2022-06-28 09:39:15
ᠠᠮᠤ ᠪᠤᠳᠠᠭᠠᠨ ᠤ᠋ ᠤᠨᠠᠯᠲᠠ 768.1 ᠳ᠋ᠦᠩᠱᠢᠭᠤᠷ ᠵᠢᠩ ᠳ᠋ᠦ ᠬᠦᠷᠦᠬᠡᠳ ᠲᠡᠦᠬᠡ ᠵᠢᠨ ᠱᠢᠨ᠎ᠡ ᠲᠡᠮᠳᠡᠭ᠌ᠯᠡᠯ ᠢ᠋ ᠳᠠᠬᠢᠨᠲᠠ ᠡᠭᠦᠳᠴᠦ᠍᠂ 2021 ᠣᠨ ᠳ᠋ᠤ ᠠᠮᠤ ᠪᠤᠳᠠᠭᠠᠨ ᠤ᠋ ᠦᠶ᠋ᠯᠡᠳᠪᠦᠷᠢᠯᠡᠯ ᠠᠷᠪᠠᠨ ᠨᠠᠶ᠋ᠮᠠᠨ ᠵᠢᠯ ᠳᠠᠷᠠᠭᠠᠯᠠᠨ ᠡᠯᠪᠡᠭ ᠬᠤᠷᠢᠶᠠᠯᠲᠠ ᠤᠯᠪᠠ᠃
ᠮᠢᠬᠠᠨ ᠤ᠋ ᠲᠥᠷᠥᠯ ᠤ᠋ᠨ ᠭᠠᠷᠤᠯᠲᠠ 270 ᠲᠦᠮᠡᠨ ᠲᠣᠨ᠂ ᠦᠨᠢᠶᠡᠨ ᠰᠦᠵᠢᠨ ᠭᠠᠷᠤᠯᠲᠠ 673 ᠲᠦᠮᠡᠨ ᠲᠣᠨ ᠳ᠋ᠤ ᠬᠦᠷᠴᠦ᠍ ᠂ ᠦᠬᠡᠷ ᠬᠣᠨᠢᠨ ᠮᠢᠬ᠎ᠠ᠂ ᠦᠨᠢᠶᠡᠨ ᠰᠦ᠂ ᠢᠮᠠᠭᠠᠨ ᠨᠣᠤᠯᠤᠭᠤᠷ ᠤ᠋ᠨ ᠭᠠᠷᠤᠯᠲᠠ ᠪᠥᠬᠥ᠌ ᠤᠯᠤᠰ ᠲᠦ᠍ ᠲᠦᠷᠦᠬᠦᠯᠡᠵᠤ᠂ 2021 ᠣᠨ ᠳ᠋ᠤ ᠮᠠᠯ ᠠᠵᠤ ᠠᠬᠤᠶ ᠵᠢᠨ ᠦᠶ᠋ᠯᠡᠳᠪᠦᠷᠢᠯᠡᠯ ᠠᠷᠪᠠᠨ ᠲᠤᠯᠤᠭᠠᠨ ᠵᠢᠯ ᠳᠠᠷᠠᠭᠠᠯᠠᠨ ᠲᠣᠭ᠍ᠲᠠᠭᠤᠨ ᠪᠠᠢᠬᠤ ᠵᠢ ᠪᠡᠶᠡᠯᠡᠭᠦᠯᠪᠡ ᠃
ᠬᠦᠰᠡᠯ ᠨᠠᠢᠳᠠᠯᠭ᠎ᠠ ᠵᠢ ᠪᠠᠲᠤ ᠴᠡᠭᠡᠵᠢᠯᠡᠵᠦ᠍ ᠡᠷᠡᠮᠡᠬᠡᠢᠯᠡᠨ ᠤᠷᠤᠭ᠍ᠰᠢᠯᠠᠨᠠ᠃ ᠮᠠᠨ ᠤ᠋ ᠣᠷᠣᠨ ᠬᠦᠴᠦᠨ ᠵᠢᠡᠨ ᠲᠥᠪᠯᠡᠷᠡᠭᠦᠯᠦᠨ ᠪᠦᠲᠦᠴᠡ ᠵᠢ ᠲᠣᠬᠢᠷᠠᠭᠤᠯᠵᠤ᠂ ᠳᠠᠪᠠᠭᠤᠯᠢᠭ ᠵᠢᠡᠨ ᠬᠤᠪᠢᠷᠠᠭᠤᠯᠵᠤ᠂ ᠶᠠᠰᠤ ᠴᠢᠨᠠᠷ ᠢ᠋ ᠳᠡᠭᠡᠭ᠌ᠰᠢᠯᠡᠭᠦᠯᠦᠨ ᠦᠷ᠎ᠡ ᠠᠱᠢᠭ ᠢ᠋ ᠨᠡᠮᠡᠭ᠌ᠳᠡᠭᠦᠯᠵᠦ᠍᠂ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠢ᠋ ᠡᠳ᠋ᠱᠢᠭᠦᠯᠦᠨ ᠪᠣᠯᠪᠠᠰᠤᠷᠠᠭᠤᠯᠬᠤ ᠨᠣᠷᠮ᠎ᠠ ᠵᠢ ᠳᠡᠭᠡᠭ᠌ᠰᠢᠯᠡᠭᠦᠯᠤᠨ᠂ ᠮᠠᠯᠵᠢᠬᠤ ᠲᠠᠷᠢᠶᠠᠯᠠᠬᠤ ᠡᠷᠦᠬᠡ ᠬᠢᠬᠡᠳ ᠠᠵᠤ ᠠᠬᠤᠢᠯᠠᠯ ᠤ᠋ᠨ ᠠᠱᠢᠭ ᠲᠤᠰᠠ ᠵᠢᠨ ᠬᠣᠯᠪᠣᠭᠠᠨ ᠤ᠋ ᠲᠣᠭ᠍ᠲᠠᠴᠠ ᠵᠢ ᠭᠦᠨᠵᠡᠭᠡᠢᠷᠡᠭᠦᠯᠵᠦ᠍᠂ ᠠᠵᠤ ᠦᠶ᠋ᠯᠡᠰ ᠤ᠋ᠨ ᠬᠡᠯᠬᠢᠶ᠎ᠡ ᠵᠢ ᠤᠷᠲᠤᠳᠭᠠᠨ᠂ ᠥᠷᠲᠡᠭ ᠤ᠋ᠨ ᠬᠡᠯᠬᠢᠶ᠎ᠡ ᠵᠢ ᠳᠡᠭᠡᠭ᠌ᠰᠢᠯᠡᠭᠦᠯᠵᠦ᠍᠂ ᠤᠯᠤᠰ ᠤ᠋ᠨ ᠴᠢᠬᠤᠯᠠ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠦᠶ᠋ᠯᠡᠳᠪᠦᠷᠢᠯᠡᠯ ᠤ᠋ᠨ ᠰᠠᠭᠤᠷᠢᠨ ᠢ᠋ ᠪᠥᠲᠥᠭᠡᠨ ᠪᠠᠢᠭᠤᠯᠬᠤ ᠳ᠋ᠤ ᠳᠠᠬᠢᠨ ᠱᠢᠨ᠎ᠡ ᠬᠠᠭᠤᠳᠠᠰᠤ ᠵᠢ ᠪᠢᠴᠢᠭ᠌ᠯᠡᠪᠡ ᠃
2018 ᠣᠨ ᠳ᠋ᠤ᠂ ᠵᠡᠭᠦᠨᠭᠠᠷ ᠬᠣᠱᠢᠭᠤᠨ ᠤ᠋ ᠰᠢᠷᠠᠯᠵᠢᠳᠠᠢ ᠱᠢᠶᠠᠩ ᠤ᠋ᠨ ᠬᠥᠬᠡᠪᠦᠷ ᠲᠣᠰᠭᠣᠨ ᠭᠠᠵᠠᠷ ᠱᠢᠷᠣᠶ ᠵᠢᠨ ᠬᠡᠪᠴᠢᠶᠡᠵᠢᠭᠦᠯᠦᠭ᠌ᠰᠡᠨ ᠡᠵᠡᠩᠨᠡᠯᠲᠡ ᠵᠢ ᠵᠣᠬᠢᠶᠠᠨ ᠪᠠᠢᠭᠤᠯᠤᠨ ᠬᠡᠷᠡᠭ᠌ᠵᠢᠭᠦᠯᠵᠦ᠍᠂ ᠬᠥᠬᠡᠪᠦᠷ ᠲᠣᠰᠭᠣᠨ ᠤ᠋ ᠪᠣᠬᠢᠷᠲᠤᠯ ᠥᠬᠡᠶ ᠰᠢᠩ ᠺᠠᠩ ᠲᠤᠰᠬᠠᠢ ᠬᠣᠷᠱᠢᠶᠠ ᠵᠢ ᠪᠠᠢᠭᠤᠯᠵᠠᠢ ᠃ 132 ᠡᠷᠦᠬᠡ ᠲᠣᠰᠭᠣᠨ ᠤ᠋ ᠠᠷᠠᠳ 1500 ᠭᠠᠷᠤᠶ ᠮᠥ᠍ ᠭᠠᠵᠠᠷ ᠱᠢᠷᠣᠶ ᠪᠠᠨ ᠬᠤᠪᠢ ᠣᠷᠣᠭᠤᠯᠬᠤ ᠬᠡᠯᠪᠡᠷᠢ ᠪᠡᠷ ᠲᠤᠰᠬᠠᠢ ᠬᠣᠷᠱᠢᠶᠠ ᠳ᠋ᠤ ᠲᠤᠱᠢᠶᠠᠨ ᠨᠢᠭᠡᠳᠦᠯᠲᠡᠶ ᠡᠵᠡᠩᠨᠡᠭᠦᠯᠵᠦ᠍ ᠂ ᠵᠢᠯ ᠤ᠋ᠨ ᠡᠴᠦᠰ ᠲᠦ᠍ ᠠᠱᠢᠭ ᠬᠤᠪᠢᠶᠠᠷᠢᠯᠠᠵᠤ ᠪᠤᠢ ᠃
2021 ᠣᠨ ᠳ᠋ᠤ ᠲᠤᠰᠬᠠᠢ ᠬᠤᠷᠱᠢᠶᠠ ᠨᠢ 246 ᠲᠦᠮᠡᠨ ᠲᠥᠭᠥᠷᠢᠭ ᠤ᠋ᠨ ᠠᠱᠢᠭ ᠣᠷᠣᠯᠭ᠎ᠠ ᠤᠯᠵᠤ᠂ 《ᠬᠤᠪᠢ ᠣᠷᠣᠭᠤᠯᠤᠭ᠍ᠴᠢ》 ᠳ᠋ᠦ᠍ 180 ᠲᠦᠮᠡᠨ ᠲᠥᠭᠥᠷᠢᠭ ᠤ᠋ᠨ ᠠᠱᠢᠭ ᠣᠷᠣᠯᠭ᠎ᠠ ᠬᠤᠪᠢᠶᠠᠪᠠ ᠃
ᠬᠥᠬᠡᠪᠦᠷ ᠲᠣᠰᠭᠣᠨ ᠤ᠋ ᠱᠢᠩ ᠺᠠᠩ ᠲᠤᠰᠬᠠᠢ ᠬᠤᠷᠱᠢᠶᠠ ᠵᠢᠨ ᠲᠠᠷᠢᠶᠠᠴᠢᠳ ᠢ᠋ ᠲᠠᠭᠠᠭᠤᠯᠤᠨ ᠣᠷᠣᠯᠭ᠎ᠠ ᠵᠢ ᠨᠡᠮᠡᠭ᠌ᠳᠡᠭᠦᠯᠬᠦ᠌ ᠵᠠᠮ ᠪᠣᠯ ᠮᠠᠨ ᠤ᠋ ᠣᠷᠣᠨ ᠤ᠋ ᠮᠠᠯ ᠠᠵᠤ ᠠᠬᠤᠢ ᠲᠠᠷᠢᠶᠠᠯᠠᠩ ᠤ᠋ᠨ ᠦᠢᠯᠡᠳᠪᠦᠷᠢᠯᠡᠯ ᠤ᠋ᠨ 《ᠤᠯᠠᠮᠵᠢᠯᠠᠯᠳᠦ》ᠡᠴᠡ 《ᠣᠳᠣᠬᠢᠴᠢᠯᠠᠯᠲᠠ》 ᠲᠡᠢᠰᠢ ᠬᠡᠯᠪᠡᠷᠢ ᠪᠡᠨ ᠬᠤᠪᠢᠷᠠᠭᠤᠯᠵᠤ ᠲᠡᠰ ᠳᠡᠪᠱᠢᠭᠦᠯᠦᠭ᠌ᠰᠡᠨ ᠤ᠋ ᠬᠤᠷᠢᠶᠠᠩᠭᠤᠢ ᠳᠦᠷᠰᠦ ᠲᠡᠳᠦᠢ ᠶᠤᠮ ᠃ ᠣᠢᠷ᠎ᠠ ᠵᠢᠨ ᠵᠢᠯ ᠤ᠋ᠨ ᠲᠤᠷᠰᠢ ᠂ ᠮᠠᠨ ᠤ᠋ ᠣᠷᠣᠨ ᠲᠠᠯᠠᠪᠠᠶ ᠵᠢ ᠲᠣᠭ᠍ᠲᠠᠪᠤᠷᠢᠵᠢᠭᠤᠯᠬᠤ᠂ ᠦᠶ᠋ᠯᠡᠳᠪᠦᠷᠢᠯᠡᠯ ᠤ᠋ᠨ ᠴᠢᠳᠠᠪᠤᠷᠢ ᠵᠢ ᠳᠡᠭᠡᠭ᠌ᠰᠢᠯᠡᠭᠦᠯᠬᠦ᠌ ᠲᠠᠯ᠎ᠠ ᠪᠡᠷ ᠠᠷᠭ᠎ᠠ ᠤᠬᠠᠭᠠᠨ ᠰᠦᠪᠡᠭᠴᠢᠯᠡᠨ ᠲᠠᠷᠢᠶᠠᠨ ᠭᠠᠵᠠᠷ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠂ ᠱᠢᠨ᠎ᠡ ᠵᠢ ᠡᠭᠦᠳᠤᠯᠳᠠ ᠡᠴᠡ ᠨᠢᠭᠡᠴᠢ ᠵᠢᠨ ᠤᠨᠠᠯᠲᠠ ᠪᠠ ᠦᠷ᠎ᠡ ᠠᠱᠢᠭ ᠢ᠋ ᠨᠡᠮᠡᠭᠳᠡᠬᠦᠯᠵᠦ᠂ ᠤᠯᠤᠰ ᠤ᠋ᠨ ᠴᠢᠬᠤᠯᠠ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠦᠶ᠋ᠯᠡᠳᠪᠦᠷᠢᠯᠡᠯ ᠤ᠋ᠨ ᠰᠠᠭᠤᠷᠢᠨ ᠢ᠋ ᠪᠥᠲᠥᠭᠡᠨ ᠪᠠᠢᠭᠤᠯᠬᠤ ᠴᠢᠬᠤᠯᠠ ᠶᠡᠬᠡ ᠤᠯᠤᠰ ᠲᠥᠷᠥ ᠵᠢᠨ ᠬᠠᠷᠢᠭᠤᠴᠠᠯᠭ᠎ᠠ ᠵᠢ ᠡᠷᠡᠰ ᠡᠭᠦᠷᠭᠡᠯᠡᠪᠡ ᠃
— ᠦᠷ᠎ᠡ ᠵᠢᠨ ᠦᠶ᠋ᠯᠡᠰ ᠢ᠋ ᠳᠡᠭᠡᠭ᠌ᠰᠢᠯᠡᠭᠦᠯᠬᠦ᠌᠂ ᠲᠠᠷᠢᠶᠠᠨ ᠭᠠᠵᠠᠷ ᠤ᠋ᠨ ᠶᠠᠰᠤ ᠴᠢᠨᠠᠷ ᠢ᠋ ᠳᠡᠭᠡᠭ᠌ᠰᠢᠯᠡᠭᠦᠯᠬᠦ᠌ ᠬᠣᠶᠠᠷ ᠴᠢᠬᠤᠯᠠ ᠵᠦᠶ᠋ᠯ ᠢ᠋ ᠱᠠᠯᠠᠪᠳᠠᠨ ᠱᠢᠶ᠋ᠳᠪᠦᠷᠢᠯᠡᠪᠡ᠃ ᠤᠯᠤᠰ ᠤ᠋ᠨ ᠲᠠᠰ ᠤ᠋ᠨ ᠮᠠᠯ ᠵᠢᠭᠦᠷᠲᠡᠨ ᠤ᠋ ᠡᠭᠦᠯᠳᠡᠷ ᠪᠣᠢᠵᠢᠭᠤᠯᠬᠤ 11 ᠭᠤᠤᠯ ᠲᠠᠯᠠᠪᠠᠶ᠂ ᠡᠭᠦᠯᠳᠡᠷ ᠤ᠋ᠨ ᠦᠬᠡᠷ ᠤ᠋ᠨ 5 ᠥᠷᠲᠡᠭᠡ ᠪᠤᠯᠤᠨ 100 ᠲᠦᠮᠡᠨ ᠮᠥ᠍ ᠵᠢᠨ ᠤᠯᠤᠰ ᠤ᠋ᠨ ᠲᠠᠰ ᠤ᠋ᠨ ᠰᠠᠢᠨ ᠡᠭᠦᠯᠳᠡᠷ ᠢ᠋ ᠪᠣᠢᠵᠢᠭᠤᠯᠬᠤ ᠰᠠᠭᠤᠷᠢᠨ ᠢ᠋ ᠭᠤᠤᠯᠳᠠᠯᠭ᠎ᠠ ᠲᠠᠶ ᠪᠥᠲᠥᠭᠡᠨ ᠪᠠᠢᠭᠤᠯᠵᠤ ᠂ ᠰᠠᠭᠠᠯᠢ ᠵᠢᠨ ᠦᠨᠢᠶᠡᠨ ᠤ᠋ ᠢᠴᠡᠭᠡᠯ ᠦᠷ᠎ᠡ ᠪᠤᠯᠤᠨ ᠨᠡᠷᠡᠨ ᠬᠤᠸᠠᠷ ᠤ᠋ᠨ ᠦᠷ᠎ᠡ ᠵᠢᠨ ᠦᠶ᠋ᠯᠡᠰ ᠤ᠋ᠨ ᠪᠥᠬᠥ᠌ ᠤᠯᠤᠰ ᠤ᠋ᠨ ᠵᠠᠬ᠎ᠠ ᠳᠡᠯᠭᠡᠭᠦᠷ ᠳᠡᠬᠢ ᠡᠵᠡᠯᠡᠬᠦ᠌ ᠨᠣᠷᠮ᠎ᠠ᠂ ᠬᠤᠤᠷ ᠥᠬᠡᠢᠳᠡᠭᠦᠯᠦᠭ᠌ᠰᠡᠨ ᠦᠷ᠎ᠡ ᠵᠢᠨ ᠲᠥᠮᠥᠰᠥ ᠵᠢ ᠪᠣᠢᠵᠢᠭᠤᠯᠬᠤ ᠴᠢᠳᠠᠪᠤᠷᠢ ᠪᠡᠷ ᠴᠦᠮ ᠪᠥᠬᠥ᠌ ᠤᠯᠤᠰ ᠲᠦ᠍ ᠲᠦᠷᠦᠬᠦᠯᠡᠵᠤ ᠂ ᠱᠢᠷᠠ ᠪᠤᠷᠴᠠᠭ ᠤ᠋ᠨ ᠦᠷ᠎ᠡ ᠪᠠ ᠡᠷᠳᠡᠨᠢ ᠱᠢᠰᠢ ᠵᠢᠨ ᠦᠷ᠎ᠡ ᠪᠣᠢᠵᠢᠭᠤᠯᠬᠤ ᠰᠠᠭᠤᠷᠢᠨ ᠤ᠋ ᠲᠠᠯᠠᠪᠠᠶ ᠲᠤᠰᠪᠤᠷᠢ ᠪᠥᠬᠥ᠌ ᠤᠯᠤᠰ ᠤ᠋ᠨ ᠭᠤᠷᠪᠠᠳ᠋ᠤᠭᠠᠷ ᠪᠠ ᠲᠠᠪᠤᠳ᠋ᠤᠭᠠᠷ ᠲᠦ᠍ ᠵᠢᠭ᠍ᠰᠠᠵᠤ ᠪᠤᠢ᠃ ᠪᠦᠬᠦ᠌ ᠤᠯᠤᠰ ᠤ᠋ᠨ ᠡᠮᠤᠨ᠎ᠠ ᠵᠠᠭᠤᠨ ᠨᠡᠷᠡᠰ ᠲᠦ᠍ ᠵᠢᠭ᠍ᠰᠠᠭᠠᠭ᠍ᠳᠠᠭ᠍ᠰᠠᠨ ᠰᠦ ᠪᠠ ᠮᠢᠬᠠᠨ ᠤ᠋ ᠬᠤᠤᠰ ᠬᠡᠷᠡᠭᠴᠡᠬᠡ ᠲᠠᠢ 26 ᠰᠢᠮᠸᠨ᠋ᠳᠠᠷ ᠪᠤᠬ᠎ᠠ ᠪᠣᠢᠵᠢᠭᠤᠯᠤᠨ᠂ ᠰᠢᠯᠢᠳᠡᠭ ᠡᠬᠦᠯᠳᠡᠷ ᠤ᠋ᠨ 20 ᠲᠦᠮᠡ ᠭᠠᠷᠤᠢ ᠬᠤᠴᠠ ᠪᠤᠢᠵᠢᠭᠤᠯᠵᠤ ᠂ ᠴᠥᠮ ᠪᠦᠬᠦ᠌ ᠤᠯᠤᠰ ᠤ᠋ᠨ ᠡᠮᠦᠨ᠎ᠡ ᠡᠩᠨᠡᠭᠡᠨ ᠳ᠋ᠦ ᠤᠷᠤᠪᠠ᠃
— ᠠᠵᠤ ᠦᠶ᠋ᠯᠡᠰ ᠢ᠋ ᠴᠢᠩᠭᠠᠳᠬᠠᠬᠤ᠂ ᠲᠦᠷᠦᠯ ᠲᠡᠮᠳᠡᠭ ᠤ᠋ᠨ ᠥᠷᠲᠡᠭ ᠢ᠋ ᠨᠡᠮᠡᠭ᠌ᠳᠡᠭᠦᠯᠬᠦ᠌ ᠬᠣᠶᠠᠷ ᠵᠠᠩᠭᠢᠯᠠᠭ᠎ᠠ ᠵᠢ ᠬᠦᠴᠦᠲᠡᠶ ᠠᠬᠢᠭᠤᠯᠪᠠ᠃ ᠤᠯᠤᠰ ᠤ᠋ᠨ ᠲᠠᠰ ᠤ᠋ᠨ 2 ᠦᠪᠡᠷᠮᠢᠴᠡ ᠤᠨᠴᠠᠯᠢᠭ ᠲᠠᠢ ᠳᠠᠪᠠᠭᠤᠯᠢᠭᠳᠤ ᠠᠵᠤ ᠦᠶ᠋ᠯᠡᠰ ᠤ᠋ᠨ ᠰᠦᠷᠦᠭᠵᠢᠯ ᠂ ᠤᠯᠤᠰ ᠤ᠋ᠨ ᠲᠠᠰ ᠤ᠋ᠨ ᠬᠦᠳᠡᠬᠡ ᠠᠵᠤ ᠠᠬᠤᠢ ᠵᠢᠨ ᠠᠵᠤ ᠦᠶ᠋ᠯᠡᠰ ᠤ᠋ᠨ 11 ᠬᠦᠴᠦᠷᠬᠡᠭ ᠪᠠᠯᠭᠠᠰᠤ ᠂ ᠤᠯᠤᠰ ᠤ᠋ᠨ ᠲᠠᠰ ᠤ᠋ᠨ 1 ᠤᠳᠤ ᠦᠶ᠎ᠠ ᠵᠢᠨ ᠮᠠᠯ ᠠᠵᠤ ᠠᠬᠤᠢ ᠲᠠᠷᠢᠶᠠᠯᠠᠩ ᠤ᠋ᠨ ᠠᠵᠤ ᠦᠢᠯᠡᠰ ᠤ᠋ᠨ ᠬᠦᠷᠢᠶᠡᠯᠡᠩ ᠪᠤᠯᠤᠨ ᠥᠪᠡᠷᠲᠡᠭᠡᠨ ᠵᠠᠰᠠᠬᠤ ᠣᠷᠣᠨ ᠤ᠋ ᠲᠠᠰ ᠤ᠋ᠨ 7 ᠤᠳᠤ ᠦᠶ᠎ᠠ ᠵᠢᠨ ᠮᠠᠯ ᠠᠵᠤ ᠠᠬᠤᠢ ᠲᠠᠷᠢᠶᠠᠯᠠᠩ ᠤ᠋ᠨ ᠠᠵᠤ ᠦᠢᠯᠡᠰ ᠤ᠋ᠨ ᠬᠦᠷᠢᠶᠡᠯᠡᠩ ᠢ᠋ ᠱᠢᠨ᠎ᠡ ᠪᠡᠷ ᠡᠭᠦᠳᠦᠨ ᠪᠠᠢᠭᠤᠯᠵᠤ ᠂ ᠤᠯᠤᠰ ᠤ᠋ᠨ ᠲᠠᠰ ᠤ᠋ᠨ ᠭᠤᠤᠯᠳᠠᠯᠭ᠎ᠠ ᠲᠠᠶ 13 ᠳᠠᠭᠠᠭᠤᠯᠤᠭᠴᠢ ᠠᠵᠤ ᠠᠬᠤᠢᠯᠠᠯ ᠢ᠋ ᠱᠢᠨ᠎ᠡ ᠪᠡᠷ ᠪᠣᠢᠵᠢᠭᠤᠯᠤᠨ᠂ ᠮᠢᠬᠠᠨ ᠤ᠋ ᠬᠣᠨᠢᠨ ᠤ᠋ ᠠᠵᠤ ᠦᠶ᠋ᠯᠡᠰ ᠪᠥᠬᠥ᠌ ᠤᠯᠤᠰ ᠤ᠋ᠨ ᠭᠤᠤᠯᠳᠠᠯᠭ᠎ᠠ ᠲᠠᠶ ᠬᠡᠯᠬᠢᠶ᠎ᠡ ᠪᠡᠷ ᠲᠣᠭ᠍ᠲᠠᠭᠠᠭᠳᠠᠵᠤ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤ ᠪᠤᠯᠤᠨ ᠱᠠᠩᠳᠤ ᠱᠢᠶᠠᠨ ᠨᠢ ᠮᠢᠬᠠᠨ ᠤ᠋ ᠦᠬᠡᠷ ᠪᠠ ᠲᠥᠮᠥᠰᠥ ᠵᠢᠨ ᠪᠥᠬᠥ᠌ ᠤᠯᠤᠰ ᠤ᠋ᠨ ᠬᠡᠯᠬᠢᠶ᠎ᠡ ᠵᠢᠨ ᠨᠡᠢᠲᠡᠯᠢᠭ ᠱᠢᠶᠠᠨ ᠵᠢᠡᠷ ᠲᠣᠭ᠍ᠲᠠᠭᠠᠭᠳᠠᠵᠤ᠂ ᠪᠥᠬᠥ᠌ ᠠᠵᠤ ᠦᠶ᠋ᠯᠡᠰ ᠤ᠋ᠨ ᠬᠡᠯᠬᠢᠶ᠎ᠡ ᠵᠢᠨ ᠬᠥᠭ᠌ᠵᠢᠯᠲᠡ ᠵᠢᠨ《ᠱᠢᠨ᠎ᠡ ᠬᠥᠳᠡᠯᠭᠡᠬᠦ ᠡᠨᠧᠷᠭᠢ》 ᠵᠢ ᠬᠥᠭ᠌ᠵᠢᠭᠡᠪᠡ ᠃
— ᠪᠣᠬᠢᠷᠲᠤᠯ ᠥᠬᠡᠶ ᠪᠤᠯᠭᠠᠨ ᠬᠦᠭᠵᠢᠬᠦᠯᠬᠦ ᠂ ᠶᠠᠰᠤ ᠴᠢᠨᠠᠷ ᠢ᠋ ᠱᠢᠯᠢᠳᠡᠭ᠌ᠵᠢᠭᠦᠯᠬᠦ᠂ ᠴᠢᠨᠠᠷ ᠰᠠᠢᠲᠠᠶ ᠬᠥᠭ᠌ᠵᠢᠬᠦᠯᠬᠦ ᠠᠯᠬᠤᠭ᠎ᠠ ᠵᠢ ᠲᠦᠷᠭᠡᠳᠬᠡᠪᠡ᠃ ᠮᠠᠯ ᠠᠵᠤ ᠠᠬᠤᠶ ᠲᠠᠷᠢᠶᠠᠯᠠᠩ ᠤ᠋ᠨ ᠴᠢᠬᠤᠯᠠ ᠶᠡᠬᠡ ᠬᠠᠮᠵᠢᠯᠴᠠᠨ ᠳᠡᠯᠭᠡᠷᠡᠭᠦᠯᠬᠦ᠌ 9 ᠪᠦᠯᠬᠦᠮ ᠨᠡᠢᠲᠡ ᠵᠢ ᠪᠠᠢᠭᠤᠯᠵᠤ᠂ 40 ᠭᠠᠷᠤᠶ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠤ᠋ᠨ ᠪᠠᠭ᠎ᠠ ᠬᠤᠪᠢᠶᠠᠷᠢ ᠠᠩᠭᠢ ᠵᠢ ᠵᠣᠬᠢᠶᠠᠨ ᠪᠠᠢᠭᠤᠯᠤᠨ ᠦᠶ᠋ᠯᠡᠳᠪᠦᠷᠢᠯᠡᠯ ᠤ᠋ᠨ ᠡᠮᠦᠨ᠎ᠡ ᠹᠷᠣᠨᠲ ᠲᠦ᠍ ᠭᠦᠨᠵᠡᠭᠡᠢᠷᠡᠭᠦᠯᠵᠤ ᠂ ᠡᠷᠳᠡᠨᠢ ᠱᠢᠰᠢ ᠵᠢ ᠭᠦᠶᠦᠭᠡᠨ ᠲᠠᠷᠢᠵᠤ ᠳᠤᠰᠤᠯᠭᠠᠨ ᠤᠰᠤᠯᠠᠬᠤ ᠂ ᠱᠢᠷᠠ ᠪᠤᠷᠴᠠᠭ ᠡᠷᠳᠡᠨᠢ ᠱᠢᠰᠢ ᠵᠢ ᠪᠦᠰᠡᠯᠢᠭ ᠬᠡᠯᠪᠡᠷᠢ ᠪᠡᠷ ᠠᠯᠠᠭᠯᠠᠨ ᠳᠠᠷᠢᠬᠤ ᠵᠡᠷᠭᠡ ᠪᠣᠬᠢᠷᠲᠤᠯ ᠥᠬᠡᠶ ᠥᠨᠳᠥᠷ ᠪᠦᠲᠦᠮᠵᠢᠲᠡᠶ ᠲᠧᠭᠨᠢᠭ ᠮᠡᠷᠭᠡᠵᠢᠯ ᠢ᠋ 350 ᠭᠠᠷᠤᠶ ᠵᠦᠶ᠋ᠯ ᠳᠡᠯᠭᠡᠷᠡᠭᠦᠯᠵᠦ᠍ ᠂ ᠬᠢᠮᠢ ᠵᠢᠨ ᠪᠣᠷᠲᠣᠭᠣᠷ ᠪᠠ ᠲᠠᠷᠢᠶᠠᠨ ᠡᠮ ᠬᠡᠷᠡᠭ᠌ᠯᠡᠬᠦ᠌ ᠬᠡᠮᠵᠢᠶ᠎ᠡ ᠵᠢᠨ ᠰᠥᠭᠡᠷᠭᠦ᠌ ᠨᠡᠮᠡᠭ᠌ᠳᠡᠯ ᠢ᠋ ᠪᠠᠲᠤᠯᠠᠨ᠂ ᠰᠦᠯᠢᠶᠣᠣ ᠪᠦᠷᠬᠦᠪᠴᠢ ᠪᠠ ᠡᠰᠢ ᠰᠦᠷᠡᠯ ᠢ᠋ ᠶᠡᠷᠦᠩᠬᠡᠢᠯᠡᠨ ᠠᠱᠢᠭ᠍ᠯᠠᠬᠤ ᠲᠦᠪᠰᠢᠨ ᠢ᠋ ᠲᠣᠭ᠍ᠲᠠᠭᠤᠨ ᠵᠢᠡᠷ ᠳᠡᠭᠡᠭ᠌ᠰᠢᠯᠡᠭᠦᠯᠵᠦ᠍᠂ ᠮᠠᠯ ᠵᠢᠭᠦᠷᠲᠡᠨ ᠤ᠋ ᠢᠯᠭᠠᠳᠠᠰᠤ ᠵᠢ ᠡᠬᠢ ᠪᠠᠶᠠᠯᠢᠭ᠍ᠵᠢᠭᠤᠯᠤᠨ ᠠᠱᠢᠭ᠍ᠯᠠᠬᠤ ᠴᠢᠬᠤᠯᠠ ᠠᠮᠢ ᠠᠬᠤᠶ ᠵᠢᠨ ᠬᠠᠮᠠᠭᠠᠯᠠᠯᠲᠠ ᠵᠢᠨ ᠣᠷᠣᠨ ᠪᠤᠯᠤᠨ ᠮᠠᠯ ᠠᠵᠤ ᠠᠬᠤᠶ ᠵᠢᠨ ᠲᠣᠮᠣ ᠱᠢᠶᠠᠨ ᠢ᠋ ᠪᠦᠷᠢᠨ ᠪᠦᠷᠬᠦᠭᠦᠯᠬᠦ᠌ ᠵᠢ ᠪᠡᠶᠡᠯᠡᠭᠦᠯᠵᠦ᠍ ᠂ ᠶᠡᠷᠦᠩᠬᠡᠢᠯᠡᠨ ᠠᠱᠢᠭ᠍ᠯᠠᠭ᠍ᠰᠠᠨ ᠨᠣᠷᠮ᠎ᠠ ᠨᠢ 88.2% ᠲᠦ᠍ ᠬᠥᠷᠪᠡ ᠃
ᠮᠡᠷᠭᠡᠵᠢᠯ ᠤ᠋ᠨ ᠱᠢᠨ᠎ᠡ ᠵᠢ ᠡᠭᠦᠳᠬᠦ᠌ ᠵᠢ ᠴᠢᠩᠭᠠᠳᠭᠠᠵᠤ᠂ ᠶᠠᠰᠤ ᠴᠢᠨᠠᠷ ᠲᠦᠷᠦᠯ ᠳᠡᠮᠳᠡᠭ ᠢ᠋ ᠴᠢᠩᠭᠠᠳᠭᠠᠨ ᠂ ᠬᠡᠪ ᠵᠠᠭ᠍ᠪᠤᠷ ᠤ᠋ᠨ ᠬᠤᠪᠢᠰᠤᠯᠲᠠ ᠵᠢ ᠠᠬᠢᠭᠤᠯᠪᠠ ᠁ ᠪᠦᠬᠦ᠌ ᠣᠷᠣᠨ ᠢ᠋ ᠠᠵᠢᠭᠯᠠᠬᠤᠶ᠎ᠠ᠂ ᠮᠠᠯ ᠠᠵᠤ ᠠᠬᠤᠢ ᠲᠠᠷᠢᠶᠠᠯᠠᠩ ᠤ᠋ᠨ ᠬᠠᠩᠭᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠵᠢ ᠦᠷᠭᠦᠯᠵᠢᠯᠡᠨ ᠡᠷᠴᠢᠮᠳᠠᠢ ᠠᠬᠢᠭᠤᠯᠵᠤ᠂ ᠤᠨᠴᠠᠯᠢᠬ᠍ᠳᠤ ᠠᠵᠤ ᠦᠢᠯᠡᠰ ᠤ᠋ᠨ ᠬᠥᠭ᠌ᠵᠢᠯᠲᠡ ᠵᠢᠨ ᠪᠠᠢᠷᠢᠱᠢᠯ ᠢ᠋ ᠱᠠᠯᠠᠪᠳᠠᠨ ᠪᠠᠢᠭᠤᠯᠵᠤ ᠂ ᠮᠠᠯ ᠠᠵᠤ ᠠᠬᠤᠢ ᠲᠠᠷᠢᠶᠠᠯᠠᠩ ᠤ᠋ᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠤ᠋ᠨ ᠠᠭᠤᠯᠤᠭ᠍ᠳᠠᠴᠠ ᠶᠠᠪᠤᠬᠤ ᠳᠤᠳᠤᠮ ᠨᠡᠮᠡᠭ᠌ᠳᠡᠨ᠂ ᠡᠯᠪᠡᠭ ᠬᠤᠷᠢᠶᠠᠯᠲᠠ ᠣᠯᠵᠤ ᠪᠦᠬᠦ ᠤᠯᠤᠰ ᠤ᠋ᠨ ᠠᠮᠤ ᠪᠤᠳᠠᠭᠠᠨ ᠤ᠋ ᠠᠮᠤᠷ ᠲᠦᠪᠰᠢᠨ ᠤ᠋ ᠪᠠᠳᠤᠯᠠᠭ᠎ᠠ ᠳ᠋ᠤ ᠢᠳᠡᠪᠬᠢ ᠬᠤᠪᠢ ᠨᠡᠮᠡᠷᠢ ᠦᠵᠡᠬᠦᠯᠵᠤ ᠂ ᠥᠪᠥᠷ ᠮᠣᠩᠭᠣᠯ ᠤ᠋ᠨ ᠡᠬᠡ ᠭᠠᠵᠠᠷ ᠤᠷᠢᠳ ᠡᠮᠦᠨ᠎ᠡ ᠪᠠᠢᠭ᠎ᠠ ᠦᠭᠡᠢ ᠡᠰᠡᠨᠢᠯ ᠠᠮᠢᠵᠢᠷᠠᠯ ᠤ᠋ᠨ ᠬᠦᠴᠦᠨᠵᠢᠡᠷ ᠪᠢᠯᠬᠠᠨ᠎ᠠ ᠃
ᠮᠠᠨ ᠤ᠋ ᠣᠷᠣᠨ ᠲᠠᠷᠢᠶᠠᠨ ᠭᠠᠵᠠᠷ ᠤ᠋ᠨ ᠠᠮᠤ ᠪᠤᠳᠠᠭᠠᠨ ᠤ᠋ ᠦᠢᠯᠡᠳᠪᠤᠷᠢᠯᠡᠯ ᠤ᠋ᠨ ᠴᠢᠳᠠᠪᠤᠷᠢ ᠵᠢ ᠪᠠᠳᠤᠯᠠᠵᠤ ᠮᠡᠷᠬᠡᠵᠢᠯ ᠵᠢᠡᠷ ᠠᠮᠤ ᠪᠤᠳᠠᠭᠠᠨ ᠤ᠋ ᠤᠨᠠᠯᠳᠠ ᠵᠢ ᠨᠡᠮᠡᠭ᠌ᠳᠡᠬᠦᠯᠬᠦ᠌ ᠪᠠᠢ᠌ᠯᠳᠤᠬᠤ ᠪᠤᠳᠤᠯᠭ᠎ᠠ ᠵᠢ ᠪᠠᠷᠢᠮᠲᠠᠯᠠᠨ ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ᠋ ᠨᠡᠢᠲᠡ 4589 ᠲᠦᠮᠡᠨ ᠮᠥ᠍ ᠪᠠᠢᠭᠤᠯᠵᠤ ᠂ ᠠᠮᠤ ᠪᠤᠳᠠᠭ᠎ᠠ ᠦᠶ᠋ᠯᠡᠳᠪᠦᠷᠢᠯᠡᠬᠦ᠌ ᠴᠢᠳᠠᠪᠤᠷᠢ ᠵᠢᠨ 430 ᠳ᠋ᠦᠩᠱᠢᠭᠤᠷ ᠵᠢᠩ ᠡᠴᠡ ᠳᠡᠭᠡᠭ᠌ᠰᠢ ᠪᠠᠢᠬᠤ ᠶ᠋ᠢ ᠪᠦᠲᠦᠮᠵᠢᠲᠡᠶ ᠲᠤᠯᠭᠠᠭᠤᠷᠢᠯᠠᠪᠠ ᠃ 2020 ᠣᠨ ᠪᠠ 2021 ᠣᠨ ᠳ᠋ᠤ ᠬᠠᠷ᠎ᠠ ᠬᠥᠷᠥᠰᠥᠨ ᠳ᠋ᠤ ᠬᠠᠮᠠᠭᠠᠯᠠᠯᠲᠠ ᠵᠢᠨ ᠴᠢᠨᠠᠷᠲᠠᠶ ᠪᠡᠷ ᠲᠠᠷᠢᠶᠠᠯᠠᠭᠰᠠᠨ ᠲᠠᠯᠠᠪᠠᠶ ᠲᠤᠰᠪᠤᠷᠢ 758.9 ᠲᠦᠮᠡᠨ ᠮᠥ᠍ ᠪᠠ 1116.2 ᠲᠦᠮᠡᠨ ᠮᠥ᠍ ᠳ᠋ᠤ ᠬᠦᠷᠴᠦ᠂ ᠡᠨᠡ ᠵᠢᠯ 1440.4 ᠲᠦᠮᠡᠨ ᠮᠥ᠍ ᠳ᠋ᠦ ᠬᠥᠷᠪᠡ᠃ ᠡᠨᠡ ᠨᠢ ᠤᠯᠤᠰ ᠤ᠋ᠨ ᠬᠠᠷᠠᠯᠲᠠ ᠡᠭᠦᠷᠭᠡ ᠵᠢ ᠴᠥᠮ ᠳᠠᠪᠠᠭᠤᠯᠤᠨ ᠪᠡᠶᠡᠯᠡᠭᠦᠯᠵᠦ᠍᠂ ᠠᠮᠤ ᠪᠤᠳᠠᠭᠠᠨ ᠤ᠋ ᠤᠨᠠᠯᠲᠠ ᠵᠢ ᠲᠣᠭ᠍ᠲᠠᠪᠤᠷᠢᠵᠢᠭᠤᠯᠤᠨ ᠡᠯᠪᠡᠭ ᠬᠤᠷᠢᠶᠠᠯᠲᠠ ᠤᠯᠬᠤ ᠪᠠ ᠬᠠᠷ᠎ᠠ ᠬᠥᠷᠥᠰᠥ ᠵᠢ ᠬᠠᠮᠠᠭᠠᠯᠠᠨ ᠠᠱᠢᠭ᠍ᠯᠠᠬᠤ ᠳ᠋ᠤ ᠪᠠᠲᠤ ᠰᠠᠭᠤᠷᠢ ᠵᠢ ᠲᠠᠯᠪᠢᠪᠠ ᠃
ᠦᠵᠡᠰᠭᠦᠯᠡᠩᠲᠦ ᠰᠠᠢᠬᠠᠨ ᠬᠥᠳᠡᠭᠡ ᠲᠣᠰᠭᠣᠨ ᠢ᠋ ᠪᠦᠳᠦᠬᠡᠨ ᠪᠠᠢᠭᠤᠯᠬᠤ ᠡᠴᠡ ᠠᠵᠤ ᠦᠶ᠋ᠯᠡᠰ ᠵᠢᠡᠷ ᠪᠠᠯᠭᠠᠰᠤ ᠵᠢ ᠬᠦᠴᠦᠷᠬᠡᠭ᠌ᠵᠢᠭᠦᠯᠵᠦ ᠵᠢᠱ᠌ᠢᠶ᠎ᠡ ᠦᠵᠡᠭᠦᠯᠦᠨ ᠳᠠᠢᠴᠢᠯᠠᠬᠤ ᠬᠦᠷᠲᠡᠯ᠎ᠡ᠂ ᠲᠤᠰᠬᠠᠢ ᠬᠣᠷᠱᠢᠶᠠ ᠡᠴᠡ ᠳᠠᠭᠠᠭᠤᠯᠤᠭ᠍ᠴᠢ ᠠᠵᠤ ᠠᠬᠤᠢᠯᠠᠯ ᠢ᠋ ᠲᠠᠰᠤᠷᠠᠯᠲᠠ ᠥᠬᠡᠶ ᠪᠤᠵᠠᠭᠠᠢᠷᠠᠭᠤᠯᠬᠤ ᠬᠦᠷᠲᠡᠯ᠎ᠡ ᠂ ᠠᠵᠤ ᠦᠶ᠋ᠯᠡᠰ ᠤ᠋ᠨ ᠬᠦᠷᠢᠶᠡᠯᠡᠩᠡᠴᠡ ᠠᠵᠤ ᠦᠶ᠋ᠯᠡᠰ ᠤ᠋ᠨ ᠪᠦᠯᠦᠭ᠌ᠵᠢᠯ ᠤ᠋ᠨ ᠪᠥᠬᠥ᠌ ᠠᠵᠤ ᠦᠶ᠋ᠯᠡᠰ ᠤ᠋ᠨ ᠬᠡᠯᠬᠢᠶᠡᠵᠢᠭᠰᠡᠨ ᠬᠦᠭᠵᠢᠯᠳᠡ ᠬᠦᠷᠳᠡᠯ᠎ᠡ᠂ ᠣᠷᠣᠨ ᠳᠠᠶᠠᠭᠠᠷ ᠬᠦᠴᠦ ᠪᠡᠨ ᠬᠠᠮᠳᠤᠳᠬᠠᠨ ᠡᠷᠡᠮᠡᠬᠡᠢᠯᠡᠨ ᠤᠷᠤᠭᠰᠢᠯᠠᠵᠤ᠂ ᠮᠠᠯ ᠠᠵᠤ ᠠᠬᠤᠶ ᠲᠠᠷᠢᠶᠠᠯᠠᠩ ᠢ᠋ ᠴᠢᠨᠠᠷ ᠰᠠᠢᠲᠠᠶ ᠥᠨᠳᠥᠷ ᠪᠦᠲᠦᠮᠵᠢᠲᠡᠶ ᠪᠡᠷ ᠬᠦᠭᠵᠢᠬᠦᠯᠬᠦ᠂ ᠮᠠᠯᠵᠢᠬᠤ ᠲᠠᠷᠢᠶᠠᠯᠠᠬᠤ ᠣᠷᠣᠨ ᠢ᠋ ᠣᠷᠣᠱᠢᠨ ᠰᠠᠭᠤᠷᠢᠰᠢᠬᠤ ᠳ᠋ᠤ ᠲᠣᠬᠢᠷᠠᠮᠵᠢᠲᠠᠶ ᠦᠶ᠋ᠯᠡᠰ ᠪᠤᠰᠭᠠᠬᠤ ᠳ᠋ᠤ ᠲᠣᠬᠢᠷᠠᠮᠵᠢᠲᠠᠶ ᠪᠤᠯᠭᠠᠬᠤ᠂ ᠮᠠᠯᠴᠢᠨ ᠲᠠᠷᠢᠶᠠᠴᠢᠨ ᠢ᠋ ᠬᠠᠮᠳᠤ ᠪᠡᠷ ᠴᠢᠨᠡᠭᠡᠯᠢᠭᠵᠢᠬᠦᠯᠬᠦ ᠲᠠᠯ᠎ᠠ ᠪᠡᠷ ᠱᠢᠨ᠎ᠡ ᠠᠯᠬᠤᠭ᠎ᠠ ᠵᠢ ᠠᠯᠬᠤᠭᠰᠠᠨ ᠪᠠᠢᠨ᠎ᠠ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