂ ᠪᠥᠬᠥ᠌ ᠣᠷᠣᠨ᠎ᠤ ᠬᠣᠲᠠ ᠬᠥᠳᠡᠭᠡ ᠨᠡᠢᠭᠡᠮ ᠲᠣᠭᠣᠷᠢᠭ᠎ᠤᠨ ᠵᠥᠪᠳᠡᠯᠴᠡᠨ ᠦᠶ᠋ᠯᠡᠳᠦᠯᠭᠡᠵᠢᠭᠦᠯᠬᠦ᠌ ᠠᠵᠢᠯᠯᠠᠭ᠎ᠠ᠎ᠶ᠋ᠢ ᠬᠦᠭᠵᠢᠶᠡᠨᠳᠡᠢ ᠥᠷᠨᠢᠭᠦᠯᠵᠦ᠍᠂ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠢ ᠴᠥᠮ ᠦᠭᠡ ᠬᠡᠯᠡᠬᠦ᠌ ᠡᠷᠬᠡ᠎ᠲᠡᠶ ᠪᠣᠯᠭᠠᠵᠤ᠂ ᠨᠡᠢᠭᠡᠮ ᠲᠣᠭᠣᠷᠢᠭ᠎ᠤᠨ ᠬᠡᠷᠡᠭ ᠶᠠᠪᠤᠳᠠᠯ᠎ᠤᠨ ᠬᠠᠮᠢᠶᠠᠷᠤᠯᠲᠠ᠎ᠶ᠋ᠢ ᠨᠠᠩ ᠢᠯᠡ ᠳᠤᠳᠤ ᠪᠣᠯᠭᠠᠪᠠ᠃

ᠠᠷᠭ᠎ᠠ ᠤᠬᠠᠭᠠᠨ ᠵᠢᠭᠠᠵᠥ ᠰᠠᠭᠤᠭᠠᠯᠢ ᠠᠷᠠᠳ᠎ᠲᠠᠶ ᠭᠠᠷ ᠬᠣᠯᠪᠣᠨ ᠵᠣᠯ ᠵᠢᠷᠭᠠᠯᠲᠤ ᠲᠣᠭᠣᠷᠢᠭ᠎ᠢ ᠵᠢᠷᠤᠭ᠍ᠯᠠᠨ᠎ᠠ

《 ᠨᠡᠢᠭᠡᠮ ᠲᠣᠭᠣᠷᠢᠭ ᠡᠴᠡ ᠪᠢᠳᠡᠨ᠎ᠳᠦ ᠠᠵᠢᠯ ᠬᠠᠷᠢᠯᠴᠠᠵᠤ ᠥᠭ᠌ᠬᠦ᠎ᠪᠡᠷ ᠪᠠᠷᠠᠬᠤ ᠦᠭᠡᠢ ᠪᠠᠰᠠ ᠪᠣᠯᠪᠠᠰᠤᠷᠠᠯ ᠵᠣᠬᠢᠶᠠᠨ ᠪᠠᠢᠭᠤᠯᠵᠤ ᠦᠭᠪᠡ᠂ ᠠᠵᠢᠯ᠎ᠤᠨ ᠪᠠᠢᠷᠢ᠎ᠳᠤ ᠭᠠᠷᠤᠭ᠍ᠰᠠᠨ᠎ᠤ ᠳᠠᠷᠠᠭ᠎ᠠ᠂ ᠪᠢ ᠨᠢᠭᠡ ᠡᠳᠦᠷ 10 ᠭᠠᠷᠤᠢ ᠱᠢᠳᠠᠮ ᠪᠥᠮᠪᠥᠭᠡ ᠣᠶᠣᠵᠤ᠂ ᠮᠢᠨᠦ᠍ ᠣᠶᠣᠵᠤ ᠭᠠᠷᠭᠠᠭ᠍ᠰᠠᠨ ᠭᠠᠷ ᠤᠷᠠᠯᠠᠯ ᠰᠠᠢᠨ ᠪᠤᠯᠬᠤᠷ ᠰᠠᠷ᠎ᠠ ᠪᠦᠷᠢ᠎ᠶ᠋ᠢᠨ ᠴᠡᠪᠡᠷ ᠣᠷᠣᠯᠭ᠎ᠠ 600 ᠢᠯᠡᠭᠦᠦ ᠲᠥᠭᠥᠷᠢᠭ ᠲᠸ᠋ ᠬᠦᠷᠴᠡᠢ》 ᠬᠡᠵᠥ 5 ᠰᠠᠷ᠎ᠠ᠎ᠶ᠋ᠢᠨ 26 ᠤ᠋ ᠡᠳᠦᠷ᠂ ᠡᠵᠡᠨ ᠬᠣᠷᠣᠭ᠎ᠠ ᠬᠣᠱᠢᠭᠤᠨ᠎ᠤ ᠠᠯᠳᠠᠨᠱᠢᠷᠡᠭᠡᠳᠤ ᠪᠠᠯᠭᠠᠰᠤ᠎ᠶ᠋ᠢᠨ ᠱᠢᠨ ᠪᠸᠢ ᠨᠡᠢᠭᠡᠮ ᠲᠣᠭᠣᠷᠢᠭ᠎ᠤᠨ 74 ᠨᠠᠰᠤᠲᠠᠢ ᠯᠢ ᠱᠢᠤ ᠶᠢᠩ ᠱᠢᠳᠠᠮ ᠪᠥᠮᠪᠥᠭᠡ᠎ᠶ᠋ᠢ ᠪᠣᠯᠪᠠᠰᠤᠷᠠᠩᠭᠤᠢ ᠣᠶᠣᠬᠤ᠎ᠶ᠋ᠢᠨ ᠳᠠᠭᠠᠤ ᠰᠠᠨᠠᠯ᠎ᠢᠶᠠᠨ ᠰᠣᠯᠢᠯᠴᠠᠨ᠎ᠠ᠃

ᠡᠨᠡ ᠵᠢᠯ 50 ᠨᠠᠰᠤᠲᠠᠢ ᠬᠠᠢ ᠱᠢᠶᠠ ᠪᠣᠯ ᠲᠤᠰ ᠨᠡᠢᠭᠡᠮ ᠲᠣᠭᠣᠷᠢᠭ᠎ᠤᠨ ᠡᠮᠡᠭ᠌ᠲᠡᠢᠴᠦᠳ᠎ᠦᠨ ᠠᠵᠢᠯ ᠣᠯᠭᠣᠯᠲᠠ᠎ᠶ᠋ᠢᠨ ᠲᠦᠷᠦᠯ ᠵᠦᠢᠯ᠎ᠦᠨ ᠬᠠᠷᠢᠯᠴᠠᠬᠴᠢ ᠪᠣᠯᠤᠨ᠎ᠠ᠃ 2018 ᠣᠨ᠎ᠳᠤ᠂ ᠨᠡᠢᠭᠡᠮ ᠲᠣᠭᠣᠷᠢᠭ᠎ᠤᠨ ᠠᠵᠢᠯᠳᠠᠨ ᠲᠡᠭᠦᠨ᠎ᠲᠡᠶ ᠬᠠᠷᠢᠯᠴᠠᠵᠤ᠂ ᠬᠠᠢ ᠱᠢᠶᠠ᠎ᠪᠠᠷ ᠨᠡᠢᠭᠡᠮ ᠲᠣᠭᠣᠷᠢᠭ᠎ᠤᠨ ᠡᠮᠡᠭ᠌ᠲᠡᠢᠴᠦᠳ᠎ᠲᠦ ᠲᠤᠬᠠᠢᠯᠠᠭ᠍ᠰᠠᠨ ᠠᠵᠢᠯ ᠵᠤᠯᠭᠠᠯᠴᠠᠭᠤᠯᠬᠤ ᠬᠡᠪᠡ᠃ ᠠᠵᠢᠯ᠎ᠢᠶᠠᠨ ᠡᠬᠢᠯᠡᠭᠦᠯᠦᠮᠡᠭ᠌ᠴᠡ᠂ ᠬᠠᠢ ᠱᠢᠶᠠ ᠠᠵᠢᠯ᠎ᠢᠶᠠᠨ ᠬᠠᠶᠠᠵᠤ ᠳᠡᠢᠯᠬᠦ᠌᠎ᠪᠡᠨ ᠪᠤᠯᠢᠵᠤ᠂ ᠨᠡᠢᠭᠡᠮ ᠲᠣᠭᠣᠷᠢᠭ᠎ᠤᠨ ᠰᠠᠭᠤᠭᠠᠯᠢ ᠠᠷᠠᠳ᠎ᠲᠠᠭᠠᠨ ᠠᠵᠢᠯ ᠬᠠᠷᠢᠯᠴᠠᠵᠤ ᠥᠭ᠌ᠬᠦ᠎ᠪᠡᠷ ᠪᠠᠷᠠᠬᠤ ᠦᠭᠡᠢ ᠪᠠᠰᠠ ᠨᠡᠢᠭᠡᠮ ᠲᠣᠭᠣᠷᠢᠭ᠎ᠤᠨ《ᠳᠦᠴᠢᠬᠡᠳ ᠳᠠᠪᠢᠭᠠᠳ ᠤᠨ ᠡᠴᠡ ᠰᠡᠬᠦᠯᠡᠷ ᠳᠦᠷᠦᠭᠰᠡᠨ》 ᠬᠥᠮᠦᠰ᠎ᠲᠦ ᠠᠵᠢᠯ ᠡᠷᠢᠵᠦ᠍ ᠥᠭ᠌ᠴᠡᠢ᠃

