2022-04-08 10:41:01
ᠨᠠᠮ ᠤ᠋ᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢ ᠤᠳᠤᠬᠠᠨ ᠪᠤᠯᠲᠠᠯᠠᠬᠢ ᠴᠠᠭ ᠬᠤᠭᠤᠴᠠᠭ᠎ᠠ ᠪᠤᠯ ᠦᠪᠦᠷ ᠮᠤᠨᠭᠭᠤᠯ ᠤ᠋ᠨ ᠬᠦᠭᠵᠢᠯᠲᠡ ᠶ᠋ᠢᠨ ᠲᠡᠦᠬᠡᠨ ᠳ᠋ᠡᠬᠢ ᠬᠦᠰᠢᠶ᠎ᠡ ᠳᠤᠷᠠᠰᠬᠠᠯ ᠤ᠋ᠨ ᠠᠴᠢ ᠬᠤᠯᠪᠤᠬᠳᠠᠯ ᠲᠠᠢ ᠴᠠᠭ ᠦᠶ᠎ᠡ ᠮᠦᠨ᠃
ᠡᠨᠡ ᠬᠦ᠌ ᠴᠠᠭ ᠬᠤᠭᠤᠴᠠᠭᠠᠨ ᠳ᠋ᠤ᠂ ᠠᠵᠤ ᠠᠬᠤᠢ ᠶ᠋ᠢᠨ ᠬᠥᠭ᠌ᠵᠢᠯᠲᠡ ᠱᠢᠨ᠎ᠡ ᠬᠡᠪ ᠪᠠᠢᠳᠠᠯ ᠳ᠋ᠤ ᠣᠷᠣᠬᠤ ᠴᠢᠬᠤᠯᠠ ᠶᠡᠬᠡ ᠱᠢᠯᠭᠠᠯᠲᠠ ᠳ᠋ᠤ ᠲᠤᠯᠭᠠᠷᠠᠵᠤ᠂ ᠤᠷᠤᠨ ᠲᠠᠶᠠᠭᠠᠷ ᠵᠢᠡᠨ ᠰᠢ ᠶ᠋ᠢᠨ ᠫᠢᠩ ᠤ᠋ᠨ ᠱᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠶ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ ᠠᠵᠤ ᠠᠬᠤᠢ ᠶ᠋ᠢᠨ ᠴᠢᠨᠠᠷ ᠰᠠᠢᠲᠠᠢ ᠬᠥᠭ᠌ᠵᠢᠯᠲᠡ ᠶ᠋ᠢᠨ ᠳᠠᠷᠳᠠᠩ ᠵᠠᠮ ᠳ᠋ᠤ ᠣᠷᠣᠬᠤ ᠵᠢ ᠠᠬᠢᠭᠤᠯᠪᠠ !
ᠡᠨᠡ ᠬᠦ᠌ ᠴᠠᠭ ᠬᠤᠭᠤᠴᠠᠭᠠᠨ ᠳ᠋ᠤ᠂ ᠤᠷᠤᠨ ᠲᠠᠶᠠᠭᠠᠷ ᠵᠢᠡᠨ ᠤᠯᠠᠮᠵᠢᠯᠠᠯᠲᠤ ᠠᠷᠭ᠎ᠠ ᠵᠠᠮ ᠳ᠋ᠤ ᠦᠯᠦ ᠲᠦᠱᠢᠭ᠌ᠯᠡᠬᠦ ᠵᠢ ᠲᠦᠷᠭᠡᠳᠭᠡᠨ᠂ ᠰᠢᠨ᠎ᠠ ᠬᠠᠭᠤᠴᠢᠨ ᠬᠥᠳᠡᠯᠭᠡᠬᠦ᠌ ᠡᠨ᠋ᠸᠷᠬᠢ ᠶ᠋ᠢᠨ ᠰᠣᠯᠢᠭ᠍ᠳᠠᠯ ᠢ᠋ ᠲᠦᠷᠭᠡᠳᠭᠡᠵᠦ᠍᠂ ᠤᠯᠤᠰ ᠤ᠋ᠨ ᠲᠤᠳᠤᠭᠠᠳᠤ ᠵᠢᠨ ᠦᠢᠯᠡᠳᠪᠦᠷᠢᠯᠡᠯ ᠤ᠋ᠨ ᠶᠡᠷᠦᠩᠬᠡᠢ ᠦᠷᠳᠡᠭ (GDP) 2 ᠲᠦᠮᠡᠨ ᠳ᠋ᠦᠩᠱᠢᠭᠤᠷ ᠲᠥᠭᠥᠷᠢᠭ ᠤ᠋ᠨ ᠪᠤᠭᠤᠮᠳᠠ ᠵᠢ ᠳᠠᠪᠠᠵᠤ᠂《ᠦᠵᠡᠰᠭᠦᠯᠡᠩᠲᠦ ᠰᠠᠢᠬᠠᠨ ᠥᠪᠥᠷ ᠮᠣᠩᠭᠣᠯ ᠵᠢᠡᠨ ᠪᠦᠳᠦᠭᠡᠨ ᠪᠠᠢᠭᠤᠯᠵᠤ᠂ ᠠᠭᠤᠤ ᠶᠡᠬᠡ ᠳᠤᠮᠳᠠᠳᠤ ᠶ᠋ᠢᠨ ᠵᠡᠭᠦᠳᠦ᠍ ᠪᠡᠨ ᠬᠠᠮᠲᠤ ᠪᠠᠷ ᠲᠡᠷᠭᠡᠯᠱᠢᠭᠦᠯᠬᠦ᠌》 ᠳ᠋ᠤ ᠨᠡᠩ ᠭᠡᠭᠡᠨ ᠰᠠᠷᠠᠭᠤᠯ ᠢᠷᠡᠭᠡᠳᠦᠢ ᠵᠢ ᠵᠢᠷᠤᠬᠯᠠᠪᠠ!
ᠡᠨᠡ ᠬᠦ᠌ 2 ᠲᠦᠮᠡ ᠭᠠᠷᠤᠶ ᠳ᠋ᠦᠩᠱᠢᠭᠤᠷ ᠲᠥᠭᠥᠷᠢᠭ ᠲᠦ᠍ ᠠᠭᠤᠯᠤᠭ᠍ᠳᠠᠬᠤ ᠬᠥᠭ᠌ᠵᠢᠯᠲᠡ ᠶ᠋ᠢᠨ ᠠᠨᠢᠰᠤ ᠵᠢ ᠬᠡᠷᠬᠢᠨ ᠲᠠᠢᠯᠬᠤ ᠪᠣᠶ? ᠪᠢᠳᠡ ᠲᠡᠦᠬᠡ ᠡᠴᠡ ᠬᠠᠷᠢᠭᠤᠯᠲᠠ ᠡᠷᠢᠰᠦᠬᠡᠢ᠃
ᠴᠦᠬᠦᠷᠡᠰᠢ ᠦᠭᠡᠢ ᠲᠡᠮᠡᠴᠡᠯ ᠠᠶᠠᠨ ᠤ᠋ ᠵᠠᠮ ᠢ᠋ ᠬᠡᠢᠬᠦᠯᠦᠨᠠ
2021 ᠣᠨ ᠤ᠋ ᠬᠠᠪᠤᠷ᠂ ᠰᠢᠨ᠎ᠠ ᠲᠢᠳᠢᠮᠯᠢᠭ ᠠᠭᠤᠰᠬᠢᠨ ᠦᠷᠪᠢᠰᠤᠯ ᠤ᠋ᠨ ᠬᠢᠵᠢᠭ ᠤ᠋ᠨ ᠪᠠᠢᠳᠠᠯ ᠬᠦᠨᠳᠦ ᠬᠡᠴᠡᠭᠦᠦ ᠪᠠᠢᠳᠠᠯ ᠳᠤᠤᠷ᠎ᠠ᠂ ᠶᠠᠰᠤ ᠴᠢᠨᠠᠷ ᠤ᠋ᠨ ᠲᠠᠪᠠᠭᠤᠯᠢᠭ ᠲᠠᠭᠠᠨ ᠲᠦᠰᠢᠭᠯᠡᠨ《ᠪᠤᠭᠤᠲᠤ ᠶ᠋ᠢᠨ ᠪᠣᠯᠣᠳ ᠲᠡᠮᠦᠷ ᠤ᠋ᠨ ᠪᠦᠯᠦᠭᠯᠡᠯ ᠺᠤᠮᠫᠠᠨᠢ ᠶ᠋ᠢᠨ ᠦᠶ᠋ᠯᠡᠳᠭᠡᠯ》 ᠲᠠᠯᠠᠢ ᠭᠠᠳᠤᠯᠤᠯᠠ — ᠪᠤᠭᠤᠲᠤ ᠶ᠋ᠢᠨ ᠪᠣᠯᠣᠳ ᠲᠡᠮᠦᠷ ᠤ᠋ᠨ ᠪᠦᠯᠦᠭᠯᠡᠯ ᠺᠤᠮᠫᠠᠨᠢ ᠶ᠋ᠢᠨ ᠬᠡᠳᠦᠨ ᠮᠢᠩᠭᠠᠨ ᠲᠣᠨ ᠬᠣᠪᠣᠷ ᠱᠢᠷᠣᠶ ᠶ᠋ᠢᠨ ᠪᠣᠯᠣᠳ ᠤ᠋ᠨ ᠲᠡᠷᠭᠡᠨ ᠬᠠᠪᠲᠠᠰᠤ ᠵᠢ ᠠᠴᠢᠬᠰᠠᠨ ᠣᠯᠠᠨ ᠤᠯᠤᠰ ᠤ᠋ᠨ ᠪᠠᠷᠠᠭᠠᠨ ᠤ᠋ ᠣᠩᠭᠣᠴᠠ ᠲᠢᠶᠠᠨᠵᠢᠨ ᠭᠠᠷᠠᠮ ᠡᠴᠡ ᠰᠠᠯᠵᠤ᠂ ᠳᠤᠮᠳᠠᠳᠤ ᠳᠣᠷᠣᠨᠠᠲᠤ ᠣᠷᠣᠨ ᠲᠡᠢᠰᠢ ᠮᠤᠷᠳᠠᠪᠠ᠃ ᠪᠤᠭᠤᠲᠤ ᠶ᠋ᠢᠨ ᠪᠤᠯᠤᠳ ᠲᠡᠮᠤᠷ ᠤ᠋ᠨ ᠪᠦᠯᠦᠭᠯᠡᠯ ᠺᠣᠮᠫᠠᠨᠢ ᠶ᠋ᠢᠨ ᠤᠳᠤ ᠦᠶ᠎ᠠ ᠵᠢᠨ ᠠᠵᠤ ᠦᠢᠯᠡᠰ ᠤ᠋ᠨ ᠬᠡᠯᠬᠢᠶᠡᠨ ᠳ᠋ᠡᠬᠢ 《ᠬᠣᠪᠣᠷ ᠱᠢᠷᠣᠢ +》 ᠱᠢᠷᠢᠰ ᠦᠢᠯᠡᠳᠬᠦᠨ ᠧᠦ᠋ᠷᠣᠫᠠ ᠠᠮᠧᠷᠢᠺᠠ ᠵᠢᠴᠢ 《ᠨᠢᠭᠡ ᠪᠦᠰᠡ ᠨᠢᠭᠡ ᠵᠠᠮ》 ᠳᠠᠭᠠᠤ ᠶ᠋ᠢᠨ ᠤᠯᠤᠰ ᠤ᠋ᠳ ᠲᠦ᠍ ᠪᠤᠷᠤᠯᠠᠭᠤᠯᠭ᠎ᠠ ᠰᠠᠢᠳᠠᠢ ᠪᠠᠢᠨ᠎ᠠ᠃
2016 ᠣᠨ ᠤ᠋ 12 ᠰᠠᠷ᠎ᠠ ᠶ᠋ᠢᠨ 8 ᠤ᠋ ᠡᠳᠦᠷ᠂ 4 ᠵᠢᠯ ᠤ᠋ᠨ ᠪᠥᠲᠥᠭᠡᠨ ᠪᠠᠢᠭᠤᠯᠤᠯᠲᠠ ᠪᠠᠷ ᠳᠡᠮᠵᠢᠨ ᠪᠤᠭᠤᠲᠤ ᠶ᠋ᠢᠨ ᠪᠣᠯᠣᠳ ᠲᠡᠮᠦᠷ ᠤ᠋ᠨ ᠪᠦᠯᠦᠭᠯᠡᠯ ᠺᠣᠮᠫᠠᠨᠢ ᠶ᠋ᠢᠨ 550 ᠲᠦᠮᠡᠨ ᠲᠣᠨ ᠤ᠋ ᠬᠣᠪᠣᠷ ᠱᠢᠷᠣᠶ ᠶ᠋ᠢᠨ ᠪᠣᠯᠣᠳ ᠬᠠᠪᠲᠠᠰᠤ ᠦᠶ᠋ᠯᠡᠳᠪᠦᠷᠢᠯᠡᠬᠦ᠌ ᠲᠥᠷᠥᠯ ᠵᠦᠶ᠋ᠯ ᠪᠥᠬᠥ᠌ ᠱᠤᠭᠤᠮ ᠵᠢᠡᠷ ᠵᠢᠡᠨ ᠠᠰᠢᠬᠯᠠᠯᠳᠠ ᠳ᠋ᠤ ᠤᠷᠤᠪᠠ᠃ ᠡᠭᠦᠨ ᠡᠴᠡ ᠡᠬᠢᠯᠡᠨ ᠲᠤᠰ ᠪᠦᠯᠦᠭ᠌ᠯᠡᠯ ᠺᠤᠮᠫᠠᠨᠢ ᠳᠡᠭᠡᠳᠦ ᠲᠡᠰ ᠤ᠋ᠨ ᠮᠠᠱᠢᠨ ᠲᠡᠷᠭᠡᠨ ᠤ᠋ ᠬᠠᠪᠲᠠᠰᠤ᠂ ᠭᠡᠷ ᠤ᠋ᠨ ᠴᠠᠬᠢᠯᠭᠠᠨ ᠬᠡᠷᠡᠭ᠌ᠰᠡᠯ ᠤ᠋ᠨ ᠬᠠᠪᠲᠠᠰᠤ ᠦᠢᠯᠡᠳᠪᠦᠷᠢᠯᠡᠬᠦ᠌ ᠴᠢᠳᠠᠪᠤᠷᠢ ᠲᠠᠶ ᠪᠤᠯᠵᠤ᠂ ᠥᠪᠡᠷᠲᠡᠭᠡᠨ ᠵᠠᠰᠠᠬᠤ ᠣᠷᠣᠨ ᠤ᠋ ᠠᠵᠤ ᠦᠢᠯᠡᠰ ᠤ᠋ᠨ ᠬᠣᠭᠣᠰᠣᠨ ᠢ᠋ ᠨᠥᠬᠥᠪᠥᠷᠢᠯᠡᠭ᠌ᠰᠡᠨ ᠠᠵᠢ᠃ ᠡᠨᠡ ᠬᠦ᠌ ᠳᠡᠯᠡᠬᠡᠢ ᠶ᠋ᠢᠨ ᠲᠡᠷᠢᠭᠦᠨ ᠵᠡᠷᠭᠡ ᠶ᠋ᠢᠨ ᠣᠷᠴᠢᠨ ᠲᠣᠭᠣᠷᠢᠨ ᠤ᠋ ᠬᠠᠮᠠᠭᠠᠯᠠᠯᠲᠠ ᠶ᠋ᠢᠨ ᠲᠦᠪᠱᠢᠨ ᠪᠦᠬᠦᠢ ᠬᠣᠪᠣᠷ ᠱᠢᠷᠣᠢ ᠶ᠋ᠢᠨ ᠪᠤᠯᠤᠳ ᠤ᠋ᠨ ᠠᠵᠤ ᠦᠢᠯᠡᠰ ᠤ᠋ᠨ ᠬᠡᠯᠬᠢᠶ᠎ᠡ ᠶ᠋ᠢᠨ ᠲᠦᠷᠦᠯ ᠵᠦᠢᠯ ᠠᠱᠢᠭ᠍ᠯᠠᠯᠲᠠ ᠳ᠋ᠤ ᠤᠷᠤᠬ᠍ᠰᠠᠨ ᠡᠴᠡ ᠪᠤᠭᠤᠲᠤ ᠶ᠋ᠢᠨ ᠪᠤᠯᠤᠳ ᠲᠡᠮᠦᠷ ᠤ᠋ᠨ ᠪᠦᠯᠦᠭ᠌ᠯᠡᠯ ᠺᠤᠮᠫᠠᠨᠢ 《ᠭᠠᠬᠴᠠ ᠬᠦ᠌ ᠪᠤᠯᠤᠳ ᠲᠡᠮᠦᠷ ᠤ᠋ᠨ ᠠᠵᠤ ᠦᠢᠯᠡᠰ ᠢ᠋ ᠬᠦᠭᠵᠢᠭᠦᠯᠬᠦ》᠂ 《ᠬᠤᠪᠤᠷ ᠱᠢᠷᠣᠢ ᠮᠠᠯᠲᠠᠵᠤ ᠬᠤᠪᠤᠷ ᠱᠢᠷᠣᠢ ᠬᠤᠳᠠᠯᠳᠤᠬᠤ》ᠠᠵᠤ ᠦᠢᠯᠡᠰ ᠤ᠋ᠨ ᠭᠠᠴᠢᠭ᠍ᠳᠠᠯ ᠡᠴᠡ ᠪᠠᠨ ᠮᠤᠯᠲᠤᠷᠠᠭᠰᠠᠨ ᠶᠤᠮ ᠃
ᠲᠡᠷᠡ ᠦᠶ᠎ᠡ ᠡᠴᠡ ᠡᠬᠢᠯᠡᠨ᠂ ᠲᠤᠱᠢᠶᠠᠯ ᠳ᠋ᠤ ᠭᠠᠷᠤᠭᠠᠳ ᠤᠳᠠᠭᠠᠳᠤᠢ ᠪᠠᠢᠬᠰᠠᠨ ᠪᠤᠭᠤᠲᠤ ᠶ᠋ᠢᠨ ᠪᠤᠯᠤᠳ ᠲᠡᠮᠦᠷ ᠤ᠋ᠨ ᠪᠦᠯᠦᠭ᠌ᠯᠡᠯ ᠺᠤᠮᠫᠠᠨᠢ ᠶ᠋ᠢᠨ ᠬᠡᠷᠡᠭ ᠮᠡᠳᠡᠭ᠌ᠴᠢᠳ ᠤ᠋ᠨ ᠳᠠᠷᠤᠭ᠎ᠠ ᠸᠧᠢ ᠱᠤᠸᠠᠨ ᠱ᠌ᠢ ᠠᠵᠤ ᠠᠬᠤᠢᠯᠠᠯ ᠤ᠋ᠨ ᠬᠢᠨᠢ ᠡᠵᠡᠩᠨᠡᠯᠲᠡ ᠶ᠋ᠢᠨ ᠣᠷᠣᠯᠭ᠎ᠠ ᠠᠯᠢ ᠨᠢᠭᠡᠨ ᠡᠳᠦᠷ ᠮᠢᠩᠭᠠᠨ ᠳ᠋ᠦᠩᠱᠢᠭᠤᠷ ᠲᠥᠭᠥᠷᠢᠭ ᠢ᠋ ᠳᠠᠪᠠᠬᠤ ᠶ᠋ᠢ ᠬᠦᠰᠡᠳᠡᠭ ᠪᠤᠯᠪᠠ᠃
