ᠱᠢᠨ᠎᠎ᠡ ᠴᠠᠭ ᠦᠶ᠎ᠡ᠎ᠳ᠋ᠦ᠍ ᠭᠠᠪᠢᠶ᠎ᠠ ᠪᠠᠢᠭᠤᠯᠤᠶ᠎ᠠ > ᠶᠡᠷᠦᠩᠬᠡᠢ ᠱᠦᠵᠢ ᠎ᠶ᠋ᠢᠨ ᠶᠠᠪᠤᠵᠤ ᠦᠩᠭᠡᠷᠡᠭᠰᠡᠨ ᠮᠥᠷ ᠎ᠢ᠋ᠶ᠋ᠡᠷ

2022-06-28 09:30:32

ᠵᠣᠬᠢᠶᠠᠭ᠍ᠴᠢ᠄ ᠪᠠᠶᠠᠰᠬᠤᠯᠠᠩ ᠣᠩᠱᠢᠭ᠍ᠰᠠᠨ ᠣᠳᠠᠭ᠎ᠠ᠄ 3

[ᠰᠤᠨᠢᠨ ᠮᠡᠳᠡᠭᠡᠨ᠎ᠤ ᠡᠷᠭᠢᠴᠡᠭᠦᠯᠦᠯ]

2014 ᠣᠨ ᠤ᠋ 1 ᠰᠠᠷ᠎ᠠ ᠵᠢᠨ 27 ᠤ᠋ ᠡᠳᠦᠷ ᠂ ᠶᠡᠷᠦᠩᠬᠡᠶ ᠱᠦᠵᠢ ᠰᠢ ᠵᠢᠨ ᠫᠢᠩ ᠱᠢᠯᠢ ᠵᠢᠨ ᠭᠤᠤᠯ ᠠᠢᠮᠠᠭ ᠲᠦ᠍ ᠰᠢᠨᠵᠢᠯᠡᠨ ᠪᠠᠢᠴᠠᠭᠠᠬᠤ ᠳ᠋ᠠᠭᠠᠠ ᠡᠨᠳᠡ ᠢᠷᠡᠵᠦ᠍᠂ ᠪᠠᠷᠢᠮᠵᠢᠶᠠᠵᠢᠭ᠍ᠰᠠᠨ ᠮᠠᠯ ᠤ᠋ᠨ ᠰᠠᠷᠠᠪᠴᠢ ᠵᠢ ᠪᠠᠢᠴᠠᠭᠠᠨ ᠦᠵᠡᠵᠦ᠍᠂ ᠮᠢᠬᠠᠨ ᠤ᠋ ᠬᠣᠨᠢ ᠦᠷᠡᠵᠢᠭᠦᠯᠦᠨ ᠪᠣᠢᠵᠢᠭᠤᠯᠬᠤ ᠰᠠᠭᠤᠷᠢᠨ ᠤ᠋ ᠮᠢᠬᠠᠨ ᠤ᠋ ᠬᠣᠨᠢ ᠰᠣᠩᠭᠣᠨ ᠪᠣᠢᠵᠢᠭᠤᠯᠬᠤ᠂ ᠦᠷᠡᠵᠢᠭᠦᠯᠬᠦ᠌᠂ ᠱᠢᠨᠵᠢᠯᠡᠬᠦ᠌ ᠤᠬᠠᠭᠠᠨᠴᠢ ᠪᠠᠷ ᠠᠷᠠᠴᠢᠯᠠᠨ ᠲᠡᠵᠢᠭᠡᠬᠦ᠌ ᠪᠠ ᠮᠠᠯᠴᠢᠳ ᠢ᠋ ᠳᠠᠢᠴᠢᠯᠠᠨ ᠣᠷᠣᠯᠭ᠎ᠠ ᠶ᠋ᠢ ᠨᠢ ᠨᠡᠮᠡᠭ᠌ᠳᠡᠭᠦᠯᠵᠤ ᠪᠠᠢᠭ᠎ᠠ ᠪᠠᠢᠳᠠᠯ ᠢ᠋ ᠣᠢᠯᠠᠭᠠᠪᠠ᠃ ᠡᠨᠳᠡ ᠶᠡᠷᠦᠩᠬᠡᠢ ᠱᠦᠵᠢ ᠰᠢ ᠵᠢᠨ ᠫᠢᠩ ᠂ ᠤᠯᠠᠮᠵᠢᠯᠠᠯᠲᠤ ᠮᠠᠯ ᠠᠵᠤ ᠠᠬᠤᠢ ᠡᠴᠡ ᠤᠳᠤ ᠦᠶ᠎ᠠ ᠵᠢᠨ ᠮᠠᠯ ᠠᠵᠤ ᠠᠬᠤᠢ ᠶ᠋ᠢ ᠬᠦᠭᠵᠢᠬᠦᠯᠬᠦ ᠲᠡᠢᠰᠢ ᠤᠷᠤᠬᠰᠢᠯᠠᠬᠤ ᠠᠯᠬᠤᠮ ᠵᠢᠡᠨ ᠲᠦᠷᠭᠡᠳᠭᠡᠵᠤ ᠂ ᠡᠳᠦᠢ ᠲᠡᠳᠦᠢ ᠰᠠᠢᠨ ᠠᠷᠭ᠎ᠠ ᠶ᠋ᠢ ᠬᠠᠢᠨ ᠰᠦᠪᠡᠭᠴᠢᠯᠡᠨ᠂ ᠮᠠᠯᠴᠢᠨ ᠲᠠᠷᠢᠶᠠᠴᠢᠳ ᠲᠤ᠌ ᠠᠵᠤ ᠦᠢᠯᠡᠰ ᠤ᠋ᠨ ᠠᠰᠢᠭ ᠤᠯᠵᠠᠪᠤᠷᠢ ᠶ᠋ᠢᠨ ᠦᠷ᠎ᠠ ᠠᠰᠢᠭ ᠢ᠋ ᠨᠡᠩ ᠤᠯᠠᠨ ᠬᠦᠷᠲᠡᠭᠡᠵᠤ᠂ ᠲᠠᠭᠠᠭᠤᠯᠤᠭᠴᠢ ᠠᠵᠤ ᠠᠬᠤᠢᠯᠠᠯ ᠵᠡᠷᠭᠡ ᠡᠵᠡᠩᠨᠡᠯᠲᠡ ᠵᠢᠨ ᠭᠤᠤᠯ ᠴᠤᠭᠴᠠ ᠯᠤᠭ᠎ᠠ ᠠᠰᠢᠭ ᠲᠤᠰᠠ ᠵᠢᠨ ᠬᠠᠮᠲᠤ ᠵᠢᠨ ᠴᠤᠭᠴᠠ ᠪᠤᠯᠵᠤ ᠪᠦᠷᠢᠯᠳᠦᠬᠦᠯᠬᠦ ᠬᠡᠷᠡᠭᠲᠡᠢ ᠭᠡᠵᠤ ᠴᠢᠬᠤᠯᠠᠴᠢᠯᠠᠪᠠ ᠃


5 ᠰᠠᠷ᠎ᠠ ᠵᠢᠨ 23 ᠤ᠋ ᠡᠳᠦᠷ᠂ ᠰᠢᠯᠢᠩᠬᠤᠲᠠ ᠵᠢᠨ ᠦᠷ᠎ᠡ ᠵᠢᠨ ᠮᠠᠯ ᠦᠷᠡᠵᠢᠭᠦᠯᠦᠨ ᠪᠤᠢᠵᠢᠭᠤᠯᠬᠤ ᠲᠦᠪ ᠲᠤ᠌᠂ ᠦᠪᠦᠷ ᠮᠤᠩᠭᠤᠯ ᠤ᠋ᠨ ᠶᠡᠬᠡ ᠰᠤᠷᠭᠠᠭᠤᠯᠢ ᠵᠢᠨ ᠲᠤᠰᠬᠠᠢ ᠮᠡᠷᠭᠡᠵᠢᠯᠲᠡᠨ ᠫᠷᠤᠹᠸᠰᠰᠤᠷ ᠰᠤᠷᠤᠭᠴᠢᠳ ᠵᠢᠡᠨ ᠳᠠᠭᠠᠭᠤᠯᠤᠨ ᠲᠦᠯᠯᠡᠬᠦ ᠨᠠᠰᠤᠨ ᠤ᠋ ᠡᠮ᠎ᠡ ᠬᠤᠨᠢ ᠵᠢᠨ ᠴᠢᠰᠤ ᠶ᠋ᠢ ᠠᠪᠴᠤ ᠬᠠᠳᠠᠭᠠᠯᠠᠬᠤ ᠵᠢᠨ ᠬᠠᠮᠳᠤ ᠢᠮᠨᠡᠨ᠎ᠡ᠃

ᠰᠢᠯᠢᠩᠬᠤᠲᠠ ᠵᠢᠨ ᠲᠠᠷᠢᠶᠠᠯᠠᠩ ᠮᠠᠯ ᠠᠵᠤ ᠠᠬᠤᠶ ᠪᠠ ᠱᠢᠨᠵᠢᠯᠡᠬᠦ᠌ ᠤᠬᠠᠭᠠᠨ ᠲᠸᠭᠨᠢᠢᠡ᠋ ᠮᠡᠷᠭᠡᠵᠢᠯ ᠤ᠋ᠨ ᠲᠣᠪᠴᠢᠶ᠎ᠠ ᠵᠢᠨ ᠲᠠᠷᠢᠶᠠᠯᠠᠩ ᠮᠠᠯ ᠠᠵᠤ ᠠᠬᠤᠶ ᠵᠢᠨ ᠮᠡᠷᠭᠡᠵᠢᠯ ᠢ᠋ ᠳᠡᠯᠭᠡᠷᠡᠭᠦᠯᠬᠦ᠌ ᠲᠥᠪ ᠤ᠋ᠨ ᠳᠡᠳ᠋ ᠡᠷᠬᠢᠯᠡᠭ᠌ᠴᠢ᠂ ᠦᠷ᠎ᠡ ᠵᠢᠨ ᠮᠠᠯ ᠢ᠋ ᠦᠷᠡᠵᠢᠭᠦᠯᠦᠨ ᠪᠣᠢᠵᠢᠭᠤᠯᠬᠤ ᠲᠥᠪ ᠤ᠋ᠨ ᠮᠡᠷᠭᠡᠵᠢᠯ ᠤ᠋ᠨ ᠠᠵᠢᠯᠲᠠᠨ ᠴᠣᠯᠮᠣᠨ᠄ 《ᠡᠨᠡ ᠪᠣᠯ ᠦᠵᠦᠮᠦᠴᠢᠨ ᠡᠮ᠎ᠡ ᠬᠣᠨᠢᠨ ᠤ᠋ ᠢᠬᠡᠷ᠎ᠡ ᠲᠦᠯ ᠤ᠋ᠨ ᠨᠣᠷᠮ᠎ᠠ ᠵᠢᠨ ᠭᠧᠨ ᠢ᠋ ᠪᠠᠢᠴᠠᠭᠠᠨ ᠱᠢᠯᠭᠠᠬᠤ ᠵᠢᠨ ᠲᠥᠯᠥᠭᠡ ᠶᠤᠮ᠃ ᠬᠢᠨᠠᠨ ᠪᠠᠢᠴᠠᠭᠠᠯᠳᠠ ᠵᠢᠨ ᠦᠷ᠎ᠡ ᠳ᠋ᠦᠩ ᠭᠠᠷᠤᠭ᠍ᠰᠠᠨ ᠤ᠋ ᠳᠠᠷᠠᠭ᠎ᠠ ᠂ ᠬᠦᠪᠦᠷᠡᠯ ᠱᠢᠯᠵᠢᠭᠦᠯᠬᠦ᠌ ᠪᠡᠷ ᠳᠡᠮᠵᠢᠨ ᠢᠬᠡᠷ᠎ᠡ ᠲᠥᠯ ᠤ᠋ᠨ ᠭᠧᠨ ᠲᠡᠶ ᠦᠵᠦᠮᠦᠴᠢᠨ ᠡᠮ᠎ᠡ ᠬᠣᠨᠢ ᠶ᠋ᠢ ᠦᠷᠬᠡᠳᠬᠡᠨ ᠦᠷᠡᠵᠢᠭᠦᠯᠵᠦ᠍ ᠂ ᠨᠤᠲᠤᠭ ᠪᠡᠯᠴᠢᠭᠡᠷ ᠤ᠋ᠨ ᠳᠠᠷᠤᠭᠠᠰᠤ ᠶ᠋ᠢ ᠬᠥᠩᠭᠡᠷᠡᠭᠦᠯᠬᠦ᠌ ᠂ ᠴᠥᠭᠡᠨ ᠲᠡᠵᠢᠭᠡᠵᠦ᠍ ᠨᠠᠷᠢᠯᠢᠭ ᠠᠷᠠᠴᠢᠯᠠᠬᠤ ᠂ ᠮᠠᠯᠴᠢᠳ ᠤ᠋ᠨ ᠣᠷᠣᠯᠭ᠎ᠠ ᠶ᠋ᠢ ᠨᠡᠮᠡᠭ᠌ᠳᠡᠭᠦᠯᠬᠦ᠌᠂ ᠠᠮᠢ ᠠᠬᠤᠶ ᠣᠷᠴᠢᠨ ᠲᠣᠭᠣᠷᠢᠨ ᠢ᠋ ᠬᠠᠮᠠᠭᠠᠯᠠᠬᠤ ᠵᠣᠷᠢᠯᠭ᠎ᠠ ᠳ᠋ᠤ ᠬᠥᠷᠬᠥ᠌ ᠪᠣᠯᠤᠨ᠎ᠠ》ᠬᠡᠵᠤ ᠲᠠᠨᠢᠯᠴᠠᠭᠤᠯᠤᠨ᠎ᠠ ᠃

ᠰᠢᠯᠢᠩᠬᠤᠲᠠ ᠵᠢᠨ ᠦᠷ᠎ᠡ ᠵᠢᠨ ᠮᠠᠯ ᠦᠷᠡᠵᠢᠭᠦᠯᠦᠨ ᠪᠣᠢᠵᠢᠭᠤᠯᠬᠤ ᠲᠥᠪ ᠨᠢ ᠤᠳᠤᠬᠢᠴᠢᠯᠠᠭᠰᠠᠨ ᠮᠠᠯ ᠠᠵᠤ ᠠᠬᠤᠢ ᠵᠢᠨ ᠬᠦᠭᠵᠢᠯᠲᠡ ᠵᠢᠨ ᠵᠠᠮ ᠳᠡᠭᠡᠷ᠎ᠡ ᠪᠠᠰᠠ ᠨᠢᠭᠡᠨ ᠴᠢᠬᠤᠯᠠ ᠠᠯᠬᠤᠮ ᠢ᠋ ᠠᠯᠬᠤᠭᠰᠠᠨ ᠨᠢ ᠢᠯᠡᠷᠬᠡᠢ ᠃

ᠰᠢᠯᠢᠩᠬᠤᠲᠠ ᠵᠢᠨ ᠦᠷ᠎ᠡ ᠵᠢᠨ ᠮᠠᠯ ᠦᠷᠡᠵᠢᠭᠦᠯᠦᠨ ᠪᠣᠢᠵᠢᠭᠤᠯᠬᠤ ᠲᠥᠪ ᠪᠣᠯ 2010 ᠣᠨ ᠳ᠋ᠤ ᠪᠠᠢᠭᠤᠯᠤᠭ᠍ᠳᠠᠭ᠍ᠰᠠᠨ ᠰᠢᠯᠢᠩᠬᠤᠲᠠ ᠵᠢᠨ ᠮᠢᠬᠠᠨ ᠤ᠋ ᠬᠣᠨᠢ ᠦᠷᠡᠵᠢᠭᠦᠯᠦᠨ ᠪᠣᠢᠵᠢᠭᠤᠯᠬᠤ ᠰᠠᠭᠤᠷᠢᠨ ᠪᠠᠢᠵᠤ᠂ ᠦᠷ᠎ᠡ ᠵᠢᠨ ᠮᠠᠯ ᠢ᠋ ᠰᠣᠩᠭᠣᠨ ᠪᠣᠢᠵᠢᠭᠤᠯᠬᠤ ᠂ ᠦᠷᠡᠵᠢᠭᠦᠯᠬᠦ᠌ ᠂ ᠱᠢᠨᠵᠢᠯᠡᠬᠦ᠌ ᠤᠬᠠᠭᠠᠨ ᠤ᠋ ᠰᠤᠳᠤᠯᠭᠠᠨ ᠬᠢᠬᠦ᠌ ᠂ ᠭᠠᠮᠱᠢᠭ ᠲᠠᠢ ᠲᠠᠮᠡᠴᠡᠵᠤ ᠡᠪᠡᠰᠦ ᠪᠣᠷᠳᠣᠭ᠎ᠠ ᠨᠥᠭᠡᠴᠡᠯᠡᠬᠦ ᠶ᠋ᠢ ᠨᠢᠭᠡ ᠴᠣᠭ᠍ᠴᠠᠵᠢᠭᠤᠯᠤᠭ᠍ᠰᠠᠨ ᠣᠲᠣ ᠦᠶ᠎ᠡ ᠵᠢᠨ ᠮᠠᠯ ᠠᠵᠤ ᠠᠬᠤᠶ ᠵᠢᠨ ᠵᠢᠱ᠌ᠢᠶ᠎ᠡ ᠦᠵᠡᠭᠦᠯᠬᠦ᠌ ᠰᠠᠭᠤᠷᠢᠨ ᠪᠣᠯᠬᠤ ᠶᠤᠮ ᠃

2014 ᠣᠨ ᠤ᠋ 1 ᠰᠠᠷ᠎ᠠ ᠵᠢᠨ 27 ᠤ᠋ ᠡᠳᠦᠷ ᠂ ᠶᠡᠷᠦᠩᠬᠡᠶ ᠱᠦᠵᠢ ᠰᠢ ᠵᠢᠨ ᠫᠢᠩ ᠱᠢᠯᠢ ᠵᠢᠨ ᠭᠤᠤᠯ ᠠᠢᠮᠠᠭ ᠲᠦ᠍ ᠰᠢᠨᠵᠢᠯᠡᠨ ᠪᠠᠢᠴᠠᠭᠠᠬᠤ ᠳ᠋ᠠᠭᠠᠠ ᠡᠨᠳᠡ ᠢᠷᠡᠵᠦ᠍ ᠂ ᠪᠠᠷᠢᠮᠵᠢᠶᠠᠵᠢᠭ᠍ᠰᠠᠨ ᠮᠠᠯ ᠤ᠋ᠨ ᠰᠠᠷᠠᠪᠴᠢ ᠵᠢ ᠪᠠᠢᠴᠠᠭᠠᠨ ᠦᠵᠡᠵᠦ᠍᠂ ᠮᠢᠬᠠᠨ ᠤ᠋ ᠬᠣᠨᠢ ᠦᠷᠡᠵᠢᠭᠦᠯᠦᠨ ᠪᠣᠢᠵᠢᠭᠤᠯᠬᠤ ᠰᠠᠭᠤᠷᠢᠨ ᠤ᠋ ᠮᠢᠬᠠᠨ ᠤ᠋ ᠬᠣᠨᠢ ᠰᠣᠩᠭᠣᠨ ᠪᠣᠢᠵᠢᠭᠤᠯᠬᠤ᠂ ᠦᠷᠡᠵᠢᠭᠦᠯᠬᠦ᠌᠂ ᠱᠢᠨᠵᠢᠯᠡᠬᠦ᠌ ᠤᠬᠠᠭᠠᠨᠴᠢ ᠪᠠᠷ ᠠᠷᠠᠴᠢᠯᠠᠨ ᠲᠡᠵᠢᠭᠡᠬᠦ᠌ ᠪᠠ ᠮᠠᠯᠴᠢᠳ ᠢ᠋ ᠳᠠᠢᠴᠢᠯᠠᠨ ᠣᠷᠣᠯᠭ᠎ᠠ ᠶ᠋ᠢ ᠨᠢ ᠨᠡᠮᠡᠭ᠌ᠳᠡᠭᠦᠯᠵᠤ ᠪᠠᠢᠭ᠎ᠠ ᠪᠠᠢᠳᠠᠯ ᠢ᠋ ᠣᠢᠯᠠᠭᠠᠪᠠ᠃ ᠡᠨᠳᠡ ᠶᠡᠷᠦᠩᠬᠡᠢ ᠱᠦᠵᠢ ᠰᠢ ᠵᠢᠨ ᠫᠢᠩ᠂ ᠤᠯᠠᠮᠵᠢᠯᠠᠯᠲᠤ ᠮᠠᠯ ᠠᠵᠤ ᠠᠬᠤᠢ ᠡᠴᠡ ᠤᠳᠤ ᠦᠶ᠎ᠠ ᠵᠢᠨ ᠮᠠᠯ ᠠᠵᠤ ᠠᠬᠤᠢ ᠶ᠋ᠢ ᠬᠦᠭᠵᠢᠬᠦᠯᠬᠦ ᠲᠡᠢᠰᠢ ᠤᠷᠤᠬᠰᠢᠯᠠᠬᠤ ᠠᠯᠬᠤᠮ ᠵᠢᠡᠨ ᠲᠦᠷᠭᠡᠳᠭᠡᠵᠤ ᠂ ᠡᠳᠦᠢ ᠲᠡᠳᠦᠢ ᠰᠠᠢᠨ ᠠᠷᠭ᠎ᠠ ᠶ᠋ᠢ ᠬᠠᠢᠨ ᠰᠦᠪᠡᠭᠴᠢᠯᠡᠨ᠂ ᠮᠠᠯᠴᠢᠨ ᠲᠠᠷᠢᠶᠠᠴᠢᠳ ᠲᠤ᠌ ᠠᠵᠤ ᠦᠢᠯᠡᠰ ᠤ᠋ᠨ ᠠᠰᠢᠭ ᠤᠯᠵᠠᠪᠤᠷᠢ ᠶ᠋ᠢᠨ ᠦᠷ᠎ᠠ ᠠᠰᠢᠭ ᠢ᠋ ᠨᠡᠩ ᠤᠯᠠᠨ ᠬᠦᠷᠲᠡᠭᠡᠵᠤ᠂ ᠲᠠᠭᠠᠭᠤᠯᠤᠭᠴᠢ ᠠᠵᠤ ᠠᠬᠤᠢᠯᠠᠯ ᠵᠡᠷᠭᠡ ᠡᠵᠡᠩᠨᠡᠯᠲᠡ ᠵᠢᠨ ᠭᠤᠤᠯ ᠴᠤᠭᠴᠠ ᠯᠤᠭ᠎ᠠ ᠠᠰᠢᠭ ᠲᠤᠰᠠ ᠵᠢᠨ ᠬᠠᠮᠲᠤ ᠵᠢᠨ ᠴᠤᠭᠴᠠ ᠪᠤᠯᠵᠤ ᠪᠦᠷᠢᠯᠳᠦᠬᠦᠯᠬᠦ ᠬᠡᠷᠡᠭᠲᠡᠢ ᠭᠡᠵᠤ ᠴᠢᠬᠤᠯᠠᠴᠢᠯᠠᠪᠠ ᠃