ᠬᠦᠴᠢᠷᠳᠡᠯᠲᠡᠶ ᠬᠥᠮᠦᠰ᠎ᠢ ᠬᠠᠪᠰᠤᠷᠤᠨ ᠲᠡᠳᠬᠦᠵᠦ᠍ ᠠᠵᠢᠯ ᠣᠯᠭᠣᠬᠤ᠎ᠶ᠋ᠢ ᠪᠡᠶᠡᠯᠡᠭᠦᠯᠬᠦ᠌ ᠲᠠᠯ᠎ᠠ᠎ᠪᠠᠷ᠂ ᠮᠠᠨ᠎ᠤ ᠣᠷᠣᠨ᠎ᠤ ᠡᠯ᠎ᠡ ᠭᠠᠵᠠᠷ᠎ᠤᠨ ᠨᠡᠢᠭᠡᠮ ᠲᠣᠭᠣᠷᠢᠭ ᠢᠳᠡᠪᠬᠢᠲᠡᠶ᠎ᠪᠡᠷ ᠵᠢᠳᠬᠦᠯ ᠴᠢᠷᠮᠠᠢᠯᠭ᠎ᠠ ᠭᠠᠷᠭᠠᠵᠥ᠂ ᠡᠷᠴᠢ ᠵᠤᠷᠢᠭ᠎ᠢ ᠲᠡᠳᠬᠦᠬᠦ᠌᠎ᠶ᠋ᠢᠨ ᠬᠠᠮᠲᠤ ᠣᠶᠤᠨ ᠤᠬᠠᠭᠠᠨ᠎ᠢ ᠲᠡᠳᠬᠦᠵᠦ᠍᠂ ᠨᠡᠢᠭᠡᠮ ᠲᠣᠭᠣᠷᠢᠭ᠎ᠤᠨ ᠰᠠᠭᠤᠭᠠᠯᠢ ᠠᠷᠠᠳ᠎ᠤᠨ ᠠᠵᠢᠯ ᠣᠯᠵᠤ ᠦᠢᠯᠡᠰ ᠪᠤᠰᠬᠠᠬᠤ᠎ᠶ᠋ᠢ ᠬᠠᠪᠰᠤᠷᠤᠨ᠂ ᠨᠡᠢᠭᠡᠮ ᠲᠣᠭᠣᠷᠢᠭ᠎ᠤᠨ ᠪᠠᠢᠭᠤᠯᠤᠯᠲᠠ᠎ᠶ᠋ᠢᠨ ᠠᠮᠢᠵᠢᠷᠠᠯ᠎ᠤᠨ ᠬᠦᠴᠦᠨ᠎ᠢ ᠬᠥᠭ᠌ᠵᠢᠭᠡᠪᠡ᠃

ᠨᠡᠢᠭᠡᠮ ᠲᠣᠭᠣᠷᠢᠭ᠎ᠤᠨ ᠠᠵᠢᠯ᠎ᠳᠤ ᠶᠡᠬᠡ ᠪᠠᠭ᠎ᠠ ᠶᠠᠪᠤᠳᠠᠯ ᠭᠡᠵᠦ᠍ ᠪᠠᠢᠬᠤ ᠦᠭᠡᠢ᠂ ᠠᠯᠢ ᠤᠯᠠᠨ ᠵᠦᠢᠯ᠎ᠤᠨ ᠠᠵᠢᠯ ᠬᠢᠭᠰᠡᠨ᠎ᠤ ᠬᠠᠮᠤᠭ ᠡᠴᠦᠰ᠎ᠦᠨ ᠡᠭᠦᠷᠭᠡ ᠪᠣᠯ ᠰᠠᠭᠤᠭᠠᠯᠢ ᠠᠷᠠᠳ᠎ᠤᠨ ᠬᠦᠷᠲᠡᠮᠵᠢ᠎ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ ᠪᠣᠯᠤᠨ ᠠᠮᠤᠷ ᠲᠦᠪᠱᠢᠨ᠎ᠦ ᠲᠦᠷᠦᠭ᠌ᠳᠡᠯ᠎ᠢ ᠳᠡᠭᠡᠭ᠌ᠰᠢᠯᠡᠭᠦᠯᠬᠦ᠌ ᠶᠠᠪᠤᠳᠠᠯ ᠪᠣᠯᠤᠨ᠎ᠠ᠃