2022 ᠣᠨ ᠤ᠋ ᠬᠠᠪᠤᠷ᠂ ᠪᠤᠭᠤᠲᠤ ᠶ᠋ᠢᠨ ᠪᠣᠯᠣᠳ ᠲᠡᠮᠦᠷ ᠤ᠋ᠨ ᠪᠦᠯᠦᠭ᠌ᠯᠡᠯ ᠺᠤᠮᠫᠠᠨᠢ ᠵᠢᠯ ᠤ᠋ᠨ ᠡᠵᠡᠩᠨᠡᠯᠲᠡ ᠵᠢᠨ ᠣᠷᠣᠯᠭ᠎ᠠ ᠨᠢ ᠮᠢᠩᠭᠠᠨ ᠳ᠋ᠦᠩᠱᠢᠭᠤᠷ ᠲᠥᠭᠥᠷᠢᠭ ᠢ᠋ ᠳᠠᠪᠠᠭ᠍ᠰᠠᠨ ᠠᠩᠬᠠᠳᠠᠭ᠍ᠴᠢ ᠣᠷᠣᠨ ᠤ᠋ ᠬᠠᠷᠢᠶ᠎ᠠ ᠪᠥᠬᠥᠶ ᠤᠯᠤᠰ ᠤ᠋ᠨ ᠥᠮᠴᠢᠯᠡᠯ ᠤ᠋ᠨ ᠠᠵᠤ ᠠᠬᠤᠢᠯᠠᠯ ᠪᠣᠯᠵᠣ᠂ ᠵᠢᠯ ᠤ᠋ᠨ ᠠᠱᠢᠭ ᠤᠯᠵᠠᠪᠤᠷᠢ ᠨᠢ ᠵᠠᠭᠤᠨ ᠳ᠋ᠦᠩᠱᠢᠭᠤᠷ ᠲᠥᠭᠥᠷᠢᠭ ᠢ᠋ ᠳᠠᠪᠠᠭ᠍ᠰᠠᠨ ᠪᠠᠶᠠᠷᠳᠤ ᠴᠢᠮᠡᠬᠡ ᠥᠪᠥᠷ ᠮᠣᠩᠭᠣᠯ ᠤ᠋ᠨ ᠲᠠᠯ᠎ᠠ ᠨᠤᠳᠤᠭ ᠢ᠋ ᠬᠦᠭᠵᠢᠬᠡᠯᠠ᠃ ᠪᠦᠯᠦᠭ᠌ᠯᠡᠯ ᠺᠤᠮᠫᠠᠨᠢ ᠶ᠋ᠢᠨ ᠵᠢᠡᠨ ᠬᠡᠯᠪᠡᠷᠢ ᠪᠡᠨ ᠪᠦᠳᠦᠮᠵᠢᠳᠠᠢ ᠬᠤᠪᠢᠷᠠᠭᠤᠯᠤᠭ᠍ᠰᠠᠨ ᠨᠢᠭᠤᠴᠠ ᠵᠣᠷ ᠤ᠋ᠨ ᠲᠤᠬᠠᠢ ᠸᠧᠢ ᠱᠤᠸᠠᠨ ᠱ᠌ᠢ᠄ 《ᠶᠡᠷᠦᠩᠬᠡᠢ ᠱᠦᠵᠢ ᠰᠢ ᠶ᠋ᠢᠨ ᠫᠢᠩ ᠤ᠋ᠨ ᠬᠦᠨᠳᠤ ᠨᠠᠢᠳᠠᠯᠭ᠎ᠠ ᠶ᠋ᠢ ᠪᠠᠲᠤ ᠴᠡᠭᠡᠵᠢᠯᠡᠵᠦ᠍᠂ ᠬᠡᠯᠪᠡᠷᠢ ᠵᠢ ᠬᠤᠪᠢᠷᠠᠭᠤᠯᠵᠤ ᠦᠭᠡᠷᠡᠴᠢᠯᠡᠯᠲᠡ ᠬᠢᠬᠦ ᠳᠤᠮᠳᠠ ᠤᠳᠤ ᠦᠶ᠎ᠡ ᠶ᠋ᠢᠨ ᠠᠵᠤ ᠦᠢᠯᠡᠰ ᠤ᠋ᠨ ᠱᠢᠰᠲᠸᠮ ᠢ᠋ ᠪᠠᠢᠭᠤᠯᠤᠨ᠎ᠠ》 ᠭᠡᠵᠦ ᠢᠳᠡᠬᠡᠯ ᠲᠡᠬᠦᠯᠳᠡᠷ ᠶᠠᠷᠢᠨ᠎ᠠ᠃
ᠪᠤᠭᠤᠲᠤ ᠶ᠋ᠢᠨ ᠪᠤᠯᠤᠳ ᠲᠡᠮᠦᠷ ᠤ᠋ᠨ ᠪᠦᠯᠦᠭ᠌ᠯᠡᠯ ᠺᠤᠮᠫᠠᠨᠢ ᠶ᠋ᠢᠨ ᠦᠭᠡᠷᠡᠴᠢᠯᠡᠯᠲᠡ ᠬᠥᠭ᠌ᠵᠢᠯᠲᠡ ᠪᠣᠯ ᠥᠪᠥᠷ ᠮᠣᠩᠭᠣᠯ ᠤ᠋ᠨ ᠠᠵᠤ ᠠᠬᠤᠢ ᠶ᠋ᠢᠨ ᠴᠢᠨᠠᠷ ᠰᠠᠢᠲᠠᠢ ᠬᠥᠭ᠌ᠵᠢᠯᠲᠡ ᠶ᠋ᠢᠨ ᠨᠢᠬᠡᠨ ᠦᠯᠢᠭᠡᠷ ᠳᠠᠭᠤᠷᠢᠶᠠᠯ ᠮᠦᠨ᠃ ᠨᠠᠮ ᠤ᠋ᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠭᠠᠰᠢ᠂ ᠤᠷᠤᠨ ᠲᠠᠶᠠᠭᠠᠷ ᠵᠢᠡᠨ ᠶᠡᠷᠦᠩᠬᠡᠶ ᠱᠦᠵᠢ ᠰᠢ ᠶ᠋ᠢᠨ ᠫᠢᠩ ᠤ᠋ᠨ ᠥᠪᠥᠷ ᠮᠣᠩᠭᠣᠯ ᠤ᠋ᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ ᠶ᠋ᠢᠨ ᠵᠣᠷᠢᠭ ᠰᠠᠨᠠᠭ᠎ᠠ ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ ᠶ᠋ᠢᠨ ᠣᠢᠯᠠᠭᠠᠭ᠍ᠳᠠᠬᠤᠨ ᠢ᠋ ᠪᠦᠷᠢᠨ ᠪᠦᠲᠦᠨ ᠵᠦᠪ ᠣᠨᠣᠪᠴᠢᠲᠠᠶ ᠪᠥᠬᠥ᠌ ᠲᠠᠯ᠎ᠠ ᠪᠠᠷ ᠲᠤᠭᠤᠱᠢᠯᠠᠭᠤᠯᠤᠨ᠂ ᠶᠡᠷᠦᠩᠬᠡᠶ ᠱᠦᠵᠢ ᠰᠢ ᠶ᠋ᠢᠨ ᠫᠢᠩ ᠪᠣᠯᠤᠨ ᠨᠠᠮ ᠤ᠋ᠨ ᠲᠥᠪ ᠬᠣᠷᠢᠶᠠᠨ ᠤ᠋ ᠥᠪᠥᠷ ᠮᠣᠩᠭᠣᠯ ᠳ᠋ᠤ ᠲᠣᠭ᠍ᠲᠠᠭᠠᠭ᠍ᠰᠠᠨ ᠪᠠᠢᠯᠳᠤᠬᠤ ᠪᠣᠳᠣᠯᠭ᠎ᠠ ᠵᠢᠨ ᠪᠠᠢᠷᠢ ᠲᠣᠭ᠍ᠲᠠᠭᠠᠯᠲᠠ ᠪᠠ ᠠᠵᠢᠯᠯᠠᠭᠠᠨ ᠤ᠋ ᠬᠥᠲᠥᠯᠪᠦᠷᠢ ᠶᠣᠰᠣᠭᠠᠷ᠂《ᠵᠢᠷᠤᠭ ᠲᠥᠰᠦᠪ ᠢ᠋ ᠡᠴᠦᠰ ᠲᠤᠨᠢ ᠲᠤᠯᠲᠠᠯ᠎ᠠ ᠵᠢᠷᠤᠭ᠍ᠯᠠᠬᠤ》ᠪᠠᠢᠯᠳᠤᠬᠤ ᠪᠣᠳᠣᠯᠭ᠎ᠠ ᠶ᠋ᠢᠨ ᠲᠣᠭ᠍ᠲᠠᠯ ᠬᠦᠴᠦᠨ ᠵᠢᠡᠷ ᠬᠡᠯᠪᠡᠷᠢᠵᠢ ᠬᠤᠪᠢᠷᠠᠭᠤᠯᠤᠨ ᠲᠠᠰ ᠳᠡᠪᠱᠢᠭᠦᠯᠬᠦ᠌ ᠶ᠋ᠢ ᠠᠬᠢᠭᠤᠯᠵᠤ᠂ ᠠᠵᠤ ᠠᠬᠤᠶ ᠶ᠋ᠢᠨ ᠴᠢᠨᠠᠷ ᠰᠠᠢᠲᠠᠶ ᠬᠦᠭᠵᠢᠯᠳᠡ ᠵᠢ ᠪᠦᠬᠦ ᠬᠦᠴᠦᠨ ᠵᠢᠡᠷ ᠠᠬᠢᠭᠤᠯᠤᠭᠰᠠᠨ ᠪᠠᠢᠨ᠎ᠠ᠃