8 ᠵᠢᠯ ᠪᠣᠯᠤᠯ᠎ᠠ᠂ ᠱᠢᠯᠢ ᠵᠢᠨ ᠭᠤᠤᠯ ᠤ᠋ᠨ ᠠᠷᠠᠳ ᠲᠦᠮᠡᠨ ᠶᠡᠷᠦᠩᠬᠡᠶ ᠱᠦᠵᠢ ᠵᠢᠨ ᠴᠢᠩ ᠰᠡᠳᠭᠢᠯ ᠤ᠋ᠨ ᠬᠦᠰᠡᠯ ᠨᠠᠢᠳᠠᠯᠭ᠎ᠠ ᠶ᠋ᠢ ᠪᠠᠲᠤ ᠴᠡᠭᠡᠵᠢᠯᠡᠨ᠂ ᠪᠣᠳᠠᠲᠤ ᠠᠵᠢᠯᠯᠠᠭ᠎ᠠ ᠪᠠᠷ ᠵᠢᠡᠨ《ᠠᠮᠢ ᠠᠬᠤᠶ ᠶ᠋ᠢ ᠤᠷᠢᠳ ᠵᠢᠡᠷ ᠪᠣᠳᠣᠯᠬᠢᠯᠠᠬᠤ ᠪᠣᠬᠢᠷᠲᠤᠯ ᠥᠬᠡᠶ ᠬᠦᠭᠵᠢᠬᠦ ᠪᠡᠷ ᠤᠳᠤᠷᠢᠳᠤᠮᠵᠢ ᠪᠤᠯᠭᠠᠬᠤ》ᠣᠢᠯᠠᠭᠠᠭ᠍ᠳᠠᠬᠤᠨ ᠢ᠋ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠮᠠᠯ ᠠᠵᠤ ᠠᠬᠤᠶ ᠵᠢᠨ ᠬᠠᠩᠭᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠶ᠋ᠢ ᠭᠦᠨᠵᠡᠭᠡᠶ ᠠᠬᠢᠭᠤᠯᠤᠨ᠂ ᠤᠯᠤᠰ ᠤ᠋ᠨ ᠴᠢᠬᠤᠯᠠ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠢ᠋ ᠦᠶ᠋ᠯᠡᠳᠪᠦᠷᠢᠯᠡᠵᠦ᠍ ᠡᠳ᠋ᠱᠢᠭᠦᠯᠬᠦ᠌ ᠰᠠᠭᠤᠷᠢᠨ ᠢ᠋ ᠪᠥᠲᠥᠭᠡᠨ ᠪᠠᠢᠭᠤᠯᠬᠤ ᠳ᠋ᠤ ᠰᠠᠭᠤᠷᠢᠯᠠᠨ ᠂ ᠮᠢᠬᠠᠨ ᠤ᠋ ᠦᠬᠡᠷ᠂ ᠮᠢᠬᠠᠨ ᠤ᠋ ᠬᠣᠨᠢ ᠬᠣᠶᠠᠷ ᠶᠡᠬᠡ ᠠᠵᠤ ᠦᠶ᠋ᠯᠡᠰ ᠵᠢᠡᠷ ᠭᠤᠤᠯᠯᠠᠭᠤᠯᠵᠤ ᠂ ᠠᠮᠢ ᠠᠬᠤᠶ ᠵᠢᠨ ᠮᠠᠯ ᠠᠵᠤ ᠠᠬᠤᠶ ᠶ᠋ᠢ ᠶᠡᠬᠡ ᠪᠡᠷ ᠬᠥᠭ᠌ᠵᠢᠭᠦᠯᠦᠨ᠂ ᠮᠠᠯ ᠠᠵᠤ ᠠᠬᠤᠶ ᠵᠢᠨ ᠶᠠᠰᠤ ᠴᠢᠨᠠᠷ ᠦᠷ᠎ᠡ ᠠᠱᠢᠭ ᠪᠠ ᠥᠷᠢᠰᠥᠯᠳᠦᠬᠦ᠌ ᠬᠦᠴᠦᠨ ᠢ᠋ ᠪᠥᠬᠥ᠌ ᠲᠠᠯ᠎ᠠ ᠪᠠᠷ ᠳᠡᠭᠡᠭ᠌ᠰᠢᠯᠡᠭᠦᠯᠦᠭᠰᠡᠨ ᠠᠵᠢ᠃