ᠳᠦᠭ ᠳᠦᠮᠡᠨ ᠶᠠᠪᠤᠳᠠᠯ ᠳ᠋ᠤ ᠠᠷᠠᠳ᠎ᠤᠨ ᠠᠮᠢᠳᠤᠷᠠᠯ ᠶᠠᠭᠤᠨ ᠡᠴᠡ ᠴᠤ᠌ ᠡᠷᠭᠢᠮ᠃ ᠨᠡᠢᠭᠡᠮ ᠲᠣᠭᠣᠷᠢᠭ᠎ᠤᠨ ᠵᠠᠰᠠᠯᠲᠠ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠠᠶᠠᠨ ᠳ᠋ᠤ ᠠᠷᠠᠳ ᠣᠯᠠᠨ᠎ᠤ ᠠᠮᠢ ᠪᠡᠶ᠎ᠡ᠎ᠶ᠋ᠢᠨ ᠠᠱᠢᠭ ᠲᠤᠰᠠ᠎ᠶ᠋ᠢ ᠰᠡᠳᠭᠢᠯ᠎ᠳᠡᠭᠡᠨ ᠲᠠᠯᠪᠢᠬᠤ ᠠᠷᠠᠳ᠎ᠤᠨ ᠠᠮᠢᠳᠤᠷᠠᠯ᠎ᠤᠨ ᠬᠠᠯᠠᠭᠤᠨ ᠳᠤᠯᠠᠭᠠᠨ᠎ᠢ ᠳᠠᠰᠤᠷᠠᠯᠳᠠ ᠦᠬᠡᠢ ᠢᠯᠡᠷᠡᠬᠦᠯᠵᠥ᠂ ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠶ᠋ᠢ ᠲᠠᠰᠤᠷᠠᠯᠲᠠ ᠥᠬᠡᠶ ᠬᠠᠩᠭᠠᠬᠤ ᠴᠥᠬᠥᠷᠡᠰᠢ ᠥᠬᠡᠶ ᠬᠥᠭᠡᠭᠡᠴᠡᠯᠳᠦᠯ ᠪᠠ ᠣᠭ ᠰᠠᠨᠠᠭ᠎ᠠ᠎ᠪᠠᠨ ᠲᠠᠰᠤᠷᠠᠯᠲᠠ ᠥᠬᠡᠶ ᠢᠯᠡᠷᠡᠭᠦᠯᠬᠦ᠌ ᠬᠡᠷᠡᠭ᠌ᠲᠡᠶ᠃ ᠠᠷᠠᠳ᠎ᠤᠨ ᠠᠮᠢᠳᠤᠷᠠᠯ᠎ᠳᠤ ᠠᠱᠢᠭ ᠲᠤᠰᠠ ᠣᠯᠭᠣᠬᠤ᠎ᠶ᠋ᠢ ᠢᠯᠡᠭᠦᠬᠡᠨ ᠪᠣᠳᠣᠯᠬᠢᠯᠠᠵᠤ᠂ ᠠᠷᠠᠳ᠎ᠤᠨ ᠠᠮᠢᠳᠤᠷᠠᠯ᠎ᠤᠨ ᠵᠣᠪᠠᠭᠤᠷᠢ ᠵᠦᠳᠡᠭᠦᠷᠢ᠎ᠶ᠋ᠢ ᠢᠯᠡᠭᠦᠬᠡᠨ ᠰᠢᠢᠳᠪᠦᠷᠢᠯᠡᠵᠥ᠂ ᠠᠷᠠᠳ᠎ᠤᠨ ᠠᠮᠢᠳᠤᠷᠠᠯ᠎ᠢ ᠦᠨᠡᠨ ᠬᠦ᠌ ᠪᠠᠲᠤᠯᠠᠨ ᠰᠠᠢᠵᠢᠷᠠᠭᠤᠯᠵᠤ᠂ ᠠᠷᠠᠳ ᠲᠦᠮᠡᠨ᠎ᠳᠦ ᠦᠢᠯᠡᠴᠢᠯᠡᠬᠦ᠌ ᠱᠢᠯᠭᠠᠯᠲᠠ᠎ᠶ᠋ᠢᠨ ᠠᠶᠠᠨ᠎ᠢᠶᠠᠷ ᠯᠠᠪᠳᠠᠭᠤᠨ ᠪᠠᠲᠤᠲᠠᠢ ᠰᠠᠢᠳᠤᠷ ᠵᠠᠮᠨᠠᠵᠤ᠂ ᠮᠠᠨ᠎ᠤ ᠠᠷᠠᠳ᠎ᠤᠨ ᠠᠮᠢᠳᠤᠷᠠᠯ᠎ᠤᠨ ᠬᠠᠭᠤᠳᠠᠰᠤ ᠪᠠᠨ ᠨᠡᠩ ᠭᠤᠶᠤ ᠰᠠᠢᠬᠠᠨ ᠪᠣᠯᠭᠠᠶ᠎ᠠ!

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面