ᠪᠦᠬᠦ ᠤᠷᠤᠨ ᠤ᠋ ᠰᠦ ᠵᠢᠨ ᠦᠢᠯᠡᠰ ᠢ᠋ ᠬᠦᠭᠵᠢᠬᠦᠯᠦᠨ ᠮᠠᠨᠳᠤᠭᠤᠯᠬᠤ ᠵᠢᠴᠢ ᠦᠷ᠎ᠡ ᠵᠢᠨ ᠦᠶ᠋ᠯᠡᠰ ᠢ᠋ ᠬᠦᠭᠵᠢᠬᠦᠯᠬᠦ ᠭᠤᠷᠪᠠᠨ ᠵᠢᠯ ᠤ᠋ᠨ ᠠᠵᠢᠯᠯᠠᠭᠠᠨ ᠦᠷᠨᠢᠭᠦᠯᠵᠤ᠂ ᠦᠨᠳᠦᠷ ᠪᠠᠷᠢᠮᠵᠢᠶᠠᠳᠦ ᠲᠠᠷᠢᠶᠠᠨ ᠭᠠᠵᠠᠷ ᠢ᠋ 4585 ᠲᠦᠮᠡᠨ ᠮᠦ᠍ ᠪᠠᠢᠭᠤᠯᠵᠤ᠂ ᠲᠤᠰᠬᠠᠢᠵᠢᠬᠰᠠᠨ ᠪᠠᠷᠢᠮᠵᠢᠶᠠᠵᠢᠬᠰᠠᠨ ᠬᠡᠪᠴᠢᠶᠡᠵᠢᠭᠰᠡᠨ ᠮᠠᠯ ᠠᠵᠤ ᠠᠬᠤᠢ ᠲᠠᠷᠢᠶᠠᠯᠠᠩ ᠤ᠋ᠨ ᠠᠵᠤ ᠦᠢᠯᠡᠰᠵᠢᠯᠳᠠ ᠵᠢᠨ ᠬᠦᠷᠢᠶᠡᠯᠡᠩ ᠡᠯ᠎ᠠ ᠠᠢᠮᠠᠬ ᠬᠤᠳᠠ ᠳ᠋ᠦ ᠨᠡᠢᠳᠡᠮ ᠲᠠᠷᠬᠠᠵᠤ ᠪᠠᠢᠨ᠎ᠠ᠃
ᠡᠯ᠎ᠠ ᠭᠠᠵᠠᠷ ᠤ᠋ᠨ ᠬᠢᠨ ᠤᠳᠤ ᠦᠶ᠎ᠡ ᠵᠢᠨ ᠡᠳ᠋ ᠪᠠᠷᠠᠭ᠎ᠠ ᠵᠢᠨ ᠭᠦᠢᠯᠭᠡᠭᠡ᠂ ᠰᠡᠯᠡᠬᠦᠴᠡᠯ ᠵᠢᠭᠤᠯᠴᠢᠯᠠᠯ᠂ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ ᠤ᠋ᠨ ᠰᠢᠨ᠎ᠡ ᠡᠭᠦᠳᠦᠯᠳᠡ᠂ ᠰᠤᠶᠤᠯ ᠤ᠋ᠨ ᠡᠭᠦᠳᠦᠨ ᠪᠦᠲᠦᠭᠡᠯᠳᠡ ᠵᠡᠷᠭᠡ 6 ᠶᠡᠬᠡ ᠲᠦᠷᠦᠯ ᠤ᠋ᠨ 100 ᠭᠠᠷᠤᠢ ᠦᠪᠡᠷᠳᠡᠭᠡᠨ ᠵᠠᠰᠠᠬᠤ ᠤᠷᠤᠨ ᠤ᠋ ᠳᠡᠰ ᠤ᠋ᠨ ᠦᠢᠯᠡᠴᠢᠯᠡᠭᠡᠨ ᠤ᠋ ᠦᠢᠯᠡᠰ ᠤ᠋ᠨ ᠲᠦᠪᠯᠡᠷᠡᠭᠰᠡᠨ ᠤᠷᠤᠨ ᠢ᠋ ᠪᠠᠢᠭᠤᠯᠪᠠ᠃
ᠤᠯᠤᠰ ᠤ᠋ᠨ ᠳᠤᠳᠤᠭᠠᠳᠤ ᠪᠠ ᠤᠯᠠᠨ ᠤᠯᠤᠰ ᠤ᠋ᠨ《ᠬᠤᠤᠰ ᠤᠷᠴᠢᠯ》 ᠤ᠋ᠨ ᠪᠠᠢᠷᠢᠰᠢᠭᠤᠯᠤᠯᠳᠠ ᠳ᠋ᠦ ᠦᠢᠯᠡᠴᠢᠯᠡᠬᠦ ᠪᠠ ᠠᠭᠤᠰᠤᠯᠴᠠᠵᠤ᠂ ᠨᠢᠭᠡ ᠪᠦᠯᠦᠭ ᠪᠥᠬᠥ᠌ ᠲᠠᠯ᠎ᠠ ᠪᠠᠷ ᠭᠠᠳᠠᠭᠠᠳᠤ ᠨᠡᠭᠡᠭᠡᠯᠲᠡ ᠬᠢᠬᠦ᠌ ᠭᠤᠤᠯᠳᠠᠯᠭ᠎ᠠ ᠲᠠᠶ ᠢᠨᠵᠧᠨᠧᠷᠢᠩ ᠢ᠋ ᠪᠠᠢᠭᠤᠯᠵᠤ᠂ ᠮᠠᠨ ᠤ᠋ ᠣᠷᠣᠨ ᠤ᠋ ᠬᠢᠯᠢ ᠵᠢᠨ ᠪᠣᠭᠣᠮᠲᠠ ᠪᠡᠷ ᠵᠢᠯ ᠤ᠋ᠨ ᠬᠢᠯᠢ ᠳᠠᠪᠠᠬᠰᠠᠨ ᠳᠤᠮᠳᠠᠳᠤ ᠧᠦ᠋ᠷᠣᠫᠠ ᠵᠢᠨ ᠵᠢᠱᠢᠶᠠᠨ ᠤ᠋ ᠭᠠᠯᠲᠤ ᠲᠡᠷᠭᠡ 6000 ᠴᠤᠪᠤᠭ᠎ᠠ ᠵᠢ ᠳᠠᠪᠠᠪᠠ᠃
᠁
2012 — 2021 ᠣᠨ ᠪᠤᠯᠳᠠᠯ᠎ᠠ᠂ ᠥᠪᠥᠷ ᠮᠣᠩᠭᠣᠯ ᠤ᠋ᠨ ᠤᠯᠤᠰ ᠤ᠋ᠨ ᠲᠤᠳᠤᠭᠠᠳᠤ ᠵᠢᠨ ᠦᠶ᠋ᠯᠡᠳᠪᠦᠷᠢᠯᠡᠯ ᠤ᠋ᠨ ᠶᠡᠷᠦᠩᠬᠡᠶ ᠥᠷᠲᠡᠭ 10470 ᠳ᠋ᠦᠩᠱᠢᠭᠤᠷ ᠲᠥᠭᠥᠷᠢᠭ ᠪᠠᠢᠭ᠍ᠰᠠᠨ ᠡᠴᠡ ᠪᠠᠨ 20514 ᠳ᠋ᠦᠩᠱᠢᠭᠤᠷ ᠲᠥᠭᠥᠷᠢᠭ ᠪᠣᠯᠤᠨ ᠨᠡᠮᠡᠭ᠌ᠳᠡᠵᠦ᠍᠂ ᠳᠤᠮᠳᠠᠴᠢ ᠪᠠᠷ ᠵᠢᠯ ᠪᠦᠷᠢ ᠮᠢᠩᠭᠠᠨ ᠳ᠋ᠦᠩᠱᠢᠭᠤᠷ ᠲᠥᠭᠥᠷᠢᠭ ᠤ᠋ᠨ ᠳᠡᠭᠳᠡᠷ ᠢ᠋ ᠳᠠᠪᠠᠬᠰᠠᠨ ᠶᠤᠮ᠃
《ᠪᠠᠢᠳᠠᠯ ᠨᠠᠷᠢᠨ ᠪᠤᠳᠤᠯᠢᠶᠠᠨᠲᠠᠶ ᠪᠥᠭᠡᠳ ᠬᠦᠨᠳᠦ ᠨᠣᠴᠢᠲᠠᠶ᠂ ᠠᠵᠤ ᠠᠬᠤᠶ ᠮᠠᠭᠤᠳᠠᠬᠤ ᠳᠠᠷᠤᠯᠲᠠ ᠦᠯᠦ ᠪᠠᠭᠠᠰᠬᠤ ᠪᠠᠢᠳᠠᠯ ᠳᠤᠤᠷ᠎ᠠ᠂ ᠥᠪᠥᠷ ᠮᠣᠩᠭᠣᠯ ᠤ᠋ᠨ ᠠᠵᠤ ᠠᠬᠤᠶ ᠦᠷᠭᠦᠯᠵᠢᠯᠡᠨ ᠲᠣᠭ᠍ᠲᠠᠭᠤᠨ ᠵᠢᠡᠷ ᠰᠡᠷᠭᠦᠬᠦ᠌ ᠳᠤᠮᠳᠠ ᠪᠠᠭ᠍ᠲᠠᠭᠠᠮᠵᠢ ᠪᠠ ᠬᠡᠮᠵᠢᠶ᠎ᠡ ᠵᠢ ᠥᠷᠭᠡᠳᠭᠡᠵᠦ᠍ ᠴᠢᠳᠠᠭ᠍ᠰᠠᠨ ᠨᠢ ᠦᠨᠡᠬᠡᠷ ᠬᠢᠯᠪᠠᠷ ᠪᠤᠰᠤ ᠶᠤᠮ》 ᠭᠡᠵᠦ᠍ ᠥᠪᠥᠷ ᠮᠣᠩᠭᠣᠯ ᠤ᠋ᠨ ᠬᠣᠷᠸ᠎ᠠ ᠠᠵᠤ ᠠᠬᠤᠢ ᠵᠢᠨ ᠰᠤᠳᠤᠯᠭᠠᠨ ᠤ᠋ ᠲᠥᠪ ᠤ᠋ᠨ ᠳᠡᠳ᠋ ᠰᠤᠳᠤᠯᠤᠭ᠍ᠴᠢ ᠰᠧ ᠶᠦᠩ ᠮᠧᠢ ᠶᠠᠷᠢᠨ᠎ᠠ᠃
ᠬᠦᠰᠡᠯᠡᠩ ᠤ᠋ᠨ ᠦᠷ᠎ᠡ ᠡᠴᠡ ᠬᠦᠭᠵᠢᠯᠳᠡ ᠵᠢᠨ ᠴᠡᠴᠡᠭ ᠳᠡᠯᠭᠡᠷᠡᠨ᠎ᠡ
GDP ᠨᠢ 2 ᠲᠦᠮᠡᠨ ᠳ᠋ᠦᠩᠱᠢᠭᠤᠷ ᠲᠥᠭᠥᠷᠢᠭ ᠢ᠋ ᠳᠠᠪᠠᠬᠰᠠᠨ ᠠᠶᠠᠨ ᠡᠴᠡ ᠥᠪᠥᠷ ᠮᠣᠩᠭᠣᠯ ᠶᠠᠭᠤ ᠬᠦᠷᠳᠡᠭᠰᠡᠨ ᠪᠤᠯ?
ᠡᠨᠡ ᠲᠤᠬᠠᠢ ᠣᠷᠳᠣᠰ ᠬᠣᠲᠠ ᠪᠤᠳᠠᠳᠤ ᠦᠶ᠋ᠯᠡᠳᠦᠯᠭᠡ ᠪᠡᠷ ᠵᠢᠠᠨ ᠬᠠᠷᠢᠭᠤᠯᠲᠠ ᠥᠭ᠌ᠴᠠᠢ᠃ ᠡᠨᠡ ᠵᠢᠯ ᠤ᠋ᠨ ᠡᠬᠢ ᠪᠡᠷ᠂ 2 ᠵᠢᠯ ᠤ᠋ᠨ ᠪᠥᠲᠥᠭᠡᠨ ᠪᠠᠢᠭᠤᠯᠤᠯᠲᠠ ᠪᠠᠷ ᠳᠡᠮᠵᠢᠨ ᠶᠡᠷᠦᠩᠬᠡᠶ ᠪᠠᠯᠠ ᠣᠷᠣᠭᠤᠯᠤᠯᠲᠠ ᠨᠢ 10 ᠳ᠋ᠦᠩᠱᠢᠭᠤᠷ ᠲᠥᠭᠥᠷᠢᠭ ᠤ᠋ᠨ 5G ᠵᠢᠨ ᠵᠢᠯᠣᠭᠣᠴᠢ ᠥᠬᠡᠶ ᠱᠢᠨ᠎ᠡ ᠡᠨᠧᠷᠭᠢ ᠵᠢᠨ ᠬᠥᠳᠡᠯᠭᠡᠬᠦ᠌ ᠬᠦᠴᠦᠨ ᠤ᠋ ᠠᠭᠤᠷᠬᠠᠶ ᠳ᠋ᠦ ᠬᠡᠷᠡᠭ᠌ᠯᠡᠬᠦ᠌ ᠮᠠᠰᠢᠨ ᠲᠡᠷᠭᠡ ᠵᠢᠨ ᠲᠥᠷᠥᠯ ᠵᠦᠶ᠋ᠯ ᠣᠷᠳᠣᠰ ᠬᠣᠲᠠᠨ᠎ᠠ ᠠᠱᠢᠭ᠍ᠯᠠᠯᠲᠠ ᠳ᠋ᠦ ᠣᠷᠣᠪᠠ᠃
《ᠨᠡᠭᠦᠷᠡᠰᠦ ᠮᠠᠯᠲᠠᠵᠤ ᠨᠡᠭᠦᠷᠡᠰᠦ ᠬᠤᠳᠠᠯᠳᠤᠬᠤ》᠂《ᠴᠠᠬᠢᠯᠭᠠᠨ ᠭᠠᠷᠭᠠᠵᠤ ᠴᠠᠬᠢᠯᠭᠠᠨ ᠬᠤᠳᠠᠯᠳᠤᠬᠤ》 ᠤᠯᠠᠮᠵᠢᠯᠠᠯᠲᠤ ᠠᠷᠭ᠎ᠠ ᠵᠠᠮ ᠳ᠋ᠦ ᠲᠦᠱᠢᠭ᠌ᠯᠡᠵᠦ᠍ ᠪᠠᠢᠭ᠍ᠰᠠᠨ ᠣᠷᠳᠣᠰ ᠬᠣᠲᠠ ᠤᠳᠤ ᠨᠢᠭᠡᠨᠲᠡ ᠤᠯᠤᠰ ᠤ᠋ᠨ ᠲᠠᠰ ᠤ᠋ᠨ ᠳᠡᠭᠡᠳᠦ ᠱᠢᠨ᠎ᠡ ᠮᠡᠷᠭᠡᠵᠢᠯ ᠤ᠋ᠨ ᠲᠣᠭᠣᠷᠢᠭ᠂ ᠲᠣᠨᠣᠭ᠍ᠯᠠᠯ ᠦᠶ᠋ᠯᠡᠳᠬᠦ ᠠᠵᠤ ᠦᠶ᠋ᠯᠡᠰ ᠤ᠋ᠨ ᠬᠦᠷᠢᠶᠡᠯᠡᠩ ᠲᠣᠭᠣᠷᠢᠭ ᠢ᠋ ᠪᠠᠢᠭᠤᠯᠵᠤ᠂ ᠨᠡᠭᠦᠷᠡᠰᠦᠨ ᠤ᠋ ᠪᠤᠰᠤ ᠠᠵᠤ ᠦᠶ᠋ᠯᠡᠰ ᠤ᠋ᠨ ᠨᠡᠮᠡᠭ᠌ᠳᠡᠯ ᠥᠷᠲᠡᠭ ᠪᠥᠬᠥ᠌ ᠬᠣᠲᠠ ᠵᠢᠨ GDP ᠵᠢᠨ ᠶᠡᠷᠦᠩᠬᠡᠶ ᠬᠡᠮᠵᠢᠶᠡᠨ ᠤ᠋ 63% ᠡᠴᠡ ᠳᠡᠭᠡᠭ᠌ᠰᠢᠬᠢ ᠵᠢ ᠡᠵᠡᠯᠡᠵᠤ ᠪᠤᠢ᠃
《ᠪᠢᠳᠡ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ ᠢ᠋ ᠱᠢᠯᠢᠳᠡᠭ᠌ᠵᠢᠭᠦᠯᠵᠦ᠍᠂ ᠦᠢᠯᠡᠳᠪᠦᠷᠢᠯᠡᠯ ᠤ᠋ᠨ ᠬᠦᠴᠦᠨ ᠢ᠋ ᠲᠠᠰᠤᠷᠠᠯᠲᠠ ᠦᠭᠡᠢ ᠴᠢᠯᠥᠭᠡᠯᠡᠨ᠂ ᠬᠥᠭ᠌ᠵᠢᠯᠲᠡ ᠵᠢᠨ ᠬᠥᠳᠡᠯᠭᠡᠬᠦ᠌ ᠡᠨᠧᠷᠭᠢ ᠵᠢ ᠬᠤᠪᠢᠷᠠᠭᠤᠯᠵᠤ᠂ ᠠᠵᠤ ᠠᠬᠤᠢ ᠵᠢᠨ ᠲᠣᠭ᠍ᠲᠠᠭᠤᠨ ᠤ᠋ ᠳᠤᠮᠳᠠ ᠤᠷᠤᠭ᠍ᠰᠢᠯᠠᠨ ᠲᠠᠪᠱᠢᠬᠤ ᠵᠢ ᠠᠬᠢᠭᠤᠯᠤᠬᠰᠠᠨ ᠶᠤᠮ》 ᠭᠡᠵᠤ ᠤᠷᠳᠤᠰ ᠬᠤᠲᠠ ᠵᠢᠨ ᠳᠠᠷᠤᠭ᠎ᠠ ᠳ᠋ᠦ᠋ ᠬᠤᠢ ᠯᠢᠶᠠᠩ ᠤᠷᠮᠠᠳᠠᠢ ᠶᠠᠷᠢᠨ᠎ᠠ᠃
ᠣᠷᠳᠣᠰ ᠬᠣᠲᠠ ᠪᠠᠷ ᠵᠣᠭ᠍ᠰᠣᠬᠤ ᠦᠭᠡᠶ? ᠥᠪᠥᠷ ᠮᠣᠩᠭᠣᠯ ᠤ᠋ᠨ ᠡᠯ᠎ᠡ ᠭᠠᠵᠠᠷ ᠤ᠋ᠨ ᠬᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠱᠢᠯᠢᠳᠡᠭ᠌ᠵᠢᠭᠦᠯᠬᠦ᠌ ᠪᠣᠭᠣᠮᠲᠠ ᠱᠢᠪᠲᠤᠯᠬᠤ ᠳᠠᠢᠯᠠᠯᠳᠤᠭᠠᠨ ᠢ᠋ ᠦᠷᠭᠦᠯᠵᠢᠯᠡᠨ ᠰᠠᠢᠲᠤᠷ ᠬᠢᠵᠦ᠍᠂ 《ᠣᠭ᠍ᠲᠣ ᠠᠭᠤᠴᠢᠯᠠᠬᠤ ᠥᠬᠡᠶ》ᠣᠪᠣᠷ ᠵᠢᠡᠷ ᠨᠢᠭᠡ ᠪᠦᠯᠦᠭ ᠲᠣᠮᠣ ᠬᠡᠷᠡᠭ ᠴᠢᠬᠤᠯᠠ ᠬᠡᠷᠡᠭ ᠢ᠋ ᠪᠠᠢᠴᠠᠭᠠᠨ ᠱᠢᠶ᠋ᠳᠪᠦᠷᠢᠯᠡᠵᠦ᠍᠂ ᠠᠵᠤ ᠠᠬᠤᠢᠯᠠᠯ ᠳ᠋ᠦ ᠬᠣᠯᠪᠣᠭ᠍ᠳᠠᠭ᠍ᠰᠠᠨ ᠵᠦᠶ᠋ᠯᠡᠰ ᠢ᠋ 《ᠥᠨᠳᠥᠷ ᠪᠦᠲᠦᠮᠵᠢᠲᠡᠶ ᠪᠡᠷ ᠱᠢᠶ᠋ᠳᠪᠦᠷᠢᠯᠡᠬᠦ᠌》 ᠵᠢ ᠠᠬᠢᠭᠤᠯᠪᠠ᠃
2 ᠲᠦᠮᠡ ᠭᠠᠷᠤᠶ ᠳ᠋ᠦᠩᠱᠢᠭᠤᠷ ᠲᠥᠭᠥᠷᠢᠭ ᠤ᠋ᠨ GDP ᠳ᠋ᠤ᠂ ᠥᠪᠥᠷ ᠮᠣᠩᠭᠣᠯ ᠤ᠋ᠨ ᠠᠵᠤ ᠠᠬᠤᠶ ᠲᠣᠭ᠍ᠲᠠᠭᠤᠨ ᠤ᠋ ᠳᠤᠮᠳᠠ ᠤᠷᠤᠭ᠍ᠰᠢᠯᠠᠨ ᠳᠠᠪᠱᠢᠵᠤ᠂ ᠲᠤᠭ᠎ᠠ ᠬᠡᠮᠵᠢᠶ᠎ᠡ ᠪᠠ ᠶᠠᠰᠤ ᠴᠢᠨᠠᠷ ᠢ᠋ ᠵᠡᠷᠭᠡ ᠪᠡᠷ ᠳᠡᠭᠡᠭ᠌ᠰᠢᠯᠡᠭᠦᠯᠦᠭᠰᠡᠨ ᠬᠠᠳᠠᠭᠤᠵᠢᠯᠳᠠᠢ ᠳᠡᠮᠡᠴᠡᠯ ᠠᠭᠤᠯᠤᠭ᠍ᠳᠠᠵᠤ ᠪᠠᠢᠨ᠎ᠠ᠃
ᠵᠠᠬ᠎ᠠ ᠳᠡᠯᠭᠡᠭᠦᠷ ᠤ᠋ᠨ ᠵᠢᠱ᠌ᠢᠯᠳᠡ ᠲᠤᠬᠳᠠᠭᠤᠨ — 2021 ᠣᠨ ᠳ᠋ᠦ᠂ ᠪᠥᠬᠥ᠌ ᠣᠷᠣᠨ ᠤ᠋ ᠡᠳᠦᠷ ᠳᠤᠮᠳᠠᠴᠢ ᠵᠢᠨ ᠱᠢᠨ᠎ᠡ ᠪᠡᠷ ᠨᠡᠮᠡᠭ᠌ᠳᠡᠭ᠌ᠰᠡᠨ ᠵᠠᠬ᠎ᠠ ᠳᠡᠯᠭᠡᠭᠦᠷ ᠤ᠋ᠨ ᠭᠤᠤᠯ ᠴᠣᠭ᠍ᠴᠠ 1000 ᠡᠷᠦᠬᠡ ᠵᠢ ᠳᠠᠪᠠᠵᠤ᠂ ᠪᠣᠳᠠᠲᠠᠶ ᠪᠠᠢᠭ᠎ᠠ ᠵᠠᠬ᠎ᠠ ᠳᠡᠯᠭᠡᠭᠦᠷ ᠤ᠋ᠨ ᠭᠤᠤᠯ ᠴᠣᠭ᠍ᠴᠠ 239 ᠲᠦᠮᠡᠨ ᠡᠷᠦᠬᠡ ᠪᠣᠯᠵᠣ ᠨᠡᠮᠡᠭ᠌ᠳᠡᠪᠡ᠃