ᠣᠳᠣᠬᠠᠨ ᠳ᠋ᠤ ᠱᠢᠯᠢ ᠵᠢᠨ ᠭᠣᠣᠯ ᠠᠢᠮᠠᠭ ᠤ᠋ᠨ ᠮᠠᠯ ᠤ᠋ᠨ ᠲᠣᠭ᠎ᠠ 《ᠠᠷᠪᠠᠨ ᠬᠣᠶᠠᠳᠤᠭᠠᠷ ᠲᠠᠪᠤᠨ ᠵᠢᠯ》ᠤ᠋ᠨ ᠬᠤᠭᠤᠴᠠᠭᠠᠨ ᠤ᠋ ᠰᠡᠭᠦᠯᠴᠢ ᠵᠢᠨ ᠦᠶ᠎ᠡ ᠵᠢᠨ ᠬᠢ ᠡᠴᠡ 200 ᠭᠠᠷᠤᠢ ᠲᠦᠮᠡ ᠴᠦᠬᠡᠷᠡᠨ 15% ᠪᠡᠷ ᠴᠦᠬᠡᠷᠡᠵᠤ ᠂ ᠮᠠᠯ ᠪᠡᠯᠴᠢᠭᠡᠷ ᠤ᠋ᠨ ᠲᠡᠩᠴᠡᠭᠦᠷᠢ ᠶ᠋ᠢ ᠦᠨᠳᠦᠰᠦᠨ ᠳ᠋ᠡᠭᠡᠨ ᠪᠠᠲᠤᠯᠠᠪᠠ ᠃ 2016 ᠣᠨ ᠡᠴᠡ ᠨᠠᠭᠠᠰᠢ ᠂ ᠲᠣᠰ ᠠᠢᠮᠠᠭ ᠨᠡᠢᠲᠡ 5 ᠳ᠋ᠦᠩᠱᠢᠭᠤᠷ ᠲᠥᠭᠥᠷᠢᠭ ᠤ᠋ᠨ ᠪᠠᠯᠠ ᠣᠷᠣᠭᠤᠯᠤᠨ 10.5 ᠲᠦᠮᠡᠨ ᠱᠢᠯᠢᠳᠡᠭ ᠡᠭᠦᠯᠳᠡᠷ ᠤ᠋ᠨ ᠮᠢᠬᠠᠨ ᠤ᠋ ᠦᠬᠡᠷ ᠣᠷᠣᠭᠤᠯᠤᠭᠰᠠᠨ ᠪᠠᠢᠨ᠎ᠠ ᠃


QQ图片20220628092701.png


ᠤᠷᠭᠤᠮᠠᠯ ᠤ᠋ᠨ ᠬᠠᠮᠠᠭᠠᠯᠠᠯᠳᠠ ᠵᠢᠨ ᠵᠢᠯᠤᠭᠤᠴᠢ ᠦᠬᠡᠢ ᠨᠢᠰᠭᠡᠯ ᠢ᠋ ᠠᠵᠢᠯᠯᠠᠭᠤᠯᠤᠨ᠎ᠠ


QQ图片20220628092710.png


ᠲᠦᠪᠡᠳ ᠬᠠᠰᠢ ᠡᠯᠪᠡᠭ ᠬᠤᠷᠢᠶᠠᠯᠲᠠ ᠤᠯᠪᠠ


QQ图片20220628092720.png


ᠰᠢᠯᠢᠳᠡᠭ ᠡᠭᠦᠯᠳᠡᠷ ᠤ᠋ᠨ ᠬᠤᠷᠠᠭ᠎ᠠ ᠳ᠋ᠤ ᠮᠦᠷᠳᠡᠯᠳᠡ ᠵᠢᠨ ᠰᠢᠰᠲᠸᠮ ᠤ᠋ᠨ ᠢᠮ ᠬᠢᠨ᠎ᠡ


QQ截图20220628092819.jpg


ᠮᠢᠬᠠᠨ ᠤ᠋ ᠦᠬᠡᠷ ᠤ᠋ᠨ ᠲᠡᠵᠢᠭᠡᠪᠤᠷᠢ ᠵᠢᠨ ᠲᠠᠯᠠᠪᠠᠢ


QQ截图20220628092851.jpg


ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠤᠨᠴᠠ ᠲᠤᠮᠢᠯᠠᠭᠴᠢ ᠡᠴᠡ ᠮᠡᠷᠭᠡᠵᠢᠯ ᠤᠯᠠᠮᠵᠢᠯᠠᠨ᠎ᠠ


QQ截图20220628092844.jpg


ᠪᠤᠷᠳᠤᠭ᠎ᠠ ᠦᠭᠬᠦᠨ᠎ᠠ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面