ᠪᠠᠯᠠ ᠣᠷᠣᠭᠤᠯᠤᠯᠲᠠ ᠵᠢᠨ ᠪᠦᠲᠦᠴᠡ ᠱᠢᠯᠢᠳᠡᠭ — ᠣᠢᠷ᠎ᠠ ᠵᠢᠨ ᠵᠢᠯ ᠤ᠋ᠨ ᠲᠤᠷᠰᠢ᠂ ᠪᠥᠬᠥ᠌ ᠣᠷᠣᠨ ᠤ᠋ ᠳᠡᠭᠡᠳᠦ ᠮᠡᠷᠭᠡᠵᠢᠯ ᠤ᠋ᠨ ᠦᠶ᠋ᠯᠡᠳᠬᠦ᠌ ᠦᠶ᠋ᠯᠡᠰ᠂ ᠳᠡᠭᠡᠳᠦ ᠮᠡᠷᠭᠡᠵᠢᠯ ᠤ᠋ᠨ ᠦᠶ᠋ᠯᠡᠴᠢᠯᠡᠭᠡᠨ ᠤ᠋ ᠦᠶ᠋ᠯᠡᠰ ᠪᠠ ᠴᠢᠬᠤᠯᠠ ᠶᠡᠬᠡ ᠲᠥᠷᠥᠯ ᠵᠦᠶ᠋ᠯ ᠤ᠋ᠨ ᠦᠶ᠋ᠯᠡᠳᠬᠦ᠌ ᠦᠶ᠋ᠯᠡᠰ ᠤ᠋ᠨ ᠪᠠᠯᠠ ᠣᠷᠣᠭᠤᠯᠤᠯᠲᠠ ᠴᠥᠮ 10% ᠡᠴᠡ ᠳᠡᠭᠡᠭ᠌ᠰᠢᠬᠢ ᠲᠦᠷᠭᠡᠨ ᠨᠡᠮᠡᠭᠳᠡᠯ ᠢ᠋ ᠪᠠᠲᠤᠯᠠᠪᠠ᠃
ᠬᠡᠷᠡᠭ᠌ᠯᠡᠭᠡᠨ ᠤ᠋ ᠵᠠᠬ᠎ᠠ ᠳᠡᠯᠭᠡᠭᠦᠷ ᠲᠣᠭ᠍ᠲᠠᠭᠤᠨ — 2021 ᠣᠨ ᠳ᠋ᠦ᠂ ᠪᠥᠬᠥ᠌ ᠣᠷᠣᠨ ᠤ᠋ ᠨᠡᠢᠭᠡᠮ ᠤ᠋ᠨ ᠬᠡᠷᠡᠭ᠌ᠯᠡᠭᠡᠨ ᠤ᠋ ᠵᠦᠶ᠋ᠯᠡᠰ ᠢ᠋ ᠵᠢᠵᠢᠭ᠌ᠯᠡᠨ ᠪᠤᠷᠤᠯᠠᠭᠤᠯᠤᠭᠰᠠᠨ ᠶᠡᠷᠦᠩᠬᠡᠶ ᠬᠡᠮᠵᠢᠶ᠎ᠠ 5000 ᠳ᠋ᠦᠩᠱᠢᠭᠤᠷ ᠲᠥᠭᠥᠷᠢᠭ ᠢ᠋ ᠳᠠᠪᠠᠵᠤ᠂ ᠬᠢᠵᠢᠭ ᠤ᠋ᠨ ᠪᠠᠢᠳᠠᠯ ᠤ᠋ᠨ ᠡᠮᠦᠨᠡᠬᠢ ᠲᠦᠪᠱᠢᠨ ᠳ᠋ᠤ ᠬᠥᠷᠪᠡ᠃
ᠠᠮᠤ ᠪᠤᠳᠠᠭᠠᠨ ᠤ᠋ ᠤᠨᠠᠯᠲᠠ ᠲᠣᠭ᠍ᠲᠠᠭᠤᠨ — ᠪᠥᠬᠥ᠌ ᠣᠷᠣᠨ ᠤ᠋ ᠠᠮᠤ ᠪᠤᠳᠠᠭᠠᠨ ᠤ᠋ ᠤᠨᠠᠯᠲᠠ 4 ᠵᠢᠯ ᠳᠠᠷᠠᠭᠠᠯᠠᠨ 700 ᠳ᠋ᠦᠩᠱᠢᠭᠤᠷ ᠵᠢᠩ ᠢ᠋ ᠳᠠᠪᠠᠵᠤ᠂ ᠠᠮᠤ ᠪᠤᠳᠠᠭᠠᠨ ᠤ᠋ ᠦᠶ᠋ᠯᠡᠳᠪᠦᠷᠢᠯᠡᠯ ᠠᠷᠪᠠᠨ ᠨᠠᠶ᠋ᠮᠠᠨ ᠵᠢᠯ ᠳᠠᠷᠠᠭᠠᠯᠠᠨ ᠡᠯᠪᠡᠭ ᠬᠤᠷᠢᠶᠠᠯᠲᠠ ᠤᠯᠪᠠ᠃
ᠮᠠᠯ ᠠᠵᠤ ᠠᠬᠤᠶ ᠶ᠋ᠢᠨ ᠬᠥᠭ᠌ᠵᠢᠯᠲᠡ ᠲᠣᠭ᠍ᠲᠠᠭᠤᠨ — ᠪᠥᠬᠥ᠌ ᠣᠷᠣᠨ ᠤ᠋ ᠮᠠᠯ ᠠᠵᠤ ᠠᠬᠤᠶ ᠶ᠋ᠢᠨ ᠦᠶ᠋ᠯᠡᠳᠪᠦᠷᠢᠯᠡᠯ《ᠠᠷᠪᠠᠨ 17 ᠵᠢᠯ ᠳᠠᠷᠠᠭᠠᠯᠠᠨ ᠲᠣᠭ᠍ᠲᠠᠭᠤᠨ ᠪᠠᠢᠬᠤ》 ᠶ᠋ᠢ ᠪᠡᠶᠡᠯᠡᠭᠦᠯᠵᠦ᠍᠂ ᠮᠢᠬᠠᠨ ᠤ᠋ ᠵᠦᠶ᠋ᠯ ᠪᠤᠯᠤᠨ ᠦᠨᠢᠶᠡᠨ ᠰᠦ ᠵᠢᠨ ᠵᠢᠯ ᠤ᠋ᠨ ᠭᠠᠷᠤᠯᠲᠠ ᠲᠣᠰ ᠪᠦᠷᠢ 270 ᠲᠦᠮᠡᠨ ᠲᠣᠨ ᠪᠠ 673 ᠲᠦᠮᠡᠨ ᠲᠣᠨ ᠪᠣᠯᠲᠠᠯ᠎ᠠ ᠨᠡᠮᠡᠭ᠌ᠳᠡᠪᠡ᠃
ᠠᠵᠤ ᠦᠶ᠋ᠯᠡᠰ ᠤ᠋ᠨ《ᠪᠣᠬᠢᠷᠲᠤᠯ ᠥᠬᠡᠶ》 ᠬᠥᠭ᠌ᠵᠢᠯᠲᠡ ᠦᠷᠨᠢᠬᠦᠨ — ᠪᠥᠬᠥ᠌ ᠣᠷᠣᠨ ᠤ᠋ ᠱᠢᠨ᠎ᠡ ᠡᠨᠧᠷᠭᠢ ᠶ᠋ᠢᠨ ᠵᠢᠯ ᠤ᠋ᠨ ᠴᠠᠬᠢᠯᠭᠠᠨ ᠭᠠᠷᠭᠠᠬᠤ ᠬᠡᠮᠵᠢᠶ᠎ᠡ ᠠᠩᠬ᠎ᠠ ᠤᠳᠠᠭ᠎ᠠ 1000 ᠳ᠋ᠦᠩᠱᠢᠭᠤᠷ ᠬᠢᠯᠦᠸᠠᠲ ᠴᠠᠭ ᠢ᠋ ᠳᠠᠪᠠᠵᠤ᠂ ᠪᠣᠬᠢᠷᠲᠤᠯ ᠥᠬᠡᠶ ᠠᠭᠤᠷᠬᠠᠶ (ᠠᠵᠤ ᠠᠬᠤᠢᠯᠠᠯ) 500 ᠭᠠᠷᠤᠶ ᠪᠣᠯᠵᠣ ᠨᠡᠮᠡᠭ᠌ᠳᠡᠪᠡ᠃
᠁
ᠱᠢᠨ᠎ᠡ ᠠᠶᠠᠨ ᠳ᠋ᠤ ᠡᠷᠡᠮᠡᠬᠡᠢᠯᠠᠨ ᠤᠷᠤᠭ᠍ᠰᠢᠯᠠᠵᠤ᠂ ᠱᠢᠨ᠎ᠡ ᠴᠠᠭ ᠦᠶ᠎ᠡ ᠳ᠋ᠤ ᠭᠠᠪᠢᠶ᠎ᠠ ᠪᠠᠢᠭᠤᠯᠤᠨ᠎ᠠ᠃ GDP ᠪᠠᠨ 2 ᠲᠦᠮᠡᠨ ᠳ᠋ᠦᠩᠱᠢᠭᠤᠷ ᠲᠥᠭᠥᠷᠢᠭ ᠢ᠋ ᠳᠠᠪᠠᠭᠤᠯᠤᠭᠰᠠᠨ ᠬᠠᠳᠠᠭᠤ ᠠᠶᠠᠨ ᠳ᠋ᠤ᠂ ᠥᠪᠥᠷ ᠮᠣᠩᠭᠣᠯᠴᠤᠳ ᠤᠷᠢᠳᠤᠬᠢ ᠶ᠋ᠢ ᠵᠠᠯᠭᠠᠮᠵᠢᠯᠠᠨ ᠬᠣᠢᠱᠢᠬᠢ ᠳ᠋ᠤ ᠵᠠᠮ ᠨᠡᠭᠡᠭᠡᠬᠦ᠌ ᠦᠭᠡᠷᠡᠴᠢᠯᠡᠯᠲᠡ ᠪᠠ ᠲᠡᠮᠡᠴᠡᠯ ᠶ᠋ᠢᠡᠷ ᠬᠦᠰᠡᠯ ᠵᠢᠡᠨ ᠲᠠᠷᠬᠡᠯᠰᠢᠬᠦᠯᠵᠤ᠂ ᠪᠠᠶᠠᠷᠯᠠᠭᠤᠰᠢᠲᠠᠢ ᠦᠷ᠎ᠡ ᠪᠦᠲᠦᠮᠵᠢ ᠤᠯᠤᠭᠰᠠᠨ ᠪᠢᠯᠡ᠃
ᠬᠦᠰᠡᠯ ᠤ᠋ᠨ ᠰᠠᠢᠬᠠᠨ ᠲᠡᠮᠡᠤᠯᠤᠯ ᠲᠡᠦᠬᠡᠨ ᠬᠠᠭᠤᠳᠠᠰᠤ ᠶ᠋ᠢ ᠭᠡᠷᠡᠯᠳᠦᠭᠦᠯᠦᠨ᠎ᠡ
ᠬᠡᠯᠪᠡᠷᠢ ᠶ᠋ᠢ ᠬᠤᠪᠢᠷᠠᠭᠤᠯᠤᠨ ᠲᠡᠰ ᠳᠡᠪᠱᠢᠭᠦᠯᠬᠦ᠌ ᠡᠴᠡ ᠦᠢᠯᠡᠳᠪᠦᠷᠢᠯᠡᠯ ᠤ᠋ᠨ ᠬᠦᠴᠦᠨ ᠢ᠋ ᠴᠢᠨᠠᠭ᠍ᠰᠢᠳᠠ ᠴᠢᠯᠥᠭᠡᠯᠡᠬᠦ᠌ ᠬᠦᠷᠲᠡᠯ᠎ᠡ᠂ ᠲᠡᠮᠡᠴᠡᠯ ᠪᠠ ᠦᠭᠡᠷᠡᠴᠢᠯᠡᠯᠲᠡ ᠡᠴᠡ ᠣᠯᠤᠯᠲᠠ ᠪᠠ ᠠᠮᠵᠢᠯᠳᠠ ᠬᠦᠷᠲᠡᠯ᠎ᠡ ᠁ GDP ᠪᠠᠨ 2 ᠲᠦᠮᠡᠨ ᠳ᠋ᠦᠩᠱᠢᠭᠤᠷ ᠲᠥᠭᠥᠷᠢᠭ ᠢ᠋ ᠳᠠᠪᠠᠭᠤᠯᠤᠭᠰᠠᠨ ᠠᠶᠠᠨ ᠳ᠋ᠠᠭᠠᠨ ᠥᠪᠥᠷ ᠮᠣᠩᠭᠣᠯ ᠠᠵᠤ ᠠᠬᠤᠢ ᠵᠢᠨ ᠴᠢᠨᠠᠷ ᠰᠠᠢᠲᠠᠢ ᠬᠥᠭ᠌ᠵᠢᠯᠲᠡ ᠶ᠋ᠢᠨ ᠰᠦᠷᠯᠢᠭ ᠰᠠᠢᠬᠠᠨ ᠬᠠᠭᠤᠳᠠᠰᠤ ᠶ᠋ᠢ ᠰᠡᠬᠦᠪᠡ!
ᠡᠨᠡ ᠬᠦ᠌ ᠠᠶᠠᠨ ᠳ᠋ᠤ᠂ ᠦᠪᠤᠷ ᠮᠤᠩᠭᠤᠯ ᠪᠥᠬᠥ᠌ ᠤᠯᠤᠰ ᠤ᠋ᠨ 1/4 ᠶ᠋ᠢᠨ ᠬᠣᠨᠢᠨ ᠮᠢᠬ᠎ᠠ᠂ 1/10 ᠶ᠋ᠢᠨ ᠦᠬᠡᠷ ᠤ᠋ᠨ ᠮᠢᠬ᠎ᠠ᠂ 1/5 ᠶ᠋ᠢᠨ ᠦᠨᠢᠶᠡᠨ ᠰᠦ᠂ 2/5 ᠤ᠋ᠨ ᠢᠮᠠᠭᠠᠨ ᠨᠤᠤᠯᠤᠭᠤᠷ ᠢ᠋ ᠬᠠᠩᠭᠠᠬᠤ ᠪᠤᠯᠵᠤ᠂ ᠠᠮᠤ ᠪᠤᠳᠠᠭᠠᠨ ᠤ᠋ ᠤᠨᠠᠯᠳᠠ ᠪᠥᠬᠥ᠌ ᠤᠯᠤᠰ ᠤ᠋ᠨ ᠵᠢᠷᠭᠤᠳᠤᠭᠠᠷ ᠲᠦ᠍ ᠵᠢᠭ᠍ᠰᠠᠭᠠᠭ᠍ᠳᠠᠪᠠ᠃
ᠡᠨᠡ ᠬᠦ᠌ ᠠᠶᠠᠨ ᠳ᠋ᠤ᠂ ᠪᠦᠬᠦ᠌ ᠣᠷᠣᠨ ᠤ᠋ 57 ᠶᠠᠳᠠᠭᠤ ᠬᠦᠴᠢᠷᠳᠡᠯᠲᠡᠢ ᠬᠣᠱᠢᠭᠤ ᠱᠢᠶᠠᠨ᠂ 3681 ᠶᠠᠳᠠᠭᠤ ᠬᠦᠴᠢᠷᠳᠡᠯᠲᠡᠢ ᠭᠠᠴᠠᠭ᠎ᠠ ᠲᠣᠰᠭᠣᠨ ᠪᠦᠬᠦᠨ ᠵᠢᠡᠷ ᠵᠢᠡᠨ ᠶᠠᠳᠠᠭᠤ ᠡᠴᠡ ᠠᠩᠬᠢᠵᠢᠷᠠᠪᠠ᠃
ᠡᠨᠡ ᠬᠦ᠌ ᠠᠶᠠᠨ ᠳ᠋ᠤ᠂ ᠥᠪᠡᠷᠲᠡᠭᠡᠨ ᠵᠠᠰᠠᠬᠤ ᠣᠷᠣᠨ ᠤ᠋ 3 ᠵᠤᠷᠪᠤᠰ ᠪᠡᠭᠡᠵᠢᠩ ᠳ᠋ᠤ ᠣᠷᠣᠬᠤ ᠲᠦᠷᠭᠡᠨ ᠤ᠋ ᠲᠡᠮᠦᠷ ᠵᠠᠮ ᠪᠣᠯᠤᠨ ᠤᠯᠠᠨ ᠵᠤᠷᠪᠤᠰ ᠬᠤᠳᠠ ᠶ᠋ᠢᠨ ᠬᠣᠭᠣᠷᠣᠨᠳᠣᠬᠢ ᠬᠥᠳᠡᠯᠭᠡᠬᠦ᠌ ᠬᠦᠴᠦᠨᠳᠤ ᠭᠠᠯᠲᠤ ᠲᠡᠷᠭᠡᠨ ᠤ᠋ ᠲᠡᠮᠤᠷ ᠵᠠᠮ ᠠᠱᠢᠭ᠍ᠯᠠᠯᠲᠠ ᠳ᠋ᠤ ᠣᠷᠣᠪᠠ᠃
ᠡᠨᠡ ᠬᠦ᠌ ᠠᠶᠠᠨ ᠳ᠋ᠤ᠂ ᠣᠷᠣᠨ ᠤ᠋ ᠳᠣᠲᠣᠷᠠᠬᠢ 1/3 ᠡᠴᠡ ᠳᠡᠭᠡᠭ᠌ᠰᠢᠬᠢ ᠴᠠᠬᠢᠯᠭᠠᠨ ᠬᠦᠴᠦᠨ ᠤ᠋ ᠮᠠᠱᠢᠨ ᠴᠣᠭ᠍ᠴᠠᠯᠠᠪᠤᠷᠢ ᠨᠢ ᠰᠠᠯᠬᠢᠨ ᠬᠦᠴᠦᠨ ᠤ᠋ ᠴᠠᠬᠢᠯᠭᠠᠨ᠂ ᠭᠡᠷᠡᠯᠴᠢ ᠴᠠᠬᠢᠯᠭᠠᠨ ᠵᠡᠷᠭᠡ ᠱᠢᠨ᠎ᠡ ᠡᠨᠧᠷᠭᠢ ᠡᠴᠡ ᠢᠷᠡᠯᠳᠡ ᠲᠠᠢ ᠪᠤᠯᠵᠤ᠂ ᠥᠪᠥᠷ ᠮᠣᠩᠭᠣᠯᠪᠥᠬᠥ᠌ ᠤᠯᠤᠰ ᠤ᠋ᠨ ᠬᠠᠮᠤᠭ ᠤ᠋ᠨ ᠶᠡᠬᠡ ᠱᠢᠨ᠎ᠡ ᠡᠨᠧᠷᠭᠢ ᠶ᠋ᠢᠨ ᠠᠵᠤ ᠦᠶ᠋ᠯᠡᠰ ᠤ᠋ᠨ ᠰᠠᠭᠤᠷᠢᠨ ᠪᠣᠯᠵᠤ ᠬᠦᠭᠵᠢᠪᠡ᠃
᠁
ᠲᠡᠮᠡᠴᠡᠪᠡᠯ ᠰᠠᠶᠢ ᠬᠦᠴᠦᠷᠬᠡᠭ᠌ᠵᠢᠵᠦ᠍ ᠴᠢᠳᠠᠨ᠎ᠠ᠂ ᠦᠭᠡᠷᠡᠴᠢᠯᠡᠯᠳᠡ ᠬᠢᠪᠡᠯ ᠰᠠᠶᠢ ᠪᠡᠶ᠎ᠠ ᠪᠡᠨ ᠳᠠᠭᠠᠭᠠᠵᠤ ᠬᠦᠴᠦᠷᠬᠡᠭ᠌ᠵᠢᠵᠦ᠍ ᠴᠢᠳᠠᠨ᠎ᠠ᠃ ᠨᠠᠮ ᠤ᠋ᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢ᠂ GDP ᠪᠠᠨ 2 ᠲᠦᠮᠡᠨ ᠳ᠋ᠦᠩᠱᠢᠭᠤᠷ ᠲᠥᠭᠥᠷᠢᠭ ᠢ᠋ ᠳᠠᠪᠠᠭᠤᠯᠤᠭᠰᠠᠨ ᠬᠠᠳᠠᠭᠤ ᠠᠶᠠᠨ ᠲᠤᠮᠳᠠ ᠥᠪᠥᠷ ᠮᠣᠩᠭᠣᠯ ᠤ᠋ᠨ ᠠᠵᠤ ᠠᠬᠤᠢ ᠶᠡᠷᠦ᠍ ᠪᠤᠰᠤ ᠶ᠋ᠢᠨ ᠠᠮᠵᠢᠯᠲᠠ ᠲᠦ᠍ ᠬᠦᠷᠴᠠᠢ!
— ᠣᠷᠳᠣᠰ ᠬᠣᠲᠠ ᠪᠥᠬᠥ᠌ ᠲᠠᠯᠠᠬᠡᠢ ᠵᠢᠨ ᠬᠡᠪᠴᠢᠶ᠎ᠡ ᠪᠡᠷ ᠬᠠᠮᠤᠭ ᠤ᠋ᠨ ᠶᠡᠬᠡ ᠣᠲᠣ ᠦᠶ᠎ᠡ ᠶ᠋ᠢᠨ ᠨᠡᠭᠦᠷᠡᠰᠦ ᠬᠢᠮᠢ ᠶ᠋ᠢᠨ ᠠᠵᠤ ᠦᠶ᠋ᠯᠡᠳᠪᠦᠷᠢ ᠶ᠋ᠢᠨ ᠰᠠᠭᠤᠷᠢᠨ ᠢ᠋ ᠪᠠᠢᠭᠤᠯᠵᠤ᠂ ᠨᠡᠭᠦᠷᠡᠰᠦ ᠶ᠋ᠢ ᠨᠠᠷᠢᠯᠢᠭ ᠡᠳ᠋ᠰᠢᠬᠦᠯᠬᠦ ᠠᠵᠤ ᠦᠶ᠋ᠯᠡᠰ ᠤ᠋ᠨ ᠬᠡᠯᠬᠢᠶ᠎ᠡ᠂ ᠨᠡᠭᠦᠷᠡᠰᠦ ᠪᠡᠷ ᠰᠠᠭᠤᠷᠢ ᠪᠣᠯᠭᠠᠭ᠍ᠰᠠᠨ ᠱᠢᠨ᠎ᠡ ᠪᠡᠷ ᠬᠥᠭ᠌ᠵᠢᠭ᠌ᠰᠡᠨ ᠠᠵᠤ ᠦᠶ᠋ᠯᠡᠰ ᠤ᠋ᠨ ᠬᠡᠯᠬᠢᠶ᠎ᠡ ᠶ᠋ᠢᠨ ᠲᠦᠪᠱᠢᠨ ᠵᠢᠡᠷ ᠳᠡᠯᠡᠬᠡᠶ ᠶ᠋ᠢᠨ ᠡᠮᠦᠨ᠎ᠡ ᠡᠩᠨᠡᠭᠡᠨ ᠳ᠋ᠤ ᠣᠷᠣᠪᠠ᠃
—《ᠳᠤᠮᠳᠠᠳᠤ ᠤᠯᠤᠰ ᠤ᠋ᠨ ᠴᠠᠭᠠᠨ ᠢᠳᠡᠭᠡᠨ ᠤ᠋ ᠬᠣᠲᠠ》 ᠬᠥᠬᠡᠬᠣᠲᠠᠡᠴᠡ ᠬᠦᠭᠵᠢᠵᠤ ᠬᠦᠴᠦᠷᠬᠡᠭᠵᠢᠭᠰᠡᠨ ᠢᠯᠢ ᠪᠦᠯᠦᠭᠯᠡᠯ 《ᠪᠥᠬᠥ᠌ ᠲᠠᠯᠡᠬᠡᠢ ᠵᠢᠨ ᠰᠦ ᠶ᠋ᠢᠨ ᠦᠶ᠋ᠯᠡᠰ ᠤ᠋ᠨ ᠲᠠᠪᠤᠨ ᠬᠦᠴᠦᠷᠬᠡᠭ》 ᠤ᠋ᠨ ᠡᠩᠨᠡᠭᠡᠨ ᠳ᠋ᠤ ᠤᠷᠤᠵᠤ᠂ ᠴᠠᠭᠠᠨ ᠢᠳᠡᠭᠡᠨ ᠤ᠋ ᠦᠶ᠋ᠯᠡᠳᠪᠦᠷᠢᠯᠡᠯ ᠪᠣᠷᠣᠯᠠᠭᠤᠯᠭ᠎ᠠ ᠶ᠋ᠢᠨ ᠬᠡᠯᠬᠢᠶ᠎ᠡ ᠨᠢ 《ᠨᠢᠭᠡ ᠪᠦᠰᠡ ᠨᠢᠭᠡ ᠵᠠᠮ》 ᠳᠠᠭᠠᠤᠡᠴᠡ ᠲᠠᠪᠤᠨ ᠶᠡᠬᠡ ᠲᠢᠪ ᠵᠢᠴᠢ ᠤᠯᠤᠰ ᠤ᠋ᠨ ᠳᠣᠲᠣᠭᠠᠳᠤ ᠶ᠋ᠢᠨ 200 ᠭᠠᠷᠤᠶ ᠭᠠᠵᠠᠷ ᠤᠷᠤᠨ ᠬᠣᠲᠠ ᠬᠦᠷᠲᠡᠯ᠎ᠡ ᠥᠷᠭᠡᠵᠢᠪᠡ᠃
— ᠪᠤᠭᠤᠲᠤ ᠬᠤᠲᠠ ᠳᠡᠯᠡᠬᠡᠢ ᠳᠡᠭᠡᠷᠡᠬᠢ ᠬᠠᠮᠤᠭ ᠤ᠋ᠨ ᠲᠤᠮᠤ ᠬᠣᠪᠣᠷ ᠱᠢᠷᠣᠢ ᠶ᠋ᠢᠨ ᠵᠠᠮ ᠲᠡᠮᠦᠷ ᠤ᠋ᠨ ᠦᠢᠯᠡᠳᠪᠦᠷᠢᠯᠡᠯ ᠤ᠋ᠨ ᠰᠠᠭᠤᠷᠢᠨ ᠢ᠋ ᠪᠠᠢᠭᠤᠯᠵᠤ᠂ 《ᠨᠢᠭᠡ ᠪᠦᠰᠡ ᠨᠢᠭᠡ ᠵᠠᠮ》 ᠳᠠᠭᠠᠤ ᠶ᠋ᠢᠨ 70 ᠭᠠᠷᠤᠢ ᠤᠯᠤᠰ ᠤ᠋ᠨ ᠲᠡᠮᠤᠷ ᠵᠠᠮ ᠪᠣᠯᠤᠨ ᠤᠯᠤᠰ ᠤ᠋ᠨ ᠳᠣᠲᠣᠭᠠᠳᠤ ᠶ᠋ᠢᠨ ᠬᠡᠳᠦᠨ ᠠᠷᠪᠠᠨ ᠵᠤᠷᠪᠤᠰ ᠲᠡᠮᠦᠷ ᠵᠠᠮ ᠳ᠋ᠤ ᠴᠥᠮ《ᠪᠤᠭᠤᠲᠤ ᠶ᠋ᠢᠨ ᠪᠤᠯᠤᠳ ᠲᠡᠮᠦᠷ ᠤ᠋ᠨ ᠪᠦᠯᠦᠭ᠌ᠯᠡᠯ ᠺᠣᠮᠫᠠᠨᠢ ᠵᠢᠨ ᠦᠢᠯᠡᠳᠬᠡᠯ》 ᠲᠠᠢ ᠶᠤᠮ᠃
— ᠲᠦᠩᠯᠢᠶᠣᠤ ᠬᠣᠲᠠ《ᠳᠤᠮᠳᠠᠳᠤ ᠤᠯᠤᠰ ᠤ᠋ᠨ ᠮᠣᠩᠭᠣᠯ ᠡᠮ ᠡᠮᠨᠡᠯᠭᠡ ᠶ᠋ᠢᠨ ᠬᠣᠲᠠ》 ᠪᠣᠯᠵᠣ᠂ ᠮᠣᠩᠭᠣᠯ ᠡᠮ ᠡᠮᠨᠡᠯᠭᠡ ᠶ᠋ᠢᠨ ᠦᠶ᠋ᠯᠡᠳᠬᠦᠨ ᠨᠢ ᠤᠯᠤᠰ ᠤ᠋ᠨ ᠳᠣᠲᠣᠭᠠᠳᠤ ᠶ᠋ᠢᠨ ᠣᠯᠠᠨ ᠭᠠᠵᠠᠷ ᠪᠠ 《ᠨᠢᠭᠡ ᠪᠦᠰᠡ ᠨᠢᠭᠡ ᠵᠠᠮ》ᠳᠠᠭᠠᠤ ᠶ᠋ᠢᠨ 10 ᠭᠠᠷᠤᠶ ᠤᠯᠤᠰ ᠵᠢᠴᠢ ᠭᠠᠵᠠᠷ ᠣᠷᠣᠨ ᠤ᠋ ᠰᠠᠭᠤᠭᠠᠯᠢ ᠠᠷᠠᠳ ᠲᠦ᠍ ᠠᠱᠢᠭ ᠬᠦᠷᠲᠡᠭᠡᠪᠡ᠃
᠁
ᠦᠩᠬᠡᠷᠡᠭᠰᠡᠨ ᠲᠡᠦᠬᠡ ᠡᠳᠦᠬᠡ ᠵᠢ ᠤᠴᠢᠷᠯᠠᠵᠤ ᠂ ᠪᠤᠳᠠᠳᠠᠢ ᠦᠢᠯᠡᠳᠦᠯᠭᠡ ᠢᠷᠡᠭᠡᠳᠦᠢ ᠵᠢ ᠬᠦᠤᠷᠨᠢᠨ᠎ᠡ᠃ ᠠᠵᠤ ᠠᠬᠤᠢ ᠶ᠋ᠢᠨ ᠲᠤᠭᠳᠠᠭᠤᠨ ᠵᠢᠡᠷ ᠬᠤᠯᠠ ᠠᠶᠠᠯᠠᠬᠤ ᠵᠢ ᠪᠠᠳᠤᠯᠠᠵᠤ ᠴᠢᠨᠠᠷ ᠰᠠᠢᠲᠠᠢ ᠬᠥᠭ᠌ᠵᠢᠯᠲᠡ ᠶ᠋ᠢ ᠠᠬᠢᠭᠤᠯᠤᠨ᠎ᠠ᠂ ᠡᠨᠡ ᠲᠠᠯ᠎ᠠ ᠪᠡᠷ ᠥᠪᠥᠷ ᠮᠣᠩᠭᠣᠯ ᠨᠢᠭᠡᠨᠲᠡ ᠡᠷᠬᠢᠮ ᠨᠠᠨᠳᠢᠨ ᠡᠳ᠋ ᠬᠦᠷᠦᠩᠬᠡ ᠵᠢ ᠬᠤᠷᠠᠮᠳᠤᠭᠤᠯᠤᠭᠰᠠᠨ ᠠᠵᠢ! ᠡᠨᠡ ᠬᠦ᠌ ᠡᠳ᠋ ᠬᠦᠷᠦᠩᠬᠡ ᠲᠡᠦᠬᠡᠨ ᠬᠠᠭᠤᠳᠠᠰᠤ ᠶ᠋ᠢ ᠭᠡᠷᠡᠯᠳᠦᠭᠦᠯᠵᠦ᠂ ᠢᠷᠡᠬᠦ ᠮᠠᠷᠭᠠᠰᠢ ᠵᠢᠨ ᠴᠠᠮᠬᠠᠭ ᠪᠤᠯᠬᠤ ᠨᠢ ᠯᠠᠪᠳᠠᠢ!
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